ᠨᠢᠭᠡᠳᠦᠭᠡᠷ ᠵᠣᠷᠪᠣᠰ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠢ ᠴᠢᠩᠭ᠎ᠠ ᠵᠢᠷᠤᠮᠵᠢᠭᠤᠯᠤᠨ᠂ ᠠᠶᠤᠯ ᠥᠬᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠣᠷᠪᠣᠰ ᠤᠯᠤᠰ᠎ᠠᠴᠠ ᠠᠭᠤᠷᠬᠠᠢ ᠵᠢᠨ ᠠᠵᠤ ᠠᠬᠤᠢ᠌ᠯᠠᠯ᠂ ᠪᠠᠷᠢᠯᠭ᠎ᠠ ᠪᠠᠷᠢᠬᠤ ᠠᠵᠤ ᠠᠬᠤᠢ᠌ᠯᠠᠯ ᠪᠣᠯᠤᠨ ᠠᠶᠤᠯᠲᠠᠢ ᠬᠢᠮᠢ ᠵᠢᠨ ᠡᠳ᠋᠂ ᠬᠤᠸᠠᠷ ᠫᠤᠤᠵᠢᠩ᠂ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠪᠠᠭ᠋ᠠᠵᠢ ᠮᠠᠲ᠋ᠧᠷᠢᠶᠠᠯ ᠦᠢ᠍ᠯᠡᠳᠪᠦᠷᠢᠯᠡᠬᠦ ᠠᠵᠤ ᠠᠬᠤᠢ᠌ᠯᠠᠯ (ᠳᠣᠷᠣᠭᠰᠢ ᠠᠵᠤ ᠠᠬᠤᠢ᠌ᠯᠠᠯ ᠭᠡᠵᠦ ᠶᠡᠷᠦᠩᠬᠡᠢ᠌ᠯᠡᠨ ᠨᠡᠷᠡᠢ᠌ᠳᠦᠨ᠎ᠡ)᠎ᠠᠴᠠ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠳᠦᠷᠢᠮ᠎ᠢ ᠬᠡᠷᠡᠭᠵᠢᠭᠦᠯᠦᠨ᠎ᠡ᠃
ᠠᠵᠤ ᠠᠬᠤᠢ᠌ᠯᠠᠯ᠎ᠤᠳ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠤᠭᠰᠠᠨ ᠥᠬᠡᠢ ᠪᠠᠢ᠌ᠪᠠᠯ ᠦᠢ᠍ᠯᠡᠳᠪᠦᠷᠢᠯᠡᠯ᠎ᠤᠨ ᠠᠵᠢᠯᠯᠠᠭ᠎ᠠ ᠬᠢᠵᠦ ᠪᠣᠯᠬᠤ ᠥᠬᠡᠢ᠃
ᠭᠤᠷᠪᠠᠳᠤᠭ᠋ᠠᠷ ᠵᠣᠷᠪᠣᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯ ᠥᠬᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠥᠪ᠎ᠠᠴᠠ ᠬᠠᠮᠢᠶᠠᠷᠴᠤ ᠪᠠᠢ᠌ᠭ᠎ᠠ ᠨᠡᠭᠦᠷᠡᠰᠦᠨ ᠠᠭᠤᠷᠬᠠᠢ ᠵᠢᠨ ᠪᠤᠰᠤ ᠠᠵᠤ ᠠᠬᠤᠢ᠌ᠯᠠᠯ ᠪᠣᠯᠤᠨ ᠠᠶᠤᠯᠲᠠᠢ ᠬᠢᠮᠢ ᠵᠢᠨ ᠡᠳ᠋᠂ ᠬᠤᠸᠠᠷ ᠫᠤᠤᠵᠢᠩ᠎ᠤᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠪᠠ ᠬᠠᠮᠢᠶᠠᠷᠬᠤ ᠵᠢ ᠬᠠᠷᠢᠭᠤᠴᠠᠬᠤ ᠬᠡᠷᠡᠭᠲᠡᠢ᠃
ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠶᠤᠯ ᠥᠬᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠡᠮᠦᠨᠡᠬᠢ ᠵᠤᠷᠪᠤᠰ᠎ᠤᠨ ᠲᠣᠭᠲᠠᠭ᠋ᠠᠯ᠎ᠠᠴᠠ ᠭᠠᠳᠠᠨᠠᠬᠢ ᠨᠡᠭᠦᠷᠡᠰᠦᠨ ᠠᠭᠤᠷᠬᠠᠢ ᠵᠢᠨ ᠪᠤᠰᠤ ᠠᠵᠤ ᠠᠬᠤᠢ᠌ᠯᠠᠯ ᠪᠣᠯᠤᠨ ᠠᠶᠤᠯᠲᠠᠢ ᠬᠢᠮᠢ ᠵᠢᠨ ᠡᠳ᠋᠂ ᠬᠤᠸᠠᠷ ᠫᠤᠤᠵᠢᠩ᠎ᠤᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠪᠠ ᠬᠠᠮᠢᠶᠠᠷᠬᠤ ᠵᠢ ᠬᠠᠷᠢᠭᠤᠴᠠᠬᠤ ᠵᠢᠨ ᠬᠠᠮᠲᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯ ᠥᠬᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠪᠠ ᠬᠢᠨᠠᠯᠲᠠ ᠲᠠᠯᠪᠢᠯᠲᠠ ᠵᠢ ᠬᠦᠯᠢᠶᠡᠨ ᠠᠪᠬᠤ ᠬᠡᠷᠡᠭᠲᠡᠢ᠃
ᠤᠯᠤᠰ᠎ᠤᠨ ᠨᠡᠭᠦᠷᠡᠰᠦᠨ ᠠᠭᠤᠷᠬᠠᠢ ᠵᠢᠨ ᠠᠶᠤᠯ ᠥᠬᠡᠢ ᠵᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠲᠥᠪ᠎ᠠᠴᠠ ᠬᠠᠮᠢᠶᠠᠷᠴᠤ ᠪᠠᠢ᠌ᠭ᠎ᠠ ᠨᠡᠭᠦᠷᠡᠰᠦᠨ ᠠᠭᠤᠷᠬᠠᠢ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠪᠠ ᠬᠠᠮᠢᠶᠠᠷᠬᠤ ᠵᠢ ᠬᠠᠷᠢᠭᠤᠴᠠᠬᠤ ᠬᠡᠷᠡᠭᠲᠡᠢ᠃
ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠳᠤ ᠪᠠᠢ᠌ᠭᠤᠯᠤᠭᠰᠠᠨ ᠨᠡᠭᠦᠷᠡᠰᠦᠨ ᠠᠭᠤᠷᠬᠠᠢ ᠵᠢᠨ ᠠᠶᠤᠯ ᠥᠬᠡᠢ ᠵᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠤᠭᠤᠳ ᠡᠮᠦᠨᠡᠬᠢ ᠵᠤᠷᠪᠤᠰ᠎ᠤᠨ ᠲᠣᠭᠲᠠᠭ᠋ᠠᠯ᠎ᠠᠴᠠ ᠭᠠᠳᠠᠨᠠᠬᠢ ᠪᠤᠰᠤᠳ ᠨᠡᠭᠦᠷᠡᠰᠦᠨ ᠠᠭᠤᠷᠬᠠᠢ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠪᠠ ᠬᠠᠮᠢᠶᠠᠷᠬᠤ ᠵᠢ ᠬᠠᠷᠢᠭᠤᠴᠠᠬᠤ ᠵᠢᠨ ᠬᠠᠮᠲᠤ᠂ ᠤᠯᠤᠰ᠎ᠤᠨ ᠨᠡᠭᠦᠷᠡᠰᠦᠨ ᠠᠭᠤᠷᠬᠠᠢ ᠵᠢᠨ ᠠᠶᠤᠯ ᠥᠬᠡᠢ ᠵᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠵᠢᠨ ᠵᠢᠯᠣᠭᠣᠳᠤᠯᠭ᠎ᠠ ᠪᠠ ᠬᠢᠨᠠᠯᠲᠠ ᠲᠠᠯᠪᠢᠯᠲᠠ ᠵᠢ ᠬᠦᠯᠢᠶᠡᠨ ᠠᠪᠬᠤ ᠬᠡᠷᠡᠭᠲᠡᠢ᠃
ᠳᠥᠷᠪᠡᠳᠦᠭᠡᠷ ᠵᠣᠷᠪᠣᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠲᠥᠪ᠎ᠠᠴᠠ ᠬᠠᠮᠢᠶᠠᠷᠴᠤ ᠪᠠᠢ᠌ᠭ᠎ᠠ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠪᠠ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠡᠮᠦᠨᠡᠬᠢ ᠵᠤᠷᠪᠤᠰ᠎ᠤᠨ ᠲᠣᠭᠲᠠᠭ᠋ᠠᠯ᠎ᠠᠴᠠ ᠭᠠᠳᠠᠨᠠᠬᠢ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠪᠠ ᠬᠠᠮᠢᠶᠠᠷᠬᠤ ᠠᠵᠢᠯ᠎ᠢ ᠬᠠᠷᠢᠭᠤᠴᠠᠬᠤ ᠪᠥᠭᠡᠳ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠪᠠ ᠬᠢᠨᠠᠯᠲᠠ ᠲᠠᠯᠪᠢᠯᠲᠠ ᠵᠢ ᠬᠦᠯᠢᠶᠡᠨ ᠠᠪᠬᠤ ᠬᠡᠷᠡᠭᠲᠡᠢ᠃
ᠲᠠᠪᠤᠳᠤᠭ᠋ᠠᠷ ᠵᠣᠷᠪᠣᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠪᠠᠭ᠋ᠠᠵᠢ ᠮᠠᠲ᠋ᠧᠷᠢᠶᠠᠯ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠪᠠ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠣᠷᠪᠣᠰ ᠠᠵᠤ ᠠᠬᠤᠢ᠌ᠯᠠᠯ᠎ᠤᠳ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠣᠯᠬᠤ᠎ᠳᠤ ᠳᠣᠣᠷ᠎ᠠ ᠵᠢᠭᠰᠠᠭ᠋ᠠᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
(ᠨᠢᠭᠡ) ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠲᠣᠭᠲᠠᠭ᠋ᠠᠨ ᠲᠡᠭᠦᠯᠳᠡᠷᠵᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠪᠦᠷᠢᠨ ᠲᠡᠭᠦᠯᠳᠡᠷ ᠳᠦᠷᠢᠮ ᠲᠣᠭᠲᠠᠭ᠋ᠠᠯ ᠪᠠ ᠠᠵᠢᠯᠯᠠᠬᠤ ᠳᠦᠷᠢᠮ᠎ᠢ ᠲᠣᠭᠲᠠᠭ᠋ᠠᠨ᠎ᠠ᠃
(ᠬᠤᠶᠠᠷ) ᠠᠶᠤᠯ ᠦᠭᠡᠢ ᠪᠡᠯᠡ ᠣᠷᠣᠭᠤᠯᠤᠯᠲᠠ᠎ᠨᠢ ᠠᠶᠤᠯ ᠦᠭᠡᠢ ᠦᠢ᠍ᠯᠡᠳᠪᠦᠷᠢᠯᠡᠯ᠎ᠤᠨ ᠱᠠᠭ᠋ᠠᠷᠳᠠᠯᠭ᠎ᠠ᠎ᠳᠤ ᠨᠡᠢ᠌ᠴᠡᠨ᠎ᠡ᠃
(ᠭᠤᠷᠪᠠ) ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢ ᠪᠠᠢ᠌ᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠲᠤᠰᠬᠠᠢ ᠠᠵᠢᠯᠲᠠᠨ ᠲᠣᠬᠢᠷᠠᠭᠤᠯᠤᠨ᠎ᠠ᠃
(ᠳᠥᠷᠪᠡ) ᠭᠣᠣᠯ ᠬᠠᠷᠢᠭᠤᠴᠠᠯᠭ᠋ᠠᠲᠠᠨ ᠪᠠ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠨᠢ ᠬᠢᠨᠠᠨ ᠰᠢᠯᠭ᠋ᠠᠯᠲᠠ᠎ᠳᠤ ᠬᠢᠷᠢ ᠲᠡᠩᠴᠡᠨ᠎ᠡ᠃
