ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠭᠡᠮ᠎ᠤᠨ ᠬᠠᠮᠢᠶᠠᠷᠤᠯᠲᠠ ᠵᠢᠨ ᠲᠣᠭᠲᠠᠭ᠋ᠠᠯ
ᠨᠢᠭᠡᠳᠦᠭᠡᠷ ᠵᠤᠷᠪᠤᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠭᠡᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠬᠤ ᠵᠢᠨ ᠲᠤᠰᠠᠳᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠣᠲᠠ ᠵᠢᠨ ᠭᠡᠷ ᠪᠠᠢ᠌ᠰᠢᠩ ᠭᠠᠵᠠᠷ ᠬᠥᠷᠥᠩᠭᠡ ᠵᠢᠨ ᠬᠠᠮᠢᠶᠠᠷᠤᠯᠲᠠ ᠵᠢᠨ ᠬᠠᠤᠯᠢ》᠂ 《ᠬᠣᠲᠠ ᠵᠢᠨ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠠᠰᠢᠭᠯᠠᠬᠤ ᠡᠵᠡᠩᠨᠡᠯᠲᠡ ᠵᠢᠨ ᠬᠠᠮᠢᠶᠠᠷᠤᠯᠲᠠ ᠵᠢᠨ ᠳᠦᠷᠢᠮ》᠎ᠢ ᠦᠨᠳᠦᠰᠦᠯᠡᠨ ᠲᠤᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠲᠤᠰ ᠲᠣᠭᠲᠠᠭ᠋ᠠᠯ᠎ᠳᠤ ᠬᠡᠯᠡᠵᠦ ᠪᠠᠢ᠌ᠭ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ ᠭᠡᠳᠡᠭ ᠪᠣᠯ ᠬᠠᠤᠯᠢ ᠶᠣᠰᠣᠭ᠋ᠠᠷ ᠪᠠᠢ᠌ᠭᠤᠯᠤᠭᠰᠠᠨ᠂ ᠠᠵᠤ ᠠᠬᠤᠢ᠌ᠯᠠᠯ᠎ᠤᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠠᠵᠤ ᠠᠬᠤᠢ ᠵᠢᠨ ᠪᠣᠳᠠᠲᠤ ᠴᠣᠭᠴᠠ ᠵᠢ ᠵᠢᠭ᠋ᠠᠵᠤ ᠪᠣᠢ᠃
ᠭᠤᠷᠪᠠᠳᠤᠭ᠋ᠠᠷ ᠵᠤᠷᠪᠤᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠨᠢ ᠲᠤᠰ ᠲᠣᠭᠲᠠᠭ᠋ᠠᠯ ᠶᠣᠰᠣᠭ᠋ᠠᠷ ᠠᠵᠤ ᠠᠬᠤᠢ᠌ᠯᠠᠯ᠎ᠤᠨ ᠬᠢᠷᠢ ᠬᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠬᠢᠷᠢ ᠬᠡᠮ᠎ᠤᠨ ᠵᠡᠷᠭᠡ ᠳᠡᠰ᠎ᠤᠨ ᠦᠨᠡᠮᠯᠡᠯ (ᠳᠣᠷᠣᠭᠰᠢ ᠬᠢᠷᠢ ᠬᠡᠮ᠎ᠤᠨ ᠦᠨᠡᠮᠯᠡᠯ ᠭᠡᠵᠦ ᠲᠣᠪᠴᠢᠯᠠᠨ᠎ᠠ) ᠥᠬᠡᠢ ᠠᠵᠤ ᠠᠬᠤᠢ᠌ᠯᠠᠯ᠎ᠤᠳ ᠭᠡᠷ ᠪᠠᠢ᠌ᠰᠢᠩ ᠭᠠᠵᠠᠷ ᠬᠥᠷᠥᠩᠭᠡ ᠵᠢ ᠨᠡᠭᠡᠭᠡᠨ ᠠᠰᠢᠭᠯᠠᠵᠤ ᠡᠵᠡᠩᠨᠡᠬᠦ ᠲᠤᠬᠠᠢ᠌ᠯᠠᠭᠰᠠᠨ ᠠᠵᠢᠯ᠎ᠢ ᠡᠷᠬᠢᠯᠡᠵᠦ ᠪᠣᠯᠬᠤ ᠥᠬᠡᠢ᠃
ᠳᠥᠷᠪᠡᠳᠦᠭᠡᠷ ᠵᠤᠷᠪᠤᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠭᠡᠮ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠲᠠᠪᠤᠳᠤᠭ᠋ᠠᠷ ᠵᠤᠷᠪᠤᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠢ ᠠᠵᠤ ᠠᠬᠤᠢ᠌ᠯᠠᠯ᠎ᠤᠨ ᠨᠥᠬᠥᠴᠡᠯ ᠵᠶ᠋ᠠᠷ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠵᠡᠷᠭᠡ ᠳᠦᠷᠪᠡᠨ ᠵᠦᠢ᠍ᠯ᠎ᠤᠨ ᠬᠢᠷᠢ ᠬᠡᠮ᠎ᠤᠨ ᠵᠡᠷᠭᠡ ᠳᠡᠰ ᠬᠤᠪᠢᠶᠠᠨ᠎ᠠ᠃
ᠬᠢᠷᠢ ᠬᠡᠮ᠎ᠤᠨ ᠵᠡᠷᠭᠡ ᠳᠡᠰ᠎ᠤᠨ ᠠᠵᠤ ᠠᠬᠤᠢ᠌ᠯᠠᠯ᠎ᠤᠨ ᠨᠥᠬᠥᠴᠡᠯ ᠳᠣᠣᠷᠠᠬᠢ ᠮᠡᠲᠦ᠄
(ᠨᠢᠭᠡ) ᠨᠢᠭᠡᠳᠦᠭᠡᠷ ᠳᠡᠰ᠎ᠤᠨ ᠬᠢᠷᠢ ᠬᠡᠮ
1. ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠡᠵᠡᠩᠨᠡᠯᠲᠡ ᠵᠢᠨ ᠠᠵᠢᠯ᠎ᠢ 5 ᠵᠢᠯ᠎ᠠᠴᠠ ᠳᠡᠭᠡᠭᠰᠢ ᠬᠢᠭᠰᠡᠨ᠃
2. ᠣᠢ᠌ᠷ᠎ᠠ ᠵᠢᠨ 3 ᠵᠢᠯ᠎ᠳᠤ ᠨᠡᠢ᠌ᠲᠡ 30 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ᠎ᠠᠴᠠ ᠳᠡᠭᠡᠭᠰᠢᠬᠢ ᠭᠡᠷ ᠪᠠᠢ᠌ᠰᠢᠩ᠎ᠤᠨ ᠪᠠᠷᠢᠯᠭ᠎ᠠ ᠵᠢᠨ ᠠᠵᠢᠯ ᠳᠠᠭᠤᠰᠬᠠᠭᠰᠠᠨ ᠪᠤᠶᠤ ᠡᠭᠦᠨ᠎ᠲᠠᠢ ᠠᠳᠠᠯᠢᠪᠲᠤᠷ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢᠨ ᠲᠣᠭ᠎ᠠ ᠵᠢ ᠪᠡᠶᠡᠯᠡᠭᠦᠯᠦᠭᠰᠡᠨ ᠪᠠᠢ᠌ᠬᠤ ᠬᠡᠷᠡᠭᠲᠡᠢ᠃
3. ᠦᠷᠭᠦᠯᠵᠢᠯᠡᠨ 5 ᠵᠢᠯ ᠳᠠᠷᠠᠭ᠋ᠠᠯᠠᠨ ᠪᠠᠷᠢᠯᠭ᠎ᠠ ᠵᠢᠨ ᠶᠠᠰᠤ ᠴᠢᠨᠠᠷ᠎ᠤᠨ ᠬᠢᠷᠢ ᠲᠡᠩᠴᠡᠭᠰᠡᠨ ᠨᠣᠷᠮ᠎ᠠ᠎ᠨᠢ 100 % ᠳᠤ ᠬᠥᠷᠥᠭᠰᠡᠨ᠃
4. ᠲᠦᠷᠦᠭᠦᠦ ᠵᠢᠯ᠎ᠤᠨ ᠭᠡᠷ ᠪᠠᠢ᠌ᠰᠢᠩ᠎ᠤᠨ ᠪᠠᠷᠢᠯᠭ᠎ᠠ ᠵᠢᠨ ᠠᠵᠢᠯ᠎ᠤᠨ ᠲᠠᠯᠠᠪᠠᠢ 15 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠤᠶᠤ ᠡᠭᠦᠨ᠎ᠲᠠᠢ ᠠᠳᠠᠯᠢᠪᠲᠤᠷ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡᠳᠤ ᠪᠡᠯᠡ ᠣᠷᠣᠭᠤᠯᠤᠭᠰᠠᠨ ᠃
5. ᠮᠡᠷᠭᠡᠵᠢᠯ᠎ᠤᠨ ᠴᠣᠯᠠ᠎ᠲᠠᠢ ᠪᠠᠷᠢᠯᠭ᠎ᠠ᠂ ᠪᠦᠲᠦᠴᠡ᠂ ᠡᠳ᠋᠎ᠤᠨ ᠶᠠᠪᠤᠳᠠᠯ᠂ ᠭᠡᠷ ᠪᠠᠢ᠌ᠰᠢᠩ ᠭᠠᠵᠠᠷ ᠬᠥᠷᠥᠩᠭᠡ ᠵᠢᠴᠢ ᠬᠣᠯᠪᠣᠭᠳᠠᠯ ᠪᠦᠬᠦᠢ ᠠᠵᠤ ᠠᠬᠤᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠨᠢ 40 ᠬᠥᠮᠦᠨ᠎ᠠᠴᠠ ᠳᠤᠲᠠᠭᠤ ᠥᠬᠡᠢ ᠪᠠᠢ᠌ᠵᠤ᠂ ᠲᠡᠭᠦᠨ᠎ᠤ ᠳᠣᠲᠣᠷᠠᠬᠢ ᠳᠤᠮᠳᠠ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠬᠠᠮᠢᠶᠠᠷᠤᠯᠲᠠ ᠵᠢᠨ ᠠᠵᠢᠯᠲᠠᠨ᠎ᠨᠢ 20 ᠬᠥᠮᠦᠨ᠎ᠠᠴᠠ ᠳᠤᠲᠠᠭᠤ ᠥᠬᠡᠢ᠂ ᠬᠢᠷᠢ ᠭᠡᠮ᠎ᠤᠨ ᠦᠨᠡᠮᠯᠡᠯ᠎ᠲᠠᠢ ᠲᠤᠰᠬᠠᠢ ᠲᠤᠰᠢᠶᠠᠯ᠎ᠲᠠᠢ ᠨᠢᠭᠲᠠᠯᠠᠨ ᠪᠣᠳᠣᠬᠤ ᠠᠵᠢᠯᠲᠠᠨ᠎ᠨᠢ 4 ᠬᠥᠮᠦᠨ᠎ᠠᠴᠠ ᠳᠤᠲᠠᠭᠤ ᠥᠬᠡᠢ ᠪᠠᠢ᠌ᠬᠤ ᠬᠡᠷᠡᠭᠲᠡᠢ᠃
6. ᠪᠠᠷᠢᠯᠭ᠎ᠠ ᠵᠢᠨ ᠮᠡᠷᠭᠡᠵᠢᠯ᠂ ᠡᠳ᠋᠎ᠤᠨ ᠶᠠᠪᠤᠳᠠᠯ᠂ ᠲᠣᠭ᠎ᠠ ᠪᠦᠷᠢᠳᠬᠡᠯ ᠵᠡᠷᠭᠡ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ᠎ᠨᠢ ᠵᠣᠬᠢᠴᠠᠩᠭᠤᠢ ᠲᠤᠰᠬᠠᠢ ᠮᠡᠷᠭᠡᠵᠢᠯ᠎ᠤᠨ ᠳᠤᠮᠳᠠ ᠳᠡᠰ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ᠃
7. ᠪᠦᠷᠢᠨ ᠲᠡᠭᠦᠯᠳᠡᠷ ᠶᠠᠰᠤ ᠴᠢᠨᠠᠷ᠎ᠤᠨ ᠪᠠᠲᠤᠯᠠᠭ᠎ᠠ ᠵᠢᠨ ᠰᠢᠰᠲ᠋ᠧᠮ᠎ᠲᠠᠢ᠂ ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠭ᠎ᠠ᠎ᠳᠤ 《ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ》 ᠪᠠ 《ᠣᠷᠣᠨ ᠰᠠᠭᠤᠴᠠ ᠬᠡᠷᠡᠭᠯᠡᠬᠦ ᠲᠣᠳᠣᠷᠬᠠᠢ᠌ᠯᠠᠯᠲᠠ᠎ᠶᠢᠨ ᠪᠢᠴᠢᠭ》᠎ᠤᠨ ᠳᠦᠷᠢᠮ᠎ᠢ ᠬᠡᠷᠡᠭᠵᠢᠭᠦᠯᠦᠨ᠎ᠡ᠃
8. ᠴᠢᠬᠤᠯᠠ ᠶᠡᠬᠡ ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ ᠭᠠᠷᠴᠤ ᠥᠩᠭᠡᠷᠡᠭᠰᠡᠨ ᠥᠬᠡᠢ᠃
(ᠬᠣᠶᠠᠷ) ᠬᠣᠶᠠᠳᠤᠭ᠋ᠠᠷ ᠳᠡᠰ᠎ᠤᠨ ᠬᠢᠷᠢ ᠬᠡᠮ
1. ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠡᠵᠡᠩᠨᠡᠯᠲᠡ ᠵᠢᠨ ᠠᠵᠢᠯ᠎ᠢ 3 ᠵᠢᠯ᠎ᠠᠴᠠ ᠳᠡᠭᠡᠭᠰᠢ ᠬᠢᠭᠰᠡᠨ᠃
2. ᠣᠢ᠌ᠷ᠎ᠠ ᠵᠢᠨ 3 ᠵᠢᠯ᠎ᠳᠤ ᠭᠡᠷ ᠪᠠᠢ᠌ᠰᠢᠩ᠎ᠤᠨ ᠪᠠᠷᠢᠯᠭ᠎ᠠ ᠵᠢᠨ ᠲᠠᠯᠠᠪᠠᠢ ᠨᠡᠢ᠌ᠲᠡ15 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠳᠠᠭᠤᠰᠬᠠᠭᠰᠠᠨ ᠪᠤᠶᠤ ᠡᠭᠦᠨ᠎ᠲᠠᠢ ᠠᠳᠠᠯᠢᠪᠲᠤᠷ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢᠨ ᠲᠣᠭ᠎ᠠ ᠵᠢ ᠪᠡᠶᠡᠯᠡᠭᠦᠯᠦᠭᠰᠡᠨ ᠪᠠᠢ᠌ᠬᠤ ᠬᠡᠷᠡᠭᠲᠡᠢ᠃
3. ᠦᠷᠭᠦᠯᠵᠢᠯᠡᠨ3 ᠵᠢᠯ ᠳᠠᠷᠠᠭ᠋ᠠᠯᠠᠨ ᠪᠠᠷᠢᠯᠭ᠎ᠠ ᠵᠢᠨ ᠶᠠᠰᠤ ᠴᠢᠨᠠᠷ᠎ᠤᠨ ᠬᠢᠷᠢ ᠲᠡᠩᠴᠡᠭᠰᠡᠨ ᠨᠣᠷᠮ᠎ᠠ᠎ᠨᠢ 100 %᠎ᠳᠤ ᠬᠥᠷᠥᠭᠰᠡᠨ᠃
4. ᠲᠦᠷᠦᠭᠦᠦ ᠵᠢᠯ᠎ᠤᠨ ᠭᠡᠷ ᠪᠠᠢ᠌ᠰᠢᠩ᠎ᠤᠨ ᠪᠠᠷᠢᠯᠭ᠎ᠠ ᠵᠢᠨ ᠠᠵᠢᠯ᠎ᠤᠨ ᠲᠠᠯᠠᠪᠠᠢ 10 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠪᠤᠶᠤ ᠡᠭᠦᠨ᠎ᠲᠠᠢ ᠠᠳᠠᠯᠢᠪᠲᠤᠷ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡᠳᠤ ᠪᠡᠯᠡ ᠣᠷᠣᠭᠤᠯᠤᠭᠰᠠᠨ ᠃
5. ᠮᠡᠷᠭᠡᠵᠢᠯ᠎ᠤᠨ ᠴᠣᠯᠠ᠎ᠲᠠᠢ ᠪᠠᠷᠢᠯᠭ᠎ᠠ᠂ ᠪᠦᠲᠦᠴᠡ᠂ ᠡᠳ᠋᠎ᠤᠨ ᠶᠠᠪᠤᠳᠠᠯ᠂ ᠭᠡᠷ ᠪᠠᠢ᠌ᠰᠢᠩ ᠭᠠᠵᠠᠷ ᠬᠥᠷᠥᠩᠭᠡ ᠵᠢᠴᠢ ᠬᠣᠯᠪᠣᠭᠳᠠᠯ ᠪᠦᠬᠦᠢ ᠠᠵᠤ ᠠᠬᠤᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠨᠢ 20 ᠬᠥᠮᠦᠨ᠎ᠠᠴᠠ ᠳᠤᠲᠠᠭᠤ ᠥᠬᠡᠢ ᠪᠠᠢ᠌ᠵᠤ᠂ ᠲᠡᠭᠦᠨ᠎ᠤ ᠳᠣᠲᠣᠷᠠᠬᠢ ᠳᠤᠮᠳᠠ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠬᠠᠮᠢᠶᠠᠷᠤᠯᠲᠠ ᠵᠢᠨ ᠠᠵᠢᠯᠲᠠᠨ᠎ᠨᠢ 10 ᠬᠥᠮᠦᠨ᠎ᠠᠴᠠ ᠳᠤᠲᠠᠭᠤ ᠥᠬᠡᠢ᠂ ᠬᠢᠷᠢ ᠭᠡᠮ᠎ᠤᠨ ᠦᠨᠡᠮᠯᠡᠯ᠎ᠲᠠᠢ ᠲᠤᠰᠬᠠᠢ ᠲᠤᠰᠢᠶᠠᠯ᠎ᠲᠠᠢ ᠨᠢᠭᠲᠠᠯᠠᠨ ᠪᠣᠳᠣᠬᠤ ᠠᠵᠢᠯᠲᠠᠨ᠎ᠨᠢ 3 ᠬᠥᠮᠦᠨ᠎ᠠᠴᠠ ᠳᠤᠲᠠᠭᠤ ᠥᠬᠡᠢ ᠪᠠᠢ᠌ᠬᠤ ᠬᠡᠷᠡᠭᠲᠡᠢ᠃
6. ᠪᠠᠷᠢᠯᠭ᠎ᠠ ᠵᠢᠨ ᠮᠡᠷᠭᠡᠵᠢᠯ᠂ ᠡᠳ᠋᠎ᠤᠨ ᠶᠠᠪᠤᠳᠠᠯ᠂ ᠲᠣᠭ᠎ᠠ ᠪᠦᠷᠢᠳᠬᠡᠯ ᠵᠡᠷᠭᠡ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ᠎ᠨᠢ ᠵᠣᠬᠢᠴᠠᠩᠭᠤᠢ ᠲᠤᠰᠬᠠᠢ ᠮᠡᠷᠭᠡᠵᠢᠯ᠎ᠤᠨ ᠳᠤᠮᠳᠠ ᠳᠡᠰ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ᠃
7. ᠪᠦᠷᠢᠨ ᠲᠡᠭᠦᠯᠳᠡᠷ ᠶᠠᠰᠤ ᠴᠢᠨᠠᠷ᠎ᠤᠨ ᠪᠠᠲᠤᠯᠠᠭ᠎ᠠ ᠵᠢᠨ ᠰᠢᠰᠲ᠋ᠧᠮ᠎ᠲᠠᠢ᠂ ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠭ᠎ᠠ᠎ᠳᠤ 《ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ》 ᠪᠠ 《ᠣᠷᠣᠨ ᠰᠠᠭᠤᠴᠠ ᠬᠡᠷᠡᠭᠯᠡᠬᠦ ᠲᠣᠳᠣᠷᠬᠠᠢ᠌ᠯᠠᠯᠲᠠ᠎ᠶᠢᠨ ᠪᠢᠴᠢᠭ》᠎ᠤᠨ ᠳᠦᠷᠢᠮ᠎ᠢ ᠬᠡᠷᠡᠭᠵᠢᠭᠦᠯᠦᠨ᠎ᠡ᠃
