ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠤᠬᠠᠢ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠰᠠᠨᠠᠯ
2025-09-08

 (2025 ᠣᠨ᠎ᠤ 8 ᠰᠠᠷ᠎ᠠ᠎ᠶ᠋ᠢᠨ 15 ᠎ᠤ᠋ ᠡᠳᠦᠷ)

ᠬᠣᠲᠠ ᠪᠣᠯ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠴᠢᠬᠤᠯᠠ ᠠᠴᠢᠶᠠᠯᠠᠪᠤᠷᠢ᠂ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠴᠢᠬᠤᠯᠠ ᠣᠷᠣᠨ ᠵᠠᠶ ᠪᠣᠯᠤᠨ᠎ᠠ᠃ ᠮᠠᠨ᠎ᠤ ᠤᠯᠤᠰ᠎ᠤᠨ ᠬᠤᠳᠠ ᠪᠠᠯᠭᠠᠰᠤᠵᠢᠯᠳᠡ ᠶᠠᠭ ᠲᠦᠷᠭᠡᠨ ᠨᠡᠮᠡᠭ᠌ᠳᠡᠯ᠎ᠦᠨ ᠬᠤᠭᠤᠴᠠᠭ᠎ᠠ᠎ᠡᠴᠡ ᠲᠣᠭ᠍ᠲᠠᠭᠤᠨ᠎ᠢᠶᠠᠷ ᠬᠥᠭ᠌ᠵᠢᠬᠦ᠌ ᠬᠤᠭᠤᠴᠠᠭ᠎ᠠ ᠲᠡᠢᠰᠢ ᠱᠢᠯᠵᠢᠵᠦ᠍᠂ ᠬᠤᠳᠠ᠎ᠶ᠋ᠢᠨ ᠬᠥᠭ᠌ᠵᠢᠯᠲᠡ ᠶᠠᠭ ᠶᠡᠬᠡ ᠬᠡᠪᠴᠢᠶᠡᠨ᠎ᠦ ᠨᠡᠮᠡᠭ᠌ᠳᠡᠯ᠎ᠦᠨ ᠬᠡᠮᠵᠢᠶ᠎ᠡ ᠥᠷᠭᠡᠵᠢᠬᠦ᠌ ᠱᠠᠲᠤᠨ᠎ᠡᠴᠡ ᠬᠠᠳᠠᠭᠠᠯᠠᠯᠲᠠ᠎ᠶ᠋ᠢᠨ ᠬᠡᠮᠵᠢᠶᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠭᠣᠣᠯ ᠪᠣᠯᠭᠠᠬᠤ ᠱᠠᠳᠤ ᠦᠶ᠎ᠡ ᠲᠡᠢᠰᠢ ᠱᠢᠯᠵᠢᠵᠦ᠍ ᠪᠠᠢᠨ᠎ᠠ᠃ ᠬᠣᠲᠠ᠎ᠶ᠋ᠢᠨ ᠬᠥᠭ᠌ᠵᠢᠯᠲᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠲᠦᠷᠭᠡᠳᠭᠡᠵᠦ᠍᠂ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ ᠣᠲᠣ ᠳᠤᠤᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠬᠣᠲᠠ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠬᠣᠲᠠ᠎ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠠᠷᠠᠳ᠎ᠤᠨ ᠬᠣᠲᠠ᠎ᠶ᠋ᠢᠨ ᠣᠢᠯᠠᠭᠠᠭ᠍ᠳᠠᠬᠤᠨ᠎ᠢ ᠬᠢᠨᠠᠮᠠᠭᠠᠶ ᠦᠶ᠋ᠯᠡᠳᠦᠯᠭᠡᠵᠢᠭᠦᠯᠵᠦ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠣᠳᠭᠤ᠎ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠂ ᠤᠷᠤᠰᠢᠨ ᠰᠠᠭᠤᠬᠤ᠎ᠳᠤ ᠲᠣᠬᠢᠷᠠᠮᠵᠢᠲᠠᠶ᠂ ᠭᠤᠤ᠎ᠠ ᠰᠠᠢᠬᠠᠨ᠂ ᠤᠶᠠᠨ ᠴᠢᠨᠠᠷ ᠲᠠᠢ᠂ ᠪᠣᠯᠪᠠᠰᠤᠨ᠂ ᠣᠶᠤᠨᠴᠢ ᠣᠳᠣᠬᠢᠴᠢᠯᠠᠭ᠍ᠰᠠᠨ ᠠᠷᠠᠳ᠎ᠤᠨ ᠬᠣᠲᠠ᠎ᠵᠢ ᠪᠦᠲᠦᠭᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠬᠣᠲᠠ᠎ᠶ᠋ᠢᠨ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠪᠠᠷᠢᠮᠲᠠᠯᠠᠬᠤ᠎ᠪᠠᠷ ᠭᠤᠤᠯ ᠱᠢᠵᠢᠮ ᠪᠣᠯᠭᠠᠵᠤ᠂ ᠬᠣᠲᠠ᠎ᠶ᠋ᠢ ᠱᠢᠨᠡᠳᠬᠡᠬᠦ᠎ᠶ᠋ᠢ ᠠᠬᠢᠭᠤᠯᠬᠤ᠎ᠪᠠᠷ ᠴᠢᠬᠤᠯᠠ ᠭᠠᠷᠳᠠᠴᠠ ᠪᠣᠯᠭᠠᠵᠤ᠂ ᠬᠣᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠂ ᠬᠥᠳᠡᠯᠭᠡᠬᠦ ᠴᠢᠳᠠᠪᠦᠷᠢ᠎ᠶ᠋ᠢ ᠰᠣᠯᠢᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠰᠤᠶᠤᠯ ᠤ᠋ᠨ ᠦᠪ ᠢ᠋ ᠦᠷᠬᠦᠯᠵᠢᠯᠡᠨ ᠵᠠᠯᠭᠠᠮᠵᠢᠯᠠᠬᠤ᠂ ᠵᠠᠰᠠᠵᠤ ᠦᠷ᠎ᠡ ᠠᠱᠢᠭ᠎ᠢ ᠨᠡᠮᠡᠭ᠌ᠳᠡᠭᠦᠯᠬᠦ ᠶ᠋ᠢ ᠶᠡᠬᠡ ᠪᠡᠷ ᠠᠬᠢᠭᠤᠯᠵᠤ᠂ ᠬᠣᠲᠠ᠎ᠶ᠋ᠢᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠬᠣᠲᠠ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ ᠵᠠᠮ᠎ᠢ ᠨᠡᠭᠡᠭᠡᠬᠦ ᠬᠡᠷᠡᠭᠳᠡᠢ᠃

ᠠᠵᠢᠯ᠎ᠤᠨ ᠳᠤᠮᠳᠠ᠎ᠪᠠᠨ᠄ ᠬᠣᠲᠠ᠎ᠶ᠋ᠢᠨ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢᠶᠠᠨ ᠬᠤᠪᠢᠷᠠᠭᠤᠯᠵᠤ᠂ ᠬᠥᠮᠦᠨ᠎ᠢᠶᠡᠷ ᠦᠨᠳᠦᠰᠦ ᠪᠣᠯᠭᠠᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠶ; ᠬᠣᠲᠠ᠎ᠶ᠋ᠢᠨ ᠬᠥᠭ᠌ᠵᠢᠯᠲᠡ᠎ᠶ᠋ᠢᠨ  ᠬᠡᠯᠪᠡᠷᠢ᠎ᠶ᠋ᠢ ᠬᠤᠪᠢᠷᠠᠭᠤᠯᠵᠤ᠂ ᠡᠷᠴᠢᠮᠯᠢᠭ ᠥᠨᠳᠥᠷ ᠪᠦᠲᠦᠮᠵᠢᠲᠡᠶ ᠪᠠᠢᠬᠤ᠎ᠶ᠋ᠢ ᠨᠠᠩ ᠴᠢᠬᠤᠯᠠᠴᠢᠯᠠᠬᠤ ᠬᠡᠷᠡᠭ᠌ᠲᠡᠶ; ᠬᠣᠲᠠ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠤᠪᠢᠷᠠᠭᠤᠯᠵᠤ᠂ ᠣᠨᠴᠠᠯᠢᠭ᠍ᠲᠤ ᠬᠥᠭ᠌ᠵᠢᠯᠲᠡ᠎ᠶ᠋ᠢ ᠨᠠᠩ ᠴᠢᠬᠤᠯᠠᠴᠢᠯᠠᠬᠤ ᠬᠡᠷᠡᠭ᠌ᠲᠡᠶ; ᠬᠣᠲᠠ᠎ᠶ᠋ᠢᠨ ᠠᠵᠢᠯ᠎ᠤᠨ ᠭᠣᠣᠯᠳᠠᠯᠭ᠎ᠠ᠎ᠶ᠋ᠢ ᠬᠤᠪᠢᠷᠠᠭᠤᠯᠵᠤ᠂ ᠵᠠᠰᠠᠯᠲᠠ᠎ᠶ᠋ᠢᠨ ᠣᠷᠣᠭᠤᠯᠤᠯᠲᠠ᠎ᠶ᠋ᠢ ᠨᠠᠩ ᠴᠢᠬᠤᠯᠠᠴᠢᠯᠠᠬᠤ ᠬᠡᠷᠡᠭ᠌ᠲᠡᠶ; ᠬᠣᠲᠠ᠎ᠶ᠋ᠢᠨ ᠠᠵᠢᠯ᠎ᠤᠨ ᠠᠷᠭ᠎ᠠ᠎ᠶ᠋ᠢ ᠬᠤᠪᠢᠷᠠᠭᠤᠯᠵᠤ᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠶ᠃

ᠭᠤᠤᠯ ᠬᠠᠷᠠᠯᠲᠠ ᠪᠣᠯ᠄ 2030 ᠣᠨ ᠪᠣᠯᠬᠤ᠎ᠳᠤ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠬᠤᠯᠠ ᠠᠬᠢᠴᠠ᠎ᠲᠠᠶ ᠪᠣᠯᠭᠠᠵᠤ᠂ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠵᠣᠬᠢᠴᠠᠬᠤ ᠲᠥᠷᠥ᠎ᠶ᠋ᠢᠨ ᠪᠣᠳᠣᠯᠭ᠎ᠠ ᠲᠦᠷᠢᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢ ᠲᠦᠷᠭᠡᠳᠭᠡᠨ ᠬᠤᠪᠢᠷᠠᠭᠤᠯᠵᠤ᠂ ᠬᠥᠮᠦᠰ᠎ᠦᠨ ᠣᠷᠣᠱᠢᠨ ᠰᠠᠭᠤᠬᠤ ᠶᠠᠰᠤ ᠴᠢᠨᠠᠷ᠎ᠢ ᠢᠯᠡᠳᠲᠡ ᠳᠡᠭᠡᠭ᠌ᠰᠢᠯᠡᠭᠦᠯᠵᠦ᠍᠂ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠭᠦᠨᠵᠡᠭᠡᠶ ᠠᠬᠢᠭᠤᠯᠵᠤ᠂ ᠠᠮᠤᠷ ᠲᠦᠪᠱᠢᠨ᠎ᠦ ᠰᠠᠭᠤᠷᠢ᠎ᠶ᠋ᠢ ᠬᠦᠴᠦᠲᠡᠶ ᠪᠡᠬᠢᠵᠢᠭᠦᠯᠵᠦ᠍᠂ ᠰᠣᠶᠣᠯ᠎ᠤᠨ ᠱᠢᠳᠢ᠎ᠶ᠋ᠢ ᠭᠦᠶ᠋ᠴᠡᠳ ᠢᠯᠡᠷᠡᠭᠦᠯᠵᠦ᠍᠂ ᠵᠠᠰᠠᠯᠲᠠ᠎ᠶ᠋ᠢᠨ ᠲᠦᠪᠱᠢᠨ᠎ᠢ ᠶᠡᠬᠡ᠎ᠪᠡᠷ ᠳᠡᠭᠡᠭ᠌ᠰᠢᠯᠡᠭᠦᠯᠦᠨ᠎ᠡ; 2035 ᠣᠨ ᠪᠣᠯᠬᠤ᠎ᠳᠤ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠶ᠋ᠢ ᠦᠨᠳᠦᠰᠦᠨ᠎ᠳᠡᠭᠡᠨ ᠪᠠᠢᠭᠤᠯᠤᠨ ᠪᠦᠳᠦᠭᠡᠨ᠎ᠠ᠃

ᠬᠣᠶᠠᠷ᠂ ᠣᠳᠣᠬᠢᠴᠢᠯᠠᠭ᠍ᠰᠠᠨ ᠬᠣᠲᠠ᠎ᠶ᠋ᠢᠨ ᠱᠢᠰᠲ᠋ᠧᠮ ᠢ᠋ ᠱᠢᠯᠢᠳᠡᠭ᠌ᠵᠢᠭᠦᠯᠦᠨ᠎ᠡ

(ᠨᠢᠭᠡ) ᠬᠣᠲᠠ᠎ᠶ᠋ᠢᠨ ᠪᠦᠯᠦᠭᠵᠢᠯ ᠤ᠋ᠨ ᠨᠢᠭᠡ ᠴᠣᠭ᠍ᠴᠠᠵᠢᠯᠲᠠ ᠪᠠ ᠬᠣᠲᠠ᠎ᠶ᠋ᠢᠨ ᠴᠠᠭᠠᠷᠢᠭ᠎ᠤᠨ ᠨᠢᠭᠡ ᠬᠣᠲᠠᠴᠢᠯᠠᠭ᠍ᠰᠠᠨ ᠬᠥᠭ᠌ᠵᠢᠯᠲᠡ᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠶ ᠠᠬᠢᠭᠤᠯᠤᠨ᠎ᠠ᠃ ᠪᠦᠯᠬᠦᠮ ᠪᠠᠢᠭᠤᠯᠬᠤ ᠬᠡᠯᠪᠡᠷᠢ᠎ᠶ᠋ᠢᠨ᠂ ᠰᠦᠯᠵᠢᠶᠡᠵᠢᠭ᠌ᠰᠡᠨ ᠣᠳᠣᠬᠢᠴᠢᠯᠠᠭ᠍ᠰᠠᠨ ᠬᠤᠳᠠ᠎ᠶ᠋ᠢᠨ ᠪᠦᠯᠦᠭᠵᠢᠯ ᠪᠠ ᠬᠤᠳᠠ᠎ᠶ᠋ᠢᠨ ᠴᠠᠭᠠᠷᠢᠭ᠎ᠢ ᠬᠥᠭ᠌ᠵᠢᠭᠦᠯᠵᠦ᠍᠂ ᠪᠠᠢᠷᠢᠱᠢᠯ ᠨᠢ ᠵᠦᠢ ᠵᠣᠬᠢᠰᠲᠠᠢ ᠣᠳᠣᠬᠢᠴᠢᠯᠠᠭ᠍ᠰᠠᠨ ᠬᠤᠳᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠬᠤᠳᠠ᠎ᠶ᠋ᠢᠨ ᠪᠦᠯᠦᠭ᠌ᠵᠢᠯ᠎ᠦᠨ ᠳᠡᠯᠡᠬᠡᠢ᠎ᠶ᠋ᠢᠨ ᠲᠡᠰ᠎ᠤᠨ ᠬᠤᠳᠠ᠎ᠶ᠋ᠢᠨ ᠪᠦᠯᠦᠭ᠌ᠵᠢᠯ᠎ᠢ ᠡᠬᠦᠳᠦᠨ ᠪᠠᠢᠭᠤᠯᠬᠤ ᠵᠢ ᠲᠡᠮᠵᠢᠵᠤ᠂ ᠴᠧᠩᠳᠦ᠋ ᠴᠦᠩᠴᠢᠩ᠎ᠦᠨ ᠭᠠᠵᠠᠷ ᠣᠷᠣᠨ᠎ᠤ ᠬᠣᠣᠰ ᠬᠤᠳᠠ᠎ᠶ᠋ᠢᠨ ᠠᠵᠤ ᠠᠬᠤᠢ᠎ᠶ᠋ᠢᠨ ᠴᠠᠭᠠᠷᠢᠭ᠂ ᠬᠥᠬᠡᠮᠥ᠋ᠷᠡᠨ᠎ᠦ ᠳᠤᠮᠳᠠ ᠤᠷᠤᠰᠭᠠᠯ᠎ᠤᠨ ᠬᠤᠳᠠ᠎ᠶ᠋ᠢᠨ ᠪᠦᠯᠦᠭ᠌ᠵᠢᠯ ᠵᠡᠷᠭᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠨᠡᠮᠡᠭ᠌ᠳᠡᠯ᠎ᠦᠨ ᠲᠤᠢᠯ ᠪᠣᠯᠬᠤ᠎ᠶ᠋ᠢ ᠠᠬᠢᠭᠤᠯᠵᠤ᠂ ᠳᠤᠮᠳᠠ ᠪᠠᠷᠠᠭᠤᠨ ᠣᠷᠣᠨ ᠪᠠ ᠵᠡᠭᠦᠨ ᠬᠣᠢᠲᠤ᠎ᠶ᠋ᠢᠨ ᠬᠤᠳᠠ᠎ᠶ᠋ᠢᠨ ᠪᠦᠯᠦᠭ᠌ᠵᠢᠯ᠂ ᠬᠤᠳᠠ᠎ᠶ᠋ᠢᠨ ᠴᠠᠭᠠᠷᠢᠭ᠎ᠤᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠳᠦ ᠦᠵᠡᠭᠦᠯᠬᠦ᠌ ᠲᠤᠯᠭᠠᠭᠤᠷᠢᠯᠠᠬᠤ ᠦᠢᠯᠡᠳᠦᠯ᠎ᠢ ᠴᠢᠩᠭᠠᠳᠭᠠᠵᠤ᠂ ᠬᠤᠳᠠ᠎ᠶ᠋ᠢᠨ ᠬᠣᠭᠣᠷᠣᠨᠳᠣᠬᠢ ᠪᠠᠢᠷᠢ ᠲᠣᠭ᠍ᠲᠠᠭᠠᠯᠲᠠ᠎ᠶ᠋ᠢ ᠬᠠᠷᠢᠯᠴᠠᠨ ᠨᠥᠬᠥᠪᠥᠷᠢᠯᠡᠬᠦ᠌᠂ ᠲᠤᠨᠤᠭ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌᠂ ᠵᠠᠰᠠᠯᠲᠠ᠎ᠶ᠋ᠢᠨ ᠬᠣᠯᠪᠣᠭᠠᠯᠠᠨ ᠬᠠᠮᠵᠢᠯᠴᠠᠬᠤ᠎ᠶ᠋ᠢ ᠠᠬᠢᠭᠤᠯᠤᠨ᠎ᠠ᠃ ᠬᠤᠳᠠ᠎ᠶ᠋ᠢᠨ ᠪᠦᠯᠦᠭᠵᠢᠯ᠎ᠦᠨ ᠲᠤᠳᠤᠭᠠᠳᠤ ᠵᠢᠨ ᠠᠵᠤ ᠦᠢᠯᠡᠰ ᠤ᠋ᠨ ᠬᠡᠯᠬᠢᠶ᠎ᠡ ᠵᠢᠨ ᠬᠠᠮᠵᠢᠯᠴᠠᠭ᠎ᠠ ᠵᠢ ᠴᠢᠩᠭᠠᠳᠬᠠᠵᠤ᠂ ᠬᠤᠳᠠ᠎ᠶ᠋ᠢᠨ ᠪᠦᠯᠦᠭᠵᠢᠯ᠎ᠦᠨ ᠬᠣᠭᠣᠷᠣᠨᠳᠣᠬᠢ ᠠᠵᠤ ᠦᠢᠯᠡᠰ᠎ᠦᠨ ᠬᠤᠪᠢᠶᠠᠷᠢᠯᠠᠯ ᠪᠠ ᠣᠷᠣᠨ ᠵᠠᠢ᠎ᠶ᠋ᠢᠨ ᠬᠠᠷᠢᠯᠴᠠᠭ᠎ᠠ᠎ᠶ᠋ᠢ ᠱᠢᠯᠢᠳᠡᠭ᠌ᠵᠢᠭᠦᠯᠦᠨ᠎ᠡ᠃ ᠣᠳᠣᠬᠢᠴᠢᠯᠠᠭ᠍ᠰᠠᠨ ᠬᠣᠲᠠ᠎ᠶ᠋ᠢᠨ ᠴᠠᠭᠠᠷᠢᠭ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠨᠥᠬᠥᠴᠡᠯ᠎ᠲᠡᠶ ᠭᠠᠵᠠᠷ ᠣᠷᠣᠨ᠎ᠤ ᠨᠢᠭᠡ ᠬᠣᠲᠠᠴᠢᠯᠠᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠳᠠᠮᠵᠢᠵᠤ᠂ ᠨᠢᠭᠡ ᠬᠣᠲᠠᠴᠢᠯᠠᠯᠲᠠ᠎ᠶ᠋ᠢᠨ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠠᠵᠤ ᠠᠬᠤᠢ᠎ᠶ᠋ᠢᠨ ᠣᠷᠣᠨ ᠬᠢᠭᠡᠳ ᠵᠠᠰᠠᠭ ᠵᠠᠬᠢᠷᠭᠠᠨ᠎ᠤ ᠣᠷᠣᠨ᠎ᠢ ᠵᠣᠬᠢᠰᠲᠠᠢ ᠰᠠᠯᠭᠠᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠳᠥᠭᠥᠮ ᠳᠦᠷᠬᠡᠨ ᠥᠨᠳᠥᠷ ᠪᠦᠲᠦᠮᠵᠢᠲᠡᠢ᠂ ᠠᠵᠤ ᠦᠢᠯᠡᠰ᠎ᠦᠨ ᠱᠠᠲᠤᠯᠢᠭ ᠮᠠᠶᠢᠭ᠎ᠤᠨ  ᠢᠵᠢ ᠪᠦᠷᠢᠳᠦᠭ᠌ᠰᠡᠨ᠂ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠳᠥᠭᠥᠮ ᠳᠥᠲᠡ᠎ᠪᠡᠷ ᠬᠠᠮᠲᠤ ᠪᠠᠷ ᠡᠳ᠋ᠯᠡᠬᠦ᠌᠎ᠶ᠋ᠢ ᠠᠬᠢᠭᠤᠯᠤᠨ᠎ᠠ᠃

