ᠦᠰᠦᠭ ᠪᠢᠴᠢᠭ᠎ᠢᠶᠠᠷ ᠦᠭᠦᠯᠡᠬᠦᠢ᠄ 《 〈 ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ ᠰᠠᠢᠨ ᠰᠠᠢᠬᠠᠨ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠬᠤ 〉 ᠠᠵᠢᠯᠯᠠᠭ᠎ᠠ᠎ᠶ᠋ᠢ ᠥᠷᠨᠢᠭᠦᠯᠬᠦ᠌ ᠶ᠋ᠢ ᠬᠡᠷᠡᠭ᠌ᠵᠢᠭᠦᠯᠬᠦ᠌ ᠲᠥᠰᠦᠯ 》 ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ
2025-07-31

ᠣᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ 《 〈ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ  ᠰᠠᠢᠨ ᠰᠠᠢᠬᠠᠨ ᠬᠡᠷ ᠣᠷᠣᠨ᠎ᠢᠶᠠᠨ ᠬᠠᠮᠲᠤ᠎ᠪᠠᠷ ᠪᠥᠲᠥᠭᠡᠨ ᠪᠠᠢᠭᠤᠯᠬᠤ 〉 ᠠᠵᠢᠯᠯᠠᠭ᠎ᠠ᠎ᠶ᠋ᠢ ᠥᠷᠨᠢᠭᠦᠯᠬᠦ᠌ ᠶ᠋ᠢ ᠬᠡᠷᠡᠭ᠌ᠵᠢᠭᠦᠯᠬᠦ᠌ ᠲᠥᠰᠦᠯ 》 ᠎ᠢ ᠲᠣᠭ᠍ᠲᠠᠭᠠᠪᠠ᠂ ᠡᠳᠦᠭᠡ ᠬᠤᠯᠪᠣᠭ᠍ᠳᠠᠯ ᠪᠥᠬᠦᠶ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠳᠣᠤᠷᠠᠬᠢ ᠮᠡᠲᠦ ᠲᠠᠢᠯᠤᠮᠵᠢ ᠬᠢᠶ᠎ᠡ ᠄