8. ᠴᠢᠬᠤᠯᠠ ᠶᠡᠬᠡ ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ ᠭᠠᠷᠴᠤ ᠥᠩᠭᠡᠷᠡᠭᠰᠡᠨ ᠥᠬᠡᠢ᠃
(ᠭᠤᠷᠪᠠ) ᠭᠤᠷᠪᠠᠳᠤᠭ᠋ᠠᠷ ᠳᠡᠰ᠎ᠤᠨ ᠬᠢᠷᠢ ᠬᠡᠮ
1. ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠡᠵᠡᠩᠨᠡᠯᠲᠡ ᠵᠢᠨ ᠠᠵᠢᠯ᠎ᠢ 2 ᠵᠢᠯ᠎ᠠᠴᠠ ᠳᠡᠭᠡᠭᠰᠢ ᠬᠢᠭᠰᠡᠨ᠃
2. ᠭᠡᠷ ᠪᠠᠢ᠌ᠰᠢᠩ᠎ᠤᠨ ᠪᠠᠷᠢᠯᠭ᠎ᠠ ᠵᠢᠨ ᠲᠠᠯᠠᠪᠠᠢ ᠨᠡᠢ᠌ᠲᠡ 5 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ ᠳᠠᠭᠤᠰᠬᠠᠭᠰᠠᠨ ᠪᠤᠶᠤ ᠡᠭᠦᠨ᠎ᠲᠠᠢ ᠠᠳᠠᠯᠢᠪᠲᠤᠷ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢᠨ ᠲᠣᠭ᠎ᠠ ᠵᠢ ᠪᠡᠶᠡᠯᠡᠭᠦᠯᠦᠭᠰᠡᠨ ᠪᠠᠢ᠌ᠬᠤ ᠬᠡᠷᠡᠭᠲᠡᠢ᠃
3. ᠦᠷᠭᠦᠯᠵᠢᠯᠡᠨ2 ᠵᠢᠯ ᠳᠠᠷᠠᠭ᠋ᠠᠯᠠᠨ ᠪᠠᠷᠢᠯᠭ᠎ᠠ ᠵᠢᠨ ᠶᠠᠰᠤ ᠴᠢᠨᠠᠷ᠎ᠤᠨ ᠬᠢᠷᠢ ᠲᠡᠩᠴᠡᠭᠰᠡᠨ ᠨᠣᠷᠮ᠎ᠠ᠎ᠨᠢ 100 %᠎ᠳᠤ ᠬᠥᠷᠥᠭᠰᠡᠨ᠃
4. ᠮᠡᠷᠭᠡᠵᠢᠯ᠎ᠤᠨ ᠴᠣᠯᠠ᠎ᠲᠠᠢ ᠪᠠᠷᠢᠯᠭ᠎ᠠ᠂ ᠪᠦᠲᠦᠴᠡ᠂ ᠡᠳ᠋᠎ᠤᠨ ᠶᠠᠪᠤᠳᠠᠯ᠂ ᠭᠡᠷ ᠪᠠᠢ᠌ᠰᠢᠩ ᠭᠠᠵᠠᠷ ᠬᠥᠷᠥᠩᠭᠡ ᠵᠢᠴᠢ ᠬᠣᠯᠪᠣᠭᠳᠠᠯ ᠪᠦᠬᠦᠢ ᠠᠵᠤ ᠠᠬᠤᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠨᠢ10 ᠬᠥᠮᠦᠨ᠎ᠠᠴᠠ ᠳᠤᠲᠠᠭᠤ ᠥᠬᠡᠢ ᠪᠠᠢ᠌ᠵᠤ᠂ ᠲᠡᠭᠦᠨ᠎ᠤ ᠳᠣᠲᠣᠷᠠᠬᠢ ᠳᠤᠮᠳᠠ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠬᠠᠮᠢᠶᠠᠷᠤᠯᠲᠠ ᠵᠢᠨ ᠠᠵᠢᠯᠲᠠᠨ᠎ᠨᠢ 5 ᠬᠥᠮᠦᠨ᠎ᠠᠴᠠ ᠳᠤᠲᠠᠭᠤ ᠥᠬᠡᠢ᠂ ᠬᠢᠷᠢ ᠭᠡᠮ᠎ᠤᠨ ᠦᠨᠡᠮᠯᠡᠯ᠎ᠲᠠᠢ ᠲᠤᠰᠬᠠᠢ ᠲᠤᠰᠢᠶᠠᠯ᠎ᠲᠠᠢ ᠨᠢᠭᠲᠠᠯᠠᠨ ᠪᠣᠳᠣᠬᠤ ᠠᠵᠢᠯᠲᠠᠨ᠎ᠨᠢ 2 ᠬᠥᠮᠦᠨ᠎ᠠᠴᠠ ᠳᠤᠲᠠᠭᠤ ᠥᠬᠡᠢ ᠪᠠᠢ᠌ᠬᠤ ᠬᠡᠷᠡᠭᠲᠡᠢ᠃
5. ᠪᠠᠷᠢᠯᠭ᠎ᠠ ᠵᠢᠨ ᠮᠡᠷᠭᠡᠵᠢᠯ᠂ ᠡᠳ᠋᠎ᠤᠨ ᠶᠠᠪᠤᠳᠠᠯ᠂ ᠲᠣᠭ᠎ᠠ ᠪᠦᠷᠢᠳᠬᠡᠯ ᠵᠡᠷᠭᠡ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ᠎ᠨᠢ ᠵᠣᠬᠢᠴᠠᠩᠭᠤᠢ ᠲᠤᠰᠬᠠᠢ ᠮᠡᠷᠭᠡᠵᠢᠯ᠎ᠤᠨ ᠳᠤᠮᠳᠠ ᠳᠡᠰ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ᠃
6. ᠪᠦᠷᠢᠨ ᠲᠡᠭᠦᠯᠳᠡᠷ ᠶᠠᠰᠤ ᠴᠢᠨᠠᠷ᠎ᠤᠨ ᠪᠠᠲᠤᠯᠠᠭ᠎ᠠ ᠵᠢᠨ ᠰᠢᠰᠲ᠋ᠧᠮ᠎ᠲᠠᠢ᠂ ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠭ᠎ᠠ᠎ᠳᠤ 《ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ》 ᠪᠠ 《ᠣᠷᠣᠨ ᠰᠠᠭᠤᠴᠠ ᠬᠡᠷᠡᠭᠯᠡᠬᠦ ᠲᠣᠳᠣᠷᠬᠠᠢ᠌ᠯᠠᠯᠲᠠ᠎ᠶᠢᠨ ᠪᠢᠴᠢᠭ》᠎ᠤᠨ ᠳᠦᠷᠢᠮ᠎ᠢ ᠬᠡᠷᠡᠭᠵᠢᠭᠦᠯᠦᠨ᠎ᠡ᠃
7. ᠴᠢᠬᠤᠯᠠ ᠶᠡᠬᠡ ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ ᠭᠠᠷᠴᠤ ᠥᠩᠭᠡᠷᠡᠭᠰᠡᠨ ᠥᠬᠡᠢ᠃
(ᠳᠥᠷᠪᠡ) ᠳᠥᠷᠪᠡᠳᠦᠭᠡᠷ ᠳᠡᠰ᠎ᠤᠨ ᠬᠢᠷᠢ ᠬᠡᠮ
1. ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠡᠵᠡᠩᠨᠡᠯᠲᠡ ᠵᠢᠨ ᠠᠵᠢᠯ᠎ᠢ 1 ᠵᠢᠯ᠎ᠠᠴᠠ ᠳᠡᠭᠡᠭᠰᠢ ᠬᠢᠭᠰᠡᠨ᠃
2. ᠨᠢᠭᠡᠨᠲᠡ ᠳᠠᠭᠤᠰᠤᠭᠰᠠᠨ ᠪᠠᠷᠢᠯᠭ᠎ᠠ ᠵᠢᠨ ᠶᠠᠰᠤ ᠴᠢᠨᠠᠷ᠎ᠤᠨ ᠬᠢᠷᠢ ᠲᠡᠩᠴᠡᠭᠰᠡᠨ ᠨᠣᠷᠮ᠎ᠠ᠎ᠨᠢ 100 % ᠃
3. ᠮᠡᠷᠭᠡᠵᠢᠯ᠎ᠤᠨ ᠴᠣᠯᠠ᠎ᠲᠠᠢ ᠪᠠᠷᠢᠯᠭ᠎ᠠ᠂ ᠪᠦᠲᠦᠴᠡ᠂ ᠡᠳ᠋᠎ᠤᠨ ᠶᠠᠪᠤᠳᠠᠯ᠂ ᠭᠡᠷ ᠪᠠᠢ᠌ᠰᠢᠩ ᠭᠠᠵᠠᠷ ᠬᠥᠷᠥᠩᠭᠡ ᠵᠢᠴᠢ ᠬᠣᠯᠪᠣᠭᠳᠠᠯ ᠪᠦᠬᠦᠢ ᠠᠵᠤ ᠠᠬᠤᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠨᠢ 5 ᠬᠥᠮᠦᠨ᠎ᠠᠴᠠ ᠳᠤᠲᠠᠭᠤ ᠥᠬᠡᠢ ᠪᠠᠢ᠌ᠵᠤ ᠂ ᠬᠢᠷᠢ ᠭᠡᠮ᠎ᠤᠨ ᠦᠨᠡᠮᠯᠡᠯ᠎ᠲᠠᠢ ᠲᠤᠰᠬᠠᠢ ᠲᠤᠰᠢᠶᠠᠯ᠎ᠲᠠᠢ ᠨᠢᠭᠲᠠᠯᠠᠨ ᠪᠣᠳᠣᠬᠤ ᠠᠵᠢᠯᠲᠠᠨ᠎ᠨᠢ 2 ᠬᠥᠮᠦᠨ᠎ᠠᠴᠠ ᠳᠤᠲᠠᠭᠤ ᠥᠬᠡᠢ ᠪᠠᠢ᠌ᠬᠤ ᠬᠡᠷᠡᠭᠲᠡᠢ᠃
4. ᠪᠠᠷᠢᠯᠭ᠎ᠠ ᠵᠢᠨ ᠮᠡᠷᠭᠡᠵᠢᠯ᠂ ᠡᠳ᠋᠎ᠤᠨ ᠶᠠᠪᠤᠳᠠᠯ᠂ ᠲᠣᠭ᠎ᠠ ᠪᠦᠷᠢᠳᠬᠡᠯ ᠵᠡᠷᠭᠡ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ᠎ᠨᠢ ᠵᠣᠬᠢᠴᠠᠩᠭᠤᠢ ᠲᠤᠰᠬᠠᠢ ᠮᠡᠷᠭᠡᠵᠢᠯ᠎ᠤᠨ ᠳᠤᠮᠳᠠ ᠳᠡᠰ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ᠃
5. ᠪᠦᠷᠢᠨ ᠲᠡᠭᠦᠯᠳᠡᠷ ᠶᠠᠰᠤ ᠴᠢᠨᠠᠷ᠎ᠤᠨ ᠪᠠᠲᠤᠯᠠᠭ᠎ᠠ ᠵᠢᠨ ᠰᠢᠰᠲ᠋ᠧᠮ᠎ᠲᠠᠢ᠂ ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠭ᠎ᠠ᠎ᠳᠤ 《ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ》 ᠪᠠ 《ᠣᠷᠣᠨ ᠰᠠᠭᠤᠴᠠ ᠬᠡᠷᠡᠭᠯᠡᠬᠦ ᠲᠣᠳᠣᠷᠬᠠᠢ᠌ᠯᠠᠯᠲᠠ᠎ᠶᠢᠨ ᠪᠢᠴᠢᠭ》᠎ᠤᠨ ᠳᠦᠷᠢᠮ᠎ᠢ ᠬᠡᠷᠡᠭᠵᠢᠭᠦᠯᠦᠨ᠎ᠡ᠃
6. ᠴᠢᠬᠤᠯᠠ ᠶᠡᠬᠡ ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ ᠭᠠᠷᠴᠤ ᠥᠩᠭᠡᠷᠡᠭᠰᠡᠨ ᠥᠬᠡᠢ᠃
ᠵᠢᠷᠭᠤᠳᠤᠭ᠋ᠠᠷ ᠵᠤᠷᠪᠤᠰ ᠰᠢᠨ᠎ᠡ᠎ᠪᠠᠷ ᠪᠠᠢ᠌ᠭᠤᠯᠤᠭᠳᠠᠭᠰᠠᠨ ᠭ᠋ᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠨᠢ ᠡᠵᠡᠩᠨᠡᠯᠲᠡ ᠵᠢᠨ ᠦᠨᠡᠮᠯᠡᠯ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠳᠣᠣᠷ᠎ᠠ ᠵᠢᠭᠰᠠᠭ᠋ᠠᠭᠰᠠᠨ ᠪᠢᠴᠢᠭ ᠮᠠᠲ᠋ᠧᠷᠢᠶᠠᠯ᠎ᠤᠳ᠎ᠢ ᠠᠪᠴᠤ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃
(ᠨᠢᠭᠡ) ᠡᠵᠡᠩᠨᠡᠯᠲᠡ ᠵᠢᠨ ᠦᠨᠡᠮᠯᠡᠯ᠎ᠤᠨ ᠪᠠᠭᠤᠯᠭ᠋ᠠᠪᠤᠷᠢ
(ᠬᠣᠶᠠᠷ) ᠠᠵᠤ ᠠᠬᠤᠢ᠌ᠯᠠᠯ᠎ᠤᠨ ᠳᠦᠷᠢᠮ
(ᠭᠤᠷᠪᠠ) ᠠᠵᠤ ᠠᠬᠤᠢ᠌ᠯᠠᠯ᠎ᠤᠨ ᠬᠠᠤᠯᠢ ᠵᠢᠨ ᠲᠥᠯᠥᠭᠡᠯᠡᠭᠴᠢ ᠵᠢᠨ ᠪᠡᠶ᠎ᠡ ᠵᠢᠨ ᠭᠡᠷᠡᠴᠢ
(ᠳᠥᠷᠪᠡ) ᠲᠤᠰᠬᠠᠢ ᠮᠡᠷᠭᠡᠵᠢᠯ᠎ᠤᠨ ᠠᠵᠢᠯᠲᠠᠨ᠎ᠤ ᠬᠢᠷᠢ ᠭᠡᠮ᠎ᠤᠨ ᠦᠨᠡᠮᠯᠡᠯ ᠪᠠ ᠬᠥᠳᠡᠯᠮᠦᠷᠢ ᠵᠢᠨ ᠭᠡᠷ᠎ᠡ
(ᠲᠠᠪᠤ) ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠷᠭ᠋ᠠᠵᠤ ᠦᠵᠡᠭᠦᠯᠬᠦ ᠴᠢᠬᠤᠯᠠᠲᠠᠢ ᠭᠡᠵᠦ ᠦᠵᠡᠭᠰᠡᠨ ᠪᠤᠰᠤᠳ ᠪᠢᠴᠢᠭ ᠮᠠᠲ᠋ᠧᠷᠢᠶᠠᠯ᠎ᠤᠳ᠃
ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠩᠰᠠᠯᠠᠭᠤᠯᠬᠤ ᠭᠤᠶᠤᠴᠢᠯᠠᠯ᠎ᠢ ᠣᠯᠤᠭᠰᠠᠨ᠎ᠤ ᠳᠠᠷᠠᠭ᠎ᠠ 30 ᠡᠳᠦᠷ᠎ᠤᠨ ᠳᠣᠲᠣᠷ᠎ᠠ ᠨᠥᠬᠥᠴᠡᠯ᠎ᠳᠤ ᠨᠡᠢ᠌ᠴᠡᠭᠰᠡᠨ ᠠᠵᠤ ᠠᠬᠤᠢ᠌ᠯᠠᠯ᠎ᠳᠤ 《ᠲᠦᠷ ᠳᠣᠭᠳᠠᠭᠰᠠᠨ ᠬᠢᠷᠢ ᠬᠡᠮ᠎ᠤᠨ ᠦᠨᠡᠮᠯᠡᠯ》᠎ᠢ ᠬᠢᠨᠠᠨ ᠣᠯᠭᠣᠬᠤ ᠬᠡᠷᠡᠭᠲᠡᠢ᠃
《ᠲᠦᠷ ᠳᠣᠭᠳᠠᠭᠰᠠᠨ ᠬᠢᠷᠢ ᠭᠡᠮ᠎ᠤᠨ ᠦᠨᠡᠮᠯᠡᠯ》᠎ᠤᠨ ᠬᠦᠴᠦᠨ᠎ᠲᠠᠢ ᠬᠤᠭᠤᠴᠠᠭ᠎ᠠ᠎ᠨᠢ 1 ᠵᠢᠯ ᠪᠣᠯᠤᠨ᠎ᠠ᠃ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠠᠢ᠌ᠳᠠᠯ᠎ᠢ ᠦᠵᠡᠵᠦ 《ᠲᠦᠷ ᠳᠣᠭᠳᠠᠭᠰᠠᠨ ᠬᠢᠷᠢ ᠬᠡᠮ᠎ᠤᠨ ᠦᠨᠡᠮᠯᠡᠯ》᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ ᠬᠤᠭᠤᠴᠠᠭ᠎ᠠ ᠵᠢ 2 ᠵᠢᠯ᠎ᠠᠴᠠ ᠬᠡᠲᠦᠷᠡᠭᠦᠯᠵᠦ ᠪᠣᠯᠬᠤ ᠦᠭᠡᠢ᠃
《ᠲᠦᠷ ᠳᠣᠭᠳᠠᠭᠰᠠᠨ ᠬᠢᠷᠢ ᠭᠡᠮ᠎ᠤᠨ ᠦᠨᠡᠮᠯᠡᠯ》 ᠣᠯᠤᠭᠰᠠᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ ᠨᠡᠭᠡᠭᠡᠨ ᠬᠥᠭᠵᠢᠭᠦᠯᠬᠦ ᠲᠥᠷᠥᠯ ᠵᠦᠢ᠍ᠯ ᠦᠭᠡᠢ ᠪᠣᠯ 《ᠲᠦᠷ ᠳᠣᠭᠳᠠᠭᠰᠠᠨ ᠬᠢᠷᠢ ᠭᠡᠮ᠎ᠤᠨ ᠦᠨᠡᠮᠯᠡᠯ》᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠵᠤ ᠪᠣᠯᠬᠤ ᠦᠭᠡᠢ᠃
ᠳᠣᠯᠣᠳᠤᠭ᠋ᠠᠷ ᠵᠤᠷᠪᠤᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠨᠢ 《ᠲᠦᠷ ᠳᠣᠭᠳᠠᠭᠰᠠᠨ ᠬᠢᠷᠢ ᠬᠡᠮ᠎ᠤᠨ ᠦᠨᠡᠮᠯᠡᠯ》᠎ᠤᠨ ᠬᠦᠴᠦᠨ᠎ᠲᠠᠢ ᠬᠤᠭᠤᠴᠠᠭ᠎ᠠ ᠲᠤᠯᠬᠤ᠎ᠠᠴᠠ ᠡᠮᠦᠨ᠎ᠡ ᠨᠢᠭᠡ ᠰᠠᠷ᠎ᠠ ᠵᠢᠨ ᠳᠣᠲᠣᠷ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠢᠷᠢ ᠬᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠡᠭᠦᠨ᠎ᠤ ᠨᠡᠭᠡᠭᠡᠨ ᠡᠵᠡᠩᠨᠡᠬᠦ ᠠᠮᠵᠢᠯᠲᠠ ᠪᠦᠲᠦᠮᠵᠢ ᠵᠢ ᠦᠨᠳᠦᠰᠦᠯᠡᠨ ᠵᠣᠬᠢᠴᠠᠩᠭᠤᠢ ᠬᠢᠷᠢ ᠬᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠬᠤ ᠬᠡᠷᠡᠭᠲᠡᠢ᠃
ᠨᠠᠢ᠍ᠮᠠᠳᠤᠭ᠋ᠠᠷ ᠵᠤᠷᠪᠤᠰ 《ᠲᠦᠷ ᠳᠣᠭᠳᠠᠭᠰᠠᠨ ᠬᠢᠷᠢ ᠬᠡᠮ᠎ᠤᠨ ᠦᠨᠡᠮᠯᠡᠯ》᠎ᠢ ᠭᠤᠶᠤᠴᠢᠯᠠᠬᠤ ᠨᠥᠬᠥᠴᠡᠯ᠎ᠨᠢ ᠳᠥᠷᠪᠡᠳᠦᠭᠡᠷ ᠳᠡᠰ᠎ᠤᠨ ᠬᠢᠷᠢ ᠬᠡᠮ᠎ᠤᠨ ᠠᠵᠤ ᠠᠬᠤᠢ᠌ᠯᠠᠯ᠎ᠤᠨ ᠨᠥᠬᠥᠴᠡᠯ᠎ᠠᠴᠠ ᠳᠣᠣᠷ᠎ᠠ ᠪᠠᠢ᠌ᠵᠤ ᠪᠣᠯᠬᠤ ᠥᠬᠡᠢ᠃
ᠶᠢᠰᠦᠳᠦᠭᠡᠷ ᠵᠤᠷᠪᠤᠰ ᠲᠦᠷ ᠴᠠᠭ ᠤᠷᠢᠨ ᠬᠡᠷᠡᠭᠯᠡᠬᠦ ᠪᠤᠶᠤ ᠲᠤᠰᠢᠶᠠᠯ ᠬᠠᠪᠰᠤᠷᠭ᠋ᠠᠭᠰᠠᠨ ᠬᠠᠮᠢᠶᠠᠷᠤᠯᠲᠠ ᠵᠢᠴᠢ ᠮᠡᠷᠭᠡᠵᠢᠯ᠎ᠤᠨ ᠠᠵᠢᠯᠲᠠᠨ᠎ᠢ ᠠᠵᠤ ᠠᠬᠤᠢ᠌ᠯᠠᠯ᠎ᠤᠨ ᠬᠠᠮᠢᠶᠠᠷᠤᠯᠲᠠ ᠵᠢᠴᠢ ᠮᠡᠷᠭᠡᠵᠢᠯ᠎ᠤᠨ ᠠᠵᠢᠯᠲᠠᠨ᠎ᠤ ᠶᠡᠷᠦᠩᠬᠡᠢ ᠲᠣᠭ᠎ᠠ᠎ᠳᠤ ᠪᠣᠳᠣᠵᠤ ᠣᠷᠣᠭᠤᠯᠵᠤ ᠪᠣᠯᠬᠤ ᠦᠭᠡᠢ᠃
