ᠨᠢᠭᠡ᠂ ᠲᠥᠷᠥ ᠵᠢᠨ ᠪᠣᠳᠣᠯᠭ᠎ᠠ ᠵᠢᠨ ᠠᠬᠤᠢ ᠪᠠᠶ᠋ᠢᠳᠠᠯ
2025 ᠣᠨᠤ 5 ᠳ᠋ᠤᠭ᠋ᠠᠷ ᠰᠠᠷᠠᠳᠤ ᠤᠤᠯᠤᠨ ᠥᠪᠡᠷᠲᠡᠭᠡᠨ ᠵᠠᠰᠠᠬᠤ ᠣᠷᠣᠨᠤ ᠵᠠᠬ᠎ᠠ ᠳᠡᠯᠭᠡᠭᠦᠷᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠵᠤ ᠪᠠᠶ᠋ᠢᠭᠰᠠᠨ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷᠲᠤ ᠬᠤᠪᠢᠶᠠᠷᠢᠯᠠᠨ ᠰᠢᠯᠵᠢᠭᠦᠯᠵᠡᠢ᠂ ᠲᠦᠷᠢᠮᠤᠨ ᠲᠤᠳᠠᠭᠳᠠᠯᠢ ᠨᠥᠬᠦᠪᠥᠷᠢᠯᠡᠨ᠂ ᠥᠪᠡᠷᠲᠡᠭᠡᠨ ᠵᠠᠰᠠᠬᠤ ᠣᠷᠣᠨᠤ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨᠠᠴᠠ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠪᠠ᠃
ᠬᠤᠶᠠᠷ᠂ ᠲᠥᠷᠥ ᠵᠢᠨ ᠪᠣᠳᠣᠯᠭ᠎ᠠ ᠵᠢᠨ ᠭᠤᠤᠯ ᠦᠨᠳᠦᠰᠦᠯᠡᠯ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰᠤᠨ ᠪᠠᠷᠢᠯᠭ᠎ᠠ ᠵᠢᠨ ᠬᠠᠤᠯᠢ》᠂ 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠠᠮᠢᠶᠠᠷᠤᠯᠲᠠ ᠵᠢᠨ ᠳᠦᠷᠢᠮ》᠂ 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ ᠬᠠᠮᠢᠶᠠᠷᠤᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠᠷᠢᠮᠵᠢᠶᠠᠪᠠᠷ ᠦᠨᠳᠦᠰᠦᠯᠡᠯ ᠪᠤᠯᠭ᠋ᠠᠪᠠ᠃
ᠭᠤᠷᠪᠠ᠂ ᠲᠥᠷᠥ ᠵᠢᠨ ᠪᠣᠳᠣᠯᠭ᠎ᠠ ᠵᠢᠨ ᠭᠤᠤᠯ ᠠᠭᠤᠯᠭ᠎ᠠ
《ᠬᠠᠮᠢᠶᠠᠷᠤᠯᠲᠠ ᠵᠢᠨ ᠠᠷᠭ᠎ᠠ》ᠨᠢ ᠨᠡᠶ᠋ᠢᠲᠡ ᠳᠥᠷᠪᠡᠨ ᠪᠦᠯᠦᠭ᠂ ᠭᠤᠴᠢᠨ ᠲᠦᠷᠪᠡᠨ ᠵᠦᠢ᠍ᠯ ᠵᠶ᠋ᠡᠷ ᠪᠦᠷᠢᠯᠳᠦᠵᠡᠢ᠃
