ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠳᠦᠷᠢᠮ
2025-03-27

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ   ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠳᠦᠷᠢᠮ

 

(2024 ᠣᠨ᠎ᠤ 11  ᠳ᠋ᠦ᠍ᠭᠡᠷ  ᠰᠠᠷ᠎ᠠ ᠵᠢᠨ 28᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠷᠪᠠᠨ ᠭᠤᠷᠪᠠᠳᠤᠭ᠋ᠠᠷ  ᠣᠳᠠᠭ᠋ᠠᠨ᠎ᠤ  ᠬᠤᠷᠠᠯᠳᠤᠭ᠋ᠠᠨ᠎ᠠᠴᠠ ᠪᠠᠲᠤᠯᠠᠪᠠ )

     ᠨᠢᠭᠡᠳᠦᠭᠡᠷ ᠪᠦᠯᠦᠭ   ᠶᠡᠷᠦᠩᠬᠡᠢ ᠳᠦᠷᠢᠮ

     ᠨᠢᠭᠡᠳᠦᠭᠡᠷ ᠵᠤᠷᠪᠤᠰ    ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠢ   ᠴᠢᠩᠭ᠋ᠠᠳᠬᠠᠬᠤ ᠪᠠ  ᠵᠢᠷᠤᠮᠵᠢᠭᠤᠯᠵᠤ᠂  ᠪᠠᠢ᠌ᠭᠣᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠢ ᠠᠷᠪᠢᠯᠠᠨ᠂  ᠪᠠᠢ᠌ᠭᠣᠯᠭ᠎ᠠ ᠵᠢᠨ ᠥᠨᠳᠥᠷ ᠦᠷ᠎ᠡ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠶᠠᠪᠤᠭᠳᠠᠬᠤ ᠵᠢ ᠠᠬᠢᠭᠤᠯᠬᠤ ᠵᠢᠨ ᠲᠤᠰᠠᠳᠠ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃

     ᠬᠤᠶᠠᠳᠤᠭ᠋ᠠᠷ ᠵᠤᠷᠪᠤᠰ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠠᠶ᠋ᠢᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠵᠢᠴᠢ ᠠᠵᠢᠯᠯᠠᠭ᠋ᠠᠨ᠎ᠢ ᠪᠠᠲᠤᠯᠠᠬᠤ ᠠᠵᠢᠯ᠎ᠳᠤ ᠬᠢᠨᠠᠯᠲᠠ ᠲᠠᠯᠪᠢᠬᠤ᠎ᠳᠤ ᠲᠤᠰ ᠳᠦᠷᠢᠮ᠎ᠢ ᠬᠡᠷᠡᠭᠵᠢᠭᠦᠯᠦᠨ᠎ᠡ ᠂  ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠤᠯᠤᠰ᠎ᠠᠴᠠ ᠠᠰᠲᠠᠭ᠋ᠠᠨ ᠲᠣᠭᠲᠠᠭ᠋ᠠᠯ᠎ᠲᠠᠢ ᠪᠣᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃

     ᠲᠤᠰ ᠲᠦᠷᠢᠮ᠎ᠳᠤ ᠬᠡᠯᠡᠵᠦ ᠪᠠᠶ᠋ᠢᠭ᠎ᠠ  ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠭᠡᠳᠡᠭ᠎ᠨᠢ  ᠪᠠᠢ᠌ᠭᠣᠯᠭ᠎ᠠ ᠵᠢᠨ ᠠᠵᠢᠯᠯᠠᠭ᠋ᠠᠨ᠎ᠳᠤ ᠬᠡᠷᠡᠭᠰᠡᠬᠦ ᠡᠳ᠋ ᠬᠥᠷᠥᠩᠭᠡ᠂ ᠵᠠᠷᠤᠳᠠᠯ᠂  ᠦᠢ᠍ᠯᠡᠴᠢᠯᠡᠭᠡ ᠂ ᠡᠨᠧᠷᠭᠢ ᠵᠡᠷᠭᠡ ᠡᠬᠢ ᠪᠠᠶᠠᠯᠢᠭ᠎ᠤᠨ ᠬᠦᠴᠦᠨ ᠵᠤᠷᠪᠤᠰ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂   ᠪᠠᠢ᠌ᠭᠣᠯᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠬᠠᠩᠭ᠋ᠠᠬᠤ ᠪᠠᠲᠤᠯᠠᠭ᠎ᠠ ᠵᠢᠨ ᠲᠤᠯᠭ᠋ᠠᠭᠤᠷᠢᠯᠠᠬᠤ ᠠᠵᠢᠯᠯᠠᠭ᠎ᠠ ᠵᠢ ᠵᠢᠭ᠋ᠠᠵᠤ ᠪᠤᠶ᠃

     ᠲᠤᠰ ᠲᠦᠷᠢᠮ᠎ᠳᠤ ᠬᠡᠯᠡᠵᠦ ᠪᠠᠶ᠋ᠢᠭ᠎ᠠ  ᠪᠠᠢ᠌ᠭᠣᠯᠭ᠎ᠠ  ᠭᠡᠳᠡᠭ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ  ᠪᠠᠢ᠌ᠭᠣᠯᠭ᠎ᠠ ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ  ᠪᠠᠢ᠌ᠭᠣᠯᠭ᠎ᠠ ᠂ ᠵᠠᠰᠠᠭ ᠵᠠᠬᠢᠷᠭ᠋ᠠᠨ᠎ᠤ ᠪᠠᠢ᠌ᠭᠣᠯᠭ᠎ᠠ ᠂ ᠤᠯᠤᠰ ᠲᠥᠷᠥ ᠵᠢᠨ ᠵᠥᠪᠯᠡᠯᠭᠡᠨ᠎ᠤ  ᠪᠠᠢ᠌ᠭᠣᠯᠭ᠎ᠠ ᠂ ᠬᠢᠨᠠᠨ ᠪᠠᠶ᠋ᠢᠴᠠᠭ᠋ᠠᠬᠤ  ᠪᠠᠢ᠌ᠭᠣᠯᠭ᠎ᠠ ᠂ ᠰᠢᠭᠦᠨ ᠲᠠᠰᠤᠯᠬᠤ  ᠪᠠᠢ᠌ᠭᠣᠯᠭ᠎ᠠ ᠂ ᠪᠠᠶ᠋ᠢᠴᠠᠭ᠋ᠠᠬᠤ ᠪᠠᠶ᠋ᠢᠭᠤᠯᠤᠯᠭ᠎ᠠ᠂ ᠠᠷᠠᠳᠴᠢᠯᠠᠭᠰᠠᠨ ᠨᠠᠮ ᠪᠦᠯᠦᠭ᠎ᠤᠨ  ᠪᠠᠢ᠌ᠭᠣᠯᠭ᠎ᠠ ᠂ ᠠᠷᠠᠳ᠎ᠤᠨ ᠪᠦᠯᠬᠦᠮ᠎ᠤᠨ  ᠪᠠᠢ᠌ᠭᠣᠯᠭ᠎ᠠ  ᠪᠣᠯᠤᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》᠎ᠪᠠᠷ ᠯᠠᠪᠯᠠᠯᠲᠠ ᠪᠣᠯᠭ᠋ᠠᠨ ᠬᠠᠮᠢᠶᠠᠷᠴᠤ ᠪᠠᠶ᠋ᠢᠭ᠎ᠠ ᠠᠵᠢᠯ ᠦᠢ᠍ᠯᠡᠰ᠎ᠤᠨ  ᠨᠢᠭᠡᠴᠢ ᠵᠢ ᠵᠢᠭ᠋ᠠᠵᠤ ᠪᠤᠶ᠃

     ᠭᠤᠷᠪᠠᠳᠤᠭ᠋ᠠᠷ ᠵᠤᠷᠪᠤᠰ   ᠪᠠᠶ᠋ᠢᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠬᠠᠤᠯᠢ ᠶᠣᠰᠣᠭ᠋ᠠᠷ ᠪᠠᠲᠤᠯᠠᠬᠤ᠂ ᠵᠢᠷᠤᠮᠵᠢᠭᠤᠯᠤᠨ ᠠᠵᠢᠯᠯᠠᠭᠤᠯᠬᠤ᠂ ᠠᠮᠤᠷ ᠲᠦᠪᠰᠢᠨ ᠡᠮᠬᠢ ᠵᠢᠷᠤᠮ᠎ᠲᠠᠢ᠂ ᠪᠣᠳᠠᠲᠠᠶ ᠵᠢ ᠡᠷᠬᠢᠮᠯᠡᠨ ᠥᠨᠳᠥᠷ ᠪᠦᠲᠦᠮᠵᠢᠲᠡᠶ ᠪᠠᠶ᠋ᠢᠬᠤ᠂  ᠦᠢ᠍ᠯᠡᠴᠢᠯᠡᠭᠡ᠎ᠪᠠᠷ ᠦᠨᠳᠦᠰᠦ ᠪᠣᠯᠭ᠋ᠠᠬᠤ᠂ ᠢᠯᠡ ᠲᠣᠳᠣ ᠪᠠᠶ᠋ᠢᠯᠭ᠋ᠠᠬᠤ ᠵᠠᠷᠴᠢᠮ᠎ᠢ ᠵᠢᠷᠤᠮᠯᠠᠵᠤ᠂ ᠠᠵᠢᠯᠴᠢ ᠠᠷᠪᠢᠴᠢ᠎ᠪᠠᠷ ᠠᠯᠢᠪᠠ ᠠᠵᠢᠯ ᠦᠢ᠍ᠯᠡᠰ᠎ᠢ ᠡᠷᠬᠢᠯᠡᠬᠦ ᠵᠢ ᠪᠠᠷᠢᠮᠲᠠᠯᠠᠵᠤ᠂ ᠡᠳ᠋ ᠬᠦᠷᠦᠩᠭᠡ ᠵᠢᠨ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠲᠥᠪᠯᠡᠷᠡᠩᠭᠦᠶ ᠨᠢᠭᠡᠳᠦᠯᠲᠡᠶ᠂ ᠡᠷᠬᠡ ᠬᠠᠷᠢᠭᠤᠴᠠᠯᠭ᠎ᠠ ᠲᠣᠳᠣᠷᠬᠠᠶ᠂ ᠬᠠᠮᠵᠢᠯᠴᠠᠭᠰᠠᠨ ᠥᠨᠳᠥᠷ ᠪᠦᠲᠦᠮᠵᠢᠲᠡᠶ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ  ᠪᠠᠢ᠌ᠭᠣᠯᠣᠮᠵᠢ ᠵᠢ  ᠪᠠᠶ᠋ᠢᠭᠤᠯᠬᠤ ᠬᠡᠷᠡᠭᠲᠡᠶ᠃

     ᠳᠥᠷᠪᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠶᠣᠰᠣᠭ᠋ᠠᠷ  ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠣᠯᠠᠬᠣ ᠠᠵᠢᠯ᠎ᠤᠨ ᠬᠣᠯᠪᠣᠭᠳᠠᠯ ᠪᠦᠬᠦᠢ ᠳᠦᠷᠢᠮ ᠪᠠ ᠪᠠᠷᠢᠮᠵᠢᠶ᠎ᠠ ᠵᠢ ᠲᠣᠭᠲᠠᠭ᠋ᠠᠬᠣ ᠵᠢᠨ ᠬᠠᠮᠲᠤ ᠵᠤᠬᠢᠶᠠᠨ ᠪᠠᠢ᠌ᠭᠣᠯᠣᠨ ᠬᠡᠷᠡᠭᠵᠢᠭᠦᠯᠵᠦ᠂  ᠲᠤᠰ ᠱᠠᠲᠤᠨ᠎ᠤ  ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠢ ᠬᠠᠷᠢᠭᠤᠴᠠᠵᠤ᠂ ᠳᠣᠤᠷᠠᠳᠤ ᠱᠠᠲᠤᠨ᠎ᠤ   ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠢ ᠵᠢᠯᠣᠭᠣᠳᠬᠤ ᠪᠠ ᠬᠢᠨᠠᠯᠲᠠ ᠲᠠᠯᠪᠢᠨ᠎ᠠ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠤᠰ ᠱᠠᠲᠤᠨ᠎ᠤ  ᠪᠠᠢ᠌ᠭᠣᠯᠭ᠎ᠠ ᠵᠢᠨ ᠠᠵᠢᠯᠯᠠᠭ᠋ᠠᠨ᠎ᠤ ᠲᠥᠰᠦᠪ᠎ᠤᠨ ᠪᠠᠲᠤᠯᠠᠭ᠎ᠠ᠂ ᠡᠳ᠋ ᠬᠥᠷᠥᠩᠭᠡ ᠵᠢ ᠶᠡᠷᠦᠩᠬᠡᠶ᠋ᠢᠯᠡᠨ ᠬᠠᠮᠢᠶᠠᠷᠬᠤ ᠵᠢᠴᠢ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃

     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ  ᠪᠠ  ᠥᠭᠡᠷᠡᠴᠢᠯᠡᠯᠲᠡ᠂ ᠪᠠᠶ᠋ᠢᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠲᠤᠭ᠎ᠠ ᠪᠦᠷᠢᠳᠬᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠬᠠᠮᠢᠶ᠎ᠠ ᠪᠥᠬᠦᠶ ᠠᠵᠢᠯ᠎ᠢ ᠰᠠᠶ᠋ᠢᠲᠤᠷ ᠬᠢᠬᠦ ᠬᠡᠷᠡᠭᠲᠡᠶ᠃

     ᠲᠠᠪᠤᠳᠤᠭ᠋ᠠᠷ ᠵᠤᠷᠪᠤᠰ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠶ᠋ᠢᠭᠤᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠠᠳᠠᠯᠢ ᠱᠠᠲᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠨ ᠬᠠᠮᠵᠢᠯᠴᠠᠬᠤ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠣᠯᠭ᠎ᠠ ᠵᠢᠨ  ᠪᠠᠷᠢᠮᠵᠢᠶ᠎ᠠ ᠵᠢᠨ  ᠲᠣᠭᠲᠠᠯᠴᠠᠭ᠎ᠠ  ᠪᠠ ᠨᠡᠶ᠋ᠢᠭᠡᠮ᠎ᠤᠨ ᠣᠷᠣᠯᠴᠠᠬᠤ ᠲᠣᠭᠲᠠᠴᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠂ ᠬᠠᠮᠢᠶ᠎ᠠ ᠪᠦᠬᠦᠢ ᠮᠡᠳᠡᠭᠡ ᠵᠠᠩᠭᠢᠵᠢᠯᠲᠠ ᠵᠢᠨ ᠲᠠᠪᠴᠠᠩ᠎ᠢ ᠲᠡᠭᠦᠯᠳᠡᠷᠵᠢᠭᠦᠯᠵᠦ᠂ ᠪᠠᠶ᠋ᠢᠭᠤᠯᠭ᠎ᠠ ᠵᠢᠨ ᠠᠵᠢᠯᠯᠠᠭ᠋ᠠᠨ᠎ᠤ  ᠪᠠᠲᠣᠯᠭ᠎ᠠ ᠵᠢ ᠪᠠᠷᠢᠮᠵᠢᠶᠠᠵᠢᠭᠤᠯᠬᠤ᠂ ᠲᠣᠭ᠋ᠠᠴᠢᠵᠢᠭᠣᠯᠬᠣ ᠂ ᠨᠡᠶ᠋ᠢᠭᠡᠮᠴᠢᠯᠡᠬᠦ ᠵᠢ ᠠᠬᠢᠭᠤᠯᠬᠤ ᠬᠡᠷᠡᠭᠲᠡᠢ᠃

     ᠵᠢᠷᠭᠤᠳᠤᠭ᠋ᠠᠷ ᠵᠤᠷᠪᠤᠰ   ᠡᠯ᠎ᠡ ᠱᠠᠲᠤᠨ᠎ᠤ ᠪᠠᠶ᠋ᠢᠭᠤᠯᠭ᠎ᠠ᠎ᠨᠢ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠣᠯᠭ᠎ᠠ ᠵᠢᠨ  ᠳᠦᠷᠢᠮ ᠪᠠ ᠪᠠᠷᠢᠮᠵᠢᠶ᠎ᠠ ᠵᠢ ᠬᠡᠷᠡᠭᠵᠢᠭᠦᠯᠵᠦ᠂ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ ᠪᠠ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ᠂ ᠪᠠᠶ᠋ᠢᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃

     ᠬᠤᠶᠠᠳᠣᠭ᠋ᠠᠷ ᠪᠦᠯᠦᠭ   ᠡᠳ᠋ ᠬᠦᠷᠦᠩᠭᠡ ᠵᠢᠨ ᠬᠠᠮᠢᠶᠠᠷᠣᠯᠳᠠ

     ᠳᠣᠯᠣᠳᠤᠭ᠋ᠠᠷ ᠵᠤᠷᠪᠤᠰ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠎ᠨᠢ ᠪᠠᠢ᠌ᠭᠣᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠤᠰ ᠱᠠᠲᠤᠨ᠎ᠤ ᠪᠠᠢ᠌ᠭᠣᠯᠭ᠎ᠠ ᠵᠢᠨ ᠡᠳ᠋ ᠬᠥᠷᠥᠩᠭᠡ ᠵᠢ ᠡᠷᠴᠢᠮᠵᠢᠭᠦᠯᠦᠨ ᠠᠷᠪᠢᠯᠠᠬᠤ ᠬᠠᠮᠢᠶᠠᠷᠤᠯᠲᠠ᠎ᠪᠠᠨ ᠴᠢᠩᠭ᠋ᠠᠳᠬᠠᠨ᠂ ᠴᠢᠬᠤᠯᠠ ᠶᠡᠬᠡ  ᠪᠠᠢ᠌ᠭᠣᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠵᠦᠢ᠍ᠯᠡᠰ᠎ᠢ ᠬᠢᠨᠠᠨ ᠪᠠᠶ᠋ᠢᠴᠠᠭ᠋ᠠᠵᠤ ᠵᠥᠪᠰᠢᠶᠡᠷᠡᠬᠦ ᠬᠡᠷᠡᠭᠲᠡᠶ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠤᠰ ᠱᠠᠲᠤᠨ᠎ᠤ  ᠪᠠᠢ᠌ᠭᠣᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶ᠋ᠢᠴᠠᠭ᠋ᠠᠬᠤ ᠵᠢ ᠬᠠᠷᠢᠭᠤᠴᠠᠬᠤ ᠬᠡᠷᠡᠭᠲᠡᠶ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠬᠣᠯᠪᠣᠭᠳᠠᠯ ᠪᠦᠬᠦᠢ  ᠪᠠᠢ᠌ᠭᠣᠯᠭ᠎ᠠ ᠵᠢᠨ ᠡᠳ᠋ ᠬᠥᠷᠥᠩᠭᠡ ᠵᠢᠨ ᠲᠣᠬᠢᠷᠠᠭᠤᠯᠤᠯᠲᠠ᠂ ᠬᠡᠷᠡᠭᠯᠡᠯᠲᠡ᠂  ᠰᠢᠢ᠍ᠳᠪᠦᠷᠢᠯᠡᠯᠲᠡ  ᠵᠡᠷᠭᠡ ᠪᠣᠳᠠᠲᠠᠶ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠤᠰ ᠵᠠᠰᠠᠭ ᠵᠠᠬᠢᠷᠭ᠋ᠠᠨ᠎ᠤ ᠣᠷᠣᠨ᠎ᠤ  ᠪᠠᠢ᠌ᠭᠣᠯᠭ᠎ᠠ ᠵᠢᠨ ᠠᠯᠪᠠᠨ᠎ᠤ ᠬᠡᠷᠡᠭᠯᠡᠭᠡᠨ᠎ᠤ  ᠭᠡᠷ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠡᠷᠭᠡ ᠡᠳ᠋ ᠬᠥᠷᠥᠩᠭᠡ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠨ ᠵᠢᠯᠣᠭᠣᠳᠣᠯᠭ᠎ᠠ ᠪᠠ ᠬᠢᠨᠠᠯᠲᠠ ᠲᠠᠯᠪᠢᠬᠣ ᠵᠢ ᠬᠦᠯᠢᠶᠡᠬᠦ ᠬᠡᠷᠡᠭᠲᠡᠶ᠃

     ᠡᠯ᠎ᠡ ᠱᠠᠲᠤᠨ᠎ᠤ  ᠪᠠᠢ᠌ᠭᠣᠯᠭ᠎ᠠ᠎ᠨᠢ  ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠣᠲᠣᠭ᠋ᠠᠳᠤ ᠵᠢᠨ ᠡᠵᠡᠮᠳᠡᠯ᠎ᠤᠨ ᠳᠦᠷᠢᠮ ᠵᠶ᠋ᠠᠨ ᠪᠦᠷᠢᠨᠰᠢᠭᠦᠯᠵᠦ᠂ ᠲᠤᠰ  ᠪᠠᠢ᠌ᠭᠣᠯᠭ᠎ᠠ ᠵᠢᠨ ᠡᠳ᠋ ᠬᠥᠷᠥᠩᠭᠡ ᠵᠢᠨ ᠬᠡᠷᠡᠭᠯᠡᠯᠲᠡ ᠵᠢᠨ  ᠬᠠᠮᠢᠶᠠᠷᠤᠯᠲᠠ ᠪᠣᠯᠤᠨ ᠡᠳᠦᠷ ᠲᠤᠲᠤᠮ᠎ᠤᠨ ᠬᠠᠮᠠᠭ᠋ᠠᠯᠠᠯᠲᠠ ᠵᠢ ᠬᠠᠷᠢᠭᠤᠴᠠᠬᠤ ᠵᠢᠨ ᠬᠠᠮᠲᠤ ᠠᠳᠠᠯᠢ ᠱᠠᠲᠤᠨ᠎ᠤ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠯᠣᠭᠣᠳᠣᠯᠭ᠎ᠠ ᠪᠣᠯᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠶ᠃

     ᠨᠠᠢ᠍ᠮᠠᠳᠤᠭ᠋ᠠᠷ  ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠎ᠨᠢ  ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ᠎ᠪᠠᠨ  ᠪᠠᠢ᠌ᠭᠣᠯᠭ᠎ᠠ ᠵᠢᠨ ᠬᠡᠷᠡᠭᠯᠡᠬᠦ ᠭᠠᠵᠠᠷ᠎ᠤᠨ ᠪᠠᠶ᠋ᠢᠷᠢᠯᠠᠭᠤᠯᠤᠯᠲᠠ ᠪᠠ ᠣᠷᠣᠨ ᠵᠠᠶ ᠵᠢᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠤᠰ ᠱᠠᠲᠤᠨ᠎ᠤ  ᠪᠠᠢ᠌ᠭᠣᠯᠭ᠎ᠠ ᠵᠢᠨ ᠬᠡᠷᠡᠭᠯᠡᠬᠦ ᠭᠠᠵᠠᠷ᠎ᠲᠤ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠵᠢ  ᠠᠬᠢᠭᠣᠯᠬᠣ  ᠬᠡᠷᠡᠭᠲᠡᠶ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠶ᠋ᠢᠭᠤᠯᠭ᠎ᠠ ᠵᠢᠨ ᠬᠡᠷᠡᠭᠯᠡᠬᠦ ᠭᠠᠵᠠᠷ᠎ᠤᠨ ᠵᠦᠶ ᠵᠣᠬᠢᠰᠲᠠᠶ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠵᠤ᠂ ᠭᠠᠵᠠᠷ ᠰᠢᠷᠣᠶ ᠵᠢᠨ ᠬᠠᠩᠭ᠋ᠠᠯᠭ᠎ᠠ ᠵᠢ ᠡᠮᠬᠢ ᠵᠢᠷᠤᠮ᠎ᠲᠠᠢ ᠳᠣᠭᠢᠷᠠᠭᠤᠯᠤᠨ᠂ ᠭᠠᠵᠠᠷ ᠬᠡᠷᠡᠭᠯᠡᠬᠦ ᠭᠠᠷᠳᠠᠮ᠎ᠢ ᠬᠠᠤᠯᠢ ᠶᠣᠰᠣᠭ᠋ᠠᠷ ᠭᠦᠢ᠍ᠴᠡᠳᠭᠡᠬᠦ ᠬᠡᠷᠡᠭᠲᠡᠶ᠃

     ᠶᠢᠰᠦᠳᠦᠭᠡᠷ ᠵᠤᠷᠪᠤᠰ   ᠪᠠᠢ᠌ᠭᠣᠯᠭ᠎ᠠ ᠵᠢᠨ ᠠᠯᠪᠠᠨ᠎ᠤ  ᠬᠡᠷᠡᠭᠯᠡᠭᠡᠨ᠎ᠤ  ᠭᠡᠷ ᠪᠠᠶ᠋ᠢᠰᠢᠩ᠎ᠤᠨ ᠲᠥᠯᠥᠪᠵᠢᠭᠦᠯᠭᠡ᠂ ᠡᠷᠬᠡ ᠵᠢᠨ ᠬᠠᠷᠢᠶ᠎ᠠ᠂ ᠲᠣᠬᠢᠷᠠᠭᠤᠯᠤᠯᠲᠠ᠂ ᠰᠡᠯᠪᠢᠨ ᠵᠠᠰᠠᠬᠤ ᠲᠥᠯᠥᠪᠯᠡᠭᠡ ᠪᠣᠯᠤᠨ  ᠰᠢᠢ᠍ᠳᠪᠦᠷᠢᠯᠡᠬᠦ  ᠶᠠᠪᠤᠳᠠᠯ᠎ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠵᠢ ᠬᠡᠷᠡᠭᠵᠢᠭᠦᠯᠦᠨ᠎ᠡ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠶ᠋ᠢᠭᠤᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠲᠤᠰ ᠱᠠᠲᠤᠨ᠎ᠤ ᠪᠠᠶ᠋ᠢᠭᠤᠯᠭ᠎ᠠ ᠵᠢᠨ ᠠᠯᠪᠠᠨ᠎ᠤ  ᠬᠡᠷᠡᠭᠯᠡᠭᠡᠨ᠎ᠤ  ᠭᠡᠷ ᠪᠠᠶ᠋ᠢᠰᠢᠩ᠎ᠤᠨ ᠬᠡᠷᠡᠭᠯᠡᠬᠦ ᠲᠠᠯᠠᠪᠠᠢ ᠵᠢ ᠲᠣᠭᠲᠠᠭ᠋ᠠᠯ ᠶᠣᠰᠣᠭ᠋ᠠᠷ ᠬᠢᠨᠠᠨ ᠲᠣᠭᠲᠠᠭ᠋ᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠢ ᠲᠣᠭᠤᠷᠢᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠪᠠᠶ᠋ᠢᠭᠤᠯᠭ᠎ᠠ ᠵᠢᠨ ᠠᠯᠪᠠᠨ᠎ᠤ  ᠬᠡᠷᠡᠭᠯᠡᠭᠡᠨ᠎ᠤ  ᠭᠡᠷ ᠪᠠᠶ᠋ᠢᠰᠢᠩ᠎ᠢ ᠵᠦᠢ ᠵᠣᠬᠢᠰᠲᠠᠢ ᠲᠣᠬᠢᠷᠠᠭᠤᠯᠤᠨ ᠬᠡᠷᠡᠭᠯᠡᠬᠦ ᠵᠢ ᠠᠬᠢᠭᠤᠯᠬᠤ ᠬᠡᠷᠡᠭᠲᠡᠢ ᠂  ᠪᠠᠶ᠋ᠢᠭᠤᠯᠭ᠎ᠠ ᠵᠢᠨ ᠠᠯᠪᠠᠯᠠᠬᠤ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠢᠭᠡᠳᠦᠯᠲᠡᠢ ᠲᠥᠯᠥᠪᠯᠡᠨ᠂ ᠠᠵᠢᠯᠯᠠᠬᠤ ᠲᠠᠯᠠᠪᠤᠷ ᠲᠥᠪᠯᠡᠷᠡᠭᠰᠡᠨ ᠪᠤᠶᠤ ᠬᠠᠷᠢᠴᠠᠩᠭᠤᠢ᠎ᠪᠠᠷ ᠲᠥᠪᠯᠡᠷᠡᠬᠦ ᠵᠢ ᠠᠬᠢᠭᠤᠯᠵᠤ᠂ ᠲᠤᠰ ᠱᠠᠲᠤᠨ᠎ᠤ ᠠᠵᠢᠯᠯᠠᠬᠤ ᠲᠣᠭᠤᠷᠢᠭ᠎ᠤᠨ ᠴᠢᠳᠠᠮᠵᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠬᠡᠷᠡᠭᠲᠡᠢ᠃

     ᠠᠷᠪᠠᠳᠤᠭ᠋ᠠᠷ ᠵᠤᠷᠪᠤᠰ  ᠡᠯ᠎ᠡ ᠱᠠᠲᠤᠨ᠎ᠤ  ᠪᠠᠢ᠌ᠭᠣᠯᠭ᠎ᠠ ᠵᠢᠨ ᠠᠯᠪᠠᠨ᠎ᠤ ᠬᠡᠷᠡᠭᠯᠡᠭᠡᠨ᠎ᠤ  ᠭᠡᠷ  ᠪᠠᠢ᠌ᠰᠢᠩ  ᠪᠠ ᠮᠡᠷᠭᠡᠵᠢᠯ᠎ᠤᠨ ᠲᠤᠬᠠᠶ᠋ᠢᠯᠠᠭᠰᠠᠨ ᠠᠵᠢᠯ᠎ᠳᠤ ᠬᠡᠷᠡᠭᠯᠡᠬᠦ ᠭᠡᠷ ᠪᠠᠶ᠋ᠢᠰᠢᠩ᠎ᠤᠨ ᠡᠷᠬᠡ ᠵᠢᠨ ᠬᠠᠷᠢᠶ᠎ᠠ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ  ᠳᠠᠩᠰᠠᠯᠠᠭᠣᠯᠣᠨ᠎ᠠ ᠃

     ᠦᠯᠦ ᠬᠥᠳᠡᠯᠬᠦ ᠬᠥᠷᠥᠩᠭᠡ ᠵᠢᠨ ᠡᠷᠬᠡ ᠵᠢ ᠲᠤᠰ ᠱᠠᠲᠤᠨ᠎ᠤ ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠨᠡᠷ᠎ᠡ ᠵᠢᠨ ᠳᠣᠤᠷ᠎ᠠ ᠨᠢᠭᠡᠳᠦᠯᠲᠡᠶ ᠳᠠᠩᠰᠠᠯᠠᠨ  ᠲᠡᠮᠳᠡᠭᠯᠡᠭᠦᠯᠵᠦ ᠂ ᠬᠡᠷᠡᠭᠯᠡᠬᠦ ᠨᠢᠭᠡᠴᠢ᠎ᠨᠢ  ᠡᠷᠬᠡ ᠵᠢᠨ ᠬᠠᠷᠢᠶ᠎ᠠ᠂ ᠪᠦᠲᠦᠭᠡᠨ ᠪᠠᠶ᠋ᠢᠭᠤᠯᠬᠤ᠂ ᠰᠡᠯᠪᠢᠨ ᠵᠠᠰᠠᠬᠤ ᠵᠡᠷᠭᠡ ᠠᠩᠬᠠᠨ᠎ᠤ ᠳᠠᠩᠰᠠ ᠡᠪᠬᠡᠮᠡᠯ᠎ᠢ ᠬᠠᠮᠲᠤ᠎ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃

     ᠮᠠᠲ᠋ᠧᠷᠢᠶᠠᠯ ᠳᠤᠲᠠᠭᠳᠠᠭᠰᠠᠨ᠂ ᠡᠷᠬᠡ ᠵᠢᠨ ᠬᠠᠷᠢᠶ᠎ᠠ᠎ᠨᠢ ᠲᠣᠳᠣᠷᠬᠠᠶ ᠦᠭᠡᠶ ᠵᠡᠷᠭᠡ᠎ᠠᠴᠠ ᠪᠣᠯᠵᠤ  ᠳᠠᠩᠰᠠᠯᠠᠭᠣᠯᠬᠣ ᠵᠢᠨ ᠠᠷᠭ᠎ᠠ ᠦᠭᠡᠶ ᠪᠣᠯ ᠂  ᠲᠤᠰ ᠱᠠᠲᠤᠨ᠎ᠤ ᠬᠠᠷᠢᠭᠤᠴᠠᠵᠤ ᠪᠠᠶ᠋ᠢᠭ᠎ᠠ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠡᠷᠬᠡ ᠵᠢᠨ ᠬᠠᠷᠢᠶ᠎ᠠ ᠵᠢ᠎ᠨᠢ  ᠳᠠᠩᠰᠠᠯᠠᠭᠣᠯᠵᠦ ᠂ ᠬᠡᠷᠡᠭᠯᠡᠬᠦ   ᠨᠢᠭᠡᠴᠢ  ᠥᠪᠡᠷ᠎ᠲᠤ᠎ᠪᠠᠨ ᠰᠢᠢ᠍ᠳᠪᠦᠷᠢᠯᠡᠵᠦ  ᠪᠣᠯᠬᠤ ᠦᠭᠡᠶ᠃

     ᠠᠷᠪᠠᠨ ᠨᠢᠭᠡᠳᠦᠭᠡᠷ ᠵᠤᠷᠪᠤᠰ   ᠡᠯ᠎ᠡ ᠱᠠᠲᠤᠨ᠎ᠤ ᠪᠠᠶ᠋ᠢᠭᠤᠯᠭ᠎ᠠ᠎ᠨᠢ ᠠᠯᠪᠠᠨ᠎ᠤ  ᠬᠡᠷᠡᠭᠯᠡᠭᠡᠨ᠎ᠤ  ᠬᠡᠷ ᠪᠠᠶ᠋ᠢᠰᠢᠩ᠎ᠤᠨ ᠲᠣᠬᠢᠷᠠᠭᠤᠯᠤᠯᠲᠠ ᠵᠢᠨ ᠪᠠᠷᠢᠮᠵᠢᠶ᠎ᠠ ᠵᠢ ᠬᠡᠷᠡᠭᠵᠢᠭᠦᠯᠵᠦ᠂ ᠠᠯᠪᠠᠨ᠎ᠤ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠡᠳᠦᠷ ᠲᠤᠲᠤᠮ᠎ᠤᠨ ᠪᠠᠶ᠋ᠢᠴᠠᠭ᠋ᠠᠯᠲᠠ ᠪᠠ ᠬᠠᠮᠠᠭ᠋ᠠᠯᠠᠯᠲᠠ ᠵᠢ ᠬᠡᠷᠡᠭᠵᠢᠭᠦᠯᠬᠦ ᠬᠡᠷᠡᠭᠲᠡᠢ᠂ ᠰᠢᠨ᠎ᠡ᠎ᠪᠠᠷ ᠪᠠᠶ᠋ᠢᠭᠤᠯᠤᠭᠰᠠᠨ᠂ ᠬᠤᠳᠠᠯᠳᠤᠨ ᠠᠪᠤᠭᠰᠠᠨ᠂ ᠲᠦᠷᠢᠶᠡᠰᠦᠯᠡᠭᠰᠡᠨ᠂ ᠵᠢᠭᠡᠯᠡᠭᠰᠡᠨ᠂ ᠲᠣᠬᠢᠷᠠᠭᠤᠯᠤᠭᠰᠠᠨ ᠠᠯᠪᠠᠨ᠎ᠤ  ᠬᠡᠷᠡᠭᠯᠡᠭᠡᠨ᠎ᠤ  ᠬᠡᠷ ᠪᠠᠶ᠋ᠢᠰᠢᠩ᠎ᠢ ᠬᠠᠣᠯᠢ᠎ᠠᠴᠠ ᠵᠦᠷᠢᠴᠡᠨ ᠲᠣᠭᠲᠠᠭ᠋ᠠᠯ᠎ᠠᠴᠠ ᠵᠦᠷᠢᠴᠡᠵᠦ  ᠰᠢᠨ᠎ᠡ᠎ᠪᠠᠷ ᠪᠠᠶ᠋ᠢᠭᠤᠯᠵᠤ ᠪᠣᠯᠬᠤ ᠥᠬᠡᠶ᠂ ᠳᠤᠷ᠎ᠠ᠎ᠪᠠᠷ ᠵᠶ᠋ᠠᠨ ᠲᠦᠷᠢᠶᠡᠰᠦᠯᠡᠬᠦ᠂ ᠵᠢᠭᠡᠯᠡᠭᠦᠯᠬᠦ ᠪᠤᠶᠤ ᠠᠯᠪᠠᠨ ᠎ᠤ  ᠬᠡᠷᠡᠭᠯᠡᠭᠡᠨ᠎ᠤ  ᠬᠡᠷ ᠪᠠᠶ᠋ᠢᠰᠢᠩ᠎ᠤᠨ ᠬᠡᠷᠡᠭᠯᠡᠭᠡᠨ᠎ᠤ ᠴᠢᠳᠠᠮᠵᠢ ᠵᠢ ᠬᠤᠪᠢᠷᠠᠭᠤᠯᠵᠤ ᠪᠣᠯᠬᠤ ᠥᠬᠡᠶ᠃

     ᠠᠷᠪᠠᠨ ᠬᠣᠶᠠᠳᠤᠭ᠋ᠠᠷ ᠵᠤᠷᠪᠤᠰ   ᠡᠯ᠎ᠡ ᠱᠠᠲᠤᠨ᠎ᠤ  ᠪᠠᠢ᠌ᠭᠣᠯᠭ᠎ᠠ᠎ᠨᠢ  ᠠᠯᠪᠠᠨ ᠭᠡᠷ ᠵᠶ᠋ᠠᠨ ᠰᠡᠯᠪᠢᠨ ᠵᠠᠰᠠᠬᠤ᠎ᠳᠤ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠬᠤ᠂ ᠬᠡᠷᠡᠭᠯᠡᠬᠦ ᠴᠢᠳᠠᠮᠵᠢ ᠵᠢ ᠰᠡᠷᠭᠦᠭᠡᠬᠦ ᠪᠠ ᠲᠡᠭᠦᠯᠳᠡᠷᠵᠢᠭᠦᠯᠬᠦ᠎ᠪᠠᠷ ᠵᠣᠷᠢᠯᠭ᠎ᠠ ᠪᠣᠯᠭ᠋ᠠᠨ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠵᠢᠴᠢ ᠪᠦᠲᠦᠭᠡᠨ ᠪᠠᠶ᠋ᠢᠭᠤᠯᠤᠯᠲᠠ ᠵᠢᠨ  ᠢᠨᠵᠸᠨ᠋ᠸᠷᠢᠩ ᠂ ᠲᠥᠬᠥᠭᠡᠷᠦᠮᠵᠢ ᠤᠭᠰᠠᠷᠠᠭᠰᠠᠨ ᠤᠯᠤᠰ᠂ ᠠᠵᠢᠯ ᠲᠥᠷᠥᠯ᠂ ᠣᠷᠣᠨ ᠨᠤᠲᠤᠭ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠵᠢᠷᠤᠮᠵᠢᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠰᠡᠯᠪᠢᠨ ᠵᠠᠰᠠᠬᠤ ᠶᠠᠪᠤᠴᠠ᠎ᠳᠤ ᠬᠡᠯᠪᠡᠷᠢ ᠵᠢ᠎ᠨᠢ ᠦᠭᠡᠷᠡᠳᠦᠭᠦᠯᠬᠦ᠂  ᠠᠯᠪᠠᠨ᠎ᠤ ᠬᠡᠷᠡᠭᠯᠡᠭᠡᠨ᠎ᠤ ᠭᠡᠷ ᠪᠠᠢ᠌ᠰᠢᠩ᠎ᠢ  ᠥᠷᠭᠡᠳᠬᠡᠨ ᠪᠠᠶ᠋ᠢᠭᠤᠯᠵᠤ ᠪᠣᠯᠬᠤ ᠦᠭᠡᠶ᠂  ᠠᠯᠪᠠᠨ᠎ᠤ ᠬᠡᠷᠡᠭᠯᠡᠭᠡᠨ᠎ᠤ ᠭᠡᠷ ᠪᠠᠢ᠌ᠰᠢᠩ᠎ᠢ  ᠪᠠᠷᠢᠮᠵᠢᠶ᠎ᠠ᠎ᠠᠴᠠ ᠬᠡᠲᠦᠷᠡᠭᠦᠯᠦᠨ ᠵᠠᠰᠠᠵᠤ  ᠴᠢᠮᠡᠭᠯᠡᠵᠦ  ᠪᠣᠯᠬᠤ ᠦᠭᠡᠶ᠃

     ᠠᠯᠪᠠᠨ᠎ᠤ ᠬᠡᠷᠡᠭᠯᠡᠭᠡᠨ᠎ᠤ  ᠭᠡᠷ  ᠪᠠᠢ᠌ᠰᠢᠩ  ᠶᠡᠬᠡ ᠳᠤᠮᠳᠠ ᠵᠠᠰᠠᠪᠤᠷᠢ ᠣᠷᠣᠭᠤᠯᠬᠤ ᠲᠥᠷᠥᠯ ᠵᠤᠷᠪᠤᠰ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠵᠦ ᠬᠡᠷᠡᠭᠵᠢᠭᠦᠯᠦᠨ᠎ᠡ᠃

     ᠠᠷᠪᠠᠨ ᠭᠤᠷᠪᠠᠳᠤᠭ᠋ᠠᠷ ᠵᠤᠷᠪᠤᠰ   ᠰᠤᠯᠠ ᠲᠠᠯᠪᠢᠵᠤ ᠪᠠᠶ᠋ᠢᠭ᠎ᠠ ᠠᠯᠪᠠᠨ᠎ᠤ ᠬᠡᠷᠡᠭᠯᠡᠭᠡᠨ᠎ᠤ  ᠭᠡᠷ  ᠪᠠᠢ᠌ᠰᠢᠩ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ  ᠰᠢᠢ᠍ᠳᠪᠦᠷᠢᠯᠡᠨ  ᠠᠰᠢᠭᠯᠠᠨ᠎ᠠ᠃ ᠨᠥᠬᠥᠴᠡᠯ ᠪᠦᠷᠢᠳᠦᠭᠦᠯᠦᠭᠰᠡᠨ᠎ᠨᠢ ᠂  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠡᠭᠦᠨ᠎ᠢ ᠨᠠᠶ᠋ᠢᠳᠠᠵᠤ ᠬᠥᠮᠦᠵᠢᠭᠦᠯᠬᠦ ᠭᠠᠵᠠᠷ ᠪᠤᠶᠤ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠂ ᠨᠡᠶ᠋ᠢᠭᠡᠮ ᠲᠣᠭᠣᠷᠢᠭ᠎ᠤᠨ ᠠᠵᠢᠯᠯᠠᠭ᠎ᠠ ᠵᠡᠷᠭᠡ ᠨᠡᠶ᠋ᠢᠲᠡ ᠵᠢᠨ ᠠᠰᠠᠷᠠᠮᠵᠢ ᠵᠢᠨ ᠭᠠᠵᠠᠷ ᠪᠣᠯᠭ᠋ᠠᠨ ᠥᠭᠡᠷᠡᠴᠢᠯᠡᠵᠦ ᠪᠣᠯᠤᠨ᠎ᠠ᠃

     ᠠᠷᠪᠠᠨ ᠳᠥᠷᠪᠡᠳᠦᠭᠡᠷ ᠵᠤᠷᠪᠤᠰ   ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠣᠷᠣᠨ ᠲᠣᠭ᠎ᠠ᠂ ᠪᠠᠷᠢᠮᠵᠢᠶ᠎ᠠ᠂ ᠬᠤᠳᠠᠯᠳᠤᠨ ᠠᠪᠬᠤ ᠵᠠᠷᠤᠳᠠᠯ᠂ ᠬᠤᠳᠠᠯᠳᠤᠨ ᠠᠪᠬᠤ ᠲᠣᠬᠢᠷᠠᠭᠤᠯᠤᠯᠲᠠ᠂ ᠬᠡᠷᠡᠭᠯᠡᠬᠦ ᠬᠠᠮᠢᠶᠠᠷᠤᠯᠲᠠ ᠵᠡᠷᠭᠡ ᠵᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠵᠢ ᠴᠢᠩᠭ᠋ᠠᠳᠬᠠᠵᠤ᠂ ᠣᠨᠳᠣᠤ ᠭᠠᠵᠠᠷ ᠬᠣᠯᠪᠣᠭ᠋ᠠᠯᠠᠨ ᠬᠥᠳᠡᠯᠦᠯᠴᠡᠬᠦ ᠪᠠᠲᠤᠯᠠᠭ᠎ᠠ᠂ ᠲᠤᠰ ᠱᠠᠲᠤᠨ᠎ᠤ  ᠪᠠᠢ᠌ᠭᠣᠯᠭ᠎ᠠ ᠵᠢᠨ ᠨᠢᠭᠡᠳᠦᠯᠲᠡᠶ ᠪᠠᠲᠤᠯᠠᠭ᠎ᠠ᠂ ᠨᠡᠶ᠋ᠢᠭᠡᠮᠴᠢᠯᠡᠭᠰᠡᠨ ᠬᠣᠯᠪᠣᠭ᠋ᠠᠯᠠᠨ ᠬᠥᠳᠡᠯᠦᠯᠴᠡᠬᠦ ᠪᠠᠲᠤᠯᠠᠭ᠎ᠠ ᠵᠢᠨ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠠᠵᠢᠯᠯᠠᠭ᠋ᠠᠨ᠎ᠤ ᠦᠷ᠎ᠡ ᠠᠰᠢᠭ ᠪᠣᠯᠤᠨ ᠪᠠᠲᠤᠯᠠᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃

     ᠡᠯ᠎ᠡ ᠱᠠᠲᠤᠨ᠎ᠤ  ᠪᠠᠢ᠌ᠭᠣᠯᠭ᠎ᠠ᠎ᠨᠢ  ᠠᠯᠪᠠᠨ ᠶᠠᠪᠤᠳᠠᠯ᠎ᠳᠤ ᠬᠡᠷᠡᠭᠯᠡᠬᠦ ᠡᠯ᠎ᠡ ᠲᠥᠷᠥᠯ᠎ᠤᠨ ᠲᠡᠷᠭᠡ ᠵᠢ ᠮᠡᠳᠡᠭᠡ ᠵᠠᠩᠭᠢᠵᠢᠯᠲᠠ ᠵᠢᠨ ᠲᠠᠪᠴᠠᠩ᠎ᠤᠨ ᠲᠥᠪᠯᠡᠷᠡᠩᠭᠦᠶ ᠬᠠᠮᠢᠶᠠᠷᠤᠯᠲᠠ᠎ᠳᠤ ᠣᠷᠣᠭᠤᠯᠵᠤ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠬᠡᠷᠡᠭᠯᠡᠬᠦ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠦᠨ ᠨᠠᠶ᠋ᠢᠳᠠᠪᠤᠷᠢᠵᠢᠭᠤᠯᠵᠤ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠬᠠᠤᠯᠢ ᠲᠣᠭᠲᠠᠭ᠋ᠠᠯ᠎ᠠᠴᠠ ᠵᠥᠷᠢᠴᠡᠨ ᠲᠣᠬᠢᠷᠠᠭᠤᠯᠵᠤ᠂ ᠰᠢᠨᠡᠳᠬᠡᠵᠦ᠂ ᠬᠡᠷᠡᠭᠯᠡᠬᠦ ᠪᠠ ᠰᠢᠢ᠍ᠳᠪᠦᠷᠢᠯᠡᠵᠦ  ᠪᠣᠯᠬᠤ ᠦᠭᠡᠶ᠃

     ᠠᠷᠪᠠᠨ ᠲᠠᠪᠤᠳᠤᠭ᠋ᠠᠷ ᠵᠤᠷᠪᠤᠰ   ᠡᠯ᠎ᠡ ᠱᠠᠲᠤᠨ᠎ᠤ  ᠪᠠᠢ᠌ᠭᠣᠯᠭ᠎ᠠ᠎ᠨᠢ  ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠵᠢ ᠦᠨᠳᠦᠰᠦᠯᠡᠨ ᠠᠵᠢᠯᠯᠠᠬᠤ ᠲᠥᠬᠥᠭᠡᠷᠦᠮᠵᠢ ᠪᠣᠯᠤᠨ ᠠᠵᠢᠯᠯᠠᠬᠤ ᠭᠡᠷ᠎ᠤᠨ ᠬᠡᠷᠡᠭᠰᠡᠯ᠎ᠢ ᠲᠣᠬᠢᠷᠠᠭᠤᠯᠬᠤ ᠬᠡᠷᠡᠭᠲᠡᠶ᠃ ᠨᠥᠬᠥᠴᠡᠯ ᠪᠦᠷᠢᠳᠦᠭᠦᠯᠦᠭᠰᠡᠨ ᠎ᠨᠢ᠂  ᠠᠳᠠᠯᠢ ᠱᠠᠲᠤᠨ᠎ᠤ  ᠪᠠᠢ᠌ᠭᠣᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠠᠴᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠨᠢᠭᠡᠳᠦᠯᠲᠡᠶ ᠲᠣᠬᠢᠷᠠᠭᠤᠯᠬᠤ ᠬᠡᠷᠡᠭᠲᠡᠶ᠃