ᠨᠢᠭᠡ᠂ ᠲᠥᠷᠥ᠎ᠶ᠋ᠢᠨ ᠪᠣᠳᠣᠯᠭ᠎ᠠ᠎ᠶ᠋ᠢᠨ ᠠᠬᠤᠢ ᠪᠠᠢᠳᠠᠯ

ᠠᠳᠠᠯ ᠠᠬᠤᠶ᠎ᠶ᠋ᠢᠨ ᠬᠠᠮᠢᠶᠠᠷᠤᠯᠲᠠ᠎ᠨᠢ ᠣᠯᠠᠨ ᠲᠦᠮᠡᠨ᠎ᠤ ᠠᠮᠢᠳᠤᠷᠠᠯ᠎ᠳᠤ ᠦᠢᠯᠡᠴᠢᠯᠡᠬᠦ᠂ ᠨᠡᠢᠭᠡᠮ ᠲᠣᠭᠤᠷᠢᠭ᠎ᠤᠨ ᠲᠣᠭ᠍ᠲᠠᠭᠤᠨ᠎ᠢ ᠬᠠᠮᠠᠭᠠᠯᠠᠬᠤ ᠳᠤᠮᠳᠠ ᠦᠢᠯᠡᠳᠦᠯ᠎ᠨᠢ ᠵᠠᠩᠭᠢᠯᠠᠭ᠎ᠠ ᠪᠠᠢᠳᠠᠭ ᠂ ᠭᠡᠪᠡᠴᠦ᠍ ᠣᠳᠣᠬᠠᠨ᠎ᠳᠤ ᠦᠢᠯᠡᠴᠢᠯᠡᠭᠡᠨ᠎ᠤ ᠶᠠᠰᠤ ᠴᠢᠨᠠᠷ᠎ᠨᠢ ᠲᠡᠭ᠌ᠰᠢ ᠪᠤᠰᠤ᠂ ᠥᠮᠴᠢᠲᠡᠨ᠎ᠤ ᠥᠪᠡᠷᠲᠡᠭᠡᠨ ᠵᠠᠰᠠᠬᠤ ᠴᠢᠳᠠᠪᠤᠷᠢ᠎ᠨᠢ ᠪᠠᠭᠤᠷᠠᠶ᠂ ᠣᠯᠠᠨ ᠨᠡᠢᠲᠡ᠎ᠶ᠋ᠢᠨ ᠠᠱᠢᠭ ᠣᠷᠣᠯᠭ᠎ᠠ ᠲᠣᠳᠣᠷᠬᠠᠶ ᠥᠬᠡᠶ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠬᠦᠷᠦᠯᠴᠡᠬᠦ᠌ ᠥᠬᠡᠶ ᠵᠡᠷᠭᠡ ᠠᠰᠠᠭᠤᠳᠠᠯ ᠮᠥᠨ ᠬᠦ᠌ ᠣᠷᠣᠱᠢᠵᠤ ᠪᠠᠢᠨ᠎ᠠ᠃ ᠡᠨᠡ ᠬᠦ᠌ ᠠᠬᠤᠶ ᠪᠠᠢᠳᠠᠯ ᠳᠣᠤᠷ᠎ᠠ᠂ ᠤᠯᠤᠰ᠎ᠤᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠪᠥᠬᠦ᠌ ᠤᠯᠤᠰ᠎ᠤᠨ 《 ᠰᠠᠢᠨ ᠰᠠᠢᠬᠠᠨ ᠬᠡᠷ ᠣᠷᠣᠨ 》 ᠎ᠢ ᠡᠭᠦᠳᠦᠨ ᠪᠠᠢᠭᠤᠯᠬᠤ ᠱᠠᠭᠠᠷᠳᠠᠯᠭ᠎ᠠ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠪᠣᠳᠠᠲᠠᠶ᠎ᠳᠤ ᠰᠠᠭᠤᠷᠢᠯᠠᠨ ᠱᠢᠨ᠎ᠡ ᠨᠢᠭᠡ ᠡᠭᠡᠯᠵᠢ᠎ᠶ᠋ᠢᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠡᠬᠢᠯᠡᠭᠦᠯᠵᠦ᠍᠂ ᠰᠠᠭᠤᠭᠠᠯᠢ ᠠᠷᠠᠳ᠎ᠤᠨ ᠲᠣᠭᠤᠷᠢᠭ᠎ᠤᠨ ᠵᠠᠰᠠᠯᠲᠠ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠨ᠂ ᠠᠳᠠᠯ ᠠᠬᠤᠶ᠎ᠶ᠋ᠢᠨ ᠬᠠᠮᠢᠶᠠᠷᠤᠯᠲᠠ ᠬᠢᠭᠡᠳ ᠣᠶᠤᠨ᠎ᠤ ᠪᠣᠯᠪᠠᠰᠤᠨ᠎ᠤ ᠪᠦᠲᠦᠭᠡᠨ ᠪᠠᠢᠭᠤᠯᠤᠯᠲᠠ᠂ ᠬᠤᠲᠠ᠎ᠶ᠋ᠢᠨ ᠱᠢᠨᠡᠴᠢᠯᠡᠯᠲᠡ᠂ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠤᠨ ᠥᠭᠡᠷᠡᠴᠢᠯᠡᠯᠲᠡ᠎ᠶ᠋ᠢᠨ ᠭᠦᠨᠵᠡᠭᠡᠶ ᠠᠭᠤᠰᠤᠯᠴᠠᠯ᠎ᠢ ᠲᠦᠯᠬᠢᠨ ᠠᠬᠢᠭᠤᠯᠬᠤ᠎ᠶ᠋ᠢᠨ ᠲᠥᠯᠥᠭᠡ ᠶᠤᠮ᠃

