ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠠᠯᠪᠠᠨ ᠵᠠᠷᠯᠠᠯ
2025-06-06

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ  ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ  ᠬᠣᠷᠢᠶ᠎ᠠ ᠵᠢᠨ  ᠠᠯᠪᠠᠨ  ᠵᠠᠷᠯᠠᠯ

ᠲᠠᠪᠢᠨ ᠳᠥᠷᠪᠡᠳᠦᠭᠡᠷ  ᠲᠤᠭ᠋ᠠᠲᠣ

    2025 ᠣᠨ᠎ᠤ 5  ᠳ᠋ᠤᠭ᠋ᠠᠷ  ᠰᠠᠷ᠎ᠠ ᠵᠢᠨ 29᠎ᠤ ᠡᠳᠦᠷ᠂ ᠥᠪᠥᠷ ᠮᠣᠩᠭᠤᠯ᠎ᠤᠨ  ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ  ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ  ᠠᠷᠪᠠᠨ ᠳᠣᠯᠣᠳᠤᠭ᠋ᠠᠷ  ᠬᠤᠷᠠᠯᠳᠤᠭ᠋ᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ  ᠲᠠᠷᠢᠶᠠᠴᠢᠨ᠎ᠤ ᠴᠠᠯᠢᠩ᠎ᠢ  ᠥᠭᠬᠦ ᠵᠢ ᠪᠠᠲᠤᠯᠠᠬᠤ ᠲᠦᠷᠢᠮ》᠎ᠢ ᠪᠠᠲᠤᠯᠠᠵᠤ᠂ ᠡᠳᠦᠭᠡ  ᠨᠡᠶ᠋ᠢᠲᠡᠯᠡᠵᠦ᠂ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ  ᠬᠡᠷᠡᠭᠵᠢᠭᠦᠯᠦᠨ᠎ᠡ᠃

                                                  2025 ᠣᠨ᠎ᠤ 5  ᠳ᠋ᠤᠭ᠋ᠠᠷ  ᠰᠠᠷ᠎ᠠ ᠵᠢᠨ 29᠎ᠤ ᠡᠳᠦᠷ

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠬᠦᠯᠦᠰᠦᠨ  ᠲᠠᠷᠢᠶᠠᠴᠢᠨ᠎ᠤ  ᠴᠠᠯᠢᠩ᠎ᠢ  ᠥᠭᠬᠦ ᠵᠢ ᠪᠠᠲᠤᠯᠠᠬᠤ ᠳᠦᠷᠢᠮ

(2025 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠠᠷᠪᠠᠨ ᠳᠣᠯᠣᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ)

     ᠨᠢᠭᠡᠳᠦᠭᠡᠷ ᠪᠦᠯᠦᠭ   ᠶᠡᠷᠦᠩᠬᠡᠢ ᠳᠦᠷᠢᠮ

     ᠨᠢᠭᠡᠳᠦᠭᠡᠷ  ᠵᠤᠷᠪᠣᠰ   ᠬᠦᠯᠦᠰᠦᠨ ᠲᠠᠷᠢᠶᠠᠴᠢᠨ᠎ᠤ  ᠴᠠᠯᠢᠩ᠎ᠢ  ᠥᠭᠬᠦ  ᠠᠵᠢᠯᠯᠠᠭ᠎ᠠ ᠵᠢ ᠵᠢᠷᠤᠮᠵᠢᠭᠤᠯᠤᠨ᠂ ᠬᠦᠯᠦᠰᠦᠨ ᠲᠠᠷᠢᠶᠠᠴᠢᠨ᠎ᠤ  ᠴᠠᠭ  ᠲᠤᠬᠠᠢ᠎ᠳᠤ᠎ᠨᠢ ᠲᠣᠭ᠎ᠠ  ᠶᠣᠰᠣᠭ᠋ᠠᠷ  ᠴᠠᠯᠢᠩ  ᠣᠯᠬᠤ ᠵᠢ ᠪᠠᠲᠤᠯᠠᠬᠤ ᠵᠢᠨ  ᠲᠦᠯᠦᠭᠡ ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠬᠠᠤᠯᠢ》᠂ 《ᠬᠦᠯᠦᠰᠦᠨ ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃

     ᠬᠣᠶᠠᠳᠤᠭ᠋ᠠᠷ ᠵᠤᠷᠪᠣᠰ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠠᠷᠠᠭ᠋ᠠᠨ᠎ᠤ  ᠳᠣᠲᠣᠷ᠎ᠠ ᠬᠦᠯᠦᠰᠦᠨ ᠲᠠᠷᠢᠶᠠᠴᠢᠨ᠎ᠤ  ᠴᠠᠯᠢᠩ᠎ᠢ  ᠦᠭᠬᠦ ᠵᠢ ᠪᠠᠲᠤᠯᠠᠬᠤ᠎ᠳᠤ ᠲᠤᠰ ᠲᠦᠷᠢᠮ ᠲᠣᠬᠢᠷᠠᠨ᠎ᠠ᠃

     ᠲᠤᠰ ᠲᠦᠷᠢᠮ᠎ᠳᠤ ᠬᠡᠯᠡᠵᠦ ᠪᠠᠶ᠋ᠢᠭ᠎ᠠ  ᠬᠦᠯᠦᠰᠦᠨ ᠲᠠᠷᠢᠶᠠᠴᠢᠨ ᠭᠡᠳᠡᠭ᠎ᠨᠢ ᠬᠥᠮᠦᠨ ᠬᠡᠷᠡᠭᠯᠡᠬᠦ  ᠨᠢᠭᠡᠴᠢ᠎ᠳᠤ ᠬᠥᠳᠡᠯᠮᠦᠷᠢ ᠬᠠᠩᠭ᠋ᠠᠵᠤ ᠪᠠᠶ᠋ᠢᠭ᠎ᠠ  ᠬᠦᠳᠡᠭᠡ ᠲᠣᠰᠬᠤᠨ᠎ᠤ ᠰᠠᠭᠤᠭ᠋ᠠᠯᠢ ᠠᠷᠠᠳ᠎ᠢ ᠵᠢᠭ᠋ᠠᠵᠤ ᠪᠤᠶ᠃

     ᠲᠤᠰ ᠲᠦᠷᠢᠮ᠎ᠳᠤ ᠬᠡᠯᠡᠵᠦ ᠪᠠᠶ᠋ᠢᠭ᠎ᠠ ᠴᠠᠯᠢᠩ ᠭᠡᠳᠡᠭ᠎ᠨᠢ  ᠬᠦᠯᠦᠰᠦᠨ ᠲᠠᠷᠢᠶᠠᠴᠢᠨ᠎ᠠᠴᠠ  ᠬᠥᠮᠦᠨ ᠬᠡᠷᠡᠭᠯᠡᠬᠦ  ᠨᠢᠭᠡᠴᠢ᠎ᠳᠤ  ᠬᠦᠳᠡᠯᠮᠦᠷᠢ ᠬᠠᠩᠭ᠋ᠠᠭᠰᠠᠨ᠎ᠤ  ᠳᠠᠷᠠᠭ᠎ᠠ ᠣᠯᠪᠠᠰᠤ ᠵᠣᠬᠢᠬᠤ ᠬᠥᠳᠡᠯᠮᠦᠷᠢ ᠵᠢᠨ ᠬᠥᠯᠥᠰᠥ ᠣᠯᠭᠣᠮᠵᠢ ᠵᠢ ᠵᠢᠭ᠋ᠠᠵᠤ ᠪᠤᠶ᠃

     ᠭᠤᠷᠪᠠᠳᠤᠭ᠋ᠠᠷ ᠵᠤᠷᠪᠣᠰ   ᠬᠦᠯᠦᠰᠦᠨ ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ  ᠠᠵᠢᠯ᠎ᠳᠤ  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠵᠠᠬ᠎ᠠ ᠳᠡᠯᠭᠡᠭᠦᠷ᠎ᠤᠨ  ᠪᠡᠶᠡᠴᠢ  ᠴᠣᠭᠴᠠ ᠬᠠᠷᠢᠭᠤᠴᠠᠬᠤ᠂ ᠵᠠᠰᠠᠭ᠎ᠤᠨ ᠣᠷᠳᠣᠨ ᠬᠠᠤᠯᠢ ᠶᠣᠰᠣᠭ᠋ᠠᠷ ᠬᠢᠨᠠᠨ ᠬᠠᠮᠢᠶᠠᠷᠬᠤ᠂ ᠨᠡᠶ᠋ᠢᠭᠡᠮ ᠨᠡᠶ᠋ᠢᠲᠡ᠎ᠠᠴᠠ  ᠬᠠᠮᠵᠢᠯᠴᠠᠨ ᠬᠢᠨᠠᠯᠲᠠ ᠲᠠᠯᠪᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃

     ᠬᠦᠯᠦᠰᠦᠨ ᠲᠠᠷᠢᠶᠠᠴᠢᠨ᠎ᠤ  ᠴᠠᠯᠢᠩ᠎ᠢ ᠥᠭᠬᠦ ᠠᠵᠢᠯ᠎ᠢ ᠪᠠᠲᠤᠯᠠᠬᠤ᠎ᠳᠤ᠎ᠪᠠᠨ  ᠡᠬᠢ ᠡᠭᠦᠰᠦᠯ᠎ᠠᠴᠠ᠎ᠨᠢ ᠵᠠᠰᠠᠬᠤ᠂  ᠣᠷᠢᠳᠴᠢᠯᠠᠨ  ᠰᠡᠷᠭᠡᠶ᠋ᠢᠯᠡᠬᠦ᠎ᠪᠠᠷ ᠭᠣᠤᠯ ᠪᠣᠯᠭ᠋ᠠᠬᠤ᠂ ᠰᠡᠷᠭᠡᠶ᠋ᠢᠯᠡᠬᠦ ᠪᠠ ᠵᠠᠰᠠᠬᠤ ᠵᠢ ᠤᠶᠠᠯᠳᠤᠭᠤᠯᠬᠤ᠂ ᠥᠩᠭᠡᠨ ᠲᠠᠯ᠎ᠠ ᠪᠠ  ᠦᠨᠳᠦᠰᠦ ᠰᠣᠷᠪᠣᠯᠵᠢ ᠵᠢ᠎ᠨᠢ  ᠵᠡᠷᠭᠡ᠎ᠪᠠᠷ  ᠵᠠᠰᠠᠬᠤ ᠱᠠᠭ᠋ᠠᠷᠳᠠᠯᠭ᠎ᠠ ᠶᠣᠰᠣᠭ᠋ᠠᠷ᠂ ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠬᠤ᠂ ᠪᠡᠯᠡ ᠮᠥᠩᠭᠥ ᠵᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ ᠬᠠᠮᠢᠶᠠᠷᠬᠤ᠂ ᠲᠥᠷᠥᠯ ᠵᠦᠢ᠍ᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ ᠵᠢ  ᠬᠠᠮᠢᠶᠠᠷᠬᠤ ᠵᠢ ᠬᠡᠷᠡᠭᠵᠢᠭᠦᠯᠵᠦ ᠂ ᠬᠦᠯᠦᠰᠦᠨ ᠲᠠᠷᠢᠶᠠᠴᠢᠨ᠎ᠤ  ᠴᠠᠯᠢᠩ᠎ᠢ ᠥᠷᠢᠲᠦᠵᠦ ᠣᠳᠠᠭ᠋ᠠᠰᠢᠷᠠᠭᠤᠯᠬᠤ ᠠᠰᠠᠭᠣᠳᠠᠯ᠎ᠢ  ᠬᠠᠤᠯᠢ ᠶᠣᠰᠣᠭ᠋ᠠᠷ ᠦᠨᠳᠦᠰᠦᠨ᠎ᠠᠴᠠ᠎ᠨᠢ ᠵᠠᠰᠠᠬᠤ ᠬᠡᠷᠡᠭᠲᠡᠶ᠃

     ᠳᠥᠷᠪᠡᠳᠦᠭᠡᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠬᠦᠯᠦᠰᠦᠨ ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠬᠠᠷᠢᠭᠤᠴᠠᠵᠤ᠂ ᠬᠦᠯᠦᠰᠦᠨ ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠪᠠ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠬᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠬᠦᠯᠦᠰᠦᠨ ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠬᠦ ᠵᠢᠨ ᠬᠠᠮᠲᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠳᠣᠤᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠬᠢᠨᠠᠨ ᠰᠢᠯᠭ᠋ᠠᠬᠤ  ᠪᠠ ᠬᠢᠨᠠᠯᠲᠠ ᠲᠠᠯᠪᠢᠬᠤ ᠠᠭᠤᠯᠭ᠎ᠠ᠎ᠳᠤ ᠣᠷᠣᠭᠤᠯᠬᠤ ᠬᠡᠷᠡᠭᠲᠡᠶ᠃

     ᠰᠤᠮᠤ ᠰᠢᠶᠠᠩ ᠪᠠᠯᠭ᠋ᠠᠰᠤ ᠵᠢᠨ  ᠠᠷᠠᠳ᠎ᠤᠨ  ᠵᠠᠰᠠᠭ᠎ᠤᠨ ᠣᠷᠳᠣᠨ᠂ ᠵᠡᠭᠡᠯᠢ  ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ   ᠬᠦᠯᠦᠰᠦᠨ ᠲᠠᠷᠢᠶᠠᠴᠢᠨ᠎ᠤ  ᠴᠠᠯᠢᠩ᠎ᠢ ᠥᠷᠢᠲᠦᠵᠦ  ᠪᠠᠶ᠋ᠢᠭ᠎ᠠ ᠵᠥᠷᠢᠴᠡᠯ᠎ᠢ ᠵᠢᠭᠰᠠᠭ᠋ᠠᠨ ᠪᠠᠶ᠋ᠢᠴᠠᠭ᠋ᠠᠬᠤ ᠪᠠ ᠡᠶᠡᠳᠡᠭᠦᠯᠦᠨ  ᠰᠢᠢ᠍ᠳᠪᠦᠷᠢᠯᠡᠬᠦ  ᠠᠵᠢᠯ᠎ᠢ ᠴᠢᠩᠭ᠋ᠠᠳᠬᠠᠵᠤ ᠂ ᠵᠥᠷᠢᠴᠡᠯ᠎ᠢ ᠰᠡᠷᠭᠡᠶ᠋ᠢᠯᠡᠨ ᠠᠷᠢᠯᠭ᠋ᠠᠵᠤ᠂ ᠵᠢᠭᠤᠷᠠᠯᠳᠤᠭ᠋ᠠᠨ᠎ᠢ ᠴᠠᠭ ᠲᠤᠬᠠᠶ᠎ᠳᠤ᠎ᠨᠢ  ᠡᠶᠡᠳᠡᠭᠦᠯᠬᠦ ᠬᠡᠷᠡᠭᠲᠡᠶ᠃

     ᠲᠠᠪᠤᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ  ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ  ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠎ᠨᠢ ᠬᠦᠯᠦᠰᠦᠨ ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠣᠯᠠᠬᠤ  ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ᠂ ᠬᠠᠮᠢᠶᠠᠷᠤᠨ ᠵᠢᠯᠣᠭᠣᠳᠬᠤ ᠪᠠ  ᠬᠦᠯᠦᠰᠦᠨ ᠲᠠᠷᠢᠶᠠᠴᠢᠨ᠎ᠤ  ᠴᠠᠯᠢᠩ᠎ᠢ  ᠦᠭᠬᠦᠭᠰᠡᠨ  ᠪᠠᠶ᠋ᠢᠳᠠᠯ᠎ᠳᠤ ᠬᠢᠨᠠᠯᠲᠠ ᠲᠠᠯᠪᠢᠵᠤ  ᠪᠠᠶ᠋ᠢᠴᠠᠭ᠋ᠠᠬᠤ ᠵᠢ ᠬᠠᠷᠢᠭᠤᠴᠠᠵᠤ᠂ ᠬᠦᠯᠦᠰᠦᠨ ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ  ᠬᠣᠯᠪᠣᠭᠳᠠᠯ ᠪᠦᠬᠦᠢ ᠬᠡᠷᠡᠭ᠎ᠢ ᠪᠠᠶ᠋ᠢᠴᠠᠭ᠋ᠠᠨ  ᠰᠢᠢ᠍ᠳᠪᠦᠷᠢᠯᠡᠨ᠎ᠡ ᠃

ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ  ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠡᠨᠧᠷᠭᠢ᠂ ᠲᠠᠷᠢᠶᠠᠯᠠᠩ ᠮᠠᠯ  ᠠᠵᠤ ᠠᠬᠤᠶ᠂ ᠰᠣᠶᠣᠯ ᠪᠠ ᠵᠢᠭᠤᠯᠴᠢᠯᠠᠯ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ  ᠬᠠᠮᠢᠶ᠎ᠠ ᠪᠦᠬᠦᠢ ᠠᠵᠢᠯ ᠲᠥᠷᠥᠯ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ  ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠵᠶ᠋ᠠᠨ  ᠶᠣᠰᠣᠭ᠋ᠠᠷ  ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂  ᠬᠠᠤᠯᠢ᠎ᠠᠴᠠ ᠵᠥᠷᠢᠴᠡᠨ ᠳᠠᠭ᠋ᠠᠭ᠋ᠠᠴᠢᠯᠠᠭᠤᠯᠤᠭᠰᠠᠨ᠂ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ᠂  ᠬᠠᠤᠯᠢ᠎ᠠᠴᠠ  ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠤᠭᠰᠠᠨ᠂ ᠲᠦᠰᠢᠭᠦᠯᠦᠭᠰᠡᠨ᠂  ᠢᠨᠵᠸᠨ᠋ᠸᠷᠢᠩ᠎ᠤᠨ  ᠵᠣᠭᠣᠰ᠎ᠢ  ᠦᠷᠢᠲᠦᠵᠦ ᠣᠳᠠᠭ᠋ᠠᠰᠢᠷᠠᠭᠣᠯᠣᠭᠰᠠᠨ  ᠵᠡᠷᠭᠡ᠎ᠠᠴᠠ  ᠪᠣᠯᠣᠭᠰᠠᠨ ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠣᠯᠣᠭᠰᠠᠨ  ᠬᠡᠷᠡᠭ᠎ᠢ ᠰᠢᠮᠳᠠᠭᠤᠯᠤᠨ ᠭᠦᠢ᠍ᠴᠡᠳᠬᠡᠨ᠎ᠡ ᠃

     ᠬᠥᠭᠵᠢᠭᠦᠯᠦᠯᠲᠡ  ᠪᠠ  ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠵᠠᠰᠠᠭ᠎ᠤᠨ ᠣᠷᠳᠣᠨ᠎ᠤ ᠪᠡᠯᠡ  ᠣᠷᠣᠭᠣᠯᠣᠯᠲᠠ ᠵᠢᠨ  ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠬᠠᠷᠢᠭᠤᠴᠠᠵᠤ᠂ ᠵᠠᠰᠠᠭ᠎ᠤᠨ ᠣᠷᠳᠣᠨ᠎ᠤ ᠪᠡᠯᠡ  ᠣᠷᠣᠭᠣᠯᠣᠯᠲᠠ ᠵᠢᠨ  ᠲᠥᠷᠥᠯ ᠵᠦᠢ᠍ᠯ᠎ᠤᠨ ᠪᠡᠯᠡ ᠮᠥᠩᠭᠥ ᠵᠢᠨ ᠢᠷᠡᠯᠲᠡ ᠪᠣᠯᠤᠨ   ᠪᠠᠵᠠᠭ᠋ᠠᠵᠦ ᠪᠡᠯᠡᠳᠬᠡᠬᠦ  ᠠᠷᠭ᠎ᠠ ᠮᠠᠶᠢᠭ᠎ᠢ ᠬᠠᠤᠯᠢ ᠶᠣᠰᠣᠭ᠋ᠠᠷ ᠬᠢᠨᠠᠨ ᠪᠠᠶ᠋ᠢᠴᠠᠭ᠋ᠠᠵᠤ᠂ ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ ᠴᠠᠭ ᠲᠤᠬᠠᠶ᠎ᠳᠤ᠎ᠨᠢ  ᠲᠣᠬᠢᠷᠠᠭᠤᠯᠤᠨ᠂  ᠨᠡᠶ᠋ᠢᠭᠡᠮ᠎ᠤᠨ  ᠢᠲᠡᠭᠡᠮᠵᠢ ᠵᠢᠨ  ᠲᠣᠭᠲᠠᠯᠴᠠᠭ᠎ᠠ ᠵᠢᠨ  ᠪᠠᠶ᠋ᠢᠭᠤᠯᠤᠯᠲᠠ ᠵᠢ ᠴᠢᠩᠭ᠋ᠠᠳᠬᠠᠵᠤ᠂  ᠬᠦᠯᠦᠰᠦᠨ ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ  ᠢᠲᠡᠭᠡᠮᠵᠢ ᠠᠯᠳᠠᠭᠰᠠᠨ᠎ᠢ  ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠢ ᠬᠠᠤᠯᠢ ᠶᠣᠰᠣᠭ᠋ᠠᠷ ᠬᠢᠵᠠᠭ᠋ᠠᠷᠯᠠᠬᠤ ᠪᠠ ᠵᠠᠯᠬᠠᠭ᠋ᠠᠨ ᠴᠡᠭᠡᠷᠯᠡᠭᠦᠯᠬᠦ ᠵᠢ ᠵᠣᠬᠢᠶᠠᠨ  ᠪᠠᠢ᠌ᠭᠣᠯᠣᠨ᠎ᠠ ᠃

     ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠪᠡᠯᠡ ᠮᠥᠩᠭᠥ ᠵᠢᠨ ᠲᠥᠰᠦᠪ᠎ᠤᠨ ᠬᠠᠮᠢᠶᠠᠷᠤᠯᠲᠠ ᠵᠢ ᠬᠠᠷᠢᠭᠤᠴᠠᠵᠤ᠂ ᠵᠥᠪᠰᠢᠶᠡᠷᠡᠭᠦᠯᠦᠭᠰᠡᠨ  ᠲᠥᠰᠦᠪ ᠵᠶ᠋ᠠᠨ ᠦᠨᠳᠦᠰᠦᠯᠡᠨ  ᠵᠠᠰᠠᠭ᠎ᠤᠨ  ᠣᠷᠳᠣᠨ᠎ᠤ  ᠪᠡᠯᠡ ᠣᠷᠣᠭᠤᠯᠤᠯᠲᠠ ᠵᠢᠨ ᠪᠡᠯᠡ ᠮᠥᠩᠭᠥ ᠵᠢ  ᠲᠣᠭᠲᠠᠭ᠋ᠠᠯ ᠶᠣᠰᠣᠭ᠋ᠠᠷ  ᠴᠠᠭ ᠲᠤᠬᠠᠶ᠎ᠲᠤ᠎ᠨᠢ ᠲᠤᠭ᠎ᠠ ᠶᠣᠰᠣᠭ᠋ᠠᠷ ᠰᠠᠯᠭ᠋ᠠᠨ ᠦᠭᠬᠦᠨ᠎ᠡ ᠃

     ᠳᠣᠲᠣᠭ᠋ᠠᠳᠤ ᠵᠢ ᠬᠠᠮᠠᠭ᠋ᠠᠯᠠᠬᠤ  ᠪᠠᠢ᠌ᠭᠣᠯᠭ᠎ᠠ᠎ᠠᠴᠠ  ᠬᠥᠳᠡᠯᠮᠦᠷᠢ ᠵᠢᠨ ᠬᠥᠯᠥᠰᠥ ᠣᠯᠭᠣᠮᠵᠢ ᠥᠭᠬᠦ ᠵᠢ ᠲᠡᠪᠴᠢᠭᠰᠡᠨ  ᠰᠡᠵᠢᠭᠯᠡᠯᠲᠡᠢ  ᠡᠷᠡᠭᠦᠦ ᠵᠢᠨ ᠬᠡᠷᠡᠭ᠎ᠢ ᠴᠠᠭ ᠲᠤᠬᠠᠶ᠎ᠳᠤ᠎ᠨᠢ  ᠬᠦᠯᠢᠶᠡᠨ ᠠᠪᠴᠤ  ᠰᠢᠢ᠍ᠳᠪᠦᠷᠢᠯᠡᠬᠦ ᠂  ᠲᠠᠩᠨᠠᠨ ᠰᠢᠢ᠍ᠳᠪᠦᠷᠢᠯᠡᠬᠦ ᠵᠢ ᠬᠠᠷᠢᠭᠣᠴᠠᠵᠦ ᠂  ᠬᠦᠯᠦᠰᠦᠨ  ᠲᠠᠷᠢᠶᠠᠴᠢᠨ᠎ᠤ ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ᠎ᠠᠴᠠ  ᠪᠣᠯᠤᠭᠰᠠᠨ  ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ᠎ᠢ ᠬᠠᠤᠯᠢ ᠶᠣᠰᠣᠭ᠋ᠠᠷ  ᠰᠢᠢ᠍ᠳᠪᠦᠷᠢᠯᠡᠨ᠎ᠡ ᠃

     ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ  ᠡᠬᠢ ᠪᠠᠶᠠᠯᠢᠭ᠂ ᠠᠷᠠᠳ᠎ᠤᠨ  ᠪᠠᠩᠬᠢ ᠂  ᠬᠢᠨᠠᠨ  ᠪᠣᠳᠣᠯᠲᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ  ᠵᠡᠷᠭᠡ  ᠰᠠᠯᠠᠭ᠎ᠠ  ᠮᠥᠴᠢᠷ  ᠪᠣᠯᠤᠨ  ᠪᠠᠶ᠋ᠢᠭᠤᠯᠤᠮᠵᠢ᠎ᠨᠤᠭᠤᠳ  ᠡᠭᠦᠷᠭᠡ  ᠬᠠᠷᠢᠭᠤᠴᠠᠯᠭ᠎ᠠ ᠵᠢᠨ ᠵᠶ᠋ᠠᠨ  ᠶᠣᠰᠣᠭ᠋ᠠᠷ ᠬᠥᠯᠥᠰᠥᠨ  ᠲᠠᠷᠢᠶᠠᠴᠢᠨ᠎ᠤ ᠴᠠᠯᠢᠩ᠎ᠢ  ᠥᠭᠬᠦ ᠵᠢ ᠪᠠᠲᠤᠯᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃

     ᠵᠢᠷᠭᠤᠳᠤᠭ᠋ᠠᠷ ᠵᠤᠷᠪᠣᠰ   ᠠᠵᠢᠯᠴᠢᠨ᠎ᠤ ᠡᠪᠯᠡᠯ ᠬᠥᠯᠥᠰᠥᠨ  ᠲᠠᠷᠢᠶᠠᠴᠢᠨ᠎ᠤ  ᠴᠠᠭ ᠲᠣᠬᠠᠢ᠎ᠳᠤ᠎ᠨᠢ ᠲᠣᠭ᠎ᠠ  ᠶᠣᠰᠣᠭ᠋ᠠᠷ  ᠴᠠᠯᠢᠩ  ᠣᠯᠬᠤ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠬᠥᠮᠦᠨ ᠬᠡᠷᠡᠭᠯᠡᠬᠦ  ᠨᠢᠭᠡᠴᠢ ᠵᠢᠨ ᠴᠠᠯᠢᠩ  ᠦᠭᠬᠦᠭᠰᠡᠨ  ᠪᠠᠶ᠋ᠢᠳᠠᠯ ᠪᠣᠯᠤᠨ ᠬᠥᠯᠥᠰᠥᠨ  ᠲᠠᠷᠢᠶᠠᠴᠢᠨ᠎ᠤ ᠴᠠᠯᠢᠩ᠎ᠤᠨ ᠡᠷᠬᠡ ᠠᠰᠢᠭ᠎ᠢ ᠪᠠᠲᠤᠯᠠᠬᠤ ᠬᠣᠯᠪᠣᠭᠳᠠᠯ ᠪᠦᠬᠦᠢ ᠵᠦᠢ᠍ᠯ᠎ᠳᠤ ᠬᠢᠨᠠᠯᠲᠠ  ᠲᠠᠯᠪᠢᠨ᠎ᠠ ᠃

ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ  ᠬᠣᠯᠪᠣᠭ᠋ᠠᠲᠤ ᠬᠤᠷᠠᠯ ᠂ ᠵᠡᠮᠳᠡᠭᠴᠦᠳ᠎ᠤᠨ  ᠬᠣᠯᠪᠣᠭ᠋ᠠᠲᠤ ᠬᠤᠷᠠᠯ  ᠵᠡᠷᠭᠡ ᠵᠣᠬᠢᠶᠠᠨ ᠪᠠᠶ᠋ᠢᠭᠤᠯᠤᠯᠲᠠ᠎ᠨᠤᠭᠤᠳ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠬᠥᠯᠥᠰᠥᠨ  ᠲᠠᠷᠢᠶᠠᠴᠢᠨ᠎ᠤ ᠴᠠᠯᠢᠩ ᠣᠯᠬᠤ ᠡᠷᠬᠡ ᠵᠢ ᠬᠠᠤᠯᠢ ᠶᠣᠰᠣᠭ᠋ᠠᠷ  ᠬᠠᠮᠠᠭ᠋ᠠᠯᠠᠨ᠎ᠠ ᠃

     ᠳᠣᠯᠣᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ  ᠬᠥᠮᠦᠨ᠎ᠤ  ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ  ᠰᠠᠯᠠᠭ᠎ᠠ  ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ  ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ 《ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠱᠠᠭ᠋ᠠᠷᠳᠠᠯᠭ᠎ᠠ ᠶᠣᠰᠣᠭ᠋ᠠᠷ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠂  ᠦᠢ᠍ᠯᠡᠴᠢᠯᠡᠭᠡᠨ᠎ᠤ ᠬᠠᠯᠠᠮᠰᠢᠯ ᠤᠲᠠᠰᠤ ᠨᠡᠭᠡᠭᠡᠬᠦ ᠪᠠ ᠴᠠᠯᠢᠩ   ᠦᠷᠢᠲᠦᠭᠰᠡᠨ  ᠰᠦᠪᠡᠭᠴᠢ ᠵᠢ ᠲᠤᠰᠬᠠᠬᠤ ᠲᠠᠪᠴᠠᠩ ᠭᠠᠷᠭ᠋ᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂  ᠬᠦᠯᠦᠰᠦᠨ  ᠲᠠᠷᠢᠶᠠᠴᠢᠨ᠎ᠤ  ᠴᠠᠯᠢᠩ ᠥᠭᠬᠦ ᠵᠢ ᠪᠠᠲᠤᠯᠠᠬᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠨ᠎ᠠ ᠃

     ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠵᠢᠯᠣᠭᠣᠳᠤᠯᠭ᠎ᠠ ᠵᠢᠨ ᠴᠢᠨᠠᠷᠲᠠᠶ ᠬᠡᠷᠡᠭ᠎ᠤᠨ ᠵᠢᠱ᠌ᠢᠶ᠎ᠡ ᠪᠤᠶᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠠᠰᠢᠭᠯᠠᠨ ᠬᠦᠯᠦᠰᠦᠨ  ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠤᠬᠠᠭᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃

     ᠰᠣᠨᠢᠨ ᠮᠡᠳᠡᠭᠡᠨ᠎ᠤ ᠵᠠᠭᠤᠴᠢᠯᠠᠭᠤᠷ᠎ᠤᠳ  ᠬᠦᠯᠦᠰᠦᠨ  ᠲᠠᠷᠢᠶᠠᠴᠢᠨ᠎ᠤ  ᠴᠠᠯᠢᠩ᠎ᠢ ᠦᠭᠬᠦ ᠵᠢ ᠪᠠᠲᠤᠯᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠪᠣᠯᠤᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠮᠡᠳᠡᠭᠡᠯᠡᠯ᠎ᠢ ᠥᠷᠨᠢᠭᠦᠯᠵᠦ ᠂  ᠬᠦᠯᠦᠰᠦᠨ ᠲᠠᠷᠢᠶᠠᠴᠢᠨ᠎ᠤ ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢᠨ ᠲᠤᠬᠠᠢ  ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ  ᠬᠠᠤᠯᠢ  ᠶᠣᠰᠣᠭ᠋ᠠᠷ ᠴᠢᠩᠭ᠋ᠠᠳᠬᠠᠵᠤ᠂ ᠬᠥᠮᠦᠨ ᠬᠡᠷᠡᠭᠯᠡᠬᠦ  ᠨᠢᠭᠡᠴᠢ ᠵᠢ ᠬᠥᠲᠥᠯᠥᠨ ᠵᠢᠯᠣᠭᠣᠳᠴᠤ  ᠪᠠᠶ᠋ᠢᠭ᠋ᠠᠳ ᠬᠠᠤᠯᠢ ᠶᠣᠰᠣᠭ᠋ᠠᠷ ᠠᠵᠢᠯᠴᠢᠨ ᠬᠡᠷᠡᠭᠯᠡᠬᠦ᠂ ᠴᠠᠭ  ᠲᠤᠬᠠᠢ᠎ᠳᠤ᠎ᠨᠢ ᠲᠣᠭ᠎ᠠ ᠶᠣᠰᠣᠭ᠋ᠠᠷ  ᠴᠠᠯᠢᠩ  ᠥᠭᠬᠦ ᠬᠠᠤᠯᠢ ᠴᠠᠭ᠋ᠠᠵᠠ ᠵᠢᠨ ᠤᠬᠠᠮᠰᠠᠷ᠎ᠢ ᠎ᠨᠢ  ᠨᠡᠮᠡᠭᠳᠡᠭᠦᠯᠵᠦ᠂   ᠬᠦᠯᠦᠰᠦᠨ ᠲᠠᠷᠢᠶᠠᠴᠢᠨ᠎ᠤ  ᠬᠠᠤᠯᠢ ᠶᠣᠰᠣᠭ᠋ᠠᠷ ᠡᠷᠬᠡ᠎ᠪᠠᠨ ᠬᠠᠮᠠᠭ᠋ᠠᠯᠠᠬᠤ ᠵᠢ  ᠬᠦᠲᠦᠯᠦᠨ ᠵᠢᠯᠣᠭᠣᠳᠣᠨ᠎ᠠ ᠃

     ᠨᠠᠢ᠍ᠮᠠᠳᠤᠭ᠋ᠠᠷ  ᠵᠤᠷᠪᠣᠰ   ᠬᠦᠯᠦᠰᠦᠨ ᠲᠠᠷᠢᠶᠠᠴᠢᠨ ᠎ᠨᠢ  ᠴᠠᠯᠢᠩ᠎ᠢ  ᠲᠣᠭᠲᠠᠭᠰᠠᠨ ᠴᠠᠭ᠎ᠲᠤ᠎ᠪᠠᠨ  ᠲᠣᠭ᠎ᠠ  ᠶᠤᠰᠤᠭ᠋ᠠᠷ ᠴᠠᠯᠢᠩ  ᠣᠯᠬᠤ ᠡᠷᠬᠡ᠎ᠲᠠᠢ᠃ ᠶᠠᠮᠠᠷᠪᠠ  ᠨᠢᠭᠡᠴᠢ  ᠪᠤᠶᠤ ᠬᠤᠪᠢ  ᠬᠥᠮᠦᠨ  ᠬᠦᠯᠦᠰᠦᠨ ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠵᠦ  ᠪᠣᠯᠬᠤ ᠦᠭᠡᠶ᠃

     ᠴᠠᠯᠢᠩ ᠎ᠨᠢ  ᠥᠷᠢᠲᠦᠭᠳᠡᠵᠦ  ᠣᠳᠠᠭ᠋ᠠᠰᠢᠷᠠᠭᠣᠯᠣᠭᠳᠠᠭᠰᠠᠨ ᠬᠦᠯᠦᠰᠦᠨ  ᠲᠠᠷᠢᠶᠠᠴᠢᠨ ᠎ᠨᠢ ᠬᠠᠤᠯᠢ  ᠶᠣᠰᠣᠭ᠋ᠠᠷ ᠵᠠᠭ᠋ᠠᠯᠳᠤᠬᠤ ᠪᠤᠶᠤ  ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠵᠦ ᠬᠥᠨᠳᠡᠯᠡᠨ᠎ᠠᠴᠠ  ᠲᠠᠰᠤᠯᠤᠭᠤᠯᠬᠤ᠎ᠪᠠᠷ ᠭᠤᠶᠤᠴᠢᠯᠠᠬᠤ ᠪᠠ ᠵᠠᠭ᠋ᠠᠯᠳᠤᠬᠤ ᠡᠷᠬᠡ᠎ᠲᠠᠢ᠃

     ᠶᠠᠮᠠᠷᠪᠠ  ᠨᠢᠭᠡᠴᠢ ᠪᠤᠶᠤ  ᠬᠤᠪᠢ ᠬᠥᠮᠦᠨ  ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ  ᠠᠵᠢᠯᠯᠠᠭ᠎ᠠ ᠵᠢ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ  ᠮᠥᠴᠢᠷ᠎ᠤᠳ  ᠡᠯ᠎ᠡ  ᠲᠥᠷᠥᠯ᠎ᠤᠨ  ᠵᠠᠭ᠋ᠠᠯᠳᠣᠭᠰᠠᠨ᠂ ᠢᠯᠡᠴᠢᠯᠡᠨ ᠮᠡᠳᠡᠭᠦᠯᠦᠭᠰᠡᠨ  ᠰᠦᠪᠡᠭᠴᠢ ᠵᠢ ᠨᠢᠭᠡᠳᠦᠯᠲᠡᠶ ᠴᠤᠭᠯᠠᠭᠤᠯᠬᠤ ᠪᠠ ᠰᠢᠯᠵᠢᠭᠦᠯᠦᠨ  ᠭᠦᠢ᠍ᠴᠡᠳᠬᠡᠬᠦ ᠵᠢᠨ ᠬᠠᠮᠲᠤ   ᠭᠦᠢ᠍ᠴᠡᠳᠬᠡᠭᠰᠡᠨ  ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠃ ᠰᠢᠯᠵᠢᠭᠦᠯᠦᠨ   ᠭᠦᠢ᠍ᠴᠡᠳᠬᠡᠭᠰᠡᠨ  ᠰᠦᠪᠡᠭᠴᠢ ᠵᠢ ᠬᠦᠯᠢᠶᠡᠨ ᠠᠪᠤᠭᠰᠠᠨ ᠰᠠᠯᠠᠭ᠎ᠠ ᠮᠥᠴᠢᠷ ᠪᠣᠯᠤᠨ  ᠨᠢᠭᠡᠴᠢ᠎ᠨᠢ  ᠬᠠᠤᠯᠢ ᠶᠣᠰᠣᠭ᠋ᠠᠷ ᠴᠠᠭ ᠲᠤᠬᠠᠶ᠎ᠳᠤ᠎ᠨᠢ ᠭᠦᠢ᠍ᠴᠡᠳᠬᠡᠬᠦ ᠵᠢᠨ  ᠬᠠᠮᠲᠤ  ᠭᠦᠢ᠍ᠴᠡᠳᠬᠡᠭᠰᠡᠨ  ᠦᠷ᠎ᠡ ᠳ᠋ᠦᠩ ᠵᠶ᠋ᠠᠨ ᠠᠳᠠᠯᠢ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ  ᠵᠠᠭ᠋ᠠᠯᠳᠣᠭᠰᠠᠨ᠂  ᠢᠯᠡᠴᠢᠯᠡᠨ ᠮᠡᠳᠡᠭᠦᠯᠦᠭᠰᠡᠨ ᠬᠥᠮᠦᠨ᠎ᠳᠤ ᠮᠡᠳᠡᠭᠳᠡᠬᠦ ᠬᠡᠷᠡᠭᠲᠡᠶ᠃

     ᠶᠠᠮᠠᠷᠪᠠ  ᠨᠢᠭᠡᠴᠢ  ᠪᠤᠶᠤ ᠬᠤᠪᠢ ᠬᠥᠮᠦᠨ ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ  ᠠᠵᠢᠯᠯᠠᠭ᠎ᠠ ᠵᠢ  ᠵᠠᠭ᠋ᠠᠯᠳᠣᠭᠰᠠᠨ᠂  ᠢᠯᠡᠴᠢᠯᠡᠨ ᠮᠡᠳᠡᠭᠦᠯᠦᠭᠰᠡᠨ ᠬᠥᠮᠦᠰ᠎ᠲᠤ ᠴᠣᠬᠢᠯᠲᠠ ᠥᠭᠴᠦ  ᠬᠠᠷᠢᠭᠣ  ᠠᠪᠴᠤ ᠪᠣᠯᠬᠤ ᠦᠭᠡᠶ᠃

     ᠬᠣᠶᠠᠳᠤᠭ᠋ᠠᠷ ᠪᠦᠯᠦᠭ   ᠴᠠᠯᠢᠩ ᠥᠭᠬᠦ ᠪᠠ  ᠦᠷᠢ᠎ᠪᠠᠨ  ᠲᠥᠯᠥᠵᠦ ᠳᠠᠭᠤᠰᠬᠠᠬᠤ

     ᠶᠢᠰᠦᠳᠦᠭᠡᠷ ᠵᠤᠷᠪᠣᠰ   ᠬᠥᠮᠦᠨ ᠬᠡᠷᠡᠭᠯᠡᠬᠦ  ᠨᠢᠭᠡᠴᠢ᠎ᠨᠢ  ᠬᠦᠯᠦᠰᠦᠨ ᠲᠠᠷᠢᠶᠠᠴᠢᠨ᠎ᠤ ᠬᠦᠳᠡᠯᠮᠦᠷᠢ ᠵᠢ ᠬᠡᠷᠡᠭᠯᠡᠬᠦ᠎ᠳᠤ ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠡᠯᠰᠡᠨ ᠬᠡᠷᠡᠭᠯᠡᠭᠰᠡᠨ ᠬᠦᠯᠦᠰᠦᠨ  ᠲᠠᠷᠢᠶᠠᠴᠢᠨ᠎ᠤ  ᠴᠠᠭ᠋ᠠᠰᠤᠨ  ᠭᠡᠷ᠎ᠡ᠂ ᠡᠯᠧᠺᠲᠷᠣᠨ ᠭᠡᠷ᠎ᠡ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠣᠯᠵᠣᠨ  ᠲᠣᠭᠲᠠᠬᠤ  ᠪᠤᠶᠤ ᠬᠠᠤᠯᠢ ᠶᠣᠰᠣᠭ᠋ᠠᠷ ᠲᠣᠭᠲᠠᠭ᠋ᠠᠭᠰᠠᠨ ᠳᠦᠷᠢᠮ ᠲᠣᠭᠲᠠᠭ᠋ᠠᠯ ᠵᠶ᠋ᠠᠷ ᠴᠠᠯᠢᠩ ᠥᠭᠬᠦ ᠪᠠᠷᠢᠮᠵᠢᠶ᠎ᠠ᠂ ᠥᠭᠬᠦ ᠠᠷᠭ᠎ᠠ ᠮᠠᠶᠢᠭ᠂ ᠥᠭᠬᠦ ᠦᠶᠡᠯᠡᠯ᠎ᠤᠨ ᠬᠤᠭᠤᠴᠠᠭ᠎ᠠ ᠪᠣᠯᠤᠨ ᠪᠣᠳᠠᠲᠠᠶ ᠥᠭᠬᠦ ᠡᠳᠦᠷ ᠬᠤᠭᠤᠴᠠᠭ᠎ᠠ ᠵᠡᠷᠭᠡ ᠠᠭᠤᠯᠭ᠎ᠠ ᠵᠢ ᠲᠣᠭᠲᠠᠭ᠋ᠠᠬᠤ ᠵᠢᠨ ᠬᠠᠮᠲᠤ ᠪᠣᠯᠵᠣᠨ ᠲᠣᠭᠲᠠᠭᠰᠠᠨ ᠪᠤᠶᠤ ᠲᠣᠭᠲᠠᠭ᠋ᠠᠭᠰᠠᠨ ᠠᠭᠤᠯᠭ᠎ᠠ ᠵᠢᠨ ᠶᠣᠰᠣᠭ᠋ᠠᠷ ᠴᠠᠯᠢᠩ᠎ᠢ ᠴᠠᠭ  ᠲᠣᠬᠠᠢ᠎ᠳᠤ᠎ᠨᠢ ᠲᠣᠭ᠎ᠠ  ᠶᠣᠰᠣᠭ᠋ᠠᠷ  ᠴᠠᠯᠢᠩ  ᠥᠭᠬᠦ ᠬᠡᠷᠡᠭᠲᠡᠶ᠃

     ᠠᠷᠪᠠᠳᠤᠭ᠋ᠠᠷ ᠵᠤᠷᠪᠣᠰ   ᠬᠦᠯᠦᠰᠦᠨ  ᠲᠠᠷᠢᠶᠠᠴᠢᠨ᠎ᠤ  ᠴᠠᠯᠢᠩ᠎ᠢ ᠵᠣᠭᠣᠰ᠎ᠤᠨ ᠬᠡᠯᠪᠡᠷᠢ᠎ᠪᠠᠷ ᠪᠠᠩᠬᠢ᠎ᠪᠠᠷ ᠳᠠᠮᠵᠢᠭᠣᠯᠣᠨ  ᠳᠠᠩᠰᠠ ᠰᠢᠯᠵᠢᠭᠦᠯᠬᠦ ᠪᠤᠶᠤ ᠪᠡᠯᠡᠨ ᠵᠣᠭᠣᠰ ᠵᠶ᠋ᠠᠷ  ᠬᠦᠯᠦᠰᠦᠨ  ᠲᠠᠷᠢᠶᠠᠴᠢᠨ᠎ᠤ  ᠲᠤᠰ ᠬᠥᠮᠦᠨ᠎ᠳᠤ᠎ᠨᠢ  ᠥᠭᠬᠦ ᠬᠡᠷᠡᠭᠲᠡᠶ᠂ ᠪᠣᠳᠠᠲᠤ ᠡᠳ᠋ ᠪᠤᠶᠤ ᠦᠨᠡᠲᠦ ᠲᠡᠮᠳᠡᠭᠲᠦ ᠵᠡᠷᠭᠡ ᠪᠤᠰᠤᠳ ᠬᠡᠯᠪᠡᠷᠢ᠎ᠪᠠᠷ ᠣᠷᠣᠯᠠᠭᠤᠯᠵᠤ ᠪᠣᠯᠬᠤ ᠦᠭᠡᠶ᠃

     ᠰᠠᠷ᠎ᠠ᠂ ᠭᠠᠷᠠᠭ᠂ ᠡᠳᠦᠷ᠂ ᠴᠠᠭ᠎ᠤᠨ ᠴᠠᠯᠢᠩ᠎ᠤᠨ ᠲᠦᠷᠢᠮ᠎ᠢ ᠬᠡᠷᠡᠭᠵᠢᠭᠦᠯᠦᠭᠰᠡᠨ ᠪᠠᠶ᠋ᠢᠪᠠᠯ᠂ ᠰᠠᠷ᠎ᠠ᠂ ᠭᠠᠷᠠᠭ᠂ ᠡᠳᠦᠷ᠂ ᠴᠠᠭ ᠵᠶ᠋ᠠᠷ  ᠦᠶᠡᠯᠡᠯ᠎ᠤᠨ ᠬᠤᠭᠤᠴᠠᠭ᠎ᠠ  ᠪᠣᠯᠭ᠋ᠠᠵᠦ  ᠴᠠᠯᠢᠩ ᠥᠭᠭᠦᠨ᠎ᠡ ᠂ ᠲᠣᠭ᠎ᠠ᠎ᠪᠠᠷ  ᠪᠤᠳᠤᠬᠤ ᠴᠠᠯᠢᠩ᠎ᠤᠨ ᠲᠦᠷᠢᠮ᠎ᠢ ᠬᠡᠷᠡᠭᠵᠢᠭᠦᠯᠦᠭᠰᠡᠨ ᠪᠠᠶ᠋ᠢᠪᠠᠯ᠂ ᠴᠠᠯᠢᠩ ᠥᠭᠬᠦ ᠦᠶᠡᠯᠡᠯ᠎ᠤᠨ ᠬᠤᠭᠤᠴᠠᠭ᠎ᠠ ᠵᠢ ᠬᠤᠶᠠᠷ ᠲᠠᠯ᠎ᠠ᠎ᠪᠠᠷ ᠵᠶ᠋ᠠᠨ ᠬᠠᠤᠯᠢ ᠶᠣᠰᠣᠭ᠋ᠠᠷ ᠪᠣᠯᠵᠣᠨ ᠲᠣᠭᠲᠠᠭ᠋ᠠᠨ᠎ᠠ᠃

     ᠠᠷᠪᠠᠨ ᠨᠢᠭᠡᠳᠦᠭᠡᠷ ᠵᠤᠷᠪᠣᠰ   ᠬᠥᠮᠦᠨ ᠬᠡᠷᠡᠭᠯᠡᠬᠦ  ᠨᠢᠭᠡᠴᠢ᠎ᠨᠢ  ᠴᠠᠯᠢᠩ  ᠦᠭᠬᠦ  ᠦᠶᠡᠯᠡᠯ᠎ᠤᠨ  ᠬᠤᠭᠤᠴᠠᠭ᠎ᠠ ᠵᠢᠨ ᠶᠣᠰᠣᠭ᠋ᠠᠷ ᠴᠠᠯᠢᠩ  ᠦᠭᠬᠦ ᠪᠢᠴᠢᠭ᠎ᠤᠨ  ᠡᠬᠡ ᠳᠠᠩᠰᠠ ᠵᠢ ᠨᠠᠶ᠋ᠢᠷᠠᠭᠤᠯᠤᠨ ᠵᠣᠬᠢᠶᠠᠬᠤ  ᠬᠡᠷᠡᠭᠲᠡᠢ ᠂  ᠡᠬᠡ ᠳᠠᠩᠰᠠᠨ᠎ᠳᠤ ᠬᠥᠮᠦᠨ ᠬᠡᠷᠡᠭᠯᠡᠬᠦ  ᠨᠢᠭᠡᠴᠢ ᠵᠢᠨ ᠨᠡᠷᠡᠶ᠋ᠢᠳᠦᠯ᠂  ᠦᠭᠬᠦ  ᠦᠶᠡᠯᠡᠯ᠎ᠤᠨ ᠬᠤᠭᠤᠴᠠᠭ᠎ᠠ᠂ ᠦᠭᠬᠦ  ᠡᠳᠦᠷ ᠬᠤᠭᠤᠴᠠᠭ᠎ᠠ᠂ ᠦᠭᠬᠦ  ᠡᠲᠡᠭᠡᠳ᠎ᠤᠨ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠬᠠᠷᠢᠯᠴᠠᠬᠤ ᠠᠷᠭ᠎ᠠ ᠮᠠᠶᠢᠭ᠂ ᠠᠵᠢᠯᠯᠠᠬᠤ ᠴᠠᠭ ᠬᠤᠭᠤᠴᠠᠭ᠎ᠠ᠂ ᠦᠭᠬᠦ ᠶᠣᠰᠣᠲᠠᠢ  ᠴᠠᠯᠢᠩ᠎ᠤᠨ ᠲᠥᠷᠥᠯ ᠵᠦᠢ᠍ᠯ ᠵᠢᠴᠢ ᠲᠣᠭ᠎ᠠ᠂ ᠣᠷᠣᠯᠠᠨ ᠰᠠᠭᠤᠯᠭ᠋ᠠᠨ ᠠᠪᠬᠤ᠂ ᠣᠷᠣᠯᠠᠨ ᠲᠤᠰᠢᠶᠠᠬᠤ᠂ ᠰᠠᠭᠤᠯᠭ᠋ᠠᠨ ᠠᠪᠬᠤ ᠲᠥᠷᠥᠯ ᠵᠦᠢ᠍ᠯ ᠪᠠ ᠲᠣᠭ᠎ᠠ  ᠬᠡᠮᠵᠢᠶ᠎ᠡ ᠂ ᠪᠣᠳᠠᠲᠠᠶ ᠦᠭᠬᠦ  ᠴᠠᠯᠢᠩ᠎ᠤᠨ ᠲᠣᠭ᠎ᠠ  ᠬᠡᠮᠵᠢᠶ᠎ᠡ ᠂ ᠪᠠᠩᠬᠢ ᠵᠢᠨ ᠣᠷᠣᠯᠠᠨ  ᠦᠭᠬᠦ  ᠴᠠᠯᠢᠩ᠎ᠤᠨ ᠭᠡᠷᠡᠴᠢ  ᠪᠠᠷᠢᠮᠲᠠ  ᠪᠤᠶᠤ  ᠬᠦᠯᠦᠰᠦᠨ ᠲᠠᠷᠢᠶᠠᠴᠢᠨ᠎ᠤ  ᠭᠠᠷ᠎ᠤᠨ ᠦᠰᠦᠭ  ᠵᠢᠷᠤᠭᠰᠠᠨ  ᠵᠡᠷᠭᠡ ᠠᠭᠤᠯᠭ᠎ᠠ ᠵᠢ  ᠣᠷᠣᠯᠠᠨ ᠲᠠᠷᠬᠠᠭ᠋ᠠᠬᠤ ᠵᠢᠨ  ᠬᠠᠮᠲᠤ ᠨᠠᠭ᠋ᠠᠳᠤ ᠵᠠᠬ᠎ᠠ᠎ᠳᠤ᠎ᠪᠠᠨ  ᠭᠤᠷᠪᠠᠨ ᠵᠢᠯ ᠬᠠᠳᠠᠭ᠋ᠠᠯᠠᠬᠤ ᠬᠡᠷᠡᠭᠲᠡᠶ᠃

     ᠬᠥᠮᠦᠨ ᠬᠡᠷᠡᠭᠯᠡᠬᠦ  ᠨᠢᠭᠡᠴᠢ᠎ᠨᠢ  ᠴᠠᠯᠢᠩ  ᠦᠭᠬᠦ  ᠡᠬᠡ ᠳᠠᠩᠰᠠ ᠵᠢ  ᠬᠠᠭᠣᠷᠮᠠᠭᠯᠠᠵᠤ ᠂ ᠵᠣᠬᠢᠶᠠᠵᠤ᠂ ᠳᠠᠯᠳᠠᠯᠠᠵᠤ᠂  ᠨᠢᠭᠣᠵᠦ  ᠪᠣᠯᠬᠤ ᠦᠭᠡᠶ᠃

     ᠬᠥᠮᠦᠨ ᠬᠡᠷᠡᠭᠯᠡᠬᠦ  ᠨᠢᠭᠡᠴᠢ ᠵᠢ ᠵᠣᠷᠢᠭᠵᠢᠭᠤᠯᠤᠨ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ ᠬᠦᠯᠦᠰᠦᠨ  ᠲᠠᠷᠢᠶᠠᠴᠢᠨ᠎ᠤ ᠴᠠᠯᠢᠩ᠎ᠢ ᠦᠭᠬᠦᠭᠰᠡᠨ  ᠪᠠᠶ᠋ᠢᠳᠠᠯ᠎ᠢ ᠲᠡᠮᠳᠡᠭᠯᠡᠬᠦ ᠬᠡᠷᠡᠭᠲᠡᠶ᠃

     ᠠᠷᠪᠠᠨ ᠬᠣᠶᠠᠳᠤᠭ᠋ᠠᠷ ᠵᠤᠷᠪᠣᠰ   ᠬᠥᠮᠦᠨ  ᠬᠡᠷᠡᠭᠯᠡᠬᠦ  ᠨᠢᠭᠡᠴᠢ᠎ᠨᠢ ᠬᠦᠯᠦᠰᠦᠨ  ᠲᠠᠷᠢᠶᠠᠴᠢᠨ᠎ᠳᠤ  ᠴᠠᠯᠢᠩ ᠥᠭᠬᠦ᠎ᠳᠤ᠎ᠪᠠᠨ ᠬᠦᠯᠦᠰᠦᠨ  ᠲᠠᠷᠢᠶᠠᠴᠢᠨ᠎ᠤ ᠲᠤᠰ ᠬᠥᠮᠦᠨ᠎ᠤ ᠴᠠᠯᠢᠩ᠎ᠤᠨ ᠲᠣᠳᠣᠷᠬᠠᠶ ᠬᠠᠭᠤᠳᠠᠰᠤ ᠵᠢ ᠬᠠᠩᠭ᠋ᠠᠬᠤ ᠬᠡᠷᠡᠭᠲᠡᠶ᠃

     ᠬᠦᠯᠦᠰᠦᠨ  ᠲᠠᠷᠢᠶᠠᠴᠢᠨ᠎ᠨᠢ ᠬᠥᠮᠦᠨ ᠬᠡᠷᠡᠭᠯᠡᠬᠦ  ᠨᠢᠭᠡᠴᠢ᠎ᠠᠴᠠ ᠬᠤᠪᠢ ᠬᠥᠮᠦᠨ᠎ᠤ ᠴᠠᠯᠢᠩ᠎ᠢ ᠦᠭᠬᠦᠭᠰᠡᠨ  ᠲᠡᠮᠳᠡᠭᠯᠡᠯ ᠵᠶ᠋ᠠᠨ ᠪᠠᠶ᠋ᠢᠴᠠᠭ᠋ᠠᠨ ᠯᠠᠪᠯᠠᠬᠤ ᠡᠷᠬᠡ᠎ᠲᠠᠢ᠃ ᠲᠤᠰ ᠬᠥᠮᠦᠨ᠎ᠤ ᠴᠠᠯᠢᠩ ᠦᠭᠬᠦᠭᠰᠡᠨ  ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ᠎ᠳᠤ᠂ ᠬᠥᠮᠦᠨ ᠬᠡᠷᠡᠭᠯᠡᠬᠦ  ᠨᠢᠭᠡᠴᠢ  ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠴᠠᠭ ᠲᠤᠬᠠᠶ᠎ᠳᠤ᠎ᠨᠢ  ᠬᠠᠩᠭ᠋ᠠᠬᠤ ᠬᠡᠷᠡᠭᠲᠡᠶ᠃

     ᠠᠷᠪᠠᠨ ᠭᠤᠷᠪᠠᠳᠤᠭ᠋ᠠᠷ ᠵᠤᠷᠪᠣᠰ   ᠬᠥᠮᠦᠨ ᠬᠡᠷᠡᠭᠯᠡᠬᠦ   ᠨᠢᠭᠡᠴᠢ᠎ᠨᠢ ᠬᠦᠯᠦᠰᠦᠨ  ᠲᠠᠷᠢᠶᠠᠴᠢᠨ᠎ᠲᠠᠢ ᠬᠠᠤᠯᠢ ᠶᠣᠰᠣᠭ᠋ᠠᠷ  ᠬᠥᠳᠡᠯᠮᠦᠷᠢ ᠵᠢᠨ ᠬᠠᠷᠢᠴᠠᠭ᠎ᠠ᠎ᠪᠠᠨ  ᠬᠦᠴᠦᠨ ᠦᠭᠡᠢ ᠪᠣᠯᠭ᠋ᠠᠬᠤ  ᠪᠤᠶᠤ  ᠳᠠᠭᠣᠰᠬᠠᠬᠤ ᠦᠶ᠎ᠡ᠎ᠳᠤ ᠥᠷᠢᠲᠦᠵᠦ ᠪᠠᠶ᠋ᠢᠭ᠎ᠠ  ᠬᠦᠯᠦᠰᠦᠨ  ᠲᠠᠷᠢᠶᠠᠴᠢᠨ᠎ᠤ  ᠴᠠᠯᠢᠩ᠎ᠢ ᠨᠢᠭᠡ  ᠯᠠ  ᠤᠳᠠᠭ᠎ᠠ ᠵᠢᠨ ᠴᠢᠨᠠᠷᠲᠠᠶ ᠥᠭᠴᠦ ᠳᠠᠭᠤᠰᠬᠠᠬᠤ ᠬᠡᠷᠡᠭᠲᠡᠶ᠃

     ᠬᠥᠮᠦᠨ ᠬᠡᠷᠡᠭᠯᠡᠬᠦ  ᠨᠢᠭᠡᠴᠢ  ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ ᠪᠠᠢ᠌ᠪᠠᠯ ᠂ ᠬᠠᠤᠯᠢ ᠶᠣᠰᠣᠭ᠋ᠠᠷ ᠲᠥᠯᠥᠵᠦ ᠳᠠᠭᠤᠰᠬᠠᠬᠤ ᠬᠡᠷᠡᠭᠲᠡᠶ᠃

     ᠠᠷᠪᠠᠨ ᠳᠥᠷᠪᠡᠳᠦᠭᠡᠷ ᠵᠤᠷᠪᠣᠰ   ᠪᠦᠲᠦᠭᠡᠨ ᠪᠠᠢ᠌ᠭᠣᠯᠣᠯᠲᠠ ᠵᠢᠨ ᠨᠢᠭᠡᠴᠢ᠎ᠨᠢ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠯᠦᠭᠡ  ᠢᠨᠵᠸᠨ᠋ᠸᠷᠢᠩ᠎ᠤᠨ  ᠪᠠᠷᠢᠯᠭ᠎ᠠ ᠪᠠᠷᠢᠬᠤ ᠵᠢ ᠬᠠᠣᠯᠢ ᠶᠣᠰᠣᠭ᠋ᠠᠷ ᠴᠠᠭ᠋ᠠᠰᠣᠨ ᠳᠡᠭᠡᠷ᠎ᠡ ᠭᠡᠷ᠎ᠡ ᠲᠣᠭᠲᠠᠬᠤ᠎ᠳᠤ᠎ᠪᠠᠨ ᠂ ᠢᠨᠵᠸᠨ᠋ᠸᠷᠢᠩ᠎ᠤᠨ  ᠵᠣᠭᠣᠰ᠎ᠢ ᠬᠡᠮᠵᠢᠨ ᠪᠣᠳᠣᠬᠤ ᠦᠶᠡᠯᠡᠯ᠎ᠤᠨ ᠬᠣᠭᠣᠴᠠᠭ᠎ᠠ ᠂  ᠢᠨᠵᠸᠨ᠋ᠸᠷᠢᠩ᠎ᠤᠨ ᠵᠣᠭᠣᠰ᠎ᠤᠨ  ᠠᠬᠢᠴᠠ ᠵᠢ ᠳ᠋ᠦᠩᠨᠡᠨ ᠪᠣᠳᠣᠬᠤ ᠠᠷᠭ᠎ᠠ ᠵᠢᠴᠢ ᠬᠥᠮᠦᠨ᠎ᠤ  ᠬᠦᠴᠦᠨ᠎ᠤ ᠵᠠᠷᠣᠳᠠᠯ᠎ᠢ  ᠰᠠᠯᠭ᠋ᠠᠨ  ᠥᠭᠬᠦ ᠦᠶᠡᠯᠡᠯ᠎ᠤᠨ  ᠬᠣᠭᠣᠴᠠᠭ᠎ᠠ ᠵᠢ ᠪᠣᠯᠵᠣᠨ ᠲᠣᠭᠲᠠᠬᠤ ᠵᠢᠨ ᠬᠠᠮᠲᠤ ᠂  ᠬᠦᠯᠦᠰᠦᠨ ᠲᠠᠷᠢᠶᠠᠴᠢᠨ᠎ᠤ  ᠴᠠᠯᠢᠩ᠎ᠢ ᠴᠠᠭ  ᠲᠤᠬᠠᠢ᠎ᠳᠤ᠎ᠨᠢ ᠲᠣᠭ᠎ᠠ  ᠶᠣᠰᠣᠭ᠋ᠠᠷ ᠥᠭᠬᠦ ᠵᠢ ᠪᠠᠲᠣᠯᠠᠬᠤ  ᠱᠠᠭ᠋ᠠᠷᠳᠠᠯᠭ᠎ᠠ ᠶᠣᠰᠣᠭ᠋ᠠᠷ᠂ ᠬᠥᠮᠦᠨ᠎ᠤ ᠬᠦᠴᠦᠨ᠎ᠤ ᠵᠠᠷᠤᠳᠠᠯ᠎ᠤᠨ ᠲᠣᠭ᠎ᠠ ᠬᠡᠮᠵᠢᠶ᠎ᠡ ᠪᠣᠯᠤᠨ ᠬᠥᠮᠦᠨ᠎ᠤ ᠬᠦᠴᠦᠨ᠎ᠤ ᠵᠠᠷᠤᠳᠠᠯ᠎ᠤᠨ ᠢᠨᠵᠸᠨ᠋ᠸᠷᠢᠩ᠎ᠤᠨ ᠵᠣᠭᠣᠰ᠎ᠲᠤ᠎ᠬᠢ ᠡᠵᠡᠯᠡᠬᠦ  ᠬᠠᠷᠢᠴᠠᠯ᠎ᠢ ᠵᠦᠢ ᠵᠣᠬᠢᠰᠲᠠᠶ ᠪᠣᠯᠵᠣᠨ ᠲᠣᠭᠲᠠᠬᠤ ᠬᠡᠷᠡᠭᠲᠡᠶ᠃ ᠢᠨᠵᠸᠨ᠋ᠸᠷᠢᠩ᠎ᠤᠨ ᠵᠣᠭᠣᠰ᠎ᠲᠤ᠎ᠬᠢ  ᠡᠵᠡᠯᠡᠬᠦ ᠬᠥᠮᠦᠨ᠎ᠤ ᠬᠦᠴᠦᠨ᠎ᠤ ᠵᠠᠷᠤᠳᠠᠯ᠎ᠤᠨ ᠬᠠᠷᠢᠴᠠᠯ᠎ᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃

     ᠠᠷᠪᠠᠨ ᠲᠠᠪᠤᠳᠤᠭ᠋ᠠᠷ ᠵᠤᠷᠪᠣᠰ   ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ  ᠬᠦᠷᠢᠶ᠎ᠡ ᠴᠠᠷᠠᠭ᠎ᠠ᠎ᠳᠤ ᠬᠥᠮᠦᠨ᠎ᠤ ᠬᠦᠴᠦᠨ᠎ᠤ ᠵᠠᠷᠤᠳᠠᠯ ᠪᠣᠯᠤᠨ  ᠪᠣᠰᠣᠳ  ᠢᠨᠵᠸᠨ᠋ᠸᠷᠢᠩ᠎ᠤᠨ ᠵᠣᠭᠣᠰ᠎ᠢ  ᠠᠰ᠎ᠲᠤ᠎ᠨᠢ ᠲᠠᠩᠰᠠ ᠪᠠᠶ᠋ᠢᠭᠤᠯᠤᠨ ᠬᠠᠮᠢᠶᠠᠷᠬᠤ ᠵᠢ ᠬᠡᠷᠡᠭᠵᠢᠭᠦᠯᠦᠨ᠎ᠡ᠃ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ  ᠢᠨᠵᠸᠨ᠋ᠸᠷᠢᠩ᠎ᠤᠨ  ᠪᠠᠷᠢᠯᠭ᠎ᠠ ᠪᠠᠷᠢᠬᠤ  ᠭᠡᠷ᠎ᠡ ᠎ᠳᠤ  ᠪᠣᠯᠵᠣᠨ  ᠲᠣᠭᠲᠠᠭᠰᠠᠨ  ᠶᠣᠰᠣᠭ᠋ᠠᠷ  ᠢᠨᠵᠸᠨ᠋ᠸᠷᠢᠩ᠎ᠤᠨ ᠵᠣᠭᠣᠰ ᠭᠤᠶᠤᠴᠢᠯᠠᠬᠤ᠎ᠳᠤ᠎ᠪᠠᠨ ᠂ ᠬᠥᠮᠦᠨ᠎ᠤ ᠬᠦᠴᠦᠨ᠎ᠤ  ᠵᠠᠷᠤᠳᠠᠯ᠎ᠢ ᠠᠰ ᠵᠶ᠋ᠠᠷ᠎ᠨᠢ ᠭᠤᠶᠤᠴᠢᠯᠠᠵᠤ᠂  ᠪᠦᠲᠦᠭᠡᠨ ᠪᠠᠢ᠌ᠭᠣᠯᠬᠤ ᠨᠢᠭᠡᠴᠢ᠎ᠨᠢ ᠬᠥᠮᠦᠨ᠎ᠤ ᠬᠦᠴᠦᠨ᠎ᠤ ᠵᠠᠷᠤᠳᠠᠯ᠎ᠢ  ᠤᠷᠢᠳ ᠵᠶ᠋ᠠᠷ ᠰᠠᠯᠭ᠋ᠠᠨ  ᠥᠭᠬᠦ ᠬᠡᠷᠡᠭᠲᠡᠶ᠃ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ  ᠪᠦᠬᠦᠢ ᠠᠵᠢᠯ  ᠲᠥᠷᠥᠯ᠎ᠤᠨ  ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠥᠮᠦᠨ᠎ᠤ ᠬᠦᠴᠦᠨ᠎ᠤ ᠵᠠᠷᠤᠳᠠᠯ᠎ᠤᠨ ᠬᠠᠮᠢᠶᠠᠷᠤᠯᠲᠠ ᠪᠠ ᠴᠠᠭ  ᠲᠤᠬᠠᠢ᠎ᠳᠤ᠎ᠨᠢ ᠲᠣᠭ᠎ᠠ  ᠶᠣᠰᠣᠭ᠋ᠠᠷ ᠰᠠᠯᠭ᠋ᠠᠨ ᠥᠭᠭᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ  ᠬᠡᠷᠡᠭᠲᠡᠶ᠃

     ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠥᠷᠥᠯ ᠵᠦᠢ᠍ᠯ᠎ᠤᠨ ᠪᠦᠲᠦᠭᠡᠨ ᠪᠠᠢ᠌ᠭᠣᠯᠣᠯᠲᠠ ᠵᠢᠨ ᠨᠢᠭᠡᠴᠢ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠢᠨᠵᠸᠨ᠋ᠸᠷᠢᠩ᠎ᠤᠨ  ᠵᠣᠭᠣᠰ᠎ᠢ ᠭᠤᠶᠤᠴᠢᠯᠠᠬᠤ᠎ᠳᠤ᠎ᠪᠠᠨ᠂ ᠬᠥᠮᠦᠨ᠎ᠤ  ᠬᠦᠴᠦᠨ᠎ᠤ  ᠵᠠᠷᠣᠳᠠᠯ᠎ᠢ ᠠᠰ᠎ᠲᠤ᠎ᠨᠢ   ᠭᠤᠶᠤᠴᠢᠯᠠᠬᠤ ᠬᠡᠷᠡᠭᠲᠡᠢ ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠭᠣᠶᠣᠴᠢᠯᠠᠯ ᠶᠣᠰᠣᠭ᠋ᠠᠷ ᠬᠥᠮᠦᠨ᠎ᠤ ᠬᠦᠴᠦᠨ᠎ᠤ  ᠵᠠᠷᠣᠳᠠᠯ  ᠪᠠ  ᠪᠤᠰᠤᠳ ᠢᠨᠵᠸᠨ᠋ᠸᠷᠢᠩ᠎ᠤᠨ ᠵᠣᠭᠣᠰ᠎ᠢ ᠲᠤᠰ ᠲᠤᠰ   ᠰᠠᠯᠭ᠋ᠠᠨ  ᠥᠭᠬᠦ ᠵᠢᠨ ᠬᠠᠮᠲᠤ᠂ ᠬᠥᠮᠦᠨ᠎ᠤ ᠬᠦᠴᠦᠨ᠎ᠤ  ᠵᠠᠷᠣᠳᠠᠯ᠎ᠢ  ᠤᠷᠢᠳ ᠵᠶ᠋ᠠᠷ ᠰᠠᠯᠭ᠋ᠠᠨ  ᠥᠭᠬᠦ ᠬᠡᠷᠡᠭᠲᠡᠶ᠃

     ᠠᠷᠪᠠᠨ ᠵᠢᠷᠭᠤᠳᠤᠭ᠋ᠠᠷ ᠵᠤᠷᠪᠣᠰ   ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠸᠨ᠋ᠸᠷᠢᠩ᠎ᠤᠨ ᠪᠠᠷᠢᠯᠭ᠎ᠠ ᠵᠢᠨ  ᠠᠵᠢᠯ᠎ᠤᠨ ᠭᠡᠷ᠎ᠡ ᠲᠣᠭᠲᠠᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ᠂ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠲᠤ  ᠬᠦᠯᠦᠰᠦᠨ  ᠲᠠᠷᠢᠶᠠᠴᠢᠨ᠎ᠤ ᠴᠠᠯᠢᠩ᠎ᠤᠨ ᠲᠤᠰᠬᠠᠶ ᠳᠠᠩᠰᠠ  ᠡᠷᠦᠬᠡ  ᠭᠠᠷᠭ᠋ᠠᠵᠤ᠂ ᠬᠦᠯᠦᠰᠦᠨ  ᠲᠠᠷᠢᠶᠠᠴᠢᠨ᠎ᠤ ᠴᠠᠯᠢᠩ᠎ᠢ ᠥᠭᠬᠦ᠎ᠳᠤ ᠲᠤᠰᠬᠠᠶ ᠵᠦᠢ᠍ᠯ ᠵᠶ᠋ᠠᠷ ᠬᠡᠷᠡᠭᠯᠡᠬᠦ ᠵᠢᠨ ᠬᠠᠮᠲᠤ ᠪᠦᠲᠦᠭᠡᠨ ᠪᠠᠢ᠌ᠭᠣᠯᠣᠯᠲᠠ ᠵᠢᠨ ᠨᠢᠭᠡᠴᠢ ᠂ ᠳᠠᠩᠰᠠ ᠪᠠᠶ᠋ᠢᠭᠤᠯᠤᠭᠰᠠᠨ ᠪᠠᠩᠬᠢ᠎ᠯᠤᠭ᠎ᠠ ᠪᠡᠯᠡ ᠮᠥᠩᠭᠥ ᠵᠢᠨ ᠬᠠᠮᠢᠶᠠᠷᠤᠯᠲᠠ ᠵᠢᠨ ᠭᠤᠷᠪᠠᠨ ᠲᠠᠯ᠎ᠠ ᠵᠢᠨ ᠵᠥᠪᠳᠡᠯᠴᠡᠬᠡᠷ ᠲᠣᠭᠲᠠᠵᠤ᠂ ᠳᠠᠩᠰᠠᠨ ᠡᠷᠦᠬᠡ ᠵᠢᠨ ᠬᠡᠷᠡᠭᠯᠡᠭᠡ᠂ ᠪᠡᠯᠡ ᠮᠥᠩᠭᠥ ᠵᠢ  ᠰᠠᠯᠭ᠋ᠠᠨ  ᠥᠭᠬᠦ ᠵᠢᠴᠢ ᠲᠡᠭᠦᠨ᠎ᠤ ᠡᠳᠦᠷ ᠲᠤᠲᠤᠮ᠎ᠤᠨ ᠬᠠᠮᠢᠶᠠᠷᠤᠯᠲᠠ ᠵᠡᠷᠭᠡ ᠠᠭᠤᠯᠭ᠎ᠠ ᠵᠢ ᠪᠣᠯᠵᠣᠨ ᠲᠣᠭᠲᠠᠬᠤ ᠬᠡᠷᠡᠭᠲᠡᠶ᠃

     ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠥᠮᠦᠨ᠎ᠤ ᠬᠦᠴᠦᠨ᠎ᠤ  ᠵᠠᠷᠣᠳᠠᠯ᠎ᠢ ᠤᠷᠢᠳᠴᠢᠯᠠᠨ  ᠰᠠᠯᠭ᠋ᠠᠨ  ᠥᠭᠬᠦ ᠳᠦᠷᠢᠮ᠎ᠢ ᠬᠡᠷᠡᠭᠵᠢᠭᠦᠯᠵᠦ᠂ ᠪᠦᠲᠦᠭᠡᠨ ᠪᠠᠶ᠋ᠢᠭᠤᠯᠤᠯᠲᠠ ᠵᠢᠨ  ᠨᠢᠭᠡᠴᠢ᠎ᠨᠢ ᠲᠥᠷᠥᠯ ᠵᠦᠢ᠍ᠯ᠎ᠤᠨ ᠠᠵᠢᠯ ᠡᠬᠢᠯᠡᠭᠦᠯᠦᠭᠰᠡᠨ ᠡᠳᠦᠷ᠎ᠠᠴᠠ ᠡᠬᠢᠯᠡᠨ᠂  ᠢᠨᠵᠸᠨ᠋ᠸᠷᠢᠩ᠎ᠤᠨ ᠵᠣᠭᠣᠰᠣᠨ᠎ᠳᠤ᠎ᠬᠢ  ᠬᠥᠮᠦᠨ᠎ᠤ ᠬᠦᠴᠦᠨ᠎ᠤ ᠵᠠᠷᠤᠳᠠᠯ᠎ᠤᠨ ᠡᠵᠡᠯᠡᠬᠦ ᠬᠠᠷᠢᠴᠠᠯ ᠬᠢᠭᠡᠳ ᠢᠨᠵᠸᠨ᠋ᠸᠷᠢᠩ᠎ᠤᠨ  ᠠᠬᠢᠴᠠ ᠵᠢᠨ  ᠶᠣᠰᠣᠭ᠋ᠠᠷ  ᠰᠠᠷ᠎ᠠ ᠪᠦᠷᠢ ᠵᠢᠨ ᠡᠬᠢᠨ᠎ᠳᠤ  ᠬᠥᠮᠦᠨ᠎ᠤ  ᠬᠦᠴᠦᠨ ᠎ᠤ  ᠵᠠᠷᠤᠳᠠᠯ᠎ᠢ  ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠵᠢᠨ  ᠭᠠᠷᠭ᠋ᠠᠭᠰᠠᠨ ᠬᠦᠯᠦᠰᠦᠨ  ᠲᠠᠷᠢᠶᠠᠴᠢᠨ᠎ᠤ  ᠴᠠᠯᠢᠩ᠎ᠤᠨ ᠲᠤᠰᠬᠠᠶ ᠳᠠᠩᠰᠠᠨ  ᠡᠷᠦᠬᠡ᠎ᠳᠤ ᠴᠠᠭ ᠲᠤᠬᠠᠶ᠎ᠳᠤ᠎ᠨᠢ ᠰᠠᠯᠭ᠋ᠠᠨ  ᠥᠭᠬᠦ ᠬᠡᠷᠡᠭᠲᠡᠶ᠃ ᠪᠣᠳᠠᠲᠠᠶ ᠪᠠᠷᠢᠯᠭ᠎ᠠ ᠪᠠᠷᠢᠬᠤ᠎ᠳᠤ  ᠪᠤᠶ ᠪᠣᠯᠤᠭᠰᠠᠨ ᠬᠥᠮᠦᠨ᠎ᠤ ᠬᠦᠴᠦᠨ᠎ᠤ ᠵᠠᠷᠤᠳᠠᠯ᠎ᠤᠨ ᠦᠯᠡᠳᠡᠭᠰᠡᠨ ᠬᠡᠰᠡᠭ᠎ᠢ ᠲᠣᠭ᠋ᠠᠴᠠᠭ᠎ᠠ ᠬᠢᠭᠰᠡᠨ᠎ᠤ ᠳᠠᠷᠠᠭ᠎ᠠ ᠰᠠᠷ᠎ᠠ᠎ᠪᠠᠷ  ᠲᠣᠭ᠎ᠠ  ᠶᠣᠰᠣᠭ᠋ᠠᠷ ᠰᠠᠯᠭ᠋ᠠᠨ  ᠥᠭᠴᠦ᠂ ᠬᠥᠮᠦᠨ᠎ᠤ ᠬᠦᠴᠦᠨ᠎ᠤ ᠵᠠᠷᠤᠳᠠᠯ᠎ᠢ  ᠰᠢᠯᠵᠢᠭᠦᠯᠦᠨ  ᠥᠭᠬᠦ ᠦᠶᠡᠯᠡᠯ᠎ᠤᠨ ᠬᠤᠭᠤᠴᠠᠭ᠎ᠠ ᠵᠢ ᠨᠢᠭᠡ ᠰᠠᠷ᠎ᠠ᠎ᠠᠴᠠ ᠬᠡᠲᠦᠷᠡᠭᠦᠯᠵᠦ ᠪᠣᠯᠬᠤ ᠦᠭᠡᠶ᠃

     ᠠᠷᠪᠠᠨ ᠳᠣᠯᠣᠳᠤᠭ᠋ᠠᠷ ᠵᠤᠷᠪᠣᠰ   ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ  ᠢᠨᠵᠸᠨ᠋ᠸᠷᠢᠩ᠎ᠤᠨ  ᠲᠥᠷᠥᠯ ᠵᠦᠢ᠍ᠯ᠎ᠤᠨ ᠶᠠᠮᠤᠨ᠎ᠳᠤ  ᠬᠦᠳᠡᠯᠮᠦᠷᠢ ᠪᠠ ᠬᠦᠷᠦᠩᠭᠡ ᠵᠢᠨ  ᠲᠤᠰᠬᠠᠶ ᠬᠠᠮᠢᠶᠠᠷᠤᠭᠴᠢ ᠵᠢ  ᠲᠤᠬᠢᠷᠠᠭᠣᠯᠬᠤ ᠬᠡᠷᠡᠭᠲᠡᠢ ᠂ ᠬᠦᠳᠡᠯᠮᠦᠷᠢ ᠪᠠ ᠬᠦᠷᠦᠩᠭᠡ ᠵᠢᠨ  ᠲᠤᠰᠬᠠᠶ ᠬᠠᠮᠢᠶᠠᠷᠤᠭᠴᠢ ᠎ᠨᠢ ᠳᠣᠣᠷ᠎ᠠ ᠵᠢᠭᠰᠠᠭ᠋ᠠᠭᠰᠠᠨ ᠲᠣᠰᠢᠶᠠᠯ  ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠄

    (ᠨᠢᠭᠡ) ᠲᠠᠯᠠᠪᠣᠷ᠎ᠲᠤ  ᠤᠷᠤᠭᠰᠠᠨ  ᠬᠦᠯᠦᠰᠦᠨ  ᠲᠠᠷᠢᠶᠠᠴᠢᠨ᠎ᠤ  ᠦᠨᠡᠨ ᠨᠡᠷ᠎ᠡ ᠵᠢᠨ ᠳᠦᠷᠢᠮ᠎ᠤᠨ  ᠠᠵᠢᠯ᠎ᠳᠤ ᠭᠠᠷᠬᠤ ᠵᠢ ᠰᠢᠯᠭ᠋ᠠᠬᠤ  ᠬᠠᠮᠢᠶᠠᠷᠤᠯᠲᠠ ᠵᠢ ᠬᠠᠷᠢᠭᠤᠴᠠᠵᠤ᠂ ᠬᠦᠯᠦᠰᠦᠨ  ᠲᠠᠷᠢᠶᠠᠴᠢᠨ᠎ᠤ  ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠥᠳᠡᠯᠦᠩᠭᠦᠶ᠎ᠪᠠᠷ  ᠰᠢᠨᠡᠳᠬᠡᠨ᠎ᠡ᠂

    (ᠬᠤᠶᠠᠷ) ᠬᠤᠪᠢᠶᠠᠨ ᠳᠠᠭ᠋ᠠᠭ᠋ᠠᠴᠢᠯᠠᠭᠰᠠᠨ  ᠨᠢᠭᠡᠴᠢ ᠵᠢᠨ ᠨᠠᠶ᠋ᠢᠷᠠᠭᠤᠯᠤᠨ ᠵᠣᠬᠢᠶᠠᠭᠰᠠᠨ ᠬᠦᠯᠦᠰᠦᠨ  ᠲᠠᠷᠢᠶᠠᠴᠢᠨ  ᠦᠪᠡᠷ ᠵᠶ᠋ᠡᠨ  ᠭᠠᠷ᠎ᠤᠨ ᠦᠰᠦᠭ  ᠵᠢᠷᠤᠵᠦ  ᠨᠤᠲᠠᠯᠠᠭᠰᠠᠨ᠎ᠤ ᠳᠠᠷᠠᠭ᠋ᠠᠬᠢ ᠴᠠᠯᠢᠩ ᠥᠭᠬᠦ ᠬᠦᠰᠦᠨᠦᠭᠲᠦ ᠵᠢ ᠬᠢᠨᠠᠨ ᠬᠠᠷᠭᠤᠭᠤᠯᠬᠤ ᠵᠢᠨ ᠬᠠᠮᠲᠤ ᠲᠡᠭᠦᠨ᠎ᠢ  ᠬᠦᠯᠦᠰᠦᠨ  ᠲᠠᠷᠢᠶᠠᠴᠢᠨ᠎ᠤ  ᠴᠠᠯᠢᠩ  ᠥᠭᠬᠦ ᠵᠢ ᠬᠢᠨᠠᠨ ᠡᠵᠡᠮᠳᠡᠵᠦ  ᠣᠷᠢᠳᠴᠢᠯᠠᠨ  ᠰᠡᠷᠡᠮᠵᠢᠯᠡᠭᠦᠯᠬᠦ ᠲᠠᠪᠴᠠᠩ᠎ᠳᠤ ᠳᠡᠭᠡᠭᠰᠢ  ᠳᠠᠮᠵᠢᠭᠣᠯᠣᠨ᠎ᠠ᠂

    (ᠭᠤᠷᠪᠠ)   ᠬᠦᠯᠦᠰᠦᠨ  ᠲᠠᠷᠢᠶᠠᠴᠢᠨ᠎ᠤ  ᠴᠠᠯᠢᠩ᠎ᠢ ᠥᠭᠬᠦ ᠵᠢ ᠬᠢᠨᠠᠨ ᠡᠵᠡᠮᠳᠡᠵᠦ  ᠣᠷᠢᠳᠴᠢᠯᠠᠨ  ᠰᠡᠷᠡᠮᠵᠢᠯᠡᠭᠦᠯᠬᠦ ᠲᠠᠪᠴᠠᠩ᠎ᠤᠨ  ᠣᠴᠢᠳᠴᠢᠯᠠᠨ  ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠰᠢᠢ᠍ᠳᠪᠦᠷᠢᠯᠡᠵᠦ ᠂ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠠᠵᠢᠯ ᠲᠥᠷᠥᠯ᠎ᠤᠨ  ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ  ᠬᠦᠯᠦᠰᠦᠨ  ᠲᠠᠷᠢᠶᠠᠴᠢᠨ᠎ᠤ  ᠴᠠᠯᠢᠩ ᠥᠷᠢᠲᠦᠵᠦ  ᠣᠳᠠᠭ᠋ᠠᠰᠢᠷᠠᠭᠣᠯᠣᠭᠰᠠᠨ  ᠪᠠᠶ᠋ᠢᠳᠠᠯ᠎ᠢ ᠮᠡᠳᠡᠭᠦᠯᠦᠨ᠎ᠡ ᠃

    (ᠲᠦᠷᠪᠡ ) ᠬᠤᠪᠢᠶᠠᠨ ᠳᠠᠭ᠋ᠠᠭ᠋ᠠᠴᠢᠯᠠᠭᠰᠠᠨ  ᠨᠢᠭᠡᠴᠢ ᠵᠢᠨ ᠬᠥᠳᠡᠯᠮᠦᠷᠢ ᠬᠦᠴᠦᠨ  ᠬᠡᠷᠡᠭᠯᠡᠬᠦ ᠪᠠ ᠬᠥᠳᠡᠯᠮᠦᠷᠢ ᠵᠢᠨ ᠭᠡᠷ᠎ᠡ ᠲᠣᠭᠲᠠᠬᠤ ᠵᠡᠷᠭᠡ᠎ᠳᠤ ᠬᠢᠨᠠᠯᠲᠠ  ᠬᠠᠮᠢᠶᠠᠷᠣᠯᠲᠠ ᠵᠢ ᠬᠡᠷᠡᠭᠵᠢᠭᠦᠯᠵᠦ᠂ ᠪᠠᠷᠢᠯᠭ᠎ᠠ ᠵᠢᠨ ᠲᠤᠬᠠᠶ ᠵᠢᠨ ᠭᠠᠵᠠᠷ᠎ᠤᠨ ᠠᠵᠢᠯᠴᠢᠨ ᠬᠡᠷᠡᠭᠯᠡᠬᠦ᠂ ᠠᠵᠢᠯ᠎ᠳᠤ  ᠭᠠᠷᠬᠤ ᠵᠢ ᠲᠡᠮᠳᠡᠭᠯᠡᠬᠦ᠂ ᠴᠠᠯᠢᠩ ᠥᠭᠬᠦ ᠵᠡᠷᠭᠡ ᠪᠠᠶ᠋ᠢᠳᠠᠯ᠎ᠢ ᠡᠵᠡᠮᠰᠢᠨ᠎ᠡ᠃

