ᠦᠪᠤᠷ ᠮᠣᠩᠭᠤᠯ᠎ᠨᠢ ᠤᠰᠤᠨ᠎ᠤ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠬᠦᠯᠦᠨ ᠠᠰᠢᠠᠠᠯᠠᠬᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠪᠠᠷ ᠭᠡᠷᠡᠭᠵᠢᠬᠦᠯᠬᠦ ᠳᠥᠰᠦᠯ᠎ᠢ ᠳᠠᠷᠣᠮᠯᠠᠨ ᠲᠠᠷᠬᠠᠭ᠋ᠠᠵᠤ ᠣᠰᠦ ᠠᠷᠪᠢᠯᠠᠬᠤ ᠠᠵᠢᠯᠯᠠᠭ᠎ᠠ ᠵᠢ ᠦᠷᠨᠢᠬᠦᠯᠪᠡ
2025-05-18

     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ 2 ᠳ᠋ᠤᠭ᠋ᠠᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠥᠪᠥᠷ ᠮᠣᠩᠭᠤᠯ᠎ᠤᠨ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠣᠳᠣᠬᠢ ᠪᠠᠶ᠋ᠢᠳᠠᠯ᠎ᠳᠤ ᠰᠠᠭᠤᠷᠢᠯᠠᠨ᠂ 30 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠤᠰᠤᠨ᠎ᠤ ᠡᠬᠢ ᠪᠠᠶᠠᠯᠢᠭ᠎ᠤᠨ ᠦᠨᠳᠦᠰᠦᠨ ᠬᠢᠵᠠᠭ᠋ᠠᠷᠯᠠᠯ᠎ᠢ ᠴᠢᠩᠭ᠋ᠠᠳᠬᠠᠬᠤ᠂  ᠲᠠᠷᠢᠶᠠᠯᠠᠩ᠎ᠤᠨ ᠤᠰᠤ ᠠᠷᠪᠢᠯᠠᠬᠤ ᠵᠢ ᠳᠣᠪᠤᠶ᠋ᠢᠯᠭ᠋ᠠᠨ ᠰᠠᠶ᠋ᠢᠲᠤᠷ ᠠᠳᠬᠤᠬᠤ᠂  ᠠᠵᠦ ᠦᠢ᠍ᠯᠡᠳᠪᠦᠷᠢ ᠵᠢᠨ ᠣᠰᠤ ᠠᠷᠪᠢᠯᠠᠬᠤ ᠵᠢ ᠲᠦᠷᠭᠡᠳᠬᠡᠨ ᠠᠬᠢᠭᠣᠯᠬᠣ᠂  ᠬᠤᠲᠠ ᠬᠥᠳᠡᠭᠡ ᠵᠢᠨ ᠤᠰᠤ ᠵᠢ ᠠᠷᠪᠢᠯᠠᠵᠤ ᠬᠡᠷᠡᠭᠯᠡᠬᠦ ᠵᠢ ᠲᠦᠷᠭᠡᠳᠬᠡᠨ ᠠᠬᠢᠭᠤᠯᠬᠤ᠂ ᠠᠮᠢ ᠠᠬᠤᠶ ᠵᠢᠨ ᠤᠰᠤ ᠠᠷᠪᠢᠯᠠᠬᠤ ᠵᠢ ᠢᠳᠡᠪᠬᠢᠲᠡᠶ ᠠᠬᠢᠭᠤᠯᠬᠤ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠵᠠᠰᠠᠯᠲᠠ ᠵᠢ ᠴᠢᠩᠭ᠋ᠠᠳᠬᠠᠬᠤ᠂ ᠬᠡᠪ᠎ᠤᠨ ᠪᠤᠰᠤ ᠤᠰᠤ ᠵᠢ ᠬᠦᠴᠦᠯᠡᠨ ᠰᠠᠶ᠋ᠢᠲᠤᠷ ᠬᠡᠷᠡᠭᠯᠡᠬᠦ᠂ ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ 9 ᠲᠠᠯ᠎ᠠ᠎ᠠᠴᠠ ᠤᠰᠤ ᠠᠷᠪᠢᠯᠠᠬᠤ ᠠᠵᠢᠯᠯᠠᠭ᠎ᠠ ᠥᠷᠨᠢᠭᠦᠯᠵᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠵᠢ  ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃

    《ᠬᠡᠷᠡᠭᠵᠢᠭᠦᠯᠬᠦ ᠲᠥᠰᠦᠯ》᠎ᠳᠤ᠂ 2025 ᠣᠨ᠎ᠳᠤ᠂ ᠪᠥᠬᠦ ᠣᠷᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 196.3 ᠳ᠋ᠦᠩᠰᠢᠭᠤᠷ ᠪᠣᠰᠤᠭ᠎ᠠ ᠳᠥᠷᠪᠡᠯᠵᠢᠨ   ᠮᠸᠲᠷ᠎ᠤᠨ ᠳᠣᠲᠣᠷ᠎ᠠ  ᠬᠢᠵᠠᠭ᠋ᠠᠷᠯᠠᠵᠤ᠂  ᠤᠯᠤᠰ᠎ᠤᠨ  ᠳᠣᠲᠣᠭ᠋ᠠᠳᠤ ᠵᠢᠨ  ᠲᠦᠮᠡᠨ  ᠲᠥᠭᠦᠷᠢᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 12%᠎ᠠᠴᠠ ᠳᠡᠭᠡᠭᠰᠢ ᠪᠠᠭᠤᠷᠠᠭᠤᠯᠤᠨ᠎ᠠ ᠭᠡᠵᠦ ᠲᠣᠳᠣᠷᠬᠠᠶ ᠲᠣᠭᠲᠠᠭ᠋ᠠᠵᠠᠶ᠃ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2. 7 ᠳ᠋ᠦᠩᠰᠢᠭᠤᠷ ᠪᠣᠰᠤᠭ᠎ᠠ ᠳᠥᠷᠪᠡᠯᠵᠢᠨ   ᠮᠸᠲᠷ᠎ᠠᠴᠠ ᠳᠡᠭᠡᠭᠰᠢ  ᠰᠢᠨ᠎ᠡ᠎ᠪᠠᠷ  ᠨᠡᠮᠡᠭᠳᠡᠭᠦᠯᠵᠦ᠂ ᠲᠠᠷᠢᠶᠠᠨ ᠭᠠᠵᠠᠷ᠎ᠤᠨ ᠤᠰᠤᠯᠠᠯᠲᠠ ᠵᠢᠨ  ᠤᠰᠤ ᠵᠢ  ᠪᠦᠲᠦᠮᠵᠢᠲᠡᠶ  ᠠᠰᠢᠭᠯᠠᠬᠤ ᠢᠯᠡᠳᠬᠡᠪᠦᠷᠢ ᠵᠢ 0. 59 %᠎ᠠᠴᠠ ᠳᠡᠭᠡᠭᠰᠢ᠎ᠳᠤ ᠬᠦᠷᠦᠭᠦᠯᠦᠨ᠎ᠡ ᠂  ᠠᠵᠤ ᠦᠢ᠍ᠯᠡᠳᠪᠦᠷᠢ ᠵᠢᠨ ᠲᠦᠮᠡᠨ ᠲᠥᠭᠦᠷᠢᠭ᠎ᠤᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 13 %᠎ᠠᠴᠠ ᠳᠡᠭᠡᠭᠰᠢ ᠪᠠᠭᠤᠷᠠᠭᠤᠯᠤᠨ᠎ᠠ ᠂  ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ  ᠭᠣᠭᠣᠵᠢᠵᠦ ᠬᠣᠬᠢᠷᠠᠭᠰᠠᠨ  ᠨᠣᠷᠮ᠎ᠠ ᠵᠢ 9 % ᠵᠢᠨ ᠳᠣᠲᠣᠷ᠎ᠠ ᠬᠢᠵᠠᠭ᠋ᠠᠷᠯᠠᠬᠤ᠎ᠪᠠᠷ ᠴᠢᠷᠮᠠᠢ᠌ᠵᠤ ᠂ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 48 %᠎ᠠᠴᠠ ᠳᠡᠭᠡᠭᠰᠢ᠎ᠳᠤ ᠬᠦᠷᠦᠭᠦᠯᠦᠨ᠎ᠡ ᠂  ᠡᠩ᠎ᠤᠨ ᠪᠤᠰᠤ ᠤᠰᠤᠨ ᠰᠤᠷᠪᠤᠯᠵᠢ ᠵᠢᠨ ᠠᠰᠢᠭᠯᠠᠯᠲᠠ ᠵᠢᠨ  ᠬᠡᠮᠵᠢᠶ᠎ᠡ ᠵᠢ 7. 