ᠬᠤᠶᠠᠷ᠂ ᠠᠵᠢᠯ᠎ᠤᠨ ᠬᠠᠷᠠᠯᠲᠠ

2025 ᠣᠨ᠎ᠤ ᠡᠴᠦᠰ ᠪᠣᠯᠲᠠᠯ᠎ᠠ᠂ 《 ᠨᠠᠮ᠎ᠤᠨ ᠬᠤᠷᠢᠶ᠎ᠠ ᠤᠳᠤᠷᠢᠳᠭᠤ᠂ ᠵᠠᠰᠠᠭ᠎ᠤᠨ ᠣᠷᠳᠣᠨ ᠵᠣᠬᠢᠶᠠᠨ ᠪᠠᠢᠭᠤᠯᠬᠤ᠂ ᠠᠵᠢᠯ ᠲᠥᠷᠥᠯ᠎ᠤᠨ᠎ᠬᠢᠨ ᠭᠤᠤᠯᠯᠠᠨ ᠬᠠᠮᠢᠶᠠᠷᠬᠤ᠂ ᠰᠠᠯᠠᠭ᠎ᠠ ᠮᠥᠴᠢᠷ ᠬᠠᠮᠵᠢᠯᠴᠠᠬᠤ᠂ ᠦᠨᠳᠦᠰᠦᠨ ᠱᠠᠲᠤ ᠭᠤᠤᠯᠯᠠᠨ ᠬᠠᠮᠢᠶᠠᠷᠬᠤ᠂ ᠠᠵᠤ ᠠᠬᠤᠢᠯᠠᠯ ᠦᠢᠯᠡᠴᠢᠯᠡᠬᠦ᠂ ᠣᠯᠠᠨ ᠲᠦᠮᠡᠨ ᠣᠷᠣᠯᠴᠠᠬᠤ 》 ᠣᠳᠣᠬᠢᠴᠢᠯᠠᠭ᠍ᠰᠠᠨ ᠪᠠᠢᠷᠢᠱᠢᠯ᠎ᠢ ᠲᠡᠭᠦᠯᠳᠡᠷᠵᠢᠭᠦᠯᠵᠦ᠍᠂ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢ ᠦᠨᠳᠦᠰᠦᠨ ᠱᠠᠲᠤᠨ᠎ᠤ ᠵᠠᠰᠠᠯᠲᠠ ᠎ᠶ᠋ᠢᠨ ᠱᠢᠨ᠎ᠡ᠎ᠶ᠋ᠢ ᠡᠭᠦᠳᠬᠦ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠬᠤᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠴᠢᠬᠤᠯᠠ ᠭᠠᠷᠳᠠᠴᠠ ᠪᠣᠯᠭᠠᠵᠤ᠂ ᠨᠢᠭᠡ ᠪᠦᠯᠦᠭ ᠨᠠᠮ᠎ᠤᠨ ᠪᠠᠢᠭᠤᠯᠤᠯᠲᠠ ᠶ᠋ᠢᠨ ᠬᠥᠲᠥᠯᠦᠨ ᠳᠠᠭᠠᠭᠤᠯᠬᠤ᠎ᠪᠠᠷ ᠬᠦᠴᠦᠲᠡᠶ᠂ ᠦᠢᠯᠡᠴᠢᠯᠡᠭᠡ᠎ᠨᠢ ᠴᠢᠨᠠᠷ ᠰᠠᠢᠲᠠᠶ ᠵᠢᠷᠤᠮᠵᠢᠭ᠍ᠰᠠᠨ᠂ ᠣᠷᠴᠢᠨ ᠲᠣᠭᠤᠷᠢᠨ᠎ᠨᠢ ᠴᠡᠪᠡᠷ ᠴᠡᠮᠴᠡᠭᠡᠷ ᠣᠷᠣᠱᠢᠨ ᠰᠠᠭᠣᠬᠤ᠎ᠳᠤ ᠲᠤᠬᠢᠷᠠᠮᠵᠢᠲᠠᠢ᠂ ᠵᠠᠰᠠᠯᠲᠠ᠎ᠨᠢ ᠡᠮᠬᠢ ᠵᠢᠷᠤᠮ᠎ᠲᠠᠢ ᠡᠶ᠎ᠡ ᠵᠣᠬᠢᠴᠠᠩᠭᠤᠶ᠂ ᠣᠯᠠᠨ ᠲᠦᠮᠡᠨ ᠲᠠᠭᠠᠱᠢᠶᠠᠭ᠍ᠳᠠᠭ᠍ᠰᠠᠨ ᠵᠢᠱ᠌ᠢᠶ᠎ᠡ ᠦᠵᠡᠭᠦᠯᠬᠦ᠌ ᠰᠠᠭᠤᠭᠠᠯᠢ ᠠᠷᠠᠳ᠎ᠤᠨ ᠲᠣᠭᠤᠷᠢᠭ᠎ᠢ ᠪᠣᠶ ᠪᠣᠯᠭᠠᠵᠤ᠂ ᠪᠥᠬᠦ᠌ ᠣᠷᠣᠨ᠎ᠤ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠪᠦᠬᠦᠯᠢ ᠴᠣᠭ᠍ᠴᠠ᠎ᠪᠠᠷ᠎ᠨᠢ ᠳᠡᠭᠡᠭ᠌ᠰᠢᠯᠡᠭᠦᠯᠬᠦ᠌᠎ᠶ᠋ᠢ ᠳᠠᠢᠴᠢᠯᠠᠨ᠎ᠠ᠃