     ᠠᠷᠪᠠᠨ  ᠨᠠᠢ᠍ᠮᠠᠳᠤᠭ᠋ᠠᠷ  ᠵᠤᠷᠪᠣᠰ   ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ  ᠢᠨᠵᠸᠨ᠋ᠸᠷᠢᠩ᠎ᠤᠨ  ᠪᠠᠷᠢᠯᠭ᠎ᠠ ᠪᠠᠷᠢᠬᠤ ᠵᠥᠪᠰᠢᠶᠡᠷᠡᠯ᠎ᠢ  ᠣᠯᠤᠭᠰᠠᠨ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠵᠢ ᠵᠥᠪᠰᠢᠶᠡᠷᠡᠭᠰᠡᠨ ᠡᠳᠦᠷ᠎ᠠᠴᠠ ᠡᠬᠢᠯᠡᠨ ᠬᠣᠷᠢᠨ ᠡᠳᠦᠷ᠎ᠤᠨ ᠳᠣᠲᠣᠷ᠎ᠠ᠂ ᠲᠥᠷᠥᠯ ᠵᠦᠢ᠍ᠯ᠎ᠤᠨ  ᠢᠨᠵᠸᠨ᠋ᠸᠷᠢᠩ᠎ᠤᠨ  ᠪᠠᠶ᠋ᠢᠭ᠎ᠠ ᠭᠠᠵᠠᠷ᠎ᠲᠤ ᠴᠠᠯᠢᠩ᠎ᠤᠨ ᠪᠠᠲᠤᠯᠠᠭ᠎ᠠ ᠵᠢᠨ  ᠮᠥᠩᠭᠥ ᠵᠢ  ᠬᠠᠤᠯᠢ ᠶᠣᠰᠣᠭ᠋ᠠᠷ ᠬᠠᠳᠠᠭ᠋ᠠᠯᠠᠵᠤ᠂  ᠳᠠᠭ᠋ᠠᠭ᠋ᠠᠴᠢᠯᠠᠭᠰᠠᠨ  ᠢᠨᠵᠸᠨ᠋ᠸᠷᠢᠩ᠎ᠲᠤ  ᠬᠥᠳᠡᠯᠮᠦᠷᠢ ᠬᠠᠩᠭ᠋ᠠᠭᠰᠠᠨ  ᠬᠦᠯᠦᠰᠦᠨ  ᠲᠠᠷᠢᠶᠠᠴᠢᠨ᠎ᠤ ᠥᠷᠢᠲᠦᠭᠳᠡᠵᠦ  ᠣᠳᠠᠭ᠋ᠠᠰᠢᠷᠠᠭᠣᠯᠣᠭᠳᠠᠭᠰᠠᠨ  ᠴᠠᠯᠢᠩ᠎ᠢ ᠥᠭᠬᠦ᠎ᠳᠤ ᠲᠤᠰᠬᠠᠶ ᠬᠡᠷᠡᠭᠯᠡᠬᠦ ᠬᠡᠷᠡᠭᠲᠡᠶ᠃ ᠴᠠᠯᠢᠩ᠎ᠤᠨ   ᠪᠠᠲᠣᠯᠠᠭ᠎ᠠ ᠵᠢᠨ ᠮᠥᠩᠭᠦ ᠵᠢ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ  ᠪᠠᠲᠣᠯᠠᠭ᠎ᠠ ᠵᠢᠨ ᠪᠢᠴᠢᠭ  ᠪᠤᠶᠤ ᠳᠠᠭ᠋ᠠᠳᠬᠠᠯ᠎ᠤᠨ ᠺᠣᠮᠫᠠᠨᠢ ᠵᠢᠨ ᠳᠠᠭ᠋ᠠᠳᠬᠠᠯ᠎ᠤᠨ ᠬᠠᠭᠤᠳᠠᠰᠤ ᠵᠡᠷᠭᠡ ᠬᠡᠯᠪᠡᠷᠢ᠎ᠪᠠᠷ ᠣᠷᠣᠯᠠᠭᠤᠯᠵᠤ ᠪᠣᠯᠣᠨ᠎ᠠ᠂ ᠪᠠᠲᠣᠯᠠᠭ᠎ᠠ ᠵᠢᠨ ᠪᠢᠴᠢᠭ᠂ ᠳᠠᠭ᠋ᠠᠳᠬᠠᠯ᠎ᠤᠨ ᠬᠠᠭᠤᠳᠠᠰᠤ ᠵᠢᠨ ᠰᠢᠨᠵᠢ ᠴᠢᠨᠠᠷ᠎ᠨᠢ ᠬᠦᠴᠦᠨ ᠦᠭᠡᠢ  ᠪᠣᠯᠭ᠋ᠠᠵᠦ ᠪᠣᠯᠬᠣ ᠦᠭᠡᠢ ᠬᠡᠳᠦᠢ᠎ᠳᠤ ᠠᠪᠣᠨ᠎ᠠ ᠭᠡᠪᠡᠯ  ᠳᠠᠷᠤᠶ᠋ᠢᠬᠠᠨ  ᠲᠦᠯᠦᠵᠦ ᠦᠭᠬᠦᠨ᠎ᠡ ᠃

     ᠬᠠᠣᠯᠢ ᠶᠣᠰᠣᠭ᠋ᠠᠷ ᠪᠠᠷᠢᠯᠭ᠎ᠠ ᠵᠢᠨ ᠠᠵᠢᠯ᠎ᠤᠨ ᠵᠦᠪᠰᠢᠶᠡᠷᠡᠯ  ᠪᠤᠶᠤ ᠠᠵᠢᠯ ᠡᠬᠢᠯᠡᠭᠦᠯᠬᠦ ᠮᠡᠳᠡᠭᠦᠯᠦᠯᠲᠡ  ᠵᠢ  ᠵᠦᠪᠰᠢᠶᠡᠷᠡᠭᠦᠯᠬᠦ ᠵᠢ ᠭᠦᠢ᠍ᠴᠡᠳᠬᠡᠬᠦ ᠴᠢᠬᠣᠯᠠ ᠦᠭᠡᠢ ᠢᠨᠵᠸᠨ᠋ᠸᠷᠢᠩ᠎ᠲᠤ  ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ  ᠢᠨᠵᠸᠨ᠋ᠸᠷᠢᠩ᠎ᠤᠨ  ᠪᠠᠷᠢᠯᠭ᠎ᠠ ᠪᠠᠷᠢᠬᠤ ᠭᠡᠷ᠎ᠡ ᠲᠣᠭᠲᠠᠭᠰᠠᠨ ᠡᠳᠦᠷ᠎ᠠᠴᠠ ᠡᠬᠢᠯᠡᠨ ᠬᠣᠷᠢᠨ ᠡᠳᠦᠷ᠎ᠤᠨ ᠳᠣᠲᠣᠷ᠎ᠠ ᠡᠮᠦᠨᠡᠬᠢ  ᠪᠠᠳᠠᠭ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃

     ᠠᠷᠪᠠ ᠶᠢᠰᠦᠳᠦᠭᠡᠷ ᠵᠤᠷᠪᠣᠰ   ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ  ᠪᠠᠷᠢᠯᠭ᠎ᠠ ᠵᠢᠨ ᠠᠵᠢᠯ᠎ᠤᠨ  ᠲᠤᠬᠠᠶ ᠵᠢᠨ  ᠲᠠᠯᠠᠪᠣᠷ᠎ᠤᠨ  ᠢᠯᠡ ᠭᠠᠵᠠᠷ᠎ᠲᠤ ᠡᠷᠬᠡ᠎ᠪᠠᠨ ᠬᠠᠮᠠᠭ᠋ᠠᠯᠠᠬᠤ ᠮᠡᠳᠡᠭᠡ ᠵᠠᠩᠭᠢ ᠵᠢᠨ ᠵᠠᠷᠯᠠᠯ᠎ᠤᠨ ᠫᠠᠶ᠋ᠢᠰᠠ ᠭᠠᠷᠭ᠋ᠠᠵᠤ᠂  ᠳᠣᠣᠷ᠎ᠠ ᠵᠢᠭᠰᠠᠭ᠋ᠠᠭᠳᠠᠭᠰᠠᠨ ᠵᠦᠢ᠍ᠯᠡᠰ᠎ᠢ  ᠲᠣᠳᠣᠷᠬᠠᠶ᠋ᠢᠯᠠᠬᠤ ᠬᠡᠷᠡᠭᠲᠡᠶ᠄

    (ᠨᠢᠭᠡ)  ᠪᠦᠲᠦᠭᠡᠨ ᠪᠠᠢ᠌ᠭᠣᠯᠣᠯᠲᠠ ᠵᠢᠨ ᠨᠢᠭᠡᠴᠢ ᠂ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ  ᠵᠢᠴᠢ ᠪᠠᠶ᠋ᠢᠭ᠎ᠠ ᠲᠥᠷᠥᠯ ᠵᠦᠢ᠍ᠯ᠎ᠤᠨ ᠬᠡᠯᠲᠡᠰ᠂ ᠬᠤᠪᠢᠶᠠᠨ  ᠳᠠᠭ᠋ᠠᠭ᠋ᠠᠴᠢᠯᠠᠭᠰᠠᠨ  ᠨᠢᠭᠡᠴᠢ ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠸᠨ᠋ᠸᠷᠢᠩ᠎ᠤᠨ ᠪᠦᠲᠦᠭᠡᠨ  ᠪᠠᠶ᠋ᠢᠭᠤᠯᠤᠯᠲᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠦᠳᠡᠯᠮᠦᠷᠢ ᠪᠠ ᠬᠦᠷᠦᠩᠭᠡ ᠵᠢᠨ  ᠲᠤᠰᠬᠠᠶ ᠬᠠᠮᠢᠶᠠᠷᠤᠭᠴᠢ ᠵᠡᠷᠭᠡ ᠦᠨᠳᠦᠰᠦᠨ ᠮᠡᠳᠡᠭᠡ ᠵᠠᠩᠭᠢ ᠂

    (ᠬᠤᠶᠠᠷ) ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠢᠯ ᠲᠥᠷᠥᠯ᠎ᠤᠨ ᠢᠨᠵᠸᠨ᠋ᠸᠷᠢᠩ᠎ᠤᠨ  ᠪᠥᠲᠥᠭᠡᠨ  ᠪᠠᠶ᠋ᠢᠭᠤᠯᠤᠯᠲᠠ ᠵᠢᠨ  ᠭᠤᠤᠯᠴᠢᠯᠠᠨ  ᠬᠠᠮᠢᠶᠠᠷᠬᠤ ᠰᠠᠯᠠᠭ᠎ᠠ ᠮᠥᠴᠢᠷ᠎ᠠᠴᠠ  ᠠᠵᠢᠯᠲᠠᠨ᠎ᠤ ᠦᠨᠳᠦᠰᠦᠨ ᠮᠡᠳᠡᠭᠡ ᠵᠠᠩᠭᠢ ᠵᠢ ᠪᠠᠢ᠌ᠴᠠᠭ᠋ᠠᠬᠤ᠂

    (ᠭᠤᠷᠪᠠ) ᠲᠤᠬᠠᠶ ᠵᠢᠨ ᠭᠠᠵᠠᠷ᠎ᠤᠨ ᠨᠠᠭ᠋ᠠᠳᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠂ ᠴᠠᠯᠢᠩ  ᠦᠭᠬᠦ  ᠡᠳᠦᠷ ᠬᠤᠭᠤᠴᠠᠭ᠎ᠠ ᠵᠡᠷᠭᠡ ᠦᠨᠳᠦᠰᠦᠨ ᠮᠡᠳᠡᠭᠡ ᠵᠠᠩᠭᠢ ᠂

    (ᠲᠦᠷᠪᠡ) ᠬᠠᠮᠢᠶ᠎ᠠ ᠪᠥᠬᠦᠶ ᠠᠵᠢᠯ ᠲᠥᠷᠥᠯ᠎ᠤᠨ ᠢᠨᠵᠸᠨ᠋ᠸᠷᠢᠩ᠎ᠤᠨ  ᠪᠥᠲᠥᠭᠡᠨ ᠪᠠᠶ᠋ᠢᠭᠤᠯᠤᠯᠲᠠ ᠵᠢᠨ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠯᠲᠠ ᠵᠢᠨ ᠢᠯᠡᠴᠢᠯᠡᠨ ᠮᠡᠳᠡᠭᠦᠯᠬᠦ ᠤᠲᠠᠰᠤ᠂ ᠴᠠᠯᠢᠩ ᠥᠷᠢᠲᠦᠬᠦ ᠵᠠᠭ᠋ᠠᠯᠳᠤᠯᠭ᠎ᠠ ᠵᠢᠨ ᠬᠤᠶᠠᠷ ᠬᠡᠮᠵᠢᠯᠳᠦ ᠺᠣᠳ᠋᠂ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠬᠦ ᠪᠠ  ᠬᠥᠨᠳᠡᠯᠡᠨ᠎ᠠᠴᠠ ᠲᠠᠰᠤᠯᠬᠤ ᠵᠢ  ᠭᠤᠶᠤᠴᠢᠯᠠᠬᠤ ᠠᠷᠭ᠎ᠠ ᠵᠠᠮ᠂ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ᠂ ᠣᠯᠠᠨ ᠨᠡᠶ᠋ᠢᠲᠡ ᠵᠢᠨ ᠬᠠᠤᠯᠢ  ᠴᠠᠭ᠋ᠠᠵᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠡᠷᠭᠡ᠃

     ᠬᠣᠷᠢᠳᠤᠭ᠋ᠠᠷ ᠵᠤᠷᠪᠣᠰ   ᠪᠦᠲᠦᠭᠡᠨ ᠪᠠᠢ᠌ᠭᠣᠯᠣᠯᠲᠠ ᠵᠢᠨ ᠨᠢᠭᠡᠴᠢ ᠪᠣᠯᠣᠨ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ  ᠪᠤᠶᠤ ᠳᠠᠭ᠋ᠠᠭ᠋ᠠᠴᠢᠯᠠᠭᠰᠠᠨ  ᠨᠢᠭᠡᠴᠢ ᠪᠣᠯᠣᠨ ᠬᠣᠪᠢᠶᠠᠨ ᠳᠠᠭ᠋ᠠᠭ᠋ᠠᠴᠢᠯᠠᠭᠰᠠᠨ ᠨᠢᠭᠡᠴᠢ᠎ᠨᠢ ᠢᠨᠵᠸᠨ᠋ᠸᠷᠢᠩ᠎ᠤᠨ  ᠲᠣᠭ᠎ᠠ ᠬᠡᠮᠵᠢᠶ᠎ᠡ᠂ ᠶᠠᠰᠤ ᠴᠢᠨᠠᠷ᠂  ᠪᠠᠶ᠋ᠢᠭᠤᠯᠤᠭᠰᠠᠨ ᠦᠨ᠎ᠡ ᠵᠡᠷᠭᠡ᠎ᠠᠴᠠ ᠪᠣᠯᠵᠤ ᠮᠠᠷᠭᠤᠯᠳᠤᠭ᠋ᠠᠨ  ᠡᠭᠦᠰᠦᠭᠰᠡᠨ ᠪᠠᠢ᠌ᠪᠠᠯ ᠪᠦᠲᠦᠭᠡᠨ ᠪᠠᠢ᠌ᠭᠣᠯᠣᠯᠲᠠ ᠵᠢᠨ ᠨᠢᠭᠡᠴᠢ᠎ᠨᠢ ᠮᠠᠷᠭᠤᠯᠳᠤᠭ᠋ᠠᠨ᠎ᠠᠴᠠ ᠪᠣᠯᠵᠤ  ᠢᠨᠵᠸᠨ᠋ᠸᠷᠢᠩ᠎ᠤᠨ ᠵᠣᠭᠣᠰ᠎ᠤᠨ ᠳᠣᠮᠳᠠᠬᠢ ᠬᠦᠮᠦᠨ᠎ᠤ ᠬᠦᠴᠦᠨ᠎ᠤ ᠵᠠᠷᠣᠳᠠᠯ᠎ᠢ ᠲᠡᠪᠴᠢᠵᠦ ᠂ ᠰᠠᠯᠭ᠋ᠠᠨ ᠦᠭᠬᠦ ᠵᠢ ᠪᠠᠭ᠋ᠠᠰᠬᠠᠵᠦ ᠬᠣᠶ᠋ᠢᠰᠢᠯᠠᠭᠤᠯᠵᠤ  ᠪᠣᠯᠬᠣ ᠦᠭᠡᠢ ᠂ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠴᠤ᠌ ᠮᠠᠷᠭᠤᠭ᠋ᠠᠨ᠎ᠠᠴᠠ ᠪᠣᠯᠵᠤ  ᠬᠦᠯᠦᠰᠦᠨ  ᠲᠠᠷᠢᠶᠠᠴᠢᠨ᠎ᠤ  ᠴᠠᠯᠢᠩ᠎ᠢ ᠣᠷᠣᠯᠠᠨ ᠥᠭᠬᠦ ᠵᠢ  ᠲᠡᠪᠴᠢᠵᠦ᠂ ᠬᠣᠶ᠋ᠢᠰᠢᠯᠠᠭᠤᠯᠵᠤ ᠪᠣᠯᠬᠤ ᠦᠭᠡᠶ᠃

     ᠬᠣᠷᠢᠨ ᠨᠢᠭᠡᠳᠦᠭᠡᠷ ᠵᠤᠷᠪᠣᠰ   ᠪᠦᠲᠦᠭᠡᠨ ᠪᠠᠢ᠌ᠭᠣᠯᠣᠯᠲᠠ ᠵᠢᠨ ᠨᠢᠭᠡᠴᠢ᠎ᠨᠢ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠵᠢᠨ  ᠬᠦᠯᠦᠰᠦᠨ  ᠲᠠᠷᠢᠶᠠᠴᠢᠨ᠎ᠤ  ᠴᠠᠯᠢᠩ᠎ᠢ ᠴᠠᠭ  ᠲᠤᠬᠠᠢ᠎ᠳᠤ᠎ᠨᠢ ᠲᠣᠭ᠎ᠠ  ᠶᠣᠰᠣᠭ᠋ᠠᠷ ᠥᠭᠬᠦ᠎ᠳᠤ ᠬᠢᠨᠠᠯᠲᠠ ᠲᠠᠯᠪᠢᠬᠣ ᠬᠠᠷᠢᠭᠣᠴᠠᠯᠭ᠎ᠠ ᠵᠢ ᠡᠭᠦᠷᠭᠡᠯᠡᠨ᠎ᠡ᠃  ᠪᠦᠲᠦᠭᠡᠨ ᠪᠠᠢ᠌ᠭᠣᠯᠣᠯᠲᠠ ᠵᠢᠨ ᠨᠢᠭᠡᠴᠢ᠎ᠨᠢ  ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ  ᠢᠨᠵᠸᠨ᠋ᠸᠷᠢᠩ᠎ᠤᠨ ᠵᠣᠭᠣᠰ᠎ᠢ ᠴᠠᠭ ᠲᠤᠬᠠᠶ᠎ᠳᠤ᠎ᠨᠢ  ᠰᠠᠯᠭ᠋ᠠᠨ ᠥᠭᠭᠦᠭᠰᠡᠨ ᠦᠭᠡᠶ᠎ᠠᠴᠠ ᠪᠣᠯᠵᠤ  ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ ᠪᠠᠢ᠌ᠪᠠᠯ᠂  ᠳ᠋ᠦᠩᠨᠡᠨ  ᠪᠣᠳᠣᠭ᠋ᠠᠳᠤᠶ ᠢᠨᠵᠸᠨ᠋ᠸᠷᠢᠩ᠎ᠤᠨ  ᠵᠣᠭᠣᠰ ᠵᠶ᠋ᠠᠷ ᠬᠢᠵᠠᠭ᠋ᠠᠷ ᠪᠣᠯᠭ᠋ᠠᠵᠤ ᠥᠷᠢᠲᠦᠵᠦ ᠪᠠᠶ᠋ᠢᠭ᠎ᠠ  ᠬᠦᠯᠦᠰᠦᠨ  ᠲᠠᠷᠢᠶᠠᠴᠢᠨ᠎ᠤ  ᠴᠠᠯᠢᠩ᠎ᠢ  ᠤᠷᠢᠳ ᠵᠶ᠋ᠠᠷ  ᠣᠷᠣᠯᠠᠨ ᠥᠭᠬᠦ ᠬᠡᠷᠡᠭᠲᠡᠶ᠃

     ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ᠎ᠨᠢ ᠳᠠᠭ᠋ᠠᠭ᠋ᠠᠴᠢᠯᠠᠭᠰᠠᠨ ᠢᠨᠵᠸᠨ᠋ᠸᠷᠢᠩ᠎ᠤᠨ  ᠲᠦᠷᠦᠯ ᠵᠦᠢ᠍ᠯ᠎ᠤᠨ  ᠬᠦᠯᠦᠰᠦᠨ  ᠲᠠᠷᠢᠶᠠᠴᠢᠨ᠎ᠤ  ᠴᠠᠯᠢᠩ᠎ᠢ ᠥᠭᠬᠦ ᠶᠡᠷᠦᠩᠬᠡᠢ ᠬᠠᠷᠢᠭᠤᠴᠠᠯᠭ᠎ᠠ ᠵᠢ  ᠡᠭᠦᠷᠭᠡᠯᠡᠵᠦ᠂ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ ᠵᠢᠨ ᠬᠥᠳᠡᠯᠮᠦᠷᠢ ᠬᠦᠴᠦᠨ᠎ᠢ  ᠬᠡᠷᠡᠭᠯᠡᠬᠦ᠂ ᠴᠠᠯᠢᠩ  ᠦᠭᠬᠦ ᠂ ᠴᠠᠯᠢᠩ᠎ᠢ ᠲᠥᠯᠥᠵᠦ ᠳᠠᠭᠤᠰᠬᠠᠬᠤ ᠵᠡᠷᠭᠡ  ᠪᠠᠶ᠋ᠢᠳᠠᠯ᠎ᠳᠤ ᠪᠦᠬᠦ ᠶᠠᠪᠤᠴᠠ᠎ᠳᠤ ᠬᠢᠨᠠᠯᠲᠠ ᠲᠠᠯᠪᠢᠨ᠎ᠠ᠃

     ᠬᠤᠪᠢᠶᠠᠨ  ᠳᠠᠭ᠋ᠠᠭ᠋ᠠᠴᠢᠯᠠᠭᠰᠠᠨ  ᠨᠢᠭᠡᠴᠢ᠎ᠨᠢ ᠡᠯᠰᠡᠨ ᠬᠡᠷᠡᠭᠯᠡᠭᠰᠡᠨ  ᠬᠦᠯᠦᠰᠦᠨ ᠲᠠᠷᠢᠶᠠᠴᠢᠳ᠎ᠤ  ᠦᠨᠡᠨ ᠨᠡᠷ᠎ᠡ ᠵᠢᠨ  ᠳᠦᠷᠢᠮ᠎ᠤᠨ ᠬᠠᠮᠢᠶᠠᠷᠤᠯᠲᠠ ᠪᠣᠯᠤᠨ ᠴᠠᠯᠢᠩ ᠥᠭᠬᠦ᠎ᠳᠤ ᠰᠢᠭᠤᠳ ᠬᠠᠷᠢᠭᠤᠴᠠᠯᠭ᠎ᠠ  ᠡᠭᠦᠷᠭᠡᠯᠡᠨ᠎ᠡ ᠃ ᠬᠤᠪᠢᠶᠠᠨ ᠳᠠᠭ᠋ᠠᠭ᠋ᠠᠴᠢᠯᠠᠭᠰᠠᠨ  ᠨᠢᠭᠡᠴᠢ᠎ᠨᠢ  ᠬᠦᠯᠦᠰᠦᠨ  ᠲᠠᠷᠢᠶᠠᠴᠢᠨ᠎ᠤ ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ  ᠪᠠᠶ᠋ᠢᠪᠠᠯ᠂ ᠬᠠᠤᠯᠢ ᠶᠣᠰᠣᠭ᠋ᠠᠷ ᠲᠥᠯᠥᠵᠦ ᠳᠠᠭᠤᠰᠬᠠᠬᠤ ᠬᠡᠷᠡᠭᠲᠡᠶ ᠂  ᠬᠤᠪᠢᠶᠠᠨ ᠳᠠᠭ᠋ᠠᠭ᠋ᠠᠴᠢᠯᠠᠭᠰᠠᠨ  ᠨᠢᠭᠡᠴᠢ᠎ᠨᠢ ᠲᠥᠯᠥᠵᠦ ᠳᠠᠭᠤᠰᠬᠠᠬᠤ ᠦᠭᠡᠶ ᠪᠣᠯ ᠪᠠᠷᠢᠯᠭ᠎ᠠ ᠵᠢᠨ  ᠠᠵᠢᠯ᠎ᠢ  ᠶᠡᠷᠦᠩᠬᠡᠶ ᠳᠠᠭ᠋ᠠᠭ᠋ᠠᠴᠢᠯᠠᠭᠰᠠᠨ  ᠨᠢᠭᠡᠴᠢ᠎ᠨᠢ ᠤᠷᠢᠳ ᠵᠶ᠋ᠠᠷ ᠲᠥᠯᠥᠵᠦ  ᠳᠠᠭᠣᠰᠬᠠᠭᠰᠠᠨ᠎ᠤ ᠳᠠᠷᠠᠭ᠎ᠠ  ᠬᠠᠤᠯᠢ ᠶᠣᠰᠣᠭ᠋ᠠᠷ ᠨᠡᠬᠡᠮᠵᠢᠯᠡᠨ  ᠲᠦᠯᠦᠭᠦᠯᠦᠨ᠎ᠡ ᠃

     ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠯᠵᠢᠭᠦᠯᠦᠨ  ᠳᠠᠭ᠋ᠠᠭ᠋ᠠᠴᠢᠯᠠᠭᠤᠯᠤᠭᠰᠠᠨ᠎ᠠᠴᠠ  ᠪᠣᠯᠵᠤ  ᠬᠦᠯᠦᠰᠦᠨ ᠲᠠᠷᠢᠶᠠᠴᠢᠨ᠎ᠤ  ᠴᠠᠯᠢᠩ᠎ᠢ  ᠥᠷᠢᠲᠦᠵᠦ  ᠣᠳᠠᠭ᠋ᠠᠰᠢᠷᠠᠭᠣᠯᠣᠭᠰᠠᠨ ᠪᠠᠶ᠋ᠢᠪᠠᠯ  ᠪᠠᠷᠢᠯᠭ᠎ᠠ ᠵᠢᠨ  ᠠᠵᠢᠯ᠎ᠢ  ᠶᠡᠷᠦᠩᠬᠡᠶ ᠳᠠᠭ᠋ᠠᠭ᠋ᠠᠴᠢᠯᠠᠭᠰᠠᠨ  ᠨᠢᠭᠡᠴᠢ᠎ᠨᠢ  ᠤᠷᠢᠳ ᠵᠶ᠋ᠠᠷ  ᠲᠥᠯᠥᠵᠦ ᠳᠠᠭᠤᠰᠭ᠋ᠠᠭᠰᠠᠨ᠎ᠤ ᠳᠠᠷᠠᠭ᠎ᠠ ᠬᠠᠤᠯᠢ ᠶᠣᠰᠣᠭ᠋ᠠᠷ ᠨᠡᠬᠡᠮᠵᠢᠯᠡᠨ  ᠲᠦᠯᠦᠭᠦᠯᠦᠨ᠎ᠡ ᠃

     ᠭᠤᠷᠪᠠᠳᠤᠭ᠋ᠠᠷ ᠪᠦᠯᠦᠭ   ᠪᠠᠲᠤᠯᠠᠭ᠎ᠠ ᠵᠢᠨ ᠠᠷᠭ᠎ᠠ ᠬᠡᠮᠵᠢᠶ᠎ᠡ

     ᠬᠣᠷᠢᠨ ᠬᠣᠶᠠᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠤ ᠠᠷᠠᠳ᠎ᠤᠨ  ᠵᠠᠰᠠᠭ᠎ᠤᠨ ᠣᠷᠳᠣᠨ᠎ᠤ  ᠭᠣᠤᠯ  ᠬᠠᠷᠢᠭᠤᠴᠠᠯᠭ᠋ᠠᠲᠠᠨ  ᠪᠣᠯ  ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ  ᠳᠣᠲᠣᠷᠠᠬᠢ  ᠬᠦᠯᠦᠰᠦᠨ  ᠲᠠᠷᠢᠶᠠᠴᠢᠨ᠎ᠤ ᠴᠠᠯᠢᠩ᠎ᠢ  ᠦᠭᠬᠦ ᠵᠢ ᠪᠠᠲᠤᠯᠠᠬᠤ ᠠᠵᠢᠯ᠎ᠤᠨ ᠨᠢᠭᠡᠳᠦᠭᠡᠷ  ᠬᠠᠷᠢᠭᠣᠴᠠᠯᠭ᠋ᠠᠲᠠᠨ  ᠪᠣᠯᠤᠨ᠎ᠠ᠃

     ᠬᠣᠰᠢᠭᠤ  ᠰᠢᠶᠠᠨ᠎ᠤ  ᠱᠠᠲᠤᠨ᠎ᠠᠴᠠ  ᠳᠡᠭᠡᠭᠰᠢᠬᠢ  ᠠᠷᠠᠳ᠎ᠤᠨ  ᠵᠠᠰᠠᠭ ᠎ᠤᠨ ᠣᠷᠳᠣᠨ᠎ᠨᠤᠭᠤᠳ  ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ  ᠭᠦᠢ᠍ᠴᠡᠳᠬᠡᠵᠦ ᠂  ᠰᠢᠮᠳᠠᠭᠤᠯᠤᠨ  ᠪᠠᠶ᠋ᠢᠴᠠᠭ᠋ᠠᠬᠤ  ᠪᠠ  ᠲᠣᠭᠲᠠᠮᠠᠯ ᠬᠤᠭᠤᠴᠠᠭ᠎ᠠ᠎ᠲᠠᠢ᠎ᠪᠠᠷ  ᠨᠡᠪᠲᠡᠷᠡᠭᠦᠯᠬᠦ ᠳᠦᠷᠢᠮ  ᠪᠠᠶ᠋ᠢᠭᠤᠯᠤᠨ᠂  ᠬᠦᠯᠦᠰᠦᠨ  ᠲᠠᠷᠢᠶᠠᠴᠢᠨ᠎ᠤ ᠴᠠᠯᠢᠩ᠎ᠢ ᠦᠷᠢᠲᠦᠭᠰᠡᠨ᠎ᠠᠴᠠ ᠪᠣᠯᠵᠤ ᠡᠭᠦᠰᠦᠭᠰᠡᠨ ᠭᠡᠨᠡᠳᠲᠡ ᠵᠢᠨ ᠴᠢᠨᠠᠷᠲᠠᠶ᠂  ᠬᠠᠮᠲᠣᠯᠢᠭ᠎ᠤᠨ ᠴᠢᠨᠠᠷᠲᠠᠶ ᠬᠡᠷᠡᠭ᠎ᠢ ᠰᠡᠷᠭᠡᠶ᠋ᠢᠯᠡᠬᠦ ᠪᠠ  ᠰᠢᠢ᠍ᠳᠪᠦᠷᠢᠯᠡᠵᠦ ᠂ ᠳᠣᠤᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ  ᠬᠦᠯᠦᠰᠦᠨ  ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠰᠢᠮᠳᠠᠭᠤᠯᠤᠨ ᠵᠢᠯᠣᠭᠣᠳᠬᠤ᠎ᠪᠠᠨ ᠴᠢᠩᠭ᠋ᠠᠳᠬᠠᠵᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠢᠶᠠᠨ  ᠰᠢᠢ᠍ᠳᠪᠦᠷᠢᠯᠡᠭᠦᠯᠦᠭᠰᠡᠨ  ᠬᠣᠯᠪᠣᠭᠳᠠᠯ ᠪᠦᠬᠦᠢ ᠬᠡᠷᠡᠭ᠎ᠢ ᠰᠢᠮᠳᠠᠭᠤᠯᠤᠨ  ᠰᠢᠢ᠍ᠳᠪᠦᠷᠢᠯᠡᠨ᠎ᠡ ᠃