68 ᠳ᠋ᠦᠩᠰᠢᠭᠤᠷ ᠪᠣᠰᠤᠭ᠎ᠠ ᠳᠥᠷᠪᠡᠯᠵᠢᠨ  ᠮᠸᠲᠷ᠎ᠠᠴᠠ ᠳᠡᠭᠡᠭᠰᠢ᠎ᠳᠤ ᠬᠦᠷᠦᠭᠦᠯᠦᠨ᠎ᠡ᠃

    《ᠬᠡᠷᠡᠭᠵᠢᠭᠦᠯᠬᠦ ᠲᠥᠰᠦᠯ》᠎ᠳᠤ ᠱᠠᠭ᠋ᠠᠷᠳᠠᠭᠰᠠᠨ᠎ᠨᠢ᠂ ᠤᠰᠤᠨ᠎ᠤ ᠡᠬᠢ ᠪᠠᠶᠠᠯᠢᠭ᠎ᠤᠨ ᠦᠨᠳᠦᠰᠦᠨ  ᠬᠢᠵᠠᠭ᠋ᠠᠷᠯᠠᠯ᠎ᠢ ᠴᠢᠩᠭ᠋ᠠᠳᠬᠠᠵᠤ᠂ ᠤᠰᠤ ᠠᠷᠪᠢᠯᠠᠬᠤ  ᠬᠢᠵᠠᠭ᠋ᠠᠷᠯᠠᠯ᠎ᠤᠨ  ᠴᠢᠨᠠᠷᠲᠠᠶ ᠵᠢᠭ᠋ᠠᠯᠲᠠ  ᠲᠤᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠤᠰᠤ ᠬᠡᠷᠡᠭᠯᠡᠬᠦ ᠵᠢ ᠬᠡᠮᠵᠢᠬᠦ ᠲᠣᠭᠲᠠᠯᠴᠠᠭ᠎ᠠ ᠵᠢ  ᠲᠡᠭᠦᠯᠳᠡᠷᠵᠢᠭᠦᠯᠬᠦ᠂ ᠬᠢᠨᠠᠨ  ᠪᠠᠢ᠌ᠴᠠᠭ᠋ᠠᠵᠤ ᠬᠢᠨᠠᠨ  ᠵᠥᠪᠰᠢᠶᠡᠷᠡᠬᠦ ᠵᠢ ᠴᠢᠩᠭ᠎ᠠ ᠨᠠᠶ᠋ᠢᠳᠠᠪᠤᠷᠢᠵᠢᠭᠤᠯᠬᠤ ᠵᠡᠷᠭᠡ 3  ᠲᠠᠯ᠎ᠠ᠎ᠪᠠᠷ ᠱᠠᠭ᠋ᠠᠷᠳᠠᠯᠭ᠎ᠠ ᠭᠠᠷᠭ᠋ᠠᠵᠤ᠂  ᠠᠵᠢᠯ ᠲᠦᠷᠦᠯ ᠬᠤᠪᠢᠶᠠᠨ ᠣᠰᠣ ᠠᠷᠪᠢᠯᠠᠬᠤ ᠵᠢᠭ᠋ᠠᠯᠲᠠ ᠲᠤᠭ᠎ᠠ ᠵᠢ ᠲᠣᠭᠲᠠᠭ᠋ᠠᠬᠣ ᠵᠢ ᠱᠠᠭ᠋ᠠᠷᠳᠠᠵᠤ᠂ ᠠᠢ᠌ᠮᠠᠭ ᠬᠤᠲᠠ ᠬᠤᠪᠢᠶᠠᠨ ᠣᠰᠤ ᠠᠷᠪᠢᠯᠠᠬᠤ ᠬᠠᠷᠠᠯᠲᠠ ᠵᠢ ᠲᠣᠭᠲᠠᠭ᠋ᠠᠨ᠎ᠠ᠂ 《ᠣᠭᠰᠠᠷᠠᠪᠠᠰᠣ ᠵᠤᠬᠢᠬᠤ ᠵᠢ᠎ᠨᠢ ᠪᠦᠬᠦᠨ᠎ᠢ ᠣᠭᠰᠠᠷᠠᠵᠤ᠂ ᠬᠡᠮᠵᠢᠪᠡᠰᠦ ᠵᠣᠬᠢᠬᠤ ᠵᠢ᠎ᠨᠢ ᠪᠦᠬᠦᠨ᠎ᠢ ᠬᠡᠮᠵᠢᠬᠦ》 ᠱᠠᠭ᠋ᠠᠷᠳᠠᠯᠭ᠎ᠠ ᠶᠣᠰᠣᠭ᠋ᠠᠷ᠂  ᠭᠠᠵᠠᠷ ᠳᠡᠭᠡᠷᠡᠬᠢ ᠤᠰᠤᠨ᠎ᠤ ᠤᠰᠤᠯᠠᠯᠲᠠ ᠵᠢᠨ ᠣᠷᠣᠨ᠎ᠤ 1 ᠲᠦᠮᠡᠨ ᠮᠦ᠍᠎ᠠᠴᠠ ᠳᠡᠭᠡᠭᠰᠢᠬᠢ ᠰᠤᠪᠠᠭ᠎ᠤᠨ ᠡᠬᠢᠨ᠎ᠤ ᠤᠰᠤ ᠲᠠᠲᠠᠬᠤ ᠬᠡᠮᠵᠢᠯᠲᠡ ᠵᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠂ 5 ᠲᠦᠮᠡᠨ ᠮᠦ᠍᠎ᠠᠴᠠ ᠳᠡᠭᠡᠭᠰᠢᠬᠢ ᠰᠤᠪᠠᠭ᠎ᠤᠨ ᠡᠬᠢᠨ᠎ᠤ ᠤᠰᠤ ᠲᠠᠲᠠᠬᠤ ᠬᠡᠮᠵᠢᠯᠲᠡ ᠵᠢ ᠰᠦᠯᠵᠢᠶᠡᠨ ᠳᠡᠭᠡᠷ᠎ᠡ ᠬᠡᠮᠵᠢᠬᠦ ᠵᠢ  ᠪᠡᠶᠡᠯᠡᠭᠦᠯᠦᠨ᠎ᠡ ᠂ ᠬᠤᠳᠳᠣᠭ᠎ᠤᠨ ᠤᠰᠤᠯᠠᠯᠲᠠ ᠵᠢᠨ ᠤᠷᠤᠨ᠎ᠳᠤ 《ᠴᠠᠬᠢᠯᠭ᠋ᠠᠨ ᠵᠶ᠋ᠠᠷ ᠣᠰᠤ ᠵᠢ᠎ᠨᠢ ᠨᠤᠭᠤᠯᠠᠬᠤ》 ᠬᠡᠮᠵᠢᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠂  ᠲᠠᠷᠢᠶᠠᠯᠠᠩ᠎ᠤᠨ ᠪᠤᠰᠤ ᠬᠡᠷᠡᠭᠯᠡᠭᠴᠢ ᠵᠢᠨ ᠵᠢᠯ᠎ᠤᠨ ᠵᠥᠪᠰᠢᠶᠡᠷᠡᠯ᠎ᠤᠨ ᠤᠰᠤᠨ᠎ᠤ ᠬᠡᠮᠵᠢᠶ᠎ᠡ ᠵᠢ 50 ᠲᠦᠮᠡᠨ ᠪᠣᠰᠤᠭ᠎ᠠ ᠳᠥᠷᠪᠡᠯᠵᠢᠨ  ᠮᠸᠲᠷ᠎ᠠᠴᠠ ᠳᠡᠭᠡᠭᠰᠢᠬᠢ ᠭᠠᠵᠠᠷ  ᠳᠣᠣᠷ᠎ᠠ᠎ᠠᠴᠠ  ᠤᠰᠤ ᠲᠠᠲᠠᠬᠤ ᠂ 5᠎ᠲᠤ ᠲᠦᠮᠡᠨ  ᠪᠣᠰᠤᠭ᠎ᠠ ᠳᠥᠷᠪᠡᠯᠵᠢᠨ  ᠮᠸᠲᠷ᠎ᠠᠴᠠ ᠳᠡᠭᠡᠭᠰᠢᠬᠢ ᠭᠠᠵᠠᠷ ᠳᠣᠣᠷ᠎ᠠ᠎ᠠᠴᠠ ᠣᠰᠤ ᠲᠠᠲᠠᠬᠤ ᠵᠢ  ᠪᠦᠬᠦᠨ᠎ᠢ ᠰᠦᠯᠵᠢᠶᠡᠨ ᠳᠡᠭᠡᠷ᠎ᠡ ᠬᠡᠮᠵᠢᠬᠦ ᠵᠢ ᠪᠡᠶᠡᠯᠡᠭᠦᠯᠦᠨ᠎ᠡ ᠂ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠨᠢᠭᠡᠨᠲᠡ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠠᠮᠢᠶᠠᠷᠤᠨ ᠡᠵᠡᠮᠳᠡᠬᠦ  ᠵᠢᠭ᠋ᠠᠯᠲᠠ ᠲᠣᠭ᠋ᠠᠨ᠎ᠳᠤ  ᠬᠦᠷᠦᠭᠰᠡᠨ  ᠪᠤᠶᠤ  ᠳᠠᠪᠠᠭᠰᠠᠨ ᠂  ᠭᠠᠵᠠᠷ ᠳᠣᠣᠷᠠᠬᠢ ᠣᠰᠤᠨ᠎ᠤ ᠬᠠᠮᠢᠶᠠᠷᠤᠯᠲᠠ ᠵᠢᠨ ᠨᠢᠭᠡᠴᠢ ᠵᠢᠨ ᠭᠦᠢ᠍ᠴᠡᠳᠬᠡᠯ ᠲᠤᠭ᠎ᠠ᠎ᠨᠢ ᠬᠢᠷᠢ ᠲᠡᠩᠴᠡᠭᠰᠡᠨ ᠦᠭᠡᠢ ᠭᠠᠵᠠᠷ ᠣᠷᠣᠨ᠎ᠳᠤ᠂ ᠬᠣᠲᠠ ᠬᠦᠳᠡᠭᠡ ᠵᠢᠨ ᠰᠠᠭᠣᠭ᠋ᠠᠯᠢ ᠠᠷᠠᠳ᠎ᠤᠨ ᠠᠮᠢᠳᠣᠷᠠᠯ᠎ᠳᠤ ᠬᠡᠷᠡᠭᠯᠡᠬᠦ ᠤᠰᠤ ᠪᠤᠶᠤ ᠢᠯᠴᠢ ᠬᠠᠩᠭ᠋ᠠᠬᠤ ᠬᠣᠭᠣᠯᠠᠢ ᠵᠢᠨ ᠲᠣᠤᠷ ᠵᠶ᠋ᠠᠷ  ᠤᠰᠤ ᠨᠥᠬᠦᠪᠥᠷᠢᠯᠡᠬᠦ ᠵᠡᠷᠭᠡ ᠣᠨᠴᠠᠭ᠋ᠠᠶ ᠪᠠᠶ᠋ᠢᠳᠠᠯ᠎ᠠᠴᠠ ᠭᠠᠳᠠᠨ᠎ᠠ᠂ ᠲᠣᠰ ᠭᠠᠵᠠᠷ ᠣᠷᠣᠨ᠎ᠤ  ᠰᠢᠨ᠎ᠡ᠎ᠪᠠᠷ ᠨᠡᠮᠡᠭᠳᠡᠭᠰᠡᠨ  ᠤᠰᠤ ᠠᠪᠴᠤ ᠬᠡᠷᠡᠭᠯᠡᠬᠦ ᠬᠢᠨᠠᠨ ᠵᠥᠪᠰᠢᠶᠡᠷᠡᠬᠦ ᠵᠢ ᠲᠦᠷ ᠵᠣᠭᠰᠣᠭ᠋ᠠᠨ᠎ᠠ᠃