ᠭᠤᠷᠪᠠ᠂ ᠲᠥᠷᠥ᠎ᠶ᠋ᠢᠨ ᠪᠣᠳᠣᠯᠭ᠎ᠠ᠎ᠶ᠋ᠢᠨ ᠠᠭᠤᠯᠭ᠎ᠠ

ᠭᠤᠤᠯᠳᠠᠭᠤ 《 ᠬᠡᠷᠬᠢᠨ ᠪᠠᠢᠭᠤᠯᠬᠤ᠂ ᠬᠡᠨ ᠪᠠᠢᠭᠤᠯᠬᠤ᠂ ᠶᠠᠭᠤ᠎ᠶ᠋ᠢ ᠪᠠᠢᠭᠤᠯᠬᠤ᠂ ᠬᠡᠷᠬᠢᠨ ᠦᠨᠡᠯᠡᠬᠦ᠌ 》 ᠳᠦᠷᠪᠡᠨ ᠲᠠᠯ᠎ᠠ᠎ᠪᠠᠷ ᠥᠷᠨᠢᠭᠦᠯᠪᠡ᠃

ᠨᠢᠭᠡ᠎ᠳᠤ ᠬᠡᠷᠬᠢᠨ ᠪᠠᠢᠬᠤᠯᠬᠤ ᠃ ᠠᠢᠮᠠᠭ ᠬᠤᠲᠠ᠎ᠡᠴᠡ ᠨᠢᠭᠡᠳᠦᠯᠲᠡᠶ ᠲᠦᠯᠦᠪᠯᠡᠵᠦ᠍᠂ ᠬᠤᠱᠢᠭᠤ ᠱᠢᠶᠠᠨ ᠨᠢ ᠭᠣᠣᠯᠴᠢᠯᠠᠨ ᠬᠠᠮᠢᠶᠠᠷᠴᠤ᠌᠂ ᠵᠡᠭᠡᠯᠢ ᠭᠤᠳᠤᠮᠵᠢ ᠨᠡᠢᠭᠡᠮ ᠲᠣᠭᠤᠷᠢᠭ ᠭᠤᠤᠯᠯᠠᠨ ᠠᠳᠭᠤᠵᠤ᠂ ᠰᠠᠭᠤᠭᠠᠯᠢ ᠠᠷᠠᠳ᠎ᠤᠨ ᠲᠣᠭᠤᠷᠢᠭ ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠵᠦ᠍᠂ ᠱᠠᠲᠤ ᠬᠤᠪᠢᠶᠠᠨ ᠱᠢᠯᠭᠠᠷᠠᠭᠤᠯᠵᠤ᠂ ᠡᠷᠬᠢᠯᠳᠦᠭᠦᠯᠦᠨ ᠳᠡᠭᠡᠭ᠌ᠰᠢᠯᠡᠭᠦᠯᠦᠨ᠎ᠡ᠃