     ᠬᠣᠷᠢᠨ ᠭᠤᠷᠪᠠᠳᠤᠭ᠋ᠠᠷ ᠵᠤᠷᠪᠣᠰ   ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ ᠂  ᠤᠯᠤᠰ᠎ᠤᠨ  ᠥᠮᠴᠢᠯᠡᠯᠲᠦ  ᠠᠵᠤ  ᠠᠬᠤᠶ᠋ᠢᠯᠠᠯ᠎ᠤᠨ  ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ᠂ ᠲᠥᠷᠥᠯ ᠵᠦᠢ᠍ᠯ᠎ᠤᠨ ᠪᠡᠯᠡ ᠮᠥᠩᠭᠥ ᠵᠢ ᠨᠠᠶ᠋ᠢᠳᠠᠪᠤᠷᠢᠵᠢᠭᠤᠯᠬᠤ ᠬᠡᠷᠡᠭᠲᠡᠶ᠂ ᠪᠠᠷᠢᠯᠭ᠎ᠠ ᠪᠠᠷᠢᠬᠤ  ᠨᠢᠭᠡᠴᠢ᠎ᠠᠴᠠ ᠪᠡᠯᠡ  ᠮᠦᠩᠬᠦ ᠵᠢ ᠣᠷᠣᠯᠠᠨ  ᠪᠦᠲᠦᠭᠡᠨ ᠪᠠᠶ᠋ᠢᠭᠤᠯᠵᠤ ᠪᠣᠯᠬᠤ ᠦᠭᠡᠶ᠂ ᠵᠠᠰᠠᠭ᠎ᠤᠨ ᠣᠷᠳᠣᠨ᠎ᠤ ᠨᠢᠭᠤᠭᠳᠠᠮᠠᠯ ᠥᠷᠢ ᠥᠭᠴᠡᠭᠡ ᠵᠢ ᠨᠡᠮᠡᠭᠳᠡᠭᠦᠯᠵᠦ ᠪᠣᠯᠬᠤ ᠦᠭᠡᠶ᠂ ᠪᠡᠯᠡ ᠣᠷᠣᠭᠤᠯᠤᠯᠲᠠ ᠵᠢᠨ ᠲᠣᠶ᠋ᠢᠮᠣ ᠲᠥᠰᠦᠪ᠎ᠢ ᠳᠤᠷ᠎ᠠ᠎ᠪᠠᠷ ᠵᠶ᠋ᠠᠨ  ᠨᠡᠮᠡᠭᠳᠡᠭᠦᠯᠵᠦ  ᠪᠣᠯᠬᠤ ᠦᠭᠡᠶ᠃ ᠶᠠᠮᠠᠷᠪᠠ  ᠨᠢᠭᠡᠴᠢ  ᠪᠤᠶᠤ ᠬᠤᠪᠢ ᠬᠥᠮᠦᠨ  ᠭᠡᠰᠡᠨ ᠦᠭᠡᠢ  ᠲᠥᠷᠥᠯ ᠵᠦᠢ᠍ᠯ᠎ᠤᠨ ᠪᠡᠯᠡ ᠮᠥᠩᠭᠥ ᠵᠢ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠶ᠃

     ᠬᠣᠷᠢᠨ ᠳᠥᠷᠪᠡᠳᠦᠭᠡᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ  ᠬᠦᠯᠦᠰᠦᠨ  ᠲᠠᠷᠢᠶᠠᠴᠢᠨ᠎ᠤ  ᠴᠠᠯᠢᠩ᠎ᠢ ᠥᠭᠬᠦ ᠵᠢ ᠬᠢᠨᠠᠨ ᠡᠵᠡᠮᠳᠡᠵᠦ ᠰᠡᠷᠡᠮᠵᠢᠯᠡᠭᠦᠯᠬᠦ ᠠᠵᠢᠯ᠎ᠢ ᠰᠠᠶ᠋ᠢᠲᠤᠷ ᠬᠢᠵᠦ᠂ ᠬᠦᠯᠦᠰᠦᠨ  ᠲᠠᠷᠢᠶᠠᠴᠢᠨ᠎ᠤ  ᠴᠠᠯᠢᠩ᠎ᠢ  ᠥᠭᠬᠦ ᠵᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠣᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠬᠦ ᠵᠢ ᠴᠢᠩᠭ᠋ᠠᠳᠬᠠᠵᠤ᠂ ᠲᠤᠰᠬᠠᠶ ᠳᠠᠩᠰᠠᠨ ᠡᠷᠦᠬᠡ ᠵᠢᠨ ᠬᠠᠮᠢᠶᠠᠷᠤᠯᠲᠠ᠂ ᠬᠥᠮᠦᠨ᠎ᠤ ᠬᠦᠴᠦᠨ᠎ᠤ ᠵᠠᠷᠤᠳᠠᠯ᠎ᠢ ᠰᠠᠯᠭ᠋ᠠᠨ ᠥᠭᠬᠦ᠂ ᠴᠠᠯᠢᠩ᠎ᠢ  ᠥᠭᠬᠦ ᠲᠣᠭᠲᠠᠭ᠋ᠠᠯ᠎ᠢ ᠵᠥᠷᠢᠴᠡᠭᠰᠡᠨ ᠵᠡᠷᠭᠡ ᠪᠠᠶ᠋ᠢᠳᠠᠯ᠎ᠢ ᠴᠠᠭ ᠲᠤᠬᠠᠶ᠎ᠳᠤ᠎ᠨᠢ  ᠰᠡᠷᠡᠮᠵᠢᠯᠡᠭᠦᠯᠵᠦ᠂  ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠦᠯᠦᠰᠦᠨ  ᠲᠠᠷᠢᠶᠠᠴᠢᠨ᠎ᠤ  ᠴᠠᠯᠢᠩ᠎ᠢ ᠥᠭᠬᠦ ᠪᠦᠬᠦ ᠶᠠᠪᠤᠴᠠ ᠵᠢ ᠬᠥᠳᠡᠯᠦᠩᠭᠦᠶ᠎ᠪᠠᠷ ᠬᠢᠨᠠᠨ ᠬᠠᠮᠢᠶᠠᠷᠬᠤ ᠬᠡᠷᠡᠭᠲᠡᠶ᠃

     ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠯᠦᠭᠡ ᠢᠨᠵᠧᠨᠧᠷᠢᠩ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠂ ᠪᠠᠯᠠ ᠮᠥᠩᠭᠦ ᠵᠢ ᠨᠠᠶ᠋ᠢᠳᠠᠪᠤᠷᠢᠵᠢᠭᠤᠯᠬᠤ᠂ ᠬᠥᠳᠡᠯᠮᠦᠷᠢ ᠬᠦᠴᠦᠨ ᠬᠡᠷᠡᠭᠯᠡᠬᠦ᠂ ᠴᠠᠯᠢᠩ ᠥᠭᠬᠦ ᠵᠡᠷᠭᠡ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠬᠡᠷᠡᠭᠲᠡᠶ᠃

     ᠬᠣᠷᠢᠨ ᠲᠠᠪᠤᠳᠤᠭ᠋ᠠᠷ ᠵᠤᠷᠪᠣᠰ   ᠪᠦᠲᠦᠭᠡᠨ ᠪᠠᠢ᠌ᠭᠣᠯᠣᠯᠲᠠ ᠵᠢᠨ ᠨᠢᠭᠡᠴᠢ ᠂ ᠪᠠᠷᠢᠯᠭ᠎ᠠ ᠵᠢᠨ ᠠᠵᠢᠯ᠎ᠢ ᠶᠡᠷᠣᠩᠬᠡᠢ ᠳᠠᠭ᠋ᠠᠭ᠋ᠠᠴᠢᠯᠠᠭᠰᠠᠨ ᠨᠢᠭᠡᠴᠢ ᠂ ᠬᠤᠪᠢᠶᠠᠨ ᠳᠠᠭ᠋ᠠᠭ᠋ᠠᠴᠢᠯᠠᠭᠰᠠᠨ  ᠨᠢᠭᠡᠴᠢ  ᠵᠡᠷᠭᠡ ᠬᠠᠮᠢᠶ᠎ᠠ ᠪᠦᠬᠦᠢ  ᠨᠢᠭᠡᠴᠢ᠎ᠨᠦᠭᠦᠳ ᠬᠦᠯᠦᠰᠦᠨ  ᠲᠠᠷᠢᠶᠠᠴᠢᠨ᠎ᠤ  ᠴᠠᠯᠢᠩ᠎ᠢ  ᠥᠭᠬᠦ ᠬᠠᠮᠢᠶ᠎ᠠ ᠪᠦᠬᠦᠢ ᠮᠡᠳᠡᠭᠡ ᠵᠠᠩᠭᠢ ᠵᠢ ᠬᠦᠯᠦᠰᠦᠨ  ᠲᠠᠷᠢᠶᠠᠴᠢᠨ᠎ᠤ  ᠴᠠᠯᠢᠩ᠎ᠢ  ᠥᠭᠬᠦ ᠵᠢ ᠬᠢᠨᠠᠨ ᠡᠵᠡᠮᠳᠡᠵᠦ  ᠤᠷᠢᠳᠴᠢᠯᠠᠨ  ᠰᠡᠷᠡᠮᠵᠢᠯᠡᠭᠦᠯᠬᠦ ᠲᠠᠪᠴᠠᠩ᠎ᠳᠤ ᠴᠠᠭ ᠲᠤᠬᠠᠶ᠎ᠳᠤ᠎ᠨᠢ  ᠬᠦᠷᠭᠡᠬᠦ ᠬᠡᠷᠡᠭᠲᠡᠶ᠃

     ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠠᠵᠢᠯ ᠲᠥᠷᠥᠯ᠎ᠤᠨ ᠢᠨᠵᠧᠨᠧᠷᠢᠩ᠎ᠤᠨ ᠲᠥᠷᠥᠯ ᠵᠦᠢ᠍ᠯ ᠵᠢᠴᠢ ᠬᠣᠲᠠ ᠵᠢᠨ ᠶᠠᠪᠤᠳᠠᠯ᠎ᠤᠨ ᠪᠦᠲᠦᠭᠡᠨ ᠪᠠᠶ᠋ᠢᠭᠤᠯᠤᠯᠲᠠ᠂ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠲᠣᠭᠣᠷᠢᠭ᠎ᠤᠨ ᠦᠭᠡᠷᠡᠴᠢᠯᠡᠯᠲᠡ  ᠪᠠ ᠠᠵᠤ ᠠᠬᠤᠶ ᠵᠢᠨ ᠨᠡᠭᠡᠭᠡᠯᠲᠡ ᠵᠢᠨ ᠬᠦᠷᠢᠶᠡᠯᠡᠩ ᠲᠣᠭᠣᠷᠢᠭ ᠵᠡᠷᠭᠡ ᠭᠣᠤᠯᠳᠠᠯᠭ᠎ᠠ᠎ᠲᠠᠢ  ᠬᠦᠷᠢᠶ᠎ᠡ ᠴᠠᠷᠠᠭ᠎ᠠ ᠵᠢᠨ ᠢᠨᠵᠸᠨ᠋ᠸᠷᠢᠩ᠎ᠤᠨ ᠲᠥᠷᠥᠯ  ᠵᠦᠢ᠍ᠯ᠎ᠢ  ᠠᠵᠢᠯ ᠡᠬᠢᠯᠡᠭᠦᠯᠦᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ  ᠬᠦᠯᠦᠰᠦᠨ  ᠲᠠᠷᠢᠶᠠᠴᠢᠨ᠎ᠤ ᠴᠠᠯᠢᠩ ᠥᠭᠬᠦ ᠵᠢ ᠬᠢᠨᠠᠨ ᠡᠵᠡᠮᠳᠡᠵᠦ  ᠤᠷᠢᠳᠴᠢᠯᠠᠨ  ᠰᠡᠷᠡᠮᠵᠢᠯᠡᠭᠦᠯᠬᠦ ᠲᠠᠪᠴᠠᠩ᠎ᠤᠨ ᠬᠢᠨᠠᠯᠲᠠ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠶ᠃

     ᠬᠣᠷᠢᠨ ᠵᠢᠷᠭᠤᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ  ᠬᠦᠯᠦᠰᠦᠨ  ᠲᠠᠷᠢᠶᠠᠴᠢᠨ᠎ᠤ  ᠴᠠᠯᠢᠩ᠎ᠢ  ᠥᠭᠬᠦ᠂ ᠲᠤᠰᠬᠠᠶ ᠳᠠᠩᠰᠠᠨ ᠡᠷᠦᠬᠡ ᠵᠢᠨ ᠬᠠᠮᠢᠶᠠᠷᠤᠯᠲᠠ᠂ ᠴᠠᠯᠢᠩ᠎ᠤᠨ ᠪᠠᠲᠤᠯᠠᠭ᠎ᠠ ᠵᠢᠨ ᠮᠥᠩᠭᠥ᠂ ᠬᠥᠮᠦᠨ᠎ᠤ ᠬᠦᠴᠦᠨ᠎ᠤ ᠵᠠᠷᠤᠳᠠᠯ ᠪᠣᠯᠤᠨ  ᠢᠨᠵᠸᠨ᠋ᠸᠷᠢᠩ᠎ᠤᠨ  ᠪᠤᠰᠤᠳ ᠵᠣᠭᠣᠰ᠎ᠢ ᠳᠠᠩᠰᠠ ᠬᠤᠪᠢᠶᠠᠨ ᠬᠠᠮᠢᠶᠠᠷᠬᠤ᠂ ᠪᠠᠷᠢᠯᠭ᠎ᠠ ᠵᠢᠨ ᠠᠵᠢᠯ᠎ᠤᠨ  ᠶᠡᠷᠦᠩᠬᠡᠶ ᠳᠠᠭ᠋ᠠᠭ᠋ᠠᠴᠢᠯᠠᠭᠰᠠᠨ  ᠨᠢᠭᠡᠴᠢ ᠵᠢᠨ ᠴᠠᠯᠢᠩ᠎ᠢ ᠣᠷᠣᠯᠠᠨ ᠦᠭᠬᠦ ᠂ ᠡᠷᠬᠡ᠎ᠪᠠᠨ ᠬᠠᠮᠠᠭ᠋ᠠᠯᠠᠬᠤ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠵᠡᠷᠭᠡ ᠳᠦᠷᠢᠮ᠎ᠢ ᠲᠣᠭᠲᠠᠭ᠋ᠠᠵᠤ᠂ ᠳᠦᠷᠢᠮ᠎ᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃

     ᠬᠣᠷᠢᠨ ᠳᠣᠯᠣᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠰᠠᠭᠤᠴᠠ  ᠪᠠ  ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ  ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠎ᠨᠢ  ᠲᠤᠰ ᠠᠵᠢᠯ ᠲᠥᠷᠥᠯ᠎ᠤᠨ ᠵᠶ᠋ᠠᠨ  ᠬᠦᠯᠦᠰᠦᠨ ᠲᠠᠷᠢᠶᠠᠴᠢᠨ᠎ᠤ ᠴᠠᠯᠢᠩ᠎ᠢ  ᠦᠷᠢᠲᠦᠬᠦ  ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ᠎ᠪᠠᠨ ᠴᠢᠩᠭ᠋ᠠᠳᠬᠠᠵᠤ᠂ ᠲᠤᠰ ᠠᠵᠢᠯ ᠲᠥᠷᠥᠯ᠎ᠤᠨ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠦᠯᠦᠰᠦᠨ  ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ  ᠣᠷᠢᠳᠴᠢᠯᠠᠨ  ᠰᠡᠷᠡᠮᠵᠢᠯᠡᠭᠦᠯᠬᠦ ᠲᠠᠪᠴᠠᠩ᠎ᠳᠤ   ᠣᠷᠣᠭᠣᠯᠬᠤ᠎ᠳᠤ  ᠬᠢᠨᠠᠯᠲᠠ ᠲᠠᠯᠪᠢᠵᠤ᠂  ᠲᠣᠰ ᠠᠵᠢᠯ ᠲᠦᠷᠦᠯ᠎ᠤᠨ ᠢᠨᠵᠸᠨ᠋ᠸᠷᠢᠩ᠎ᠤᠨ ᠪᠦᠲᠦᠭᠡᠨ ᠪᠠᠢ᠌ᠭᠣᠯᠣᠯᠲᠠ ᠵᠢᠨ ᠲᠦᠷᠦᠯ ᠵᠦᠢ᠍ᠯ᠎ᠤᠨ ᠠᠵᠢᠯᠴᠢᠨ ᠬᠡᠷᠡᠭᠯᠡᠬᠦ ᠦᠨᠡᠨ ᠨᠡᠷ᠎ᠡ ᠵᠢᠨ ᠳᠦᠷᠢᠮ᠎ᠤᠨ ᠬᠢᠨᠠᠯᠲᠠ ᠬᠠᠮᠢᠶᠠᠷᠣᠯᠲᠠ ᠵᠢ ᠴᠢᠩᠭ᠋ᠠᠷᠠᠭᠣᠯᠵᠦ᠂  ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ  ᠳᠠᠮᠵᠢᠭᠣᠯᠣᠨ ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ  ᠣᠷᠢᠳᠴᠢᠯᠠᠨ  ᠰᠡᠷᠡᠮᠵᠢᠯᠡᠭᠦᠯᠬᠦ ᠲᠠᠪᠴᠠᠩ ᠎ᠯᠤᠭ᠎ᠠ  ᠢᠨᠵᠧᠨᠧᠷᠢᠩ᠎ᠤᠨ ᠮᠡᠳᠡᠭᠡ ᠵᠠᠩᠭᠢ᠂ ᠠᠵᠢᠯᠴᠢᠨ ᠬᠡᠷᠡᠭᠯᠡᠬᠦ ᠬᠠᠮᠢᠶᠠᠷᠤᠯᠲᠠ᠂ ᠴᠠᠯᠢᠩ ᠥᠭᠬᠦ ᠵᠡᠷᠭᠡ ᠲᠣᠭ᠎ᠠ ᠪᠠᠷᠢᠮᠲᠠ ᠵᠢ ᠬᠣᠯᠪᠣᠯᠳᠣᠭᠣᠯᠣᠨ ᠨᠡᠪᠲᠡᠷᠡᠭᠦᠯᠬᠦ ᠵᠢ ᠪᠡᠶᠡᠯᠡᠭᠦᠯᠵᠦ ᠂ ᠬᠥᠮᠦᠨ ᠬᠡᠷᠡᠭᠯᠡᠬᠦ  ᠨᠢᠭᠡᠴᠢ ᠵᠢᠨ ᠬᠦᠯᠦᠰᠦᠨ  ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠣᠯᠠᠬᠤ  ᠳᠦᠷᠢᠮ᠎ᠢ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠨ᠎ᠠ ᠃

     ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ  ᠲᠣᠰᠢᠶᠠᠯ  ᠬᠠᠷᠢᠭᠤᠴᠠᠯᠭ᠎ᠠ ᠵᠢᠨ ᠶᠣᠰᠣᠭ᠋ᠠᠷ ᠲᠤᠰ ᠠᠵᠢᠯ ᠲᠥᠷᠥᠯ᠎ᠤᠨ ᠳᠣᠲᠣᠷᠠᠬᠢ ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ  ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠵᠢ  ᠬᠤᠪᠢᠶᠠᠨ  ᠳᠠᠭ᠋ᠠᠭ᠋ᠠᠴᠢᠯᠠᠭᠤᠯᠬᠤ ᠪᠠ ᠳᠠᠭ᠋ᠠᠭ᠋ᠠᠴᠢᠯᠠᠭᠤᠯᠬᠤ ᠬᠠᠤᠯᠢ᠎ᠠᠴᠠ ᠵᠥᠷᠢᠴᠡᠭᠰᠡᠨ  ᠠᠵᠢᠯᠯᠠᠭ᠎ᠠ ᠵᠢ  ᠮᠠᠭ᠋ᠠᠳᠯᠠᠨ ᠲᠣᠭᠲᠠᠭ᠋ᠠᠬᠤ᠂ ᠪᠠᠶ᠋ᠢᠴᠠᠭ᠋ᠠᠨ   ᠰᠢᠢ᠍ᠳᠪᠦᠷᠢᠯᠡᠬᠦ  ᠠᠵᠢᠯ᠎ᠢ ᠪᠣᠳᠠᠲᠠᠶ ᠬᠠᠷᠢᠭᠤᠴᠠᠬᠤ ᠵᠢᠨ ᠬᠠᠮᠲᠤ ᠬᠠᠤᠯᠢ᠎ᠠᠴᠠ ᠵᠥᠷᠢᠴᠡᠨ  ᠳᠠᠭ᠋ᠠᠭ᠋ᠠᠴᠢᠯᠠᠭᠣᠯᠣᠭᠰᠠᠨ ᠂  ᠰᠢᠯᠵᠢᠭᠦᠯᠦᠨ  ᠳᠠᠭ᠋ᠠᠭ᠋ᠠᠴᠢᠯᠠᠭᠣᠯᠣᠭᠰᠠᠨ᠂  ᠬᠠᠤᠯᠢ᠎ᠠᠴᠠ  ᠵᠥᠷᠢᠴᠡᠨ  ᠬᠤᠪᠢᠶᠠᠨ ᠳᠠᠭ᠋ᠠᠭ᠋ᠠᠴᠢᠯᠠᠭᠣᠯᠣᠭᠰᠠᠨ ᠂ ᠲᠦᠰᠢᠬᠦ ᠵᠡᠷᠭᠡ᠎ᠠᠴᠠ  ᠪᠣᠯᠣᠭᠰᠠᠨ ᠬᠦᠯᠦᠰᠦᠨ  ᠲᠠᠷᠢᠶᠠᠴᠢᠨ᠎ᠤ  ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ  ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠠᠭ ᠲᠤᠬᠠᠶ᠎ᠳᠤ᠎ᠨᠢ  ᠬᠣᠷᠢᠭᠯᠠᠨ ᠵᠣᠭᠰᠣᠭ᠋ᠠᠵᠤ᠂ ᠵᠠᠯᠠᠷᠠᠭᠤᠯᠬᠤ ᠬᠡᠷᠡᠭᠲᠡᠶ᠃

     ᠬᠣᠷᠢᠨ  ᠨᠠᠢ᠍ᠮᠠᠳᠤᠭ᠋ᠠᠷ  ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠎ᠨᠢ  ᠡᠭᠦᠷᠭᠡ ᠬᠠᠷᠢᠭᠤᠴᠠᠯᠭ᠎ᠠ ᠵᠢᠨ ᠵᠶ᠋ᠠᠨ  ᠶᠣᠰᠣᠭ᠋ᠠᠷ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ  ᠲᠥᠷᠥᠯ  ᠵᠦᠢ᠍ᠯ᠎ᠤᠨ  ᠪᠦᠲᠦᠭᠡᠨ ᠪᠠᠶ᠋ᠢᠭᠤᠯᠬᠤ   ᠨᠢᠭᠡᠴᠢ ᠵᠢᠨ  ᠢᠨᠵᠸᠨ᠋ᠸᠷᠢᠩ᠎ᠤᠨ  ᠪᠠᠷᠢᠯᠭ᠎ᠠ  ᠪᠠᠷᠢᠬᠤ  ᠭᠡᠷ᠎ᠡ ᠵᠢᠨ  ᠪᠣᠯᠵᠣᠨ ᠲᠣᠭᠲᠠᠭᠰᠠᠨ ᠶᠣᠰᠣᠭ᠋ᠠᠷ  ᠬᠦᠯᠦᠰᠦᠨ ᠲᠠᠷᠢᠶᠠᠴᠢᠨ᠎ᠤ  ᠴᠠᠯᠢᠩ᠎ᠤᠨ ᠲᠤᠰᠬᠠᠶ ᠳᠠᠩᠰᠠᠨ ᠡᠷᠦᠬᠡ᠎ᠳᠤ ᠪᠡᠯᠡ ᠮᠦᠩᠬᠦ  ᠰᠠᠯᠭ᠋ᠠᠨ ᠦᠭᠴᠦ ᠪᠠᠢ᠌ᠭ᠎ᠠ  ᠪᠠᠶ᠋ᠢᠳᠠᠯ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠬᠤ ᠬᠡᠷᠡᠭᠲᠡᠶ᠃

     ᠬᠣᠷᠢ ᠶᠢᠰᠦᠳᠦᠭᠡᠷ ᠵᠤᠷᠪᠣᠰ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠠᠶ᠋ᠢᠮᠠᠭ᠎ᠤᠨ ᠵᠠᠬᠢᠷᠭ᠎ᠠ ᠪᠣᠯᠤᠨ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ  ᠪᠠᠶ᠋ᠢᠭᠤᠯᠤᠮᠵᠢ  ᠵᠢᠴᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ  ᠲᠣᠭᠲᠠᠭ᠋ᠠᠭᠰᠠᠨ ᠪᠡᠯᠡ ᠭᠠᠷᠭ᠋ᠠᠭᠴᠢ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠪᠠᠶ᠋ᠢᠭᠤᠯᠤᠮᠵᠢ᠎ᠨᠤᠭᠤᠳ  ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ  ᠬᠦᠯᠦᠰᠦᠨ  ᠲᠠᠷᠢᠶᠠᠴᠢᠨ᠎ᠢ ᠬᠡᠷᠡᠭᠯᠡᠬᠦ ᠬᠠᠮᠢᠶᠠᠷᠤᠯᠲᠠ ᠵᠢᠨ ᠵᠢᠯᠣᠭᠣᠳᠣᠯᠭ᠎ᠠ ᠪᠠ ᠬᠢᠨᠠᠯᠲᠠ ᠲᠠᠯᠪᠢᠯᠲᠠ᠎ᠪᠠᠨ ᠴᠢᠩᠭ᠋ᠠᠳᠬᠠᠵᠤ᠂  ᠬᠦᠯᠦᠰᠦᠨ  ᠲᠠᠷᠢᠶᠠᠴᠢᠨ᠎ᠤ  ᠴᠠᠯᠢᠩ᠎ᠢ  ᠦᠭᠬᠦ ᠵᠢ ᠪᠠᠲᠤᠯᠠᠬᠤ ᠳᠦᠷᠢᠮ᠎ᠢ ᠨᠠᠶ᠋ᠢᠳᠠᠪᠤᠷᠢᠵᠢᠭᠤᠯᠵᠤ᠂  ᠬᠠᠷᠢᠶᠠᠯᠠᠭᠳᠠᠬᠤ  ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ  ᠬᠦᠯᠦᠰᠦᠨ  ᠲᠠᠷᠢᠶᠠᠴᠢᠨ᠎ᠤ  ᠴᠠᠯᠢᠩ᠎ᠢ ᠬᠠᠤᠯᠢ ᠶᠣᠰᠣᠭ᠋ᠠᠷ ᠴᠠᠭ ᠲᠤᠬᠠᠶ᠎ᠳᠤ᠎ᠨᠢ  ᠥᠭᠭᠥᠭᠦᠯᠬᠦ ᠬᠡᠷᠡᠭᠲᠡᠶ᠃

     ᠭᠤᠴᠢᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠪᠣᠳᠣᠬᠤ ᠰᠠᠯᠠᠭ᠎ᠠ ᠮᠥᠴᠢᠷ ᠎ᠨᠢ  ᠵᠠᠰᠠᠭ᠎ᠤᠨ ᠣᠷᠳᠣᠨ᠂ ᠤᠯᠤᠰ᠎ᠤᠨ ᠥᠮᠴᠢᠯᠡᠯᠲᠦ ᠠᠵᠤ  ᠠᠬᠤᠶ᠋ᠢᠯᠠᠯ᠎ᠤᠨ  ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠮᠥᠩᠭᠥ ᠵᠢ  ᠰᠠᠯᠭ᠋ᠠᠨ ᠥᠭᠬᠦ᠂ ᠪᠡᠯᠡ ᠮᠥᠩᠭᠥ ᠵᠢ ᠬᠠᠮᠢᠶᠠᠷᠬᠤ ᠪᠠ ᠬᠡᠷᠡᠭᠯᠡᠬᠦ ᠵᠡᠷᠭᠡ  ᠬᠦᠯᠦᠰᠦᠨ  ᠲᠠᠷᠢᠶᠠᠴᠢᠨ᠎ᠤ ᠴᠠᠯᠢᠩ᠎ᠢ ᠥᠭᠬᠦ ᠵᠢ  ᠪᠠᠲᠣᠯᠠᠬᠤ ᠬᠣᠯᠪᠣᠭᠳᠠᠯ  ᠪᠦᠬᠦᠢ ᠪᠠᠶ᠋ᠢᠳᠠᠯ᠎ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠨ᠎ᠠ᠃