ᠠᠷᠪᠠᠳᠤᠭ᠋ᠠᠷ ᠵᠤᠷᠪᠤᠰ ᠬᠢᠷᠢ ᠬᠡᠮ᠎ᠤᠨ ᠵᠡᠷᠭᠡ ᠳᠡᠰ᠎ᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠭᠰᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ ᠳᠣᠣᠷ᠎ᠠ ᠵᠢᠭᠰᠠᠭ᠋ᠠᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠃
(ᠨᠢᠭᠡ) ᠠᠵᠤ ᠠᠬᠤᠢ᠌ᠯᠠᠯ᠎ᠤᠨ ᠬᠢᠷᠢ ᠬᠡᠮ᠎ᠤᠨ ᠵᠡᠷᠭᠡ ᠳᠡᠰ᠎ᠤᠨ ᠮᠡᠳᠡᠭᠦᠯᠬᠦ ᠬᠦᠰᠦᠨᠦᠭᠲᠦ
(ᠬᠣᠶᠠᠷ) ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠦᠨᠡᠮᠯᠡᠯ (ᠵᠢᠩᠬᠢᠨᠢ᠂ ᠬᠠᠭᠤᠯᠪᠤᠷᠢ ᠳᠡᠪᠲᠡᠷ)
(ᠭᠤᠷᠪᠠ) ᠠᠵᠤ ᠠᠬᠤᠢ᠌ᠯᠠᠯ᠎ᠤᠨ ᠬᠥᠷᠥᠩᠭᠡ ᠥᠷᠢ ᠵᠢᠨ ᠬᠦᠰᠦᠨᠦᠭᠲᠦ
(ᠳᠥᠷᠪᠡ) ᠠᠵᠤ ᠠᠬᠤᠢ᠌ᠯᠠᠯ ᠤᠨ ᠬᠠᠤᠯᠢ ᠵᠢᠨ ᠲ᠋ᠥᠯᠥᠭᠡᠯᠡᠭᠴᠢ ᠪᠣᠯᠤᠨ ᠠᠵᠤ ᠠᠬᠤᠢ᠂ ᠲᠧᠭᠨᠢᠭ ᠮᠡᠷᠭᠡᠵᠢᠯ᠂ ᠡᠳ᠋᠎ᠤᠨ ᠶᠠᠪᠤᠳᠠᠯ᠎ᠤᠨ ᠬᠠᠷᠢᠭᠤᠴᠠᠯᠭ᠋ᠠᠲᠠᠨ᠎ᠤ ᠲᠤᠰᠢᠶᠠᠯ᠎ᠤᠨ ᠴᠣᠯᠠ ᠵᠢᠨ ᠦᠨᠡᠮᠯᠡᠯ
(ᠲᠠᠪᠤ) ᠨᠢᠭᠡᠨᠲᠡ ᠨᠡᠭᠡᠭᠡᠨ ᠡᠵᠡᠩᠨᠡᠭᠰᠡᠨ ᠵᠦᠢ᠍ᠯᠡᠰ᠎ᠲᠤ ᠬᠣᠯᠪᠣᠭᠳᠠᠬᠤ ᠭᠡᠷᠡᠴᠢ ᠮᠠᠲ᠋ᠧᠷᠢᠶᠠᠯ
(ᠵᠢᠷᠭᠤᠭ᠎ᠠ) ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠵᠦᠢ᠍ᠯᠡᠰ᠎ᠤᠨ ᠭᠠᠷ ᠳᠡᠪᠲᠡᠷ ᠵᠢᠴᠢ 《ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ》᠂ 《ᠣᠷᠣᠨ ᠰᠠᠭᠤᠴᠠ ᠬᠡᠷᠡᠭᠯᠡᠬᠦ ᠲᠣᠳᠣᠷᠬᠠᠢ᠌ᠯᠠᠯᠲᠠ ᠵᠢᠨ ᠪᠢᠴᠢᠭ》᠎ᠢ ᠬᠡᠷᠡᠭᠵᠢᠭᠦᠯᠦᠭᠰᠡᠨ ᠪᠠᠢ᠌ᠳᠠᠯ᠎ᠤᠨ ᠮᠡᠳᠡᠭᠦᠯᠦᠯᠲᠡ
(ᠳᠣᠯᠣᠭ᠎ᠠ) ᠪᠤᠰᠤᠳ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠪᠠᠷᠢᠮᠲᠠ᠃
ᠠᠷᠪᠠᠨ ᠨᠢᠭᠡᠳᠦᠭᠡᠷ ᠵᠤᠷᠪᠤᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠠᠵᠤ ᠠᠬᠤᠢ᠌ᠯᠠᠯ᠎ᠤᠨ ᠬᠢᠷᠢ ᠬᠡᠮ᠎ᠤᠨ ᠵᠡᠷᠭᠡ ᠳᠡᠰ᠎ᠢ ᠱᠠᠲᠤ ᠬᠤᠪᠢᠶᠠᠵᠤ ᠬᠢᠨᠠᠨ ᠵᠥᠪᠰᠢᠶᠡᠷᠡᠨ᠎ᠡ᠃
ᠨᠢᠭᠡᠳᠦᠭᠡᠷ ᠳᠡᠰ᠎ᠤᠨ ᠬᠢᠷᠢ ᠬᠡᠮ᠎ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠩᠬ᠎ᠠ ᠬᠢᠨᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
ᠬᠣᠶᠠᠳᠤᠭ᠋ᠠᠷ ᠳᠡᠰ᠎ᠤᠨ ᠬᠢᠷᠢ ᠬᠡᠮ ᠵᠢᠴᠢ ᠬᠣᠶᠠᠳᠤᠭ᠋ᠠᠷ ᠳᠡᠰ᠎ᠤᠨ ᠬᠢᠷᠢ ᠬᠡᠮ᠎ᠠᠴᠠ ᠳᠣᠷᠣᠭᠰᠢᠬᠢ ᠠᠵᠤ ᠠᠬᠤᠢ᠌ᠯᠠᠯ᠎ᠤᠨ ᠬᠢᠨᠠᠨ ᠵᠥᠪᠰᠢᠶᠡᠷᠡᠬᠦ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠬᠢᠷᠢ ᠭᠡᠮ᠎ᠢ᠎ᠨᠢ ᠬᠢᠨᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠠᠵᠤ ᠠᠬᠤᠢ᠌ᠯᠠᠯ᠎ᠳᠤ ᠬᠢᠷᠢ ᠭᠡᠮ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠠᠴᠠ ᠵᠣᠬᠢᠴᠠᠩᠭᠤᠢ ᠵᠡᠷᠭᠡ ᠳᠡᠰ᠎ᠤᠨ ᠬᠢᠷᠢ ᠭᠡᠮ᠎ᠤᠨ ᠦᠨᠡᠮᠯᠡᠯ ᠣᠯᠭᠣᠨ᠎ᠠ᠃
ᠠᠷᠪᠠᠨ ᠬᠣᠶᠠᠳᠤᠭ᠋ᠠᠷ ᠵᠤᠷᠪᠤᠰ ᠬᠢᠷᠢ ᠬᠡᠮ᠎ᠤᠨ ᠦᠨᠡᠮᠯᠡᠯ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠢ ᠵᠣᠬᠢᠶᠠᠨ᠎ᠠ᠃ ᠬᠢᠷᠢ ᠬᠡᠮ᠎ᠤᠨ ᠦᠨᠡᠮᠯᠡᠯ᠎ᠢ ᠵᠢᠩᠬᠢᠨᠢ ᠳᠡᠪᠲᠡᠷ ᠪᠠ ᠬᠠᠭᠤᠯᠪᠤᠷᠢ ᠳᠡᠪᠲᠡᠷ ᠬᠤᠪᠢᠶᠠᠵᠤ᠂ ᠬᠢᠷᠢ ᠬᠡᠮ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠠᠴᠠ ᠬ᠋ᠡᠷᠡᠭᠴᠡᠭᠡᠪᠠᠨ ᠦᠨᠳᠦᠰᠦᠯᠡᠨ ᠬᠢᠷᠢ ᠬᠡᠮ᠎ᠤᠨ ᠦᠨᠡᠮᠯᠡᠯ᠎ᠤᠨ ᠬᠠᠭᠤᠯᠪᠤᠷᠢ ᠳᠡᠪᠲᠡᠷ᠎ᠢ ᠬᠡᠳᠦᠨ ᠬᠤᠪᠢ ᠬᠠᠷᠭᠤᠭᠤᠯᠤᠨ ᠣᠯᠭᠣᠨ᠎ᠠ᠃
ᠠᠷᠪᠠᠨ ᠭᠤᠷᠪᠠᠳᠤᠭ᠋ᠠᠷ ᠵᠤᠷᠪᠤᠰ ᠶᠠᠮᠠᠷᠪᠠ ᠨᠢᠭᠡᠴᠡ ᠪᠠ ᠬᠤᠪᠢ ᠬᠥᠮᠦᠨ ᠬᠢᠷᠢ ᠬᠡᠮ᠎ᠤᠨ ᠦᠨᠡᠮᠯᠡᠯ᠎ᠢ ᠪᠡᠯᠡᠯᠡᠵᠦ᠂ ᠲᠦᠷᠢᠶᠡᠰᠦᠯᠡᠭᠦᠯᠵᠦ᠂ ᠵᠢᠭᠡᠯᠡᠭᠦᠯᠵᠦ᠂ ᠰᠢᠯᠵᠢᠭᠦᠯᠦᠨ ᠥᠭᠴᠦ᠂ ᠬᠤᠳᠠᠯᠳᠤᠵᠤ ᠪᠣᠯᠬᠤ ᠥᠬᠡᠢ᠃
ᠠᠵᠤ ᠠᠬᠤᠢ᠌ᠯᠠᠯ᠎ᠠᠴᠠ ᠬᠢᠷᠢ ᠭᠡᠮ᠎ᠤᠨ ᠦᠨᠡᠮᠯᠡᠯ ᠵᠶ᠋ᠠᠨ ᠭᠡᠭᠡᠭᠰᠡᠨ ᠪᠣᠯ ᠡᠷᠬᠡᠪᠰᠢ ᠰᠣᠨᠢᠨ ᠮᠡᠳᠡᠭᠡᠨ᠎ᠤ ᠵᠠᠭᠤᠴᠢ ᠳᠡᠭᠡᠷ᠎ᠡ ᠬᠦᠴᠦᠨ ᠦᠭᠡᠢ ᠪᠣᠯᠭ᠋ᠠᠭᠰᠠᠨ ᠵᠶ᠋ᠠᠨ ᠲᠣᠳᠣᠷᠬᠠᠢ᠌ᠯᠠᠭᠰᠠᠨ᠎ᠤ ᠳᠠᠷᠠᠭ᠎ᠠ ᠰᠠᠶᠢ ᠨᠥᠬᠥᠪᠥᠷᠢᠯᠡᠵᠦ ᠪᠣᠯᠤᠨ᠎ᠠ᠃
ᠠᠷᠪᠠᠨ ᠳᠥᠷᠪᠡᠳᠦᠭᠡᠷ ᠵᠤᠷᠪᠤᠰ ᠠᠵᠤ ᠠᠬᠤᠢ᠌ᠯᠠᠯ᠎ᠢ ᠰᠠᠯᠭ᠋ᠠᠬᠤ᠂ ᠨᠡᠢ᠌ᠯᠡᠭᠦᠯᠬᠦ ᠶᠠᠪᠤᠳᠠᠯ ᠭᠠᠷᠪᠠᠯ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠤᠪᠢᠷᠠᠭᠤᠯᠬᠤ ᠭᠠᠷ ᠭᠦᠢ᠍ᠴᠡᠳᠬᠡᠯ ᠬᠢᠭᠰᠡᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠤᠤᠯ᠎ᠤᠨ ᠬᠢᠷᠢ ᠭᠡᠮ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠣᠴᠢᠵᠤ ᠬᠢᠷᠢ ᠬᠡᠮ᠎ᠤᠨ ᠦᠨᠡᠮᠯᠡᠯ᠎ᠢ ᠬᠦᠴᠦᠨ ᠥᠬᠡᠢ ᠪᠣᠯᠭ᠋ᠠᠬᠤ ᠭᠠᠷᠳᠠᠮ᠎ᠢ ᠭᠤᠶᠤᠴᠢᠯᠠᠨ ᠭᠦᠢ᠍ᠴᠡᠳᠬᠡᠬᠦ ᠵᠢᠨ ᠬᠠᠮᠲᠤ ᠬᠢᠷᠢ ᠬᠡᠮ᠎ᠤᠨ ᠵᠡᠷᠭᠡ ᠳᠡᠰ ᠵᠶ᠋ᠠᠨ ᠳᠠᠬᠢᠨ ᠭᠤᠶᠤᠴᠢᠯᠠᠬᠤ ᠬᠡᠷᠡᠭᠲᠡᠢ᠃