ᠬᠤᠶᠠᠷ᠎ᠲᠤ ᠬᠡᠨ ᠪᠠᠢᠭᠣᠯᠬᠤ᠃ ᠵᠡᠭᠡᠯᠢ ᠭᠤᠳᠤᠮᠵᠢ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ ᠲᠦᠷᠦᠭᠦᠯᠡᠵᠦ᠍᠂ ᠰᠠᠭᠤᠭᠠᠯᠢ ᠠᠷᠠᠳ᠎ᠤᠨ ᠵᠥᠪᠯᠡᠯ᠂ ᠠᠵᠢᠯ ᠦᠢᠯᠡᠰ᠎ᠤᠨ ᠵᠥᠪᠯᠡᠯ ( ᠠᠳᠠᠯ ᠠᠬᠣᠢ᠎ᠶ᠋ᠢᠨ ᠬᠠᠮᠢᠶᠠᠷᠤᠯᠲᠠ᠎ᠶ᠋ᠢᠨ ᠵᠥᠪᠯᠡᠯ )᠂ ᠠᠳᠠᠯ ᠠᠬᠤᠶ᠎ᠶ᠋ᠢᠨ ᠠᠵᠤ ᠠᠬᠤᠢᠯᠠᠯ᠂ ᠨᠡᠢᠭᠡᠮ᠎ᠤᠨ ᠵᠣᠬᠢᠶᠠᠨ ᠪᠠᠢᠭᠤᠯᠤᠯᠲᠠ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠦᠨ 《 ᠵᠢᠷᠭᠤᠭᠠᠨ ᠲᠠᠯ᠎ᠠ 》 ᠬᠠᠮᠵᠢᠯᠴᠠᠨ᠎ᠠ᠃

ᠭᠤᠷᠪᠠ᠎ᠳᠤ ᠶᠠᠭᠤ ᠪᠠᠢᠭᠤᠯᠬᠤ᠃ ᠠᠳᠠᠯ ᠠᠬᠤᠶ᠎ᠶ᠋ᠢᠨ ᠦᠢᠯᠡᠴᠢᠯᠡᠭᠡᠨ᠎ᠤ ᠭᠡᠷ᠎ᠡ ᠶ᠋ᠢ ᠬᠦᠢᠴᠡᠳᠭᠡᠬᠦ᠌ ᠂ ᠣᠯᠠᠨ ᠨᠡᠢᠲᠡ᠎ᠶ᠋ᠢᠨ ᠠᠱᠢᠭ ᠣᠷᠣᠯᠭ᠎ᠠ᠎ᠶ᠋ᠢᠨ ᠬᠠᠮᠢᠶᠠᠷᠤᠯᠲᠠ᠂ ᠠᠵᠢᠯ ᠦᠢᠯᠡᠰ᠎ᠦᠨ ᠵᠥᠪᠯᠡᠯ᠎ᠤᠨ ᠠᠵᠢᠯᠯᠠᠭᠠᠨ᠎ᠢ ᠵᠢᠷᠤᠮᠵᠢᠭᠤᠯᠤᠨ᠎ᠠ᠂ 《 ᠠᠳᠠᠯ ᠠᠬᠤᠶ + ᠨᠠᠰᠤᠵᠢᠯ᠎ᠤᠨ ᠠᠰᠠᠷᠠᠮᠵᠢ᠂ ᠬᠡᠤᠬᠡᠳ ᠰᠠᠭᠠᠲᠠᠭᠤᠯᠬᠤ᠂ ᠬᠡᠷ ᠠᠬᠤᠶ᠎ᠶ᠋ᠢᠨ ᠶᠠᠪᠤᠳᠠᠯ᠂ ᠲᠦᠷᠭᠡᠨ ᠬᠦᠷᠭᠡᠯᠲᠡ 》 ᠵᠡᠷᠭᠡ ᠣᠯᠠᠨ ᠡᠱᠢᠲᠦ ᠦᠢᠯᠡᠴᠢᠯᠡᠭᠡ᠎ᠶ᠋ᠢ ᠥᠷᠭᠡᠳᠭᠡᠵᠦ᠍᠂ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠂ ᠣᠷᠴᠢᠨ ᠠᠬᠤᠶ᠎ᠶ᠋ᠢ ᠴᠡᠭ᠌ᠴᠡᠯᠡᠨ ᠵᠠᠰᠠᠬᠤ᠂ ᠲᠦᠬᠦᠭᠡᠷᠦᠮᠵᠢ᠎ᠶ᠋ᠢ ᠲᠡᠭᠦᠯᠳᠡᠷᠵᠢᠭᠦᠯᠬᠦ᠂ ᠪᠣᠯᠪᠠᠰᠤᠨ᠎ᠢᠶᠠᠷ ᠡᠭᠦᠳᠦᠨ ᠪᠠᠢᠭᠤᠯᠬᠤ᠎ᠶ᠋ᠢ ᠲᠦᠯᠬᠢᠨ ᠠᠬᠢᠭᠤᠯᠤᠨ᠎ᠠ᠃