     ᠭᠤᠴᠢᠨ ᠨᠢᠭᠡᠳᠦᠭᠡᠷ ᠵᠤᠷᠪᠣᠰ   ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ  ᠬᠦᠯᠦᠰᠦᠨ  ᠲᠠᠷᠢᠶᠠᠴᠢᠨ᠎ᠤ  ᠴᠠᠯᠢᠩ᠎ᠤᠨ ᠲᠤᠰᠬᠠᠶ ᠳᠠᠩᠰᠠᠨ ᠡᠷᠦᠬᠡ ᠪᠠᠶ᠋ᠢᠭᠤᠯᠬᠤ ᠦᠢ᠍ᠯᠡᠴᠢᠯᠡᠭᠡᠨ᠎ᠤ ᠴᠤᠪᠤᠷᠠᠯ᠎ᠢ ᠰᠢᠯᠢᠳᠡᠭᠵᠢᠭᠦᠯᠵᠦ᠂  ᠬᠦᠯᠦᠰᠦᠨ  ᠲᠠᠷᠢᠶᠠᠴᠢᠨ᠎ᠤ  ᠴᠠᠯᠢᠩ᠎ᠤᠨ ᠲᠤᠰᠬᠠᠶ ᠳᠠᠩᠰᠠᠨ  ᠡᠷᠦᠬᠡ ᠵᠢᠨ  ᠡᠳᠦᠷ ᠲᠤᠲᠤᠮ᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠵᠦ᠂ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠳᠤ᠎ᠪᠠᠨ  ᠬᠦᠯᠦᠰᠦᠨ  ᠲᠠᠷᠢᠶᠠᠴᠢᠨ᠎ᠤ  ᠴᠠᠯᠢᠩ᠎ᠤᠨ ᠲᠤᠰᠬᠠᠶ  ᠳᠠᠩᠰᠠᠨ  ᠡᠷᠦᠬᠡ᠎ᠳᠤ  ᠣᠨᠴᠠᠭ᠋ᠠᠢ  ᠲᠡᠮᠳᠡᠭ ᠲᠠᠯᠪᠢᠵᠤ᠂ ᠪᠡᠯᠡ ᠮᠥᠩᠭᠥ ᠵᠢᠨ ᠬᠠᠮᠢᠶᠠᠷᠤᠯᠲᠠ ᠵᠢᠨ ᠵᠥᠪᠳᠡᠯᠴᠡᠬᠡᠷ ᠪᠣᠯᠤᠨ ᠴᠠᠯᠢᠩ ᠥᠭᠬᠦ ᠬᠦᠰᠦᠨᠦᠭᠲᠦ ᠵᠢᠨ ᠶᠣᠰᠣᠭ᠋ᠠᠷ ᠴᠠᠯᠢᠩ᠎ᠢ ᠬᠦᠯᠦᠰᠦᠨ ᠲᠠᠷᠢᠶᠠᠴᠢᠨ᠎ᠤ ᠴᠠᠯᠢᠩ᠎ᠤᠨ  ᠲᠤᠰᠬᠠᠶ ᠳᠠᠩᠰᠠᠨ ᠡᠷᠦᠬᠡ᠎ᠪᠠᠷ ᠳᠠᠮᠵᠢᠭᠤᠯᠤᠨ ᠬᠦᠯᠦᠰᠦᠨ  ᠲᠠᠷᠢᠶᠠᠴᠢᠨ᠎ᠤ  ᠲᠤᠰ  ᠬᠥᠮᠦᠨ᠎ᠤ ᠪᠠᠩᠬᠢ ᠵᠢᠨ ᠳᠠᠩᠰᠠᠨ  ᠡᠷᠦᠬᠡ᠎ᠳᠤ ᠴᠠᠭ ᠲᠤᠬᠠᠶ᠎ᠳᠤ᠎ᠨᠢ  ᠰᠢᠭᠤᠳ ᠰᠠᠯᠭ᠋ᠠᠨ ᠥᠭᠬᠦ ᠬᠡᠷᠡᠭᠲᠡᠶ᠃

     ᠬᠦᠯᠦᠰᠦᠨ  ᠲᠠᠷᠢᠶᠠᠴᠢᠨ᠎ᠤ  ᠴᠠᠯᠢᠩ᠎ᠤᠨ ᠲᠤᠰᠬᠠᠶ ᠳᠠᠩᠰᠠᠨ ᠡᠷᠦᠬᠡ  ᠨᠡᠭᠡᠭᠡᠭᠰᠡᠨ  ᠪᠠᠩᠬᠢ᠎ᠨᠢ ᠬᠦᠯᠦᠰᠦᠨ  ᠲᠠᠷᠢᠶᠠᠴᠢᠨ᠎ᠤ  ᠨᠢᠭᠡᠨᠲᠡ ᠪᠠᠶ᠋ᠢᠭ᠎ᠠ ᠪᠠᠩᠬᠢ ᠵᠢᠨ ᠺᠠᠷᠲ ᠪᠤᠶᠤ ᠪᠠᠩᠬᠢ ᠵᠢᠨ ᠳᠠᠩᠰᠠᠨ ᠡᠷᠦᠬᠡ ᠵᠢᠨ ᠴᠢᠳᠠᠮᠵᠢ  ᠪᠦᠬᠦᠢ  ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ ᠬᠡᠷᠡᠭᠯᠡᠬᠦ ᠵᠢ ᠳᠡᠮᠵᠢᠬᠦ ᠬᠡᠷᠡᠭᠲᠡᠶ᠂ ᠴᠠᠯᠢᠩ᠎ᠤᠨ ᠺᠠᠷᠲ᠎ᠢ  ᠲᠠᠬᠢᠨ ᠰᠢᠨ᠎ᠡ᠎ᠪᠠᠷ ᠬᠢᠯᠭᠡᠬᠦ᠎ᠪᠠᠷ ᠠᠯᠪᠠᠳᠠᠨ ᠱᠠᠭ᠋ᠠᠷᠳᠠᠵᠤ  ᠱᠠᠭ᠋ᠠᠷᠳᠠᠵᠤ ᠪᠣᠯᠬᠤ ᠦᠭᠡᠶ᠃

     ᠭᠤᠴᠢᠨ ᠬᠣᠶᠠᠳᠤᠭ᠋ᠠᠷ ᠵᠤᠷᠪᠣᠰ   ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠂ ᠵᠠᠬᠢᠳᠠᠯ  ᠰᠣᠷᠪᠣᠯᠵᠢᠯᠭ᠎ᠠ  ᠵᠡᠷᠭᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠠᠵᠢᠯ ᠲᠥᠷᠥᠯ᠎ᠤᠨ  ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ  ᠬᠠᠮᠢᠶᠠᠷᠬᠤ ᠰᠠᠯᠠᠭ᠎ᠠ ᠮᠥᠴᠢᠷ᠎ᠠᠴᠠ ᠬᠦᠯᠦᠰᠦᠨ  ᠲᠠᠷᠢᠶᠠᠴᠢᠨ᠎ᠤ  ᠬᠠᠤᠯᠢ ᠶᠣᠰᠣᠭ᠋ᠠᠷ  ᠡᠶᠡᠳᠡᠬᠦ ᠂ ᠡᠶᠡᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠳᠡᠮᠵᠢᠬᠦ ᠬᠡᠷᠡᠭᠲᠡᠶ᠃

     ᠭᠤᠴᠢᠨ ᠭᠤᠷᠪᠠᠳᠤᠭ᠋ᠠᠷ ᠵᠤᠷᠪᠣᠰ   ᠬᠥᠮᠦᠨ ᠬᠡᠷᠡᠭᠯᠡᠬᠦ  ᠨᠢᠭᠡᠴᠢ᠎ᠨᠢ ᠦᠷᠢᠲᠦᠵᠦ ᠪᠠᠢ᠌ᠭ᠎ᠠ ᠬᠦᠯᠦᠰᠦᠨ  ᠲᠠᠷᠢᠶᠠᠴᠢᠨ᠎ᠤ  ᠴᠠᠯᠢᠩ᠎ᠢ ᠲᠦᠷ ᠴᠠᠭ  ᠦᠭᠬᠦ᠎ᠳᠤ ᠬᠦᠴᠢᠷᠲᠠᠢ  ᠪᠤᠶᠤ  ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠨ  ᠤᠷᠭᠤᠨ ᠳᠠᠯᠳᠠᠯᠠᠭᠰᠠᠨ  ᠪᠠᠢ᠌ᠪᠠᠯ  ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠴᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠠᠴᠢᠮ ᠪᠠᠶ᠋ᠢᠳᠠᠯ᠎ᠢ  ᠠᠷᠭ᠋ᠠᠴᠠᠭ᠋ᠠᠬᠤ  ᠡᠷᠭᠢᠯᠲᠡ ᠵᠢᠨ ᠮᠥᠩᠭᠥ ᠵᠢ ᠬᠥᠳᠡᠯᠭᠡᠨ  ᠬᠥᠮᠦᠨ  ᠬᠡᠷᠡᠭᠯᠡᠬᠦ  ᠨᠢᠭᠡᠴᠢ ᠵᠢᠨ ᠥᠷᠢᠲᠦᠵᠦ ᠪᠠᠶ᠋ᠢᠭ᠎ᠠ  ᠬᠦᠯᠦᠰᠦᠨ  ᠲᠠᠷᠢᠶᠠᠴᠢᠨ᠎ᠤ  ᠬᠡᠰᠡᠭ ᠴᠠᠯᠢᠩ ᠪᠤᠶᠤ ᠦᠨᠳᠦᠰᠦᠨ ᠠᠮᠢᠳᠤᠷᠠᠯ᠎ᠤᠨ ᠵᠠᠷᠤᠳᠠᠯ᠎ᠢ  ᠤᠷᠢᠳ ᠵᠶ᠋ᠠᠷ  ᠥᠭᠬᠦ ᠵᠢᠨ ᠬᠠᠮᠲᠤ  ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠵᠦ ᠪᠠᠢ᠌ᠭ᠎ᠠ  ᠬᠥᠮᠦᠨ ᠬᠡᠷᠡᠭᠯᠡᠬᠦ  ᠨᠢᠭᠡᠴᠢ᠎ᠠᠴᠠ ᠬᠠᠤᠯᠢ ᠶᠣᠰᠣᠭ᠋ᠠᠷ ᠨᠡᠬᠡᠮᠵᠢᠯᠡᠨ ᠲᠥᠯᠥᠭᠦᠯᠵᠦ ᠪᠣᠯᠤᠨ᠎ᠠ ᠃

     ᠳᠥᠷᠪᠡᠳᠦᠭᠡᠷ ᠪᠦᠯᠦᠭ   ᠬᠢᠨᠠᠯᠲᠠ ᠲᠠᠯᠪᠢᠵᠤ ᠪᠠᠶ᠋ᠢᠴᠠᠭ᠋ᠠᠬᠤ

     ᠭᠤᠴᠢᠨ ᠳᠥᠷᠪᠡᠳᠦᠭᠡᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ  ᠵᠠᠰᠠᠭ  ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ  ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ᠂ ᠬᠣᠨᠣᠭ  ᠪᠠᠭᠣᠳᠠᠯ ᠬᠣᠭᠤᠯᠠ ᠤᠮᠳᠠ ᠵᠢᠨ  ᠭᠠᠵᠠᠷ᠂  ᠡᠳ᠋ᠰᠢᠭᠦᠯᠦᠨ  ᠦᠢ᠍ᠯᠡᠳᠬᠦ᠂ ᠪᠥᠭᠡᠮ ᠵᠶ᠋ᠠᠷ  ᠬᠤᠳᠠᠯᠳᠣᠬᠤ  ᠪᠠ ᠵᠢᠵᠢᠭᠯᠡᠨ  ᠬᠤᠳᠠᠯᠳᠤᠬᠤ᠂ ᠰᠠᠭᠤᠭ᠋ᠠᠯᠢ ᠠᠷᠠᠳ᠎ᠤᠨ  ᠦᠢ᠍ᠯᠡᠴᠢᠯᠡᠭᠡ  ᠵᠡᠷᠭᠡ  ᠠᠵᠢᠯ  ᠲᠥᠷᠥᠯ ᠎ᠤᠨ ᠬᠦᠷᠢᠶᠡᠨ᠎ᠳᠠᠬᠢ  ᠬᠦᠯᠦᠰᠦᠨ  ᠲᠠᠷᠢᠶᠠᠴᠢᠨ᠎ᠤ ᠴᠠᠯᠢᠩ᠎ᠢ ᠥᠭᠬᠦ ᠠᠵᠢᠯ᠎ᠤᠨ ᠪᠠᠶ᠋ᠢᠳᠠᠯ᠎ᠳᠤ ᠬᠢᠨᠠᠯᠲᠠ ᠲᠠᠯᠪᠢᠵᠤ  ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂  ᠬᠦᠯᠦᠰᠦᠨ  ᠲᠠᠷᠢᠶᠠᠴᠢᠨ᠎ᠤ ᠴᠠᠯᠢᠩ᠎ᠢ ᠥᠷᠢᠲᠦᠵᠦ  ᠣᠳᠠᠭ᠋ᠠᠰᠢᠷᠠᠭᠣᠯᠬᠤ  ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠬᠠᠤᠯᠢ ᠶᠣᠰᠣᠭ᠋ᠠᠷ ᠴᠠᠭ  ᠲᠤᠬᠠᠶ᠎ᠳᠤ᠎ᠨᠢ ᠰᠢᠢ᠍ᠳᠪᠦᠷᠢᠯᠡᠬᠦ  ᠬᠡᠷᠡᠭᠲᠡᠶ᠃

     ᠭᠤᠴᠢᠨ ᠲᠠᠪᠤᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ  ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠲᠤᠰᠬᠠᠶ ᠠᠵᠢᠯᠲᠠᠨ᠎ᠢ  ᠲᠣᠬᠢᠷᠠᠭᠣᠯᠵᠦ ᠰᠠᠷ᠎ᠠ ᠪᠦᠷᠢ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠴᠠᠯᠢᠩ᠎ᠢ ᠥᠭᠬᠦ ᠪᠠ ᠲᠠᠷᠢᠶᠠᠴᠢᠨ᠎ᠤ ᠬᠦᠴᠦ ᠶᠠᠪᠤᠭᠰᠠᠳ᠎ᠤᠨ ᠴᠠᠯᠢᠩ ᠥᠭᠬᠦ  ᠪᠠ ᠬᠦᠯᠦᠰᠦᠨ ᠲᠠᠷᠢᠶᠠᠴᠢᠨ᠎ᠤ ᠴᠠᠯᠢᠩ᠎ᠢ ᠦᠭᠬᠦ ᠵᠢ  ᠪᠠᠲᠤᠯᠠᠬᠤ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠬᠢᠬᠦ ᠵᠢᠨ ᠬᠠᠮᠲᠤ  ᠪᠠᠶ᠋ᠢᠴᠠᠭ᠋ᠠᠭᠰᠠᠨ  ᠡᠳᠦᠷ᠎ᠤᠨ  ᠲᠡᠮᠳᠡᠭᠯᠡᠯ ᠵᠶ᠋ᠠᠨ  ᠬᠦᠯᠦᠰᠦᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ  ᠤᠷᠢᠳᠴᠢᠯᠠᠨ  ᠰᠡᠷᠡᠮᠵᠢᠯᠡᠭᠦᠯᠬᠦ ᠲᠠᠪᠴᠠᠩ᠎ᠳᠤ   ᠳᠠᠮᠵᠢᠭᠣᠯᠬᠣ ᠬᠡᠷᠡᠭᠲᠡᠢ ᠃

     ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ  ᠬᠠᠷᠢᠶ᠎ᠠ  ᠪᠦᠬᠦᠢ  ᠠᠵᠤ  ᠠᠬᠤᠶ ᠵᠢᠨ  ᠨᠡᠭᠡᠭᠡᠯᠲᠡ ᠵᠢᠨ ᠬᠦᠷᠢᠶᠡᠯᠡᠩ ᠲᠣᠭᠣᠷᠢᠭ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠲᠣᠳᠣᠷᠬᠠᠢ᠌ᠯᠠᠵᠦ ᠂ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠂  ᠬᠠᠮᠢᠶ᠎ᠠ  ᠪᠦᠬᠦᠢ ᠠᠵᠢᠯ ᠲᠥᠷᠥᠯ᠎ᠤᠨ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠮᠦᠨᠡᠬᠢ  ᠪᠠᠳᠠᠭ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃

     ᠭᠤᠴᠢᠨ ᠵᠢᠷᠭᠤᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ  ᠮᠥᠴᠢᠷ᠂  ᠬᠠᠮᠢᠶ᠎ᠠ ᠪᠦᠬᠦᠢ ᠠᠵᠢᠯ ᠲᠥᠷᠥᠯ᠎ᠤᠨ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ᠂ ᠬᠢᠨᠠᠨ ᠪᠠᠶ᠋ᠢᠴᠠᠭ᠋ᠠᠬᠤ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ  ᠬᠦᠯᠦᠰᠦᠨ  ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠵᠢᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠲᠣᠭᠲᠠᠴᠠ ᠵᠢ ᠪᠠᠶ᠋ᠢᠭᠤᠯᠵᠤ᠂  ᠬᠦᠯᠦᠰᠦᠨ  ᠲᠠᠷᠢᠶᠠᠴᠢᠨ᠎ᠤ ᠴᠠᠯᠢᠩ᠎ᠢ  ᠥᠷᠢᠲᠦᠵᠦ  ᠣᠳᠠᠭ᠋ᠠᠰᠢᠷᠠᠭᠣᠯᠣᠭᠰᠠᠨ  ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠬᠦ ᠪᠠ ᠵᠠᠰᠠᠬᠤ ᠬᠡᠷᠡᠭᠲᠡᠶ᠃

     ᠭᠤᠴᠢᠨ ᠳᠣᠯᠣᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ  ᠬᠦᠯᠦᠰᠦᠨ  ᠲᠠᠷᠢᠶᠠᠴᠢᠨ᠎ᠤ ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠨ  ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ᠎ᠳᠤ ᠢᠲᠡᠭᠡᠮᠵᠢ ᠠᠯᠳᠠᠭᠰᠠᠨ ᠨᠡᠷᠡᠰ᠎ᠢ  ᠮᠠᠭ᠋ᠠᠳᠯᠠᠨ ᠲᠣᠭᠲᠠᠭ᠋ᠠᠬᠤ ᠂ ᠵᠢᠭᠰᠠᠭ᠋ᠠᠨ ᠣᠷᠣᠭᠤᠯᠬᠤ᠂ ᠢᠯᠡ ᠪᠣᠯᠭ᠋ᠠᠬᠤ᠂ ᠬᠦᠷᠭᠡᠬᠦ ᠵᠡᠷᠭᠡ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠢ ᠬᠠᠤᠯᠢ ᠶᠣᠰᠣᠭ᠋ᠠᠷ ᠥᠷᠨᠢᠭᠦᠯᠵᠦ᠂ ᠮᠠᠭᠤ ᠰᠠᠨᠠᠭ᠎ᠠ᠎ᠲᠠᠢ᠎ᠪᠠᠷ ᠴᠠᠯᠢᠩ ᠥᠷᠢᠲᠦᠬᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢᠨ ᠢᠲᠡᠭᠡᠮᠵᠢ ᠵᠢᠨ ᠬᠢᠵᠠᠭ᠋ᠠᠷᠯᠠᠯ᠎ᠢ ᠴᠢᠩᠭ᠋ᠠᠷᠠᠭᠤᠯᠬᠤ ᠬᠡᠷᠡᠭᠲᠡᠶ᠃

     ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠥᠮᠦᠨ ᠬᠡᠷᠡᠭᠯᠡᠬᠦ  ᠨᠢᠭᠡᠴᠢ ᠵᠢᠨ ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ᠎ᠨᠢ  ᠢᠲᠡᠭᠡᠮᠵᠢ ᠠᠯᠳᠠᠭᠰᠠᠨ ᠠᠵᠢᠯᠯᠠᠭ᠎ᠠ᠎ᠳᠤ ᠲᠤᠭ᠋ᠠᠴᠢᠭᠳᠠᠨ᠎ᠠ ᠭᠡᠵᠦ  ᠮᠠᠭ᠋ᠠᠳᠯᠠᠨ ᠲᠣᠭᠲᠠᠭ᠋ᠠᠭᠰᠠᠨ  ᠪᠠᠢ᠌ᠪᠠᠯ ᠂ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠲᠤᠰ ᠬᠥᠮᠦᠨ ᠬᠡᠷᠡᠭᠯᠡᠬᠦ  ᠨᠢᠭᠡᠴᠢ  ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠣᠤᠯ ᠬᠠᠷᠢᠭᠤᠴᠠᠯᠭ᠋ᠠᠲᠠᠨ᠂  ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ  ᠬᠠᠷᠢᠭᠤᠴᠠᠯᠭ᠎ᠠ ᠡᠭᠦᠷᠭᠡᠯᠡᠭᠴᠢ ᠵᠢ  ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ ᠢᠲᠡᠭᠡᠮᠵᠢ ᠠᠯᠳᠠᠭᠰᠠᠨ᠎ᠢ   ᠬᠣᠯᠪᠣᠭ᠋ᠠᠯᠠᠨ  ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ  ᠨᠡᠷᠡᠰ᠎ᠲᠤ ᠵᠢᠭᠰᠠᠭ᠋ᠠᠨ ᠣᠷᠣᠭᠤᠯᠬᠤ ᠲᠣᠭᠲᠠᠭ᠋ᠠᠯ  ᠭᠠᠷᠭ᠋ᠠᠨ᠎ᠠ᠂  ᠲᠣᠭᠲᠠᠭ᠋ᠠᠯ ᠬᠦᠴᠦᠨ᠎ᠲᠠᠢ  ᠪᠣᠯᠤᠭᠰᠠᠨ ᠡᠳᠦᠷ᠎ᠠᠴᠠ ᠡᠬᠢᠯᠡᠨ ᠳᠣᠯᠣᠭ᠋ᠠᠨ ᠠᠵᠢᠯᠯᠠᠬᠤ ᠡᠳᠦᠷ᠎ᠤᠨ ᠳᠣᠲᠣᠷ᠎ᠠ  ᠢᠲᠡᠭᠡᠮᠵᠢ  ᠠᠯᠳᠠᠭᠰᠠᠨ ᠬᠥᠮᠦᠨ ᠬᠡᠷᠡᠭᠯᠡᠬᠦ  ᠨᠢᠭᠡᠴᠢ  ᠪᠠ   ᠢᠲᠡᠭᠡᠮᠵᠢ  ᠠᠯᠳᠠᠭᠰᠠᠨ ᠬᠥᠮᠦᠰ᠎ᠤᠨ ᠮᠡᠳᠡᠭᠡ ᠵᠠᠩᠭᠢ ᠵᠢ ᠠᠳᠠᠯᠢ ᠱᠠᠲᠤᠨ᠎ᠤ ᠬᠥᠭᠵᠢᠭᠦᠯᠦᠯᠲᠡ  ᠪᠠ  ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠲᠤ  ᠬᠠᠮᠲᠤ᠎ᠪᠠᠷ  ᠬᠦᠷᠭᠡᠬᠦ ᠵᠢᠨ ᠬᠠᠮᠲᠤ ᠠᠳᠠᠯᠢ ᠱᠠᠲᠤᠨ᠎ᠤ ᠪᠤᠶᠤ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠳᠠᠮᠵᠢᠭᠤᠯᠤᠨ ᠬᠦᠷᠭᠡᠬᠦ ᠬᠡᠷᠡᠭᠲᠡᠶ᠃

     ᠭᠤᠴᠢᠨ  ᠨᠠᠢ᠍ᠮᠠᠳᠤᠭ᠋ᠠᠷ  ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ  ᠪᠠ  ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ  ᠢᠲᠡᠭᠡᠮᠵᠢ ᠠᠯᠳᠠᠭᠰᠠᠳ᠎ᠤᠨ  ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠨᠡᠷᠡᠰ᠎ᠢ  ᠣᠯᠣᠭᠰᠠᠨ᠎ᠤ ᠳᠠᠷᠠᠭ᠋ᠠᠬᠢ ᠳᠣᠯᠣᠭ᠋ᠠᠨ ᠠᠵᠢᠯᠯᠠᠬᠤ ᠡᠳᠦᠷ᠎ᠤᠨ ᠳᠣᠲᠣᠷ᠎ᠠ ᠢᠲᠡᠭᠡᠮᠵᠢ ᠠᠯᠳᠠᠭᠰᠠᠨ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠨᠡᠷᠡᠰ᠎ᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠬᠠᠮᠲᠤ᠎ᠪᠠᠷ ᠬᠦᠷᠭᠡᠵᠦ ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠰᠢᠮᠳᠠᠭᠤᠯᠵᠤ ᠪᠠᠶ᠋ᠢᠭ᠋ᠠᠳ  ᠬᠦᠯᠦᠰᠦᠨ ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ  ᠢᠲᠡᠭᠡᠮᠵᠢ  ᠠᠯᠳᠠᠭᠰᠠᠳ᠎ᠤᠨ  ᠬᠣᠯᠪᠣᠭ᠋ᠠᠯᠠᠨ  ᠵᠠᠯᠬᠠᠭ᠋ᠠᠨ ᠴᠡᠭᠡᠷᠯᠡᠭᠦᠯᠬᠦ ᠡᠲᠡᠭᠡᠳ᠎ᠢ ᠬᠠᠤᠯᠢ ᠶᠣᠰᠣᠭ᠋ᠠᠷ ᠬᠢᠵᠠᠭ᠋ᠠᠷᠯᠠᠬᠤ ᠪᠠ ᠵᠠᠯᠬᠠᠭ᠋ᠠᠨ ᠴᠡᠭᠡᠷᠯᠡᠭᠦᠯᠬᠦ ᠬᠡᠷᠡᠭᠲᠡᠶ᠃

     ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠪᠠᠯᠠ ᠮᠥᠩᠭᠦ ᠵᠢᠨ ᠳᠡᠮᠵᠢᠯᠭᠡ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠋ᠠᠨ᠂ ᠡᠨᠧᠷᠭᠢ ᠵᠡᠷᠭᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠳᠤ ᠳᠠᠭ᠋ᠠᠭ᠋ᠠᠴᠢᠯᠠᠯᠲᠠ ᠵᠠᠷᠯᠠᠵᠤ  ᠳᠠᠭ᠋ᠠᠭ᠋ᠠᠴᠢᠯᠠᠯᠲᠠ  ᠬᠦᠯᠢᠶᠡᠬᠦ᠂  ᠮᠥᠩᠭᠦᠨ  ᠭᠦᠢ᠍ᠯᠭᠡᠭᠡᠨ᠎ᠤ  ᠪᠠᠶ᠋ᠢᠭᠤᠯᠤᠮᠵᠢ᠎ᠨᠤᠭᠤᠳ  ᠪᠠᠯᠠ ᠲᠣᠬᠢᠷᠠᠭᠤᠯᠭ᠎ᠠ ᠵᠢᠨ ᠵᠢᠭᠡᠯᠡᠯᠭᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠠᠵᠢᠯᠴᠢᠨ᠎ᠤ ᠡᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠎ᠨᠢ  ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠤ᠎ᠬᠢ ᠵᠢ ᠰᠢᠯᠭ᠋ᠠᠷᠠᠭᠤᠯᠬᠤ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠤᠳ  ᠵᠠᠮ  ᠬᠠᠷᠢᠯᠴᠠᠭ᠎ᠠ  ᠶᠠᠪᠣᠵᠦ ᠰᠠᠭᠣᠬᠤ ᠵᠡᠷᠭᠡ ᠲᠠᠯ᠎ᠠ᠎ᠪᠠᠷ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠢᠲᠡᠭᠡᠮᠵᠢ ᠠᠯᠳᠠᠭᠰᠠᠨ  ᠬᠥᠮᠦᠨ ᠬᠡᠷᠡᠭᠯᠡᠬᠦ  ᠨᠢᠭᠡᠴᠢ  ᠪᠠ  ᠢᠲᠡᠭᠡᠮᠵᠢ  ᠠᠯᠳᠠᠭᠰᠠᠨ ᠬᠥᠮᠦᠰ᠎ᠢ ᠬᠠᠤᠯᠢ ᠲᠣᠭᠲᠠᠭ᠋ᠠᠯ ᠶᠣᠰᠣᠭ᠋ᠠᠷ ᠬᠢᠵᠠᠭ᠋ᠠᠷᠯᠠᠨ᠎ᠠ᠃

     ᠭᠤᠴᠢ ᠶᠢᠰᠦᠳᠦᠭᠡᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠥᠮᠦᠨ ᠬᠡᠷᠡᠭᠯᠡᠬᠦ  ᠨᠢᠭᠡᠴᠢ  ᠵᠢᠴᠢ ᠬᠠᠮᠢᠶ᠎ᠠ ᠪᠦᠬᠦᠢ  ᠬᠠᠷᠢᠭᠣᠴᠠᠯᠭ᠋ᠠᠲᠠᠨ᠎ᠤ  ᠬᠥᠳᠡᠯᠮᠦᠷᠢ ᠵᠢᠨ ᠪᠠᠲᠤᠯᠠᠭ᠎ᠠ ᠵᠢᠨ ᠬᠠᠤᠯᠢ ᠵᠢ  ᠰᠠᠬᠢᠬᠤ  ᠦᠨᠡᠨᠴᠢ ᠢᠲᠡᠭᠡᠮᠵᠢ ᠵᠢᠨ ᠳᠠᠩᠰᠠ ᠡᠪᠬᠡᠮᠡᠯ ᠪᠠᠶ᠋ᠢᠭᠤᠯᠵᠤ᠂ ᠬᠥᠮᠦᠨ ᠬᠡᠷᠡᠭᠯᠡᠬᠦ  ᠨᠢᠭᠡᠴᠢ᠎ᠳᠤ ᠬᠠᠤᠯᠢ ᠵᠢ  ᠰᠠᠬᠢᠬᠤ  ᠦᠨᠡᠨᠴᠢ ᠢᠲᠡᠭᠡᠮᠵᠢ ᠵᠢᠨ ᠵᠡᠷᠭᠡ ᠲᠠᠰ᠎ᠤᠨ ᠦᠨᠡᠯᠡᠯᠲᠡ ᠬᠢᠵᠦ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠶ᠋ᠢᠴᠠᠭ᠋ᠠᠯᠲᠠ ᠵᠢᠨ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠬᠤ ᠤᠳᠠᠭ᠎ᠠ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠬᠠᠳᠠᠭ᠋ᠠᠯᠠᠬᠤ ᠬᠠᠷᠢᠴᠠᠯ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠬᠠᠰᠤᠵᠤ ᠬᠡᠯᠲᠦᠷᠢᠭᠦᠯᠬᠦ ᠵᠡᠷᠭᠡ ᠲᠠᠯ᠎ᠠ᠎ᠪᠠᠷ ᠬᠠᠤᠯᠢ ᠶᠣᠰᠣᠭ᠋ᠠᠷ ᠵᠥᠷᠢᠶᠡᠴᠢᠯᠡᠭᠰᠡᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃

     ᠬᠥᠮᠦᠨ ᠬᠡᠷᠡᠭᠯᠡᠬᠦ  ᠨᠢᠭᠡᠴᠢ᠎ᠨᠢ ᠬᠦᠯᠦᠰᠦᠨ  ᠲᠠᠷᠢᠶᠠᠴᠢᠨ᠎ᠤ  ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ  ᠬᠦᠨᠳᠦ ᠨᠣᠴᠢᠲᠠᠶ ᠬᠠᠤᠯᠢ᠎ᠠᠴᠠ ᠵᠥᠷᠢᠴᠡᠭᠰᠡᠨ  ᠠᠵᠢᠯᠯᠠᠭ᠎ᠠ᠎ᠲᠠᠢ  ᠪᠠᠢ᠌ᠪᠠᠯ  ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃

     ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠥᠷᠢᠲᠦᠵᠦ ᠪᠠᠶ᠋ᠢᠭ᠎ᠠ  ᠬᠦᠯᠦᠰᠦᠨ  ᠲᠠᠷᠢᠶᠠᠴᠢᠨ᠎ᠤ  ᠴᠠᠯᠢᠩ᠎ᠢ ᠵᠠᠷᠯᠢᠭᠳᠠᠨ  ᠦᠭᠬᠦᠬᠦᠯᠬᠦ  ᠲᠣᠭᠲᠠᠭ᠋ᠠᠯ  ᠭᠠᠷᠭ᠋ᠠᠵᠦ᠂ ᠬᠣᠯᠪᠣᠭᠳᠠᠯ  ᠪᠦᠬᠦᠢ  ᠨᠢᠭᠡᠴᠢ᠎ᠨᠢ  ᠥᠭᠬᠦ ᠦᠭᠡᠶ  ᠪᠠᠢ᠌ᠪᠠᠯ  ᠠᠷᠠᠳ᠎ᠤᠨ ᠰᠢᠭᠦᠬᠦ ᠬᠣᠷᠢᠶᠠᠨ᠎ᠳᠤ  ᠠᠯᠪᠠᠳᠠᠨ ᠭᠦᠢ᠍ᠴᠡᠳᠬᠡᠬᠦᠯᠬᠦ᠎ᠪᠠᠷ  ᠬᠠᠤᠯᠢ ᠶᠣᠰᠣᠭ᠋ᠠᠷ  ᠭᠣᠶᠣᠴᠢᠯᠠᠵᠦ  ᠪᠣᠯᠤᠨ᠎ᠠ᠃

     ᠳᠥᠴᠢᠳᠦᠭᠡᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ  ᠵᠠᠰᠠᠭ᠎ᠤᠨ ᠣᠷᠳᠣᠨ᠎ᠤ ᠬᠥᠮᠦᠨ᠎ᠤ  ᠬᠦᠴᠦᠨ᠎ᠤ  ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ  ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ  ᠬᠦᠯᠦᠰᠦᠨ ᠲᠠᠷᠢᠶᠠᠴᠢᠨ᠎ᠤ ᠴᠠᠯᠢᠩ᠎ᠢ ᠦᠷᠢᠲᠦᠵᠦ ᠣᠳᠠᠭ᠋ᠠᠰᠢᠷᠠᠭᠣᠯᠵᠦ ᠪᠠᠢ᠌ᠭ᠎ᠠ ᠵᠢ ᠪᠢᠴᠢᠭ ᠂ ᠳ᠋ᠢᠶᠠᠩᠬᠤᠸᠠ᠂ ᠣᠬᠣᠷ  ᠴᠢᠮᠡᠭᠡ  ᠵᠡᠷᠭᠡ  ᠨᠣᠲᠠᠯᠠᠵᠦ ᠳᠡᠢ᠌ᠯᠬᠦ ᠬᠦᠮᠦᠨ  ᠬᠡᠷᠡᠭᠯᠡᠬᠦ  ᠨᠢᠭᠡᠴᠢ  ᠪᠤᠶᠤ ᠬᠤᠪᠢ ᠬᠥᠮᠦᠨ᠎ᠤ ᠣᠯᠵᠦ ᠮᠡᠳᠡᠭᠰᠡᠨ  ᠠᠷᠭ᠎ᠠ  ᠮᠠᠶᠢᠭ ᠵᠶ᠋ᠠᠷ ᠳᠠᠮᠵᠢᠭᠤᠯᠤᠨ᠂  ᠲᠣᠭᠲᠠᠭ᠋ᠠᠭᠰᠠᠨ ᠴᠠᠭ ᠬᠤᠭᠤᠴᠠᠭ᠋ᠠᠨ᠎ᠳᠤ ᠲᠣᠭᠲᠠᠭ᠋ᠠᠭᠰᠠᠨ ᠭᠠᠵᠠᠷ᠎ᠲᠤ ᠬᠦᠷᠴᠦ ᠬᠦᠯᠦᠰᠦᠨ  ᠲᠠᠷᠢᠶᠠᠴᠢᠨ᠎ᠳᠤ ᠴᠠᠯᠢᠩ ᠥᠭᠬᠦ ᠵᠢ ᠬᠠᠮᠵᠢᠯᠴᠠᠨ   ᠰᠢᠢ᠍ᠳᠪᠦᠷᠢᠯᠡᠬᠦ ᠵᠢ ᠲᠡᠲᠡᠨ᠎ᠳᠤ ᠮᠡᠳᠡᠭᠳᠡᠵᠦ ᠂  ᠲᠣᠭᠲᠠᠭ᠋ᠠᠭᠰᠠᠨ  ᠭᠠᠵᠠᠷ᠎ᠲᠤ ᠴᠠᠭ  ᠲᠣᠬᠠᠢ᠎ᠳᠤ᠎ᠨᠢ ᠣᠴᠢᠵᠦ ᠬᠠᠮᠵᠢᠨ ᠰᠢᠢ᠍ᠳᠪᠦᠷᠢᠯᠡᠬᠦ ᠵᠢ ᠲᠡᠪᠴᠢᠭᠰᠡᠨ ᠪᠣᠶᠣ ᠴᠠᠯᠢᠩ  ᠦᠷᠢᠲᠦᠭᠰᠡᠨ  ᠰᠦᠪᠡᠭᠴᠢ ᠵᠢ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ  ᠪᠠᠲᠤᠯᠠᠭ᠎ᠠ ᠵᠢᠨ  ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠳᠣᠲᠣᠭ᠋ᠠᠳᠤ ᠵᠢ  ᠬᠠᠮᠠᠭ᠋ᠠᠯᠠᠬᠤ  ᠪᠠᠢ᠌ᠭᠣᠯᠭ᠎ᠠ᠎ᠳᠤ ᠰᠢᠯᠵᠢᠭᠦᠯᠦᠨ  ᠬᠦᠷᠭᠡᠨ᠎ᠡ ᠃

     ᠳᠥᠴᠢᠨ ᠨᠢᠭᠡᠳᠦᠭᠡᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠣᠯᠭ᠎ᠠ ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂  ᠠᠷᠠᠳ᠎ᠤᠨ ᠰᠢᠭᠦᠬᠦ ᠬᠣᠷᠢᠶ᠎ᠠ ᠵᠡᠷᠭᠡ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ  ᠮᠡᠳᠡᠭᠡᠯᠡᠬᠦ᠂  ᠵᠥᠪᠳᠡᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ᠂ ᠴᠠᠯᠢᠩ  ᠦᠷᠢᠲᠦᠭᠰᠡᠨ  ᠰᠦᠪᠡᠭᠴᠢ ᠵᠢ ᠬᠦᠯᠢᠶᠡᠨ ᠠᠪᠴᠤ   ᠰᠢᠢ᠍ᠳᠪᠦᠷᠢᠯᠡᠬᠦ ᠂ ᠵᠠᠰᠠᠭ ᠵᠠᠬᠢᠷᠭ᠋ᠠᠨ ᠵᠶ᠋ᠠᠷ  ᠰᠢᠢ᠍ᠳᠬᠡᠯ ᠲᠣᠷᠭ᠋ᠠᠭᠣᠯᠢ ᠂ ᠵᠠᠷᠭᠤ ᠵᠢᠨ ᠬᠡᠷᠡᠭ᠎ᠢ ᠬᠡᠷᠡᠭ ᠪᠣᠯᠭ᠋ᠠᠨ ᠳᠠᠩᠰᠠᠯᠠᠬᠤ᠂ ᠰᠢᠭᠦᠨ ᠲᠠᠰᠤᠯᠵᠤ ᠭᠦᠢ᠍ᠴᠡᠳᠬᠡᠬᠦ ᠵᠡᠷᠭᠡ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ  ᠬᠠᠮᠲᠤ᠎ᠪᠠᠷ ᠬᠦᠷᠲᠡᠬᠦ ᠵᠢ  ᠪᠡᠶᠡᠯᠡᠭᠦᠯᠬᠦ ᠬᠡᠷᠡᠭᠲᠡᠶ᠃

     ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠎ᠨᠢ  ᠬᠥᠮᠦᠨ ᠬᠡᠷᠡᠭᠯᠡᠬᠦ  ᠨᠢᠭᠡᠴᠢ  ᠪᠤᠶᠤ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ ᠵᠡᠷᠭᠡ ᠬᠥᠳᠡᠯᠮᠦᠷᠢ ᠵᠢᠨ ᠬᠥᠯᠥᠰᠥ ᠣᠯᠭᠣᠮᠵᠢ ᠥᠭᠬᠦ ᠵᠢ ᠲᠡᠪᠴᠢᠭᠰᠡᠨ  ᠶᠠᠯ᠎ᠠ  ᠬᠢᠭᠰᠡᠨ ᠰᠡᠵᠢᠭᠯᠡᠯᠲᠡᠢ ᠪᠠᠢ᠌ᠪᠠᠯ ᠂ ᠬᠡᠷᠡᠭ᠎ᠤᠨ ᠮᠠᠲ᠋ᠧᠷᠢᠶᠠᠯ᠎ᠢ ᠳᠣᠲᠣᠭ᠋ᠠᠳᠤ ᠵᠢ ᠬᠠᠮᠠᠭ᠋ᠠᠯᠠᠬᠤ  ᠪᠠᠢ᠌ᠭᠣᠯᠭ᠎ᠠ᠎ᠳᠤ ᠴᠠᠭ ᠲᠤᠬᠠᠶ᠎ᠳᠤ᠎ᠨᠢ  ᠰᠢᠯᠵᠢᠭᠦᠯᠦᠨ ᠬᠦᠷᠭᠡᠬᠦ ᠵᠢᠨ ᠬᠠᠮᠲᠤ ᠠᠳᠠᠯᠢ ᠱᠠᠲᠤᠨ᠎ᠤ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠳᠤ ᠬᠠᠭᠤᠯᠤᠨ ᠬᠦᠷᠭᠡᠬᠦ  ᠬᠡᠷᠡᠭᠲᠡᠶ᠃

     ᠳᠣᠲᠣᠭ᠋ᠠᠳᠤ ᠵᠢ ᠬᠠᠮᠠᠭ᠋ᠠᠯᠠᠬᠤ  ᠪᠠᠢ᠌ᠭᠣᠯᠭ᠎ᠠ  ᠰᠢᠯᠵᠢᠭᠦᠯᠦᠨ ᠬᠦᠷᠭᠡᠭᠰᠡᠨ ᠬᠡᠷᠡᠭ᠎ᠤᠨ ᠮᠠᠲ᠋ᠧᠷᠢᠶᠠᠯ᠎ᠢ  ᠲᠡᠷᠡ ᠳᠠᠷᠤᠢ᠎ᠳᠤ᠎ᠨᠢ  ᠬᠢᠨᠠᠨ ᠪᠠᠶ᠋ᠢᠴᠠᠭ᠋ᠠᠵᠤ᠂ ᠬᠠᠤᠯᠢ ᠶᠣᠰᠣᠭ᠋ᠠᠷ ᠴᠠᠭ ᠲᠤᠬᠠᠶ᠎ᠳᠤ᠎ᠨᠢ  ᠬᠡᠷᠡᠭ ᠪᠣᠯᠭ᠋ᠠᠨ ᠳᠠᠩᠰᠠᠯᠠᠬᠤ ᠪᠤᠶᠤ  ᠦᠯᠦ  ᠬᠡᠷᠡᠭ ᠪᠣᠯᠭ᠋ᠠᠨ ᠳᠠᠩᠰᠠᠯᠠᠬᠤ  ᠰᠢᠢ᠍ᠳᠪᠦᠷᠢ  ᠭᠠᠷᠭ᠋ᠠᠬᠤ ᠵᠢᠨ  ᠬᠠᠮᠲᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠠᠷᠠᠳ᠎ᠤᠨ ᠪᠠᠶ᠋ᠢᠴᠠᠭ᠋ᠠᠬᠤ ᠬᠣᠷᠢᠶᠠᠨ᠎ᠳᠤ ᠬᠠᠭᠤᠯᠤᠨ ᠬᠦᠷᠭᠡᠬᠦ ᠬᠡᠷᠡᠭᠲᠡᠶ᠃

     ᠳᠥᠴᠢᠨ ᠬᠣᠶᠠᠳᠤᠭ᠋ᠠᠷ ᠵᠤᠷᠪᠣᠰ   ᠠᠷᠠᠳ᠎ᠤᠨ ᠪᠠᠶ᠋ᠢᠴᠠᠭ᠋ᠠᠬᠤ ᠬᠣᠷᠢᠶ᠎ᠠ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠪᠠᠨ ᠬᠠᠤᠯᠢ ᠶᠣᠰᠣᠭ᠋ᠠᠷ  ᠭᠦᠢ᠍ᠴᠡᠳᠬᠡᠬᠦ ᠬᠡᠷᠡᠭᠲᠡᠢ ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ  ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ  ᠮᠥᠴᠢᠷ᠎ᠤᠨ ᠶᠠᠯ᠎ᠠ ᠬᠢᠭᠰᠡᠨ ᠰᠡᠵᠢᠭᠯᠡᠯᠲᠡᠢ ᠰᠦᠪᠡᠭᠴᠢ ᠵᠢ ᠰᠢᠯᠵᠢᠭᠦᠯᠦᠨ  ᠬᠦᠷᠭᠡᠬᠦ ᠶᠣᠰᠣᠲᠠᠢ  ᠪᠠᠢ᠌ᠲᠠᠯ᠎ᠠ ᠰᠢᠯᠵᠢᠭᠦᠯᠦᠨ  ᠬᠦᠷᠭᠡᠬᠦ ᠦᠭᠡᠢ  ᠪᠠᠢ᠌ᠪᠠᠯ ᠰᠢᠪᠳᠠᠵᠦ ᠪᠠᠢ᠌ᠭ᠋ᠠᠳ  ᠰᠢᠯᠵᠢᠭᠦᠯᠦᠨ  ᠬᠦᠷᠭᠡᠬᠦ ᠬᠡᠷᠡᠭᠲᠡᠢ᠂  ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ ᠬᠡᠷᠡᠭ ᠪᠣᠯᠭ᠋ᠠᠨ ᠳᠠᠩᠰᠠᠯᠠᠬᠤ ᠶᠣᠰᠣᠲᠠᠢ ᠪᠠᠢ᠍ᠲᠠᠯ᠎ᠠ  ᠬᠡᠷᠡᠭ  ᠪᠣᠯᠭ᠋ᠠᠨ  ᠳᠠᠩᠰᠠᠯᠠᠭᠰᠠᠨ  ᠦᠭᠡᠢ  ᠪᠠᠢ᠌ᠪᠠᠯ  ᠬᠡᠷᠡᠭ ᠪᠣᠯᠭ᠋ᠠᠨ ᠳᠠᠩᠰᠠᠯᠠᠬᠤ᠎ᠳᠤ  ᠬᠢᠨᠠᠯᠲᠠ ᠲᠠᠯᠪᠢᠬᠤ ᠵᠢᠷᠤᠮ᠎ᠢ  ᠬᠠᠣᠯᠢ ᠶᠣᠰᠣᠭ᠋ᠠᠷ  ᠡᠬᠢᠯᠡᠭᠦᠯᠦᠨ᠎ᠡ ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ  ᠬᠡᠷᠡᠭ᠎ᠤᠨ  ᠬᠠᠤᠯᠢ ᠴᠠᠭ᠋ᠠᠵᠠ ᠵᠢ ᠬᠤᠣᠰ ᠴᠢᠭᠯᠡᠯ ᠵᠶ᠋ᠠᠷ ᠵᠣᠯᠭ᠋ᠠᠭᠤᠯᠬᠤ ᠲᠣᠭᠲᠠᠴᠠ ᠵᠢ  ᠴᠢᠩᠭ᠋ᠠᠳᠬᠠᠵᠤ ᠂  ᠬᠦᠯᠦᠰᠦᠨ  ᠲᠠᠷᠢᠶᠠᠴᠢᠨ᠎ᠤ  ᠴᠠᠯᠢᠩ  ᠦᠷᠢᠲᠦᠭᠰᠡᠨ᠎ᠠᠴᠠ ᠪᠤᠯᠵᠦ  ᠡᠷᠬᠡ᠎ᠪᠠᠨ ᠬᠠᠮᠠᠭ᠋ᠠᠯᠠᠬᠤ᠎ᠳᠤ ᠬᠦᠴᠢᠷᠳᠡᠯ᠎ᠲᠠᠢ ᠪᠠᠶ᠋ᠢᠪᠠᠯ᠂ ᠠᠷᠠᠳ᠎ᠤᠨ  ᠪᠠᠶ᠋ᠢᠴᠠᠭ᠋ᠠᠬᠤ ᠬᠤᠷᠢᠶ᠎ᠠ᠎ᠠᠴᠠ  ᠲᠡᠭᠦᠨ᠎ᠤ  ᠠᠷᠠᠳ᠎ᠤᠨ ᠰᠢᠭᠦᠬᠦ ᠬᠤᠷᠢᠶ᠎ᠠ᠎ᠳᠤ ᠢᠷᠭᠡᠨ᠎ᠤ ᠬᠡᠷᠡᠭ᠎ᠤᠨ  ᠵᠠᠭ᠋ᠠᠯᠳᠣᠯᠭ᠎ᠠ ᠭᠠᠷᠭ᠋ᠠᠬᠤ ᠵᠢ ᠳᠡᠮᠵᠢᠵᠦ ᠪᠣᠯᠣᠨ᠎ᠠ ᠃ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ  ᠪᠤᠰᠤᠳ  ᠬᠣᠯᠪᠣᠭᠳᠠᠯ  ᠪᠦᠬᠦᠢ ᠰᠠᠯᠠᠭ᠎ᠠ ᠮᠥᠴᠢᠷ᠎ᠤᠨ  ᠲᠣᠰᠢᠶᠠᠯ ᠬᠠᠷᠢᠭᠣᠴᠠᠯᠭ᠎ᠠ᠎ᠪᠠᠨ  ᠬᠠᠤᠯᠢ ᠶᠣᠰᠣᠭ᠋ᠠᠷ  ᠭᠦᠢ᠍ᠴᠡᠳᠬᠡᠭᠰᠡᠨ  ᠦᠭᠡᠶ  ᠪᠠᠢ᠌ᠪᠠᠯ  ᠠᠷᠠᠳ᠎ᠤᠨ ᠪᠠᠶ᠋ᠢᠴᠠᠭ᠋ᠠᠬᠤ ᠬᠣᠷᠢᠶ᠎ᠠ ᠬᠠᠤᠯᠢ ᠶᠣᠰᠣᠭ᠋ᠠᠷ ᠰᠢᠮᠳᠠᠭᠤᠯᠤᠨ ᠵᠠᠯᠠᠷᠠᠭᠤᠯᠵᠤ ᠪᠣᠯᠤᠨ᠎ᠠ᠃

     ᠠᠷᠠᠳ᠎ᠤᠨ ᠰᠢᠭᠦᠬᠦ ᠬᠣᠷᠢᠶ᠎ᠠ ᠬᠠᠤᠯᠢ ᠶᠣᠰᠣᠭ᠋ᠠᠷ ᠰᠢᠭᠦᠨ ᠲᠠᠰᠤᠯᠬᠤ ᠡᠭᠦᠷᠭᠡ ᠴᠢᠳᠠᠪᠤᠷᠢ᠎ᠪᠠᠨ ᠭᠦᠢ᠍ᠴᠡᠳᠬᠡᠵᠦ᠂ ᠰᠠᠭ᠋ᠠᠳ ᠦᠭᠡᠶ ᠨᠡᠪᠲᠡᠷᠡᠬᠦ ᠵᠠᠮ᠎ᠢ ᠨᠡᠭᠡᠭᠡᠵᠦ᠂ ᠰᠦᠯᠵᠢᠶᠡᠨ ᠳᠡᠭᠡᠷ᠎ᠡ ᠬᠡᠷᠡᠭ ᠪᠣᠯᠭ᠋ᠠᠨ ᠳᠠᠩᠰᠠᠯᠠᠬᠤ᠂ ᠣᠷᠣᠨ ᠪᠦᠰᠡ ᠠᠯᠤᠰᠯᠠᠨ ᠬᠡᠷᠡᠭ ᠪᠣᠯᠭ᠋ᠠᠨ ᠳᠠᠩᠰᠠᠯᠠᠬᠤ᠂ ᠲᠣᠭᠣᠷᠢᠨ ᠰᠢᠭᠦᠨ ᠲᠠᠰᠤᠯᠬᠤ᠂ ᠰᠦᠯᠵᠢᠶᠡᠨ ᠳᠡᠭᠡᠷ᠎ᠡ ᠡᠶᠡᠳᠡᠭᠦᠯᠬᠦ ᠵᠡᠷᠭᠡ ᠠᠷᠭ᠎ᠠ ᠮᠠᠶᠢᠭ ᠵᠶ᠋ᠠᠷ  ᠳᠠᠮᠵᠢᠭᠤᠯᠤᠨ᠂  ᠬᠦᠯᠦᠰᠦᠨ  ᠲᠠᠷᠢᠶᠠᠴᠢᠨ᠎ᠤ  ᠡᠷᠬᠡ᠎ᠪᠠᠨ  ᠬᠠᠮᠠᠭ᠋ᠠᠯᠠᠬᠤ ᠥᠪᠡᠷ᠎ᠤᠨ ᠥᠷᠲᠡᠭ᠎ᠢ  ᠪᠠᠭᠤᠷᠠᠭᠤᠯᠬᠤ ᠬᠡᠷᠡᠭᠲᠡᠶ᠃  ᠤᠷᠢᠳ ᠵᠶ᠋ᠠᠷ ᠭᠦᠢ᠍ᠴᠡᠳᠬᠡᠬᠦ  ᠳᠡᠰ ᠳᠠᠷᠠᠭ᠋ᠠᠯᠠᠯ᠂ ᠳᠥᠭᠥᠮ ᠳᠡᠰ ᠳᠠᠷᠠᠭ᠋ᠠᠯᠠᠯ ᠪᠣᠯᠤᠨ ᠪᠠᠭ᠎ᠠ ᠲᠣᠭ᠋ᠠᠨ᠎ᠤ ᠲᠦᠷᠭᠡᠨ ᠲᠠᠰᠤᠯᠬᠤ ᠳᠡᠰ ᠳᠠᠷᠠᠭ᠋ᠠᠯᠠᠯ ᠵᠡᠷᠭᠡ ᠵᠢ ᠬᠠᠤᠯᠢ ᠶᠣᠰᠣᠭ᠋ᠠᠷ ᠬᠡᠷᠡᠭᠯᠡᠨ ᠲᠦᠷᠭᠡᠨ ᠲᠣᠭᠲᠠᠭ᠋ᠠᠵᠤ ᠲᠦᠷᠭᠡᠨ ᠰᠢᠭᠦᠨ  ᠲᠠᠰᠣᠯᠵᠦ  ᠲᠦᠷᠭᠡᠨ  ᠭᠦᠢ᠍ᠴᠡᠳᠬᠡᠵᠦ᠂ ᠰᠢᠭᠦᠨ ᠲᠠᠰᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠰᠢᠭᠦᠨ ᠲᠠᠰᠤᠯᠬᠤ ᠭᠦᠢ᠍ᠴᠡᠳᠬᠡᠬᠦ ᠦᠷ᠎ᠡ ᠪᠦᠲᠦᠮᠵᠢ ᠵᠢ  ᠴᠢᠩᠭ᠋ᠠᠳᠬᠠᠵᠤ ᠂  ᠬᠦᠯᠦᠰᠦᠨ  ᠲᠠᠷᠢᠶᠠᠴᠢᠨ᠎ᠤ ᠡᠷᠬᠡ ᠠᠰᠢᠭ᠎ᠢ  ᠪᠠᠲᠣᠯᠠᠨ᠎ᠠ ᠃

     ᠳᠥᠴᠢᠨ ᠭᠤᠷᠪᠠᠳᠤᠭ᠋ᠠᠷ ᠵᠤᠷᠪᠣᠰ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠡᠭᠡᠷ᠎ᠡ ᠨᠢᠭᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠣᠯᠪᠣᠭᠳᠠᠯ ᠪᠦᠬᠦᠢ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ  ᠮᠥᠴᠢᠷ᠎ᠤᠨ ᠬᠠᠷᠢᠭᠤᠴᠠᠯᠭ᠋ᠠᠲᠠᠨ᠎ᠲᠠᠢ  ᠪᠣᠯᠵᠣᠨ  ᠶᠠᠷᠢᠯᠴᠠᠬᠤ ᠵᠢᠨ ᠬᠠᠮᠲᠤ ᠲᠤᠰ ᠰᠠᠯᠠᠭ᠎ᠠ  ᠮᠥᠴᠢᠷ᠎ᠤᠨ ᠣᠨ᠎ᠤ ᠰᠢᠯᠭ᠋ᠠᠨ ᠬᠢᠨᠠᠵᠤ ᠦᠨᠡᠯᠡᠬᠦ᠎ᠳᠤ ᠣᠷᠣᠭᠤᠯᠤᠨ᠎ᠠ᠄

    (ᠨᠢᠭᠡ) ᠢᠨᠵᠧᠨᠧᠷᠢᠩ᠎ᠤᠨ ᠲᠥᠷᠥᠯ ᠵᠦᠢ᠍ᠯ᠎ᠢ ᠬᠢᠨᠠᠨ ᠡᠵᠡᠮᠳᠡᠵᠦ ᠤᠷᠢᠳᠴᠢᠯᠠᠨ  ᠰᠡᠷᠡᠮᠵᠢᠯᠡᠭᠦᠯᠬᠦ ᠲᠠᠪᠴᠠᠩ᠎ᠳᠤ  ᠣᠷᠣᠭᠣᠯᠬᠤ᠎ᠳᠤ ᠬᠢᠨᠠᠯᠲᠠ ᠲᠠᠯᠪᠢᠭᠰᠠᠨ ᠦᠭᠡᠢ ᠂

    (ᠬᠤᠶᠠᠷ)  ᠢᠨᠵᠧᠨᠧᠷᠢᠩ᠎ᠤᠨ ᠲᠥᠷᠥᠯ ᠵᠦᠢ᠍ᠯ᠎ᠢ ᠮᠠᠭ᠋ᠠᠳᠯᠠᠨ ᠲᠣᠭᠲᠠᠭ᠋ᠠᠬᠤ᠂  ᠵᠢᠭᠰᠠᠭ᠋ᠠᠨ ᠣᠷᠣᠭᠤᠯᠬᠤ᠂ ᠢᠯᠡ ᠪᠣᠯᠭ᠋ᠠᠬᠤ᠂ ᠬᠦᠷᠭᠡᠬᠦ ᠂  ᠮᠡᠳᠡᠭᠡ ᠵᠠᠩᠬᠢᠴᠢᠯᠠᠭᠰᠠᠨ  ᠦᠨᠡᠨ  ᠨᠡᠷ᠎ᠡ ᠵᠢᠨ  ᠲᠦᠷᠢᠮ᠎ᠤᠨ ᠬᠠᠮᠢᠶᠠᠷᠤᠯᠲᠠ ᠵᠢᠨ  ᠳᠦᠷᠢᠮ᠎ᠢ ᠨᠠᠢ᠌ᠳᠠᠪᠣᠷᠢᠵᠢᠭᠣᠯᠬᠤ ᠵᠢ ᠰᠢᠮᠳᠠᠭᠣᠯᠣᠭᠰᠠᠨ ᠦᠭᠡᠢ᠂

    (ᠭᠤᠷᠪᠠ) ᠢᠨᠵᠧᠨᠧᠷᠢᠩ᠎ᠤᠨ ᠲᠥᠷᠥᠯ ᠵᠦᠢ᠍ᠯ᠎ᠳᠤ  ᠢᠨᠵᠧᠨᠧᠷᠢᠩ᠎ᠤᠨ  ᠵᠣᠭᠣᠰ᠎ᠢ ᠦᠭᠬᠦ  ᠳᠠᠭ᠋ᠠᠭ᠋ᠠᠯᠲᠠ᠂ ᠬᠥᠮᠦᠨ᠎ᠤ ᠬᠦᠴᠦᠨ᠎ᠤ ᠵᠠᠷᠤᠳᠠᠯ᠎ᠢ ᠲᠠᠩᠰᠠ ᠬᠤᠪᠢᠶᠠᠨ ᠬᠠᠮᠢᠶᠠᠷᠬᠤ᠂  ᠬᠥᠯᠥᠰᠥᠨ  ᠲᠠᠷᠢᠶᠠᠴᠢᠨ᠎ᠤ  ᠴᠠᠯᠢᠩ᠎ᠤᠨ  ᠲᠤᠰᠬᠠᠶ ᠳᠠᠩᠰᠠᠨ ᠡᠷᠦᠬᠡ ᠪᠠ ᠪᠠᠲᠤᠯᠠᠭ᠎ᠠ ᠵᠢᠨ ᠮᠥᠩᠭᠦ ᠂ ᠶᠡᠷᠦᠩᠬᠡᠶ ᠳᠠᠭ᠋ᠠᠭ᠋ᠠᠴᠢᠯᠠᠭᠰᠠᠨ ᠨᠢᠭᠡᠴᠢ ᠵᠢᠨ ᠴᠠᠯᠢᠩ᠎ᠢ ᠣᠷᠣᠯᠠᠨ  ᠦᠭᠬᠦ ᠲᠦᠷᠢᠮ᠎ᠢ  ᠴᠠᠯᠢᠩ᠎ᠢ  ᠨᠡᠬᠡᠵᠦ ᠠᠪᠬᠤ ᠂  ᠡᠰᠡᠬᠦᠯ᠎ᠡ  ᠬᠦᠯᠦᠰᠦᠨ  ᠲᠠᠷᠢᠶᠠᠴᠢᠨ᠎ᠤ  ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ  ᠨᠡᠷ᠎ᠡ᠎ᠪᠠᠷ  ᠢᠨᠵᠸᠨ᠋ᠸᠷᠢᠩ᠎ᠤᠨ  ᠵᠣᠭᠣᠰ᠎ᠢ ᠨᠡᠬᠡᠵᠦ ᠠᠪᠬᠤ ᠵᠢ  ᠬᠠᠤᠯᠢ  ᠶᠣᠰᠣᠭ᠋ᠠᠷ  ᠰᠢᠢ᠍ᠳᠪᠦᠷᠢᠯᠡᠬᠦ ᠬᠡᠷᠡᠭᠲᠡᠢ ᠃

