ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠯᠭ᠎ᠠ ᠵᠢᠨ ᠬᠠᠤᠯᠢ
2021-01-05

    ᠨᠢᠭᠡᠳᠦᠭᠡᠷ ᠪᠦᠯᠦᠭ   ᠶᠡᠷᠦᠩᠬᠡᠢ ᠳᠦᠷᠢᠮ
    ᠨᠢᠭᠡᠳᠦᠭᠡᠷ ᠵᠤᠷᠪᠤᠰ   ᠪᠠᠷᠢᠯᠭ᠎ᠠ ᠵᠢᠨ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ ᠪᠠ ᠠᠶᠤᠯ ᠦᠭᠡᠢ ᠪᠠᠢ᠌ᠬᠤ ᠵᠢ ᠪᠠᠲᠤᠯᠠᠵᠤ᠂ ᠪᠠᠷᠢᠯᠭ᠎ᠠ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠥᠯᠥᠭᠡ᠂ ᠲᠤᠰ ᠬᠠᠤᠯᠢ ᠵᠢ ᠲᠣᠭᠲᠠᠭ᠋ᠠᠪᠠ  ᠃
    ᠬᠣᠶᠠᠳᠤᠭ᠋ᠠᠷ ᠵᠤᠷᠪᠤᠰ   ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠪᠠᠷᠢᠯᠭ᠎ᠠ ᠵᠢᠨ ᠠᠵᠢᠯᠯᠠᠭ᠎ᠠ ᠬᠢᠬᠦ᠎ᠳᠤ᠂ ᠪᠠᠷᠢᠯᠭ᠎ᠠ ᠵᠢᠨ ᠠᠵᠢᠯᠯᠠᠭ᠎ᠠ᠎ᠳᠤ ᠬᠢᠨᠠᠯᠲᠠ ᠬᠠᠮᠢᠶᠠᠷᠤᠯᠲᠠ ᠶᠠᠪᠤᠭᠤᠯᠬᠤ᠎ᠳᠤ᠂ ᠲᠤᠰ ᠬᠠᠤᠯᠢ ᠵᠢ ᠵᠢᠷᠤᠮᠯᠠᠬᠤ ᠬᠡᠷᠡᠭᠲᠡᠢ᠃
ᠲᠤᠰ ᠬᠠᠤᠯᠢ᠎ᠳᠤ ᠬᠡᠯᠡᠵᠦ ᠪᠠᠢ᠌ᠭ᠎ᠠ ᠪᠠᠷᠢᠯᠭ᠎ᠠ ᠵᠢᠨ ᠠᠵᠢᠯᠯᠠᠭ᠎ᠠ ᠭᠡᠳᠡᠭ ᠪᠣᠯ ᠡᠯ᠎ᠡ ᠲᠥᠷᠥᠯ᠎ᠤᠨ ᠭᠡᠷ ᠪᠠᠢ᠌ᠰᠢᠩ᠎ᠤᠨ ᠪᠠᠷᠢᠯᠭ᠎ᠠ ᠪᠣᠯᠤᠨ ᠲᠡᠭᠦᠨ᠎ᠳᠤ ᠬᠠᠷᠢᠶᠠᠯᠠᠭᠳᠠᠬᠤ ᠲᠥᠬᠥᠭᠡᠷᠦᠮᠵᠢ ᠵᠢ ᠪᠠᠢ᠌ᠭᠤᠯᠵᠤ ᠪᠦᠲᠦᠭᠡᠬᠦ ᠪᠠ ᠲᠡᠭᠦᠨ᠎ᠳᠤ ᠢᠵᠢ ᠪᠦᠷᠢᠳᠦᠭᠦᠯᠬᠦ ᠤᠲᠠᠰᠤ᠂ ᠬᠣᠭᠣᠯᠠᠢ᠂ ᠲᠣᠨᠣᠭ ᠲᠥᠬᠥᠭᠡᠷᠦᠮᠵᠢ ᠵᠢ ᠤᠭᠰᠠᠷᠠᠬᠤ ᠠᠵᠢᠯᠯᠠᠭ᠎ᠠ ᠵᠢ ᠬᠡᠯᠡᠵᠦ ᠪᠠᠢ᠍ᠨ᠎ᠠ᠃
    ᠭᠤᠷᠪᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯᠯᠠᠭ᠎ᠠ᠎ᠨᠢ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ ᠪᠠ ᠠᠶᠤᠯ ᠦᠭᠡᠢ ᠪᠠᠢ᠌ᠬᠤ ᠵᠢ᠂ ᠤᠯᠤᠰ᠎ᠤᠨ ᠪᠠᠷᠢᠯᠭ᠎ᠠ ᠵᠢᠨ ᠠᠵᠢᠯ᠎ᠤᠨ ᠠᠶᠤᠯ ᠦᠭᠡᠢ ᠵᠢᠨ ᠪᠠᠷᠢᠮᠵᠢᠶ᠎ᠠ᠎ᠳᠤ ᠨᠡᠢ᠌ᠴᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
    ᠳᠥᠷᠪᠡᠳᠦᠭᠡᠷ ᠵᠤᠷᠪᠤᠰ   ᠤᠯᠤᠰ᠎ᠠᠴᠠ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠵᠢ ᠲᠡᠳᠬᠦᠨ ᠳᠠᠮᠵᠢᠵᠤ᠂ ᠪᠠᠷᠢᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠢ ᠳᠡᠮᠵᠢᠵᠦ᠂ ᠭᠡᠷ ᠪᠠᠢ᠌ᠰᠢᠩ᠎ᠤᠨ ᠪᠠᠷᠢᠯᠭ᠎ᠠ ᠵᠢᠨ ᠵᠢᠷᠤᠵᠤ ᠲᠥᠯᠥᠪᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠡᠨᠧᠷᠭᠢ ᠵᠢᠨ ᠡᠬᠢ ᠰᠤᠷᠪᠤᠯᠵᠢ ᠵᠢ ᠠᠷᠪᠢᠯᠠᠬᠤ ᠪᠠ ᠣᠷᠴᠢᠨ ᠠᠬᠤᠢ ᠵᠢ ᠬᠠᠮᠠᠭ᠋ᠠᠯᠠᠬᠤ ᠵᠢ ᠵᠣᠷᠢᠭᠵᠢᠭᠤᠯᠵᠤ᠂ ᠲᠡᠷᠢᠭᠦᠨ᠎ᠤ ᠲᠧᠭᠨᠢᠭ ᠮᠡᠷᠭᠡᠵᠢᠯ᠂ ᠲᠡᠷᠢᠭᠦᠨ᠎ᠤ ᠲᠣᠨᠣᠭ ᠲᠥᠬᠥᠭᠡᠷᠦᠮᠵᠢ᠂ ᠲᠡᠷᠢᠭᠦᠨ᠎ᠤ ᠤᠷᠠᠨ ᠮᠡᠷᠭᠡᠰᠢᠯ᠂ ᠰᠢᠨ᠎ᠡ ᠬᠡᠯᠪᠡᠷᠢ ᠵᠢᠨ ᠪᠠᠷᠢᠯᠭ᠎ᠠ ᠵᠢᠨ ᠮᠠᠲ᠋ᠧᠷᠢᠶᠠᠯ ᠪᠠ ᠣᠳᠣ ᠦᠶ᠎ᠡ ᠵᠢᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠡᠷᠡᠭᠯᠡᠬᠦ ᠵᠢ ᠰᠠᠨᠠᠭ᠋ᠠᠴᠢᠯᠠᠨ᠎ᠠ᠃
    ᠲᠠᠪᠤᠳᠤᠭ᠋ᠠᠷ ᠵᠤᠷᠪᠤᠰ   ᠪᠠᠷᠢᠯᠭ᠎ᠠ ᠵᠢᠨ ᠠᠵᠢᠯᠯᠠᠭ᠎ᠠ ᠬᠢᠬᠦ᠎ᠳᠡᠭᠡᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃ ᠨᠡᠢ᠌ᠭᠡᠮ ᠨᠡᠢ᠌ᠲᠡ ᠵᠢᠨ ᠠᠰᠢᠭ ᠲᠤᠰᠠ ᠪᠠ ᠪᠤᠰᠤᠳ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ ᠪᠣᠯᠬᠤ ᠥᠬᠡᠢ᠃