ᠳᠥᠷᠪᠡ᠎ᠳᠤ ᠬᠡᠷᠬᠢᠨ ᠦᠨᠡᠯᠡᠬᠦ᠌᠃ ᠬᠤᠱᠢᠭᠤ ᠱᠢᠶᠠᠨ ᠨᠢ ᠥᠪᠡᠷ᠎ᠢᠶᠠᠨ ᠦᠨᠡᠯᠡᠬᠦ᠂ ᠠᠢᠮᠠᠭ ᠬᠤᠲᠠ ᠨᠢ ᠲᠠᠬᠢᠨ ᠬᠢᠨᠠᠬᠤ᠂ ᠥᠪᠡᠷᠲᠡᠭᠡᠨ ᠵᠠᠰᠠᠬᠤ ᠣᠷᠣᠨ᠎ᠠᠴᠠ ᠡᠴᠦᠰ᠎ᠤᠨ ᠬᠢᠨᠠᠯᠲᠠ ᠲᠠᠯᠪᠢᠵᠦ᠍᠂ ᠰᠠᠭᠤᠭᠠᠯᠢ ᠠᠷᠠᠳ᠎ᠤᠨ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ᠎ᠶ᠋ᠢ ᠲᠡᠷᠢᠭᠦᠨ᠎ᠳᠤ ᠪᠠᠢᠯᠭᠠᠬᠤ᠎ᠶ᠋ᠢ ᠪᠠᠷᠢᠮᠲᠠᠯᠠᠵᠤ᠂ ᠲᠣᠭ᠎ᠠ᠎ᠶ᠋ᠢ ᠪᠢᠰᠢ ᠴᠢᠨᠠᠷ᠎ᠢ ᠡᠷᠬᠢᠮᠯᠡᠵᠦ᠍᠂ ᠢᠯᠡ ᠨᠡᠢᠲᠡᠯᠡᠬᠦ᠂ ᠭᠤᠷᠪᠠᠳᠠᠬᠢ ᠡᠲᠡᠭᠡᠳ᠎ᠠᠴᠠ ᠦᠨᠡᠯᠡᠨ ᠵᠢᠱ᠌ᠢᠬᠦ᠂ ᠨᠡᠢᠭᠡᠮ᠎ᠤᠨ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠦᠨ᠎ᠡ᠃