(ᠬᠣᠶᠠᠷ) ᠬᠡᠲᠦ ᠲᠣᠮᠣ ᠣᠨᠴᠠ ᠲᠣᠮᠣ ᠬᠣᠲᠠ᠎ᠶ᠋ᠢᠨ ᠶᠡᠷᠦᠩᠬᠡᠢᠯᠡᠭ᠌ᠰᠡᠨ ᠥᠷᠢᠰᠦᠯᠳᠦᠬᠦ᠌ ᠬᠦᠴᠦᠨ᠎ᠢ ᠴᠢᠩᠭᠠᠷᠠᠭᠤᠯᠤᠨ᠎ᠠ᠃ ᠬᠡᠲᠦ ᠲᠤᠮᠤ ᠣᠨᠴᠠ ᠲᠤᠮᠤ ᠬᠣᠲᠠ᠎ᠶ᠋ᠢᠨ ᠲᠤᠬᠠᠢ ᠤᠯᠤᠰ᠎ᠡᠴᠡ ᠵᠥᠪᠱᠢᠶᠡᠷᠡᠨ ᠲᠣᠳᠣᠷᠬᠠᠢᠯᠠᠭ᠍ᠰᠠᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ ᠭᠤᠤᠯᠯᠠᠬᠤ ᠴᠢᠳᠠᠮᠵᠢ᠎ᠶ᠋ᠢ ᠬᠦᠴᠦᠷᠬᠡᠭ᠌ᠵᠢᠭᠦᠯᠦᠨ ᠨᠠᠷᠢᠯᠢᠬ᠍ᠵᠢᠭᠤᠯᠵᠤ᠂ ᠬᠡᠲᠦ ᠲᠤᠮᠤ ᠬᠣᠲᠠ᠎ᠶ᠋ᠢᠨ ᠬᠡᠪᠴᠢᠶ᠎ᠡ᠎ᠶ᠋ᠢ ᠬᠢᠵᠠᠭᠠᠷᠯᠠᠨ᠂ ᠭᠤᠤᠯᠯᠠᠬᠤ ᠪᠤᠰᠤ ᠴᠢᠳᠠᠮᠵᠢ᠎ᠶ᠋ᠢ ᠵᠦᠶ ᠵᠣᠬᠢᠰᠲᠠᠶ ᠡᠮᠬᠢ ᠵᠢᠷᠤᠮ᠎ᠲᠠᠶ᠎ᠪᠠᠷ ᠲᠠᠷᠬᠠᠭᠠᠨ ᠲᠤᠬᠢᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠬᠥᠳᠡᠯᠭᠡᠭᠦᠷ᠎ᠢ ᠪᠣᠶ ᠪᠣᠯᠭᠠᠬᠤ᠎ᠶ᠋ᠢ ᠠᠬᠢᠭᠤᠯᠤᠨ᠎ᠠ᠃ ᠬᠡᠲᠦ ᠲᠣᠮᠣ ᠣᠨᠴᠠ ᠲᠤᠮᠤ ᠬᠣᠲᠠ᠎ᠶ᠋ᠢᠨ ᠪᠣᠳᠠᠲᠠᠶ᠎ᠲᠠᠶ᠎ᠪᠠᠨ ᠤᠶᠠᠯᠳᠤᠭᠤᠯᠤᠨ ᠪᠠᠢᠭᠤᠯᠤᠯ᠎ᠦᠨ ᠱᠢᠨ᠎ᠡ᠎ᠵᠢ ᠡᠭᠦᠳᠬᠦ᠎ᠶ᠋ᠢ ᠠᠬᠢᠭᠤᠯᠬᠤ᠎ᠶ᠋ᠢ ᠳᠡᠮᠵᠢᠨ᠎ᠡ᠃ ᠬᠡᠰᠡᠭ ᠭᠡᠳᠦ ᠲᠤᠮᠤ ᠣᠨᠴᠠ ᠲᠤᠮᠤ ᠬᠤᠳᠠ᠎ᠶ᠋ᠢᠨ ᠪᠦᠬᠦ᠌ ᠪᠥᠮᠪᠥᠷᠴᠡᠭ᠎ᠦᠨ ᠳᠡᠭᠡᠳᠦ ᠲᠡᠰ᠎ᠤᠨ ᠦᠢᠯᠡᠳᠪᠦᠷᠢᠯᠡᠯ᠎ᠦᠨ ᠡᠯᠧᠮᠧᠨ᠋ᠲ᠎ᠢ ᠲᠤᠬᠢᠷᠠᠭᠤᠯᠬᠤ ᠴᠢᠳᠠᠪᠤᠷᠢ᠎ᠪᠠᠨ ᠨᠡᠮᠡᠭ᠌ᠳᠡᠭᠦᠯᠬᠦ᠌᠎ᠶ᠋ᠢ ᠲᠡᠮᠵᠢᠨ᠎ᠡ᠃ ᠬᠡᠲᠦ ᠲᠣᠮᠣ ᠣᠨᠴᠠ ᠲᠣᠮᠣ ᠬᠣᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠰᠠᠭᠤᠷᠢᠨ ᠢ᠋ ᠪᠠᠢᠷᠢᠱᠢᠭᠤᠯᠬᠤ᠎ᠶ᠋ᠢ ᠳᠡᠮᠵᠢᠵᠦ᠍᠂ ᠠᠩᠬᠠᠨ᠎ᠤ ᠡᠭᠦᠳᠦᠯᠲᠡ᠎ᠶ᠋ᠢᠨ ᠴᠢᠨᠠᠷᠲᠠᠶ᠂ ᠨᠤᠷᠠᠭᠠᠯᠲᠠ᠎ᠶ᠋ᠢᠨ ᠴᠢᠨᠠᠷᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠨᠥᠬᠥᠴᠡᠯ᠎ᠲᠡᠶ ᠮᠤᠵᠢ ᠣᠷᠣᠨ᠎ᠤ ᠮᠤᠵᠢ᠎ᠶ᠋ᠢᠨ ᠬᠡᠪᠴᠢᠶᠡᠨ᠎ᠦ ᠳᠡᠳ᠋ ᠲᠥᠪ ᠬᠣᠲᠠ᠎ᠶ᠋ᠢ ᠪᠣᠢᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃

(ᠭᠤᠷᠪᠠ) ᠳᠤᠮᠳᠠ ᠪᠠᠭ᠎ᠠ ᠬᠣᠲᠠ ᠪᠣᠯᠤᠨ ᠱᠢᠶᠠᠨ᠎ᠤ ᠬᠣᠲᠠ᠎ᠶ᠋ᠢᠨ ᠳᠠᠭᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠳᠤᠮᠳᠠ ᠪᠠᠭ᠎ᠠ ᠬᠣᠲᠠ᠎ᠶ᠋ᠢᠨ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠲᠠᠶ ᠤᠶᠠᠯᠳᠤᠭᠤᠯᠬᠤ᠎ᠶ᠋ᠢ ᠠᠬᠢᠭᠤᠯᠵᠤ᠂ ᠰᠠᠭᠤᠷᠢ ᠲᠥᠬᠥᠭᠡᠷᠦᠮᠵᠢ᠎ᠶ᠋ᠢᠨ ᠪᠠᠢᠷᠢᠱᠢᠭᠤᠯᠤᠯᠲᠠ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠬᠥᠳᠡᠯᠦᠩᠭᠦᠶ᠎ᠪᠡᠷ ᠱᠢᠯᠢᠳᠡᠭ᠌ᠵᠢᠭᠦᠯᠵᠦ᠍᠂ ᠲᠠᠰ ᠳᠠᠷᠠᠭᠠᠯᠠᠯ ᠶᠣᠰᠣᠭᠠᠷ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠲᠣᠬᠢᠷᠠᠭᠤᠯᠤᠯᠲᠠ᠎ᠶ᠋ᠢ ᠯᠠᠪᠳᠠᠭᠤᠨ ᠪᠣᠯᠭᠣᠮᠵᠢᠲᠠᠶ ᠱᠢᠯᠢᠳᠡᠭ᠌ᠵᠢᠭᠦᠯᠦᠨ᠎ᠡ᠃ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠥᠷᠥᠯ ᠬᠤᠪᠢᠶᠠᠨ ᠠᠬᠢᠭᠤᠯᠵᠤ᠂ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠦᠨ᠎ᠡ᠃ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠵᠢᠵᠢᠭ ᠬᠣᠲᠠ ᠪᠠᠯᠭᠠᠰᠤ᠎ᠶ᠋ᠢ ᠬᠥᠭ᠌ᠵᠢᠭᠦᠯᠦᠨ᠎ᠡ᠃ ᠠᠵᠤ ᠠᠬᠤᠶ᠎ᠶ᠋ᠢᠨ ᠬᠡᠪᠴᠢᠶ᠎ᠡ᠎ᠪᠡᠷ ᠶᠡᠬᠡ᠂ ᠬᠥᠮᠦᠨ ᠠᠮᠠ᠎ᠶ᠋ᠢᠨ ᠨᠡᠮᠡᠭ᠌ᠳᠡᠯ᠎ᠢᠶᠡᠷ ᠲᠦᠷᠭᠡᠨ ᠱᠢᠶᠠᠨ᠎ᠤ ᠱᠠᠲᠤᠨ᠎ᠤ ᠬᠣᠲᠠ ᠪᠣᠯᠤᠨ ᠣᠨᠴᠠ ᠲᠤᠮᠤ ᠪᠠᠯᠭᠠᠰᠤᠨ᠎ᠤ ᠠᠵᠤ ᠠᠬᠤᠶ ᠨᠡᠢᠭᠡᠮ᠎ᠦᠨ ᠬᠠᠮᠢᠶᠠᠷᠤᠯᠲᠠ᠎ᠶ᠋ᠢᠨ ᠡᠷᠬᠡ ᠮᠡᠳᠡᠯ᠎ᠢ ᠴᠠᠭ᠎ᠲᠤᠬᠠᠢ ᠳ᠋ᠤᠨᠢ ᠲᠣᠬᠢᠷᠠᠭᠤᠯᠤᠨ ᠥᠷᠭᠡᠳᠭᠡᠨ᠎ᠡ᠃ ᠬᠥᠮᠦᠨ ᠠᠮᠠ ᠦᠷᠭᠦᠯᠵᠢᠯᠡᠨ ᠭᠠᠳᠠᠭ᠍ᠰᠢ ᠨᠡᠭᠦᠭᠰᠡᠨ ᠬᠤᠳᠠ ᠪᠠ ᠡᠬᠢ ᠪᠠᠶᠠᠯᠢᠭ᠎ᠤᠨ ᠬᠡᠯᠪᠡᠷᠢ᠎ᠶ᠋ᠢᠨ ᠬᠤᠳᠠ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠤᠨ᠎ᠠ᠃ ᠬᠢᠯᠢ᠎ᠶ᠋ᠢᠨ ᠬᠣᠲᠠ ᠪᠠᠯᠭᠠᠰᠤ᠎ᠶ᠋ᠢ ᠳᠡᠮᠵᠢᠵᠦ᠍ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠤᠨ ᠪᠡᠬᠢᠵᠢᠭᠦᠯᠬᠦ᠌᠂ ᠬᠥᠮᠦᠨ ᠠᠮᠠ᠎ᠶ᠋ᠢ ᠲᠥᠪᠯᠡᠷᠡᠭᠦᠯᠬᠦ᠌᠂ ᠠᠮᠤᠷ ᠲᠦᠪᠱᠢᠨ᠎ᠢᠶᠡᠷ ᠬᠥᠭ᠌ᠵᠢᠭᠦᠯᠬᠦ᠌ ᠴᠢᠳᠠᠪᠤᠷᠢ᠎ᠶ᠋ᠢ ᠨᠢ ᠨᠡᠮᠡᠭ᠌ᠳᠡᠭᠦᠯᠦᠨ᠎ᠡ᠃ ᠬᠤᠳᠠ ᠬᠥᠳᠡᠭᠡ᠎ᠶ᠋ᠢᠨ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠨᠢᠭᠡᠳᠦᠯᠲᠡᠢ ᠲᠥᠯᠥᠪᠵᠢᠭᠦᠯᠦᠨ ᠪᠠᠢᠭᠤᠯᠵᠤ᠂ ᠬᠤᠳᠠ ᠬᠥᠳᠡᠭᠡ᠎ᠶ᠋ᠢᠨ ᠠᠭᠤᠰᠤᠯᠳᠤᠨ ᠬᠥᠭ᠌ᠵᠢᠬᠦ᠌᠎ᠶ᠋ᠢ ᠠᠬᠢᠭᠤᠯᠤᠨ᠎ᠠ᠃ ᠬᠦᠳᠡᠭᠡ᠎ᠡᠴᠡ ᠱᠢᠯᠵᠢᠭ᠌ᠰᠡᠳ ᠢ᠋ ᠬᠤᠳᠠ᠎ᠶ᠋ᠢᠨ ᠠᠷᠠᠳ ᠪᠣᠯᠭᠠᠬᠤ ᠶᠠᠪᠤᠳᠠᠯ᠎ᠢ ᠦᠷᠭᠦᠯᠵᠢᠯᠡᠨ ᠠᠬᠢᠭᠤᠯᠤᠨ᠎ᠠ᠃

ᠭᠤᠷᠪᠠ᠂ ᠬᠣᠲᠠ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠤᠨ᠎ᠠ

(ᠳᠥᠷᠪᠡ) ᠬᠣᠲᠠ᠎ᠶ᠋ᠢᠨ ᠪᠠᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠬᠣᠲᠠ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠴᠢᠩᠭᠠᠷᠠᠭᠤᠯᠤᠨ᠎ᠠ᠃ ᠬᠤᠳᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠰᠠᠭᠤᠷᠢ ᠨᠥᠬᠥᠴᠡᠯ᠎ᠳᠦ ᠰᠠᠭᠤᠷᠢᠯᠠᠵᠤ᠂ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠨᠠᠷᠢᠨ ᠨᠢᠮᠪᠠᠢ ᠪᠣᠢᠵᠢᠭᠤᠯᠵᠤ᠂ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠠᠩᠬᠠᠨ᠎ᠤ ᠡᠭᠦᠳᠦᠯᠲᠡ ᠪᠠ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠠ ᠠᠵᠤ ᠦᠢᠯᠡᠰ᠎ᠦᠨ ᠱᠢᠨ᠎ᠡ ᠵᠢ ᠡᠭᠦᠳᠬᠦ ᠬᠠᠮᠵᠢᠯᠴᠠᠭ᠎ᠠ᠎ᠶ᠋ᠢ ᠴᠢᠩᠭᠠᠳᠭᠠᠵᠤ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠱᠢᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ᠎ᠶ᠋ᠢᠨ ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠎ᠡ᠃ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠲᠦᠷᠭᠡᠪᠴᠢᠯᠡᠨ ᠪᠠᠢᠭᠤᠯᠤᠨ᠎ᠠ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠬᠰᠠᠨ ᠠᠵᠤ ᠦᠢᠯᠡᠰ᠎ᠦᠨ ᠪᠥᠯᠦᠭᠵᠢᠯ᠎ᠦᠨ ᠬᠥᠭ᠌ᠵᠢᠯᠲᠡ᠎ᠶ᠋ᠢᠨ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠦᠨ᠎ᠡ᠃ ᠲᠡᠷᠢᠭᠦᠨ᠎ᠦ ᠦᠢᠯᠡᠳᠬᠦ᠌ ᠦᠢᠯᠡᠰ᠎ᠦᠨ ᠪᠦᠯᠦᠭ᠌ᠵᠢᠯ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠣᠶᠤᠨᠴᠢᠯᠠᠬᠰᠠᠨ ᠪᠦᠳᠦᠬᠡᠨ ᠪᠠᠢᠭᠤᠯᠬᠤ᠎ᠶ᠋ᠢ ᠬᠥᠭ᠌ᠵᠢᠭᠦᠯᠵᠦ᠍᠂ ᠣᠳᠣᠬᠢᠴᠢᠯᠠᠭ᠍ᠰᠠᠨ ᠪᠠᠷᠢᠯᠭ᠎ᠠ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠪᠣᠢᠵᠢᠭᠤᠯᠤᠨ᠂ ᠪᠠᠷᠢᠯᠭ᠎ᠠ᠎ᠶ᠋ᠢᠨ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦᠯᠬᠦ᠎ᠶ᠋ᠢ ᠲᠦᠷᠭᠡᠳᠭᠡᠨ ᠠᠬᠢᠭᠤᠯᠤᠨ᠎ᠠ᠃ ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠢ ᠶᠡᠬᠡ ᠪᠡᠷ ᠬᠥᠭ᠌ᠵᠢᠭᠦᠯᠵᠦ᠍᠂ ᠠᠮᠢᠳᠤᠷᠠᠯ᠎ᠤᠨ ᠴᠢᠨᠠᠷᠲᠠᠶ ᠦᠶ᠋ᠯᠡᠴᠢᠯᠡᠭᠡᠨ᠎ᠦ ᠦᠢᠯᠡᠰ᠎ᠦᠨ ᠳᠤᠲᠠᠭᠤᠳᠠᠯ᠎ᠢᠶᠠᠨ ᠨᠥᠬᠥᠪᠥᠷᠢᠯᠡᠬᠦ᠌᠂ ᠬᠢᠷᠢ ᠲᠦᠪᠰᠢᠨ᠎ᠢᠶᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠠᠩᠬ᠎ᠠ ᠲᠠᠷᠬᠠᠭᠠᠬᠤ ᠠᠵᠤ ᠠᠬᠤᠢ᠂ ᠪᠤᠭᠤᠷᠤᠯᠴᠤᠳ᠎ᠤᠨ ᠠᠵᠤ ᠠᠬᠤᠢ᠂ ᠮᠥᠰᠥ᠍ ᠴᠠᠰᠤᠨ᠎ᠤ ᠠᠵᠤ ᠠᠬᠤᠢ᠂ ᠤᠢᠷ᠎ᠠ ᠤᠭᠳᠠᠷᠭᠤᠢ ᠵᠢᠨ ᠠᠵᠤ ᠠᠬᠤᠢ᠎ᠶ᠋ᠢ ᠬᠥᠭ᠌ᠵᠢᠭᠦᠯᠵᠦ᠍᠂ ᠬᠡᠷᠡᠭ᠌ᠯᠡᠭᠡᠨ᠎ᠦ ᠱᠢᠨ᠎ᠡ ᠦᠵᠡᠭᠳᠡᠯ ᠪᠠᠢᠳᠠᠯ᠎ᠢ ᠪᠣᠢᠵᠢᠭᠤᠯᠤᠨ᠎ᠠ᠃ ᠣᠯᠠᠨ ᠤᠯᠤᠰ᠎ᠤᠨ ᠬᠡᠷᠡᠭ᠌ᠯᠡᠭᠡᠨ᠎ᠦ ᠲᠥᠪ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ᠃