ᠠᠷᠪᠠᠨ ᠲᠠᠪᠤᠳᠤᠭ᠋ᠠᠷ ᠵᠤᠷᠪᠤᠰ ᠠᠵᠤ ᠠᠬᠤᠢ᠌ᠯᠠᠯ᠎ᠤᠨ ᠨᠡᠷᠡᠢ᠌ᠳᠦᠯ᠂ ᠬᠠᠤᠯᠢ ᠵᠢᠨ ᠲᠥᠯᠥᠭᠡᠯᠡᠭᠴᠢ ᠪᠣᠯᠤᠨ ᠭᠣᠣᠯ ᠬᠠᠮᠢᠶᠠᠷᠤᠯᠲᠠ᠂ ᠮᠡᠷᠭᠡᠵᠢᠯ᠎ᠤᠨ ᠬᠠᠷᠢᠭᠤᠴᠠᠯᠭ᠋ᠠᠲᠠᠨ᠎ᠢ ᠬᠤᠪᠢᠷᠠᠭᠤᠯᠬᠤ᠎ᠳᠤ 30 ᠡᠳᠦᠷ᠎ᠤᠨ ᠳᠣᠲᠣᠷ᠎ᠠ ᠤᠤᠯ᠎ᠤᠨ ᠬᠢᠷᠢ ᠭᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠲᠤ ᠬᠤᠪᠢᠷᠠᠭ᠋ᠠᠬᠤ ᠭᠠᠷ ᠭᠦᠢ᠍ᠴᠡᠳᠬᠡᠯ ᠬᠢᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠤᠷᠪᠤᠰ ᠠᠵᠤ ᠠᠬᠤᠢ᠌ᠯᠠᠯ ᠳᠠᠮᠫᠤᠷᠠᠬᠤ᠂ ᠠᠵᠢᠯ ᠵᠣᠭᠰᠣᠬᠤ ᠪᠤᠶᠤ ᠪᠤᠰᠤᠳ ᠰᠢᠯᠲᠠᠭ᠋ᠠᠨ᠎ᠠᠴᠠ ᠪᠣᠯᠵᠤ ᠲᠤᠬᠠᠢ᠌ᠯᠠᠭᠰᠠᠨ ᠠᠵᠢᠯ ᠵᠶ᠋ᠠᠨ ᠳᠠᠭᠤᠰᠬᠠᠬᠤ ᠦᠶ᠎ᠡ᠎ᠳᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠡᠵᠡᠩᠨᠡᠯᠲᠡ ᠵᠢᠨ ᠦᠨᠡᠮᠯᠡᠯ ᠵᠶ᠋ᠠᠨ ᠬᠦᠴᠦᠨ ᠥᠬᠡᠢ ᠪᠣᠯᠭ᠋ᠠᠭᠰᠠᠨ᠎ᠤ ᠳᠠᠷᠠᠭ᠋ᠠᠬᠢ 15 ᠡᠳᠦᠷ᠎ᠤᠨ ᠳᠣᠲᠣᠷ᠎ᠠ ᠤᠤᠯ᠎ᠤᠨ ᠬᠢᠷᠢ ᠬᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠲᠤ ᠬᠦᠷᠴᠦ ᠬᠢᠷᠢ ᠬᠡᠮ᠎ᠤᠨ ᠦᠨᠡᠮᠯᠡᠯ ᠵᠶ᠋ᠠᠨ ᠬᠦᠴᠦᠨ ᠥᠬᠡᠢ ᠪᠣᠯᠭ᠋ᠠᠬᠤ ᠬᠡᠷᠡᠭᠲᠡᠢ᠃
ᠠᠷᠪᠠᠨ ᠳᠣᠯᠣᠳᠤᠭ᠋ᠠᠷ ᠵᠤᠷᠪᠤᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠬᠡᠮ᠎ᠨᠢ ᠣᠨ᠎ᠤ ᠪᠠᠢ᠌ᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠦᠨ᠎ᠡ᠃ ᠤᠤᠯ᠎ᠤᠨ ᠳᠣᠭᠳᠠᠭᠰᠠᠨ ᠬᠢᠷᠢ ᠭᠡᠮ᠎ᠤᠨ ᠨᠥᠬᠥᠴᠡᠯ᠎ᠳᠤ ᠨᠡᠢ᠌ᠴᠡᠬᠦ ᠦᠭᠡᠢ ᠪᠤᠶᠤ ᠮᠠᠭᠤ ᠡᠵᠡᠩᠨᠡᠯᠲᠡ ᠵᠢᠨ ᠠᠵᠢᠯᠯᠠᠭ᠎ᠠ᠎ᠲᠠᠢ ᠠᠵᠤ ᠠᠬᠤᠢ᠌ᠯᠠᠯ᠎ᠳᠤ ᠤᠤᠯ᠎ᠤᠨ ᠬᠢᠷᠢ ᠭᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠠᠴᠠ ᠳᠡᠰ ᠪᠠᠭᠤᠷᠠᠭᠤᠯᠬᠤ ᠪᠤᠶᠤ ᠬᠢᠷᠢ ᠭᠡᠮ᠎ᠤᠨ ᠦᠨᠡᠮᠯᠡᠯ᠎ᠢ᠎ᠨᠢ ᠬᠦᠴᠦᠨ ᠦᠭᠡᠢ ᠪᠣᠯᠭ᠋ᠠᠨ᠎ᠠ᠃
ᠨᠢᠭᠡᠳᠦᠭᠡᠷ ᠳᠡᠰ᠎ᠤᠨ ᠬᠢᠷᠢ ᠬᠡᠮ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠣᠨ᠎ᠤ ᠪᠠᠢ᠌ᠴᠠᠭ᠋ᠠᠯᠲᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ᠎ᠤ ᠨᠠᠢ᠌ᠳᠠᠭᠰᠠᠨ ᠪᠠᠢ᠌ᠭᠤᠯᠤᠮᠵᠢ᠎ᠠᠴᠠ ᠬᠠᠷᠢᠭᠤᠴᠠᠨ᠎ᠠ᠃
ᠬᠣᠶᠠᠳᠤᠭ᠋ᠠᠷ ᠳᠡᠰ᠎ᠤᠨ ᠬᠢᠷᠢ ᠬᠡᠮ ᠵᠢᠴᠢ ᠬᠣᠶᠠᠳᠤᠭ᠋ᠠᠷ ᠳᠡᠰ᠎ᠤᠨ ᠬᠢᠷᠢ ᠬᠡᠮ᠎ᠠᠴᠠ ᠳᠣᠷᠣᠭᠰᠢ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠣᠨ᠎ᠤ ᠪᠠᠢ᠌ᠴᠠᠭ᠋ᠠᠯᠲᠠ ᠵᠢ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠷᠭ᠎ᠠ ᠲᠣᠭᠲᠠᠭ᠋ᠠᠨ᠎ᠠ᠃
ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠨᠢ ᠵᠦᠢ ᠶᠣᠰᠣᠨ᠎ᠤ ᠰᠢᠯᠲᠠᠭ᠋ᠠᠨ ᠥᠬᠡᠢ᠎ᠪᠠᠷ ᠣᠨ᠎ᠤ ᠪᠠᠢ᠌ᠴᠠᠭ᠋ᠠᠯᠲᠠ᠎ᠳᠤ ᠣᠷᠣᠯᠴᠠᠬᠤ ᠥᠬᠡᠢ ᠪᠣᠯ ᠣᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠥᠬᠡᠢ᠎ᠪᠠᠷ ᠤᠤᠯ᠎ᠤᠨ ᠬᠢᠷᠢ ᠬᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠨᠢ ᠬᠢᠷᠢ ᠬᠡᠮ᠎ᠤᠨ ᠦᠨᠡᠮᠯᠡᠯ᠎ᠢ᠎ᠨᠢ ᠬᠦᠴᠦᠨ ᠥᠬᠡᠢ ᠪᠣᠯᠭ᠋ᠠᠨ᠎ᠠ᠃
ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠣᠨ᠎ᠤ ᠪᠠᠢ᠍ᠴᠠᠭ᠋ᠠᠯᠲᠠ ᠬᠢᠭᠰᠡᠨ ᠦᠷ᠎ᠡ ᠳ᠋ᠦᠩ᠎ᠢ ᠨᠡᠢ᠌ᠭᠡᠮ ᠨᠡᠢ᠍ᠲᠡ᠎ᠳᠤ ᠨᠡᠢ᠌ᠲᠡᠯᠡᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠤᠷᠪᠤᠰ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠨᠢᠭᠡᠳᠦᠭᠡᠷ ᠳᠡᠰ᠎ᠤᠨ ᠬᠢᠷᠢ ᠭᠡᠮ᠎ᠲᠠᠢ ᠠᠵᠤ ᠠᠬᠤᠢ᠌ᠯᠠᠯ᠎ᠤᠨ ᠭᠡᠷ ᠪᠠᠢ᠌ᠰᠢᠩ ᠭᠠᠵᠠᠷ ᠬᠥᠷᠥᠩᠭᠡ ᠵᠢᠨ ᠵᠦᠢ᠍ᠯᠡᠰ᠎ᠢ ᠳᠠᠭ᠋ᠠᠭ᠋ᠠᠨ ᠠᠪᠬᠤ ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ ᠵᠢ ᠬᠢᠵᠠᠭ᠋ᠠᠷᠯᠠᠬᠤ ᠥᠬᠡᠢ᠂ ᠪᠦᠬᠦ ᠤᠯᠤᠰ᠎ᠤᠨ ᠬᠡᠪᠴᠢᠶᠡᠨ᠎ᠳᠤ ᠭᠡᠷ ᠪᠠᠢ᠌ᠰᠢᠩ ᠭᠠᠵᠠᠷ ᠬᠥᠷᠥᠩᠭᠡ ᠵᠢ ᠨᠡᠭᠡᠭᠡᠨ ᠠᠰᠢᠭᠯᠠᠬᠤ ᠵᠦᠢ᠍ᠯᠡᠰ᠎ᠢ ᠳᠠᠭ᠋ᠠᠭ᠋ᠠᠨ ᠠᠪᠴᠤ ᠪᠣᠯᠤᠨ᠎ᠠ᠃