ᠳᠥᠷᠪᠡ᠂ ᠲᠥᠷᠥ᠎ᠶ᠋ᠢᠨ ᠪᠣᠳᠣᠯᠭ᠎ᠠ᠎ᠶ᠋ᠢᠨ ᠭᠢᠯᠠᠰ ᠴᠡᠭ

ᠨᠢᠭᠡ᠎ᠳᠤ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶ᠋ᠢ ᠢᠮᠠᠭ᠍ᠲᠠ ᠲᠤᠭᠤᠱᠢᠯᠠᠭᠤᠯᠪᠠ᠃ ᠠᠳᠠᠯ ᠠᠬᠤᠶ᠎ᠶ᠋ᠢᠨ ᠠᠵᠢᠯ ᠲᠥᠷᠥᠯ᠎ᠤᠨ ᠨᠠᠮ᠎ᠤᠨ ᠪᠠᠢᠭᠤᠯᠤᠯᠲᠠ ᠬᠢᠭᠡᠳ ᠨᠡᠢᠭᠡᠮ ᠲᠣᠭᠤᠷᠢᠭ᠎ᠤᠨ ᠵᠠᠰᠠᠯᠲᠠ᠎ᠶ᠋ᠢᠨ ᠠᠭᠤᠰᠤᠯᠴᠠᠯ᠎ᠢ ᠲᠦᠯᠬᠢᠨ ᠠᠬᠢᠭᠤᠯᠵᠤ᠂ ᠵᠡᠭᠡᠯᠢ ᠭᠤᠳᠤᠮᠵᠢ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠵᠥᠪᠯᠡᠯ᠎ᠤᠨ ᠵᠢᠱ᠌ᠢᠭ᠌ᠳᠡᠭ᠌ᠴᠢ᠂ ᠣᠯᠠᠨ ᠨᠡᠢᠲᠡ᠎ᠶ᠋ᠢᠨ ᠠᠱᠢᠭ ᠣᠷᠣᠯᠭ᠎ᠠ᠎ᠶ᠋ᠢᠨ ᠬᠡᠷᠡᠭ᠌ᠯᠡᠯᠲᠡ᠂ ᠠᠳᠠᠯ ᠠᠬᠤᠶ᠎ᠶ᠋ᠢᠨ ᠦᠢᠯᠡᠴᠢᠯᠡᠭᠡᠨ᠎ᠤ ᠶᠠᠰᠤ ᠴᠢᠨᠠᠷ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠪᠥᠬᠦ᠌ ᠶᠠᠪᠤᠴᠠ᠎ᠪᠠᠷ ᠵᠢᠯᠣᠭᠤᠳᠤᠨ ᠬᠢᠨᠠᠯᠲᠠ ᠲᠠᠯᠪᠢᠪᠠ᠃

ᠬᠤᠶᠠᠷ᠎ᠲᠤ᠌ ᠤᠯᠠᠨ ᠲᠦᠮᠡᠨ᠎ᠤ ᠭᠤᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠲᠤᠪᠤᠢᠯᠭᠠᠪᠠ᠃ ᠰᠠᠭᠤᠭᠠᠯᠢ ᠠᠷᠠᠳ᠎ᠤᠨ ᠲᠣᠭᠤᠷᠢᠭ᠎ᠢ ᠡᠭᠦᠳᠦᠨ ᠪᠠᠢᠭᠤᠯᠬᠤ᠎ᠳᠤ ᠰᠠᠭᠤᠭᠠᠯᠢ ᠠᠷᠠᠳ᠎ᠤᠨ ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠵᠦ᠍᠂ ᠪᠥᠬᠦ᠌ ᠶᠠᠪᠤᠴᠠ᠎ᠶ᠋ᠢ ᠢᠯᠡ ᠨᠡᠢᠲᠡᠯᠡᠵᠦ᠍᠂ ᠦᠨᠡᠯᠡᠯᠲᠡ᠎ᠶ᠋ᠢ ᠰᠠᠭᠤᠭᠠᠯᠢ ᠠᠷᠠᠳ᠎ᠤᠨ ᠰᠡᠳᠭᠢᠯ ᠬᠠᠨᠤᠮᠵᠢᠲᠠᠶ ᠪᠠᠢᠬᠤ᠎ᠪᠠᠷ ᠲᠡᠷᠢᠭᠦᠨ ᠴᠢᠬᠤᠯᠠ ᠬᠡᠮᠵᠢᠭᠦᠷ ᠪᠣᠯᠭᠠᠪᠠ᠃