    《ᠬᠡᠷᠡᠭᠵᠢᠭᠦᠯᠬᠦ ᠲᠥᠰᠦᠯ》᠎ᠤᠨ ᠱᠠᠭ᠋ᠠᠷᠳᠠᠭᠰᠠᠨ᠎ᠨᠢ ᠂ ᠲᠠᠷᠢᠶᠠᠯᠠᠩ᠎ᠤᠨ ᠤᠰᠤ ᠠᠷᠪᠢᠯᠠᠬᠤ  ᠠᠵᠢᠯ᠎ᠢ ᠳᠣᠪᠣᠢ᠌ᠮ᠎ᠠ  ᠰᠠᠶ᠋ᠢᠲᠤᠷ ᠠᠳᠬᠤᠵᠤ᠂ ᠲᠠᠷᠢᠶᠠᠯᠠᠩ᠎ᠤᠨ ᠤᠰᠤ ᠠᠷᠪᠢᠯᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ  ᠴᠢᠩᠭ᠋ᠠᠳᠬᠠᠨ ᠂ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2.5 ᠳ᠋ᠦᠩᠰᠢᠭᠤᠷ ᠪᠣᠰᠤᠭ᠎ᠠ ᠳᠥᠷᠪᠡᠯᠵᠢᠨ  ᠮᠸᠲᠷ ᠰᠢᠨ᠎ᠡ᠎ᠪᠠᠷ  ᠨᠡᠮᠡᠭᠳᠡᠭᠦᠯᠬᠦ ᠬᠡᠷᠡᠭᠲᠡᠢ᠂  ᠲᠠᠷᠢᠶᠠᠯᠠᠩ᠎ᠤᠨ ᠮᠡᠷᠭᠡᠵᠢᠯ᠎ᠤᠨ ᠤᠰᠤ ᠠᠷᠪᠢᠯᠠᠬᠤ ᠮᠡᠷᠭᠡᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤ ᠠᠷᠪᠢᠯᠠᠬᠤ ᠴᠢᠳᠠᠪᠤᠷᠢ ᠵᠢ 0.2 ᠳ᠋ᠦᠩᠰᠢᠭᠤᠷ ᠪᠣᠰᠤᠭ᠎ᠠ ᠳᠥᠷᠪᠡᠯᠵᠢᠨ  ᠮᠸᠲᠷ ᠰᠢᠨ᠎ᠡ᠎ᠪᠠᠷ ᠨᠡᠮᠡᠭᠳᠡᠭᠦᠯᠬᠦ ᠬᠡᠷᠡᠭᠲᠡᠢ᠂ 〈ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ 〉  ᠠᠰᠠᠭᠤᠳᠠᠯ᠎ᠢ ᠭᠦᠨᠵᠡᠭᠡᠶ ᠰᠢᠢ᠍ᠳᠪᠦᠷᠢᠯᠡᠵᠦ᠂ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠨᠠᠮᠤᠷ᠎ᠤᠨ ᠤᠰᠤᠯᠠᠯᠲᠠ ᠵᠢᠨ ᠤᠰᠤ ᠵᠠᠷᠤᠴᠠᠭᠤᠯᠬᠤ ᠬᠡᠮᠵᠢᠶ᠎ᠡ ᠵᠢ 10 ᠳ᠋ᠦᠩᠰᠢᠭᠤᠷ ᠪᠣᠰᠤᠭ᠎ᠠ ᠳᠥᠷᠪᠡᠯᠵᠢᠨ  ᠮᠸᠲᠷ  ᠣᠷᠴᠢᠮ ᠬᠢᠵᠠᠭ᠋ᠠᠷᠯᠠᠵᠤ᠂ ᠪᠤᠰᠤᠳ ᠬᠠᠲᠤᠨ ᠭᠤᠤᠯ᠎ᠤᠨ  ᠤᠰᠤ  ᠲᠠᠲᠠᠬᠤ  ᠤᠰᠤᠯᠠᠯᠲᠠ ᠵᠢᠨ ᠣᠷᠣᠨ᠎ᠤ  ᠦᠷᠡᠵᠢᠯ᠎ᠤᠨ  ᠪᠤᠰᠤ ᠬᠤᠭᠤᠴᠠᠭ᠋ᠠᠨ᠎ᠤ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ 20%᠎ᠠᠴᠠ ᠳᠡᠭᠡᠭᠰᠢ ᠪᠠᠭ᠋ᠠᠰᠬᠠᠨ᠎ᠠ ᠂  ᠲᠠᠷᠢᠶᠠᠯᠠᠩ᠎ᠤᠨ  ᠤᠰᠤᠨ᠎ᠤ  ᠦᠨ᠎ᠡ ᠵᠢᠨ  ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠂  ᠲᠠᠷᠢᠶᠠᠯᠠᠩ᠎ᠤᠨ  ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠠᠯᠠᠪᠠᠶ ᠵᠢ 1000  ᠲᠦᠮᠡᠨ  ᠮᠦ᠍᠎ᠠᠴᠠ  ᠳᠡᠭᠡᠭᠰᠢ ᠨᠡᠮᠡᠭᠳᠡᠭᠦᠯᠦᠨ᠎ᠡ》  ᠭᠡᠵᠦ  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠯᠢ ᠪᠢᠨ  ᠲᠠᠨᠢᠯᠴᠠᠭᠣᠯᠪᠠ ᠃

     ᠲᠠᠨᠢᠯᠴᠠᠭᠤᠯᠤᠭᠰᠠᠨ ᠵᠶ᠋ᠠᠷ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠵᠢ ᠠᠬᠢᠭᠤᠯᠬᠤ ᠲᠠᠯ᠎ᠠ᠎ᠪᠠᠷ᠂  ᠡᠨᠧᠷᠭᠢ ᠵᠢᠨ  ᠬᠦᠷᠢᠶᠡᠨ ᠎ᠳᠠᠬᠢ  ᠤᠰᠤ ᠠᠷᠪᠢᠯᠠᠬᠤ ᠥᠭᠡᠷᠡᠴᠢᠯᠡᠯᠲᠡ ᠵᠢ ᠠᠬᠢᠭᠤᠯᠵᠤ᠂ ᠤᠰᠤ ᠠᠷᠪᠢᠯᠠᠬᠤ ᠴᠢᠳᠠᠪᠤᠷᠢ ᠵᠢ 200 ᠲᠦᠮᠡᠨ ᠪᠣᠰᠤᠭ᠎ᠠ ᠳᠥᠷᠪᠡᠯᠵᠢᠨ  ᠮᠸᠲᠷ᠎ᠠᠴᠠ ᠳᠡᠭᠡᠭᠰᠢ ᠰᠢᠨ᠎ᠡ᠎ᠪᠠᠷ  ᠨᠡᠮᠡᠭᠳᠡᠭᠦᠯᠬᠦ ᠬᠡᠷᠡᠭᠲᠡᠢ᠂  ᠪᠤᠰᠤᠳ ᠭᠤᠣᠯᠳᠠᠯᠭ᠎ᠠ᠎ᠲᠠᠢ ᠠᠵᠢᠯ ᠲᠥᠷᠥᠯ᠎ᠤᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ  ᠲᠦᠯᠬᠢᠨ  ᠠᠬᠢᠭᠤᠯᠵᠤ᠂ 213 ᠲᠦᠮᠡᠨ ᠪᠣᠰᠤᠭ᠎ᠠ ᠳᠥᠷᠪᠡᠯᠵᠢᠨ  ᠮᠸᠲᠷ  ᠤᠰᠤ  ᠠᠷᠪᠢᠯᠠᠬᠤ ᠵᠢ ᠰᠢᠨ᠎ᠡ᠎ᠪᠠᠷ ᠨᠡᠮᠡᠭᠳᠡᠭᠦᠯᠵᠦ ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠳᠠᠪᠬᠤᠷᠳᠠᠭᠤᠯᠤᠨ ᠠᠰᠢᠭᠯᠠᠬᠤ ᠨᠣᠷᠮ᠎ᠠ ᠵᠢ 95%᠎ᠠᠴᠠ ᠳᠡᠭᠡᠭᠰᠢ᠎ᠳᠤ  ᠬᠦᠷᠦᠭᠦᠯᠦᠨ᠎ᠡ ᠃