(ᠲᠠᠪᠣ) ᠣᠨᠴᠠ ᠲᠥᠷᠥᠯ᠎ᠤᠨ ᠠᠵᠢᠯ ᠬᠢᠭᠰᠡᠳ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠰᠢᠯᠭ᠋ᠠᠭᠤᠯᠤᠭ᠋ᠠᠳ ᠬᠢᠷᠢ ᠲᠡᠩᠴᠡᠵᠦ᠂ ᠣᠨᠴᠠ ᠲᠥᠷᠥᠯ᠎ᠤᠨ ᠠᠵᠢᠯ ᠬᠢᠬᠦ ᠬᠢᠷᠢ ᠬᠡᠮ᠎ᠤᠨ ᠦᠨᠡᠮᠯᠡᠯ ᠣᠯᠤᠭᠰᠠᠨ ᠪᠠᠢ᠌ᠬᠤ ᠬᠡᠷᠡᠭᠲᠡᠢ᠃
(ᠵᠢᠷᠭᠤᠭ᠎ᠠ) ᠠᠵᠢᠯᠯᠠᠵᠤ ᠪᠠᠢ᠌ᠭ᠎ᠠ ᠬᠥᠮᠦᠰ ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠯ᠎ᠳᠤ ᠬᠢᠷᠢ ᠲᠡᠩᠴᠡᠨ᠎ᠡ᠃
(ᠳᠣᠯᠣᠭ᠎ᠠ) ᠬᠠᠤᠯᠢ ᠶᠣᠰᠣᠭ᠋ᠠᠷ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠵᠤ᠂ ᠠᠵᠢᠯᠯᠠᠭᠰᠠᠳ᠎ᠲᠤ ᠳᠠᠭ᠋ᠠᠳᠬᠠᠯ᠎ᠤᠨ ᠰᠦᠢ᠍ᠳᠬᠡᠯ ᠲᠤᠰᠢᠶᠠᠨ᠎ᠠ᠃
(ᠨᠠᠢ᠍ᠮᠠ) ᠦᠢ᠍ᠯᠡᠳᠪᠦᠷᠢ ᠵᠢᠨ ᠭᠡᠷ ᠪᠠᠢ᠌ᠰᠢᠩ᠂ ᠠᠵᠢᠯᠯᠠᠬᠤ ᠭᠠᠵᠠᠷ ᠪᠠ ᠠᠶᠤᠯ ᠦᠭᠡᠢ ᠲᠣᠨᠣᠭ ᠲᠥᠬᠥᠭᠡᠷᠦᠮᠵᠢ᠂ ᠭᠠᠷ ᠤᠷᠠᠯᠠᠯ᠎ᠨᠢ ᠠᠶᠤᠯ ᠦᠭᠡᠢ ᠦᠢ᠍ᠯᠡᠳᠪᠦᠷᠢᠯᠡᠯ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠪᠠᠷᠢᠮᠵᠢᠶ᠎ᠠ ᠪᠠ ᠳᠦᠷᠢᠮ᠎ᠤᠨ ᠱᠠᠭ᠋ᠠᠷᠳᠠᠯᠭ᠎ᠠ᠎ᠳᠤ ᠨᠡᠢ᠌ᠴᠡᠨ᠎ᠡ ᠃
(ᠶᠢᠰᠦ) ᠠᠵᠢᠯ᠎ᠤᠨ ᠨᠥᠯᠦᠭᠡᠨᠤ ᠬᠣᠣᠷ ᠬᠥᠨᠥᠭᠡᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠲᠠᠢ ᠪᠥᠭᠡᠳ ᠠᠵᠢᠯᠯᠠᠵᠤ ᠪᠠᠢ᠌ᠭ᠎ᠠ ᠬᠥᠮᠦᠰ᠎ᠲᠤ ᠤᠯᠤᠰ᠎ᠤᠨ ᠪᠠᠷᠢᠮᠵᠢᠶ᠎ᠠ ᠪᠤᠶᠤ ᠠᠵᠢᠯ ᠲᠥᠷᠥᠯ᠎ᠤᠨ ᠪᠠᠷᠢᠮᠵᠢᠶ᠎ᠠ᠎ᠳᠤ ᠨᠡᠢ᠌ᠴᠡᠭᠰᠡᠨ ᠬᠥᠳᠡᠯᠮᠦᠷᠢ ᠵᠢᠨ ᠬᠠᠮᠠᠭ᠋ᠠᠯᠠᠯᠲᠠ ᠵᠢᠨ ᠬᠡᠷᠡᠭᠰᠡᠯ ᠪᠠᠢ᠌ᠬᠤ ᠬᠡᠷᠡᠭᠲᠡᠢ᠃
(ᠠᠷᠪᠠ) ᠬᠠᠤᠯᠢ ᠶᠣᠰᠣᠭ᠋ᠠᠷ ᠠᠶᠤᠯ ᠦᠭᠡᠢ ᠵᠢᠨ ᠦᠨᠡᠯᠡᠯᠲᠡ ᠬᠢᠬᠦ ᠬᠡᠷᠡᠭᠲᠡᠢ᠃
(ᠠᠷᠪᠠᠨ ᠨᠢᠭᠡ) ᠬᠦᠨᠳᠦ ᠶᠡᠬᠡ ᠠᠶᠤᠯ᠎ᠤᠨ ᠡᠬᠢ ᠰᠤᠷᠪᠤᠯᠵᠢ ᠵᠢ ᠰᠢᠯᠭ᠋ᠠᠨ ᠬᠡᠮᠵᠢᠬᠦ᠂ ᠦᠨᠡᠯᠡᠨ ᠵᠢᠱ᠌ᠢᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ ᠪᠠᠢ᠌ᠳᠠᠯ᠎ᠢ ᠠᠷᠭ᠋ᠠᠴᠠᠬᠤ ᠤᠷᠢᠳᠴᠢᠯᠠᠭᠰᠠᠨ ᠲᠥᠰᠦᠯ ᠪᠠᠢ᠌ᠬᠤ ᠬᠡᠷᠡᠭᠲᠡᠢ᠃
(ᠠᠷᠪᠠᠨ ᠬᠣᠶᠠᠷ) ᠦᠢ᠍ᠯᠡᠳᠪᠦᠷᠢᠯᠡᠯ᠎ᠤᠨ ᠠᠶᠤᠯ ᠦᠭᠡᠢ ᠵᠢᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ ᠪᠤᠶᠤ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠴᠢᠬᠤᠯᠠ ᠪᠦᠬᠦᠢ ᠪᠠᠭ᠋ᠠᠵᠢ ᠬᠡᠷᠡᠭᠰᠡᠯ᠂ ᠲᠥᠬᠥᠭᠡᠷᠦᠮᠵᠢ ᠵᠢ ᠢᠵᠢ ᠪᠦᠷᠢᠳᠦᠭᠦᠯᠦᠨ᠎ᠡ᠃
(ᠠᠷᠪᠠᠨ ᠭᠤᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
ᠳᠣᠯᠣᠳᠤᠭ᠋ᠠᠷ ᠵᠣᠷᠪᠣᠰ ᠠᠵᠤ ᠠᠬᠤᠢ᠌ᠯᠠᠯ ᠦᠢ᠍ᠯᠡᠳᠪᠦᠷᠢᠯᠡᠬᠦᠠᠴᠠᠪᠠᠨ ᠡᠮᠦᠨ᠎ᠡ᠂ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠠᠴᠠ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠭᠤᠶᠤᠴᠢᠯᠠᠵᠤ ᠠᠪᠬᠤ ᠵᠢᠨ ᠬᠠᠮᠲᠤ᠂ ᠲᠤᠰ ᠳᠦᠷᠢᠮ᠎ᠤᠨ ᠵᠢᠷᠭᠤᠳᠤᠭ᠋ᠠᠷ ᠵᠣᠷᠪᠣᠰ᠎ᠳᠤ ᠲᠣᠭᠲᠠᠭ᠋ᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠢ᠃ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠨᠢ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ 45 ᠡᠳᠦᠷ᠎ᠤᠨ ᠳᠣᠲᠣᠷ᠎ᠠ ᠬᠢᠨᠠᠨ ᠪᠠᠢ᠌ᠴᠠᠭ᠋ᠠᠵᠤ ᠳᠠᠭᠤᠰᠬᠠᠭ᠋ᠠᠳ᠂ ᠲᠤᠰ ᠳᠦᠷᠢᠮ᠎ᠤᠨ ᠲᠣᠭᠲᠠᠭ᠋ᠠᠯ᠎ᠳᠤ ᠨᠡᠢ᠌ᠴᠡᠭᠰᠡᠨ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠣᠯᠭᠣᠨ᠎ᠠ᠃ ᠲᠤᠰ ᠳᠦᠷᠢᠮ᠎ᠤᠨ ᠲᠣᠭᠲᠠᠭ᠋ᠠᠯ᠎ᠳᠤ ᠨᠡᠢ᠌ᠴᠡᠬᠦ ᠥᠬᠡᠢ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠳᠤ ᠨᠡᠢ᠌ᠴᠡᠬᠦ ᠥᠬᠡᠢ᠎ᠳᠤᠨᠢ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠣᠯᠭᠣᠬᠤ ᠥᠬᠡᠢ᠂ ᠠᠵᠤ ᠠᠬᠤᠢ᠌ᠯᠠᠯ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠰᠢᠯᠲᠠᠭ᠋ᠠᠨ᠎ᠢ᠎ᠨᠢ ᠲᠣᠳᠣᠷᠬᠠᠢ᠌ᠯᠠᠬᠤ ᠬᠡᠷᠡᠭᠲᠡᠢ᠃
ᠨᠡᠭᠦᠷᠡᠰᠦᠨ ᠠᠭᠤᠷᠬᠠᠢ ᠵᠢᠨ ᠠᠵᠤ ᠠᠬᠤᠢ᠌ᠯᠠᠯ᠎ᠤᠳ ᠠᠭᠤᠷᠬᠠᠢ (ᠬᠤᠳᠳᠤᠭ)᠎ᠪᠠᠷ ᠨᠢᠭᠡᠴᠢ ᠪᠣᠯᠭ᠋ᠠᠨ᠂ ᠨᠡᠭ᠊ ᠊ᠦᠷᠡᠰᠦ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ᠎ᠢ ᠣᠯᠬᠤ᠎ᠠᠴᠠ ᠡᠮᠦᠨ᠎ᠡ᠂ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠣᠯᠬᠤ ᠬᠡᠷᠡᠭᠲᠡᠢ᠃
ᠨᠠᠢ᠍ᠮᠠᠳᠤᠭ᠋ᠠᠷ ᠵᠣᠷᠪᠣᠰ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠨᠢᠭᠡᠳᠦᠯᠲᠡᠢ ᠬᠡᠪ ᠵᠠᠭᠪᠤᠷ᠎ᠢ ᠲᠣᠭᠲᠠᠭ᠋ᠠᠨ᠎ᠠ᠃
ᠶᠢᠰᠦᠳᠦᠭᠡᠷ ᠵᠣᠷᠪᠣᠰ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢᠨ ᠬᠦᠴᠦᠨ᠎ᠲᠠᠢ ᠬᠤᠭᠤᠴᠠᠭ᠎ᠠ᠎ᠨᠢ ᠭᠤᠷᠪᠠᠨ ᠵᠢᠯ ᠪᠣᠯᠤᠨ᠎ᠠ᠃ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢᠨ ᠬᠦᠴᠦᠨ᠎ᠲᠠᠢ ᠬᠤᠭᠤᠴᠠᠭ᠎ᠠ᠎ᠨᠢ ᠳᠦᠭᠦᠷᠴᠦ ᠤᠷᠲᠤᠳᠬᠠᠬᠤ ᠴᠢᠬᠤᠯᠠᠲᠠᠢ ᠠᠵᠤ ᠠᠬᠤᠢ᠌ᠯᠠᠯ᠎ᠨᠢ ᠬᠤᠭᠤᠴᠠᠭ᠎ᠠ ᠲᠤᠯᠬᠤ᠎ᠠᠴᠠ ᠭᠤᠷᠪᠠᠨ ᠰᠠᠷ᠎ᠠ ᠵᠢᠨ ᠡᠮᠦᠨ᠎ᠡ ᠤᠤᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠳᠤ ᠤᠷᠲᠤᠳᠬᠠᠬᠤ ᠭᠠᠷᠳᠠᠮ ᠭᠦᠢ᠍ᠴᠡᠳᠬᠡᠬᠦ ᠬᠡᠷᠡᠭᠲᠡᠢ᠃
ᠠᠵᠤ ᠠᠬᠤᠢ᠌ᠯᠠᠯ᠎ᠤᠳ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢᠨ ᠬᠦᠴᠦᠨ᠎ᠲᠠᠢ ᠬᠤᠭᠤᠴᠠᠭ᠋ᠠᠨ ᠳᠣᠲᠣᠷ᠎ᠠ᠂ ᠠᠶᠤᠯ ᠥᠬᠡᠢ ᠦᠢ᠍ᠯᠡᠳᠪᠦᠷᠢᠯᠡᠯ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠰᠠᠬᠢᠵᠤ᠂ ᠦᠬᠦᠯ᠎ᠤᠨ ᠡᠨᠳᠡᠯ ᠭᠠᠷᠤᠭᠰᠠᠨ ᠥᠬᠡᠢ ᠪᠣᠯ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ ᠦᠶ᠎ᠡ᠎ᠳᠤ᠂ ᠤᠤᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠪᠠᠷ ᠵᠥᠪᠰᠢᠶᠡᠷᠡᠭᠦᠯᠦᠭᠡᠳ᠂ ᠤᠤᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠬᠢᠨᠠᠨ ᠪᠠᠢ᠌ᠴᠠᠭ᠋ᠠᠬᠤ ᠥᠬᠡᠢ ᠪᠥᠭᠡᠳ ᠬᠦᠴᠦᠨ᠎ᠲᠠᠢ ᠬᠤᠭᠤᠴᠠᠭ᠎ᠠ ᠵᠢ᠎ᠨᠢ 3 ᠵᠢᠯ ᠤᠷᠲᠤᠳᠭ᠋ᠠᠨᠠ᠃