(ᠲᠠᠪᠤ) ᠬᠣᠲᠠ᠎ᠶ᠋ᠢᠨ ᠬᠠᠳᠠᠭᠠᠯᠠᠭ᠍ᠳᠠᠵᠤ ᠪᠠᠢᠭ᠎ᠠ ᠡᠬᠢ ᠪᠠᠶᠠᠯᠢᠭ᠎ᠤᠨ ᠳᠠᠯᠳᠠ ᠬᠦᠴᠦᠨ᠎ᠢ ᠬᠥᠭ᠌ᠵᠢᠭᠡᠨ᠎ᠡ᠃ ᠬᠣᠲᠠ᠎ᠶ᠋ᠢᠨ ᠭᠡᠷ ᠪᠠᠢᠱᠢᠩ᠂ ᠲᠤᠨᠤᠭ ᠲᠦᠬᠦᠭᠡᠷᠦᠮᠵᠢ᠂ ᠭᠠᠵᠠᠷ ᠱᠢᠷᠣᠶ ᠵᠡᠷᠭᠡ ᠡᠳ᠋ ᠬᠥᠷᠥᠩᠭᠡ ᠡᠬᠢ ᠪᠠᠶᠠᠯᠢᠭ᠎ᠤᠨ ᠦᠨᠳᠦᠰᠦᠨ ᠪᠠᠢᠳᠠᠯ᠎ᠢ ᠪᠦᠬᠦ᠌ ᠲᠠᠯ᠎ᠠ᠎ᠪᠠᠷ ᠲᠣᠳᠣᠷᠬᠠᠶ ᠣᠢᠯᠠᠭᠠᠨ᠎ᠠ᠃ ᠬᠠᠭᠤᠴᠢᠨ ᠦᠢᠯᠡᠳᠪᠦᠷᠢ᠎ᠶ᠋ᠢᠨ ᠭᠡᠷ ᠪᠠᠢᠱᠢᠩ᠂ ᠦᠷ᠎ᠡ ᠠᠱᠢᠭ᠎ᠢᠶᠠᠷ ᠳᠣᠣᠷ᠎ᠠ ᠠᠰᠠᠷ ᠪᠠᠢᠱᠢᠩ᠂ ᠰᠤᠯᠠ ᠲᠠᠯᠪᠢᠭᠳᠠᠵᠤ ᠪᠠᠢᠭ᠎ᠠ ᠤᠯᠠᠮᠵᠢᠯᠠᠯᠲᠤ ᠬᠤᠳᠠᠯᠳᠤᠭᠠᠨ᠎ᠤ ᠲᠤᠨᠤᠭ  ᠲᠦᠬᠦᠭᠡᠷᠦᠮᠵᠢ ᠵᠡᠷᠭᠡ ᠦᠯᠡᠳᠡᠭᠳᠡᠯ ᠭᠡᠷ ᠪᠠᠢᠱᠢᠩ᠎ᠢ ᠥᠭᠡᠷᠡᠴᠢᠯᠡᠨ ᠠᠱᠢᠭ᠍ᠯᠠᠵᠤ᠂ ᠪᠠᠷᠢᠯᠭ᠎ᠠ᠎ᠶ᠋ᠢᠨ ᠴᠢᠳᠠᠮᠵᠢ᠎ᠶ᠋ᠢ ᠬᠤᠪᠢᠷᠠᠭᠤᠯᠬᠤ ᠪᠠ ᠬᠣᠯᠢᠯᠳᠤᠭᠤᠯᠤᠨ ᠠᠱᠢᠭ᠍ᠯᠠᠬᠤ ᠬᠡᠷᠡᠭ᠌ᠴᠡᠭᠡ ᠯᠤᠭᠡ ᠬᠠᠷᠢᠯᠴᠠᠨ ᠲᠣᠬᠢᠷᠠᠯᠴᠠᠭ᠍ᠰᠠᠨ ᠲᠥᠯᠥᠪᠵᠢᠭᠦᠯᠦᠨ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃ ᠬᠣᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠦᠯᠡᠳᠡᠬᠳᠠᠯ  ᠬᠥᠷᠥᠩᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ ᠵᠢᠷᠤᠮᠵᠢᠭᠤᠯᠵᠤ᠂ ᠠᠵᠢᠯᠯᠠᠭᠠᠨ᠎ᠤ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠥᠮᠴᠢᠯᠡᠬᠦ᠌ ᠡᠷᠬᠡ᠎ᠶ᠋ᠢ ᠴᠤᠭ᠍ᠯᠠᠭᠤᠯᠤᠨ ᠨᠡᠢᠯᠡᠭᠦᠯᠬᠦ᠌᠂ ᠨᠡᠢᠳᠬᠡᠬᠦ᠂ ᠰᠣᠯᠢᠬᠤ ᠪᠠ ᠳᠠᠩᠰᠠᠯᠠᠨ ᠲᠡᠮᠳᠡᠭ᠌ᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠦᠷ᠎ᠡ ᠠᠱᠢᠭ᠎ᠢᠶᠠᠷ ᠳᠤᠤᠷ᠎ᠠ ᠦᠯᠡᠳᠡᠬᠳᠡᠯ ᠭᠠᠵᠠᠷ ᠰᠢᠷᠦᠢ᠎ᠵᠢ ᠠᠮᠢᠳᠤᠯᠢᠭ᠍ᠵᠢᠭᠤᠯᠤᠨ ᠠᠱᠢᠭ᠍ᠯᠠᠨ᠎ᠠ᠃

(ᠵᠢᠷᠭᠤᠭ᠎ᠠ) ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠤ ᠦᠷᠭᠦᠯᠵᠢᠯᠡᠭ᠌ᠰᠡᠨ ᠪᠡᠯᠡ ᠣᠷᠣᠭᠤᠯᠵᠤ ᠬᠤᠷᠠᠮᠳᠤᠭᠤᠯᠬᠤ ᠱᠢᠰᠲ᠋ᠧᠮ ᠢ᠋ ᠪᠠᠢᠭᠤᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠡᠳ᠋᠎ᠦᠨ ᠵᠠᠰᠠᠭ᠎ᠤᠨ ᠪᠡᠯᠡ ᠮᠥᠩᠭᠥ᠌᠂ ᠨᠡᠢᠭᠡᠮ᠎ᠦᠨ ᠬᠦᠷᠦᠨᠭ᠌ᠭᠡ ᠪᠠ ᠮᠥᠩᠭᠥᠨ ᠭᠦᠢᠯᠭᠡᠭᠡᠨ ᠵᠡᠷᠭᠡ ᠪᠡᠯᠡ ᠮᠥᠩᠭᠥ᠎ᠶ᠋ᠢᠨ ᠠᠷᠭ᠎ᠠ ᠵᠠᠮ᠎ᠢ ᠨᠢᠭᠡᠳᠦᠯᠲᠡᠢ ᠲᠥᠯᠥᠪᠵᠢᠬᠦᠯᠦᠨ᠎ᠠ᠃ ᠴᠢᠬᠤᠯᠠ ᠶᠡᠬᠡ ᠠᠮᠤᠷ ᠲᠦᠪᠱᠢᠨ ᠪᠠ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠬᠣᠯᠪᠣᠭ᠍ᠳᠠᠭ᠍ᠰᠠᠨ ᠪᠠᠢᠪᠠᠯ᠂ ᠲᠥᠪ᠎ᠦᠨ ᠡᠳ᠋᠎ᠦᠨ ᠵᠠᠰᠠᠭ᠎ᠡᠴᠡ ᠲᠤᠰᠭᠠᠢ ᠵᠦᠢᠯ᠎ᠢᠶᠡᠷ ᠱᠢᠯᠵᠢᠭᠦᠯᠦᠨ ᠥᠭ᠌ᠬᠦ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ ᠡᠴᠡ ᠵᠣᠬᠢᠰᠲᠠᠢ ᠨᠥᠬᠥᠪᠥᠷᠢ ᠥᠭ᠌ᠭᠦᠨ᠎ᠡ᠃ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢᠨ ᠱᠢᠨ᠎ᠡ᠎ᠶ᠋ᠢ ᠡᠭᠦᠳᠴᠦ᠍᠂ ᠨᠡᠢᠭᠡᠮ᠎ᠦᠨ ᠪᠡᠯᠡ ᠮᠥᠩᠭᠥ᠎ᠶ᠋ᠢᠨ ᠣᠷᠣᠯᠴᠠᠬᠤ᠎ᠶ᠋ᠢ ᠲᠠᠲᠠᠬᠤ ᠪᠦᠬᠡᠳ ᠵᠢᠷᠤᠮᠵᠢᠭᠤᠯᠵᠤ᠂ ᠨᠡᠢᠲᠡ᠎ᠶ᠋ᠢᠨ ᠬᠡᠷᠡᠭ᠌ᠯᠡᠭᠡᠨ᠎ᠦ ᠦᠢᠯᠡᠰ᠎ᠦᠨ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ ᠪᠣᠯᠭᠣᠮᠵᠢᠲᠠᠶ ᠠᠬᠢᠭᠤᠯᠤᠨ᠎ᠠ᠃ ᠲᠤᠮᠳᠠ ᠤᠷᠲᠤ ᠬᠤᠭᠤᠴᠠᠭᠠᠨ᠎ᠤ ᠢᠲᠡᠭᠡᠮᠵᠢᠲᠦ ᠵᠢᠭᠡᠯᠡᠯᠭᠡ᠎ᠶ᠋ᠢᠨ ᠬᠠᠩᠭᠠᠯᠭ᠎ᠠ᠎ᠶ᠋ᠢ ᠴᠢᠩᠭᠠᠷᠠᠭᠤᠯᠵᠤ᠂ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ᠂ ᠰᠲ᠋ᠣᠺ᠎ᠤᠨ ᠵᠠᠬ᠎ᠠ ᠳᠡᠯᠭᠡᠭᠦᠷ᠎ᠦᠨ ᠪᠡᠯᠡ ᠬᠤᠷᠠᠮᠳᠤᠭᠤᠯᠬᠤ ᠴᠢᠳᠠᠮᠵᠢ᠎ᠶ᠋ᠢ ᠪᠠᠳᠠᠷᠠᠭᠤᠯᠤᠨ᠂ ᠳᠠᠭᠠᠳᠭᠠᠯ᠂ ᠢᠲᠡᠭᠡᠮᠵᠢ ᠵᠡᠷᠭᠡ ᠪᠠᠢᠭᠤᠯᠤᠮᠵᠢ᠎ᠶ᠋ᠢᠨ ᠮᠥᠩᠭᠥᠨ ᠭᠦᠢᠯᠭᠡᠭᠡᠨ᠎ᠦ ᠦᠢᠯᠡᠴᠢᠯᠡᠭᠡ ᠬᠠᠩᠭᠠᠬᠤ᠎ᠶ᠋ᠢ ᠵᠣᠷᠢᠭ᠍ᠵᠢᠭᠤᠯᠤᠨ᠎ᠠ᠃ ᠪᠠᠯᠠ ᠬᠤᠷᠠᠮᠳᠤᠭᠤᠯᠬᠤ ᠲᠠᠪᠴᠠᠩ᠎ᠤᠨ ᠥᠭᠡᠷᠡᠴᠢᠯᠡᠯᠲᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠲᠦᠷᠭᠡᠳᠭᠡᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠭ᠌ᠴᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌᠎ᠶ᠋ᠢ ᠡᠷᠡᠰ ᠬᠣᠷᠢᠭ᠍ᠯᠠᠨ᠎ᠠ᠃

(ᠳᠣᠯᠣᠭ᠎ᠠ) ᠬᠣᠲᠠ᠎ᠶ᠋ᠢᠨ ᠭᠠᠳᠠᠭᠠᠳᠤ ᠨᠡᠭᠡᠭᠡᠯᠲᠡ᠎ᠶ᠋ᠢᠨ ᠬᠠᠮᠲᠤᠷᠠᠯᠴᠠᠭᠠᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠣᠲᠠ᠎ᠶ᠋ᠢᠨ ᠨᠡᠭᠡᠭᠡᠯᠲᠡᠲᠦ ᠣᠷᠴᠢᠨ ᠲᠣᠭᠣᠷᠢᠨ ᠪᠠ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠳᠡᠯᠡᠬᠡᠢᠵᠢᠭ᠌ᠰᠡᠨ ᠬᠣᠲᠠ᠎ᠶ᠋ᠢᠨ ᠠᠮᠢᠳᠤᠷᠠᠯ᠎ᠤᠨ ᠣᠷᠣᠨ ᠵᠠᠶ᠎ᠶ᠋ᠢ ᠪᠤᠢ ᠪᠣᠯᠭᠠᠨ᠎ᠠ᠃ ᠣᠯᠠᠨ ᠤᠯᠤᠰ᠎ᠤᠨ ᠴᠢᠨᠠᠷᠲᠠᠶ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠬᠦᠶ᠋ᠰᠦ ᠬᠣᠲᠠ᠎ᠶ᠋ᠢ ᠪᠠᠢᠭᠤᠯᠤᠨ᠎ᠠ᠃ ᠨᠥᠬᠥᠴᠡᠯ᠎ᠲᠡᠶ ᠬᠣᠲᠠ᠎ᠶ᠋ᠢᠨ ᠴᠢᠬᠤᠯᠠ ᠶᠡᠬᠡ ᠭᠠᠳᠠᠭᠠᠳᠤ ᠶᠠᠪᠤᠳᠠᠯ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ ᠡᠭᠦᠷᠭᠡᠯᠡᠬᠦ᠌᠎ᠶ᠋ᠢ ᠳᠡᠮᠵᠢᠵᠦ᠍᠂ ᠨᠥᠯᠥᠭᠡᠯᠡᠬᠦ᠌ ᠬᠦᠴᠦᠨ᠎ᠲᠡᠶ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠡᠷᠦᠬᠡ ᠠᠮᠠ ᠣᠷᠣᠭᠤᠯᠬᠤ᠎ᠶ᠋ᠢ ᠲᠠᠲᠠᠨ᠎ᠠ᠃ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ᠎ᠲᠠᠶ ᠤᠶᠠᠯᠳᠤᠭᠤᠯᠤᠨ᠂ ᠨᠢᠭᠡ ᠪᠦᠯᠦᠭ ᠣᠯᠠᠨ ᠤᠯᠤᠰ᠎ᠤᠨ ᠡᠭᠦᠳᠡ ᠡᠷᠦᠬᠡ᠎ᠶ᠋ᠢᠨ ᠬᠦᠶ᠋ᠰᠦ ᠬᠣᠲᠠ ᠪᠠ ᠣᠷᠣᠨ ᠪᠦᠰᠡ᠎ᠶ᠋ᠢᠨ ᠴᠢᠨᠠᠷᠲᠠᠶ ᠨᠡᠭᠡᠭᠡᠯᠲᠡ ᠬᠢᠬᠦ᠌ ᠵᠠᠩᠭᠢᠯᠠᠭ᠎ᠠ᠎ᠶ᠋ᠢᠨ ᠬᠣᠲᠠ᠎ᠶ᠋ᠢ ᠪᠥᠲᠥᠭᠡᠨ ᠪᠠᠢᠭᠤᠯᠤᠨ᠎ᠠ᠃ ᠣᠷᠣᠱᠢᠨ ᠰᠠᠭᠤᠬᠤ ᠬᠦᠷᠢᠶᠡᠨ᠎ᠳᠡᠬᠢ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠳᠡᠯᠡᠬᠡᠢ᠎ᠶ᠋ᠢᠨ ᠬᠤᠳᠠ᠎ᠶ᠋ᠢᠨ ᠡᠳᠦᠷ᠂ ᠪᠦᠬᠦ᠌ ᠪᠥᠮᠪᠥᠷᠴᠡᠭ᠎ᠦᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠬᠤᠳᠠ᠎ᠶ᠋ᠢᠨ ᠱᠠᠩᠨᠠᠯ (ᠱᠠᠩᠬᠠᠢ᠎ᠱᠠᠩᠨᠠᠯ)ᠤ᠋ᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃

