ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠶᠢᠨ ᠲᠣᠪᠴᠢᠶ᠎ᠠ᠂ ᠡᠯ᠎ᠡ ᠠᠵᠢᠯ ᠲᠥᠷᠥᠯ᠎ᠤᠨ ᠬᠣᠯᠪᠣᠭ᠎ᠠ᠂ ᠬᠠᠮᠢᠶ᠎ᠠ ᠪᠦᠬᠦᠢ ᠠᠵᠤ ᠠᠬᠤᠢ᠌ᠯᠠᠯ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠶᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ 8 ᠰᠠᠷ᠎ᠠ ᠵᠢᠨ 26᠎ᠤ ᠡᠳᠦᠷ ᠠᠰᠢᠭᠯᠠᠯᠲᠠ᠎ᠳᠤ ᠣᠷᠣᠵᠤ ᠲᠤᠷᠰᠢᠨ ᠠᠵᠢᠯᠯᠠᠵᠤ᠂ 8 ᠰᠠᠷ᠎ᠠ ᠵᠢᠨ 28᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠶᠢᠨ ᠬᠦᠷᠢᠶᠡᠨ᠎ᠳᠠᠬᠢ ᠠᠩᠬᠠᠳᠠᠭᠴᠢ ᠡᠯᠧᠺᠲᠷᠣᠨ ᠦᠨᠡᠮᠯᠡᠯ᠎ᠤᠨ ᠪᠢᠴᠢᠭ᠎ᠢ ᠡᠭᠦᠰᠬᠡᠨ ᠣᠯᠭᠣᠵᠤ᠂ ᠡᠨᠡ᠎ᠨᠢ ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠶᠢᠨ ᠰᠢᠰᠲ᠋ᠧᠮ᠎ᠤᠨ ᠠᠵᠢᠯ ᠲᠥᠷᠥᠯ᠎ᠤᠨ ᠬᠠᠮᠢᠶᠠᠷᠤᠯᠲᠠ ᠡᠯᠧᠺᠲᠷᠣᠨ᠂ ᠣᠶᠤᠨᠴᠢᠯᠠᠯᠲᠠ ᠵᠢᠨ ᠰᠢᠨ᠎ᠡ ᠴᠠᠭ ᠦᠶ᠎ᠡ᠎ᠳᠤ ᠣᠷᠣᠭᠰᠠᠨ᠎ᠢ ᠬᠠᠷᠠᠭᠤᠯᠵᠤ ᠪᠠᠢ᠌ᠨ᠎ᠠ᠃
ᠨᠢᠭᠡ᠂ ᠡᠯᠧᠺᠲᠷᠣᠨ ᠦᠨᠡᠮᠯᠡᠯ᠎ᠤᠨ ᠯᠠᠪᠯᠠᠬᠤ ᠵᠢᠴᠢ ᠳᠠᠷᠤᠮᠠᠯᠯᠠᠨ ᠬ᠋ᠡᠷᠡᠭᠯᠡᠬᠦ
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠶᠢᠨ ᠬᠦᠷᠢᠶᠡᠨ᠎ᠳᠠᠬᠢ ᠡᠯᠧᠺᠲᠷᠣᠨ ᠦᠨᠡᠮᠯᠡᠯ᠎ᠤᠨ ᠰᠢᠰᠲ᠋ᠧᠮ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ᠎ᠤ ᠴᠢᠳᠠᠮᠵᠢᠳᠤ ᠰᠠᠭᠤᠷᠢᠯᠠᠨ ᠬᠡᠷᠡᠭᠯᠡᠵᠦ᠂ ᠡᠯᠧᠺᠲᠷᠣᠨ ᠦᠨᠡᠮᠯᠡᠯ᠎ᠢ ᠪᠠᠢ᠌ᠴᠠᠭ᠋ᠠᠨ ᠯᠠᠪᠯᠠᠬᠤ ᠵᠢᠴᠢ ᠳᠠᠷᠤᠮᠠᠯᠯᠠᠨ ᠬᠡᠷᠡᠭᠯᠡᠬᠦ᠎ᠳᠤ ᠬᠡᠷᠡᠭᠰᠡᠬᠦ ᠴᠢᠬᠤᠯᠠᠲᠠᠢ ᠬᠡᠷᠡᠭᠯᠡᠭᠴᠢ ᠤᠷᠢᠳᠠᠪᠡᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ᠎ᠳᠤ ᠭᠠᠷᠬᠤ ᠬᠡᠷᠡᠭᠲᠡᠢ᠃