     ᠠᠷᠪᠠᠨ ᠵᠢᠷᠭᠤᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠤᠨ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ ᠎ᠨᠢ  ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠠᠯᠪᠠᠨ᠎ᠤ ᠪᠣᠳᠠᠰ᠎ᠤᠨ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂  ᠪᠠᠢ᠌ᠭᠣᠯᠭ᠎ᠠ ᠵᠢᠨ ᠦᠷ᠎ᠡ ᠠᠰᠢᠭ ᠵᠶ᠋ᠠᠷ ᠳᠣᠤᠷ᠎ᠠ᠂ ᠰᠤᠯᠠ ᠪᠠᠶ᠋ᠢᠭ᠎ᠠ ᠡᠳ᠋ ᠬᠥᠷᠥᠩᠭᠡ ᠵᠢ ᠪᠦᠲᠦᠮᠵᠢᠲᠡᠶ᠎ᠪᠠᠷ ᠡᠮᠬᠢᠯᠡᠨ ᠨᠡᠶ᠋ᠢᠯᠡᠭᠦᠯᠵᠦ᠂ ᠠᠮᠢᠳᠤᠯᠢᠭᠵᠢᠭᠤᠯᠤᠨ ᠠᠰᠢᠭᠯᠠᠵᠤ᠂ ᠦᠷ᠎ᠡ ᠠᠰᠢᠭ ᠵᠶ᠋ᠠᠷ ᠳᠣᠤᠷ᠎ᠠ᠂ ᠰᠤᠯᠠ ᠪᠠᠶ᠋ᠢᠭ᠎ᠠ ᠡᠳ᠋ ᠬᠥᠷᠥᠩᠭᠡ ᠵᠢᠴᠢ ᠴᠢᠬᠤᠯᠠ ᠬᠤᠷᠠᠯ᠂ ᠴᠢᠬᠤᠯᠠ ᠶᠡᠬᠡ ᠠᠵᠢᠯᠯᠠᠭ᠎ᠠ ᠵᠢᠨ ᠡᠳ᠋ ᠬᠥᠷᠥᠩᠭᠡ ᠵᠢ ᠨᠡᠶ᠋ᠢᠲᠡ ᠵᠢᠨ ᠪᠣᠳᠠᠰ᠎ᠤᠨ ᠬᠥᠮᠥᠷᠭᠡ ᠵᠢᠨ ᠬᠠᠮᠢᠶᠠᠷᠤᠯᠲᠠ᠎ᠳᠤ ᠣᠷᠣᠭᠤᠯᠵᠤ᠂ ᠬᠠᠮᠢᠶ᠎ᠠ ᠪᠦᠬᠦᠢ ᠪᠣᠳᠠᠲᠠᠶ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢᠵᠢᠯᠲᠠ ᠵᠢᠨ ᠲᠠᠪᠴᠠᠩ᠎ᠤᠨ ᠬᠡᠷᠡᠭᠯᠡᠯᠲᠡ ᠵᠢ ᠴᠢᠩᠭ᠋ᠠᠳᠬᠠᠨ᠂ ᠡᠳ᠋ ᠬᠥᠷᠥᠩᠭᠡ ᠵᠢ ᠡᠷᠭᠢᠯᠳᠦᠭᠦᠯᠦᠨ ᠠᠰᠢᠭᠯᠠᠬᠤ ᠪᠠ  ᠬᠠᠮᠲᠤ᠎ᠪᠠᠷ ᠬᠦᠷᠲᠡᠵᠦ ᠬᠠᠮᠲᠤ᠎ᠪᠠᠷ  ᠬᠡᠷᠡᠭᠯᠡᠬᠦ ᠵᠢ ᠠᠬᠢᠭᠤᠯᠬᠤ ᠬᠡᠷᠡᠭᠲᠡᠶ᠃

ᠴᠢᠬᠤᠯᠠ ᠬᠤᠷᠠᠯ᠂ ᠴᠢᠬᠤᠯᠠ ᠶᠡᠬᠡ ᠠᠵᠢᠯᠯᠠᠭ᠎ᠠ᠂ ᠲᠦᠷ ᠴᠠᠭ᠎ᠤᠨ ᠪᠠᠶ᠋ᠢᠭᠤᠯᠤᠮᠵᠢ ᠪᠣᠯᠤᠨ ᠠᠳᠠᠯᠢ ᠱᠠᠲᠤᠨ᠎ᠤ  ᠪᠠᠢ᠌ᠭᠣᠯᠭ᠎ᠠ᠎ᠨᠢ ᠡᠳ᠋ ᠬᠥᠷᠥᠩᠭᠡ ᠲᠣᠬᠢᠷᠠᠭᠤᠯᠬᠤ ᠴᠢᠬᠤᠯᠠ᠎ᠲᠠᠢ ᠪᠣᠯ ᠂  ᠤᠷᠢᠳᠠᠪᠠᠷ ᠨᠡᠶ᠋ᠢᠲᠡ ᠵᠢᠨ ᠡᠳ᠋᠎ᠤᠨ ᠬᠥᠮᠥᠷᠭᠡ᠎ᠠᠴᠠ ᠲᠣᠬᠢᠷᠠᠭᠤᠯᠤᠨ ᠬᠡᠷᠡᠭᠯᠡᠬᠦ ᠬᠡᠷᠡᠭᠲᠡᠶ᠃

     ᠠᠷᠪᠠᠨ ᠳᠣᠯᠣᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠶ᠋ᠢᠭᠤᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ  ᠪᠠᠢ᠌ᠭᠣᠯᠭ᠎ᠠ ᠵᠢᠨ ᠰᠤᠯᠠ ᠪᠠᠶ᠋ᠢᠭ᠎ᠠ ᠡᠳ᠋ ᠬᠥᠷᠥᠩᠭᠡ ᠵᠢ  ᠪᠠᠢ᠌ᠭᠣᠯᠭ᠎ᠠ ᠵᠢᠨ ᠠᠵᠢᠯᠯᠠᠭ᠋ᠠᠨ᠎ᠳᠤ ᠬᠡᠷᠡᠭᠰᠡᠬᠦ ᠪᠤᠰᠤᠳ ᠡᠳ᠋ ᠬᠥᠷᠥᠩᠭᠡ ᠪᠣᠯᠭ᠋ᠠᠨ ᠰᠣᠯᠢᠵᠤ ᠪᠣᠯᠤᠨ᠎ᠠ᠃

     ᠡᠯ᠎ᠡ ᠱᠠᠲᠤᠨ᠎ᠤ  ᠪᠠᠢ᠌ᠭᠣᠯᠭ᠎ᠠ ᠵᠢᠨ ᠳᠣᠲᠣᠭ᠋ᠠᠳᠤ᠎ᠳᠤ ᠲᠣᠬᠢᠷᠠᠭᠤᠯᠤᠨ ᠠᠰᠢᠭᠯᠠᠬᠤ ᠵᠢᠨ ᠠᠷᠭ᠎ᠠ ᠦᠭᠡᠶ ᠬᠡᠷᠡᠭᠯᠡᠯᠲᠡ ᠵᠢᠨ ᠥᠷᠲᠡᠭ᠎ᠨᠢ ᠶᠡᠬᠡ᠂ ᠠᠰᠢᠭᠯᠠᠬᠤ ᠬᠡᠪᠴᠢᠶ᠎ᠡ᠎ᠨᠢ ᠥᠷᠭᠡᠨ  ᠳᠣᠣᠷ᠎ᠠ ᠦᠷ᠎ᠡ ᠪᠦᠲᠦᠮᠵᠢ᠎ᠲᠠᠢ ᠂ ᠰᠤᠯᠠ ᠪᠠᠶ᠋ᠢᠬᠤ ᠡᠳ᠋ ᠬᠥᠷᠥᠩᠭᠡ ᠵᠢ ᠂  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠤᠨ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠰᠠᠯᠠᠭ᠎ᠠ ᠮᠥᠴᠢᠷ᠂ ᠭᠠᠵᠠᠷ ᠣᠷᠣᠨ ᠠᠯᠤᠰᠯᠠᠭᠰᠠᠨ᠂ ᠳᠡᠰ ᠳᠠᠪᠬᠤᠷᠭ᠎ᠠ ᠠᠯᠤᠰᠯᠠᠨ ᠲᠣᠬᠢᠷᠠᠭᠤᠯᠵᠤ ᠪᠣᠯᠤᠨ᠎ᠠ᠃

     ᠲᠣᠬᠢᠷᠠᠭᠤᠯᠤᠨ ᠬᠡᠷᠡᠭᠯᠡᠬᠦ᠂ ᠬᠡᠷᠡᠭᠴᠡᠭᠡ ᠵᠢ  ᠣᠯᠠᠷᠢᠭᠣᠯᠬᠣ ᠂  ᠰᠣᠯᠢᠬᠣ᠂  ᠲᠦᠷᠢᠶᠡᠰᠦᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠰᠢᠢ᠍ᠳᠪᠦᠷᠢᠯᠡᠵᠦ ᠠᠰᠢᠭᠯᠠᠬᠤ ᠵᠢᠨ ᠠᠷᠭ᠎ᠠ ᠦᠭᠡᠢ ᠰᠤᠯᠠ ᠪᠠᠶ᠋ᠢᠬᠤ ᠡᠳ᠋ ᠬᠥᠷᠥᠩᠭᠡ ᠵᠢ ᠂ ᠲᠣᠭᠲᠠᠭ᠋ᠠᠭᠰᠠᠨ ᠵᠢᠷᠣᠮ  ᠶᠣᠰᠣᠭ᠋ᠠᠷ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ ᠵᠶ᠋ᠠᠷ ᠳᠠᠮᠵᠢᠭᠤᠯᠤᠨ ᠬᠠᠤᠯᠢ ᠶᠣᠰᠣᠭ᠋ᠠᠷ ᠢᠯᠡ᠎ᠪᠠᠷ ᠦᠨ᠎ᠡ  ᠬᠠᠶᠠᠯᠴᠠᠨ  ᠬᠤᠳᠠᠯᠳᠤᠵᠤ ᠪᠣᠯᠤᠨ᠎ᠠ᠃ ᠰᠤᠯᠠ ᠪᠠᠶ᠋ᠢᠭ᠎ᠠ ᠡᠳ᠋ ᠬᠥᠷᠥᠩᠭᠡ ᠵᠢ ᠲᠦᠷᠢᠶᠡᠰᠦᠯᠡᠭᠦᠯᠦᠭᠰᠡᠨ᠂ ᠦᠨ᠎ᠡ  ᠬᠠᠶᠠᠯᠴᠠᠨ  ᠬᠤᠳᠠᠯᠳᠤᠭᠰᠠᠨ ᠵᠡᠷᠭᠡ  ᠰᠢᠢ᠍ᠳᠪᠦᠷᠢᠯᠡᠭᠰᠡᠨ  ᠣᠷᠣᠯᠭ᠎ᠠ ᠵᠢ ᠵᠠᠰᠠᠭ᠎ᠤᠨ ᠣᠷᠳᠣᠨ᠎ᠤ ᠭᠠᠶ᠋ᠢᠯᠢ ᠵᠢᠨ ᠪᠤᠰᠤ ᠣᠷᠣᠯᠭ᠎ᠠ ᠪᠣᠯᠤᠨ ᠤᠯᠤᠰ᠎ᠤᠨ ᠬᠥᠮᠥᠷᠭᠡ ᠵᠢᠨ ᠲᠥᠪᠯᠡᠷᠡᠭᠦᠯᠦᠨ ᠬᠤᠷᠢᠶᠠᠬᠤ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠶ᠃

     ᠭᠤᠷᠪᠠᠳᠤᠭ᠋ᠠᠷ ᠪᠦᠯᠦᠭ   ᠵᠠᠷᠤᠳᠠᠯ᠎ᠤᠨ ᠬᠡᠷᠡᠭᠯᠡᠯᠲᠡ

     ᠠᠷᠪᠠᠨ  ᠨᠠᠢ᠍ᠮᠠᠳᠤᠭ᠋ᠠᠷ  ᠵᠤᠷᠪᠤᠰ    ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ  ᠬᠡᠷᠡᠭᠰᠡᠬᠦ  ᠵᠠᠷᠤᠳᠠᠯ᠎ᠢ ᠲᠥᠰᠦᠪ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠪᠠᠲᠤᠯᠠᠬᠤ ᠬᠡᠷᠡᠭᠲᠡᠶ ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠲᠤᠰ ᠱᠠᠲᠤᠨ᠎ᠤ  ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠣᠨ᠎ᠤ ᠲᠥᠯᠥᠪᠯᠡᠭᠡ ᠲᠣᠭᠲᠠᠭ᠋ᠠᠵᠤ᠂ ᠬᠠᠮᠢᠶᠠᠷᠤᠯᠲᠠ ᠵᠢᠨ ᠵᠤᠷᠪᠤᠰ ᠵᠶ᠋ᠠᠨ ᠨᠢᠭᠡᠳᠦᠯᠲᠡᠶ ᠲᠥᠯᠥᠪᠵᠢᠭᠦᠯᠬᠦ ᠪᠠ ᠵᠦᠢ ᠵᠣᠬᠢᠰᠲᠠᠶ ᠲᠣᠬᠢᠷᠠᠭᠤᠯᠵᠤ᠂  ᠪᠠᠢ᠌ᠭᠣᠯᠭ᠎ᠠ ᠵᠢᠨ ᠬᠡᠷᠡᠭᠯᠡᠬᠦ ᠭᠠᠵᠠᠷ᠎ᠤᠨ ᠲᠥᠯᠥᠪᠵᠢᠭᠦᠯᠭᠡ  ᠬᠢᠵᠦ ᠠᠰᠢᠭᠯᠠᠬᠣ ᠂ ᠠᠯᠪᠠᠨ᠎ᠤ  ᠬᠡᠷᠡᠭᠯᠡᠭᠡᠨ᠎ᠤ ᠭᠡᠷ  ᠪᠠᠢ᠌ᠰᠢᠩ  ᠲᠣᠬᠢᠷᠠᠭᠤᠯᠬᠤ ᠪᠠ ᠶᠡᠬᠡ ᠳᠤᠮᠳᠠ ᠵᠡᠷᠭᠡ ᠵᠢᠨ ᠵᠠᠰᠠᠪᠤᠷᠢ ᠣᠷᠣᠭᠤᠯᠬᠤ᠂ ᠠᠯᠪᠠᠨ ᠶᠠᠪᠤᠳᠠᠯ᠎ᠤᠨ ᠬᠥᠮᠥᠷᠭᠡ ᠵᠢᠨ ᠬᠠᠮᠢᠶᠠᠷᠤᠯᠲᠠ᠎ᠤᠨ  ᠠᠵᠢᠯᠯᠠᠭ᠋ᠠᠨ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠲᠣᠬᠢᠷᠠᠭᠤᠯᠬᠤ ᠪᠠ ᠰᠢᠨᠡᠳᠬᠡᠬᠦ᠂ ᠡᠨᠧᠷᠭᠢ ᠠᠷᠪᠢᠯᠠᠬᠤ ᠬᠠᠮᠢᠶᠠᠷᠤᠯᠲᠠ᠂ ᠲᠥᠪᠯᠡᠷᠡᠩᠭᠦᠶ ᠬᠡᠷᠡᠭᠵᠢᠭᠦᠯᠬᠦ ᠠᠷᠤ ᠲᠠᠯ᠎ᠠ ᠵᠢᠨ  ᠦᠢ᠍ᠯᠡᠴᠢᠯᠡᠭᠡ  ᠵᠡᠷᠭᠡ ᠪᠠᠢ᠌ᠭᠣᠯᠭ᠎ᠠ ᠵᠢᠨ ᠠᠵᠢᠯᠯᠠᠭ᠋ᠠᠨ᠎ᠤ ᠵᠤᠷᠪᠤᠰ᠎ᠤᠨ ᠪᠠᠲᠤᠯᠠᠭ᠎ᠠ ᠵᠢᠨ ᠲᠥᠯᠥᠪᠯᠡᠭᠡ ᠵᠢ ᠨᠢᠭᠡᠳᠦᠯᠲᠡᠶ ᠲᠣᠭᠲᠠᠭ᠋ᠠᠵᠤ᠂ ᠵᠣᠬᠢᠴᠠᠩᠭᠤᠶ ᠪᠦᠬᠦᠢ ᠵᠠᠷᠤᠳᠠᠯ᠎ᠤᠨ ᠬᠡᠷᠡᠭᠴᠡᠭᠡ ᠱᠠᠭ᠋ᠠᠷᠳᠠᠯᠭ᠎ᠠ ᠳᠤᠷᠠᠳᠴᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠲᠣᠭᠲᠠᠭ᠋ᠠᠯᠭ᠋ᠠᠵᠤ ᠲᠦᠰᠦᠪ ᠵᠶ᠋ᠡᠨ ᠲᠣᠭᠲᠠᠭ᠋ᠠᠬᠣ  ᠬᠡᠷᠡᠭᠲᠡᠶ᠃

     ᠠᠷᠪᠠ ᠶᠢᠰᠦᠳᠦᠭᠡᠷ ᠵᠤᠷᠪᠤᠰ   ᠡᠯ᠎ᠡ ᠱᠠᠲᠤᠨ᠎ᠤ  ᠪᠠᠢ᠌ᠭᠣᠯᠭ᠎ᠠ᠎ᠨᠢ  ᠲᠤᠰ ᠪᠠᠢ᠌ᠭᠣᠯᠭ᠎ᠠ  ᠵᠢᠴᠢ ᠬᠠᠷᠢᠶ᠎ᠠ  ᠨᠢᠭᠡᠴᠢ ᠵᠢᠨ ᠵᠶ᠋ᠠᠨ ᠠᠵᠢᠯᠯᠠᠭ᠋ᠠᠨ᠎ᠤ ᠪᠠᠲᠤᠯᠠᠭ᠎ᠠ ᠵᠢᠨ ᠬᠡᠷᠡᠭᠴᠡᠭᠡ ᠵᠢ ᠦᠨᠳᠦᠰᠦᠯᠡᠨ᠂ ᠣᠨ᠎ᠤ ᠪᠠᠲᠤᠯᠠᠭ᠎ᠠ ᠵᠢᠨ  ᠲᠦᠯᠣᠪᠵᠢᠭᠦᠯᠭᠡ  ᠲᠣᠭᠲᠠᠭ᠋ᠠᠵᠤ᠂ ᠬᠡᠷᠡᠭᠰᠡᠬᠦ ᠪᠡᠯᠡ ᠮᠥᠩᠭᠥ ᠵᠢ ᠰᠠᠯᠠᠭ᠎ᠠ ᠮᠥᠴᠢᠷ᠎ᠤᠨ ᠲᠥᠰᠦᠪ ᠵᠶ᠋ᠠᠷ ᠳᠠᠮᠵᠢᠭᠤᠯᠤᠨ ᠲᠣᠬᠢᠷᠠᠭᠤᠯᠬᠤ ᠬᠡᠷᠡᠭᠲᠡᠶ᠃

     ᠬᠣᠷᠢᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠲᠤᠰ ᠱᠠᠲᠤᠨ᠎ᠤ  ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠪᠣᠳᠠᠲᠤ ᠪᠣᠳᠠᠰ᠎ᠤᠨ  ᠨᠤᠷᠮ᠎ᠠ  ᠪᠣᠯᠤᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ ᠴᠠᠭ᠎ᠲᠤᠨᠢ ᠲᠣᠬᠢᠷᠠᠭᠤᠯᠤᠨ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠲᠡᠶ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠎ᠨᠢ  ᠪᠣᠳᠠᠲᠤ ᠪᠣᠳᠠᠰ᠎ᠤᠨ  ᠨᠣᠷᠮ᠎ᠠ ᠪᠣᠯᠤᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠦᠨᠳᠦᠰᠦᠯᠡᠨ᠂ ᠬᠣᠯᠪᠣᠭᠳᠠᠯ ᠪᠦᠬᠦᠢ ᠪᠠᠷᠠᠭ᠎ᠠ ᠪᠣᠯᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠵᠤ᠂  ᠪᠠᠢ᠌ᠭᠣᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠲᠥᠰᠦᠪ᠎ᠤᠨ ᠵᠠᠷᠤᠯᠭ᠎ᠠ ᠵᠢᠨ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠪᠣᠯᠤᠨ ᠬᠣᠯᠪᠣᠭᠳᠠᠯ ᠪᠦᠬᠦᠢ ᠵᠠᠷᠤᠯᠭ᠎ᠠ ᠵᠢᠨ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠬᠡᠷᠡᠭᠲᠡᠶ᠃

     ᠬᠣᠷᠢᠨ ᠨᠢᠭᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ  ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠬᠠᠩᠭ᠋ᠠᠯᠭ᠎ᠠ ᠵᠢᠨ ᠨᠡᠶ᠋ᠢᠭᠡᠮᠴᠢᠯᠡᠯᠲᠡ ᠵᠢ ᠠᠬᠢᠭᠤᠯᠵᠤ᠂ ᠨᠡᠶ᠋ᠢᠭᠡᠮᠴᠢᠯᠡᠭᠰᠡᠨ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠤᠨ  ᠪᠦᠷᠢᠨᠰᠢᠭᠦᠯᠬᠦ  ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠵᠢᠯᠣᠭᠣᠳᠤᠯᠭ᠎ᠠ ᠵᠢᠨ ᠭᠠᠷᠴᠠᠭ᠎ᠢ ᠲᠣᠭᠲᠠᠭ᠋ᠠᠵᠤ᠂ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠲᠥᠷᠥᠯ ᠵᠤᠷᠪᠤᠰ  ᠪᠣᠯᠤᠨ ᠨᠣᠷᠮ᠎ᠠ ᠵᠢᠨ ᠪᠠᠷᠢᠮᠵᠢᠶ᠎ᠠ ᠵᠢ ᠵᠦᠢ ᠵᠣᠬᠢᠰᠲᠠᠶ ᠲᠣᠭᠲᠠᠭ᠋ᠠᠬᠤ ᠬᠡᠷᠡᠭᠲᠡᠶ᠃

     ᠵᠢᠯᠣᠭᠣᠳᠬᠤ ᠭᠠᠷᠴᠠᠭ᠎ᠲᠤ ᠵᠢᠭᠰᠠᠭ᠋ᠠᠨ ᠣᠷᠣᠭᠤᠯᠤᠭᠰᠠᠨ ᠦᠢ᠍ᠯᠡᠴᠢᠯᠡᠭᠡᠨ᠎ᠤ ᠲᠥᠷᠥᠯ ᠵᠤᠷᠪᠤᠰ᠎ᠳᠤ᠂  ᠡᠯ᠎ᠡ ᠱᠠᠲᠤᠨ᠎ᠤ ᠪᠠᠶ᠋ᠢᠭᠤᠯᠭ᠎ᠠ᠎ᠨᠢ ᠬᠢᠮᠳᠠ ᠪᠥᠭᠡᠳ ᠳᠣᠭᠢᠷᠬᠠᠰᠠᠨ ᠵᠠᠷᠴᠢᠮ ᠶᠣᠰᠣᠭ᠋ᠠᠷ᠂ ᠬᠠᠤᠯᠢ ᠶᠣᠰᠣᠭ᠋ᠠᠷ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ  ᠬᠠᠨᠳᠤᠨ  ᠢᠯᠡ᠎ᠪᠠᠷ ᠰᠢᠯᠢᠳᠡᠭ᠎ᠢ᠎ᠨᠢ ᠰᠣᠩᠭᠣᠵᠤ ᠬᠤᠳᠠᠯᠳᠤᠨ ᠠᠪᠴᠤ ᠪᠣᠯᠤᠨ᠎ᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶ᠎ᠡ ᠬᠡᠪᠴᠢᠶᠡᠨ᠎ᠳᠤ ᠬᠠᠷᠢᠶᠠᠯᠠᠭᠳᠠᠪᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃

     ᠬᠣᠷᠢᠨ ᠬᠣᠶᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠂ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠠᠴᠠ ᠲᠣᠭᠲᠠᠭ᠋ᠠᠭᠰᠠᠨ  ᠪᠠᠢ᠌ᠭᠣᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂  ᠪᠠᠢ᠌ᠭᠣᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠤᠨ ᠲᠣᠭ᠎ᠠ ᠪᠦᠷᠢᠳᠬᠡᠯ᠂ ᠵᠠᠳᠠᠯᠤᠯᠲᠠ᠂ ᠦᠨᠡᠯᠡᠯᠲᠡ ᠵᠡᠷᠭᠡ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠬᠦ ᠵᠢᠨ ᠬᠠᠮᠲᠤ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠬᠤ ᠬᠡᠷᠡᠭᠲᠡᠶ᠃

     ᠳᠥᠷᠪᠡᠳᠦᠭᠡᠷ ᠪᠦᠯᠦᠭ   ᠡᠬᠢ ᠪᠠᠶᠠᠯᠢᠭ᠎ᠢ ᠠᠷᠪᠢᠯᠠᠬᠤ

     ᠬᠤᠷᠢᠨ ᠭᠤᠷᠪᠠᠳᠤᠭ᠋ᠠᠷ ᠵᠤᠷᠪᠤᠰ   ᠡᠯ᠎ᠡ ᠱᠠᠲᠤᠨ᠎ᠤ ᠪᠠᠶ᠋ᠢᠭᠤᠯᠭ᠎ᠠ᠎ᠨᠢ ᠪᠣᠬᠢᠷᠲᠤᠯ ᠦᠭᠡᠢ ᠬᠥᠭᠵᠢᠯᠲᠡ ᠵᠢᠨ ᠣᠨᠣᠯᠵᠢᠬᠤᠨ᠎ᠢ ᠦᠢ᠍ᠯᠡᠳᠦᠯᠭᠡᠵᠢᠭᠦᠯᠵᠦ᠂ ᠲᠣᠪᠴᠢ ᠬᠣᠷᠢᠶᠠᠩᠭᠤᠢ  ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ ᠳᠣᠣᠷ᠎ᠠ ᠨᠡᠭᠦᠷᠡᠰᠦᠲᠦᠷᠦᠭᠴᠢᠲᠦ ᠵᠢᠨ  ᠠᠵᠢᠯ᠎ᠤᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠨ᠂ ᠪᠦᠷᠢᠯᠭᠡᠨ ᠰᠦᠢ᠍ᠳᠬᠡᠬᠦ ᠦᠢ᠍ᠯᠡ ᠠᠵᠢᠯᠯᠠᠭ᠎ᠠ ᠵᠢ ᠡᠰᠡᠷᠭᠦᠴᠡᠵᠦ᠂ ᠠᠷᠪᠢᠯᠠᠨ ᠭᠠᠮᠨᠠᠬᠤ ᠬᠡᠯᠪᠡᠷᠢ ᠵᠢᠨ ᠪᠠᠶ᠋ᠢᠭᠤᠯᠭ᠎ᠠ ᠵᠢᠨ  ᠪᠦᠲᠦᠭᠡᠨ  ᠪᠠᠶ᠋ᠢᠭᠤᠯᠤᠯᠲᠠ ᠵᠢ ᠴᠢᠩᠭ᠋ᠠᠳᠬᠠᠨ᠂ ᠪᠠᠶ᠋ᠢᠭᠤᠯᠭ᠎ᠠ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃

     ᠡᠯ᠎ᠡ ᠱᠠᠲᠤᠨ᠎ᠤ ᠪᠠᠶ᠋ᠢᠭᠤᠯᠭ᠎ᠠ ᠎ᠨᠢ  ᠡᠨᠧᠷᠭᠢ ᠵᠢᠨ  ᠭᠡᠷ᠎ᠡ ᠵᠢᠨ  ᠬᠠᠮᠢᠶᠠᠷᠤᠯᠲᠠ᠂ ᠤᠰᠤ ᠠᠷᠪᠢᠯᠠᠬᠤ ᠭᠡᠷ᠎ᠡ ᠵᠢᠨ ᠬᠠᠮᠢᠶᠠᠷᠤᠯᠲᠠ ᠵᠢ  ᠦᠷᠨᠢᠭᠦᠯᠬᠦ ᠵᠢ ᠵᠣᠷᠢᠬ᠍ᠵᠢᠭᠤᠯᠤᠨ᠎ᠠ᠃

     ᠬᠣᠷᠢᠨ ᠳᠥᠷᠪᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠠᠳᠠᠯᠢ ᠱᠠᠲᠤᠨ᠎ᠤ ᠡᠨᠧᠷᠭᠢ ᠠᠷᠪᠢᠯᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠳᠣᠤᠷ᠎ᠠ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨᠧᠷᠭᠢ ᠠᠷᠪᠢᠯᠠᠬᠤ ᠲᠥᠯᠥᠪᠵᠢᠭᠦᠯᠭᠡ᠂ ᠳᠦᠷᠢᠮ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠤᠰ ᠱᠠᠲᠤᠨ᠎ᠤ  ᠪᠠᠢ᠌ᠭᠣᠯᠭ᠎ᠠ ᠵᠢᠨ ᠡᠨᠧᠷᠭᠢ ᠠᠷᠪᠢᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠂ ᠳᠣᠤᠷᠠᠳᠤ ᠱᠠᠲᠤᠨ᠎ᠤ  ᠪᠠᠢ᠌ᠭᠣᠯᠭ᠎ᠠ ᠵᠢᠨ ᠡᠨᠧᠷᠭᠢ ᠠᠷᠪᠢᠯᠠᠬᠤ ᠠᠵᠢᠯ᠎ᠢ ᠠᠬᠢᠭᠤᠯᠵᠤ᠂ ᠵᠢᠯᠣᠭᠣᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃

     ᠬᠣᠷᠢᠨ ᠲᠠᠪᠤᠳᠤᠭ᠋ᠠᠷ ᠵᠤᠷᠪᠤᠰ   ᠡᠯ᠎ᠡ ᠱᠠᠲᠤᠨ᠎ᠤ  ᠪᠠᠢ᠌ᠭᠣᠯᠭ᠎ᠠ᠎ᠨᠢ  ᠡᠨᠧᠷᠭᠢ ᠠᠷᠪᠢᠯᠠᠬᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠮᠡᠷᠭᠡᠵᠢᠯ᠎ᠤᠨ ᠲᠠᠯ᠎ᠠ᠎ᠪᠠᠷ ᠶᠠᠪᠤᠭᠳᠠᠭᠤᠰᠢᠲᠠᠶ᠂ ᠠᠵᠤ ᠠᠬᠤᠶ ᠵᠢᠨ ᠲᠠᠯ᠎ᠠ᠎ᠪᠠᠷ ᠵᠦᠢ ᠵᠣᠬᠢᠰᠲᠠᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠡᠨᠧᠷᠭᠢ ᠵᠢᠨ  ᠬᠣᠷᠣᠭᠳᠠᠯ᠎ᠢ  ᠪᠠᠭᠤᠷᠠᠭᠤᠯᠵᠤ᠂ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠠᠰᠢᠭᠲᠠᠶ ᠡᠨᠧᠷᠭᠢ ᠠᠷᠪᠢᠯᠠᠬᠤ᠂ ᠤᠰᠤ ᠠᠷᠪᠢᠯᠠᠬᠤ᠂ ᠬᠣᠷᠣᠭᠳᠠᠯ ᠮᠠᠲ᠋ᠧᠷᠢᠶᠠᠯ᠎ᠤᠨ ᠦᠢ᠍ᠯᠡᠳᠬᠦᠨ ᠵᠢᠴᠢ ᠳᠠᠬᠢᠯᠲᠠ ᠦᠢ᠍ᠯᠡᠳᠬᠦᠨ᠎ᠢ ᠡᠩ ᠲᠡᠷᠢᠭᠦᠨ᠎ᠳᠤ ᠬᠤᠳᠠᠯᠳᠤᠨ ᠠᠪᠬᠤ ᠪᠠ ᠬᠡᠷᠡᠭᠯᠡᠵᠦ᠂ ᠰᠢᠨ᠎ᠡ ᠡᠨᠧᠷᠭᠢ ᠪᠣᠯᠤᠨ  ᠲᠠᠬᠢᠯᠲᠠ  ᠡᠨᠧᠷᠭᠢ ᠵᠢ ᠲᠦᠷᠦᠭᠦᠯᠡᠨ ᠠᠰᠢᠭᠯᠠᠵᠤ᠂ ᠨᠢᠭᠡᠨᠲᠡ ᠪᠠᠶ᠋ᠢᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠴᠢᠩᠭ᠋ᠠᠳᠬᠠᠨ᠂ ᠠᠵᠢᠯᠯᠠᠬᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠠᠵᠢᠯᠯᠠᠭ᠋ᠠᠨ᠎ᠤ ᠪᠣᠬᠢᠷᠲᠤᠯ ᠦᠭᠡᠶ ᠪᠠᠶ᠋ᠢᠬᠤ ᠵᠢ ᠪᠡᠶᠡᠯᠡᠭᠦᠯᠬᠦ ᠬᠡᠷᠡᠭᠲᠡᠶ᠃