ᠳᠥᠷᠪᠡ᠂ ᠰᠢᠯᠢᠳᠡᠭ ᠴᠢᠨᠠᠷ ᠰᠠᠢᠲᠠᠶ ᠬᠣᠲᠠ᠎ᠶ᠋ᠢᠨ ᠠᠮᠢᠳᠤᠷᠠᠯ᠎ᠤᠨ ᠣᠷᠣᠨ ᠵᠠᠶ᠎ᠶ᠋ᠢ ᠪᠣᠶ ᠪᠣᠯᠭᠠᠨ᠎ᠠ

(ᠨᠠᠶ᠋ᠮᠠ) 《ᠰᠠᠢᠨ ᠬᠡᠷ ᠪᠠᠢᠱᠢᠩ》 ᠪᠠ ᠪᠦᠷᠢᠨ ᠪᠦᠲᠦᠨ ᠨᠡᠢᠭᠡᠮ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠱᠢᠰᠲ᠋ᠧᠮ᠎ᠲᠡᠶ ᠠᠬᠢᠭᠤᠯᠤᠨ᠎ᠠ᠃ ᠭᠡᠷ ᠭᠠᠵᠠᠷ ᠤ᠋ᠨ ᠬᠦᠷᠦᠨᠭ᠌ᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠪᠴᠢᠯᠡᠨ ᠪᠠᠢᠭᠤᠯᠵᠤ᠂ ᠤᠯᠠᠨ ᠲᠦᠮᠡᠨ᠎ᠦ ᠬᠠᠳᠠᠭᠤ ᠬᠡᠷᠡᠭᠴᠡᠭᠡ ᠪᠠ ᠤᠯᠠᠨ ᠶᠠᠨᠭᠵᠤᠴᠢᠯᠠᠭ᠍ᠰᠠᠨ ᠨᠦᠬᠦᠴᠡᠯ᠎ᠢ ᠰᠠᠢᠵᠢᠷᠠᠭᠤᠯᠬᠤ ᠴᠢᠨᠠᠷᠲᠠᠢ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠨᠡᠩ ᠰᠠᠢ᠌ᠳᠤᠷ ᠬᠠᠩᠭᠠᠨ᠎ᠠ᠃ ᠣᠷᠣᠨ ᠰᠠᠭᠤᠴᠠ᠎ᠶ᠋ᠢ ᠵᠢᠷᠤᠵᠤ ᠲᠥᠯᠥᠪᠯᠡᠬᠦ᠌᠂ ᠪᠠᠢᠭᠤᠯᠬᠤ᠂ ᠬᠠᠮᠠᠭᠠᠯᠠᠬᠤ᠂ ᠦᠶ᠋ᠯᠡᠴᠢᠯᠡᠬᠦ᠌ ᠬᠢᠷᠢ ᠲᠦᠪᠱᠢᠨ᠎ᠢ ᠪᠥᠬᠥ᠌ ᠬᠡᠯᠬᠢᠶ᠎ᠡ᠎ᠪᠡᠷ ᠳᠡᠭᠡᠭ᠌ᠰᠢᠯᠡᠭᠦᠯᠵᠦ᠍᠂ ᠠᠮᠤᠷ ᠲᠦᠪᠱᠢᠨ᠂ ᠲᠠᠭᠠᠯᠠᠮᠵᠢᠲᠠᠶ᠂ ᠪᠣᠬᠢᠷᠲᠤᠯ ᠥᠬᠡᠶ᠂ ᠣᠶᠤᠨᠴᠢ 《ᠰᠠᠢᠨ ᠬᠡᠷ ᠪᠠᠢᠱᠢᠩ》 ᠤ᠋ᠨ ᠪᠥᠲᠥᠭᠡᠨ ᠪᠠᠢᠭᠤᠯᠤᠯᠲᠠ᠎ᠶ᠋ᠢ ᠶᠡᠬᠡ᠎ᠪᠡᠷ ᠠᠬᠢᠭᠤᠯᠤᠨ᠎ᠠ᠃ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠬᠣᠲᠠ᠎ᠶ᠋ᠢᠨ ᠳᠤᠮᠳᠠᠬᠢ ᠲᠣᠰᠭᠣᠨ ᠪᠠ ᠨᠤᠷᠠᠬᠤ ᠠᠶᠤᠯᠲᠠᠶ ᠬᠠᠭᠤᠴᠢᠨ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌᠎ᠶ᠋ᠢ ᠯᠠᠪᠳᠠᠭᠤᠨ᠎ᠢᠶᠠᠷ ᠠᠬᠢᠭᠤᠯᠵᠤ᠂ ᠬᠠᠭᠤᠴᠢᠨ ᠣᠷᠣᠨ ᠰᠠᠭᠤᠴᠠ᠎ᠶ᠋ᠢ ᠡᠵᠡᠨ ᠮᠡᠳᠡᠨ ᠱᠢᠨᠡᠳᠭᠡᠬᠦ᠌᠂ ᠨᠤᠷᠠᠭᠠᠵᠤ ᠤᠤᠯ᠎ᠤᠨ ᠶᠠᠩᠵᠤ ᠪᠡᠷ ᠲᠠᠬᠢᠨ ᠪᠠᠢᠭᠤᠯᠬᠤ᠎ᠶ᠋ᠢ ᠳᠡᠮᠵᠢᠨ᠎ᠡ᠃ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠬᠥᠮᠦᠨ ᠠᠮᠠ᠂ ᠠᠵᠤ ᠦᠶ᠋ᠯᠡᠰ᠂ ᠬᠣᠲᠠ ᠪᠠᠯᠭᠠᠰᠤ᠂ ᠵᠠᠮ ᠬᠠᠷᠢᠯᠴᠠᠭ᠎ᠠ᠎ᠶ᠋ᠢ ᠨᠢᠭᠡ ᠴᠣᠭ᠍ᠴᠠᠵᠢᠭᠤᠯᠬᠤ ᠲᠥᠯᠥᠪᠵᠢᠭᠦᠯᠭᠡ᠎ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠦᠶ᠋ᠯᠡᠰ᠎ᠦᠨ ᠨᠡᠢᠭᠡᠮ ᠲᠣᠭᠣᠷᠢᠭ᠂ ᠬᠤᠳᠠᠯᠳᠤᠭᠠᠨ᠎ᠤ ᠶᠠᠪᠤᠳᠠᠯ᠎ᠤᠨ ᠨᠡᠢᠭᠡᠮ ᠲᠣᠭᠣᠷᠢᠭ᠎ᠢ ᠪᠥᠲᠥᠭᠡᠨ ᠪᠠᠢᠭᠤᠯᠤᠨ᠎ᠠ᠃ ᠪᠦᠷᠢᠨ ᠪᠦᠲᠦᠨ ᠨᠡᠢᠭᠡᠮ ᠲᠣᠭᠣᠷᠢᠭ ᠢ᠋ ᠲᠦᠷᠭᠡᠳᠭᠡᠨ ᠪᠠᠢᠭᠤᠯᠵᠤ᠂ ᠬᠣᠲᠠ᠎ᠶ᠋ᠢᠨ ᠨᠡᠢᠭᠡᠮ ᠲᠣᠭᠣᠷᠢᠭ᠎ᠤᠨ ᠱᠢᠭᠢᠳᠭᠡᠯᠳᠦ ᠮᠠᠶᠢᠭ᠎ᠤᠨ ᠦᠶ᠋ᠯᠡᠴᠢᠯᠡᠭᠡᠨ᠎ᠦ ᠲᠤᠨᠤᠭ ᠲᠦᠬᠦᠭᠡᠷᠦᠮᠵᠢ᠎ᠶ᠋ᠢ ᠲᠡᠭᠦᠯᠳᠡᠷᠵᠢᠭᠦᠯᠦᠨ᠂ ᠬᠣᠲᠠ᠎ᠶ᠋ᠢᠨ ᠠᠷᠠᠳ᠎ᠲᠤ ᠳᠥᠭᠥᠮ ᠦᠵᠡᠭᠦᠯᠬᠦ᠌ ᠠᠮᠢᠳᠤᠷᠠᠯ᠎ᠤᠨ ᠴᠠᠭᠠᠷᠢᠭ᠎ᠢ ᠪᠠᠢᠭᠤᠯᠤᠨ᠎ᠠ᠃ ᠬᠤᠲᠠ᠎ᠶ᠋ᠢ ᠱᠢᠨᠡᠳᠬᠡᠬᠦ ᠲᠤᠰᠭᠠᠢ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠨ ᠬᠡᠷᠡᠭ᠌ᠵᠢᠭᠦᠯᠵᠦ᠍᠂ ᠬᠤᠲᠠ᠎ᠶ᠋ᠢᠨ ᠪᠡᠶ᠎ᠡ᠎ᠶ᠋ᠢᠨ ᠪᠠᠢᠴᠠᠭᠠᠯᠲᠠ ᠪᠠ ᠬᠤᠲᠠ᠎ᠶ᠋ᠢ ᠱᠢᠨᠡᠳᠬᠡᠬᠦ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠠᠵᠢᠯᠯᠠᠬᠤ᠎ᠳᠤ ᠲᠣᠬᠢᠷᠠᠮᠵᠢᠲᠠᠢ᠂ ᠠᠮᠢᠳᠤᠷᠠᠬᠤ᠎ᠳᠤ ᠲᠣᠬᠢᠷᠠᠮᠵᠢᠲᠠᠢ᠂ ᠵᠢᠭᠤᠯᠴᠢᠯᠠᠬᠤ᠎ᠳᠤ ᠲᠣᠬᠢᠷᠠᠮᠵᠢᠲᠠᠢ ᠬᠤᠲᠠ᠎ᠶ᠋ᠢᠨ ᠰᠠᠢ᠌ᠨ ᠰᠠᠢᠬᠠᠨ ᠣᠷᠴᠢᠨ ᠲᠣᠭᠣᠷᠢᠨ᠎ᠢ ᠪᠤᠢ ᠪᠣᠯᠭᠠᠵᠤ᠂ ᠠᠵᠤ ᠦᠢᠯᠡᠰ ᠪᠣᠯᠤᠨ ᠬᠤᠲᠠ᠎ᠶ᠋ᠢᠨ ᠠᠭᠤᠰᠤᠯᠴᠠᠯ᠂ ᠠᠵᠢᠯ ᠪᠣᠯᠤᠨ ᠣᠷᠣᠨ ᠰᠠᠭᠤᠴᠠ᠎ᠶ᠋ᠢᠨ ᠲᠡᠩᠴᠡᠭᠦᠷᠢ᠎ᠶ᠋ᠢ ᠠᠬᠢᠭᠤᠯᠤᠨ᠎ᠠ᠃

(ᠶᠢᠰᠦ) ᠬᠣᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢ ᠲᠡᠭᠦᠯᠳᠡᠷᠵᠢᠭᠦᠯᠦᠨ᠎ᠡ᠃ ᠬᠤᠳᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠠᠢᠷᠢᠱᠢᠯ᠂ ᠪᠦᠲᠦᠴᠡ᠂ ᠴᠢᠳᠠᠮᠵᠢ᠎ᠶ᠋ᠢ ᠱᠢᠯᠢᠳᠡᠭ᠌ᠵᠢᠭᠦᠯᠵᠦ᠍᠂ ᠱᠢᠰᠲ᠋ᠧᠮᠵᠢᠬᠦᠯᠦᠨ ᠬᠤᠷᠠᠭᠤᠯᠬᠤ᠎ᠵᠢ ᠴᠢᠩᠭᠠᠳᠭᠠᠨ᠎ᠠ᠃ ᠬᠣᠲᠠ᠎ᠶ᠋ᠢᠨ ᠭᠠᠵᠠᠷ ᠳᠣᠣᠷᠠᠬᠢ ᠣᠷᠣᠨ ᠵᠠᠢ᠎ᠶ᠋ᠢ ᠥᠨᠳᠥᠷ ᠪᠦᠲᠦᠮᠵᠢᠲᠡᠢ ᠠᠱᠢᠭ᠍ᠯᠠᠵᠤ᠂ ᠬᠣᠲᠠ᠎ᠶ᠋ᠢᠨ ᠣᠷᠣᠨ ᠵᠠᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ ᠬᠣᠲᠠ᠎ᠶ᠋ᠢᠨ ᠭᠠᠵᠠᠷ ᠳᠤᠤᠷᠠᠬᠢ ᠬᠣᠭᠣᠯᠠᠶ᠎ᠶ᠋ᠢᠨ ᠲᠤᠤᠷ᠎ᠤᠨ ᠪᠥᠲᠥᠭᠡᠨ ᠪᠠᠢᠭᠤᠯᠵᠤ ᠥᠭᠡᠷᠡᠴᠢᠯᠡᠨ ᠱᠢᠨᠡᠳᠭᠡᠬᠦ᠌᠎ᠶ᠋ᠢ ᠲᠦᠷᠭᠡᠳᠭᠡᠵᠦ᠍᠂ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠭᠠᠵᠠᠷ ᠲᠤᠤᠷᠠᠬᠢ ᠬᠠᠮ ᠬᠣᠭᠣᠯᠠᠶ᠎ᠶ᠋ᠢᠨ ᠬᠣᠩᠭᠢᠯ᠎ᠢ ᠪᠥᠲᠥᠭᠡᠨ ᠪᠠᠢᠭᠤᠯᠤᠨ᠎ᠠ᠃ ᠲᠠᠪᠤᠳᠤᠭᠠᠷ ᠦᠶ᠎ᠡ᠎ᠶ᠋ᠢᠨ ᠱᠢᠯᠵᠢᠬᠡ ᠬᠣᠯᠪᠣᠭᠠᠨ᠎ᠤ ᠲᠣᠣᠷ ᠰᠦᠯᠵᠢᠶ᠎ᠡ(5G)᠂ ᠮᠢᠩᠭᠠᠨ ᠰᠠᠶ᠎ᠠ ᠭᠡᠷᠡᠯ᠎ᠰᠢᠷᠬᠡᠭ ᠤ᠋ᠨ ᠲᠣᠣᠷ᠎ᠢ ᠪᠦᠷᠬᠦᠬᠦᠯᠬᠦ᠎ᠶ᠋ᠢ ᠴᠢᠩᠭᠠᠷᠠᠭᠤᠯᠵᠤ᠂ ᠪᠤᠳᠤᠯᠳᠠ ᠵᠢᠨ ᠬᠦᠴᠦᠨ᠎ᠤ ᠲᠤᠨᠤᠭ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠂ ᠱᠢᠨ᠎ᠡ ᠬᠡᠯᠪᠡᠷᠢ᠎ᠶ᠋ᠢᠨ ᠬᠤᠳᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠬᠣᠲᠠ᠎ᠶ᠋ᠢᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠤᠰᠤ ᠬᠠᠩᠭᠠᠬᠤ ᠪᠠᠲᠤᠯᠠᠭ᠎ᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ ᠢ᠋ ᠱᠢᠯᠢᠳᠡᠭ᠌ᠵᠢᠭᠦᠯᠦᠨ᠎ᠡ᠃ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠬᠤᠳᠠ᠎ᠶ᠋ᠢᠨ ᠬᠣᠭᠣᠷᠣᠨᠳᠣᠬᠢ᠂ ᠬᠤᠳᠠ᠎ᠶ᠋ᠢᠨ ᠳᠣᠲᠣᠷᠠᠬᠢ ᠠᠵᠢᠯ᠎ᠳᠤ ᠭᠠᠷᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠵᠠᠮ ᠬᠠᠷᠢᠯᠴᠠᠭᠠᠨ᠎ᠤ ᠬᠦᠢᠰᠦ᠎ᠶ᠋ᠢᠨ ᠲᠡᠷᠭᠡ ᠰᠣᠯᠢᠵᠤ ᠰᠠᠭᠤᠬᠤ ᠪᠠ ᠤᠭ᠍ᠰᠠᠷᠠᠨ ᠲᠣᠨᠣᠭ᠍ᠯᠠᠬᠤ ᠲᠥᠬᠥᠭᠡᠷᠦᠮᠵᠢ᠎ᠶ᠋ᠢᠨ ᠪᠠᠢᠷᠢᠱᠢᠯ᠎ᠢ ᠲᠡᠭᠦᠯᠳᠡᠷᠵᠢᠭᠦᠯᠵᠦ᠍᠂ ᠲᠡᠷᠭᠡᠨ ᠵᠣᠭ᠍ᠰᠣᠭᠠᠯ᠂ ᠴᠠᠬᠢᠯᠭᠠᠨ ᠴᠡᠨᠡᠭ᠌ᠯᠡᠬᠦ᠌ ᠱᠣᠩ ᠵᠡᠷᠭᠡ ᠠᠷᠠᠳ᠎ᠲᠤ ᠲᠦᠬᠦᠮ ᠦᠵᠡᠭᠦᠯᠬᠦ᠌ ᠲᠤᠨᠤᠭ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃

(ᠠᠷᠪᠠ) ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠪᠠᠢᠬᠤ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ᠃ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠠᠵᠢᠯ ᠣᠯᠭᠣᠯᠲᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠭᠦᠯᠦᠨ᠎ᠡ᠃ ᠠᠮᠢᠳᠤᠯᠢᠭ᠎ᠢᠶᠠᠷ ᠠᠵᠢᠯ ᠣᠯᠤᠭ᠍ᠰᠠᠳ᠂ ᠬᠥᠳᠡᠭᠡ ᠲᠣᠰᠭᠣᠨ᠎ᠡᠴᠡ ᠬᠤᠳᠠ᠎ᠳᠤ ᠣᠷᠣᠵᠤ ᠠᠵᠢᠯ ᠬᠢᠭ᠌ᠰᠡᠳ᠂ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠶ᠋ᠢᠨ ᠬᠥᠮᠦᠰ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠨᠠᠰᠤᠵᠢᠯᠳᠠ ᠳ᠋ᠤ ᠲᠤᠬᠢᠷᠠᠬᠰᠠᠨ᠂ ᠬᠡᠦᠬᠡᠳ ᠲᠤ᠌ ᠲᠤᠬᠢᠷᠠᠬᠰᠠᠨ᠂ ᠰᠠᠭᠠᠳ ᠦᠭᠡᠶ ᠲᠤᠨᠤᠭ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠲᠦᠷᠭᠡᠳᠭᠡᠨ᠎ᠡ᠃ ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠵᠦ᠍᠂ ᠡᠮᠨᠡᠬᠦ᠌ ᠪᠠ ᠰᠤᠪᠢᠯᠠᠬᠤ᠎ᠶ᠋ᠢ ᠤᠶᠠᠯᠳᠤᠭᠤᠯᠬᠤ᠎ᠶ᠋ᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯᠲᠤ ᠬᠡᠦᠬᠡᠳ ᠪᠣᠢᠵᠢᠭᠤᠯᠬᠤ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠭᠦᠯᠵᠦ᠍᠂ ᠬᠡᠦᠬᠡᠳ ᠰᠠᠭᠠᠲᠠᠭᠤᠯᠬᠤ᠎ᠶ᠋ᠢ ᠨᠢᠭᠡ ᠴᠤᠭ᠍ᠴᠠᠵᠢᠭᠤᠯᠤᠭ᠍ᠰᠠᠨ ᠦᠢᠯᠡᠴᠢᠯᠡᠭᠡ᠎ᠶ᠋ᠢ ᠶᠡᠬᠡ᠎ᠪᠡᠷ ᠬᠥᠭ᠌ᠵᠢᠭᠦᠯᠦᠨ᠎ᠡ᠃ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠰᠠᠭᠤᠷᠢ ᠰᠤᠷᠭᠠᠨ ᠬᠥᠮᠦᠵᠢᠯ᠎ᠦᠨ ᠴᠢᠨᠠᠷ ᠢ᠋ ᠥᠷᠭᠡᠳᠭᠡᠨ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠰᠤᠷᠤᠯᠴᠠᠬᠤ ᠬᠡᠯᠪᠡᠷᠢ᠎ᠶ᠋ᠢᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ᠎ᠢ ᠶᠡᠬᠡ ᠪᠡᠷ ᠬᠡᠷᠡᠭ᠌ᠵᠢᠭᠦᠯᠵᠦ᠍᠂ ᠨᠢᠭ᠍ᠲᠠᠷᠠᠭ᠍ᠰᠠᠨ ᠬᠡᠯᠪᠡᠷᠢ᠎ᠶ᠋ᠢᠨ ᠡᠮᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢ ᠪᠠᠢᠭᠤᠯᠤᠨ᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠦᠨᠳᠦᠰᠦᠨ ᠱᠠᠲᠤᠨ᠎ᠳᠤ ᠥᠷᠭᠡᠳᠭᠡᠬᠦ᠌ ᠪᠠ ᠣᠷᠣᠨ ᠪᠦᠰᠡ᠎ᠶ᠋ᠢ ᠲᠡᠩᠴᠡᠭᠦᠷᠢᠲᠡᠶ ᠪᠠᠢᠷᠢᠯᠠᠭᠤᠯᠬᠤ᠎ᠶ᠋ᠢ ᠠᠬᠢᠭᠤᠯᠤᠨ᠎ᠠ᠃ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢ ᠬᠥᠭ᠌ᠵᠢᠭᠦᠯᠦᠨ᠎ᠡ᠃ ᠠᠮᠢᠳᠤᠯᠢᠭ᠎ᠢᠶᠠᠷ ᠠᠵᠢᠯ ᠣᠯᠤᠭ᠍ᠰᠠᠳ᠎ᠤᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠳᠦ ᠣᠷᠣᠯᠴᠠᠬᠤ ᠲᠦᠷᠢᠮ᠎ᠢ ᠯᠠᠪᠳᠠᠭᠤᠨ᠎ᠢᠶᠠᠷ ᠠᠬᠢᠭᠤᠯᠤᠨ᠎ᠠ᠃ ᠨᠡᠢᠭᠡᠮ᠎ᠦᠨ ᠪᠠᠲᠤᠯᠠᠭ᠎ᠠ ᠪᠠ ᠲᠡᠰ ᠲᠦᠷᠦᠯ ᠬᠤᠪᠢᠶᠠᠨ ᠨᠡᠢᠭᠡᠮ᠎ᠦᠨ ᠠᠪᠤᠷᠠᠨ ᠲᠤᠰᠠᠯᠠᠬᠤ᠎ᠶ᠋ᠢ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃

ᠲᠠᠪᠤ᠂ ᠬᠣᠲᠠ᠎ᠶ᠋ᠢᠨ ᠬᠥᠭ᠌ᠵᠢᠯᠲᠡ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠎ᠠ

(ᠠᠷᠪᠠᠨ ᠨᠢᠭᠡ) ᠦᠶ᠋ᠯᠡᠳᠪᠦᠷᠢᠯᠡᠯ᠎ᠦᠨ ᠬᠦᠷᠢᠶᠡᠨ᠎ᠳᠡᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶ᠋ᠢ ᠠᠬᠢᠭᠤᠯᠤᠨ᠎ᠠ᠃ ᠠᠵᠤ ᠦᠶ᠋ᠯᠡᠳᠪᠦᠷᠢ᠎ᠶ᠋ᠢᠨ ᠡᠨᠧᠷᠭᠢ᠎ᠶ᠋ᠢᠨ ᠠᠱᠢᠭ᠍ᠯᠠᠮᠵᠢ᠂ ᠤᠰᠤᠨ᠎ᠤ ᠠᠱᠢᠭ᠍ᠯᠠᠮᠵᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠷᠢᠭᠦᠨ᠎ᠦ ᠭᠠᠷ ᠤᠷᠠᠯᠠᠯ᠎ᠤᠨ ᠮᠡᠷᠭᠡᠵᠢᠯ ᠲᠣᠨᠣᠭ᠍ᠯᠠᠯ᠎ᠢ ᠳᠡᠯᠭᠡᠷᠡᠭᠦᠯᠦᠨ᠎ᠡ᠃ ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ ᠭᠠᠳᠠᠭ᠍ᠰᠢᠯᠠᠭᠤᠯᠤᠯᠲᠠ ᠶᠡᠬᠡᠲᠡᠢ ᠲᠦᠷᠦᠯ ᠵᠦᠢᠯ᠎ᠢ ᠬᠠᠮᠢᠶᠠᠷᠤᠨ ᠡᠵᠡᠮᠳᠡᠬᠦ᠌᠎ᠪᠡᠨ ᠴᠢᠩᠭᠠᠳᠭᠠᠵᠤ᠂ ᠬᠣᠴᠣᠷᠤᠩᠭᠤᠢ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠡᠮᠬᠢ ᠵᠢᠷᠤᠮ᠎ᠲᠠᠶ᠎ᠪᠠᠷ ᠤᠬᠤᠷᠢᠨ ᠭᠠᠷᠬᠤ᠎ᠶ᠋ᠢ ᠠᠬᠢᠭᠤᠯᠤᠨ᠎ᠠ᠃ ᠭᠣᠣᠯᠳᠠᠯᠭ᠎ᠠ᠎ᠲᠠᠶ ᠦᠢᠯᠡᠳᠬᠦᠨ᠎ᠦ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠤᠨ ᠲᠡᠮᠳᠡᠭ ᠢᠯᠡᠳᠬᠡᠮᠵᠢ᠎ᠵᠢ ᠭᠡᠷᠡᠴᠢᠯᠡᠬᠦ᠌ ᠳᠦᠷᠢᠮ᠎ᠢ ᠪᠠᠢᠭᠤᠯᠤᠨ᠎ᠠ᠃ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠲᠥᠪᠯᠡᠷᠡᠭᠦᠯᠦᠨ ᠡᠨᠧᠷᠭᠢ ᠬᠠᠩᠭᠠᠬᠤ ᠱᠢᠰᠲ᠋ᠧᠮ᠎ᠢ ᠪᠠᠢᠭᠤᠯᠵᠤ᠂ ᠬᠠᠶᠠᠭ᠍ᠳᠠᠮᠠᠯ ᠤᠰᠤ᠂ ᠦᠯᠡᠳᠡᠭ᠌ᠳᠡᠯ ᠢᠯᠴᠢ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠬᠠᠮᠵᠢᠯᠴᠠᠨ ᠱᠢᠶ᠋ᠳᠪᠦᠷᠢᠯᠡᠬᠦ᠌᠎ᠶ᠋ᠢ ᠪᠦᠷᠢᠨ ᠪᠦᠷᠬᠦᠭᠦᠯᠦᠨ᠎ᠡ᠃ ᠪᠣᠬᠢᠷᠲᠤᠯ ᠦᠭᠡᠶ ᠪᠠᠷᠢᠯᠭ᠎ᠠ᠎ᠶ᠋ᠢ ᠶᠡᠬᠡ ᠪᠡᠷ ᠬᠥᠭ᠌ᠵᠢᠭᠦᠯᠵᠦ᠍᠂ ᠱᠢᠨ᠎ᠡ ᠮᠠᠶᠢᠭ᠎ᠦᠨ ᠪᠠᠷᠢᠯᠭ᠎ᠠ᠎ᠶ᠋ᠢᠨ ᠮᠠᠲᠧᠷᠢᠶᠠᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠲᠦᠷᠭᠡᠳᠭᠡᠨ᠂ ᠡᠨᠧᠷᠭᠢ᠎ᠶ᠋ᠢᠨ ᠬᠣᠷᠣᠭ᠍ᠳᠠᠭᠤᠯᠤᠯ᠎ᠢᠶᠡᠷ ᠬᠡᠳᠦ ᠳᠣᠣᠷ᠎ᠠ ᠪᠠᠷᠢᠯᠭ᠎ᠠ᠂ ᠪᠠᠭ᠎ᠠ ᠨᠡᠭᠦᠷᠡᠰᠦᠲᠥ᠋ᠷᠥᠭ᠌ᠴᠢᠲᠦ ᠪᠠᠷᠢᠯᠭ᠎ᠠ᠎ᠶ᠋ᠢᠨ ᠬᠡᠪᠴᠢᠶᠡᠵᠢᠨ ᠬᠥᠭ᠌ᠵᠢᠬᠦ᠌᠎ᠶ᠋ᠢ ᠠᠬᠢᠭᠤᠯᠵᠤ᠂ ᠨᠢᠭᠡᠨᠲᠡ ᠪᠠᠢᠭ᠎ᠠ ᠪᠠᠷᠢᠯᠭ᠎ᠠ᠎ᠶ᠋ᠢᠨ ᠡᠨᠧᠷᠭᠢ ᠠᠷᠪᠢᠯᠠᠬᠤ ᠥᠭᠡᠷᠡᠴᠢᠯᠡᠯᠲᠡ᠎ᠶ᠋ᠢᠨ ᠡᠷᠴᠢᠮ᠎ᠢ ᠨᠡᠮᠡᠭ᠌ᠳᠡᠭᠦᠯᠦᠨ᠎ᠡ᠃

(ᠠᠷᠪᠠᠨ ᠬᠣᠶᠠᠷ) ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠠᠮᠢᠳᠤᠷᠠᠯ᠎ᠤᠨ ᠠᠷᠭ᠎ᠠ ᠮᠠᠶᠢᠭ᠎ᠢ ᠦᠶ᠋ᠯᠡᠳᠦᠯᠭᠡᠵᠢᠭᠦᠯᠦᠨ᠎ᠡ᠃ ᠤᠯᠤᠰ᠎ᠤᠨ ᠤᠰᠤ ᠠᠷᠪᠢᠯᠠᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠰᠤ ᠠᠷᠪᠢᠯᠠᠬᠤ ᠬᠡᠯᠪᠡᠷᠢ᠎ᠶ᠋ᠢᠨ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃ ᠤᠮᠠᠷᠠᠲᠤ ᠣᠷᠣᠨ᠎ᠤ ᠡᠪᠦᠯ᠎ᠦᠨ ᠤᠯᠠᠷᠢᠯ᠎ᠤᠨ ᠴᠡᠪᠡᠷ ᠳᠤᠯᠠᠭᠠᠯᠠᠭ᠎ᠠ᠎ᠶ᠋ᠢ ᠠᠬᠢᠭᠤᠯᠤᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠠᠮᠢᠳᠤᠷᠠᠯ᠎ᠤᠨ ᠬᠡᠷᠡᠭ᠌ᠰᠡᠯ᠎ᠢ ᠳᠡᠯᠭᠡᠷᠡᠭᠦᠯᠵᠦ᠍᠂ ᠨᠢᠭᠡ ᠯᠡ ᠤᠳᠠᠭ᠎ᠠ᠎ᠶ᠋ᠢᠨ ᠴᠢᠨᠠᠷᠲᠠᠢ ᠬᠡᠷᠡᠭ᠌ᠯᠡᠭᠡᠨ᠎ᠦ ᠵᠦᠢᠯ ᠪᠠ ᠪᠣᠭᠣᠳᠠᠯᠯᠠᠬᠤ᠎ᠳᠤ ᠬᠡᠷᠡᠭ᠌ᠯᠡᠬᠦ᠌ ᠮᠠᠲ᠋ᠧᠷᠢᠶᠠᠯ᠎ᠤᠨ ᠬᠣᠷᠣᠭ᠍ᠳᠠᠭᠤᠯᠤᠯ᠎ᠢ ᠪᠠᠭᠠᠰᠭᠠᠨ᠎ᠠ᠃《ᠠᠷᠪᠢᠲᠠᠢ ᠬᠣᠭᠣᠯᠠᠯᠠᠬᠤ ᠠᠵᠢᠯᠯᠠᠭ᠎ᠠ》ᠶ᠋ᠢ ᠦᠷᠭᠦᠯᠵᠢᠯᠡᠨ ᠠᠬᠢᠭᠤᠯᠤᠨ᠎ᠠ᠃ ᠬᠣᠲᠠ᠎ᠶ᠋ᠢᠨ ᠠᠮᠢᠳᠤᠷᠠᠯ᠎ᠤᠨ ᠬᠣᠭ ᠨᠣᠪᠰᠢ᠎ᠶ᠋ᠢ ᠲᠥᠷᠥᠯ ᠬᠤᠪᠢᠶᠠᠬᠤ᠎ᠶ᠋ᠢ ᠭᠦᠨᠵᠡᠭᠡᠶ ᠠᠬᠢᠭᠤᠯᠵᠤ᠂ ᠲᠥᠷᠥᠯ ᠬᠤᠪᠢᠶᠠᠭ᠍ᠰᠠᠨ ᠲᠤᠤᠷ ᠴᠡᠭ ᠬᠢᠭᠡᠳ ᠳᠠᠬᠢᠠ ᠡᠬᠦᠰᠴᠤ ᠪᠤᠯᠬᠤ ᠡᠬᠢ ᠪᠠᠶᠠᠯᠢᠭ᠎ᠤᠨ ᠬᠣᠷᠢᠶᠠᠨ ᠠᠪᠬᠤ ᠲᠤᠤᠷ ᠴᠡᠭ᠎ᠢ ᠵᠣᠯᠭᠠᠭᠤᠯᠤᠨ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠬᠣᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ᠎ᠶ᠋ᠢ ᠤᠷᠢᠳ᠎ᠢᠶᠡᠷ ᠬᠥᠭ᠌ᠵᠢᠭᠦᠯᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠶᠠᠪᠤᠵᠤ ᠰᠠᠭᠤᠬᠤ ᠬᠡᠯᠪᠡᠷᠢ᠎ᠶ᠋ᠢ ᠰᠠᠨᠠᠭᠠᠴᠢᠯᠠᠨ᠎ᠠ᠃

(ᠠᠷᠪᠠᠨ ᠭᠤᠷᠪᠠ) ᠬᠣᠲᠠ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢ ᠴᠢᠩᠭᠠᠳᠭᠠᠨ᠎ᠠ᠃ ᠠᠮᠢ ᠠᠬᠤᠶ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠵᠦ᠍ ᠬᠡᠷᠡᠭ᠌ᠵᠢᠭᠦᠯᠬᠦ᠌᠎ᠶ᠋ᠢ ᠴᠢᠩᠭᠠᠳᠭᠠᠨ᠎ᠠ᠃ ᠬᠤᠳᠠ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠦᠨ᠎ᠡ᠃ ᠬᠣᠲᠠ᠎ᠶ᠋ᠢᠨ ᠴᠡᠴᠡᠷᠯᠢᠭ ᠪᠠ ᠨᠣᠭᠣᠭᠠᠷᠠᠭᠤᠯᠤᠭ᠍ᠰᠠᠨ ᠵᠠᠮ᠎ᠤᠨ ᠲᠤᠤᠷ ᠰᠦᠯᠵᠢᠶᠡᠨ᠎ᠦ ᠱᠢᠰᠲ᠋ᠧᠮ᠎ᠢ ᠪᠦᠷᠢᠨᠱᠢᠬᠦᠯᠵᠦ᠍᠂ ᠬᠠᠷᠮᠠᠨ ᠴᠡᠴᠡᠷᠯᠢᠭ᠎ᠢ ᠪᠠᠢᠭᠤᠯᠤᠨ᠂ ᠨᠣᠭᠣᠭᠠᠷᠠᠭᠤᠯᠤᠭ᠍ᠰᠠᠨ ᠭᠠᠵᠠᠷ᠎ᠢ ᠴᠢᠯᠥᠭᠡᠲᠡᠶ ᠨᠡᠭᠡᠭᠡᠵᠦ᠍ ᠬᠠᠮᠲᠤ ᠪᠠᠷ ᠭᠥᠷᠳᠡᠬᠦ᠌᠎ᠶ᠋ᠢ ᠠᠬᠢᠭᠤᠯᠤᠨ᠎ᠠ᠃ ᠭᠣᠣᠯᠳᠠᠯᠭ᠎ᠠ᠎ᠲᠠᠶ ᠬᠤᠳᠠ ᠵᠢᠴᠢ ᠡᠷᠬᠢᠨ ᠲᠣᠭᠣᠷᠢᠨ᠎ᠤ ᠣᠷᠣᠨ ᠪᠦᠰᠡ᠎ᠶ᠋ᠢᠨ ᠠᠭᠠᠷ ᠮᠠᠨᠳᠠᠯ᠎ᠤᠨ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢ ᠬᠠᠮᠵᠢᠯᠴᠠᠨ ᠪᠠᠭᠠᠰᠭᠠᠬᠤ᠎ᠶ᠋ᠢ ᠠᠬᠢᠭᠤᠯᠵᠤ᠂ ᠠᠭᠠᠷ᠎ᠤᠨ ᠴᠢᠨᠠᠷ ᠴᠢᠨᠰᠠᠭ᠎ᠠ᠎ᠶ᠋ᠢ ᠦᠷᠭᠦᠯᠵᠢᠯᠡᠨ ᠰᠠᠢᠵᠢᠷᠠᠭᠤᠯᠤᠨ᠎ᠠ᠃ ᠬᠣᠲᠠ᠎ᠶ᠋ᠢᠨ ᠱᠤᠤᠭᠢᠶᠠᠨ᠎ᠤ ᠪᠣᠬᠢᠷᠲᠤᠯ᠂ ᠢᠳᠡᠭᠡᠨ ᠤᠮᠳᠠᠭᠠᠨ᠎ᠤ ᠲᠣᠰᠣ ᠤᠲᠤᠭ᠎ᠠ᠎ᠶ᠋ᠢᠨ ᠵᠠᠰᠠᠯᠲᠠ᠎ᠶ᠋ᠢ ᠴᠢᠩᠭᠠᠳᠭᠠᠨ᠎ᠠ᠃ ᠨᠢᠶᠠᠨ ᠳᠠᠷᠤᠭ᠍ᠴᠢ᠂ ᠪᠢᠴᠢᠯ ᠰᠦᠯᠢᠶᠣᠣ ᠵᠡᠷᠭᠡ ᠱᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠢ ᠴᠢᠩᠭᠠᠳᠭᠠᠨ᠎ᠠ᠃ ᠪᠠᠷᠢᠯᠭ᠎ᠠ᠎ᠶ᠋ᠢᠨ ᠬᠣᠭ ᠨᠣᠪᠰᠢ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠪᠠ ᠰᠢᠢᠳᠪᠦᠷᠢᠯᠡᠬᠦ᠎ᠵᠢ ᠠᠬᠢᠭᠤᠯᠤᠨ᠎ᠠ᠃ ᠬᠣᠲᠠ᠎ᠶ᠋ᠢᠨ ᠠᠮᠢᠳᠤᠷᠠᠯ᠎ᠤᠨ ᠪᠣᠬᠢᠷ ᠤᠰᠤᠨ᠎ᠤ ᠬᠣᠭᠣᠯᠠᠶ ᠵᠢᠨ ᠲᠤᠤᠷ᠎ᠢ ᠪᠦᠷᠢᠨ ᠪᠥᠷᠬᠥᠭᠦᠯᠬᠦ᠌᠎ᠶ᠋ᠢ ᠠᠬᠢᠭᠤᠯᠵᠤ᠂ ᠬᠣᠲᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠵᠠᠰᠠᠭ᠍ᠰᠠᠨ ᠦᠷ᠎ᠡ ᠪᠦᠲᠦᠮᠵᠢ᠎ᠶ᠋ᠢ ᠪᠡᠬᠢᠵᠢᠭᠦᠯᠦᠨ᠂ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠥᠷᠥᠮ᠂ ᠦᠵᠡᠰᠭᠦᠯᠡᠩᠲᠦ ᠰᠠᠢᠬᠠᠨ ᠭᠤᠤᠯ ᠮᠥᠷᠡᠨ ᠨᠠᠭᠤᠷ ᠴᠥᠭᠥᠷᠥᠮ᠎ᠢ ᠪᠥᠲᠥᠭᠡᠨ ᠪᠠᠢᠭᠤᠯᠤᠨ᠎ᠠ᠃