ᠨᠢᠭᠡᠳᠦᠭᠡᠷ ᠪᠦᠯᠦᠭ ᠶᠡᠷᠦᠩᠬᠡᠶ ᠲᠦᠷᠢᠮᠳᠤ᠂ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠵᠣᠷᠢᠯᠭ᠎ᠠ ᠪᠠ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠬᠠᠮᠢᠶᠠᠷᠤᠯᠲᠠ ᠵᠢᠨ ᠰᠢᠰᠲ᠋ᠧᠮ᠂ ᠬᠢᠨᠠᠯᠲᠠ ᠬᠠᠮᠢᠶᠠᠷᠤᠯᠲᠠ ᠵᠢᠨ ᠲᠤᠭᠳᠠᠴᠠ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠂ ᠡᠩᠨᠡᠭᠡᠨᠤ ᠪᠠᠶ᠋ᠢᠭᠤᠯᠤᠯᠲᠠ ᠵᠢᠴᠢ ᠵᠠᠷᠤᠳᠠᠯᠤᠨ ᠪᠠᠲᠤᠯᠠᠭ᠎ᠠ ᠵᠡᠷᠭᠡ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠬᠣᠶᠠᠳᠤᠭ᠋ᠠᠷ ᠪᠦᠯᠦᠭᠲᠤ᠂ ᠶᠠᠰᠤ ᠴᠢᠨᠠᠷᠤᠨ ᠬᠠᠷᠢᠭᠤᠴᠠᠯᠭ᠎ᠠ᠂ ᠪᠠᠷᠢᠯᠭ᠎ᠠ ᠪᠠᠷᠢᠬᠤ ᠵᠢᠷᠤᠭᠢ ᠬᠢᠨᠠᠨ ᠪᠠᠶ᠋ᠢᠴᠠᠭ᠋ᠠᠬᠤ᠂ ᠶᠠᠰᠤ ᠴᠢᠨᠠᠷᠲᠤ ᠬᠢᠨᠠᠯᠲᠠ ᠲᠠᠯᠪᠢᠬᠤ᠂ ᠪᠦᠲᠦᠭᠡᠨ ᠪᠠᠶ᠋ᠢᠭᠤᠯᠤᠯᠲᠠ ᠵᠢᠨ ᠡᠯ᠎ᠡ ᠲᠠᠯ᠎ᠠ ᠵᠢᠨ ᠬᠠᠷᠢᠭᠤᠴᠠᠯᠭ᠎ᠠ᠂ ᠠᠵᠢᠯ ᠲᠤᠰᠢᠶᠠᠬᠤ ᠵᠢ ᠰᠢᠯᠭ᠋ᠠᠨ ᠠᠪᠬᠤ ᠵᠡᠷᠭᠡ ᠲᠠᠯᠠᠳᠤ ᠱᠠᠭ᠋ᠠᠷᠳᠠᠯᠭ᠎ᠠ ᠲᠤᠷᠠᠳᠪᠠ᠃ ᠭᠤᠷᠪᠠᠳᠤᠭ᠋ᠠᠷ ᠪᠦᠯᠦᠭᠲᠤ᠂ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ᠂ ᠶᠠᠰᠤ ᠴᠢᠨᠠᠷᠤᠨ ᠬᠢᠨᠠᠯᠲᠠ ᠲᠠᠯᠪᠢᠯᠲᠠ ᠵᠢᠨ ᠱᠠᠭ᠋ᠠᠷᠳᠠᠯᠭ᠎ᠠ᠂ ᠬᠢᠨᠠᠯᠲᠠ ᠲᠠᠯᠪᠢᠬᠤ ᠵᠢᠷᠤᠮ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ᠂ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢᠴᠢ ᠨᠢᠭᠤᠴᠠ ᠵᠢ ᠬᠠᠮᠠᠭ᠋ᠠᠯᠠᠬᠤ ᠪᠠ ᠳᠠᠩᠰᠠ ᠡᠪᠬᠡᠮᠡᠯᠤᠨ ᠬᠠᠮᠢᠶᠠᠷᠤᠯᠲᠠ ᠵᠡᠷᠭᠡ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠳᠥᠷᠪᠡᠳᠦᠭᠡᠷ ᠪᠦᠯᠦᠭ ᠲᠠᠭ᠋ᠠᠭᠯᠳᠤᠭᠤᠯᠤᠯ ᠲᠦᠷᠢᠮᠳᠤ᠂ 《ᠬᠠᠮᠢᠶᠠᠷᠤᠯᠲᠠ ᠵᠢᠨ ᠠᠷᠭ᠎ᠠ》 ᠵᠢ 2026 ᠣᠨᠤ 1 ᠳ᠋ᠤᠭ᠋ᠠᠷ ᠰᠠᠷ᠎ᠠ ᠵᠢᠨ 1ᠤ ᠡᠳᠦᠷᠠᠴᠠ ᠡᠬᠢᠯᠡᠵᠦ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭ᠋ᠠᠪᠠ᠃
ᠳᠥᠷᠪᠡ᠂ ᠭᠤᠤᠯᠳᠠᠯᠭᠠᠲᠠᠢ ᠲᠥᠷᠥ ᠵᠢᠨ ᠪᠣᠳᠣᠯᠭ᠎ᠠ ᠵᠢᠨ ᠲᠣᠳᠣᠷᠬᠠᠶ᠋ᠢᠯᠠᠯᠲᠠ
(ᠨᠢᠭᠡ) ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷᠢ ᠲᠤᠳᠤᠷᠬᠠᠢ᠌ᠯᠠᠪᠠ᠃ 《ᠬᠠᠮᠢᠶᠠᠷᠤᠯᠲᠠ ᠵᠢᠨ ᠠᠷᠭ᠎ᠠ》 ᠵᠢᠨ ᠳᠥᠷᠪᠡᠳᠦᠭᠡᠷ ᠵᠦᠢ᠍ᠯᠳᠤ᠂ 《ᠬᠤᠰᠢᠭᠤ ᠰᠢᠶᠠᠨᠤ ᠱᠠᠲᠤᠨᠠᠴᠠ ᠳᠡᠭᠡᠭᠰᠢᠬᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷᠤᠳ ᠬᠠᠤᠯᠢ ᠲᠣᠭᠲᠠᠭ᠋ᠠᠯ ᠶᠣᠰᠣᠭ᠋ᠠᠷ ᠲᠣᠰ ᠵᠠᠰᠠᠭ ᠵᠠᠬᠢᠷᠭ᠋ᠠᠨᠤ ᠣᠷᠣᠨ ᠪᠦᠰᠡ ᠵᠢᠨ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠠᠵᠢᠯᠳᠤ ᠬᠠᠷᠢᠭᠤᠴᠠᠵᠤ᠂ ᠨᠠᠶ᠋ᠢᠳᠠᠭᠰᠠᠨ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢᠠᠴᠠ ᠪᠣᠳᠠᠲᠠᠶ ᠬᠡᠷᠡᠭᠵᠢᠭᠦᠯᠵᠦ ᠪᠣᠯᠤᠨ᠎ᠠ》 ᠭᠡᠵᠦ ᠲᠣᠳᠣᠷᠬᠠᠶ ᠲᠣᠭᠲᠠᠭ᠋ᠠᠵᠠᠶ᠃
(ᠬᠣᠶᠠᠷ) ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠵᠠᠷᠴᠢᠮᠢ ᠲᠤᠳᠤᠷᠬᠠᠢ᠌ᠯᠠᠪᠠ᠃ 《ᠬᠠᠮᠢᠶᠠᠷᠤᠯᠲᠠ ᠵᠢᠨ ᠠᠷᠭ᠎ᠠ》 ᠵᠢᠨ ᠲᠠᠪᠤᠳᠤᠭ᠋ᠠᠷ ᠵᠦᠢ᠍ᠯᠳᠤ᠂ 《ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠᠳᠤ ᠬᠠᠷᠢᠶ᠎ᠠ ᠭᠠᠵᠠᠷᠤᠨ ᠬᠠᠮᠢᠶᠠᠷᠤᠯᠲᠠᠪᠠᠷ ᠭᠤᠤᠯ ᠪᠣᠯᠭ᠋ᠠᠬᠤ᠂ ᠱᠠᠲᠤ ᠬᠤᠪᠢᠶᠠᠨ ᠬᠠᠮᠢᠶᠠᠷᠤᠨ ᠡᠵᠡᠮᠳᠡᠬᠦᠪᠠᠷ ᠬᠠᠪᠰᠤᠷᠤᠮᠵᠢ ᠪᠣᠯᠭ᠋ᠠᠬᠤ ᠵᠠᠷᠴᠢᠮᠢ ᠵᠢᠷᠤᠮᠯᠠᠨ᠎ᠠ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠵᠢᠨ ᠱᠠᠲᠤᠨᠤ ᠴᠢᠬᠤᠯᠠ ᠶᠡᠭᠡ ᠪᠠᠷᠢᠯᠭ᠎ᠠ᠂ ᠮᠡᠷᠭᠡᠵᠢᠯᠤᠨ ᠱᠠᠭ᠋ᠠᠷᠳᠠᠯᠭ᠎ᠠ ᠣᠨᠴᠠᠭ᠋ᠠᠶ ᠨᠠᠷᠢᠨ ᠪᠤᠳᠤᠯᠢᠶᠠᠨᠲᠠᠶ ᠲᠥᠷᠥᠯ ᠵᠦᠢ᠍ᠯ ᠵᠢᠴᠢ ᠣᠷᠣᠨ ᠪᠦᠰᠡ ᠠᠯᠤᠰᠯᠠᠭᠰᠠᠨ ᠪᠠᠷᠢᠯᠭ᠎ᠠ ᠵᠢᠨ ᠲᠥᠷᠥᠯ ᠵᠦᠢ᠍ᠯᠳᠤ᠂ ᠠᠶ᠋ᠢᠮᠠᠭ ᠬᠤᠲᠠ ᠵᠢᠨ ᠱᠠᠲᠤ ᠵᠢᠴᠢ ᠲᠡᠭᠦᠨᠠᠴᠠ ᠳᠡᠭᠡᠭᠰᠢᠬᠢ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠳᠡᠮᠵᠢᠨ ᠦᠨᠳᠦᠰᠦᠨ ᠱᠠᠲᠤᠨᠤ ᠬᠢᠨᠠᠯᠲᠠ ᠬᠠᠮᠢᠶᠠᠷᠤᠯᠲᠠ ᠵᠢᠨ ᠴᠢᠳᠠᠪᠦᠷᠢᠨᠢ ᠬᠢᠨᠠᠯᠲᠠ ᠬᠠᠮᠢᠶᠠᠷᠤᠯᠲᠠ ᠵᠢᠨ ᠠᠵᠢᠯᠤᠨ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠥᠬᠡᠶ ᠭᠡᠵᠦ ᠦᠨᠡᠯᠡᠨ ᠨᠤᠳᠠᠯᠠᠭᠰᠠᠨ ᠪᠠᠢ᠌ᠪᠠᠯ᠂ ᠠᠶ᠋ᠢᠮᠠᠭ ᠬᠤᠲᠠ ᠵᠢᠨ ᠱᠠᠲᠤ ᠵᠢᠴᠢ ᠲᠡᠭᠦᠨᠠᠴᠠ ᠳᠡᠭᠡᠭᠰᠢᠬᠢ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠲᠡᠭᠦᠨᠤ ᠨᠠᠶ᠋ᠢᠳᠠᠭᠰᠠᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢᠠᠴᠠ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢ ᠰᠢᠭᠤᠳ ᠭᠦᠢ᠍ᠴᠡᠳᠭᠡᠵᠦ ᠪᠤᠯᠤᠨ᠎ᠠ》 ᠭᠡᠵᠦ ᠲᠣᠳᠣᠷᠬᠠᠶ ᠲᠣᠭᠲᠠᠭ᠋ᠠᠵᠠᠶ᠃
(ᠭᠤᠷᠪᠠ) ᠶᠠᠰᠤ ᠴᠢᠨᠠᠷᠲᠤ ᠬᠢᠨᠠᠯᠲᠠ ᠲᠠᠯᠪᠢᠬᠤ ᠭᠠᠷᠳᠠᠮᠢ ᠭᠦᠢ᠍ᠴᠡᠳᠬᠡᠬᠦ ᠱᠠᠭ᠋ᠠᠷᠳᠠᠯᠭ᠎ᠠ ᠵᠢ ᠲᠤᠳᠤᠷᠬᠠᠢ᠌ᠯᠠᠪᠠ᠃ 《ᠬᠠᠮᠢᠶᠠᠷᠤᠯᠲᠠ ᠵᠢᠨ ᠠᠷᠭ᠎ᠠ》 ᠵᠢᠨ ᠠᠷᠪᠠᠳᠤᠭ᠋ᠠᠷ ᠵᠦᠢ᠍ᠯᠳᠤ 《ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠢᠯ ᠡᠬᠢᠯᠡᠭᠦᠯᠬᠦᠠᠴᠠ ᠡᠮᠦᠨ᠎ᠡ᠂ ᠪᠦᠳᠦᠭᠡᠨ ᠪᠠᠢ᠌ᠭᠤᠯᠬᠤ ᠨᠢᠭᠡᠴᠢᠨᠢ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷᠲᠤ ᠬᠦᠷᠴᠦ ᠪᠠᠷᠢᠯᠭ᠎ᠠ ᠵᠢᠨ ᠶᠠᠰᠤ ᠴᠢᠨᠠᠷᠲᠤ ᠬᠢᠨᠠᠯᠲᠠ ᠲᠠᠯᠪᠢᠬᠤ ᠭᠠᠷᠳᠠᠮᠢ ᠭᠦᠢ᠍ᠴᠡᠳᠬᠡᠬᠦ ᠬᠡᠷᠡᠭᠲᠡᠶ᠄ ᠤᠯᠤᠰ ᠪᠣᠯᠤᠨ ᠥᠪᠡᠷᠲᠡᠭᠡᠨ ᠵᠠᠰᠠᠬᠤ ᠣᠷᠣᠨᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠣᠤᠷᠠᠬᠢ ᠮᠡᠲᠦ ᠮᠠᠲ᠋ᠧᠷᠢᠶᠠᠯᠢ ᠲᠤᠰᠢᠶᠠᠬᠤ ᠬᠡᠷᠡᠭᠲᠡᠶ᠄ (ᠨᠢᠭᠡ) ᠲᠥᠷᠥᠯ ᠵᠦᠢ᠍ᠯᠤᠨ ᠪᠡᠯᠡ ᠣᠷᠣᠭᠤᠯᠤᠯᠲᠠ ᠵᠢ ᠬᠢᠨᠠᠨ ᠵᠥᠪᠰᠢᠶᠡᠷᠡᠭᠰᠡᠨ (ᠲᠠᠩᠰᠠᠯᠠᠭᠤᠯᠤᠭᠰᠠᠨ) ᠪᠢᠴᠢᠭ ᠮᠠᠲ᠋ᠧᠷᠢᠶᠠᠯ; (ᠬᠤᠶᠠᠷ) ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠥᠯᠥᠪᠵᠢᠭᠦᠯᠭᠡ ᠵᠢᠨ ᠵᠥᠪᠰᠢᠶᠡᠷᠡᠯᠤᠨ ᠦᠨᠡᠮᠯᠡᠯ; (ᠭᠤᠷᠪᠠ) ᠪᠠᠷᠢᠯᠭ᠎ᠠ ᠵᠢᠨ ᠵᠢᠷᠤᠭ ᠲᠦᠯᠦᠪᠯᠡᠯᠭᠡ ᠵᠢᠨ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠭᠠᠷ ᠭᠦᠢ᠍ᠴᠡᠳᠭᠡᠯᠤᠨ ᠮᠠᠲᠸᠷᠢᠶᠠᠯ; (ᠲᠦᠷᠪᠡ) ᠪᠦᠳᠦᠭᠡᠨ ᠪᠠᠢ᠌ᠭᠤᠯᠬᠤ ᠨᠢᠭᠡᠴᠢ ᠵᠢᠨ ᠲᠥᠷᠥᠯ ᠵᠦᠢ᠍ᠯᠤᠨ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠᠶ᠋ᠢᠭᠤᠯᠤᠭᠰᠠᠨ ᠪᠢᠴᠢᠭ ᠮᠠᠲ᠋ᠧᠷᠢᠶᠠᠯ ᠵᠢᠴᠢ ᠲᠥᠷᠥᠯ ᠵᠦᠢ᠍ᠯᠤᠨ ᠬᠠᠷᠢᠭᠤᠴᠠᠯᠭ᠋ᠠᠲᠠᠨᠳᠤ ᠡᠷᠬᠡ ᠣᠯᠭᠤᠭᠰᠠᠨ ᠪᠢᠴᠢᠭ; ᠶᠡᠷᠦᠩᠬᠡᠶ᠋ᠢᠯᠡᠨ ᠳᠠᠭ᠋ᠠᠭ᠋ᠠᠴᠢᠯᠠᠬᠤ᠂ ᠬᠠᠶ᠋ᠢᠨ ᠪᠠᠶ᠋ᠢᠴᠠᠭ᠋ᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠭᠡᠷ᠎ᠡ ᠵᠢᠴᠢ ᠨᠢᠭᠡᠴᠢ ᠵᠢᠨ ᠡᠵᠡᠩᠨᠡᠯᠲᠡ ᠵᠢᠨ ᠦᠨᠡᠮᠯᠡᠯ᠂ ᠬᠢᠷᠢ ᠭᠡᠮᠤᠨ ᠦᠨᠡᠮᠯᠡᠯ; ᠲᠥᠷᠥᠯ ᠵᠦᠢ᠍ᠯᠤᠨ ᠬᠠᠷᠢᠭᠤᠴᠠᠯᠭ᠋ᠠᠲᠠᠨ᠂ ᠲᠥᠷᠥᠯ ᠵᠦᠢ᠍ᠯᠤᠨ ᠳᠠᠭ᠋ᠠᠭ᠋ᠠᠮᠠᠯ᠂ ᠶᠡᠷᠦᠩᠬᠡᠶ ᠬᠢᠨᠠᠨ ᠬᠠᠮᠢᠶᠠᠷᠬᠤ ᠢᠨᠵᠧᠨᠧᠷᠤᠨ ᠬᠢᠷᠢ ᠬᠡᠮᠤᠨ ᠦᠨᠡᠮᠯᠡᠯ ᠵᠢᠴᠢ ᠡᠷᠬᠡ ᠤᠯᠭᠤᠭᠰᠠᠨ ᠪᠢᠴᠢᠭ; (ᠲᠠᠪᠤ) ᠪᠠᠷᠢᠯᠭ᠎ᠠ ᠵᠢᠨ ᠶᠠᠰᠤ ᠴᠢᠨᠠᠷᠤᠨ ᠬᠠᠷᠢᠭᠤᠴᠠᠯᠭ᠎ᠠ ᠵᠢᠨ ᠠᠮᠠᠯᠠᠯᠲᠠ ᠵᠢᠴᠢ ᠬᠠᠩᠭ᠋ᠠᠬᠤ ᠴᠢᠬᠤᠯᠠᠲᠠᠶ ᠪᠤᠰᠤᠳ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ;
(ᠳᠥᠷᠪᠡ᠂ ᠠᠵᠢᠯ ᠲᠤᠰᠢᠶᠠᠬᠤ ᠵᠢ ᠰᠢᠯᠭ᠋ᠠᠨ ᠠᠪᠬᠤ ᠱᠠᠭ᠋ᠠᠷᠳᠠᠯᠭ᠎ᠠ ᠵᠢ ᠲᠤᠳᠤᠷᠬᠠᠢ᠌ᠯᠠᠪᠠ᠃ 《ᠬᠠᠮᠢᠶᠠᠷᠤᠯᠲᠠ ᠵᠢᠨ ᠠᠷᠭ᠎ᠠ》 ᠵᠢᠨ ᠬᠤᠷᠢᠨ ᠵᠢᠷᠭᠤᠳᠤᠭ᠋ᠠᠷ ᠵᠦᠢ᠍ᠯᠳᠤ 《ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠥᠷᠥᠯ ᠵᠦᠢ᠍ᠯᠤᠨ ᠠᠵᠢᠯ ᠲᠤᠰᠢᠶᠠᠬᠤ ᠵᠢ ᠰᠢᠯᠭ᠋ᠠᠨ ᠠᠪᠬᠤᠳᠤ ᠳᠣᠤᠷᠠᠬᠢ ᠨᠥᠬᠦᠴᠡᠯᠢ ᠪᠦᠷᠢᠯᠳᠦᠭᠦᠯᠬᠦ ᠬᠡᠷᠡᠭᠲᠡᠶ᠄ (ᠨᠢᠭᠡ) ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠵᠢᠷᠤᠭ ᠲᠥᠯᠥᠪᠯᠡᠭᠡ ᠪᠠ ᠭᠡᠷᠡᠳᠤ ᠪᠣᠯᠵᠣᠨ ᠲᠣᠭᠲᠠᠭᠰᠠᠨ ᠡᠯ᠎ᠡ ᠵᠦᠢ᠍ᠯᠤᠨ ᠠᠭᠤᠯᠭ᠎ᠠ ᠵᠢ ᠪᠡᠶᠡᠯᠡᠭᠦᠯᠦᠭᠰᠡᠨ ᠪᠠᠢ᠌ᠬᠤ ᠬᠡᠷᠡᠭᠳᠡᠢ; (ᠬᠤᠶᠠᠷ) ᠪᠦᠷᠢᠨ ᠪᠦᠲᠦᠨ ᠮᠡᠷᠭᠡᠵᠢᠯᠤᠨ ᠲᠠᠩᠰᠠ ᠡᠪᠬᠡᠮᠡᠯ ᠪᠠ ᠪᠠᠷᠢᠯᠭ᠎ᠠ ᠪᠠᠷᠢᠬᠤ ᠬᠠᠮᠢᠶᠠᠷᠤᠯᠲᠠ ᠵᠢᠨ ᠮᠠᠲ᠋ᠧᠷᠢᠶᠠᠯ ᠪᠠᠶ᠋ᠢᠬᠤ ᠬᠡᠷᠡᠭᠳᠡᠢ; (ᠭᠤᠷᠪᠠ) ᠪᠠᠷᠢᠯᠭᠠᠳᠤ ᠬᠡᠷᠡᠭᠯᠡᠬᠦ ᠭᠤᠤᠯ ᠪᠣᠯᠬᠤ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠰᠡᠯᠪᠢᠭ ᠲᠣᠨᠤᠭ ᠪᠠ ᠲᠥᠬᠦᠭᠡᠷᠦᠮᠵᠢ ᠵᠢ ᠲᠠᠯᠠᠪᠠᠶᠳᠤ ᠣᠷᠣᠭᠤᠯᠬᠤ ᠲᠤᠷᠰᠢᠯᠲᠠ ᠵᠢᠨ ᠮᠡᠳᠡᠭᠦᠯᠦᠯᠲᠡ ᠪᠠᠢ᠌ᠬᠤ ᠬᠡᠷᠡᠭᠳᠡᠢ; (ᠳᠥᠷᠪᠡ) ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠵᠢ ᠬᠢᠨᠠᠨ ᠬᠠᠮᠢᠶᠠᠷᠬᠤ ᠵᠡᠷᠭᠡ ᠨᠢᠭᠡᠴᠢ ᠵᠢᠨ ᠭᠠᠷᠤᠨ ᠥᠰᠥᠭ ᠵᠢᠷᠤᠭᠰᠠᠨ ᠶᠠᠰᠤ ᠴᠢᠨᠠᠷᠤᠨ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠪᠠᠶ᠋ᠢᠬᠤ ᠬᠡᠷᠡᠭᠲᠡᠶ; (ᠲᠠᠪᠤ) ᠪᠠᠷᠢᠯᠭ᠎ᠠ ᠪᠠᠷᠢᠬᠤ ᠨᠢᠭᠡᠴᠢ ᠵᠢᠨ ᠭᠠᠷᠤᠨ ᠦᠰᠦᠭ ᠵᠢᠷᠤᠭᠰᠠᠨ ᠪᠠᠷᠢᠯᠭ᠎ᠠ ᠵᠢᠨ ᠰᠡᠯᠪᠢᠨ ᠵᠠᠰᠠᠬᠤ ᠵᠢ ᠪᠠᠲᠤᠯᠠᠬᠤ ᠪᠢᠴᠢᠭ ᠪᠠᠶ᠋ᠢᠬᠤ ᠬᠡᠷᠡᠭᠲᠡᠢ᠃ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠦᠳᠦᠭᠡᠨ ᠪᠠᠢ᠌ᠭᠤᠯᠬᠤ ᠨᠢᠭᠡᠴᠢᠨᠢ ᠪᠠᠷᠢᠯᠭ᠎ᠠ ᠪᠠᠷᠢᠬᠤ ᠨᠢᠭᠡᠴᠢ ᠵᠢᠨ ᠲᠤᠰᠢᠶᠠᠭᠰᠠᠨ ᠪᠠᠷᠢᠯᠭ᠎ᠠ ᠵᠢᠨ ᠠᠵᠢᠯ ᠲᠤᠰᠢᠶᠠᠬᠤ ᠵᠢ ᠰᠢᠯᠭ᠋ᠠᠨ ᠠᠪᠬᠤ ᠮᠡᠳᠡᠭᠦᠯᠦᠯᠲᠡ ᠵᠢ ᠬᠦᠯᠢᠶᠡᠨ ᠠᠪᠤᠭᠰᠠᠨᠤ ᠳᠠᠷᠠᠭ᠎ᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠬᠣᠯᠪᠣᠭᠳᠠᠯ ᠪᠦᠬᠦᠢ ᠨᠢᠭᠡᠴᠢ ᠵᠢ ᠵᠣᠬᠢᠶᠠᠨ ᠪᠠᠶ᠋ᠢᠭᠤᠯᠤᠨ ᠪᠠᠷᠢᠯᠭ᠎ᠠ ᠵᠢᠨ ᠠᠵᠢᠯ ᠲᠤᠰᠢᠶᠠᠬᠤ ᠵᠢ ᠰᠢᠯᠭ᠋ᠠᠨ ᠠᠪᠬᠤ ᠬᠡᠷᠡᠭᠲᠡᠶ》᠃
(ᠲᠠᠪᠤ) ᠶᠠᠰᠤ ᠴᠢᠨᠠᠷᠲᠤ ᠬᠢᠨᠠᠯᠲᠠ ᠲᠠᠯᠪᠢᠬᠤ ᠳᠡᠰ ᠳᠠᠷᠠᠭ᠋ᠠᠯᠠᠯᠢ ᠲᠤᠳᠤᠷᠬᠠᠢ᠌ᠯᠠᠪᠠ᠃ 《ᠬᠠᠮᠢᠶᠠᠷᠤᠯᠲᠠ ᠵᠢᠨ ᠠᠷᠭ᠎ᠠ》 ᠵᠢᠨ ᠬᠤᠷᠢᠨ ᠨᠠᠢ᠍ᠮᠠᠳᠤᠭ᠋ᠠᠷ ᠵᠦᠢ᠍ᠯᠳᠤ 《ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠲᠤ ᠬᠢᠨᠠᠯᠲᠠ ᠲᠠᠯᠪᠢᠬᠤ ᠵᠢ ᠳᠣᠤᠷᠠᠬᠢ ᠳᠡᠰ ᠳᠠᠷᠠᠭ᠋ᠠᠯᠠᠯᠤᠨ ᠶᠣᠰᠣᠭ᠋ᠠᠷ ᠬᠢᠬᠦ ᠬᠡᠷᠡᠭᠲᠡᠶ᠄ (ᠨᠢᠭᠡ) ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠨᠢᠭᠡᠴᠢ ᠵᠢᠨ ᠪᠠᠷᠢᠯᠭ᠎ᠠ ᠵᠢᠨ ᠶᠠᠰᠤ ᠴᠢᠨᠠᠷᠲᠤ ᠬᠢᠨᠠᠯᠲᠠ ᠲᠠᠯᠪᠢᠬᠤ ᠵᠢ ᠭᠤᠶᠤᠴᠢᠯᠠᠨ ᠮᠡᠳᠡᠭᠦᠯᠵᠦ᠂ ᠭᠦᠢ᠍ᠴᠡᠳᠭᠡᠭᠰᠡᠨ ᠭᠠᠷᠳᠠᠮ ᠪᠠᠢ᠌ᠬᠤ ᠬᠡᠷᠡᠭᠲᠡᠶ; (ᠬᠤᠶᠠᠷ) ᠪᠠᠷᠢᠯᠭ᠎ᠠ ᠵᠢᠨ ᠶᠠᠰᠤ ᠴᠢᠨᠠᠷᠲᠤ ᠬᠢᠨᠠᠯᠲᠠ ᠲᠠᠯᠪᠢᠬᠤ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ ᠪᠠᠢ᠌ᠬᠤ ᠬᠡᠷᠡᠭᠳᠡᠢ; (ᠭᠤᠷᠪᠠ) ᠪᠠᠷᠢᠯᠭ᠎ᠠ ᠵᠢᠨ ᠶᠠᠰᠤ ᠴᠢᠨᠠᠷᠤᠨ ᠬᠠᠷᠢᠭᠤᠴᠠᠯᠭ᠎ᠠ ᠵᠢᠨ ᠭᠤᠣᠯ ᠴᠣᠭᠴᠠ ᠪᠠ ᠬᠤᠯᠪᠣᠭᠳᠠᠯ ᠪᠦᠬᠦᠢ ᠪᠠᠶ᠋ᠢᠭᠤᠯᠤᠮᠵᠢ ᠵᠢᠨ ᠪᠠᠷᠢᠯᠭ᠎ᠠ ᠵᠢᠨ ᠶᠠᠰᠤ ᠴᠢᠨᠠᠷ᠂ ᠪᠠᠷᠢᠯᠭ᠎ᠠ ᠵᠢᠨ ᠪᠤᠳᠠᠳᠤ ᠴᠤᠭᠴᠠᠳᠤ ᠰᠤᠭᠤᠴᠢᠨ ᠪᠠᠶ᠋ᠢᠴᠠᠭ᠋ᠠᠯᠲᠠ᠂ ᠬᠡᠮᠵᠢᠯᠲᠡ ᠬᠢᠬᠦ ᠬᠡᠷᠡᠭᠳᠡᠢ; (ᠳᠥᠷᠪᠡ) ᠪᠠᠷᠢᠯᠭ᠎ᠠ ᠵᠢᠨ ᠠᠵᠢᠯ ᠲᠤᠰᠢᠶᠠᠬᠤ ᠵᠢ ᠰᠢᠯᠭ᠋ᠠᠨ ᠠᠪᠬᠤᠳᠤ ᠬᠢᠨᠠᠯᠲᠠ ᠲᠠᠯᠪᠢᠨ᠎ᠠ; (ᠲᠠᠪᠤ)) ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠲᠠᠯᠪᠢᠬᠤ ᠮᠡᠳᠡᠭᠦᠯᠦᠯᠳᠡ ᠵᠢ ᠪᠤᠢ ᠪᠤᠯᠭ᠋ᠠᠨ᠎ᠠ; (ᠵᠢᠷᠭᠤᠭ᠎ᠠ) ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠲᠠᠯᠪᠢᠬᠤ ᠳᠠᠩᠰᠠ ᠡᠪᠬᠡᠮᠡᠯᠢ ᠪᠠᠢ᠌ᠭᠤᠯᠤᠨ᠎ᠠ᠃
ᠲᠠᠶ᠋ᠢᠯᠤᠮᠵᠢ ᠬᠢᠭᠰᠡᠨ ᠨᠢᠭᠡᠴᠢ᠄ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ
ᠬᠠᠷᠢᠯᠴᠠᠬᠤ ᠤᠲᠠᠰᠤ᠄ 0471 - 6945973