     ᠬᠣᠷᠢᠨ ᠵᠢᠷᠭᠤᠳᠤᠭ᠋ᠠᠷ ᠵᠤᠷᠪᠤᠰ   ᠡᠯ᠎ᠡ ᠱᠠᠲᠤᠨ᠎ᠤ   ᠪᠠᠢ᠌ᠭᠣᠯᠭ᠎ᠠ᠎ᠨᠢ  ᠤᠰᠤ ᠵᠢ ᠠᠷᠪᠢᠯᠠᠵᠤ ᠬᠡᠷᠡᠭᠯᠡᠬᠦ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠤᠰᠤ ᠬᠡᠷᠡᠭᠯᠡᠬᠦ ᠲᠥᠬᠥᠭᠡᠷᠦᠮᠵᠢ ᠵᠢᠨ ᠡᠳᠦᠷ ᠲᠤᠲᠤᠮ᠎ᠤᠨ ᠬᠠᠮᠠᠭ᠋ᠠᠯᠠᠯᠲᠠ ᠪᠠ ᠲᠣᠭᠣᠷᠢᠨ ᠪᠠᠶ᠋ᠢᠴᠠᠭ᠋ᠠᠯᠲᠠ ᠵᠢ ᠥᠷᠨᠢᠭᠦᠯᠵᠦ᠂ ᠤᠰᠤ ᠠᠷᠪᠢᠯᠠᠬᠤ ᠰᠢᠨ᠎ᠡ ᠮᠡᠷᠭᠡᠵᠢᠯ᠂ ᠰᠢᠨ᠎ᠡ  ᠣᠷᠠᠯᠠᠯ  ᠪᠠ ᠰᠢᠨ᠎ᠡ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠬᠡᠯᠪᠡᠷᠢ ᠵᠢᠨ  ᠨᠢᠭᠡᠴᠢ ᠵᠢ ᠪᠠᠶ᠋ᠢᠭᠤᠯᠬᠤ ᠬᠡᠷᠡᠭᠲᠡᠶ᠃

     ᠨᠥᠬᠥᠴᠡᠯ  ᠪᠦᠷᠢᠯᠳᠦᠭᠰᠡᠨ ᠨᠢᠭᠡᠴᠢ᠎ᠨᠦᠭᠦᠳ᠎ᠤᠨ ᠪᠣᠷᠣᠭ᠋ᠠᠨ᠎ᠤ ᠤᠰᠤ᠂ ᠳᠠᠬᠢᠯᠲᠠ ᠤᠰᠤᠨ᠎ᠤ ᠠᠰᠢᠭᠯᠠᠯᠲᠠ ᠵᠢ ᠥᠷᠨᠢᠭᠦᠯᠬᠦ ᠵᠢ ᠵᠣᠷᠢᠭᠵᠢᠭᠤᠯᠤᠨ᠎ᠠ᠃

     ᠬᠣᠷᠢᠨ ᠳᠣᠯᠣᠳᠤᠭ᠋ᠠᠷ ᠵᠤᠷᠪᠤᠰ   ᠡᠯ᠎ᠡ ᠱᠠᠲᠤᠨ᠎ᠤ ᠪᠠᠶ᠋ᠢᠭᠤᠯᠭ᠎ᠠ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠵᠢᠯᠯᠠᠬᠤ ᠣᠷᠣᠨ ᠪᠦᠰᠡ ᠵᠢᠨ ᠵᠦᠯᠭᠡ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠵᠢᠷᠤᠮᠵᠢᠭᠤᠯᠵᠤ᠂ ᠤᠰᠤ ᠠᠷᠪᠢᠯᠠᠬᠤ᠂ ᠭᠠᠵᠠᠷ ᠠᠷᠪᠢᠯᠠᠬᠤ᠂ ᠡᠨᠧᠷᠭᠢ ᠠᠷᠪᠢᠯᠠᠬᠤ᠂ ᠮᠠᠲ᠋ᠧᠷᠢᠶᠠᠯ ᠠᠷᠪᠢᠯᠠᠬᠤ᠂  ᠬᠦᠴᠤ ᠠᠷᠪᠢᠯᠠᠬᠤ ᠵᠢ ᠪᠠᠷᠢᠮᠲᠠᠯᠠᠵᠤ ᠂ ᠵᠦᠯᠭᠡ ᠭᠠᠵᠠᠷ᠎ᠤᠨ ᠲᠠᠯᠠᠪᠠᠶ ᠵᠢ ᠵᠦᠢ ᠵᠣᠬᠢᠰᠲᠠᠶ ᠲᠣᠬᠢᠷᠠᠭᠤᠯᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ  ᠲᠣᠬᠢᠷᠠᠭᠤᠯᠤᠨ ᠤᠷᠭᠤᠮᠠᠯ᠎ᠤᠨ ᠲᠥᠷᠥᠯ ᠵᠤᠷᠪᠤᠰ᠎ᠢ ᠰᠣᠩᠭᠣᠵᠤ᠂ ᠲᠣᠬᠢᠷᠠᠮᠵᠢᠲᠠᠶ ᠴᠠᠭ᠎ᠲᠤ ᠵᠣᠬᠢᠬᠤ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨᠴᠢ᠎ᠪᠠᠷ ᠠᠷᠠᠴᠢᠯᠠᠨ ᠬᠠᠮᠠᠭ᠋ᠠᠯᠠᠬᠤ ᠬᠡᠷᠡᠭᠲᠡᠶ᠃  ᠵᠦᠯᠭᠡ ᠭᠠᠵᠠᠷ᠎ᠤᠨ ᠲᠠᠯᠠᠪᠠᠶ ᠵᠢ ᠳᠤᠷ᠎ᠠ᠎ᠪᠠᠷ ᠵᠶ᠋ᠠᠨ ᠥᠷᠭᠡᠳᠬᠡᠬᠦ ᠪᠤᠶᠤ ᠪᠠᠭ᠋ᠠᠰᠬᠠᠵᠤ ᠪᠣᠯᠬᠤ ᠦᠭᠡᠶ᠂ ᠪᠣᠳᠠᠲᠠᠶ᠎ᠠᠴᠠ ᠰᠠᠯᠵᠤ ᠨᠡᠷᠡᠲᠦ  ᠦᠨᠡᠲᠦ  ᠮᠣᠳᠣ ᠡᠪᠡᠰᠦ ᠴᠡᠴᠡᠭ ᠲᠠᠷᠢᠵᠤ ᠪᠣᠯᠬᠤ ᠦᠭᠡᠶ᠂ ᠠᠷᠠᠴᠢᠯᠠᠵᠤ ᠬᠠᠮᠠᠭ᠋ᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ  ᠪᠦᠷᠢᠯᠭᠡᠨ ᠰᠦᠢ᠍ᠳᠬᠡᠵᠦ  ᠪᠣᠯᠬᠤ ᠦᠭᠡᠶ᠃

     ᠬᠣᠷᠢᠨ  ᠨᠠᠢ᠍ᠮᠠᠳᠤᠭ᠋ᠠᠷ  ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ  ᠪᠠᠢ᠌ᠭᠣᠯᠭ᠎ᠠ ᠵᠢᠨ  ᠢᠳᠡᠭᠡᠨ  ᠤᠮᠳᠠᠭ᠋ᠠᠨ᠎ᠢ ᠠᠷᠪᠢᠯᠠᠬᠤ ᠬᠠᠮᠢᠶᠠᠷᠤᠯᠲᠠ ᠵᠢ ᠴᠢᠩᠭ᠋ᠠᠳᠬᠠᠨ᠂  ᠪᠠᠢ᠌ᠭᠣᠯᠭ᠎ᠠ ᠵᠢᠨ ᠬᠣᠭᠣᠯᠠᠨ ᠭᠡᠷ᠎ᠤᠨ ᠢᠳᠡᠭᠡᠨ᠎ᠢ  ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠠᠵᠢᠯ᠎ᠤᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠪᠠ  ᠵᠠᠷᠯᠠᠬᠣ  ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠢᠳᠡᠭᠡᠨ᠎ᠤ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠶᠠᠪᠤᠳᠠᠯ᠎ᠢ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨᠧᠷᠭᠢ ᠡᠬᠢ ᠪᠠᠶᠠᠯᠢᠭ᠎ᠢ ᠬᠢᠨᠠᠨ ᠰᠢᠯᠭ᠋ᠠᠬᠤ ᠪᠠ ᠠᠷᠪᠢᠯᠠᠬᠤ ᠬᠡᠯᠪᠡᠷᠢ ᠵᠢᠨ  ᠪᠠᠢ᠌ᠭᠣᠯᠭ᠎ᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠠᠭᠤᠯᠭ᠎ᠠ᠎ᠳᠤ ᠣᠷᠣᠭᠤᠯᠬᠤ ᠬᠡᠷᠡᠭᠲᠡᠶ᠃

     ᠬᠤᠷᠢ ᠶᠢᠰᠦᠳᠦᠭᠡᠷ ᠵᠤᠷᠪᠤᠰ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠶ᠋ᠢᠭᠤᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠬᠠᠶᠠᠭᠳᠠᠮᠠᠯ  ᠬᠠᠭᠣᠴᠢᠷᠠᠭᠰᠠᠨ  ᠪᠣᠳᠠᠰ᠎ᠢ ᠰᠢᠢ᠍ᠳᠪᠦᠷᠢᠯᠡᠬᠦ ᠳᠦᠷᠢᠮ᠎ᠢ ᠪᠠᠶ᠋ᠢᠭᠤᠯᠵᠤ᠂ ᠪᠠᠶ᠋ᠢᠭᠤᠯᠭ᠎ᠠ ᠵᠢᠨ ᠠᠯᠪᠠᠯᠠᠬᠤ ᠲᠣᠭᠤᠷᠢᠭ᠎ᠤᠨ ᠠᠮᠢᠳᠤᠷᠠᠯ᠎ᠤᠨ ᠬᠤᠭ ᠨᠣᠪᠰᠢ ᠵᠢ ᠲᠥᠷᠥᠯ ᠬᠤᠪᠢᠶᠠᠬᠤ ᠠᠵᠢᠯ᠎ᠤᠨ ᠵᠢᠷᠤᠮᠵᠢᠯ᠎ᠢ ᠲᠣᠭᠲᠠᠭ᠋ᠠᠨ᠂ ᠲᠣᠰ ᠱᠠᠲᠤᠨ᠎ᠤ ᠪᠠᠶ᠋ᠢᠭᠤᠯᠭ᠎ᠠ ᠵᠢᠨ ᠨᠢᠭᠤᠴᠠ᠎ᠳᠤ ᠥᠯᠥ ᠬᠤᠯᠪᠣᠭᠳᠠᠬᠤ ᠬᠠᠶᠠᠭᠳᠠᠮᠠᠯ ᠴᠠᠭ᠋ᠠᠰᠤ᠂ ᠬᠠᠶᠠᠭᠳᠠᠮᠠᠯ ᠴᠠᠬᠢᠯᠭ᠋ᠠᠨ ᠬᠡᠷᠡᠭᠰᠡᠯ᠂  ᠡᠯᠸᠺᠲᠷᠣᠨ  ᠦᠢ᠍ᠯᠡᠳᠬᠦᠨ ᠵᠡᠷᠭᠡ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠬᠤᠷᠢᠶᠠᠨ ᠠᠪᠴᠤ ᠰᠢᠢ᠍ᠳᠪᠦᠷᠢᠯᠡᠬᠦ ᠵᠢ ᠵᠢᠯᠣᠭᠤᠳᠤᠨ ᠵᠣᠬᠢᠴᠠᠭᠤᠯᠵᠤ᠂ ᠠᠮᠢᠳᠤᠷᠠᠯ᠎ᠤᠨ ᠬᠤᠭ ᠨᠣᠪᠰᠢ ᠵᠢ ᠲᠥᠷᠥᠯ ᠬᠤᠪᠢᠶᠠᠬᠤ ᠠᠵᠢᠯ᠎ᠢ ᠨᠠᠶ᠋ᠢᠳᠠᠪᠤᠷᠢᠵᠢᠭᠤᠯᠤᠨ᠂ ᠡᠬᠢ ᠪᠠᠶᠠᠯᠢᠭ᠎ᠤᠨ ᠡᠷᠭᠢᠯᠳᠦᠭᠦᠯᠦᠨ ᠠᠰᠢᠭᠯᠠᠬᠤ ᠵᠢ ᠠᠬᠢᠭᠤᠯᠤᠨ᠎ᠠ᠃

     ᠲᠠᠪᠤᠳᠤᠭ᠋ᠠᠷ ᠪᠦᠯᠦᠭ   ᠦᠢ᠍ᠯᠡᠴᠢᠯᠡᠭᠡᠨ᠎ᠤ ᠬᠠᠮᠢᠶᠠᠷᠤᠯᠲᠠ

     ᠭᠤᠴᠢᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠠᠷᠤ ᠲᠠᠯ᠎ᠠ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠪᠠ  ᠡᠷᠴᠢᠮᠵᠢᠭᠦᠯᠣᠨ  ᠬᠡᠷᠡᠭᠯᠡᠵᠦ᠂ ᠪᠠᠢ᠌ᠭᠣᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠨᠢᠭᠡᠳᠦᠯᠲᠡᠶ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠨ᠂ ᠨᠣᠭᠣᠭ᠋ᠠᠷᠠᠭᠤᠯᠬᠤ᠂ ᠠᠮᠤᠷ᠎ᠢ ᠬᠠᠮᠠᠭ᠋ᠠᠯᠠᠬᠤ᠂ ᠠᠷᠢᠭᠤᠨ ᠴᠡᠪᠡᠷ᠎ᠢ ᠬᠠᠮᠠᠭ᠋ᠠᠯᠠᠬᠤ᠂ ᠡᠳᠦᠷ ᠲᠤᠲᠤᠮ᠎ᠤᠨ ᠬᠠᠮᠠᠭ᠋ᠠᠯᠠᠯᠲᠠ ᠵᠡᠷᠭᠡ  ᠪᠠᠢ᠌ᠭᠣᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠲᠥᠷᠥᠯ ᠵᠤᠷᠪᠤᠰ  ᠪᠣᠯᠤᠨ ᠡᠳ᠋ ᠪᠠᠷᠠᠭ᠎ᠠ ᠵᠢᠨ ᠬᠣᠷᠣᠭᠳᠠᠯ᠂ ᠠᠵᠢᠯᠲᠠᠨ ᠲᠣᠬᠢᠷᠠᠭᠤᠯᠬᠤ ᠬᠠᠷᠢᠴᠠᠯ ᠵᠡᠷᠭᠡ ᠪᠠᠷᠢᠮᠵᠢᠶ᠎ᠠ ᠵᠢ ᠲᠣᠭᠲᠠᠭ᠋ᠠᠵᠤ᠂ ᠲᠥᠪᠯᠡᠷᠡᠭᠦᠯᠦᠨ ᠠᠵᠢᠯᠯᠠᠬᠤ ᠣᠷᠣᠨ ᠪᠦᠰᠡ ᠵᠢᠨ  ᠪᠠᠢ᠌ᠭᠣᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠢ ᠨᠢᠭᠡᠳᠦᠯᠲᠡᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠤᠰ ᠱᠠᠲᠤᠨ᠎ᠤ  ᠪᠠᠢ᠌ᠭᠣᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠠᠵᠢᠯ᠎ᠳᠠᠬᠢ ᠵᠢᠯᠣᠭᠣᠳᠣᠯᠭ᠎ᠠ ᠪᠠ ᠬᠢᠨᠠᠯᠲᠠ ᠲᠠᠯᠪᠢᠯᠲᠠ᠎ᠪᠠᠨ ᠴᠢᠩᠭ᠋ᠠᠳᠬᠠᠬᠤ ᠬᠡᠷᠡᠭᠲᠡᠶ᠃