ᠵᠢᠷᠭᠤᠭ᠎ᠠ᠂ ᠬᠤᠳᠠ᠎ᠶ᠋ᠢᠨ ᠠᠮᠤᠷ ᠲᠦᠪᠱᠢᠨ᠎ᠦ ᠤᠶᠠᠨ ᠬᠠᠳᠠᠨ ᠴᠢᠨᠠᠷ᠎ᠢ ᠴᠢᠩᠭᠠᠳᠭᠠᠨ᠎ᠠ

(ᠠᠷᠪᠠᠨ ᠳᠥᠷᠪᠡ) ᠭᠡᠷ ᠪᠠᠢᠱᠢᠩ ᠪᠣᠯᠤᠨ ᠬᠣᠲᠠ᠎ᠶ᠋ᠢᠨ ᠶᠠᠪᠤᠳᠠᠯ᠎ᠤᠨ ᠰᠠᠭᠤᠷᠢ ᠲᠦᠬᠦᠭᠡᠷᠦᠮᠵᠢ᠎ᠶ᠋ᠢᠨ ᠠᠮᠤᠷ ᠲᠦᠪᠰᠢᠨ᠎ᠤ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠭᠡᠷ ᠪᠠᠢᠱᠢᠩ᠎ᠤᠨ ᠠᠮᠤᠷ ᠲᠦᠪᠱᠢᠨ᠎ᠦ ᠪᠡᠶ᠎ᠡ᠎ᠶ᠋ᠢᠨ ᠪᠠᠢᠴᠠᠭᠠᠯᠲᠠ᠂ ᠭᠡᠷ ᠪᠠᠢᠱᠢᠩ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠪᠡᠯᠡ ᠮᠥᠩᠭᠥ᠌᠂ ᠭᠡᠷ ᠪᠠᠢᠱᠢᠩ᠎ᠤᠨ ᠶᠠᠰᠤ ᠴᠢᠨᠠᠷ᠎ᠤᠨ ᠠᠮᠤᠷ ᠲᠦᠪᠱᠢᠨ᠎ᠦ ᠳᠠᠭᠠᠳᠭᠠᠯ ᠵᠡᠷᠭᠡ ᠭᠡᠷ ᠪᠠᠢᠱᠢᠩ᠎ᠤᠨ ᠪᠦᠬᠦ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠤᠨ᠎ᠠ᠃ ᠬᠡᠲᠦ ᠥᠨᠳᠥᠷ ᠪᠠᠷᠢᠯᠭ᠎ᠠ᠎ᠶ᠋ᠢ ᠴᠢᠩᠭ᠎ᠠ ᠬᠢᠵᠠᠭᠠᠷᠯᠠᠵᠤ᠂ ᠥᠨᠳᠥᠷ ᠤᠭᠲᠠᠷᠭᠤᠢ᠎ᠵᠢᠨ ᠭᠠᠯ ᠰᠡᠷᠭᠡᠢᠯᠡᠬᠦ ᠭᠠᠯ ᠤᠨᠲᠠᠷᠠᠭᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠬᠣᠲᠠ ᠪᠠᠯᠭᠠᠰᠤ᠎ᠶ᠋ᠢᠨ ᠤᠷᠢᠳᠴᠢᠯᠠᠨ ᠦᠶ᠋ᠯᠡᠳᠦᠭ᠌ᠰᠡᠨ ᠬᠠᠪᠲᠠᠰᠤᠨ ᠭᠡᠷ ᠪᠠᠢᠱᠢᠩ᠎ᠢ ᠵᠠᠰᠠᠵᠤ ᠥᠭᠡᠷᠡᠴᠢᠯᠡᠬᠦ᠌ ᠠᠵᠢᠯᠯᠠᠭ᠎ᠠ ᠪᠠ ᠭᠠᠵᠠᠷ ᠬᠥᠳᠡᠯᠦᠯᠲᠡ ᠠᠮᠠᠷᠬᠠᠨ ᠡᠭᠦᠰᠭᠦ ᠣᠷᠣᠨ᠎ᠤ ᠭᠡᠷ ᠪᠠᠢᠱᠢᠩ᠎ᠤᠨ ᠲᠤᠨᠤᠭ ᠲᠦᠬᠦᠭᠡᠷᠦᠮᠵᠢ᠎ᠶ᠋ᠢ ᠪᠡᠬᠢᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠤᠯᠠᠨ ᠬᠦᠮᠦᠨ ᠨᠢᠬᠡ ᠬᠡᠷ᠎ᠢ ᠲᠦᠷᠢᠶᠡᠰᠦᠯᠡᠬᠦ᠌ ᠭᠡᠷ ᠪᠠᠢᠱᠢᠩ᠎ᠢ ᠴᠡᠭ᠌ᠴᠡᠯᠡᠨ ᠵᠠᠰᠠᠬᠤ᠎ᠶ᠋ᠢ ᠴᠢᠩᠭᠠᠳᠭᠠᠨ᠎ᠠ᠃ ᠬᠤᠳᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠠᠮᠢ ᠨᠠᠰᠤᠨ᠎ᠤ ᠱᠤᠭᠤᠮ᠎ᠤᠨ ᠠᠶᠤᠯᠭᠦᠢ᠎ᠶ᠋ᠢᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠴᠢᠬᠤᠯᠠ ᠲᠤᠨᠤᠭ ᠲᠦᠬᠦᠭᠡᠷᠦᠮᠵᠢ᠂ ᠡᠨᠧᠷᠭᠢ᠂ ᠤᠰᠤᠨ ᠰᠤᠷᠪᠤᠯᠵᠢ ᠵᠡᠷᠭᠡ ᠲᠠᠷᠬᠠᠯᠲᠠ᠎ᠶ᠋ᠢᠨ ᠮᠠᠶᠢᠭ᠎ᠦᠨ ᠪᠠᠢᠷᠢᠱᠢᠭᠤᠯᠤᠯᠳᠠ᠎ᠵᠢ ᠠᠬᠢᠭᠤᠯᠵᠤ᠂ ᠭᠠᠮᠱᠢᠭ᠎ᠲᠠᠶ ᠲᠡᠮᠡᠴᠡᠬᠦ᠌ ᠰᠡᠷᠭᠡᠢᠯᠡᠯᠲᠡ᠎ᠶ᠋ᠢᠨ ᠪᠠᠷᠢᠮᠵᠢᠶ᠎ᠠ᠎ᠶ᠋ᠢ ᠲᠡᠭᠦᠯᠳᠡᠷᠵᠢᠭᠦᠯᠦᠨ᠂ ᠠᠮᠤᠷ ᠲᠦᠪᠰᠢᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

(ᠠᠷᠪᠠᠨ ᠲᠠᠪᠤ) ᠭᠣᠣᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ᠎ᠳ᠋ᠡᠬᠢ ᠠᠶᠤᠯᠭᠦᠶ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢ ᠴᠢᠩᠭᠠᠷᠠᠭᠤᠯᠤᠨ᠎ᠠ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠠᠷᠢᠮᠲᠠᠯᠠᠵᠤ᠂ ᠠᠵᠢᠯ ᠲᠦᠷᠦᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ᠂ ᠲᠤᠬᠠᠢᠯᠠᠭ᠍ᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ᠎ᠶ᠋ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ᠎ᠶ᠋ᠢ ᠪᠠᠷᠢᠮᠲᠠᠯᠠᠵᠤ᠂ ᠦᠢᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ᠎ᠶ᠋ᠢᠨ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ᠎ᠠ᠃ ᠠᠶᠤᠯᠲᠠᠶ ᠬᠢᠮᠢ᠎ᠶ᠋ᠢᠨ ᠪᠣᠳᠠᠰ᠂ ᠣᠨᠴᠠ ᠲᠥᠷᠥᠯ᠎ᠦᠨ ᠲᠤᠨᠤᠭ ᠲᠥᠬᠥᠭᠡᠷᠦᠮᠵᠢ᠂ ᠪᠠᠷᠢᠯᠭ᠎ᠠ᠎ᠶ᠋ᠢᠨ ᠠᠵᠢᠯ᠂ ᠬᠣᠲᠠ ᠪᠠᠯᠭᠠᠰᠤ᠎ᠶ᠋ᠢᠨ ᠱᠢᠲᠠᠮᠠᠬᠠᠶ ᠬᠡᠶ᠂ ᠵᠠᠮ ᠬᠠᠷᠢᠯᠴᠠᠭ᠎ᠠ ᠵᠢᠴᠢ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ ᠵᠡᠷᠭᠡ᠎ᠪᠡᠷ ᠭᠤᠤᠯᠳᠠᠯᠭ᠎ᠠ ᠪᠣᠯᠭᠠᠵᠤ᠂ ᠬᠦᠨᠳᠦ ᠶᠡᠬᠡ ᠲᠦᠭ᠌ᠰᠢᠭᠦᠷᠢ᠎ᠶ᠋ᠢᠨ ᠡᠬᠢ ᠰᠤᠷᠪᠤᠯᠵᠢ᠎ᠶ᠋ᠢ ᠱᠠᠲᠤ ᠬᠤᠪᠢᠶᠠᠨ᠂ ᠣᠶᠤᠨᠴᠢ᠎ᠪᠠᠷ᠂ ᠤᠨᠢᠨ ᠲᠡᠬᠡᠷ᠎ᠡ ᠨᠢ ᠬᠠᠮᠢᠶᠠᠷᠤᠨ ᠡᠵᠡᠮᠳᠡᠵᠦ᠍᠂ ᠠᠶᠤᠯᠭᠦᠶ ᠦᠶ᠋ᠯᠡᠳᠪᠦᠷᠢᠯᠡᠯ᠎ᠦᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠪᠠ ᠠᠵᠢᠯ ᠡᠷᠭᠢᠯᠡᠭ᠌ᠰᠡᠳ᠎ᠦᠨ ᠠᠮᠤᠷ ᠲᠦᠪᠱᠢᠨ᠎ᠦ ᠪᠣᠯᠪᠠᠰᠤᠷᠠᠯ᠎ᠢ ᠪᠠᠢᠩᠭᠤᠵᠢᠭᠤᠯᠤᠨ ᠠᠬᠢᠭᠤᠯᠤᠨ᠎ᠠ᠃ ᠠᠵᠤ ᠠᠬᠤᠢᠯᠠᠯ᠎ᠤᠨ ᠠᠶᠤᠯᠭᠦᠢ ᠦᠶ᠋ᠯᠡᠳᠪᠦᠷᠢᠯᠡᠯ᠎ᠦᠨ ᠢᠲᠡᠭᠡᠮᠵᠢ᠎ᠶ᠋ᠢ ᠦᠨᠡᠯᠡᠬᠦ᠌ ᠲᠦᠷᠢᠮ᠎ᠢ ᠪᠠᠢᠭᠤᠯᠵᠤ᠂ ᠦᠨᠡᠯᠡᠭ᠌ᠰᠡᠨ ᠦᠷ᠎ᠡ ᠳ᠋ᠦᠩ᠎ᠢ ᠬᠡᠷᠡᠭ᠌ᠯᠡᠬᠦ᠌᠎ᠶ᠋ᠢ ᠴᠢᠬᠤᠯᠠᠴᠢᠯᠠᠨ᠎ᠠ᠃

(ᠠᠷᠪᠠᠨ ᠵᠢᠷᠭᠤᠭ᠎ᠠ) ᠬᠣᠲᠠ᠎ᠶ᠋ᠢᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ ᠲᠦᠪᠰᠢᠨ᠎ᠢ ᠳᠡᠭᠡᠭ᠌ᠰᠢᠯᠡᠭᠦᠯᠦᠨ᠎ᠡ᠃ ᠤᠯᠤᠰ᠎ᠤᠨ ᠣᠷᠣᠨ ᠪᠦᠰᠡ᠎ᠶ᠋ᠢᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠲᠥᠪ᠎ᠦᠨ ᠪᠠᠢᠭᠤᠯᠤᠯᠲᠠ᠎ᠶ᠋ᠢ ᠠᠬᠢᠭᠤᠯᠤᠨ᠎ᠠ᠃ ᠤᠯᠤᠰ᠎ᠤᠨ ᠬᠦᠨᠳᠦ ᠶᠡᠬᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠰᠠᠭᠤᠷᠢᠨ᠂ ᠤᠯᠤᠰ᠎ᠤᠨ ᠠᠨᠠᠭᠠᠬᠤ ᠤᠬᠠᠭᠠᠨ᠎ᠤ ᠪᠠᠴᠢᠮ ᠠᠪᠤᠷᠠᠨ ᠲᠤᠰᠠᠯᠠᠬᠤ ᠰᠠᠭᠤᠷᠢᠨ ᠪᠣᠯᠤᠨ ᠬᠠᠯᠳᠠᠪᠤᠷᠢᠲᠤ ᠡᠪᠡᠳᠴᠢᠨ᠎ᠦ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠵᠢᠨ ᠰᠡᠷᠭᠡᠢᠯᠡᠨ ᠵᠠᠰᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠱᠠᠲᠤ ᠪᠠ ᠲᠡᠰ ᠳᠠᠪᠬᠤᠷᠭ᠎ᠠ ᠬᠤᠪᠢᠶᠠᠨ ᠠᠪᠤᠷᠠᠨ ᠵᠠᠰᠠᠬᠤ ᠱᠢᠰᠲ᠋ᠧᠮ᠎ᠢ ᠪᠠᠢᠭᠤᠯᠤᠨ᠎ᠠ᠃ ᠪᠠᠴᠢᠮ ᠪᠠᠢᠳᠠᠯ᠎ᠢ ᠠᠷᠭᠠᠴᠠᠭᠠᠬᠤ ᠡᠮᠴᠢᠯᠡᠭᠡᠨ᠎ᠦ ᠡᠳ᠋ ᠪᠣᠳᠠᠰ᠎ᠢ ᠨᠥᠭᠡᠴᠡᠯᠡᠬᠦ᠎ᠶ᠋ᠢ ᠴᠢᠩᠭᠠᠳᠭᠠᠨ᠎ᠠ᠃ ᠣᠯᠠᠨ ᠰᠠᠯᠠᠭ᠎ᠠ ᠮᠥᠴᠢᠷ᠂ ᠬᠣᠲᠠ ᠠᠯᠤᠰᠯᠠᠨ ᠬᠠᠮᠵᠢᠯᠴᠠᠬᠤ᠎ᠶ᠋ᠢ ᠠᠬᠢᠭᠤᠯᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠪᠠ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠎ᠶ᠋ᠢ ᠴᠢᠩᠭᠠᠳᠭᠠᠨ᠎ᠠ᠃ ᠣᠶᠣᠨ ᠮᠠᠳᠠᠷᠠᠯ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠎ᠡ᠃

(ᠠᠷᠪᠠᠨ ᠳᠣᠯᠣᠭ᠎ᠠ) ᠬᠣᠲᠠ᠎ᠶ᠋ᠢᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠵᠤ ᠭᠠᠮᠱᠢᠭ᠎ᠡᠴᠡ ᠠᠪᠤᠷᠠᠬᠤ ᠶᠡᠷᠦᠩᠬᠡᠢᠯᠡᠭ᠌ᠰᠡᠨ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠬᠣᠲᠠ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠲᠤᠭᠲᠠᠯᠴᠠᠭ᠎ᠠ᠎ᠵᠢ ᠪᠠᠢᠭᠤᠯᠵᠤ᠂ ᠠᠶᠤᠯ ᠲᠦᠭ᠌ᠰᠢᠭᠦᠷᠢ᠎ᠶ᠋ᠢᠨ ᠬᠡᠮ ᠰᠤᠭᠤᠭ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠪᠠᠢᠩᠭᠤᠵᠢᠭ᠍ᠰᠠᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠬᠤᠳᠠ᠎ᠶ᠋ᠢᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠣᠷᠣᠨ ᠵᠠᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠠᠮᠢ ᠠᠬᠤᠢ᠎ᠶ᠋ᠢᠨ ᠬᠠᠯᠬᠠᠪᠴᠢ᠂ ᠲᠤᠰᠠᠭᠠᠷᠯᠠᠵᠤ ᠲᠠᠷᠬᠠᠭᠠᠬᠤ ᠵᠠᠮ᠎ᠢ ᠨᠡᠮᠡᠭ᠌ᠳᠡᠭᠦᠯᠵᠦ᠍᠂ ᠭᠠᠮᠱᠢᠭ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠬᠠᠷᠢᠮᠠᠬᠠᠢ ᠣᠷᠣᠨ ᠵᠠᠢ᠎ᠶ᠋ᠢ ᠤᠷᠢᠳᠴᠢᠯᠠᠨ ᠦᠯᠡᠳᠡᠭᠡᠨ᠎ᠡ᠃ ᠦᠶᠡᠷ ᠤᠰᠤᠲᠤᠯ᠎ᠢ ᠬᠣᠯᠪᠣᠭᠠᠯᠠᠨ ᠵᠠᠯᠠᠬᠤ ᠬᠣᠯᠪᠣᠭᠠᠯᠠᠨ ᠲᠣᠬᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠣᠲᠠ᠎ᠶ᠋ᠢᠨ ᠤᠰᠤ ᠵᠠᠯᠠᠵᠤ ᠤᠰᠤᠲᠤᠯ᠎ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠭᠠᠵᠠᠷ ᠳᠡᠭᠡᠷᠡᠬᠢ ᠪᠠ ᠭᠠᠵᠠᠷ ᠳᠣᠣᠷᠠᠬᠢ ᠣᠷᠣᠨ ᠵᠠᠢ᠎ᠶ᠋ᠢ ᠨᠢᠭᠡᠳᠦᠯᠲᠡᠢ ᠲᠥᠯᠥᠪᠵᠢᠭᠦᠯᠦᠨ ᠠᠱᠢᠭ᠍ᠯᠠᠵᠤ᠂ 《ᠡᠩ᠎ᠦᠨ ᠪᠠ ᠪᠠᠴᠢᠮ ᠪᠠᠢᠳᠠᠯ᠎ᠢ ᠵᠡᠷᠭᠡ᠎ᠪᠡᠷ ᠬᠡᠷᠡᠭ᠌ᠯᠡᠬᠦ᠌》 ᠤᠯᠠᠨ ᠨᠡᠢᠲᠡ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠶᠡᠷᠦᠩᠬᠡᠢ ᠬᠡᠮᠵᠢᠶ᠎ᠡ ᠨᠢ ᠭᠦᠢᠴᠡᠳ᠂ ᠪᠠᠢᠷᠢᠱᠢᠯ ᠨᠢ ᠵᠦᠢ ᠵᠣᠬᠢᠰᠲᠠᠢ ᠪᠠᠴᠢᠮ ᠪᠠᠢᠳᠠᠯ᠎ᠢ ᠠᠷᠭᠠᠴᠠᠭᠠᠬᠤ ᠠᠶᠤᠯ᠎ᠠᠴᠠ ᠵᠠᠢᠯᠠᠭᠤᠯᠬᠤ ᠲᠠᠯᠠᠪᠤᠷ᠎ᠤᠨ ᠱᠢᠰᠲ᠋ᠧᠮ᠎ᠢ ᠪᠠᠢᠭᠤᠯᠤᠨ᠎ᠠ᠃ ᠯᠤᠲᠤ ᠶᠡᠬᠡ ᠭᠠᠮᠱᠢᠭ᠎ᠤᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠨ᠎ᠠ᠃ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠵᠢᠯᠣᠭᠣᠳᠭᠤ᠂ ᠱᠢᠶ᠋ᠳᠪᠦᠷᠢᠯᠡᠬᠦ᠌ ᠪᠠ ᠠᠪᠤᠷᠠᠨ ᠲᠤᠰᠠᠯᠠᠬᠤ ᠱᠢᠰᠲᠸᠮ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠪᠠᠴᠢᠮ ᠪᠠᠢᠳᠠᠯ᠎ᠢ ᠠᠷᠭᠠᠴᠠᠭᠠᠵᠤ ᠠᠶᠤᠯ ᠭᠠᠮᠱᠢᠭ᠎ᠠᠴᠠ ᠠᠪᠤᠷᠠᠬᠤ ᠲᠣᠨᠣᠭ ᠲᠥᠬᠥᠭᠡᠷᠦᠮᠵᠢ ᠬᠢᠭᠡᠳ ᠡᠳ᠋ ᠪᠠᠷᠠᠭ᠎ᠠ᠎ᠶ᠋ᠢ ᠤᠷᠢᠳᠴᠢᠯᠠᠨ ᠨᠥᠭᠡᠴᠡᠯᠡᠬᠦ᠎ᠶ᠋ᠢ ᠠᠬᠢᠭᠤᠯᠤᠨ᠎ᠠ᠃

