ᠵᠠᠬᠢᠳᠠᠯ ᠰᠣᠷᠪᠣᠯᠵᠢᠯᠠᠭᠴᠢ᠎ᠶᠢᠨ ᠨᠡᠷ᠎ᠡ᠄ ᠰᠦᠨ ᠣᠪᠣᠭᠲᠤ
ᠵᠠᠬᠢᠳᠠᠯ ᠢᠷᠡᠭᠦᠯᠦᠭ᠌ᠰᠡᠨ ᠴᠠᠭ᠄ 2025 - 12 - 22
ᠵᠠᠬᠢᠳᠠᠯ᠎ᠤᠨ ᠭᠤᠣᠯ ᠰᠡᠳᠦᠪ᠄ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯᠲᠠᠨ ᠮᠤᠵᠢ ᠠᠯᠤᠰᠯᠠᠨ ᠱᠢᠯᠵᠢᠭᠦᠯᠦᠨ ᠭᠠᠷᠭᠠᠬᠤ ᠲᠤᠬᠠᠢᠯᠠᠭ᠍ᠰᠠᠨ ᠠᠵᠢᠯ᠎ᠢ ᠭᠦᠢᠴᠡᠳᠭᠡᠨ᠎ᠡ
ᠵᠠᠬᠢᠳᠠᠯ᠎ᠤᠨ ᠠᠭᠤᠯᠭ᠎ᠠ᠄ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯᠲᠠᠨ ᠮᠤᠵᠢ ᠠᠯᠤᠰᠯᠠᠨ ᠱᠢᠯᠵᠢᠭᠦᠯᠦᠨ ᠭᠠᠷᠭᠠᠬᠤ ᠲᠤᠬᠠᠢᠯᠠᠭ᠍ᠰᠠᠨ ᠠᠵᠢᠯ᠎ᠢ ᠭᠦᠢᠴᠡᠳᠭᠡᠵᠦ᠍᠂ ᠮᠤᠵᠢ ᠣᠷᠣᠨ᠎ᠤ ᠠᠵᠤ ᠠᠬᠤᠢᠯᠠᠯ᠎ᠳᠤ ᠱᠢᠯᠵᠢᠭᠦᠯᠦᠨ ᠣᠷᠣᠭᠤᠯᠤᠭᠠᠳ ᠬᠦᠯᠢᠶᠡᠨ ᠠᠪᠤᠭ᠍ᠰᠠᠨ ᠦᠭᠡᠢ᠂ ᠱᠢᠯᠵᠢᠭᠦᠯᠦᠨ ᠣᠷᠣᠭᠤᠯᠬᠤ ᠭᠠᠷ ᠭᠦᠢᠴᠡᠳᠭᠡᠯ ᠬᠢᠭ᠌ᠰᠡᠨ ᠦᠭᠡᠢ ᠪᠣᠯ ᠪᠤᠴᠠᠭᠠᠵᠤ ᠪᠣᠯᠣᠨ᠎ᠠ ᠦᠦ ?
ᠬᠠᠷᠢᠭᠤᠯᠤᠭᠰᠠᠨ ᠴᠠᠭ᠄ 2025 - 12 - 22
ᠬᠠᠷᠢᠭᠤ᠎ᠶᠢᠨ ᠠᠭᠤᠯᠭ᠎ᠠ᠄ ᠰᠠᠢᠨ ᠤᠤ᠂ ᠲᠠᠨ᠎ᠤ ᠲᠤᠰᠭᠠᠭ᠍ᠰᠠᠨ ᠠᠰᠠᠭᠤᠳᠠᠯ᠎ᠢ ᠨᠢᠭᠡᠨᠲᠡ ᠣᠯᠵᠤ ᠣᠢ᠌ᠯᠠᠭ᠋ᠠᠭᠰᠠᠨ᠂ ᠣᠳᠣ ᠳᠣᠤᠷᠠᠬᠢ ᠮᠡᠲᠦ᠍ ᠬᠠᠷᠢᠭᠤ ᠥᠭᠭᠦᠶ᠎ᠡ᠄ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯᠲᠠᠨ ᠮᠤᠵᠢ ᠠᠯᠤᠰᠯᠠᠨ ᠱᠢᠯᠵᠢᠭᠦᠯᠦᠨ ᠭᠠᠷᠭᠠᠭ᠍ᠰᠠᠨ᠎ᠤ ᠳᠠᠷᠠᠭ᠎ᠠ᠂ ᠪᠤᠴᠠᠭᠠᠬᠤ᠎ᠶ᠋ᠢᠨ ᠠᠷᠭ᠎ᠠ ᠥᠬᠡᠶ᠂ ᠵᠥᠪᠬᠡᠨ ᠲᠤᠬᠠᠢᠯᠠᠭ᠍ᠰᠠᠨ ᠠᠵᠢᠯ᠎ᠢᠶᠠᠨ ᠬᠦᠴᠦᠨ ᠥᠬᠡᠶ ᠪᠣᠯᠭᠠᠬᠤ᠎ᠪᠠᠷ ᠭᠤᠶᠤᠴᠢᠯᠠᠵᠤ ᠪᠣᠯᠤᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠠᠯᠪᠠᠨ ᠰᠦᠯᠵᠢᠶ᠎ᠡ ᠲᠤᠰᠬᠠᠢ ᠰᠡᠳᠦᠪᠲᠦ ᠲᠤᠰᠭᠠᠶ ᠪᠤᠯᠤᠩ ᠪᠥᠲᠥᠭᠡᠨ ᠪᠠᠢ᠌ᠭᠤᠯᠤᠯᠲᠠ᠎ᠶᠢᠨ ᠢᠨᠵᠸᠨ᠋ᠸᠷᠢᠩ᠎ᠦᠨ ᠠᠵᠤ ᠠᠬᠤᠢᠯᠠᠯ᠎ᠤᠨ ᠬᠢᠷᠢ ᠬᠡᠮ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠬᠢᠭᠡᠳ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠬᠢᠨᠠᠨ ᠵᠥᠪᠱᠢᠶᠡᠷᠡᠯ᠎ᠤᠨ ᠲᠦᠷᠢᠮ᠎ᠤᠨ ᠥᠭᠡᠷᠡᠴᠢᠯᠡᠯᠲᠡ ᠱᠢᠰᠲ᠋ᠧᠮ᠎ᠤᠨ ᠠᠵᠢᠯᠯᠠᠭᠠᠨ᠎ᠤ ᠭᠠᠷ ᠳᠡᠪᠲᠡᠷ ᠵᠢᠴᠢ ᠥᠯᠢᠭᠡᠷ ᠬᠦᠰᠦᠨᠦᠭ᠌ᠲᠦ᠍᠎ᠶ᠋ᠢ ᠪᠠᠭᠤᠯᠭ᠋ᠠᠵᠤ᠂ 《 ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯᠲᠠᠨ᠎ᠤ ᠬᠦᠴᠦᠨ ᠥᠬᠡᠶ ᠪᠣᠯᠭᠠᠬᠤ ᠭᠤᠶᠤᠴᠢᠯᠠᠯ᠎ᠤᠨ ᠬᠦᠰᠦᠨᠦᠭ᠌ᠲᠦ ( ᠮᠤᠵᠢ ᠠᠯᠤᠰᠯᠠᠨ ᠱᠢᠯᠵᠢᠭᠦᠯᠦᠨ ᠭᠠᠷᠭᠠᠭ᠍ᠰᠠᠨ᠎ᠤ ᠳᠠᠷᠠᠭ᠎ᠠ ᠬᠦᠴᠦᠨ ᠥᠬᠡᠶ ᠪᠣᠯᠭᠠᠬᠤ )》᠎ᠶ᠋ᠢ ᠡᠷᠢᠵᠦ᠍ ᠣᠯᠣᠭ᠍ᠰᠠᠨᠤ ᠳᠠᠷᠠᠭ᠎ᠠ᠂ ᠤᠤᠯ ᠪᠢᠴᠢᠭ ᠮᠠᠲᠸᠷᠢᠶᠠᠯ᠎ᠤᠨ ᠱᠢᠷᠪᠢᠯᠲᠡ᠎ᠶ᠋ᠢᠨ ᠵᠦᠢᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠵᠢᠭᠠᠨ ᠲᠣᠭ᠍ᠲᠠᠭᠠᠭ᠍ᠰᠠᠨ ᠱᠢᠤᠳᠠᠨ᠎ᠤ ᠬᠠᠢᠷᠴᠠᠭ nmgzjtslry@163.com᠎ᠲᠤ ᠢᠯᠡᠭᠡᠵᠦ ᠬᠦᠴᠦᠨ ᠥᠬᠡᠶ ᠪᠣᠯᠭᠠᠨ᠎ᠠ᠃ ᠮᠠᠨ᠎ᠤ ᠲᠢᠩᠬᠢᠮ ᠦᠢᠯᠡᠴᠢᠯᠡᠭᠡᠨ᠎ᠤ ᠶᠠᠰᠤ ᠴᠢᠨᠠᠷ᠎ᠢᠶᠠᠨ ᠦᠷᠭᠦᠯᠵᠢᠯᠡᠨ ᠰᠠᠢ᠌ᠵᠢᠷᠠᠭᠤᠯᠬᠤ ᠪᠣᠯᠣᠨ᠎ᠠ᠂ ᠲᠠᠨ᠎ᠤ ᠬᠥᠳᠡᠯᠦᠨ ᠰᠣᠯᠢᠯᠴᠠᠬᠤ ᠪᠤᠯᠤᠩ᠎ᠢ ᠠᠩᠬᠠᠷᠴᠤ᠌ ᠳᠡᠮᠵᠢᠭ᠌ᠰᠡᠨ᠎ᠳᠤ ᠲᠠᠯᠠᠷᠬᠠᠵᠤ ᠪᠠᠢᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠯ᠎ᠦᠨ ᠭᠠᠵᠠᠷ
2025 ᠣᠨ᠎ᠤ 12 ᠳ᠋ᠤᠭ᠋ᠠᠷ ᠰᠠᠷ᠎ᠠ᠎ᠶ᠋ᠢᠨ 22 ᠤᠨ ᠡᠳᠦᠷ