ᠠᠷᠪᠠᠳᠤᠭ᠋ᠠᠷ ᠵᠣᠷᠪᠣᠰ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠠᠴᠠ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠵᠢᠨ ᠬᠠᠮᠲᠤ᠂ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠤᠭᠰᠠᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠭᠡᠮ᠎ᠳᠤ ᠨᠡᠢ᠍ᠲᠡᠯᠡᠬᠦ ᠬᠡᠷᠡᠭᠲᠡᠢ᠃
ᠠᠷᠪᠠᠨ ᠨᠢᠭᠡᠳᠦᠭᠡᠷ ᠵᠣᠷᠪᠣᠰ ᠨᠡᠭᠦᠷᠡᠰᠦᠨ ᠠᠭᠤᠷᠬᠠᠢ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠂ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠂ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠪᠠᠭ᠋ᠠᠵᠢ ᠮᠠᠲ᠋ᠧᠷᠢᠶᠠᠯ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠨᠢ ᠵᠢᠯ ᠪᠦᠷᠢ ᠠᠳᠠᠯᠢ ᠱᠠᠲᠤᠨ᠎ᠤ ᠠᠶᠤᠯ ᠥᠬᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠭᠰᠠᠨ ᠪᠠ ᠬᠠᠮᠢᠶᠠᠷᠤᠯᠲᠠ ᠵᠢᠨ ᠪᠠᠢ᠌ᠳᠠᠯ ᠵᠶ᠋ᠠᠨ ᠮᠡᠳᠡᠭᠦᠯᠬᠦ ᠬᠡᠷᠡᠭᠲᠡᠢ᠃
ᠠᠷᠪᠠᠨ ᠬᠣᠶᠠᠳᠤᠭ᠋ᠠᠷ ᠵᠣᠷᠪᠣᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯ ᠥᠬᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠶᠤᠯ ᠥᠬᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠪᠠᠷᠢᠯᠭ᠎ᠠ ᠪᠠᠷᠢᠬᠤ ᠠᠵᠤ ᠠᠬᠤᠢ᠌ᠯᠠᠯ᠂ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠪᠠᠭ᠋ᠠᠵᠢ ᠮᠠᠲ᠋ᠧᠷᠢᠶᠠᠯ ᠦᠢ᠍ᠯᠡᠳᠪᠦᠷᠢᠯᠡᠬᠦ ᠠᠵᠤ ᠠᠬᠤᠢ᠌ᠯᠠᠯ᠂ ᠨᠡᠭᠦᠷᠡᠰᠦᠨ ᠠᠭᠤᠷᠬᠠᠢ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠣᠯᠤᠭᠰᠠᠨ ᠪᠠᠢ᠌ᠳᠠᠯ᠎ᠳᠤ ᠬᠢᠨᠠᠯᠲᠠ ᠲᠠᠯᠪᠢᠨ᠎ᠠ᠃
ᠠᠷᠪᠠᠨ ᠭᠤᠷᠪᠠᠳᠤᠭ᠋ᠠᠷ ᠵᠣᠷᠪᠣᠰ ᠠᠵᠤ ᠠᠬᠤᠢ᠌ᠯᠠᠯ᠎ᠤᠳ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠰᠢᠯᠵᠢᠭᠦᠯᠦᠨ ᠥᠭᠬᠦ᠂ ᠬᠠᠭᠤᠷᠮᠠᠭᠯᠠᠨ ᠬᠡᠷᠡᠭᠯᠡᠬᠦ ᠪᠤᠶᠤ ᠬᠠᠭᠤᠷᠮᠠᠭᠯᠠᠨ ᠵᠣᠬᠢᠶᠠᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠬᠡᠷᠡᠭᠯᠡᠵᠦ ᠪᠣᠯᠬᠤ ᠥᠬᠡᠢ᠃
ᠠᠷᠪᠠᠨ ᠳᠥᠷᠪᠡᠳᠦᠭᠡᠷ ᠵᠣᠷᠪᠣᠰ ᠠᠵᠤ ᠠᠬᠤᠢ᠌ᠯᠠᠯ᠎ᠠᠴᠠ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠤᠭᠰᠠᠨ᠎ᠤ ᠳᠠᠷᠠᠭ᠎ᠠ᠂ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠢ ᠪᠠᠭᠤᠷᠠᠭᠤᠯᠵᠤ ᠪᠣᠯᠬᠤ ᠥᠬᠡᠢ ᠪᠥᠭᠡᠳ ᠡᠳᠦᠷ ᠳᠣᠳᠣᠮ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠨ᠂ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ ᠵᠢᠨ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠬᠦᠯᠢᠶᠡᠨ ᠠᠪᠬᠤ ᠬᠡᠷᠡᠭᠲᠡᠢ᠃
ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠠᠴᠠ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠤᠭᠰᠠᠨ ᠠᠵᠤ ᠠᠬᠤᠢ᠌ᠯᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠲᠡᠭᠦᠨ᠎ᠤ ᠲᠤᠰ ᠳᠦᠷᠢᠮ᠎ᠳᠤ ᠲᠣᠭᠲᠠᠭ᠋ᠠᠭᠰᠠᠨ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠢ ᠪᠦᠷᠢᠳᠦᠭᠦᠯᠬᠦ᠎ᠪᠠᠨ ᠪᠣᠯᠢᠭᠰᠠᠨᠢ ᠣᠯᠵᠤ ᠮᠡᠳᠡᠪᠡᠯ᠂ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ᠎ᠨᠢ ᠲᠦᠷ ᠦᠯᠡᠳᠡᠭᠡᠨ ᠠᠪᠬᠤ ᠪᠤᠶᠤ ᠬᠣᠷᠢᠶᠠᠨ ᠠᠪᠴᠤ ᠬᠦᠴᠦᠨ ᠥᠬᠡᠢ ᠪᠣᠯᠭ᠋ᠠᠬᠤ ᠬᠡᠷᠡᠭᠲᠡᠢ᠃
ᠠᠷᠪᠠᠨ ᠲᠠᠪᠤᠳᠤᠭ᠋ᠠᠷ ᠵᠣᠷᠪᠣᠰ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ ᠵᠢᠨ ᠠᠵᠢᠯᠲᠠᠨ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ᠂ ᠬᠠᠮᠢᠶᠠᠷᠬᠤ ᠪᠠ ᠬᠢᠨᠠᠨ ᠪᠠᠢ᠌ᠴᠠᠭ᠋ᠠᠬᠤ ᠠᠵᠢᠯ᠎ᠤᠨ ᠳᠤᠮᠳᠠ᠂ ᠠᠵᠤ ᠠᠬᠤᠢ᠌ᠯᠠᠯ᠎ᠤᠨ ᠡᠳ᠋ ᠬᠣᠭᠰᠢᠯ᠎ᠢ ᠠᠪᠬᠤ ᠪᠤᠶᠤ ᠬᠦᠯᠢᠶᠡᠨ ᠠᠪᠴᠤ ᠪᠣᠯᠬᠤ ᠥᠬᠡᠢ᠂ ᠪᠤᠰᠤᠳ ᠠᠰᠢᠭ ᠲᠤᠰᠠ ᠣᠯᠵᠤ ᠪᠣᠯᠬᠤ ᠥᠬᠡᠢ᠃
ᠠᠷᠪᠠᠨ ᠵᠢᠷᠭᠤᠳᠤᠭ᠋ᠠᠷ ᠵᠣᠷᠪᠣᠰ ᠬᠢᠨᠠᠨ ᠪᠠᠢ᠌ᠴᠠᠭ᠋ᠠᠬᠤ ᠪᠠᠢ᠌ᠭᠤᠯᠤᠯᠭ᠎ᠠ᠎ᠠᠴᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠬᠢᠨᠠᠨ ᠪᠠᠢ᠌ᠴᠠᠭ᠋ᠠᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ᠂ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ ᠵᠢᠴᠢ ᠠᠵᠢᠯᠲᠠᠨ᠎ᠤ ᠲᠤᠰ ᠳᠦᠷᠢᠮ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠠᠢ᠌ᠭ᠎ᠠ ᠪᠠᠢ᠌ᠳᠠᠯ᠎ᠢ ᠬᠢᠨᠠᠨ ᠪᠠᠢ᠌ᠴᠠᠭ᠋ᠠᠬᠤ ᠵᠢ ᠬᠡᠷᠡᠭᠵᠢᠭᠦᠯᠦᠨ᠎ᠡ᠃
ᠠᠷᠪᠠᠨ ᠳᠣᠯᠣᠳᠤᠭ᠋ᠠᠷ ᠵᠣᠷᠪᠣᠰ ᠶᠠᠮᠠᠷᠪᠠ ᠨᠢᠭᠡᠴᠡ ᠪᠤᠶᠤ ᠬᠤᠪᠢ ᠬᠥᠮᠦᠨ᠎ᠠᠴᠠ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠵᠢ᠂ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ ᠪᠤᠶᠤ ᠬᠢᠨᠠᠨ ᠪᠠᠢ᠌ᠴᠠᠭ᠋ᠠᠬᠤ ᠪᠠᠢ᠌ᠭᠤᠯᠤᠯᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ᠃
ᠠᠷᠪᠠᠨ ᠨᠠᠢ᠍ᠮᠠᠳᠤᠭ᠋ᠠᠷ ᠵᠣᠷᠪᠣᠰ ᠠᠶᠤᠯ ᠥᠬᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ ᠵᠢᠨ ᠠᠵᠢᠯᠲᠠᠨ᠎ᠳᠤ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠳᠡᠰ᠎ᠢ᠎ᠨᠢ ᠪᠠᠭᠤᠷᠠᠭᠤᠯᠬᠤ ᠪᠤᠶᠤ ᠲᠤᠰᠢᠶᠠᠯ᠎ᠠᠴᠠ᠎ᠨᠢ ᠤᠭᠴᠠᠷᠠᠭᠤᠯᠬᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠴᠦ᠂ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ ᠄
(ᠨᠢᠭᠡ) ᠲᠤᠰ ᠳᠦᠷᠢᠮ᠎ᠤᠨ ᠲᠣᠭᠲᠠᠭ᠋ᠠᠯ᠎ᠳᠤ ᠦᠯᠦ ᠨᠡᠢ᠌ᠴᠡᠬᠦ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠳᠤ ᠦᠯᠦ ᠨᠡᠢ᠌ᠴᠡᠬᠦ ᠠᠵᠤ ᠠᠬᠤᠢ᠌ᠯᠠᠯ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠣᠯᠭᠣᠭᠰᠠᠨ᠃