ᠳᠣᠯᠣᠭ᠎ᠠ᠂ ᠬᠣᠲᠠ᠎ᠶ᠋ᠢᠨ ᠰᠣᠶᠣᠯ᠎ᠤᠨ ᠬᠦᠭᠵᠢᠯ ᠴᠡᠴᠡᠭ᠌ᠯᠡᠯ᠎ᠢ ᠠᠬᠢᠭᠤᠯᠤᠨ᠎ᠠ

(ᠠᠷᠪᠠᠨ ᠨᠠᠶ᠋ᠮᠠ) ᠬᠣᠲᠠ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠠᠱᠢᠭ᠍ᠯᠠᠨ ᠤᠯᠠᠮᠵᠢᠯᠠᠬᠤ᠎ᠶ᠋ᠢ ᠠᠬᠢᠭᠤᠯᠤᠨ᠎ᠠ᠃ ᠬᠣᠲᠠ᠎ᠶ᠋ᠢᠨ ᠥᠪᠡᠷᠮᠢᠴᠡ ᠲᠡᠦᠬᠡ ᠰᠣᠶᠣᠯ᠎ᠤᠨ ᠰᠤᠳᠠᠰᠤ᠂ ᠰᠣᠶᠣᠯ ᠢᠷᠭᠡᠨᠱᠢᠯ ᠭᠠᠵᠠᠷ ᠵᠦᠶ᠂ ᠪᠠᠢᠭᠠᠯᠢ᠎ᠶ᠋ᠢᠨ ᠦᠵᠡᠮᠵᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠣᠲᠠ ᠬᠥᠳᠡᠭᠡ᠎ᠶ᠋ᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠣᠲᠠ᠎ᠶ᠋ᠢᠨ ᠰᠣᠶᠣᠯ᠎ᠤᠨ ᠥᠪ ᠬᠥᠷᠥᠩᠭᠡ᠎ᠶ᠋ᠢᠨ ᠨᠡᠢᠳᠡᠮ ᠪᠠᠢᠴᠠᠭᠠᠯᠲᠠ᠎ᠶ᠋ᠢᠨ ᠳᠦᠷᠢᠮ᠎ᠢ ᠪᠦᠷᠢᠨᠱᠢᠭᠦᠯᠵᠦ᠍᠂ ᠬᠠᠭᠤᠴᠢᠨ ᠬᠣᠲᠠ ᠵᠢᠴᠢ ᠲᠡᠦᠬᠡ᠎ᠶ᠋ᠢᠨ ᠵᠡᠭᠡᠯᠢ ᠵᠢᠨ ᠲᠣᠭᠣᠷᠢᠭ᠎ᠤᠨ ᠲᠤᠰᠭᠠᠶ ᠪᠠᠢᠴᠠᠭᠠᠯᠲᠠ᠎ᠶ᠋ᠢ ᠥᠷᠨᠢᠭᠦᠯᠦᠨ᠎ᠡ᠃ ᠰᠠᠭᠤᠭᠠᠯᠢ ᠠᠷᠠᠳ᠎ᠢᠶᠠᠷ ᠭᠣᠣᠯ ᠴᠣᠭ᠍ᠴᠠ ᠪᠣᠯᠭᠠᠭ᠍ᠰᠠᠨ ᠬᠠᠮᠠᠭᠠᠯᠠᠵᠤ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠲᠡᠦᠬᠡ ᠰᠣᠶᠣᠯ᠎ᠤᠨ ᠨᠡᠷᠡᠲᠦ ᠬᠣᠲᠠ᠂ ᠵᠡᠭᠡᠯᠢ ᠵᠢᠨ ᠲᠣᠭᠣᠷᠢᠭ᠎ᠤᠨ ᠪᠦᠬᠦᠯᠢ ᠴᠣᠭ᠍ᠴᠠ᠎ᠪᠠᠷ ᠨᠢ ᠬᠠᠮᠠᠭᠠᠯᠠᠬᠤ᠎ᠶ᠋ᠢ ᠠᠬᠢᠭᠤᠯᠵᠤ᠂ ᠱᠢᠯᠵᠢᠭᠦᠯᠵᠦ᠍ ᠳᠡᠢᠯᠬᠦ ᠦᠭᠡᠶ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠲᠡᠦᠬᠡ᠎ᠶ᠋ᠢᠨ ᠪᠠᠷᠢᠯᠭ᠎ᠠ᠂ ᠠᠵᠤ ᠦᠢᠯᠡᠳᠪᠦᠷᠢ᠎ᠶ᠋ᠢᠨ ᠥᠪ ᠬᠥᠷᠥᠩᠭᠡ᠎ᠶ᠋ᠢ ᠠᠮᠢᠳᠤᠯᠢᠭ᠎ᠢᠶᠠᠷ ᠠᠱᠢᠭ᠍ᠯᠠᠵᠤ᠂ ᠲᠡᠦᠬᠡ ᠰᠣᠶᠣᠯ᠎ᠤᠨ ᠵᠡᠭᠡᠯᠢ ᠵᠢᠨ ᠲᠣᠭᠣᠷᠢᠭ ᠪᠣᠯᠤᠨ ᠲᠡᠦᠬᠡᠨ ᠪᠦᠰᠡ᠎ᠳᠤ ᠲᠦᠱᠢᠭ᠌ᠯᠡᠨ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠰᠣᠶᠣᠯ᠎ᠤᠨ ᠦᠵᠡᠭᠦᠯᠭᠡ᠂ ᠣᠨᠴᠠᠯᠢᠭ᠍ᠲᠤ ᠬᠤᠳᠠᠯᠳᠤᠭ᠎ᠠ᠂ ᠵᠤᠭ᠎ᠠ ᠰᠡᠯᠡᠭᠦᠴᠡᠯ᠎ᠦᠨ ᠪᠠᠶᠠᠴᠢ ᠣᠢᠯᠠᠭᠠᠯᠲᠠ ᠵᠡᠷᠭᠡ᠎ᠶ᠋ᠢ ᠥᠷᠨᠢᠭᠦᠯᠦᠨ᠎ᠡ᠃ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠡᠬᠢ ᠪᠠᠶᠠᠯᠢᠭ᠎ᠢ ᠬᠠᠮᠠᠭᠠᠯᠠᠬᠤ ᠬᠠᠮᠢᠶᠠᠷᠬᠤ ᠠᠱᠢᠭ᠍ᠯᠠᠬᠤ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠠᠱᠢᠭ᠍ᠯᠠᠨ ᠤᠯᠠᠮᠵᠢᠯᠠᠬᠤ᠎ᠶ᠋ᠢ ᠴᠢᠩᠭᠠᠳᠭᠠᠨ᠎ᠠ᠃

(ᠠᠷᠪᠠ ᠶᠢᠰᠦ) ᠬᠣᠲᠠ᠎ᠶ᠋ᠢᠨ ᠣᠨᠴᠠᠯᠢᠭ᠍ᠲᠤ ᠳᠦᠷᠰᠦ ᠪᠠᠢᠳᠠᠯ᠎ᠢ ᠪᠣᠶ ᠪᠣᠯᠭᠠᠨ᠎ᠠ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠦᠨᠳᠦᠰᠦᠯᠡᠵᠦ᠍᠂ ᠶᠣᠰᠣ ᠮᠤᠷᠠᠯ᠎ᠢ ᠳᠡᠭᠡᠳᠦᠯᠡᠨ ᠰᠠᠢᠨ ᠰᠠᠢᠬᠠᠨ᠎ᠢ ᠡᠷᠬᠢᠮᠯᠡᠬᠦ ᠪᠣᠯᠪᠠᠰᠤᠨ ᠬᠣᠲᠠ᠎ᠶ᠋ᠢ ᠪᠥᠲᠥᠭᠡᠨ ᠪᠠᠢᠭᠤᠯᠵᠤ᠂ ᠳᠤᠮᠳᠠᠳᠤ ᠤᠯᠤᠰ᠎ᠤᠨ ᠴᠤᠭ ᠵᠢᠪᠬᠤᠭ᠎ᠠ᠂ ᠳᠤᠮᠳᠠᠳᠤ ᠤᠯᠤᠰ᠎ᠤᠨ ᠬᠡᠪ ᠨᠠᠮᠪᠠ᠎ᠶ᠋ᠢ ᠢᠯᠡᠷᠡᠭᠦᠯᠦᠨ᠎ᠡ᠃ ᠬᠣᠲᠠ᠎ᠶ᠋ᠢᠨ ᠲᠥᠯᠥᠪᠵᠢᠭᠦᠯᠭᠡ᠎ᠶ᠋ᠢᠨ ᠬᠠᠮᠢᠶᠠᠷᠤᠨ ᠡᠵᠡᠮᠳᠡᠬᠦ᠌ ᠪᠠ ᠬᠥᠲᠥᠯᠥᠨ ᠵᠢᠯᠣᠭᠣᠳᠭᠤ ᠦᠶ᠋ᠯᠡᠳᠦᠯ᠎ᠢ ᠴᠢᠩᠭᠠᠷᠠᠭᠤᠯᠵᠤ᠂ ᠴᠢᠳᠠᠮᠵᠢ᠎ᠶ᠋ᠢ ᠨᠡᠢᠳᠬᠡᠵᠤ ᠰᠢᠰᠲᠸᠮᠵᠢᠬᠦᠯᠬᠦ᠂ ᠨᠢᠭ᠍ᠲᠠᠴᠠ᠎ᠨᠢ ᠲᠣᠬᠢᠷᠠᠮᠵᠢᠲᠠᠶ᠂ ᠥᠨᠳᠥᠷ ᠳᠤᠤᠷ᠎ᠠ᠎ᠨᠢ ᠵᠤᠬᠢᠰᠲᠠᠢ ᠲᠠᠷᠬᠠᠯᠳᠠ᠎ᠵᠢ ᠪᠡᠶᠡᠯᠡᠭᠦᠯᠬᠦ᠎ᠶ᠋ᠢ ᠠᠬᠢᠭᠤᠯᠤᠨ᠎ᠠ᠃ ᠬᠣᠲᠠ᠎ᠶ᠋ᠢᠨ ᠳᠦᠷᠢ ᠲᠥᠷᠬᠦ᠌᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠭᠤᠤ᠎ᠠ ᠲᠠᠭᠠᠱᠢᠶᠠᠯ᠎ᠤᠨ ᠴᠢᠨᠠᠷ ᠳᠡᠰ᠎ᠢ ᠳᠡᠭᠡᠭ᠌ᠰᠢᠯᠡᠭᠦᠯᠦᠨ᠎ᠡ᠃ 《ᠬᠡᠷᠡᠭ᠌ᠯᠡᠭᠡᠨ᠎ᠦ᠂ ᠬᠢᠮᠳᠠ᠂ ᠪᠣᠬᠢᠷᠲᠤᠯ ᠥᠬᠡᠶ᠂ ᠭᠣᠶᠣ》 ᠪᠠᠷᠢᠯᠭ᠎ᠠ᠎ᠶ᠋ᠢᠨ ᠴᠢᠭ᠌ᠯᠡᠯᠲᠡ᠎ᠶ᠋ᠢ ᠨᠠᠢᠳᠠᠪᠤᠷᠢᠵᠢᠭᠤᠯᠵᠤ᠂ ᠪᠠᠷᠢᠯᠭ᠎ᠠ᠎ᠶ᠋ᠢᠨ ᠵᠢᠷᠤᠭ ᠲᠥᠯᠥᠪᠯᠡᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠣᠲᠠ᠎ᠶ᠋ᠢᠨ ᠪᠠᠷᠢᠯᠭ᠎ᠠ᠎ᠶ᠋ᠢᠨ ᠳᠤᠮᠳᠠᠳᠤ᠎ᠶ᠋ᠢᠨ ᠭᠤᠤ᠎ᠠ ᠰᠠᠢᠬᠠᠨ᠎ᠤ ᠤᠬᠠᠭᠠᠨ ᠪᠠ ᠴᠠᠭ ᠦᠶ᠎ᠡ᠎ᠶ᠋ᠢᠨ ᠬᠡᠪ ᠰᠤᠷᠲᠠᠯ᠎ᠢ ᠨᠠᠩ ᠰᠠᠢᠲᠤᠷ ᠢᠯᠡᠷᠡᠭᠦᠯᠬᠦ᠌᠎ᠶ᠋ᠢ ᠠᠬᠢᠭᠤᠯᠤᠨ᠎ᠠ᠃ ᠣᠶ ᠮᠣᠳᠣ᠎ᠶ᠋ᠢ ᠶᠡᠬᠡ ᠬᠡᠪᠴᠢᠶ᠎ᠡ᠎ᠪᠡᠷ ᠨᠡᠭᠦᠯᠭᠡᠨ ᠱᠢᠯᠵᠢᠭᠦᠯᠵᠦ᠍ ᠣᠭ᠍ᠲᠣᠯᠬᠤ᠂ ᠳᠤᠷ᠎ᠠ᠎ᠪᠠᠷ᠎ᠢᠶᠠᠨ ᠰᠣᠶᠣᠯ᠎ᠤᠨ ᠪᠡᠯᠬᠡ ᠲᠡᠮᠳᠡᠭ ᠪᠦᠬᠦᠢ ᠪᠠᠷᠢᠯᠭ᠎ᠠ ᠵᠢ ᠪᠠᠢᠭᠤᠯᠬᠤ ᠵᠢᠴᠢ ᠬᠠᠭᠤᠴᠢᠨ ᠭᠠᠵᠠᠷ᠎ᠤᠨ ᠨᠡᠷ᠎ᠡ᠎ᠶ᠋ᠢ ᠳᠤᠷ᠎ᠠ᠎ᠪᠠᠷ᠎ᠢᠶᠠᠨ ᠬᠤᠪᠢᠷᠠᠭᠤᠯᠵᠤ ᠪᠣᠯᠬᠤ ᠦᠭᠡᠶ᠃

(ᠬᠣᠷᠢ) ᠬᠣᠲᠠ᠎ᠶ᠋ᠢᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ᠃ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠶ᠋ᠢ ᠶᠡᠬᠡ ᠪᠡᠷ ᠪᠠᠳᠠᠷᠠᠭᠤᠯᠤᠨ᠂ ᠣᠳᠣᠬᠢᠴᠢᠯᠠᠭ᠍ᠰᠠᠨ ᠠᠷᠠᠳ᠎ᠤᠨ ᠬᠣᠲᠠ᠎ᠯᠤᠭ᠎ᠠ ᠲᠣᠬᠢᠷᠠᠯᠴᠠᠭ᠍ᠰᠠᠨ ᠦᠵᠡᠯ ᠰᠠᠨᠠᠭ᠎ᠠ ᠣᠢᠯᠠᠭᠠᠭ᠍ᠳᠠᠬᠤᠨ᠂ ᠪᠣᠯᠪᠠᠰᠤᠨ ᠬᠡᠪ ᠰᠤᠷᠲᠠᠯ᠂ ᠦᠢᠯᠡ ᠠᠵᠢᠯᠯᠠᠭ᠎ᠠ᠎ᠶ᠋ᠢᠨ ᠵᠢᠷᠤᠮᠵᠢᠯ᠎ᠢ ᠪᠣᠶ ᠪᠣᠯᠭᠠᠬᠤ᠎ᠶ᠋ᠢ ᠠᠬᠢᠭᠤᠯᠵᠤ᠂ ᠬᠣᠲᠠ᠎ᠶ᠋ᠢᠨ ᠠᠷᠠᠳ᠎ᠤᠨ ᠪᠣᠯᠪᠠᠰᠤᠨ᠎ᠤ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠦᠨ᠂ ᠰᠣᠶᠣᠯ᠎ᠤᠨ ᠠᠭᠤᠯᠤᠭ᠍ᠳᠠᠬᠤᠨ ᠪᠣᠯᠤᠨ ᠥᠪᠡᠷᠮᠢᠴᠡ ᠬᠡᠪ ᠴᠢᠨᠠᠷ᠎ᠢ ᠢᠯᠡᠷᠡᠭᠦᠯᠦᠭ᠌ᠰᠡᠨ ᠬᠣᠲᠠ᠎ᠶ᠋ᠢᠨ ᠵᠣᠷᠢᠭ ᠰᠠᠨᠠᠭ᠎ᠠ᠎ᠶ᠋ᠢ ᠪᠤᠶ ᠪᠣᠯᠭᠠᠨ᠎ᠠ᠃ ᠱᠢᠨ᠎ᠡ ᠬᠡᠯᠪᠡᠷᠢ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠣᠷᠣᠨ ᠵᠠᠢ᠎ᠶ᠋ᠢ ᠱᠢᠨ᠎ᠡ᠎ᠪᠡᠷ ᠡᠭᠦᠳᠦᠨ ᠥᠷᠭᠡᠳᠭᠡᠵᠦ᠍᠂ ᠪᠣᠳᠠᠲᠤ ᠬᠡᠷᠡᠭ᠌ᠴᠡᠭᠡ᠎ᠪᠡᠨ ᠦᠨᠳᠦᠰᠦᠯᠡᠨ ᠬᠤᠳᠠ᠎ᠶ᠋ᠢᠨ ᠰᠣᠶᠣᠯ᠎ᠤᠨ ᠲᠤᠨᠤᠭ ᠲᠥᠬᠥᠭᠡᠷᠦᠮᠵᠢ᠎ᠶ᠋ᠢ ᠲᠡᠭᠦᠯᠳᠡᠷᠵᠢᠭᠦᠯᠦᠨ᠎ᠡ᠃ ᠬᠣᠲᠠ᠎ᠶ᠋ᠢᠨ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠺᠠᠷᠲ᠋ᠣᠨ ᠵᠢᠷᠤᠭ᠂ ᠺᠢᠨᠣ᠋ ᠲᠧᠯᠸᠢᠰ᠂ ᠲᠣᠭᠠᠴᠢᠯᠠᠭ᠍ᠰᠠᠨ ᠤᠷᠠᠯᠢᠭ᠂ ᠪᠦᠲᠦᠭᠡᠯᠴᠢ ᠵᠢᠷᠤᠭ ᠲᠥᠯᠥᠪᠯᠡᠭᠡ ᠵᠡᠷᠭᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠱᠢᠨᠡᠴᠢᠯᠡᠵᠦ᠍᠂ ᠰᠣᠶᠣᠯ ᠬᠢᠭᠡᠳ ᠵᠢᠭᠤᠯᠴᠢᠯᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠪᠡᠶ᠎ᠡ᠎ᠶ᠋ᠢᠨ ᠲᠠᠮᠢᠷ ᠵᠡᠷᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃

ᠨᠠᠶ᠋ᠮᠠ᠂ ᠬᠣᠲᠠ᠎ᠶ᠋ᠢᠨ ᠵᠠᠰᠠᠯᠲᠠ᠎ᠶ᠋ᠢᠨ ᠴᠢᠳᠠᠪᠤᠷᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ

(ᠬᠣᠷᠢᠨ ᠨᠢᠭᠡ) ᠬᠣᠲᠠ᠎ᠶ᠋ᠢᠨ ᠵᠠᠰᠠᠯᠲᠠ᠎ᠶ᠋ᠢᠨ ᠠᠵᠢᠯ᠎ᠤᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ 《ᠨᠢᠭᠡ ᠵᠥᠪᠯᠡᠯ ᠨᠢᠭᠡ ᠠᠯᠪᠠᠨ ᠭᠡᠷ ᠨᠢᠭᠡ ᠲᠠᠪᠴᠠᠩ》᠎ᠤ᠋ᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠬᠣᠲᠠ᠎ᠶ᠋ᠢᠨ ᠨᠠᠮ᠎ᠤᠨ ᠬᠣᠷᠢᠶ᠎ᠠ ᠪᠤᠶᠤ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭᠠᠲᠠᠨ᠎ᠢᠶᠠᠷ ᠲᠦᠷᠦᠭᠦᠯᠡᠭᠦᠯᠦᠭ᠌ᠰᠡᠨ ᠬᠣᠲᠠ᠎ᠶ᠋ᠢᠨ ᠬᠠᠮᠢᠶᠠᠷᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠰᠢᠭᠦᠯᠦᠨ᠎ᠡ᠃ ᠬᠣᠲᠠ᠎ᠶ᠋ᠢᠨ ᠬᠠᠮᠢᠶᠠᠷᠤᠯᠲᠠ ᠬᠢᠭᠡᠳ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠠᠮᠢ ᠠᠬᠤᠶ ᠣᠷᠴᠢᠨ ᠲᠣᠭᠣᠷᠢᠨ᠂ ᠰᠣᠶᠣᠯ᠎ᠤᠨ ᠵᠠᠬ᠎ᠠ ᠳᠡᠯᠭᠡᠭᠦᠷ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ᠎ᠶ᠋ᠢᠨ ᠡᠷᠬᠡ ᠬᠠᠷᠢᠭᠤᠴᠠᠯᠭ᠎ᠠ᠎ᠨᠢ ᠲᠣᠳᠣᠷᠬᠠᠶ᠂ ᠬᠠᠮᠵᠢᠯᠴᠠᠨ ᠥᠨᠳᠥᠷ ᠦᠷ᠎ᠡ ᠪᠦᠲᠦᠮᠵᠢᠲᠡᠶ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠᠢᠭᠤᠯᠤᠯ᠎ᠢ ᠪᠦᠷᠢᠨᠱᠢᠬᠦᠯᠵᠦ᠍᠂ ᠬᠠᠤᠯᠢ ᠬᠡᠷᠡᠭ᠌ᠵᠢᠭᠦᠯᠬᠦ᠌ ᠠᠵᠢᠯᠲᠠᠨ᠎ᠢ ᠳᠣᠭᠢᠷᠠᠭᠤᠯᠬᠤ ᠬᠠᠷᠢᠴᠠᠯ᠎ᠤᠨ ᠪᠠᠷᠢᠮᠵᠢᠶ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠴᠢᠬᠤᠯᠠ ᠪᠥᠬᠥᠶ ᠠᠵᠢᠯ᠎ᠤᠨ ᠨᠥᠬᠥᠴᠡᠯ᠎ᠢ ᠪᠠᠲᠤᠯᠠᠨ᠎ᠠ᠃ ᠠᠷᠠᠳ ᠣᠯᠠᠨ᠎ᠤ ᠬᠣᠲᠠ᠎ᠶ᠋ᠢᠨ ᠵᠠᠰᠠᠯᠲᠠ᠎ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ᠋ ᠳᠠᠢᠴᠢᠯᠠᠵᠤ᠂ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ ᠳᠤᠤᠷᠠᠬᠢ ᠰᠠᠭᠤᠭᠠᠯᠢ ᠠᠷᠠᠳ᠎ᠤᠨ ᠵᠥᠪᠯᠡᠯ᠂ ᠦᠮᠴᠢᠲᠡᠨ᠎ᠤ ᠵᠥᠪᠯᠡᠯ᠂ ᠠᠳᠠᠯ ᠠᠬᠤᠢ᠎ᠶ᠋ᠢᠨ ᠦᠶ᠋ᠯᠡᠴᠢᠯᠡᠭᠡᠨ᠎ᠦ ᠠᠵᠤ ᠠᠬᠤᠢᠯᠠᠯ᠎ᠤᠨ ᠬᠠᠮᠵᠢᠯᠴᠠᠨ ᠠᠵᠢᠯᠯᠠᠬᠤ ᠱᠢᠨ᠎ᠡ ᠵᠠᠭ᠍ᠪᠤᠷ ᠢ᠋ ᠰᠦᠪᠡᠭ᠌ᠴᠢᠯᠡᠨ᠎ᠡ᠃ ᠰᠠᠭᠤᠭᠠᠯᠢ ᠠᠷᠠᠳ᠂ ᠠᠵᠤ ᠠᠬᠤᠢᠯᠠᠯ᠂ ᠣᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠬᠣᠲᠠ᠎ᠶ᠋ᠢᠨ ᠵᠠᠰᠠᠯᠲᠠ᠎ᠳᠤ ᠣᠷᠣᠯᠴᠠᠬᠤ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠱᠢᠨ᠎ᠡ᠎ᠪᠡᠷ ᠠᠵᠢᠯ ᠣᠯᠤᠭ᠍ᠰᠠᠨ ᠬᠥᠮᠦᠰ᠎ᠦᠨ ᠣᠷᠣᠯᠴᠠᠬᠤ ᠵᠠᠮ ᠰᠤᠪᠠᠭ᠎ᠢ ᠥᠷᠭᠡᠳᠭᠡᠨ᠎ᠡ᠃

(ᠬᠣᠷᠢᠨ ᠬᠣᠶᠠᠷ) ᠬᠣᠲᠠ᠎ᠶ᠋ᠢᠨ ᠵᠠᠰᠠᠯᠲᠠ᠎ᠶ᠋ᠢᠨ ᠣᠶᠤᠨᠴᠢᠯᠠᠯᠲᠠ ᠨᠠᠷᠢᠯᠢᠬ᠍ᠵᠢᠭᠤᠯᠤᠯᠲᠠ᠎ᠵᠢ ᠠᠬᠢᠭᠤᠯᠤᠨ᠎ᠠ᠃ ᠬᠣᠲᠠ᠎ᠶ᠋ᠢᠨ ᠪᠥᠬᠥ᠌ ᠣᠷᠣᠨ ᠪᠦᠰᠡ᠎ᠶ᠋ᠢᠨ ᠲᠣᠭᠠᠴᠢᠯᠠᠭ᠍ᠰᠠᠨ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠡᠷᠴᠢᠮᠯᠢᠭ ᠨᠢᠭᠡᠳᠦᠯᠲᠡᠶ᠂ ᠲᠣᠭ᠎ᠠ ᠪᠠᠷᠢᠮᠲᠠ ᠠᠭᠤᠰᠤᠯᠴᠠᠭ᠍ᠰᠠᠨ᠂ ᠥᠨᠳᠥᠷ ᠪᠦᠲᠦᠮᠵᠢᠲᠡᠶ ᠬᠠᠮᠵᠢᠯᠴᠠᠭ᠍ᠰᠠᠨ ᠬᠣᠲᠠ᠎ᠶ᠋ᠢᠨ ᠲᠣᠭᠠᠴᠢᠯᠠᠭ᠍ᠰᠠᠨ ᠰᠠᠭᠤᠷᠢ᠎ᠶ᠋ᠢ ᠴᠣᠭ᠍ᠴᠠᠯᠠᠵᠤ᠂ ᠬᠣᠲᠠ᠎ᠶ᠋ᠢᠨ ᠮᠡᠳᠡᠭᠡ ᠵᠠᠩᠭᠢ᠎ᠶ᠋ᠢᠨ ᠵᠠᠭ᠍ᠪᠤᠷ (CIM) ᠎ᠤ᠋ᠨ ᠲᠠᠪᠴᠠᠩ᠎ᠢ ᠲᠡᠭᠦᠯᠳᠡᠷᠵᠢᠭᠦᠯᠦᠨ᠎ᠡ᠃ ᠳ᠋ᠠᠢᠲ᠋ᠠ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠣᠯᠠᠨ ᠲᠠᠯᠠᠪᠤᠷ ᠭᠠᠵᠠᠷ᠎ᠲᠤ ᠬᠡᠷᠡᠭ᠌ᠯᠡᠬᠦ᠌᠎ᠶ᠋ᠢ ᠭᠦᠨᠵᠡᠭᠡᠢᠷᠡᠭᠦᠯᠵᠦ᠍᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ 《ᠨᠢᠭᠡ ᠰᠦᠯᠵᠢᠶ᠎ᠡ᠎ᠪᠡᠷ ᠨᠢᠬᠡᠳᠦᠯᠳᠡᠢ ᠭᠦᠶ᠋ᠴᠡᠳᠭᠡᠬᠦ᠌》᠂ ᠬᠣᠲᠠ᠎ᠶ᠋ᠢᠨ ᠠᠵᠢᠯᠯᠠᠭᠠᠨ᠎ᠢ 《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》᠂ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ 《ᠨᠢᠭᠡ ᠰᠦᠯᠵᠢᠶ᠎ᠡ᠎ᠪᠡᠷ ᠨᠢᠬᠡᠳᠦᠯᠳᠡᠢ ᠭᠥᠷᠳᠡᠬᠦ᠌》᠎ᠶ᠋ᠢ ᠠᠬᠢᠭᠤᠯᠤᠨ᠎ᠠ᠃ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠠᠩᠰᠠ ᠡᠪᠬᠡᠮᠡᠯ᠎ᠦᠨ ᠬᠠᠮᠢᠶᠠᠷᠤᠯᠲᠠ ᠪᠠ ᠲᠣᠭᠠᠴᠢᠯᠠᠭ᠍ᠰᠠᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠲᠣᠣᠷᠵᠢᠭᠤᠯᠤᠭ᠍ᠰᠠᠨ ᠵᠠᠰᠠᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠣᠲᠠ᠎ᠶ᠋ᠢᠨ ᠪᠠᠭ᠎ᠠ ᠵᠢᠵᠢᠭ ᠣᠯᠠᠨ ᠨᠡᠢᠲᠡ᠎ᠶ᠋ᠢᠨ ᠣᠷᠣᠨ ᠵᠠᠢ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠵᠡᠭᠡᠯᠢ ᠭᠤᠳᠤᠮᠵᠢ᠂ ᠭᠡᠷ ᠪᠠᠢᠱᠢᠩ᠎ᠤᠨ ᠠᠷᠤ ᠦᠪᠦᠷ᠎ᠤᠨ ᠣᠷᠴᠢᠨ ᠲᠣᠭᠣᠷᠢᠨ ᠢ᠋ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠦᠨ᠎ᠡ᠃

(ᠬᠣᠷᠢᠨ ᠭᠤᠷᠪᠠ) ᠬᠣᠲᠠ᠎ᠶ᠋ᠢᠨ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ᠎ᠠ᠃ ᠱᠢᠨ᠎ᠡ ᠴᠠᠭ ᠦᠶ᠎ᠡ᠎ᠶ᠋ᠢᠨ 《ᠹᠸᠩ ᠴᠢᠶᠣᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠨᠠᠮ᠎ᠤᠨ ᠵᠣᠬᠢᠶᠠᠨ ᠪᠠᠢᠭᠤᠯᠤᠯᠲᠠ᠎ᠠᠴᠠ ᠨᠢᠭᠡᠳᠦᠯᠲᠡᠶ ᠤᠳᠤᠷᠢᠳᠤᠭ᠍ᠰᠠᠨ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ᠂ ᠡᠯ᠎ᠡ ᠲᠥᠷᠥᠯ᠎ᠦᠨ ᠵᠣᠬᠢᠶᠠᠨ ᠪᠠᠢᠭᠤᠯᠤᠯᠲᠠ ᠢᠳᠡᠪᠬᠢᠲᠡᠶ ᠬᠠᠮᠵᠢᠯᠴᠠᠭ᠍ᠰᠠᠨ᠂ ᠣᠯᠠᠨ ᠲᠦᠮᠡᠨ ᠥᠷᠭᠡᠨ᠎ᠢᠶᠡᠷ ᠣᠷᠣᠯᠴᠠᠭ᠍ᠰᠠᠨ᠂ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠶᠤᠰᠤ ᠰᠤᠷᠳᠠᠬᠤᠨ᠎ᠢᠶᠠᠷ ᠵᠠᠰᠠᠬᠤ᠎ᠶ᠋ᠢ ᠤᠶᠠᠯᠳᠤᠭᠤᠯᠤᠭ᠍ᠰᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠤᠨ᠎ᠠ᠃ ᠬᠣᠲᠠ᠎ᠶ᠋ᠢᠨ ᠠᠷᠠᠳ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ ᠰᠠᠢᠲᠤᠷ ᠬᠡᠷᠡᠭ᠌ᠯᠡᠵᠦ᠍᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠴᠤᠤᠷᠢᠶᠠᠳᠤᠨ ᠭᠦᠶ᠋ᠴᠡᠳᠭᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠬᠣᠲᠠ᠎ᠶ᠋ᠢᠨ ᠬᠠᠮᠢᠶᠠᠷᠤᠯᠲᠠ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ᠎ᠶ᠋ᠢ ᠠᠬᠢᠭᠤᠯᠤᠨ᠎ᠠ᠃ ᠬᠡᠳᠦ ᠶᠡᠬᠡ ᠨᠡᠢᠭᠡᠮ ᠲᠣᠭᠣᠷᠢᠭ ᠵᠡᠷᠭᠡ ᠣᠨᠴᠠᠭᠠᠢ ᠣᠷᠣᠨ ᠪᠦᠰᠡ᠎ᠶ᠋ᠢᠨ ᠵᠠᠰᠠᠯᠲᠠ᠎ᠶ᠋ᠢ ᠴᠢᠩᠭᠠᠳᠭᠠᠨ᠎ᠠ᠃ ᠨᠡᠢᠭᠡᠮ᠎ᠦᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠤᠯᠠᠨ᠎ᠢᠶᠠᠷ᠎ᠢᠶᠠᠨ ᠰᠡᠷᠭᠡᠢᠯᠡᠵᠦ᠍ ᠤᠯᠠᠨ᠎ᠢᠶᠠᠷ᠎ᠢᠶᠠᠨ ᠵᠠᠰᠠᠬᠤ ᠬᠦᠴᠦᠨ᠎ᠢ ᠬᠥᠭ᠌ᠵᠢᠭᠦᠯᠦᠨ ᠪᠤᠵᠠᠭᠠᠢᠷᠠᠭᠤᠯᠤᠨ᠎ᠠ᠃ ᠨᠡᠢᠭᠡᠮ ᠲᠣᠭᠣᠷᠢᠭ᠎ᠤᠨ ᠠᠵᠢᠯᠲᠠᠨ᠎ᠤ ᠡᠩᠨᠡᠭᠡ ᠵᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠲᠣᠰᠭᠣᠨ (ᠰᠠᠭᠤᠭᠠᠯᠢ ᠠᠷᠠᠳ᠎ᠤᠨ ᠲᠣᠭᠣᠷᠢᠭ) ᠎ᠤ᠋ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢᠨ ᠡᠩᠨᠡᠭᠡ᠎ᠶ᠋ᠢᠨ ᠦᠶ᠋ᠯᠡᠳᠦᠯ᠎ᠢ ᠰᠠᠢᠲᠤᠷ ᠪᠠᠳᠠᠷᠠᠭᠤᠯᠤᠨ᠎ᠠ᠃ ᠨᠡᠢᠭᠡᠮ᠎ᠦᠨ ᠠᠮᠤᠷ ᠲᠦᠪᠱᠢᠨ᠎ᠦ ᠲᠣᠭ᠍ᠲᠠᠭᠤᠨ ᠪᠠᠢᠳᠠᠯ᠎ᠤᠨ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠪᠦᠷᠢᠨᠱᠢᠬᠦᠯᠵᠤ᠂ ᠠᠶᠤᠯ ᠲᠦᠭ᠌ᠰᠢᠭᠦᠷᠢ᠎ᠶ᠋ᠢ ᠬᠥᠳᠡᠯᠦᠩᠭᠦᠢ᠎ᠪᠡᠷ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠨᠡᠢᠭᠡᠮ᠎ᠦᠨ ᠰᠡᠳᠭᠢᠴᠡ᠎ᠶ᠋ᠢᠨ ᠦᠢᠯᠡᠴᠢᠯᠡᠭᠡᠨ᠎ᠦ ᠱᠢᠰᠲ᠋ᠧᠮ ᠪᠠ ᠬᠢᠮᠤᠷᠠᠯ᠎ᠳᠤ ᠭᠠᠷ ᠲᠦᠷᠦᠭᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠤᠪᠢ ᠬᠥᠮᠦᠨ᠎ᠦ ᠬᠡᠲᠦᠷᠡᠮᠡᠬᠡᠢ ᠬᠡᠷᠡᠭ ᠬᠢᠬᠦ᠎ᠵᠢ ᠴᠢᠩᠭ᠎ᠠ ᠰᠡᠷᠭᠡᠢᠯᠡᠨ᠎ᠡ᠃

ᠶᠢᠰᠦ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠎ᠶ᠋ᠢ ᠴᠢᠩᠭᠠᠳᠭᠠᠨ᠎ᠠ

ᠬᠤᠳᠠ᠎ᠶ᠋ᠢᠨ ᠠᠵᠢᠯ᠎ᠳᠠᠬᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠲᠥᠪ᠎ᠡᠴᠡ ᠨᠢᠭᠡᠳᠦᠯᠲᠡᠢ ᠲᠥᠯᠥᠪᠵᠢᠭᠦᠯᠬᠦ᠌᠂ ᠮᠤᠵᠢ᠎ᠡᠴᠡ ᠶᠡᠷᠦᠩᠬᠡᠢ ᠬᠠᠷᠢᠭᠤᠴᠠᠯᠭ᠎ᠠ᠎ᠶ᠋ᠢ ᠡᠭᠦᠷᠭᠡᠯᠡᠬᠦ᠌᠂ ᠬᠤᠳᠠ᠎ᠠᠴᠠ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠠᠵᠢᠯ᠎ᠤᠨ ᠪᠠᠢᠷᠢᠱᠢᠯ᠎ᠢ ᠪᠠᠢᠭᠤᠯᠬᠤ ᠬᠡᠷᠡᠭᠳᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠬᠤᠳᠠ᠎ᠶ᠋ᠢᠨ ᠬᠥᠭ᠌ᠵᠢᠯᠲᠡ᠎ᠶ᠋ᠢ ᠦᠨᠡᠯᠡᠬᠦ᠌ ᠱᠢᠨᠵᠢᠯᠡᠬᠦ᠌ ᠤᠬᠠᠭᠠᠨᠴᠢ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠤᠳᠤᠷᠢᠳᠭᠤ ᠺᠠᠳ᠋ᠷᠴᠤᠳ᠎ᠤᠨ ᠬᠤᠳᠠ᠎ᠶ᠋ᠢᠨ ᠠᠵᠢᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠬᠦ ᠬᠡᠷᠡᠭᠳᠡᠢ᠃ ᠬᠣᠲᠠ᠎ᠶ᠋ᠢᠨ ᠲᠥᠯᠥᠪᠵᠢᠭᠦᠯᠭᠡ᠂ ᠪᠦᠲᠦᠭᠡᠨ ᠪᠠᠢᠭᠤᠯᠤᠯᠲᠠ᠂ ᠵᠠᠰᠠᠯᠲᠠ ᠵᠡᠷᠭᠡ ᠬᠦᠷᠢᠶᠡᠨ᠎ᠳ᠋ᠡᠬᠢ ᠬᠠᠤᠯᠢ ᠲᠣᠭ᠍ᠲᠠᠭᠠᠯ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠳᠦᠷᠢᠮ᠎ᠢ ᠪᠦᠷᠢᠨᠱᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠬᠤ ᠴᠢᠨᠠᠷ᠎ᠢ ᠨᠡᠮᠡᠭ᠌ᠳᠡᠭᠦᠯᠦᠨ᠎ᠡ᠃ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠡᠰᠡᠷᠭᠦᠴᠡᠵᠦ᠍᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠵᠥᠷᠢᠴᠡᠭ᠌ᠰᠡᠨ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠬᠦ ᠬᠡᠷᠡᠭᠳᠡᠢ᠃ ᠬᠣᠲᠠ᠎ᠶ᠋ᠢᠨ ᠠᠵᠢᠯ᠎ᠤᠨ ᠺᠠᠳ᠋ᠷ᠎ᠤᠨ ᠡᠩᠨᠡᠭᠡ ᠵᠢᠨ ᠬᠡᠪ ᠪᠤᠯᠪᠠᠰᠤᠷᠠᠯ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠣᠲᠠ᠎ᠶ᠋ᠢᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠵᠠᠰᠠᠯᠲᠠ ᠵᠡᠷᠭᠡ ᠡᠯ᠎ᠡ ᠲᠥᠷᠥᠯ᠎ᠦᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠵᠦ᠍᠂ ᠬᠣᠲᠠ᠎ᠶ᠋ᠢᠨ ᠬᠦᠷᠢᠶᠡᠨ᠎ᠳᠡᠬᠢ ᠳᠡᠭᠡᠳᠦ ᠲᠠᠰ᠎ᠤᠨ ᠣᠶᠤᠨ᠎ᠤ ᠬᠥᠮᠥᠷᠭᠡ᠎ᠶ᠋ᠢ ᠪᠠᠢᠭᠤᠯᠬᠤ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠳᠭᠠᠵᠤ᠂ ᠵᠣᠬᠢᠴᠠᠭᠤᠯᠤᠨ ᠬᠠᠮᠵᠢᠯᠴᠠᠬᠤ᠎ᠶ᠋ᠢ ᠴᠢᠩᠭᠠᠷᠠᠭᠤᠯᠤᠨ᠂ ᠪᠣᠳᠠᠲᠠᠶ᠎ᠲᠠᠶ᠎ᠪᠠᠨ ᠤᠶᠠᠯᠳᠤᠭᠤᠯᠤᠨ ᠲᠣᠰ ᠰᠠᠨᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠂ ᠤᠯᠤᠰ᠎ᠤᠨ ᠬᠥᠭ᠌ᠵᠢᠭᠦᠯᠦᠯᠲᠡ  ᠪᠠ ᠥᠭᠡᠷᠡᠴᠢᠯᠡᠯᠲᠡ᠎ᠶ᠋ᠢᠨ ᠵᠥᠪᠯᠡᠯ ᠨᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠵᠣᠬᠢᠴᠠᠭᠤᠯᠤᠨ ᠵᠢᠯᠣᠭᠣᠳᠭᠤ᠎ᠪᠠᠨ ᠴᠢᠩᠭᠠᠳᠭᠠᠬᠤ ᠬᠡᠷᠡᠭ᠌ᠲᠡᠶ᠃ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢ᠎ᠳᠤᠨᠢ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠡᠴᠡ ᠵᠢᠭᠠᠪᠤᠷᠢ ᠠᠪᠴᠤ᠌ ᠮᠡᠳᠡᠭᠦᠯᠬᠦ᠌ ᠬᠡᠷᠡᠭ᠌ᠲᠡᠢ᠃

(ᠱᠢᠨᠬᠤᠸᠠ ᠬᠣᠷᠢᠶ᠎ᠠ᠎ᠵᠢᠨ ᠪᠡᠭᠡᠵᠢᠩ᠎ᠦᠨ 8 ᠰᠠᠷ᠎ᠠ᠎ᠶ᠋ᠢᠨ 28 ᠤ᠋ ᠴᠠᠬᠢᠯᠭᠠᠨ ᠮᠡᠳᠡᠭᠡ)

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