     ᠭᠤᠴᠢᠨ ᠨᠢᠭᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ ᠶᠠᠪᠣᠳᠠᠯ᠎ᠤᠨ ᠬᠠᠮᠢᠶᠠᠷᠣᠯᠲᠠ ᠵᠢ ᠬᠠᠷᠢᠭᠣᠴᠠᠵᠦ ᠪᠠᠢ᠌ᠭ᠎ᠠ ᠪᠠᠢ᠌ᠭᠣᠯᠣᠮᠵᠢ᠎ᠨᠢ ᠪᠠᠢ᠌ᠭᠣᠯᠭ᠎ᠠ ᠵᠢᠨ  ᠠᠷᠤ ᠲᠠᠯ᠎ᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠰᠢᠯᠭ᠋ᠠᠨ ᠬᠢᠨᠠᠵᠤ ᠦᠨᠡᠯᠡᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠲᠤᠰ ᠱᠠᠲᠤᠨ᠎ᠤ  ᠪᠠᠢ᠌ᠭᠣᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ  ᠨᠢᠭᠡᠴᠢ᠎ᠳᠤ᠎ᠬᠢ ᠭᠡᠷ᠎ᠡ᠎ᠪᠠᠨ ᠭᠦᠢ᠍ᠴᠡᠳᠬᠡᠭᠰᠡᠨ ᠪᠠᠶ᠋ᠢᠳᠠᠯ᠂ ᠦᠢ᠍ᠯᠡᠴᠢᠯᠡᠭᠡᠨ᠎ᠤ ᠶᠠᠰᠤ ᠴᠢᠨᠠᠷ᠎ᠲᠤ ᠪᠦᠬᠦ ᠲᠠᠯ᠎ᠠ ᠵᠢᠨ ᠰᠢᠯᠭ᠋ᠠᠨ ᠬᠢᠨᠠᠯᠲᠠ᠂ ᠶᠡᠷᠦᠩᠬᠡᠶ᠋ᠢᠯᠡᠭᠰᠡᠨ ᠦᠨᠡᠯᠡᠯᠲᠡ ᠬᠢᠬᠦ ᠵᠢ ᠵᠢᠯᠣᠭᠣᠳᠬᠤ ᠵᠢᠨ ᠬᠠᠮᠲᠤ᠂ ᠰᠢᠯᠭ᠋ᠠᠨ ᠲᠣᠭᠲᠠᠭ᠋ᠠᠭᠰᠠᠨ ᠦᠷ᠎ᠡ ᠳ᠋ᠦᠩ᠎ᠢ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠦᠢ᠍ᠯᠡᠴᠢᠯᠡᠭᠡᠨ᠎ᠤ ᠭᠡᠷ᠎ᠡ᠎ᠪᠠᠨ ᠦᠷᠭᠦᠯᠵᠢᠯᠡᠨ ᠲᠣᠭᠲᠠᠬᠤ ᠵᠡᠷᠭᠡ ᠠᠵᠢᠯ᠎ᠤᠨ ᠦᠨᠳᠦᠰᠦᠯᠡᠯ ᠪᠣᠯᠭ᠋ᠠᠵᠤ᠂ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠰᠢᠯᠢᠳᠡᠭᠵᠢᠭᠦᠯᠬᠦ ᠵᠢ ᠠᠬᠢᠭᠤᠯᠤᠨ᠂ ᠦᠢ᠍ᠯᠡᠴᠢᠯᠡᠭᠡᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃

     ᠭᠤᠴᠢᠨ ᠬᠣᠶᠠᠳᠤᠭ᠋ᠠᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠱᠠᠲᠤᠨ᠎ᠤ  ᠪᠠᠢ᠌ᠭᠣᠯᠭ᠎ᠠ ᠵᠢᠨ ᠠᠯᠪᠠᠨ ᠶᠠᠪᠤᠳᠠᠯ᠎ᠤᠨ ᠬᠦᠯᠢᠶᠡᠨ ᠵᠣᠴᠢᠯᠠᠬᠤ ᠠᠵᠢᠯ᠎ᠢ ᠥᠷᠨᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠣᠷᠠᠬᠣ ᠪᠣᠶᠣ ᠬᠠᠮᠵᠢᠯᠴᠠᠨ  ᠲᠤᠰ ᠱᠠᠲᠤᠨ᠎ᠤ ᠴᠢᠬᠤᠯᠠ ᠬᠤᠷᠠᠯ᠂ ᠴᠢᠬᠤᠯᠠ ᠶᠡᠬᠡ ᠠᠵᠢᠯᠯᠠᠭ᠎ᠠ ᠵᠢᠨ  ᠦᠢ᠍ᠯᠡᠴᠢᠯᠡᠭᠡᠨ᠎ᠤ  ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ᠃

     ᠭᠤᠴᠢᠨ ᠭᠤᠷᠪᠠᠳᠤᠭ᠋ᠠᠷ ᠵᠤᠷᠪᠤᠰ   ᠡᠯ᠎ᠡ ᠱᠠᠲᠤᠨ᠎ᠤ  ᠪᠠᠢ᠌ᠭᠣᠯᠭ᠎ᠠ᠎ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠤᠷᠠᠯ ᠵᠡᠷᠭᠡ ᠠᠵᠢᠯᠯᠠᠭ᠎ᠠ ᠵᠢᠨ ᠬᠠᠮᠢᠶᠠᠷᠤᠯᠲᠠ᠎ᠪᠠᠨ ᠴᠢᠩᠭ᠋ᠠᠳᠭ᠋ᠠᠵᠤ᠂ ᠬᠤᠷᠠᠯ᠂  ᠪᠣᠯᠪᠠᠰᠣᠷᠠᠯ  ᠪᠣᠯᠤᠨ ᠪᠠᠶᠠᠷ᠎ᠤᠨ  ᠡᠳᠦᠷ᠎ᠤᠨ ᠬᠤᠷᠠᠯ ᠂ ᠪᠠᠶᠠᠷ᠎ᠤᠨ ᠶᠣᠰᠣᠯᠠᠯ ᠵᠡᠷᠭᠡ ᠠᠵᠢᠯᠯᠠᠭ᠎ᠠ ᠵᠢᠨ ᠲᠣᠭ᠎ᠠ ᠬᠡᠮᠵᠢᠶ᠎ᠡ᠂ ᠬᠡᠪᠴᠢᠶ᠎ᠡ ᠪᠣᠯᠤᠨ ᠴᠠᠭ ᠬᠤᠭᠤᠴᠠᠭ᠎ᠠ ᠵᠢ ᠴᠢᠩᠭ᠎ᠠ ᠬᠢᠵᠠᠭ᠋ᠠᠷᠯᠠᠵᠤ᠂  ᠦᠢ᠍ᠯᠡᠴᠢᠯᠡᠭᠡᠨ᠎ᠤ  ᠪᠠᠲᠤᠯᠠᠭ᠎ᠠ ᠵᠢᠨ ᠠᠭᠤᠯᠭ᠎ᠠ ᠪᠣᠯᠤᠨ ᠵᠠᠷᠤᠳᠠᠯ᠎ᠤᠨ ᠵᠠᠷᠤᠯᠭ᠎ᠠ ᠵᠢ ᠵᠢᠷᠤᠮᠵᠢᠭᠤᠯᠬᠤ ᠬᠡᠷᠡᠭᠲᠡᠶ᠃

     ᠭᠤᠴᠢᠨ ᠳᠥᠷᠪᠡᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠠᠳᠠᠯᠢ ᠱᠠᠲᠤᠨ᠎ᠤ  ᠪᠠᠢ᠌ᠭᠣᠯᠭ᠎ᠠ᠎ᠨᠢ ᠪᠠᠢ᠌ᠭᠣᠯᠭ᠎ᠠ ᠵᠢᠨ  ᠠᠶᠤᠯᠭᠦᠢ ᠵᠢᠨ ᠪᠠᠲᠤᠯᠠᠭ᠎ᠠ ᠵᠢᠨ ᠳᠦᠷᠢᠮ᠂ ᠪᠠᠴᠢᠮ ᠪᠠᠶ᠋ᠢᠳᠠᠯ᠎ᠢ  ᠠᠷᠭ᠋ᠠᠴᠠᠭ᠋ᠠᠬᠣ  ᠤᠷᠢᠳᠴᠢᠯᠠᠭᠰᠠᠨ ᠲᠥᠰᠦᠯ ᠲᠣᠭᠲᠠᠭ᠋ᠠᠬᠤ ᠵᠢ ᠵᠢᠯᠣᠭᠣᠳᠴᠤ᠂ ᠲᠥᠪᠯᠡᠷᠡᠭᠦᠯᠦᠨ ᠠᠵᠢᠯᠯᠠᠬᠤ ᠣᠷᠣᠨ᠎ᠤ ᠳᠣᠲᠣᠭ᠋ᠠᠳᠤ ᠵᠢᠨ  ᠠᠶᠤᠯᠭᠦᠢ ᠵᠢᠨ ᠬᠠᠮᠠᠭ᠋ᠠᠯᠠᠯᠲᠠ ᠪᠣᠯᠤᠨ ᠪᠠᠴᠢᠮ ᠪᠠᠶ᠋ᠢᠳᠠᠯ᠎ᠢ  ᠠᠷᠭ᠋ᠠᠴᠠᠭ᠋ᠠᠬᠣ  ᠪᠠᠲᠤᠯᠠᠭ᠎ᠠ ᠵᠢ ᠨᠢᠭᠡᠳᠦᠯᠲᠡᠶ ᠬᠠᠷᠢᠭᠤᠴᠠᠵᠤ᠂ ᠲᠤᠰ ᠱᠠᠲᠤᠨ᠎ᠤ  ᠪᠠᠢ᠌ᠭᠣᠯᠭ᠎ᠠ ᠵᠢᠨ ᠳᠣᠲᠣᠭ᠋ᠠᠳᠤ ᠵᠢᠨ  ᠠᠶᠤᠯᠭᠦᠢ ᠵᠢᠨ ᠪᠠᠲᠤᠯᠠᠭ᠎ᠠ ᠵᠢᠨ ᠠᠵᠢᠯ᠎ᠢ ᠵᠢᠯᠣᠭᠣᠳᠬᠤ ᠪᠠ ᠬᠢᠨᠠᠯᠲᠠ ᠲᠠᠯᠪᠢᠬᠤ ᠬᠡᠷᠡᠭᠲᠡᠶ᠃

     ᠡᠯ᠎ᠡ ᠱᠠᠲᠤᠨ᠎ᠤ  ᠪᠠᠢ᠌ᠭᠣᠯᠭ᠎ᠠ᠎ᠨᠢ  ᠠᠮᠤᠷ ᠲᠦᠪᠰᠢᠨ  ᠪᠠᠢ᠌ᠭᠣᠯᠭ᠎ᠠ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂  ᠪᠠᠢ᠌ᠭᠣᠯᠭ᠎ᠠ ᠵᠢᠨ ᠠᠮᠤᠷ ᠲᠦᠪᠰᠢᠨ᠎ᠤ ᠳᠦᠷᠢᠮ᠎ᠢ ᠨᠠᠶ᠋ᠢᠳᠠᠪᠤᠷᠢᠵᠢᠭᠤᠯᠤᠨ᠂  ᠪᠠᠢ᠌ᠭᠣᠯᠭ᠎ᠠ ᠵᠢᠨ ᠠᠮᠤᠷ ᠲᠦᠪᠰᠢᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠶ᠃

     ᠭᠤᠴᠢᠨ ᠲᠠᠪᠤᠳᠤᠭ᠋ᠠᠷ ᠵᠤᠷᠪᠤᠰ   ᠡᠯ᠎ᠡ ᠱᠠᠲᠤᠨ᠎ᠤ  ᠪᠠᠢ᠌ᠭᠤᠯᠭ᠎ᠠ᠎ᠨᠢ  ᠨᠡᠶ᠋ᠢᠭᠡᠮ᠎ᠤᠨ ᠬᠠᠷᠢᠭᠤᠴᠠᠯᠭ᠎ᠠ ᠵᠢ ᠡᠭᠦᠷᠭᠡᠯᠡᠵᠦ᠂ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠥᠷᠨᠢᠭᠦᠯᠦᠨ᠂  ᠨᠣᠭᠣᠭ᠋ᠠᠷᠠᠭᠣᠯᠣᠯᠲᠠ ᠭᠣᠸᠠᠵᠢᠭᠣᠯᠣᠯᠲᠠ ᠵᠢᠨ  ᠡᠷᠡᠭᠦᠯ ᠬᠠᠮᠠᠭ᠋ᠠᠯᠠᠯ᠎ᠤᠨ ᠪᠣᠯᠪᠠᠰᠤᠨ  ᠨᠢᠭᠡᠴᠢ ᠵᠢ ᠪᠦᠲᠦᠭᠡᠨ ᠪᠠᠶ᠋ᠢᠭᠤᠯᠬᠤ ᠬᠡᠷᠡᠭᠲᠡᠶ ᠂  ᠨᠡᠶ᠋ᠢᠭᠡᠮ᠎ᠤᠨ ᠪᠠᠴᠢᠮ ᠪᠠᠶ᠋ᠢᠳᠠᠯ᠎ᠢ  ᠠᠷᠭ᠋ᠠᠴᠠᠭ᠋ᠠᠬᠣ  ᠪᠠᠲᠤᠯᠠᠭ᠎ᠠ ᠵᠢᠨ ᠠᠵᠢᠯ᠎ᠳᠤ ᠣᠷᠣᠯᠴᠠᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠡᠳ᠋ ᠪᠠᠷᠠᠭ᠎ᠠ ᠵᠢᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠤ ᠲᠠᠯ᠎ᠠ ᠵᠢᠨ ᠦᠢ᠍ᠯᠡᠴᠢᠯᠡᠭᠡᠨ ᠵᠡᠷᠭᠡ ᠲᠠᠯ᠎ᠠ ᠵᠢᠨ ᠳᠡᠮᠵᠢᠯᠭᠡ ᠬᠠᠩᠭ᠋ᠠᠬᠤ ᠬᠡᠷᠡᠭᠲᠡᠶ ᠂  ᠬᠡᠪ᠎ᠤᠨ ᠠᠵᠢᠯ᠎ᠤᠨ ᠡᠮᠬᠢ ᠳᠢᠭᠯᠢᠮ ᠪᠣᠯᠤᠨ ᠠᠮᠤᠷ ᠲᠦᠪᠰᠢᠨ᠎ᠢ  ᠦᠨᠡᠨ ᠬᠦ᠌  ᠪᠠᠲᠤᠯᠠᠭᠰᠠᠨ ᠤᠷᠢᠲᠠᠯ ᠳᠣᠤᠷ᠎ᠠ᠂ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ  ᠪᠠᠢ᠌ᠭᠣᠯᠭ᠎ᠠ ᠵᠢᠨ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠠᠷᠠᠳ᠎ᠲᠤ ᠳᠥᠭᠥᠮ ᠦᠵᠡᠭᠦᠯᠬᠦ ᠠᠰᠢᠭᠯᠠᠯᠲᠠ ᠵᠢ ᠲᠦᠯᠬᠢᠨ  ᠠᠬᠢᠭᠣᠯᠬᠣ ᠬᠡᠷᠡᠭᠲᠡᠢ ᠃

     ᠵᠢᠷᠭᠤᠳᠤᠭ᠋ᠠᠷ ᠪᠦᠯᠦᠭ   ᠪᠠᠲᠤᠯᠠᠭ᠎ᠠ ᠵᠢᠨ ᠲᠣᠭᠲᠠᠴᠠ

     ᠭᠤᠴᠢᠨ ᠵᠢᠷᠭᠤᠳᠤᠭ᠋ᠠᠷ ᠵᠤᠷᠪᠤᠰ   ᠥᠪᠡᠷᠲᠡᠭᠡᠨ ᠵᠠᠰᠠᠬᠤ ᠣᠷᠣᠨ᠎ᠤ ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠪᠠᠷᠢᠮᠵᠢᠶᠠᠵᠢᠯ᠎ᠢ  ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠪᠠᠷᠢᠮᠵᠢᠶ᠎ᠠ ᠵᠢᠨ  ᠲᠣᠭᠲᠠᠯᠴᠠᠭ᠎ᠠ ᠵᠢ ᠪᠦᠷᠢᠨᠰᠢᠭᠦᠯᠦᠨ᠂ ᠪᠠᠷᠢᠮᠵᠢᠶ᠎ᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠃

     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠶ᠋ᠢᠭᠤᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠤᠨ   ᠪᠠᠷᠢᠮᠵᠢᠶᠠᠵᠢᠯ᠎ᠢ  ᠠᠬᠢᠭᠤᠯᠤᠨ᠂ ᠪᠠᠷᠢᠮᠵᠢᠶ᠎ᠠ ᠵᠢᠨ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠪᠠᠶ᠋ᠢᠭᠤᠯᠭ᠎ᠠ ᠵᠢᠨ ᠡᠳ᠋ ᠬᠥᠷᠥᠩᠭᠡ᠂  ᠠᠯᠪᠠᠨ᠎ᠤ ᠬᠡᠷᠡᠭᠯᠡᠭᠡᠨ᠎ᠤ ᠭᠡᠷ ᠪᠠᠢ᠌ᠰᠢᠩ᠂  ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨᠧᠷᠭᠢ ᠠᠷᠪᠢᠯᠠᠬᠤ᠂ ᠠᠷᠤ ᠲᠠᠯ᠎ᠠ ᠵᠢᠨ ᠦᠢ᠍ᠯᠡᠴᠢᠯᠡᠭᠡ ᠵᠡᠷᠭᠡ ᠬᠠᠮᠢᠶᠠᠷᠤᠯᠲᠠ ᠵᠢᠨ ᠴᠤᠪᠤᠷᠠᠯ᠎ᠤᠨ ᠵᠢᠷᠤᠮᠵᠢᠯ᠂ ᠵᠠᠭᠪᠤᠷ᠎ᠢ ᠰᠠᠶ᠋ᠢᠵᠢᠷᠠᠭᠤᠯᠬᠤ᠂ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃

     ᠭᠤᠴᠢᠨ ᠳᠣᠯᠣᠳᠤᠭ᠋ᠠᠷ ᠵᠤᠷᠪᠤᠰ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠶ᠋ᠢᠭᠤᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠡᠳ᠋᠎ᠤᠨ ᠵᠠᠰᠠᠭ᠂ ᠲᠤᠭ᠎ᠠ ᠪᠠᠷᠢᠮᠲᠠ ᠵᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠮᠡᠳᠡᠭᠡ ᠵᠠᠩᠭᠢᠵᠢᠯᠲᠠ ᠵᠢᠨ  ᠪᠦᠲᠦᠭᠡᠨ  ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠤᠭ᠎ᠠ ᠪᠠᠷᠢᠮᠲᠠ ᠵᠢ ᠠᠭᠤᠰᠤᠯᠴᠠᠭᠤᠯᠤᠨ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠤᠨ᠂ ᠰᠠᠯᠠᠭ᠎ᠠ ᠮᠥᠴᠢᠷ  ᠠᠯᠣᠰᠯᠠᠭᠰᠠᠨ ᠂ ᠣᠷᠣᠨ ᠪᠦᠰᠡ ᠠᠯᠤᠰᠯᠠᠭᠰᠠᠨ᠂ ᠰᠢᠰᠲ᠋ᠧᠮ᠎ᠤᠨ ᠲᠠᠪᠴᠠᠩ ᠠᠯᠤᠰᠯᠠᠭᠰᠠᠨ ᠪᠠᠲᠤᠯᠠᠭ᠎ᠠ ᠵᠢ ᠴᠢᠩᠭ᠋ᠠᠳᠬᠠᠵᠤ᠂ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠷᠭ᠎ᠠ ᠬᠡᠯᠪᠡᠷᠢ᠂ ᠲᠤᠬᠠᠶ᠋ᠢᠯᠠᠭᠰᠠᠨ ᠠᠵᠢᠯ᠎ᠤᠨ ᠴᠤᠪᠤᠷᠠᠯ ᠪᠠ ᠦᠢ᠍ᠯᠡᠴᠢᠯᠡᠭᠡᠨ᠎ᠤ ᠵᠠᠭᠪᠤᠷ᠎ᠤᠨ ᠲᠣᠭ᠋ᠠᠴᠢᠯᠠᠯᠲᠠ᠂ ᠤᠶᠤᠨᠴᠢᠯᠠᠯᠲᠠ ᠵᠢ ᠠᠬᠢᠭᠤᠯᠵᠤ᠂ ᠬᠡᠪᠴᠢᠶᠡᠵᠢᠭᠰᠡᠨ ᠡᠷᠴᠢᠮᠵᠢᠭᠰᠡᠨ ᠳᠠᠪᠠᠭᠤᠯᠢᠭ᠎ᠢ ᠪᠠᠳᠠᠷᠠᠭᠤᠯᠤᠨ᠂ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃

     ᠭᠤᠴᠢᠨ  ᠨᠠᠢ᠍ᠮᠠᠳᠤᠭ᠋ᠠᠷ  ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠬᠢᠨᠠᠨ ᠰᠢᠯᠭ᠋ᠠᠯᠲᠠ᠂  ᠠᠯᠪᠠᠨ᠎ᠤ ᠬᠡᠷᠡᠭᠯᠡᠭᠡᠨ᠎ᠤ ᠭᠡᠷ ᠪᠠᠢ᠌ᠰᠢᠩ᠎ᠢ ᠲᠣᠭᠣᠷᠢᠨ ᠪᠠᠢ᠌ᠴᠠᠭ᠋ᠠᠬᠣ ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠰᠢᠮᠳᠠᠭᠤᠯᠤᠨ ᠪᠠᠶ᠋ᠢᠴᠠᠭ᠋ᠠᠯᠲᠠ᠂ ᠪᠣᠬᠢᠷᠲᠤᠯ ᠦᠭᠡᠶ ᠬᠥᠭᠵᠢᠯᠲᠡ ᠵᠢ ᠦᠨᠡᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢᠨ ᠬᠠᠮᠲᠤ᠂ ᠲᠣᠭᠲᠠᠭ᠋ᠠᠯ ᠶᠣᠰᠣᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ  ᠵᠠᠷᠯᠠᠬᠣ  ᠬᠡᠷᠡᠭᠲᠡᠶ᠃

     ᠭᠤᠴᠢ ᠶᠢᠰᠦᠳᠦᠭᠡᠷ ᠵᠤᠷᠪᠤᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ  ᠪᠠᠢ᠌ᠭᠣᠯᠭ᠎ᠠ ᠵᠢᠨ  ᠬᠡᠷᠡᠭ  ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ ᠎ᠨᠢ ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠬᠢᠨᠠᠨ ᠰᠢᠯᠭ᠋ᠠᠵᠤ ᠦᠨᠡᠯᠡᠬᠦ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠲᠡᠭᠡᠳ᠎ᠤᠨ  ᠪᠠᠢ᠌ᠭᠣᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠤᠨ ᠲᠤᠬᠠᠶ ᠰᠠᠨᠠᠯ ᠪᠠ ᠰᠠᠨᠠᠭᠤᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠢᠶᠠᠵᠤ᠂ ᠡᠩᠨᠡᠭᠡᠨ᠎ᠤ  ᠪᠦᠲᠦᠭᠡᠨ  ᠪᠠᠶ᠋ᠢᠭᠤᠯᠤᠯᠲᠠ᠎ᠪᠠᠨ ᠴᠢᠩᠭ᠋ᠠᠳᠬᠠᠨ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ ᠵᠶ᠋ᠠᠨ ᠰᠠᠶ᠋ᠢᠵᠢᠷᠠᠭᠤᠯᠬᠤ ᠬᠡᠷᠡᠭᠲᠡᠶ᠃

     ᠳᠥᠴᠢᠳᠦᠭᠡᠷ ᠵᠤᠷᠪᠤᠰ   ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠤᠨ ᠬᠤᠯᠪᠣᠭᠳᠠᠯ ᠪᠦᠬᠦᠢ ᠵᠦᠢ᠍ᠯᠡᠰ᠎ᠢ ᠬᠠᠤᠯᠢ ᠶᠣᠰᠣᠭ᠋ᠠᠷ ᠨᠡᠶ᠋ᠢᠭᠡᠮ᠎ᠳᠤ ᠢᠯᠡ ᠪᠣᠯᠭ᠋ᠠᠵᠤ᠂ ᠣᠯᠠᠨ ᠨᠡᠶ᠋ᠢᠲᠡ ᠵᠢᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃

     ᠳᠣᠯᠣᠳᠤᠭ᠋ᠠᠷ ᠪᠦᠯᠦᠭ   ᠬᠠᠤᠯᠢ ᠴᠠᠭ᠋ᠠᠵᠠ ᠵᠢᠨ ᠬᠠᠷᠢᠭᠤᠴᠠᠯᠭ᠎ᠠ

     ᠳᠥᠴᠢᠨ ᠨᠢᠭᠡᠳᠦᠭᠡᠷ ᠵᠤᠷᠪᠤᠰ   ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠪᠣᠳᠠᠲᠠᠶ  ᠰᠢᠢ᠍ᠳᠬᠡᠨ  ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠶ᠃

     ᠳᠥᠴᠢᠨ ᠬᠣᠶᠠᠳᠤᠭ᠋ᠠᠷ ᠵᠤᠷᠪᠤᠰ   ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂  ᠡᠷᠬᠡᠲᠤ  ᠪᠠᠢ᠌ᠭᠤᠯᠭ᠎ᠠ᠎ᠠᠴᠠ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ  ᠰᠢᠢ᠍ᠳᠬᠡᠯ  ᠣᠯᠭᠣᠨ᠎ᠠ᠄

    (ᠨᠢᠭᠡ) ᠲᠣᠭᠲᠠᠭ᠋ᠠᠯ᠎ᠠᠴᠠ ᠵᠥᠷᠢᠴᠡᠨ ᠠᠯᠪᠠᠨ᠎ᠤ ᠬᠡᠷᠡᠭᠯᠡᠭᠡᠨ᠎ᠤ  ᠭᠡᠷ  ᠪᠠᠢ᠌ᠰᠢᠩ᠎ᠢ ᠪᠠᠶ᠋ᠢᠭᠤᠯᠤᠭᠰᠠᠨ᠂ ᠬᠤᠳᠠᠯᠳᠤᠨ ᠠᠪᠤᠭᠰᠠᠨ᠂ ᠲᠦᠷᠢᠶᠡᠰᠦᠯᠡᠭᠰᠡᠨ᠂ ᠵᠢᠭᠡᠯᠡᠭᠦᠯᠣᠭ᠌ᠰᠡᠨ ᠂ ᠲᠣᠬᠢᠷᠠᠭᠤᠯᠤᠭᠰᠠᠨ᠂ ᠰᠡᠯᠪᠢᠨ ᠵᠠᠰᠠᠭᠰᠠᠨ᠂ ᠵᠠᠰᠠᠵᠤ ᠴᠢᠮᠡᠭᠯᠡᠭᠰᠡᠨ ᠪᠣᠶᠣ ᠠᠯᠪᠠᠨ᠎ᠤ  ᠬᠡᠷᠡᠭᠯᠡᠭᠡᠨ᠎ᠤ ᠭᠡᠷ ᠪᠠᠶ᠋ᠢᠰᠢᠩ᠎ᠢ ᠳᠤᠷ᠎ᠠ᠎ᠪᠠᠷ ᠵᠶ᠋ᠠᠨ  ᠳᠦᠷᠢᠶᠡᠰᠤᠯᠣᠭᠦᠯᠡᠭᠰᠡᠨ ᠂ ᠵᠢᠭᠡᠯᠡᠭᠦᠯᠦᠭᠰᠡᠨ ᠪᠠ ᠥᠭᠡᠷᠡᠴᠢᠯᠡᠭᠰᠡᠨ ᠪᠠᠶ᠋ᠢᠪᠠᠯ ᠂

    (ᠬᠤᠶᠠᠷ) ᠠᠯᠪᠠᠨ᠎ᠳᠤ ᠬᠡᠷᠡᠭᠯᠡᠬᠦ ᠲᠡᠷᠭᠡ ᠵᠢ ᠲᠣᠭᠲᠠᠭ᠋ᠠᠯ᠎ᠠᠴᠠ ᠵᠥᠷᠢᠴᠡᠨ ᠲᠣᠬᠢᠷᠠᠭᠤᠯᠤᠭᠰᠠᠨ᠂  ᠰᠢᠨᠡᠳᠬᠡᠭᠰᠡᠨ ᠂ ᠬᠡᠷᠡᠭᠯᠡᠭᠰᠡᠨ ᠪᠠ ᠰᠢᠢ᠍ᠳᠪᠦᠷᠢᠯᠡᠭᠰᠡᠨ ᠪᠠᠢ᠌ᠪᠠᠯ᠂

    (ᠭᠤᠷᠪᠠ) ᠲᠣᠭᠲᠠᠭ᠋ᠠᠯ᠎ᠢ ᠵᠥᠷᠢᠴᠡᠨ ᠵᠦᠯᠭᠡ ᠭᠠᠵᠠᠷ᠎ᠤᠨ ᠲᠠᠯᠠᠪᠠᠢ ᠵᠢ  ᠳᠤᠷ᠎ᠠ᠎ᠪᠠᠷ ᠵᠶ᠋ᠠᠨ ᠥᠷᠭᠡᠳᠬᠡᠬᠦ ᠪᠤᠶᠤ ᠪᠠᠭ᠋ᠠᠰᠬᠠᠵᠤ᠂ ᠪᠣᠳᠠᠲᠠᠶ᠎ᠠᠴᠠ  ᠰᠠᠯᠤᠩᠭᠢᠷᠠᠨ  ᠨᠡᠷᠡᠲᠣ  ᠴᠤᠬᠠᠭ  ᠮᠣᠳᠣ  ᠡᠪᠡᠰᠦ ᠴᠡᠴᠡᠭ ᠲᠠᠷᠢᠵᠤ᠂ ᠱᠠᠯᠢᠨ  ᠪᠦᠷᠢᠯᠭᠡᠵᠦ ᠠᠷᠠᠴᠢᠯᠠᠨ ᠬᠠᠮᠠᠭ᠋ᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ  ᠪᠠᠢ᠌ᠪᠠᠯ᠂

    (ᠲᠦᠷᠪᠡ) ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠠᠵᠢᠯᠯᠠᠭ᠎ᠠ᠃

     ᠳᠥᠴᠢᠨ ᠭᠤᠷᠪᠠᠳᠤᠭ᠋ᠠᠷ ᠵᠤᠷᠪᠤᠰ    ᠪᠠᠢ᠌ᠭᠣᠯᠭ᠎ᠠ ᠵᠢᠨ ᠠᠵᠢᠯᠯᠠᠭ᠋ᠠᠨ᠎ᠤ  ᠪᠠᠲᠤᠯᠠᠭ᠎ᠠ ᠵᠢᠨ ᠠᠵᠢᠯ᠎ᠤᠨ ᠳᠤᠮᠳᠠ ᠠᠯᠪᠠᠨ ᠲᠤᠰᠢᠶᠠᠯ᠎ᠳᠤ᠎ᠪᠠᠨ  ᠠᠯᠮᠠᠶ᠋ᠢᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ  ᠰᠢᠢ᠍ᠳᠬᠡᠯ  ᠣᠯᠭᠣᠨ᠎ᠠ ᠂  ᠶᠠᠯ᠎ᠠ᠎ᠳᠤ ᠬᠦᠷᠦᠭᠰᠡᠨ ᠪᠣᠯ ᠂  ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

     ᠨᠠᠢ᠍ᠮᠠᠳᠤᠭ᠋ᠠᠷ  ᠪᠦᠯᠦᠭ   ᠳᠠᠭ᠋ᠠᠯᠳᠤᠭᠤᠯᠤᠯ ᠳᠦᠷᠢᠮ

     ᠳᠥᠴᠢᠨ ᠳᠥᠷᠪᠡᠳᠦᠭᠡᠷ ᠵᠤᠷᠪᠤᠰ   ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ  ᠨᠢᠭᠡᠴᠢ ᠵᠢᠨ  ᠪᠠᠢ᠌ᠭᠣᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠢ ᠲᠤᠰ ᠳᠦᠷᠢᠮ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃

     ᠳᠥᠴᠢᠨ ᠲᠠᠪᠤᠳᠤᠭ᠋ᠠᠷ ᠵᠤᠷᠪᠤᠰ   ᠲᠤᠰ ᠳᠦᠷᠢᠮ᠎ᠢ 2025 ᠣᠨ᠎ᠤ 1  ᠳ᠋ᠦ᠍ᠭᠡᠷ  ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

     ᠵᠢᠷᠤᠭᠲᠤ ᠲᠠᠶ᠋ᠢᠯᠪᠤᠷᠢ᠄  ᠵᠢᠷᠣᠭ᠎ᠲᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠲᠦᠷᠢᠮ》᠎ᠢ ᠤᠩᠰᠢᠨ ᠣᠶ᠋ᠢᠯᠠᠭ᠋ᠠᠪᠠ

     ᠦᠰᠦᠭ ᠪᠢᠴᠢᠭ ᠵᠶ᠋ᠠᠷ ᠦᠭᠦᠯᠡᠬᠦᠢ ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠲᠦᠷᠢᠮ》᠎ᠤᠨ ᠲᠠᠶ᠋ᠢᠯᠤᠮᠵᠢ



 

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠪᠠᠶ᠋ᠢᠭᠤᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠳᠠ ᠵᠢᠨ ᠲᠤᠪᠴᠢᠶ᠎ᠠ