ᠭᠤᠷᠪᠠ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠪᠡ᠃ ᠠᠳᠠᠯ ᠠᠬᠤᠶ᠎ᠶ᠋ᠢᠨ ᠦᠢᠯᠡᠴᠢᠯᠡᠭᠡᠨ᠎ᠤ ᠭᠡᠷ᠎ᠡ᠎ᠪᠠᠨ ᠭᠦᠢᠴᠡᠳᠭᠡᠭ᠌ᠰᠡᠨ᠎ᠢᠶᠠᠷ ᠬᠦᠷᠦᠯᠴᠡᠬᠦ᠌ ᠥᠬᠡᠶ᠂ ᠣᠯᠠᠨ ᠨᠡᠢᠲᠡ᠎ᠶ᠋ᠢᠨ ᠠᠱᠢᠭ ᠣᠯᠵᠠᠪᠤᠷᠢ᠎ᠶ᠋ᠢ ᠡᠵᠡᠯᠡᠭ᠌ᠰᠡᠨ᠂ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠤᠨ ᠬᠠᠮᠢᠶᠠᠷᠤᠯᠲᠠ᠎ᠪᠠᠨ ᠠᠯᠳᠠᠭ᠍ᠰᠠᠨ ᠵᠡᠷᠭᠡ ᠡᠪᠡᠷᠱᠢᠶᠡᠯ᠎ᠲᠠᠢ ᠭᠠᠵᠠᠷ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ 《 ᠢᠯᠡᠷᠡᠭᠦᠯᠬᠦ᠌ - ᠴᠡᠭ᠌ᠴᠡᠯᠡᠨ ᠰᠠᠢᠵᠢᠷᠠᠭᠤᠯᠬᠤ - ᠳᠠᠬᠢᠨ ᠬᠢᠨᠠᠬᠤ - ᠳᠡᠭᠡᠭ᠌ᠰᠢᠯᠡᠭᠦᠯᠬᠦ᠌ 》 ᠴᠡᠭ᠌ᠴᠡᠯᠡᠨ ᠰᠠᠢᠵᠢᠷᠠᠭᠤᠯᠬᠤ ᠲᠣᠭ᠍ᠲᠠᠴᠠ᠎ᠶ᠋ᠢ ᠪᠣᠶ ᠪᠣᠯᠭᠠᠪᠠ᠃

ᠳᠥᠷᠪᠡ᠎ᠳᠤ ᠪᠢᠲᠡᠭᠦᠦ ᠴᠠᠭᠠᠷᠢᠭ᠎ᠢᠶᠠᠷ ᠬᠠᠮᠢᠶᠠᠷᠴᠦ᠍ ᠲᠤᠷᠱᠢᠯᠭ᠎ᠠ ᠎ᠪᠠᠨ ᠳᠡᠯᠭᠡᠷᠡᠭᠦᠯᠪᠡ᠃ ᠠᠢᠮᠠᠭ ᠬᠤᠲᠠ᠎ᠨᠢ ᠥᠪᠡᠷᠲᠡᠭᠡᠨ ᠵᠠᠰᠠᠬᠤ ᠣᠷᠣᠨ᠎ᠳᠤ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠲᠠᠨᠢᠯᠴᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠱᠢᠯᠢᠳᠡᠭ᠎ᠢ᠎ᠨᠢ ᠰᠣᠩᠭᠤᠨ ᠬᠦᠷᠭᠡᠵᠦ᠍᠂ 《 ᠡᠭᠦᠳᠦᠨ ᠪᠠᠢᠭᠤᠯᠬᠤ - ᠦᠨᠡᠯᠡᠨ ᠵᠢᠱ᠌ᠢᠬᠦ᠌ - ᠳ᠋ᠦᠩᠨᠡᠬᠦ᠌ - ᠳᠡᠯᠭᠡᠷᠡᠭᠦᠯᠬᠦ᠌ 》 ᠦᠷᠭᠦᠯᠵᠢᠯᠡᠭ᠌ᠰᠡᠨ ᠲᠣᠭ᠍ᠲᠠᠴᠠ᠎ᠶ᠋ᠢ ᠪᠣᠶ ᠪᠣᠯᠭᠠᠵᠤ᠂ ᠵᠢᠯ ᠳᠠᠷᠠᠭᠠᠯᠠᠨ ᠳᠠᠪᠱᠢᠬᠤ᠎ᠶ᠋ᠢ ᠦᠨᠡᠨ ᠬᠦ᠌ ᠪᠠᠲᠣᠯᠠᠪᠠ᠃

 

ᠲᠠᠢᠯᠠᠪᠣᠷᠢᠯᠠᠭ᠍ᠴᠢ᠄ ᠦ᠋ ᠱᠢᠶᠤᠤ ᠯᠧ᠂ ᠬᠠᠷᠢᠯᠴᠠᠬᠤ ᠠᠷᠭ᠎ᠠ᠄ 0471 - 6945925

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