ᠦᠪᠦᠷ ᠪᠠᠢ᠌ᠭᠤᠯᠤᠯᠳᠠ ᠪᠠᠷᠢᠮᠵᠢᠶ᠎ᠠ [2024 ] 184 ᠳ᠋ᠤᠭᠡᠷ ᠲᠣᠭ᠋ᠠᠲᠤ
ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠲᠢᠩᠬᠢᠮ ᠪᠠᠢ᠌ᠭᠤᠯᠭ᠎ᠠ ᠵᠢᠨ ᠡᠯ᠎ᠡ ᠬᠠᠮᠢᠶ᠎ᠠ ᠪᠦᠬᠦᠢ ᠭᠠᠵᠠᠷ ᠭᠡᠷ᠎ᠲᠤ᠄
《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠦᠷᠢᠵᠢᠭᠤᠯᠵᠦ ᠂ ᠢᠨᠵᠸᠨ᠋ᠸᠷᠢᠭ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠵᠢᠨ ᠠᠵᠢᠯ ᠲᠥᠷᠥᠯ᠎ᠤᠨ 《ᠬᠣᠶᠠᠷ᠎ᠢ ᠲᠠᠰᠢᠷᠠᠮ ᠳᠠᠭ᠋ᠠᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ ᠪᠠᠢ᠌ᠴᠠᠭ᠋ᠠᠬᠤ ᠲᠠᠰ ᠳᠠᠷᠠᠭ᠋ᠠᠯᠠᠯ᠎ᠢ ᠲᠣᠳᠣᠷᠬᠠᠢ᠌ᠯᠠᠨ᠂ ᠪᠠᠢ᠌ᠴᠠᠭ᠋ᠠᠬᠤ ᠠᠵᠢᠯᠯᠠᠭ᠎ᠠ ᠵᠢ ᠵᠢᠷᠤᠮᠵᠢᠭᠤᠯᠵᠤ᠂ ᠢᠨᠵᠸᠨ᠋ᠸᠷᠢᠭ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠵᠢᠨ ᠠᠵᠢᠯ ᠲᠥᠷᠥᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠵᠢᠨ ᠲᠦᠯᠦᠭᠡ ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠸᠨ᠋ᠸᠷᠢᠭ᠎ᠤᠨ ᠪᠠᠢ᠌ᠭᠤᠯᠬᠤ ᠦᠨ᠎ᠡ ᠵᠢᠨ ᠯᠠᠪᠯᠠᠯᠭ᠎ᠠ ᠵᠢᠨ ᠠᠵᠤ ᠠᠬᠤᠢ᠌ᠯᠠᠯ ᠤᠨ 〈 ᠬᠣᠶᠠᠷ᠎ᠢ ᠲᠠᠰᠢᠷᠠᠮ ᠳᠠᠭ᠋ᠠᠤ᠂ ᠨᠢᠭᠡ ᠵᠢ ᠢᠯᠡ ᠪᠣᠯᠭ᠋ᠠᠬᠤ 〉 ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠤᠨ ᠨᠠᠷᠢᠨ ᠳᠦᠷᠢᠮ》᠎ᠢ ᠲᠣᠭᠲᠠᠭ᠋ᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ 2024 ᠣᠨ᠎ᠤ 24 ᠳ᠋ᠤᠭᠡᠷ ᠤᠳᠠᠭ᠎ᠠ ᠵᠢᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠪᠠ ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠶ᠎ᠠ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠦᠭᠡᠷᠡᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠲᠢᠩᠬᠢᠮ
2024 ᠣᠨ᠎ᠤ 10 ᠳ᠋ᠤᠭ᠋ᠠᠷ ᠰᠠᠷ᠎ᠠ ᠵᠢᠨ 23᠎ᠤ ᠡᠳᠦᠷ