ᠬᠣᠶᠠᠳᠤᠭ᠋ᠠᠷ ᠳᠡᠰ᠎ᠤᠨ ᠬᠢᠷᠢ ᠬᠡᠮ ᠵᠢᠴᠢ ᠬᠣᠶᠠᠳᠤᠭ᠋ᠠᠷ ᠳᠡᠰ᠎ᠤᠨ ᠬᠢᠷᠢ ᠬᠡᠮ᠎ᠠᠴᠠ ᠳᠣᠷᠣᠭᠰᠢᠬᠢ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠠᠵᠤ ᠠᠬᠤᠢ᠌ᠯᠠᠯ᠎ᠤᠨ ᠪᠠᠷᠢᠯᠭ᠎ᠠ ᠵᠢᠨ ᠲᠠᠯᠠᠪᠠᠢ᠎ᠨᠢ 25 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠣᠷᠣᠭᠰᠢᠬᠢ ᠨᠡᠭᠡᠭᠡᠨ ᠪᠦᠲᠦᠭᠡᠨ ᠪᠠᠢ᠌ᠭᠤᠯᠬᠤ ᠲᠥᠷᠥᠯ ᠵᠦᠢ᠍ᠯ᠎ᠢ ᠡᠭᠦᠷᠭᠡᠯᠡᠵᠦ ᠪᠣᠯᠣᠨ᠎ᠠ᠂ ᠲᠤᠬᠠᠢ᠌ᠯᠠᠭᠰᠠᠨ ᠠᠵᠢᠯ᠎ᠤᠨ ᠪᠣᠳᠠᠲᠠᠢ ᠬᠡᠪᠴᠢᠶ᠎ᠡ ᠵᠢ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠡᠯ᠎ᠡ ᠬᠢᠷᠢ ᠬᠡᠮ᠎ᠤᠨ ᠵᠡᠷᠭᠡ ᠳᠡᠰ᠎ᠤᠨ ᠠᠵᠤ ᠠᠬᠤᠢ᠌ᠯᠠᠯ᠎ᠤᠳ ᠲᠣᠭᠲᠠᠭᠰᠠᠨ ᠲᠤᠬᠠᠢ᠌ᠯᠠᠭᠰᠠᠨ ᠠᠵᠢᠯ᠎ᠤᠨ ᠬᠡᠪᠴᠢᠶᠡᠨ ᠳᠣᠲᠣᠷ᠎ᠠ ᠭᠡᠷ ᠪᠠᠢ᠌ᠰᠢᠩ ᠭᠠᠵᠠᠷ ᠬᠥᠷᠥᠩᠭᠡ ᠵᠢ ᠨᠡᠭᠡᠭᠡᠨ ᠠᠰᠢᠭᠯᠠᠵᠤ ᠡᠵᠡᠩᠨᠡᠬᠦ ᠲᠤᠬᠠᠢ᠌ᠯᠠᠭᠰᠠᠨ ᠠᠵᠢᠯ᠎ᠢ ᠡᠷᠬᠢᠯᠡᠬᠦ ᠬᠡᠷᠡᠭᠲᠡᠢ᠃ ᠳᠡᠰ ᠠᠯᠤᠰᠯᠠᠨ ᠡᠭᠦᠷᠭᠡ ᠬᠠᠷᠢᠭᠤᠴᠠᠵᠤ ᠪᠣᠯᠬᠤ ᠦᠭᠡᠢ᠃
ᠠᠷᠪᠠ ᠶᠢᠰᠦᠳᠦᠭᠡᠷ ᠵᠤᠷᠪᠤᠰ ᠠᠵᠤ ᠠᠬᠤᠢ᠌ᠯᠠᠯ᠎ᠨᠢ ᠬᠢᠷᠢ ᠬᠡᠮ᠎ᠤᠨ ᠦᠨᠡᠮᠯᠡᠯ ᠣᠯᠤᠭᠰᠠᠨ ᠦᠭᠡᠢ᠎ᠪᠠᠷ ᠭᠡᠷ ᠪᠠᠢ᠌ᠰᠢᠩ ᠭᠠᠵᠠᠷ ᠬᠥᠷᠥᠩᠭᠡ ᠵᠢ ᠨᠡᠭᠡᠭᠡᠨ ᠠᠰᠢᠭᠯᠠᠵᠤ ᠡᠵᠡᠩᠨᠡᠭᠰᠡᠨ ᠪᠠᠢ᠌ᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠵᠤ᠂ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ᠂ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠬᠤ ᠦᠭᠡᠢ ᠪᠠᠢ᠌ᠪᠠᠯ᠂ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠡᠪᠰᠢᠭᠦᠯᠵᠦ ᠡᠵᠡᠩᠨᠡᠯᠲᠡ ᠵᠢᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
ᠬᠣᠷᠢᠳᠤᠭ᠋ᠠᠷ ᠵᠤᠷᠪᠤᠰ ᠠᠵᠤ ᠠᠬᠤᠢ᠌ᠯᠠᠯ᠎ᠨᠢ ᠬᠢᠷᠢ ᠬᠡᠮ᠎ᠤᠨ ᠵᠡᠷᠭᠡ ᠳᠡᠰ᠎ᠠᠴᠠ᠎ᠪᠠᠨ ᠳᠠᠪᠠᠵᠤ ᠭᠡᠷ ᠪᠠᠢ᠌ᠰᠢᠩ ᠭᠠᠵᠠᠷ ᠬᠥᠷᠥᠩᠭᠡ ᠵᠢ ᠨᠡᠭᠡᠭᠡᠨ ᠠᠰᠢᠭᠯᠠᠵᠤ ᠡᠵᠡᠩᠨᠡᠪᠡᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠵᠤ᠂ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ᠂ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠬᠤ ᠦᠭᠡᠢ ᠪᠠᠢ᠌ᠪᠠᠯ᠂ ᠤᠤᠯ᠎ᠤᠨ ᠬᠢᠷᠢ ᠬᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠠᠴᠠ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠬᠤ ᠵᠢᠨ ᠬᠠᠮᠲᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠡᠪᠰᠢᠭᠦᠯᠵᠦ ᠡᠵᠡᠩᠨᠡᠯᠲᠡ ᠵᠢᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠨ᠎ᠠ᠃
ᠬᠣᠷᠢᠨ ᠨᠢᠭᠡᠳᠦᠭᠡᠷ ᠵᠤᠷᠪᠤᠰ ᠠᠵᠤ ᠠᠬᠤᠢ᠌ᠯᠠᠯ᠎ᠳᠤ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠤᠤᠯ᠎ᠤᠨ ᠬᠢᠷᠢ ᠭᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠠᠴᠠ ᠬᠢᠷᠢ ᠭᠡᠮ᠎ᠤᠨ ᠦᠨᠡᠮᠯᠡᠯ᠎ᠢ᠎ᠨᠢ ᠵᠠᠷᠯᠠᠨ ᠨᠡᠢ᠌ᠲᠡᠯᠡᠵᠦ ᠬᠦᠴᠦᠨ ᠦᠭᠡᠢ ᠪᠣᠯᠭ᠋ᠠᠬᠤ ᠵᠢᠨ ᠬᠠᠮᠲᠤ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
(ᠨᠢᠭᠡ) ᠦᠨᠡᠨ ᠪᠠᠢ᠌ᠳᠠᠯ᠎ᠢ ᠨᠢᠭᠤᠨ ᠳᠠᠯᠳᠠᠯᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠢ᠌ᠭ᠋ᠠᠳ ᠬ᠋ᠢᠷᠢ ᠬᠡᠮ᠎ᠤᠨ ᠦᠨᠡᠮᠯᠡᠯ᠎ᠢ ᠮᠡᠬᠡᠯᠡᠨ ᠠᠪᠤᠭᠰᠠᠨ᠃
(ᠬᠣᠶᠠᠷ) ᠬᠢᠷᠢ ᠭᠡᠮ᠎ᠤᠨ ᠦᠨᠡᠮᠯᠡᠯ᠎ᠢ ᠪᠠᠯᠠᠯᠤᠨ ᠵᠠᠰᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠪᠤᠰᠤᠳ᠎ᠲᠤ ᠰᠢᠯᠵᠢᠭᠦᠯᠦᠭᠰᠡᠨ᠂ ᠬᠤᠳᠠᠯᠳᠤᠭᠰᠠᠨ᠃