ᠳᠠᠷᠠᠭ᠎ᠠ᠎ᠨᠢ 《ᠬᠡᠷᠡᠭᠡᠯᠡᠭᠴᠢᠳ᠎ᠤᠨ ᠲᠥᠪ》᠎ᠢ ᠲᠣᠪᠴᠢᠳᠠᠨ᠂


《ᠮᠢᠨᠦ ᠦᠨᠡᠮᠯᠡᠯ》 - 《ᠨᠠᠷᠢᠨ ᠠᠭᠤᠯᠭ᠎ᠠ 》 ᠵᠢ ᠲᠣᠪᠴᠢᠳᠠᠨ ᠦᠵᠡᠵᠦ᠂
ᠳᠠᠷᠤᠢ ᠣᠳᠣ ᠵᠢᠨ ᠪᠠᠢ᠌ᠭ᠎ᠠ ᠡᠯᠧᠺᠲᠷᠣᠨ ᠦᠨᠡᠮᠯᠡᠯ᠎ᠢ ᠦᠵᠡᠵᠦ ᠪᠣᠯᠤᠨ᠎ᠠ᠃



ᠡᠯᠧᠺᠲᠷᠣᠨ ᠦᠨᠡᠮᠯᠡᠯ᠎ᠤᠨ ᠪᠠᠷᠠᠭᠤᠨ ᠳᠡᠭᠡᠳᠦ ᠥᠨᠴᠥᠭ᠎ᠤᠨ 《᠁》 ᠲᠡᠮᠳᠡᠭ᠎ᠢ ᠲᠣᠪᠴᠢᠳᠠᠬᠤ ᠵᠢᠨ ᠬᠠᠮᠲᠤ᠂ ᠳᠡᠭᠡᠷ᠎ᠡ ᠵᠢᠷᠤᠭ᠎ᠲᠠᠬᠢ ᠶᠣᠰᠣᠭ᠋ᠠᠷ ᠳᠠᠷᠤᠮᠠᠯᠬᠤ ᠮᠠᠰᠢᠨ᠎ᠢ ᠪᠠᠶ᠋ᠢᠷᠢᠰᠢᠭᠤᠯᠤᠭᠰᠠᠨᠤ ᠳᠠᠷᠠᠭ᠎ᠠ ᠡᠯᠧᠺᠲᠷᠣᠨ ᠦᠨᠡᠮᠯᠡᠯ᠎ᠢ ᠳᠠᠷᠤᠮᠠᠯᠵᠤ ᠪᠣᠯᠤᠨ᠎ᠠ᠃
ᠬᠣᠶᠠᠷ᠂ ᠡᠯᠧᠺᠲᠷᠣᠨ ᠦᠨᠡᠮᠯᠡᠯ᠎ᠤᠨ ᠬᠠᠭᠤᠷᠮᠠᠭ᠎ᠢ ᠰᠢᠯᠭ᠋ᠠᠬᠤ ᠴᠢᠳᠠᠮᠵᠢ
ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠡᠯᠧᠺᠲᠷᠣᠨ ᠦᠨᠡᠮᠯᠡᠯ᠎ᠤᠨ ᠳᠡᠭᠡᠷᠡᠬᠢ ᠬᠣᠶᠠᠷ ᠬᠡᠮᠵᠢᠯ ᠺᠣᠳ᠋ ᠪᠣᠯ ᠤᠯᠤᠰ᠎ᠠᠴᠠ ᠨᠢᠭᠡᠳᠦᠯᠲᠡᠢ ᠱᠠᠭ᠋ᠠᠷᠳᠠᠵᠤ ᠪᠠᠢ᠌ᠭ᠎ᠠ GM ᠺᠣᠳ᠋᠂ ᠪᠠᠢ᠌ᠩᠭᠤ ᠬᠡᠷᠡᠭᠯᠡᠬᠦ ᠺᠣᠳ᠋᠎ᠤᠨ ᠴᠢᠳᠠᠮᠵᠢ ᠵᠢ ᠬᠡᠷᠡᠭᠯᠡᠵᠦ ᠰᠢᠯᠭ᠋ᠠᠨ ᠲᠣᠳᠣᠯᠠᠬᠤ ᠠᠷᠭ᠎ᠠ ᠦᠭᠡᠢ᠂ ᠰᠢᠯᠭ᠋ᠠᠬᠤ ᠦᠶ᠎ᠡ᠎ᠳᠤ 《ᠮᠥᠩᠬᠡ ᠰᠤᠪᠤᠭ》 APP ᠵᠢ ᠬᠡᠷᠡᠭᠯᠡᠬᠦ ᠵᠢᠨ ᠬᠠᠮᠲᠤ᠂ ᠳᠣᠣᠷᠠᠬᠢ ᠵᠢᠷᠤᠭ ᠵᠶ᠋ᠠᠷ ᠤᠯᠠᠭ᠋ᠠᠨ ᠦᠰᠦᠭ᠎ᠤᠨ ᠬᠡᠰᠡᠭ᠎ᠢ ᠲᠣᠪᠴᠢᠳᠠᠪᠠᠯ ᠡᠯᠧᠺᠲᠷᠣᠨ ᠦᠨᠡᠮᠯᠡᠯ᠎ᠤᠨ ᠦᠨᠡᠨ ᠬᠠᠭᠤᠷᠮᠠᠭ᠎ᠢ ᠢᠯᠭ᠋ᠠᠵᠤ ᠳᠡᠢ᠌ᠯᠦᠨ᠎ᠡ᠃
ᠮᠡᠷᠭᠡᠵᠢᠯ᠎ᠤᠨ ᠦᠢ᠍ᠯᠡᠴᠢᠯᠡᠭᠡᠨ᠎ᠤ ᠤᠲᠠᠰᠤ 0471 — 6945165᠂ 6945336᠃