ᠵᠠᠬᠢᠳᠠᠯ ᠰᠣᠷᠪᠣᠯᠵᠢᠯᠠᠭᠴᠢ ᠵᠢᠨ ᠨᠡᠷ᠎ᠡ᠄ ᠰᠦᠨ ᠣᠪᠣᠭᠲᠣ
ᠵᠠᠬᠢᠳᠠᠯ ᠢᠷᠡᠭᠦᠯᠦᠭᠰᠡᠨ ᠴᠠᠭ᠄ 2025-06-13
ᠵᠠᠬᠢᠳᠠᠯ᠎ᠤᠨ ᠭᠣᠣᠯ ᠰᠡᠳᠦᠪ᠄ ᠠᠶᠣᠯᠭᠦᠢ ᠬᠠᠮᠢᠶᠠᠷᠣᠯᠲᠠ ᠵᠢᠨ ᠠᠵᠢᠯᠲᠠᠨ ᠮᠣᠵᠢ ᠠᠯᠣᠰᠯᠠᠨ ᠰᠦᠯᠵᠢᠭᠦᠯᠦᠨ ᠭᠠᠷᠭ᠋ᠠᠬᠤ ᠵᠢ ᠭᠦᠢ᠍ᠴᠡᠳᠬᠡᠬᠦ
ᠵᠠᠬᠢᠳᠠᠯ᠎ᠤᠨ ᠠᠭᠣᠯᠭ᠎ᠠ᠄ ᠠᠶᠣᠯᠭᠦᠢ ᠬᠠᠮᠢᠶᠠᠷᠣᠯᠲᠠ ᠵᠢᠨ ᠠᠵᠢᠯᠲᠠᠨ ᠮᠣᠵᠢ ᠠᠯᠣᠰᠯᠠᠨ ᠰᠢᠯᠵᠢᠭᠦᠯᠦᠨ ᠭᠠᠷᠭ᠋ᠠᠬᠤ ᠵᠢ ᠭᠦᠢ᠍ᠴᠡᠳᠬᠡᠬᠦ ᠲᠣᠬᠠᠢ᠌ᠯᠠᠭᠰᠠᠨ ᠠᠵᠢᠯ᠂ ᠮᠤᠵᠢ ᠣᠷᠣᠨ᠎ᠤ ᠠᠵᠦ ᠠᠬᠤᠢ᠌ᠯᠠᠯ᠎ᠳᠤ ᠰᠢᠯᠵᠢᠭᠦᠯᠦᠨ ᠣᠷᠣᠭᠣᠯᠣᠭᠰᠠᠨᠢ ᠬᠦᠯᠢᠶᠡᠨ ᠠᠪᠣᠭᠰᠠᠨ ᠦᠭᠡᠢ᠂ ᠰᠢᠯᠵᠢᠭᠦᠯᠦᠨ ᠣᠷᠣᠭᠣᠯᠬᠤ ᠭᠠᠷ ᠭᠦᠢ᠍ᠴᠡᠳᠬᠡᠯ᠎ᠢ ᠬᠢᠭᠰᠡᠨ ᠦᠭᠡᠢ ᠪᠣᠯ᠂ ᠪᠣᠴᠠᠭ᠋ᠠᠵᠦ ᠪᠣᠯᠣᠨ᠎ᠠ ᠦᠦ?
ᠬᠠᠷᠢᠭᠣᠯᠣᠭᠰᠠᠨ ᠴᠠᠭ᠄ 2025-06-13
ᠬᠠᠷᠢᠭᠤ ᠵᠢᠨ ᠠᠭᠣᠯᠭ᠎ᠠ᠄ ᠰᠠᠢ᠌ᠨ ᠤᠤ᠂ ᠲᠠᠨ᠎ᠤ ᠬᠥᠳᠡᠯᠦᠯᠴᠡᠨ ᠰᠣᠯᠢᠯᠴᠠᠬᠤ ᠪᠤᠯᠤᠩ᠎ᠳᠤ ᠲᠤᠰᠬᠠᠭᠰᠠᠨ ᠠᠰᠠᠭᠤᠳᠠᠯ᠎ᠢ ᠨᠢᠭᠡᠨᠲᠡ ᠣᠯᠵᠤ ᠣᠢ᠌ᠯᠭ᠋ᠠᠭᠰᠠᠨ᠂ ᠣᠳᠣ ᠳᠣᠣᠷᠠᠬᠢ ᠮᠡᠲᠦ ᠬᠠᠷᠢᠭᠤ ᠥᠭᠭᠦᠶ᠎ᠡ ᠄ ᠠᠶᠣᠯᠭᠦᠢ ᠬᠠᠮᠢᠶᠠᠷᠣᠯᠲᠠ ᠵᠢᠨ ᠠᠵᠢᠯᠲᠠᠨ ᠮᠣᠵᠢ ᠠᠯᠣᠰᠯᠠᠨ ᠰᠢᠯᠵᠢᠭᠦᠯᠦᠨ ᠭᠠᠷᠭ᠋ᠠᠭᠰᠠᠨ᠎ᠤ ᠳᠠᠷᠠᠭ᠎ᠠ᠂ ᠪᠣᠴᠠᠭ᠋ᠠᠵᠦ ᠳᠡᠢ᠌ᠯᠬᠦ ᠦᠭᠡᠢ᠂ ᠵᠦᠪᠬᠡᠨ ᠲᠣᠬᠠᠢ᠌ᠯᠠᠭᠰᠠᠨ ᠠᠵᠢᠯ ᠵᠶ᠋ᠠᠨ ᠬᠦᠴᠦᠨ ᠦᠭᠡᠢ ᠪᠣᠯᠭ᠋ᠠᠬᠤ᠎ᠪᠠᠷ ᠭᠣᠶᠣᠴᠢᠯᠠᠵᠦ ᠪᠣᠯᠣᠨ᠎ᠠ᠃ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠬᠤᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ — ᠲᠣᠰᠬᠠᠢ ᠰᠡᠳᠦᠪᠲᠦ ᠲᠣᠰᠬᠠᠢ ᠪᠣᠯᠣᠩ — ᠪᠦᠲᠦᠭᠡᠨ ᠪᠠᠢ᠌ᠭᠣᠯᠣᠯᠲᠠ ᠵᠢᠨ ᠢᠨᠵᠸᠨ᠋ᠸᠷᠢᠩ᠎ᠤᠨ ᠠᠵᠦ ᠠᠬᠣᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ ᠬᠢᠭᠡᠳ ᠢᠨᠵᠸᠨ᠋ᠸᠷᠢᠩ᠎ᠤᠨ ᠪᠦᠲᠦᠭᠡᠨ ᠪᠠᠢ᠌ᠭᠣᠯᠣᠯᠲᠠ ᠵᠢᠨ ᠲᠦᠷᠦᠯ ᠵᠦᠢ᠍ᠯ᠎ᠤᠨ ᠬᠢᠨᠠᠨ ᠵᠦᠪᠰᠢᠶᠡᠷᠡᠯ᠎ᠤᠨ ᠳᠦᠷᠢᠮ᠎ᠤᠨ ᠦᠭᠡᠷᠡᠴᠢᠯᠡᠯᠲᠡ — ᠰᠢᠰᠲ᠋ᠧᠮ᠎ᠤᠨ ᠠᠵᠢᠯᠯᠠᠭ᠋ᠠᠨ᠎ᠤ ᠭᠠᠷ ᠳᠡᠪᠲᠡᠷ ᠵᠢᠴᠢ ᠦᠯᠢᠭᠡᠷ ᠬᠦᠰᠦᠨᠦᠭᠲᠦ ᠵᠢ ᠪᠠᠭᠣᠯᠭ᠋ᠠᠨ ᠠᠪᠴᠤ᠂ 《ᠠᠶᠣᠯᠭᠦᠢ ᠬᠠᠮᠢᠶᠠᠷᠤᠯᠲᠠ ᠵᠢᠨ ᠠᠵᠢᠯᠲᠠᠨ᠎ᠤ ᠬᠦᠴᠦᠨ ᠦᠭᠡᠢ ᠪᠣᠯᠭ᠋ᠠᠬᠤ ᠭᠣᠶᠣᠴᠢᠯᠠᠯ᠎ᠤᠨ ᠬᠦᠰᠦᠨᠦᠭᠲᠦ (ᠮᠤᠵᠢ ᠠᠯᠣᠰᠯᠠᠨ ᠰᠢᠯᠵᠢᠭᠦᠯᠦᠨ ᠭᠠᠷᠭ᠋ᠠᠭᠰᠠᠨ᠎ᠤ ᠳᠠᠷᠠᠭ᠎ᠠ ᠬᠦᠴᠦᠨ ᠦᠭᠡᠢ ᠪᠣᠯᠭ᠋ᠠᠬᠤ)》 (ᠲᠤᠰ ᠪᠢᠴᠢᠭ᠎ᠤᠨ ᠳᠠᠭ᠋ᠠᠯᠳᠣᠭᠣᠯᠣᠯᠳᠤ ᠦᠵᠡ) ᠵᠢ ᠡᠷᠢᠵᠦ ᠣᠯᠣᠭᠰᠠᠨ᠎ᠤ ᠳᠠᠷᠠᠭ᠎ᠠ᠂ ᠣᠣᠯ ᠪᠢᠴᠢᠭ ᠰᠢᠷᠪᠢᠯᠲᠡ ᠵᠢᠨ ᠵᠦᠢ᠍ᠯ᠎ᠢ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠣᠷᠣᠨ ᠰᠠᠭᠣᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠶᠢᠩᠬᠢᠮᠤᠨ ᠵᠢᠭ᠋ᠠᠨ ᠲᠤᠭᠲᠠᠭ᠋ᠠᠭᠰᠠᠨ ᠰᠢᠤᠲᠠᠨᠤ ᠬᠠᠢ᠌ᠷᠴᠠᠭ nmgzjtslry@163.com᠎ᠳᠤ ᠬᠦᠷᠭᠡᠵᠦ ᠬᠦᠴᠦᠨ ᠦᠭᠡᠢ ᠪᠣᠯᠭ᠋ᠠᠨ᠎ᠠ ᠃ ᠮᠠᠨ᠎ᠤ ᠲᠢᠩᠬᠢᠮ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠰᠠᠢ᠌ᠵᠢᠷᠠᠭᠤᠯᠬᠤ ᠪᠣᠯᠣᠨ᠎ᠠ᠂ ᠲᠠᠨ᠎ᠤ ᠬᠥᠳᠡᠯᠦᠯᠴᠡᠨ ᠰᠣᠯᠢᠯᠴᠠᠬᠤ ᠪᠤᠯᠤᠩ᠎ᠢ ᠠᠩᠬᠠᠷᠴᠤ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠭᠠᠵᠠᠷ
2025 ᠣᠨ᠎ᠤ 6 ᠳ᠋ᠤᠭ᠋ᠠᠷ ᠰᠠᠷ᠎ᠠ ᠵᠢᠨ 13᠎ᠤ ᠡᠳᠦᠷ