ᠬᠣᠷᠢᠨ ᠬᠣᠶᠠᠳᠤᠭ᠋ᠠᠷ ᠵᠤᠷᠪᠤᠰ ᠠᠵᠤ ᠠᠬᠤᠢ᠌ᠯᠠᠯ᠎ᠤᠨ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠬᠤ ᠲᠥᠷᠥᠯ ᠵᠦᠢ᠍ᠯ᠎ᠤᠨ ᠪᠠᠷᠢᠯᠭ᠎ᠠ ᠵᠢᠨ ᠶᠠᠰᠤ ᠴᠢᠨᠠᠷ ᠮᠠᠭᠤ᠂ ᠬᠦᠨᠳᠦ ᠶᠡᠬᠡ ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ ᠭᠠᠷᠤᠭᠰᠠᠨ ᠪᠣᠯ ᠤᠤᠯ᠎ᠤᠨ ᠬᠢᠷᠢ ᠭᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠠᠴᠠ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠤᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠬᠤ ᠪᠥᠭᠡᠳ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠡᠪᠰᠢᠭᠦᠯᠵᠦ ᠡᠵᠡᠩᠨᠡᠯᠲᠡ ᠵᠢᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠨ᠎ᠠ᠃
ᠬᠣᠷᠢᠨ ᠭᠤᠷᠪᠠᠳᠤᠭ᠋ᠠᠷ ᠵᠤᠷᠪᠤᠰ ᠠᠵᠤ ᠠᠬᠤᠢ᠌ᠯᠠᠯ᠎ᠤᠳ ᠲᠠᠸᠠᠷ᠎ᠤᠨ ᠣᠷᠣᠨ ᠰᠠᠭᠤᠴᠠ ᠵᠢ ᠪᠣᠷᠣᠯᠠᠭᠤᠯᠤᠨ ᠬᠤᠳᠠᠯᠳᠤᠬᠤ᠎ᠳᠠᠭᠠᠨ 《ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ》 ᠪᠣᠯᠤᠨ 《ᠣᠷᠣᠨ ᠰᠠᠭᠤᠴᠠ ᠬᠡᠷᠡᠭᠯᠡᠬᠦ ᠲᠣᠳᠣᠷᠬᠠᠢ᠌ᠯᠠᠯᠲᠠ ᠵᠢᠨ ᠪᠢᠴᠢᠭ》᠎ᠢ ᠲᠣᠭᠲᠠᠭ᠋ᠠᠯ ᠶᠣᠰᠣᠭ᠋ᠠᠷ ᠣᠯᠭᠣᠭᠰᠠᠨ ᠥᠬᠡᠢ ᠪᠠᠢ᠌ᠪᠠᠯ᠂ ᠤᠤᠯ᠎ᠤᠨ ᠬᠢᠷᠢ ᠭᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠠᠴᠠ ᠰᠡᠷᠡᠮᠵᠢᠯᠡᠭᠦᠯᠬᠦ᠂ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠂ ᠬᠢᠷᠢ ᠭᠡᠮ᠎ᠤᠨ ᠵᠡᠷᠭᠡ ᠳᠡᠰ᠎ᠢ᠎ᠨᠢ ᠪᠠᠭᠤᠷᠠᠭᠤᠯᠬᠤ ᠵᠢᠨ ᠬᠠᠮᠲᠤ 1 ᠲᠦᠮᠡᠨ ᠲᠥᠭᠥᠷᠢᠭ᠎ᠠᠴᠠ ᠳᠡᠭᠡᠭᠰᠢ 2 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
ᠬᠣᠷᠢᠨ ᠳᠥᠷᠪᠡᠳᠦᠭᠡᠷ ᠵᠤᠷᠪᠤᠰ ᠠᠵᠤ ᠠᠬᠤᠢ᠌ᠯᠠᠯ᠎ᠨᠢ ᠬᠤᠪᠢᠷᠠᠭᠤᠯᠬᠤ ᠭᠠᠷᠳᠠᠮ᠎ᠢ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠥᠬᠡᠢ ᠪᠣᠯ ᠤᠤᠯ᠎ᠤᠨ ᠬᠢᠷᠢ ᠭᠡᠮ᠎ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ᠎ᠠᠴᠠ ᠰᠡᠷᠡᠮᠵᠢᠯᠡᠭᠦᠯᠬᠦ᠂ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠵᠢᠨ ᠬᠠᠮᠲᠤ 5000 ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
ᠬᠣᠷᠢᠨ ᠲᠠᠪᠤᠳᠤᠭ᠋ᠠᠷ ᠵᠤᠷᠪᠤᠰ ᠡᠯ᠎ᠡ ᠱᠠᠲᠤᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠨ ᠬᠢᠷᠢ ᠬᠡᠮ᠎ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠳᠤᠮᠳᠠ᠎ᠪᠠᠨ ᠡᠭᠦᠷᠭᠡ ᠲᠤᠰᠢᠶᠠᠯ᠎ᠳᠠᠭᠠᠨ ᠣᠰᠣᠯᠳᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠨ᠂ ᠬᠤᠪᠢ ᠵᠢᠨ ᠨᠠᠢ᠌ᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠢ᠌ᠪᠠᠯ ᠲᠡᠭᠦᠨ᠎ᠤ ᠪᠠᠢ᠌ᠭ᠎ᠠ ᠨᠢᠭᠡᠴᠡ ᠪᠤᠶᠤ ᠳᠡᠭᠡᠳᠦ ᠱᠠᠲᠤᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ᠃ ᠶᠠᠯᠠᠳᠤ ᠬᠦᠷᠦᠭᠰᠡᠨ ᠪᠣᠯ ᠬᠠᠤᠯᠢ ᠴᠠᠭ᠋ᠠᠵᠠ ᠵᠢᠨ ᠪᠠᠢ᠌ᠭᠤᠯᠤᠯᠭ᠎ᠠ᠎ᠠᠴᠠ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢᠨ ᠵᠢᠷᠭᠤᠳᠤᠭ᠋ᠠᠷ ᠵᠤᠷᠪᠤᠰ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠲᠣᠭᠲᠠᠭ᠋ᠠᠯ᠎ᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠵᠤ ᠪᠣᠯᠤᠨ᠎ᠠ᠃
ᠬᠣᠷᠢᠨ ᠳᠣᠯᠣᠳᠤᠭ᠋ᠠᠷ ᠵᠤᠷᠪᠤᠰ ᠲᠤᠰ ᠲᠣᠭᠲᠠᠭ᠋ᠠᠯ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠲᠠᠢ᠌ᠯᠪᠤᠷᠢᠯᠠᠨ᠎ᠠ᠃
ᠬᠣᠷᠢᠨ ᠨᠠᠢ᠍ᠮᠠᠳᠤᠭ᠋ᠠᠷ ᠵᠤᠷᠪᠤᠰ ᠲᠤᠰ ᠲᠣᠭᠲᠠᠭ᠋ᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 1993 ᠣᠨ᠎ᠤ 11 ᠰᠠᠷ᠎ᠠ ᠵᠢᠨ 16᠎ᠤ ᠡᠳᠦᠷ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠨᠡᠢ᠌ᠲᠡᠯᠡᠭᠰᠡᠨ 《ᠭᠡᠷ ᠪᠠᠢ᠌ᠰᠢᠩ ᠭᠠᠵᠠᠷ ᠬᠥᠷᠥᠩᠭᠡ ᠵᠢ ᠨᠡᠭᠡᠭᠡᠨ ᠠᠰᠢᠭᠯᠠᠬᠤ ᠠᠵᠤ ᠠᠬᠤᠢ᠌ᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ》 (ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠵᠠᠷᠯᠢᠭ 28 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