(ᠬᠤᠶᠠᠷ) ᠠᠵᠤ ᠠᠬᠤᠢ᠌ᠯᠠᠯ᠎ᠤᠨ ᠬᠠᠤᠯᠢ ᠶᠣᠰᠣᠭ᠋ᠠᠷ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠠᠪᠤᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠦᠢ᠍ᠯᠡᠳᠪᠦᠷᠢᠯᠡᠯ᠎ᠤᠨ ᠠᠵᠢᠯᠯᠠᠭ᠎ᠠ ᠡᠷᠬᠢᠯᠡᠭᠰᠡᠨᠢ ᠣᠯᠵᠤ ᠮᠡᠳᠡᠭᠰᠡᠨ ᠪᠣᠯᠪᠠᠴᠤ ᠬᠠᠤᠯᠢ ᠶᠣᠰᠣᠭ᠋ᠠᠷ ᠰᠢᠢ᠍ᠳᠪᠦᠷᠢᠯᠡᠬᠦ ᠦᠭᠡᠢ ᠪᠠᠢ᠌ᠬᠤ ᠃
(ᠭᠤᠷᠪᠠ) ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠤᠭᠰᠠᠨ ᠠᠵᠤ ᠠᠬᠤᠢ᠌ᠯᠠᠯ᠎ᠨᠢ ᠲᠤᠰ ᠳᠦᠷᠢᠮ᠎ᠳᠤ ᠲᠣᠭᠲᠠᠭ᠋ᠠᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠢ ᠪᠦᠷᠢᠯᠳᠦᠭᠦᠯᠬᠦ ᠦᠭᠡᠢ ᠵᠢ ᠣᠯᠵᠤ ᠮᠡᠳᠡᠭᠰᠡᠨ ᠪᠣᠯᠪᠠᠴᠤ ᠬᠠᠤᠯᠢ ᠶᠣᠰᠣᠭ᠋ᠠᠷ ᠰᠢᠢ᠍ᠳᠪᠦᠷᠢᠯᠡᠬᠦ ᠦᠭᠡᠢ ᠪᠠᠢ᠌ᠬᠤ ᠃
(ᠳᠥᠷᠪᠡ) ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ᠎ᠤ ᠳᠠᠷᠠᠭ᠎ᠠ᠂ ᠴᠠᠭ ᠲᠤᠬᠠᠢᠳᠤᠨᠢ ᠰᠢᠢ᠍ᠳᠪᠦᠷᠢᠯᠡᠭᠰᠡᠨ ᠦᠭᠡᠢ ᠪᠠᠢ᠌ᠬᠤ᠃
(ᠲᠠᠪᠣ) ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ᠂ ᠬᠠᠮᠢᠶᠠᠷᠬᠤ ᠪᠠ ᠬᠢᠨᠠᠵᠤ ᠪᠠᠢ᠌ᠴᠠᠭ᠋ᠠᠬᠤ ᠠᠵᠢᠯ᠎ᠤᠨ ᠳᠤᠮᠳᠠ ᠠᠵᠤ ᠠᠬᠤᠢ᠌ᠯᠠᠯ᠎ᠤᠨ ᠡᠳ᠋ ᠪᠣᠳᠠᠰ᠎ᠢ ᠨᠡᠬᠡᠵᠦ ᠠᠪᠬᠤ ᠪᠤᠶᠤ ᠬᠦᠯᠢᠶᠡᠨ ᠠᠪᠬᠤ᠂ ᠡᠰᠡᠬᠦᠯ᠎ᠡ ᠪᠤᠰᠤᠳ ᠠᠰᠢᠭ ᠲᠤᠰᠠ ᠣᠯᠬᠤ᠃
ᠠᠷᠪᠠ ᠶᠢᠰᠦᠳᠦᠭᠡᠷ ᠵᠣᠷᠪᠣᠰ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠤᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠦᠢ᠍ᠯᠡᠳᠪᠦᠷᠢᠯᠡᠭᠰᠡᠨ ᠪᠠᠢ᠌ᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠴᠤ᠂10 ᠲᠦᠮᠡᠨ ᠲᠥᠭᠥᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃ ᠬᠦᠨᠳᠦ ᠶᠡᠬᠡ ᠡᠨᠳᠡᠯ ᠭᠠᠷᠭ᠋ᠠᠭᠰᠠᠨ ᠪᠤᠶᠤ ᠪᠤᠰᠤᠳ ᠬᠦᠨᠳᠦ ᠨᠣᠴᠢᠲᠠᠢ ᠬᠡᠷᠡᠭ ᠲᠠᠲᠠᠭᠰᠠᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢᠳᠤᠭ᠋ᠠᠷ ᠵᠣᠷᠪᠣᠰ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢᠨ ᠬᠦᠴᠦᠨ ᠪᠦᠬᠦᠢ ᠬᠤᠭᠤᠴᠠᠭ᠎ᠠ᠎ᠨᠢ ᠳᠠᠭᠤᠰᠤᠭ᠋ᠠᠳ ᠬᠤᠭᠤᠴᠠᠭ᠎ᠠ ᠵᠢ ᠤᠷᠲᠤᠳᠬᠠᠬᠤ ᠭᠠᠷ ᠭᠦᠢ᠍ᠴᠡᠳᠬᠡᠯ ᠬᠢᠭᠰᠡᠨ ᠦᠭᠡᠢ᠎ᠪᠠᠷ ᠦᠷᠭᠦᠯᠵᠢᠯᠡᠨ ᠦᠢ᠍ᠯᠡᠳᠪᠦᠷᠢᠯᠡᠭᠰᠡᠨ ᠪᠠᠢ᠌ᠪᠠᠯ᠂ ᠦᠢ᠍ᠯᠡᠳᠪᠦᠷᠢᠯᠡᠬᠦ ᠵᠢ᠎ᠨᠢ ᠵᠠᠷᠯᠢᠭᠳᠠᠨ ᠵᠣᠭᠰᠣᠭ᠋ᠠᠵᠤ᠂ ᠲᠣᠭᠲᠠᠭᠰᠠᠨ ᠬᠤᠭᠤᠴᠠᠭ᠋ᠠᠨ᠎ᠳᠤ ᠳᠣᠲᠣᠷ᠎ᠠ ᠬᠤᠭᠤᠴᠠᠭ᠎ᠠ ᠵᠢ᠎ᠨᠢ ᠤᠷᠲᠤᠳᠬᠠᠬᠤ ᠭᠠᠷ ᠭᠦᠢ᠍ᠴᠡᠳᠬᠡᠯ᠎ᠢ᠎ᠨᠢ ᠨᠥᠬᠥᠵᠦ ᠬᠢᠯᠭᠡᠵᠦ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠴᠤ᠂ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃ ᠬᠤᠭᠤᠴᠠᠭ᠎ᠠ᠎ᠨᠢ ᠬᠡᠲᠦᠷᠡᠭᠡᠳ ᠪᠠᠰᠠ ᠤᠷᠲᠤᠳᠬᠠᠬᠤ ᠭᠠᠷ ᠭᠦᠢ᠍ᠴᠡᠳᠬᠡᠯ ᠵᠶ᠋ᠠᠨ ᠦᠯᠦ ᠬᠢᠵᠦ ᠦᠷᠭᠦᠯᠵᠢᠯᠡᠨ ᠦᠢ᠍ᠯᠡᠳᠪᠦᠷᠢᠯᠡᠭᠰᠡᠨ ᠪᠠᠢ᠌ᠪᠠᠯ᠂ ᠲᠤᠰ ᠳᠦᠷᠢᠮ᠎ᠤᠨ ᠠᠷᠪᠠ ᠶᠢᠰᠦᠳᠦᠭᠡᠷ ᠵᠣᠷᠪᠣᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠃
ᠬᠣᠷᠢᠨ ᠨᠢᠭᠡᠳᠦᠭᠡᠷ ᠵᠣᠷᠪᠣᠰ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ᠎ᠪᠠᠨ ᠰᠢᠯᠵᠢᠭᠦᠯᠦᠨ ᠦᠭᠭᠦᠭᠰᠡᠨ ᠪᠠᠢ᠌ᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠴᠤ᠂10 ᠲᠦᠮᠡᠨ ᠲᠥᠭᠥᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠰᠢᠯᠵᠢᠭᠦᠯᠦᠨ ᠥᠭᠬᠦ ᠵᠢ ᠬᠦᠯᠢᠶᠡᠨ ᠠᠪᠤᠪᠠᠯ᠂ ᠲᠤᠰ ᠳᠦᠷᠢᠮ᠎ᠤᠨ ᠠᠷᠪᠠ ᠶᠢᠰᠦᠳᠦᠭᠡᠷ ᠵᠣᠷᠪᠣᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠃
ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠬᠠᠭᠤᠷᠮᠠᠭᠯᠠᠨ ᠬᠡᠷᠡᠭᠯᠡᠭᠰᠡᠨ ᠪᠤᠶᠤ ᠬᠠᠭᠤᠷᠮᠠᠭᠯᠠᠨ ᠵᠣᠬᠢᠶᠠᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠬᠡᠷᠡᠭᠯᠡᠭᠰᠡᠨ ᠪᠠᠢ᠌ᠪᠠᠯ᠂ ᠲᠤᠰ ᠳᠦᠷᠢᠮ᠎ᠤᠨ ᠠᠷᠪᠠ ᠶᠢᠰᠦᠳᠦᠭᠡᠷ ᠵᠣᠷᠪᠣᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠃
ᠬᠣᠷᠢᠨ ᠬᠣᠶᠠᠳᠤᠭ᠋ᠠᠷ ᠵᠣᠷᠪᠣᠰ ᠲᠤᠰ ᠳᠦᠷᠢᠮ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠦᠢ᠍ᠯᠡᠳᠪᠦᠷᠢᠯᠡᠭᠰᠡᠨ ᠠᠵᠤ ᠠᠬᠤᠢ᠌ᠯᠠᠯ᠎ᠤᠳ᠂ ᠲᠤᠰ ᠳᠦᠷᠢᠮ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ1 ᠵᠢᠯ᠎ᠤᠨ ᠳᠣᠲᠣᠷ᠎ᠠ᠂ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠬᠤ ᠭᠤᠶᠤᠴᠢᠯᠠᠯ ᠭᠠᠷᠭ᠋ᠠᠬᠤ ᠬᠡᠷᠡᠭᠲᠡᠢ᠃ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠬᠤᠭᠤᠴᠠᠭ᠎ᠠ ᠥᠩᠭᠡᠷᠡᠲᠡᠯ᠎ᠡ ᠭᠦᠢ᠍ᠴᠡᠳᠬᠡᠬᠦ ᠥᠬᠡᠢ ᠪᠤᠶᠤ ᠬᠢᠨᠠᠨ ᠪᠠᠢ᠌ᠴᠠᠭ᠋ᠠᠭ᠋ᠠᠳ ᠲᠤᠰ ᠳᠦᠷᠢᠮ᠎ᠳᠤ ᠲᠣᠭᠲᠠᠭ᠋ᠠᠭᠰᠠᠨ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠳᠤ ᠨᠡᠢ᠌ᠴᠡᠬᠦ ᠥᠬᠡᠢ᠂ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠤᠭᠰᠠᠨ ᠥᠬᠡᠢ᠎ᠪᠠᠷ ᠦᠷᠭᠦᠯᠵᠢᠯᠡᠨ ᠦᠢ᠍ᠯᠡᠳᠪᠦᠷᠢᠯᠡᠭᠰᠡᠨ ᠪᠣᠯ᠂ ᠲᠤᠰ ᠳᠦᠷᠢᠮ᠎ᠤᠨ ᠠᠷᠪᠠ ᠶᠢᠰᠦᠳᠦᠭᠡᠷ ᠵᠣᠷᠪᠣᠰ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠃
ᠬᠣᠷᠢᠨ ᠭᠤᠷᠪᠠᠳᠤᠭ᠋ᠠᠷ ᠵᠣᠷᠪᠣᠰ ᠲᠤᠰ ᠳᠦᠷᠢᠮ᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠬᠡᠯ᠎ᠢ᠂ ᠠᠶᠤᠯ ᠦᠭᠡᠢ ᠦᠢ᠍ᠯᠡᠳᠪᠦᠷᠢᠯᠡᠯ᠎ᠤᠨ ᠵᠦᠪᠰᠢᠶᠡᠷᠡᠬᠦ ᠭᠡᠷᠡᠴᠢ ᠵᠢ ᠣᠯᠭᠣᠵᠤ ᠬᠠᠮᠢᠶᠠᠷᠬᠤ ᠪᠠᠢ᠌ᠭᠤᠯᠤᠯᠭ᠎ᠠ᠎ᠠᠴᠠ ᠲᠣᠭᠲᠠᠭ᠋ᠠᠨ᠎ᠠ᠃
ᠬᠣᠷᠢᠨ ᠳᠥᠷᠪᠡᠳᠦᠭᠡᠷ ᠵᠣᠷᠪᠣᠰ ᠲᠤᠰ ᠳᠦᠷᠢᠮ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