     ᠲᠠᠪᠤᠳᠤᠭ᠋ᠠᠷ ᠪᠦᠯᠦᠭ   ᠬᠠᠤᠯᠢ ᠴᠠᠭ᠋ᠠᠵᠠ ᠵᠢᠨ ᠬᠠᠷᠢᠭᠤᠴᠠᠯᠭ᠎ᠠ

     ᠳᠥᠴᠢᠨ ᠳᠣᠯᠣᠳᠤᠭ᠋ᠠᠷ ᠵᠤᠷᠪᠣᠰ   ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ᠎ᠳᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠬᠠᠤᠯᠢ》᠂ 《  ᠬᠦᠯᠦᠰᠦᠨ  ᠲᠠᠷᠢᠶᠠᠴᠢᠨ᠎ᠤ  ᠴᠠᠯᠢᠩ᠎ᠢ ᠥᠭᠬᠦ ᠵᠢ ᠪᠠᠲᠤᠯᠠᠬᠤ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ  ᠨᠢᠭᠡᠨᠲᠡ  ᠪᠣᠳᠠᠲᠠᠶ  ᠰᠢᠢ᠍ᠳᠬᠡᠬᠦ  ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ  ᠵᠢᠷᠤᠮᠯᠠᠨ᠎ᠠ᠃

     ᠳᠥᠴᠢᠨ  ᠨᠠᠢ᠍ᠮᠠᠳᠤᠭ᠋ᠠᠷ  ᠵᠤᠷᠪᠣᠰ   ᠲᠤᠰ  ᠳᠦᠷᠢᠮ᠎ᠤᠨ ᠲᠣᠭᠲᠠᠭ᠋ᠠᠯ᠎ᠢ ᠵᠦᠷᠢᠴᠡᠵᠦ ᠂ ᠬᠥᠮᠦᠨ ᠬᠡᠷᠡᠭᠯᠡᠬᠦ  ᠨᠢᠭᠡᠴᠢ  ᠴᠠᠯᠢᠩ  ᠦᠭᠬᠦ  ᠡᠬᠡ ᠳᠠᠩᠰᠠ ᠵᠢ ᠬᠠᠭᠤᠷᠮᠠᠭᠯᠠᠨ᠂  ᠵᠣᠬᠢᠶᠠᠭᠰᠠᠨ ᠂ ᠨᠢᠭᠤᠨ᠂  ᠳᠠᠯᠳᠠᠯᠠᠭᠰᠠᠨ  ᠡᠰᠡᠬᠦᠯ᠎ᠡ ᠬᠠᠮᠢᠶ᠎ᠠ ᠪᠦᠬᠦᠢ ᠠᠵᠢᠯ᠎ᠤᠨ ᠡᠬᠡ ᠳᠠᠩᠰᠠ ᠵᠢ ᠬᠠᠤᠯᠢ ᠶᠣᠰᠣᠭ᠋ᠠᠷ  ᠬᠠᠩᠭ᠋ᠠᠭᠰᠠᠨ  ᠦᠭᠡᠶ  ᠪᠠᠢ᠌ᠪᠠᠯ  ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ  ᠵᠠᠰᠠᠭ ᠵᠠᠬᠢᠷᠭ᠋ᠠᠨ᠎ᠤ  ᠰᠠᠯᠠᠭ᠎ᠠ  ᠮᠥᠴᠢᠷ᠎ᠠᠴᠠ  ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ  ᠵᠠᠯᠠᠷᠠᠭᠣᠯᠣᠭᠣᠯᠣᠨ᠎ᠠ᠂  ᠬᠤᠭᠤᠴᠠᠭ᠎ᠠ  ᠬᠡᠲᠦᠷᠡᠲᠡᠯ᠎ᠡ ᠵᠠᠯᠠᠷᠠᠭᠣᠯᠣᠭᠰᠠᠨ  ᠦᠭᠡᠶ  ᠪᠠᠢ᠌ᠪᠠᠯ 2 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ᠎ᠪᠠᠷ ᠲᠣᠷᠭ᠋ᠠᠨ ᠰᠢᠢ᠍ᠳᠬᠡᠵᠦ ᠂ ᠬᠠᠤᠯᠢ᠎ᠪᠠᠷ  ᠲᠣᠭᠲᠠᠭ᠋ᠠᠭᠰᠠᠨ  ᠲᠥᠯᠥᠭᠡᠯᠡᠭᠴᠢ  ᠪᠤᠶᠤ ᠭᠣᠤᠯ  ᠬᠠᠷᠢᠭᠤᠴᠠᠯᠭ᠋ᠠᠲᠠᠨ᠂ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ  ᠬᠠᠷᠢᠭᠤᠴᠠᠯᠭ᠎ᠠ ᠡᠭᠦᠷᠭᠡᠯᠡᠭᠴᠢ ᠵᠢ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ  ᠲᠣᠷᠭ᠋ᠠᠨ ᠰᠢᠢ᠍ᠳᠬᠡᠨ᠎ᠡ ᠃

     ᠳᠥᠴᠢ ᠶᠢᠰᠦᠳᠦᠭᠡᠷ ᠵᠤᠷᠪᠣᠰ   ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠢᠨᠵᠸᠨ᠋ᠸᠷᠢᠩ᠎ᠤᠨ  ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠪᠠᠷᠢᠯᠭ᠎ᠠ ᠵᠢᠨ  ᠠᠵᠢᠯ᠎ᠢ ᠶᠡᠷᠣᠩᠬᠡᠢ  ᠳᠠᠭ᠋ᠠᠭ᠋ᠠᠴᠢᠯᠠᠭᠰᠠᠨ  ᠨᠢᠭᠡᠴᠢ ᠬᠦᠯᠦᠰᠦᠨ  ᠲᠠᠷᠢᠶᠠᠴᠢᠨ᠎ᠤ  ᠴᠠᠯᠢᠩ ᠥᠭᠬᠦ ᠵᠢ ᠬᠢᠨᠠᠨ ᠡᠵᠡᠮᠳᠡᠵᠦ  ᠣᠷᠢᠳᠴᠢᠯᠠᠨ ᠰᠡᠷᠡᠮᠵᠢᠯᠡᠭᠦᠯᠬᠦ ᠲᠠᠪᠴᠠᠩ ᠵᠶ᠋ᠠᠷ ᠳᠠᠮᠵᠢᠭᠤᠯᠤᠨ  ᠴᠠᠯᠢᠩ ᠥᠭᠬᠦ ᠬᠦᠰᠦᠨᠦᠭᠲᠦ ᠵᠢ  ᠳᠡᠭᠡᠭᠰᠢ  ᠮᠡᠳᠡᠭᠦᠯᠦᠭᠰᠡᠨ ᠦᠭᠡᠶ ᠪᠤᠶᠤ  ᠬᠦᠯᠦᠰᠦᠨ  ᠲᠠᠷᠢᠶᠠᠴᠢᠨ᠎ᠤ  ᠴᠠᠯᠢᠩ᠎ᠢ  ᠥᠭᠬᠦ ᠵᠢ ᠬᠢᠨᠠᠨ  ᠡᠵᠡᠮᠳᠡᠵᠦ  ᠣᠷᠢᠳᠴᠢᠯᠠᠨ ᠰᠡᠷᠡᠮᠵᠢᠯᠡᠭᠦᠯᠬᠦ  ᠲᠠᠪᠴᠠᠩ᠎ᠤᠨ  ᠣᠷᠢᠳᠴᠢᠯᠠᠨ  ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠰᠢᠢ᠍ᠳᠪᠦᠷᠢᠯᠡᠭᠰᠡᠨ  ᠦᠭᠡᠶ  ᠪᠠᠢ᠌ᠪᠠᠯ᠂  ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ  ᠬᠢᠵᠠᠭ᠋ᠠᠷᠯᠠᠨ  ᠵᠠᠯᠠᠷᠠᠭᠣᠯᠣᠭᠣᠯᠣᠨ᠎ᠠ᠂  ᠬᠤᠭᠤᠴᠠᠭ᠎ᠠ  ᠬᠡᠲᠦᠷᠡᠲᠡᠯ᠎ᠡ ᠵᠠᠯᠠᠷᠠᠭᠣᠯᠣᠭᠰᠠᠨ  ᠦᠭᠡᠶ  ᠪᠠᠢ᠌ᠪᠠᠯ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ  ᠲᠣᠷᠭ᠋ᠠᠨ ᠰᠢᠢ᠍ᠳᠬᠡᠨ᠎ᠡ ᠃

     ᠲᠠᠪᠢᠳᠤᠭ᠋ᠠᠷ ᠵᠤᠷᠪᠣᠰ   ᠲᠤᠰ ᠳᠦᠷᠢᠮ᠎ᠤᠨ ᠲᠣᠭᠲᠠᠭ᠋ᠠᠯ᠎ᠢ ᠵᠦᠷᠢᠴᠡᠵᠦ ᠂  ᠪᠦᠲᠦᠭᠡᠨ ᠪᠠᠢ᠌ᠭᠣᠯᠣᠯᠲᠠ ᠵᠢᠨ ᠨᠢᠭᠡᠴᠢ ᠂  ᠪᠠᠷᠢᠯᠭ᠎ᠠ ᠵᠢᠨ ᠠᠵᠢᠯ᠎ᠢ  ᠶᠡᠷᠦᠩᠬᠡᠶ ᠳᠠᠭ᠋ᠠᠭ᠋ᠠᠴᠢᠯᠠᠭᠰᠠᠨ   ᠨᠢᠭᠡᠴᠢ᠎ᠨᠢ  ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ ᠵᠶ᠋ᠠᠨ  ᠬᠦᠯᠦᠰᠦᠨ  ᠲᠠᠷᠢᠶᠠᠴᠢᠨ᠎ᠤ ᠴᠠᠯᠢᠩ᠎ᠢ  ᠥᠭᠬᠦ ᠵᠢ  ᠬᠢᠨᠠᠨ ᠡᠵᠡᠮᠳᠡᠵᠦ  ᠣᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠴᠠᠭ  ᠲᠣᠬᠠᠢ᠎ᠳᠤ᠎ᠨᠢ   ᠣᠷᠣᠭᠣᠯᠵᠦ ᠬᠢᠨᠠᠨ ᠬᠠᠮᠢᠶᠠᠷᠤᠭᠰᠠᠨ ᠦᠭᠡᠢ ᠪᠠᠢ᠌ᠪᠠᠯ᠂  ᠪᠠᠷᠢᠯᠭ᠎ᠠ ᠵᠢᠨ ᠠᠵᠢᠯ᠎ᠢ  ᠶᠡᠷᠦᠩᠬᠡᠶ ᠳᠠᠭ᠋ᠠᠭ᠋ᠠᠴᠢᠯᠠᠭᠰᠠᠨ  ᠨᠢᠭᠡᠴᠢ ᠂ ᠬᠤᠪᠢᠶᠠᠨ ᠳᠠᠭ᠋ᠠᠭ᠋ᠠᠴᠢᠯᠠᠭᠰᠠᠨ  ᠨᠢᠭᠡᠴᠢ᠎ᠨᠢ ᠪᠠᠷᠢᠯᠭ᠎ᠠ ᠪᠠᠷᠢᠬᠤ᠎ᠳᠤ   ᠣᠷᠣᠯᠴᠠᠭᠰᠠᠨ ᠨᠢᠭᠡᠴᠢ ᠵᠢᠨ ᠮᠡᠳᠡᠭᠡ ᠵᠠᠩᠭᠢ᠂  ᠢᠨᠵᠸᠨ᠋ᠸᠷᠢᠩ᠎ᠤᠨ  ᠪᠠᠷᠢᠯᠭ᠎ᠠ ᠪᠠᠷᠢᠬᠤ ᠵᠥᠪᠰᠢᠶᠡᠷᠡᠯ᠂  ᠢᠨᠵᠸᠨ᠋ᠸᠷᠢᠩ᠎ᠤᠨ ᠵᠣᠭᠣᠰ ᠥᠭᠬᠦ ᠳᠠᠭ᠋ᠠᠭ᠋ᠠᠯᠲᠠ᠂  ᠠᠵᠢᠯᠴᠢᠨ ᠬᠡᠷᠡᠭᠯᠡᠬᠦ ᠬᠠᠮᠢᠶᠠᠷᠤᠯᠲᠠ᠂ ᠴᠠᠯᠢᠩ  ᠦᠭᠬᠦ  ᠵᠡᠷᠭᠡ ᠮᠡᠳᠡᠭᠡ ᠵᠠᠩᠭᠢ ᠵᠢ  ᠬᠦᠯᠦᠰᠦᠨ  ᠲᠠᠷᠢᠶᠠᠴᠢᠨ᠎ᠤ ᠴᠠᠯᠢᠩ ᠥᠭᠬᠦ ᠵᠢ ᠬᠢᠨᠠᠨ  ᠡᠵᠡᠮᠳᠡᠵᠦ  ᠣᠷᠢᠳᠴᠢᠯᠠᠨ ᠰᠡᠷᠡᠮᠵᠢᠯᠡᠭᠦᠯᠬᠦ  ᠲᠠᠪᠴᠠᠩ᠎ᠳᠤ  ᠴᠠᠭ  ᠲᠤᠬᠠᠶ᠎ᠳᠤ᠎ᠨᠢ ᠳᠡᠭᠡᠭᠰᠢ ᠳᠠᠮᠵᠢᠭᠤᠯᠤᠭᠰᠠᠨ ᠦᠭᠡᠶ ᠂  ᠦᠨᠡᠨ ᠨᠡᠷ᠎ᠡ ᠵᠢᠨ  ᠳᠦᠷᠢᠮ᠎ᠤᠨ  ᠠᠵᠢᠯ᠎ᠳᠤ  ᠭᠠᠷᠬᠤ ᠵᠢ ᠰᠢᠯᠭ᠋ᠠᠬᠤ ᠲᠦᠬᠦᠭᠡᠷᠦᠮᠵᠢ᠎ᠪᠠᠷ ᠳᠠᠮᠵᠢᠭᠣᠯᠣᠨ ᠡᠯᠰᠡᠨ ᠬᠡᠷᠡᠭᠯᠡᠭᠰᠡᠨ ᠬᠦᠯᠦᠰᠦᠨ ᠲᠠᠷᠢᠶᠠᠴᠢᠨ᠎ᠤ ᠮᠡᠳᠡᠭᠡ ᠵᠠᠩᠬᠢᠵᠢᠯᠲᠠ ᠵᠢᠨ ᠦᠨᠡᠨ ᠨᠡᠷ᠎ᠡ ᠵᠢᠨ ᠳᠦᠷᠢᠮᠲᠤ ᠠᠵᠢᠯ᠎ᠳᠤ ᠭᠠᠷᠬᠤ ᠵᠢ ᠰᠢᠯᠭ᠋ᠠᠭᠰᠠᠨ ᠪᠠᠢ᠌ᠳᠠᠯ᠎ᠢ ᠦᠨᠡᠨ ᠮᠦᠨ ᠵᠶ᠋ᠡᠷ᠎ᠨᠢ ᠲᠡᠮᠳᠡᠭᠯᠡᠭᠰᠡᠨ ᠦᠭᠡᠢ ᠪᠠᠢ᠌ᠪᠠᠯ᠂  ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠵᠤ  ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ  ᠵᠠᠯᠠᠷᠠᠭᠣᠯᠣᠭᠣᠯᠣᠨ᠎ᠠ᠂ ᠬᠤᠭᠤᠴᠠᠭ᠎ᠠ  ᠬᠡᠲᠦᠷᠡᠲᠡᠯ᠎ᠡ ᠵᠠᠯᠠᠷᠠᠭᠣᠯᠣᠭᠰᠠᠨ  ᠦᠭᠡᠶ  ᠪᠠᠢ᠌ᠪᠠᠯ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ  ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ  ᠲᠣᠷᠭ᠋ᠠᠨ ᠰᠢᠢ᠍ᠳᠬᠡᠨ᠎ᠡ ᠃

     ᠲᠠᠪᠢᠨ ᠨᠢᠭᠡᠳᠦᠭᠡᠷ ᠵᠤᠷᠪᠣᠰ   ᠲᠤᠰ ᠳᠦᠷᠢᠮ᠎ᠤᠨ ᠲᠣᠭᠲᠠᠭ᠋ᠠᠯ᠎ᠢ ᠵᠦᠷᠢᠴᠡᠵᠦ ᠂  ᠵᠠᠰᠠᠭ᠎ᠤᠨ ᠣᠷᠳᠣᠨ ᠂  ᠤᠯᠤᠰ᠎ᠤᠨ  ᠥᠮᠴᠢᠯᠡᠯᠲᠦ  ᠠᠵᠤ  ᠠᠬᠤᠶ᠋ᠢᠯᠠᠯ᠎ᠤᠨ  ᠪᠡᠯᠡ ᠣᠷᠣᠭᠤᠯᠤᠯᠲᠠ ᠵᠢᠨ  ᠲᠥᠷᠥᠯ ᠵᠦᠢ᠍ᠯ᠎ᠳᠤ ᠬᠡᠷᠡᠭᠰᠡᠬᠦ ᠪᠡᠯᠡ ᠮᠥᠩᠭᠥ ᠎ᠨᠢ ᠪᠠᠷᠢᠮᠵᠢᠶ᠎ᠠ᠎ᠳᠤ ᠬᠦᠷᠦᠭᠰᠡᠨ ᠦᠭᠡᠢ ᠪᠣᠶᠣ ᠰᠢᠬᠠᠨ ᠡᠵᠡᠯᠡᠵᠦ᠂  ᠨᠡᠭᠦᠯᠭᠡᠨ ᠬᠡᠷᠡᠭᠯᠡᠭᠰᠡᠨ᠎ᠠᠴᠠ ᠪᠣᠯᠵᠤ  ᠬᠦᠯᠦᠰᠦᠨ  ᠲᠠᠷᠢᠶᠠᠴᠢᠨ᠎ᠤ  ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ ᠪᠠᠢ᠌ᠪᠠᠯ᠂ ᠳᠡᠭᠡᠷ᠎ᠡ ᠨᠢᠭᠡ ᠱᠠᠲᠤᠨ᠎ᠤ ᠬᠥᠮᠦᠨ᠎ᠤ ᠬᠦᠴᠦᠨ᠎ᠤ  ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ  ᠪᠤᠶᠤ  ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ   ᠲᠣᠰᠢᠶᠠᠯ  ᠬᠠᠷᠢᠭᠤᠴᠠᠯᠭ᠎ᠠ ᠵᠢᠨ  ᠶᠣᠰᠣᠭ᠋ᠠᠷ  ᠬᠠᠷᠢᠭᠤᠴᠠᠯᠭ᠎ᠠ ᠡᠭᠦᠷᠭᠡᠯᠡᠵᠦ ᠪᠦᠬᠦᠢ  ᠨᠢᠭᠡᠴᠢ ᠵᠢᠨ ᠬᠠᠷᠢᠭᠤᠴᠠᠯᠭ᠋ᠠᠲᠠᠨ᠎ᠲᠠᠢ ᠪᠣᠯᠵᠣᠨ  ᠶᠠᠷᠢᠯᠴᠠᠬᠤ ᠵᠢᠨ ᠬᠠᠮᠲᠤ  ᠲᠡᠭᠦᠨ᠎ᠤ  ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ᠂  ᠴᠠᠯᠢᠩ ᠬᠥᠯᠥᠰᠥ ᠵᠢ ᠎ᠨᠢ  ᠬᠤᠪᠢᠶᠠᠷᠢᠯᠠᠬᠤ᠂ ᠰᠢᠯᠢᠳᠡᠭ᠎ᠢ ᠎ᠨᠢ ᠰᠢᠯᠭ᠋ᠠᠷᠠᠭᠣᠯᠵᠦ ᠲᠡᠷᠢᠭᠦᠨ᠎ᠤ᠎ᠬᠢ᠎ᠨᠢ ᠰᠢᠯᠭ᠋ᠠᠷᠠᠭᠣᠯᠬᠤ᠂  ᠲᠤᠰᠢᠶᠠᠯ᠎ᠢ ᠎ᠨᠢ  ᠳᠡᠪᠰᠢᠭᠦᠯᠬᠦ ᠵᠡᠷᠭᠡ ᠵᠢᠨ ᠴᠢᠬᠤᠯᠠ ᠦᠨᠳᠦᠰᠦᠯᠡᠯ ᠪᠣᠯᠭ᠋ᠠᠨ᠎ᠠ ᠂  ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ  ᠪᠠᠢ᠌ᠪᠠᠯ᠂  ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠡᠪᠲᠡᠷᠡᠭᠦᠯᠵᠦ᠂ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠣᠤᠯ ᠬᠠᠷᠢᠭᠤᠴᠠᠯᠭ᠋ᠠᠲᠠᠨ ᠪᠤᠶᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠨ᠎ᠠ᠃

     ᠲᠤᠰ ᠳᠦᠷᠢᠮ᠎ᠤᠨ  ᠲᠣᠭᠲᠠᠭ᠋ᠠᠯ᠎ᠠᠴᠠ  ᠵᠦᠷᠢᠴᠡᠵᠦ᠂  ᠵᠠᠰᠠᠭ᠎ᠤᠨ ᠣᠷᠳᠣᠨ᠂ ᠤᠯᠤᠰ᠎ᠤᠨ  ᠥᠮᠴᠢᠯᠡᠯᠲᠦ  ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ  ᠲᠥᠷᠥᠯ  ᠵᠦᠢ᠍ᠯ᠎ᠤᠨ ᠪᠡᠯᠡ ᠮᠥᠩᠭᠥ ᠵᠢ ᠲᠣᠭᠲᠠᠭ᠋ᠠᠯ ᠶᠣᠰᠣᠭ᠋ᠠᠷ  ᠨᠠᠢ᠌ᠳᠠᠪᠣᠷᠢᠵᠢᠭᠣᠯᠣᠭᠰᠠᠨ  ᠦᠭᠡᠶ᠂  ᠪᠠᠷᠢᠯᠭ᠎ᠠ ᠪᠠᠷᠢᠬᠤ  ᠨᠢᠭᠡᠴᠢ᠎ᠠᠴᠠ ᠪᠡᠯᠡ ᠮᠥᠩᠭᠥ ᠵᠢ  ᠣᠷᠣᠯᠠᠨ ᠪᠦᠲᠦᠭᠡᠨ  ᠪᠠᠢ᠌ᠭᠣᠯᠵᠦ ᠂ ᠪᠡᠯᠡ  ᠣᠷᠣᠭᠤᠯᠤᠯᠲᠠ ᠵᠢᠨ ᠲᠣᠶ᠋ᠢᠮᠣ  ᠲᠥᠰᠦᠪ᠎ᠢ ᠳᠤᠷ᠎ᠠ᠎ᠪᠠᠷ ᠵᠶ᠋ᠠᠨ  ᠨᠡᠮᠡᠭᠳᠡᠭᠦᠯᠦᠭᠰᠡᠨ  ᠪᠤᠶᠤ ᠲᠥᠷᠥᠯ  ᠵᠦᠢ᠍ᠯ᠎ᠤᠨ ᠪᠡᠯᠡ ᠮᠥᠩᠭᠥ  ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ ᠵᠡᠷᠭᠡ᠎ᠠᠴᠠ ᠪᠣᠯᠵᠤ  ᠬᠦᠯᠦᠰᠦᠨ  ᠲᠠᠷᠢᠶᠠᠴᠢᠨ᠎ᠤ  ᠴᠠᠯᠢᠩ᠎ᠢ ᠥᠷᠢᠲᠦᠵᠦ  ᠣᠳᠠᠭ᠋ᠠᠰᠢᠷᠠᠭᠣᠯᠣᠭᠰᠠᠨ ᠪᠠᠢ᠌ᠪᠠᠯ᠂  ᠵᠠᠰᠠᠭ᠎ᠤᠨ  ᠶᠠᠪᠤᠳᠠᠯ᠎ᠤᠨ ᠢᠲᠡᠭᠡᠯ ᠠᠯᠳᠠᠭᠰᠠᠨ ᠲᠡᠮᠳᠡᠭᠯᠡᠯ᠎ᠳᠤ  ᠣᠷᠣᠭᠣᠯᠣᠨ᠎ᠠ ᠃

     ᠲᠠᠪᠢᠨ ᠬᠣᠶᠠᠳᠤᠭ᠋ᠠᠷ ᠵᠤᠷᠪᠣᠰ   ᠲᠤᠰ ᠳᠦᠷᠢᠮ᠎ᠤᠨ ᠲᠣᠭᠲᠠᠭ᠋ᠠᠯ᠎ᠢ ᠵᠦᠷᠢᠴᠡᠵᠦ ᠂  ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ  ᠰᠠᠯᠠᠭ᠎ᠠ ᠮᠥᠴᠢᠷ᠎ᠠᠴᠠ ᠬᠦᠯᠦᠰᠦᠨ  ᠲᠠᠷᠢᠶᠠᠴᠢᠨ᠎ᠤ  ᠴᠠᠯᠢᠩ᠎ᠢ  ᠦᠷᠢᠲᠦᠵᠦ ᠣᠳᠠᠭ᠋ᠠᠰᠢᠷᠠᠭᠣᠯᠣᠭᠰᠠᠨ ᠬᠡᠷᠡᠭ᠎ᠢ ᠪᠠᠶ᠋ᠢᠴᠠᠭ᠋ᠠᠨ  ᠰᠢᠢ᠍ᠳᠪᠦᠷᠢᠯᠡᠬᠦ᠎ᠳᠤ᠎ᠪᠠᠨ ᠴᠠᠯᠢᠩ  ᠥᠷᠢᠲᠦᠭᠰᠡᠨ  ᠦᠨᠡᠨ  ᠪᠣᠳᠠᠲᠠᠶ  ᠠᠵᠢᠯᠯᠠᠭ᠎ᠠ ᠵᠢ᠎ᠨᠢ ᠪᠠᠶ᠋ᠢᠴᠠᠭ᠋ᠠᠨ ᠲᠣᠳᠣᠯᠠᠵᠤ᠂ ᠬᠠᠤᠯᠢ ᠶᠣᠰᠣᠭ᠋ᠠᠷ ᠵᠠᠷᠯᠢᠭᠳᠠᠵᠤ ᠪᠠᠶ᠋ᠢᠭ᠋ᠠᠳ  ᠦᠭᠬᠦᠭᠦᠯᠬᠦ ᠂ ᠵᠣᠭᠣᠰ ᠵᠶ᠋ᠠᠷ  ᠲᠣᠷᠭ᠋ᠠᠬᠤ ᠵᠡᠷᠭᠡ ᠵᠠᠰᠠᠭ ᠵᠠᠬᠢᠷᠭ᠋ᠠᠨ᠎ᠤ  ᠰᠢᠢ᠍ᠳᠪᠦᠷᠢᠯᠡᠯᠲᠡ ᠪᠣᠶᠣ ᠵᠠᠰᠠᠭ ᠵᠠᠬᠢᠷᠭ᠋ᠠᠨ᠎ᠤ ᠰᠢᠢ᠍ᠳᠬᠡᠯ  ᠲᠣᠷᠭ᠋ᠠᠭᠤᠯᠢ  ᠦᠭᠴᠦ᠂  ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ  ᠪᠣᠯ ᠬᠦᠨᠳᠦ᠎ᠪᠠᠷ ᠰᠢᠳᠬᠡᠨ ᠲᠣᠷᠭ᠋ᠠᠨ᠎ᠠ᠃

     ᠲᠠᠪᠢᠨ ᠭᠤᠷᠪᠠᠳᠤᠭ᠋ᠠᠷ ᠵᠤᠷᠪᠣᠰ   ᠲᠥᠷᠥ ᠵᠢᠨ ᠠᠵᠢᠯᠲᠠᠨ  ᠬᠦᠯᠦᠰᠦᠨ  ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠳᠤᠮᠳᠠ ᠠᠯᠪᠠᠨ ᠲᠤᠰᠢᠶᠠᠯ  ᠬᠠᠷᠢᠭᠣᠴᠠᠯᠭ᠎ᠠ᠎ᠪᠠᠨ  ᠠᠯᠮᠠᠶ᠋ᠢᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ  ᠪᠠᠢ᠌ᠪᠠᠯ᠂  ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠤᠭᠴᠢ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ  ᠰᠢᠢ᠍ᠳᠬᠡᠯ  ᠥᠭᠭᠦᠨ᠎ᠡ ᠂  ᠶᠠᠯ᠎ᠠ  ᠪᠤᠯᠵᠦ ᠪᠦᠷᠢᠯᠳᠦᠭᠰᠡᠨ ᠪᠠᠢ᠌ᠪᠠᠯ  ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

     ᠵᠢᠷᠭᠤᠳᠤᠭ᠋ᠠᠷ ᠪᠦᠯᠦᠭ    ᠳᠠᠭ᠋ᠠᠯᠳᠤᠭᠤᠯᠤᠯ ᠳᠦᠷᠢᠮ

     ᠲᠠᠪᠢᠨ ᠳᠥᠷᠪᠡᠳᠦᠭᠡᠷ ᠵᠤᠷᠪᠣᠰ   ᠲᠤᠰ ᠳᠦᠷᠢᠮ᠎ᠢ 2025 ᠣᠨ᠎ᠤ 7 ᠳ᠋ᠤᠭ᠋ᠠᠷ  ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