     ᠯᠢ ᠪᠢᠨ  ᠬᠡᠯᠡᠬᠦ᠎ᠳᠤ᠎ᠪᠠᠨ ᠄ 《ᠬᠤᠲᠠ ᠬᠥᠳᠡᠭᠡ ᠵᠢᠨ ᠤᠰᠤ ᠵᠢ ᠠᠷᠪᠢᠯᠠᠨ ᠬᠡᠷᠡᠭᠯᠡᠬᠦ ᠵᠢ ᠠᠬᠢᠭᠤᠯᠬᠤ ᠲᠠᠯ᠎ᠠ᠎ᠪᠠᠷ᠂ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠭᠤᠭᠤᠵᠢᠬᠤ  ᠬᠤᠬᠢᠷᠠᠭᠰᠠᠨ᠎ᠢ  ᠵᠠᠰᠠᠬᠤ ᠢᠨᠵᠧᠨᠧᠷᠢᠩ᠎ᠢ  ᠬᠡᠷᠡᠭᠵᠢᠭᠦᠯᠬᠦ ᠵᠢ ᠱᠠᠭ᠋ᠠᠷᠳᠠᠵᠤ ᠂  ᠭᠣᠭᠣᠵᠢᠵᠤ ᠬᠤᠬᠢᠷᠠᠭᠰᠠᠨ ᠭᠠᠵᠠᠷ ᠣᠷᠣᠨ᠎ᠳᠤ ᠠᠩᠬᠠᠷᠣᠯ ᠵᠶ᠋ᠠᠨ ᠲᠦᠪᠯᠡᠷᠡᠭᠦᠯᠵᠦ᠂ ᠬᠠᠭᠣᠴᠢᠷᠠᠵᠦ ᠡᠪᠳᠡᠷᠡᠨ ᠬᠤᠬᠢᠷᠠᠭᠰᠠᠨ ᠣᠰᠤ ᠬᠠᠩᠭ᠋ᠠᠬᠤ  ᠬᠤᠭᠤᠯᠠᠶ ᠵᠢᠨ ᠲᠣᠤᠷ᠎ᠢ 400  ᠺᠢᠯᠤᠮᠸᠲᠷ᠎ᠠᠴᠠ ᠳᠡᠭᠡᠭᠰᠢ ᠦᠭᠡᠷᠡᠴᠢᠯᠡᠨ ᠵᠠᠰᠠᠬᠤ  ᠬᠡᠷᠡᠭᠲᠡᠶ᠂ ᠪᠠᠰᠠ ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠦᠢ᠍ᠯᠡᠴᠢᠯᠡᠭᠡᠨ᠎ᠤ ᠦᠢ᠍ᠯᠡᠰ  ᠪᠠ ᠣᠨᠴᠠ ᠲᠥᠷᠥᠯ᠎ᠤᠨ ᠠᠵᠢᠯ ᠲᠥᠷᠥᠯ᠎ᠤᠨ ᠤᠰᠤ ᠬᠡᠷᠡᠭᠯᠡᠬᠦ ᠵᠢ ᠴᠢᠩᠭ᠎ᠠ ᠬᠢᠵᠠᠭ᠋ᠠᠷᠯᠠᠬᠤ ᠵᠢᠨ ᠬᠠᠮᠲᠤ ᠮᠠᠯᠵᠢᠬᠤ ᠲᠠᠷᠢᠶᠠᠯᠠᠬᠤ ᠣᠷᠣᠨ᠎ᠤ ᠤᠰᠤ ᠬᠡᠷᠡᠭᠯᠡᠬᠦ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ  ᠲᠦᠪᠯᠡᠷᠡᠭᠦᠯᠦᠨ  ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠳᠥᠯᠭᠢᠨ ᠠᠬᠢᠭᠤᠯᠵᠤ᠂ ᠲᠦᠭᠡᠭᠡᠯ ᠤᠰᠤ ᠵᠢ ᠲᠦᠭᠡᠮᠡᠯᠵᠢᠭᠦᠯᠬᠦ ᠨᠣᠷᠮ᠎ᠠ ᠵᠢ 85%᠎ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠶ》 ᠭᠡᠵᠦ ᠬᠡᠯᠡᠪᠡ᠃

    《ᠬᠡᠷᠡᠭᠵᠢᠭᠦᠯᠬᠦ ᠲᠥᠰᠦᠯ》᠎ᠳᠤ ᠪᠠᠰᠠ ᠠᠮᠢ ᠠᠬᠤᠶ ᠵᠢᠨ ᠤᠰᠤ ᠠᠷᠪᠢᠯᠠᠬᠤ ᠵᠢ ᠢᠳᠡᠪᠬᠢᠲᠡᠶ  ᠲᠦᠯᠬᠢᠨ  ᠠᠬᠢᠭᠤᠯᠵᠤ᠂ ᠤᠰᠤ᠎ᠪᠠᠷ ᠨᠣᠭᠤᠭ᠋ᠠᠷᠠᠭᠤᠯᠤᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠤᠯᠤᠰ᠎ᠤᠨ ᠭᠠᠵᠠᠷ ᠰᠢᠷᠣᠶ ᠵᠢᠨ ᠨᠣᠭᠤᠭ᠋ᠠᠷᠠᠭᠤᠯᠤᠯᠲᠠ ᠵᠢᠨ ᠤᠰᠤ ᠠᠷᠪᠢᠯᠠᠬᠤ ᠵᠢ  ᠲᠦᠯᠬᠢᠨ  ᠠᠬᠢᠭᠤᠯᠵᠤ᠂ ᠬᠤᠲᠠ ᠵᠢᠨ ᠨᠣᠭᠤᠭ᠋ᠠᠷᠠᠭᠤᠯᠤᠯᠲᠠ ᠵᠢᠨ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ ᠭᠡᠵᠦ  ᠱᠠᠭ᠋ᠠᠷᠳᠠᠭᠰᠠᠨ ᠪᠠᠢ᠌ᠨ᠎ᠠ ᠃ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠵᠠᠰᠠᠯᠲᠠ ᠵᠢ ᠴᠢᠩᠭ᠋ᠠᠳᠬᠠᠵᠤ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠪᠠᠬᠢᠵᠢᠭᠦᠯᠦᠨ ᠵᠠᠰᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠭᠤᠣᠯᠳᠠᠯᠭ᠎ᠠ᠎ᠲᠠᠢ ᠣᠷᠣᠨ ᠪᠦᠰᠡ ᠵᠢᠨ ᠳᠠᠭ᠋ᠠᠭ᠋ᠠᠴᠠ᠎ᠠᠴᠠ ᠬᠡᠲᠦᠷᠡᠲᠡᠯ᠎ᠡ  ᠲᠠᠲᠠᠭᠰᠠᠨ᠎ᠢ ᠵᠠᠰᠠᠬᠤ ᠵᠢ ᠲᠦᠷᠭᠡᠳᠬᠡᠨ ᠠᠬᠢᠭᠤᠯᠵᠤ᠂ 2025᠎ᠤᠨ ᠪᠣᠯᠬᠤ᠎ᠳᠤ ᠬᠡᠲᠦᠷᠡᠲᠡᠯ᠎ᠡ  ᠲᠠᠲᠠᠭᠰᠠᠨ  ᠬᠡᠮᠵᠢᠶ᠎ᠡ ᠵᠢ ᠨᠡᠶ᠋ᠢᠲᠡ 3.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠠᠴᠠ ᠳᠡᠭᠡᠭᠰᠢ  ᠪᠠᠭ᠋ᠠᠰᠬᠠᠨ᠎ᠠ ᠃ ᠬᠡᠪ᠎ᠤᠨ ᠪᠤᠰᠤ ᠤᠰᠤ ᠵᠢ ᠬᠦᠴᠦᠯᠡᠨ ᠰᠠᠶ᠋ᠢᠲᠤᠷ ᠬᠡᠷᠡᠭᠯᠡᠬᠦ ᠲᠠᠯ᠎ᠠ᠎ᠪᠠᠷ᠂ ᠳᠠᠬᠢᠯᠲᠠ ᠤᠰᠤ ᠵᠢ ᠶᠡᠷᠦᠩᠬᠡᠶ᠋ᠢᠯᠡᠨ ᠠᠰᠢᠭᠯᠠᠬᠤ ᠵᠢ ᠳᠥᠯᠭᠢᠨ ᠠᠬᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠬᠤ ᠬᠡᠷᠡᠭᠲᠡᠶ ᠂  ᠠᠭᠤᠷᠬᠠᠶ ᠵᠢᠨ ᠬᠤᠳᠳᠤᠭ᠎ᠤᠨ ᠤᠰᠤ ᠵᠢ ᠶᠡᠷᠦᠩᠬᠡᠶ᠋ᠢᠯᠡᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ ᠂ ᠤᠰᠤ  ᠬᠠᠳᠠᠭ᠋ᠠᠯᠠᠵᠤ  ᠨᠡᠭᠦᠷᠡᠰᠦ ᠮᠠᠯᠲᠠᠬᠤ ᠮᠡᠷᠭᠡᠰᠢᠯ᠎ᠢ ᠳᠡᠯᠭᠡᠷᠡᠭᠦᠯᠦᠨ᠂ 2025 ᠣᠨ᠎ᠤ ᠡᠴᠦᠰ ᠪᠣᠯᠬᠤ᠎ᠳᠤ ᠪᠥᠬᠦ ᠣᠷᠣᠨ᠎ᠤ ᠠᠭᠤᠷᠬᠠᠶ ᠵᠢᠨ ᠬᠤᠳᠳᠤᠭ᠎ᠤᠨ ᠤᠰᠤ ᠵᠢ ᠶᠡᠷᠦᠩᠬᠡᠶ᠋ᠢᠯᠡᠨ ᠠᠰᠢᠭᠯᠠᠬᠤ ᠨᠣᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