    ᠶᠠᠮᠠᠷᠪᠠ ᠨᠢᠭᠡᠴᠡ ᠬᠢᠭᠡᠳ ᠬᠤᠪᠢ ᠬᠥᠮᠦᠨ ᠴᠥᠮ ᠬᠠᠤᠯᠢ ᠶᠣᠰᠣᠭ᠋ᠠᠷ ᠬᠢᠵᠦ ᠪᠠᠢ᠌ᠭ᠎ᠠ ᠪᠠᠷᠢᠯᠭ᠎ᠠ ᠵᠢᠨ ᠠᠵᠢᠯᠯᠠᠭ᠎ᠠ ᠵᠢ ᠬᠠᠷᠰᠢᠯᠠᠵᠤ ᠬᠣᠷᠢᠭᠯᠠᠵᠤ ᠪᠣᠯᠬᠤ ᠦᠭᠡᠢ᠃
    ᠵᠢᠷᠭᠤᠳᠤᠭ᠋ᠠᠷ ᠵᠤᠷᠪᠤᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠪᠠᠷᠢᠯᠭ᠎ᠠ ᠵᠢᠨ ᠠᠵᠢᠯᠯᠠᠭ᠎ᠠ ᠵᠢ ᠨᠢᠭᠡᠳᠦᠯᠲᠡᠢ ᠬᠢᠨᠠᠵᠤ ᠬᠠᠮᠢᠶᠠᠷᠤᠨ᠎ᠠ᠃
    ᠬᠣᠶᠠᠳᠤᠭ᠋ᠠᠷ ᠪᠦᠯᠦᠭ   ᠪᠠᠷᠢᠯᠭ᠎ᠠ ᠪᠠᠷᠢᠬᠤ ᠵᠥᠪᠰᠢᠶᠡᠷᠡᠯ ᠠᠪᠬᠤ
    ᠨᠢᠭᠡᠳᠦᠭᠡᠷ ᠬᠡᠰᠡᠭ   ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ ᠠᠪᠬᠤ
    ᠳᠣᠯᠣᠳᠤᠭ᠋ᠠᠷ ᠵᠤᠷᠪᠤᠰ   ᠪᠠᠷᠢᠯᠭ᠎ᠠ ᠵᠢᠨ ᠠᠵᠢᠯ ᠡᠬᠢᠯᠡᠬᠦ᠎ᠠᠴᠠ ᠡᠮᠦᠨ᠎ᠡ᠂ ᠪᠦᠲᠦᠭᠡᠨ ᠪᠠᠢ᠌ᠭᠤᠯᠬᠤ ᠨᠢᠭᠡᠴᠡ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠷᠢᠯᠭ᠎ᠠ ᠵᠢᠨ ᠠᠵᠢᠯ ᠬᠢᠵᠦ ᠪᠠᠢ᠌ᠭ᠎ᠠ ᠭᠠᠵᠠᠷ᠎ᠤᠨ ᠵᠶ᠋ᠠᠨ ᠰᠢᠶᠠᠨ᠎ᠤ   ᠱᠠᠲᠤᠨ᠎ᠠᠴᠠ ᠳᠡᠭᠡᠭᠰᠢ ᠠᠷᠠᠳ᠎ᠤᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠤ᠂ ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ᠎ᠤᠨ ᠦᠨᠡᠮᠯᠡᠯ ᠠᠪᠬᠤ ᠬᠡᠷᠡᠭᠲᠡᠢ᠃ ᠭᠡᠪᠡᠴᠦ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠬᠢᠵᠠᠭ᠋ᠠᠷᠯᠠᠬᠤ ᠬᠡᠮᠵᠢᠶᠡᠨ᠎ᠠᠴᠠ ᠳᠣᠣᠷ᠎ᠠ ᠪᠠᠭ᠎ᠠ ᠬᠡᠯᠪᠡᠷᠢ ᠵᠢᠨ ᠪᠠᠷᠢᠯᠭ᠎ᠠ ᠡᠭᠦᠨ᠎ᠳᠤ ᠪᠠᠭᠲᠠᠬᠤ ᠥᠬᠡᠢ᠃
    ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ ᠲᠣᠭᠲᠠᠭ᠋ᠠᠭᠰᠠᠨ ᠡᠷᠬᠡ ᠮᠠᠲᠠᠯ᠎ᠤᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠠᠵᠢᠯ ᠡᠬᠢᠯᠡᠭᠦᠯᠬᠦ ᠮᠡᠳᠡᠭᠦᠯᠦᠯᠲᠡ ᠵᠢ᠎ᠨᠢ ᠵᠥᠪᠰᠢᠶᠡᠷᠡᠭᠰᠡᠨ ᠪᠠᠷᠢᠯᠭ᠎ᠠ ᠵᠢᠨ ᠠᠵᠢᠯ᠎ᠳᠤ᠂ ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ᠎ᠤᠨ ᠦᠨᠡᠮᠯᠡᠯ᠎ᠢ ᠲᠠᠬᠢᠵᠤ ᠠᠪᠬᠤ ᠬᠡᠷᠡᠭ ᠥᠬᠡᠢ᠃
    ᠨᠠᠢ᠍ᠮᠠᠳᠤᠭ᠋ᠠᠷ ᠵᠤᠷᠪᠤᠰ   ᠪᠠᠷᠢᠯᠭ᠎ᠠ ᠪᠠᠷᠢᠬᠤ ᠵᠥᠪᠰᠢᠶᠡᠷᠡᠯ᠎ᠤᠨ ᠦᠨᠡᠮᠯᠡᠯ ᠠᠪᠬᠤ᠎ᠪᠠᠷ ᠭᠤᠶᠤᠴᠢᠯᠠᠬᠤ᠎ᠳᠤ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠬᠦ ᠬᠡᠷᠡᠭᠲᠡᠢ᠄
   (ᠨᠢᠭᠡ) ᠲᠤᠰ ᠪᠠᠷᠢᠯᠭ᠎ᠠ᠎ᠳᠤ ᠬᠡᠷᠡᠭᠯᠡᠬᠦ ᠭᠠᠵᠠᠷ᠎ᠢ ᠵᠥᠪᠰᠢᠶᠡᠷᠡᠭᠰᠡᠨ ᠭᠠᠷ ᠭᠦᠢ᠍ᠴᠡᠳᠬᠡᠯ᠎ᠢ ᠨᠢᠭᠡᠨᠲᠡ ᠬᠢᠭᠰᠡᠨ  ᠃
   (ᠬᠣᠶᠠᠷ) ᠪᠦᠲᠦᠭᠡᠨ ᠪᠠᠢ᠌ᠭᠤᠯᠤᠯᠲᠠ᠎ᠶᠢᠨ ᠪᠠᠷᠢᠯᠭ᠎ᠠ ᠵᠢᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠭᠦᠢ᠍ᠴᠡᠳᠬᠡᠬᠦ ᠶᠣᠰᠣᠲᠠᠢ᠂ ᠨᠢᠭᠡᠨᠲᠡ ᠪᠦᠲᠦᠭᠡᠨ ᠪᠠᠢ᠌ᠭᠤᠯᠤᠯᠲᠠ᠎ᠶᠢᠨ ᠪᠠᠷᠢᠯᠭ᠎ᠠ ᠵᠢᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ ᠣᠯᠤᠭᠰᠠᠨ᠃
   (ᠭᠤᠷᠪᠠ) ᠨᠤᠷᠠᠭ᠋ᠠᠵᠤ ᠨᠡᠭᠦᠯᠭᠡᠬᠦ ᠴᠢᠬᠤᠯᠠᠲᠠᠢ ᠪᠣᠯ ᠨᠤᠷᠠᠭ᠋ᠠᠵᠤ ᠨᠡᠭᠦᠯᠭᠡᠬᠦ ᠠᠬᠢᠴᠠ᠎ᠨᠢ ᠪᠠᠷᠢᠯᠭ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ᠃
   (ᠳᠥᠷᠪᠡ) ᠪᠠᠷᠢᠯᠭ᠎ᠠ ᠪᠠᠷᠢᠬᠤ ᠠᠵᠤ ᠠᠬᠤᠢ᠌ᠯᠠᠯ᠎ᠢ ᠨᠢᠭᠡᠨᠲᠡ ᠲᠣᠭᠲᠠᠭ᠋ᠠᠭᠰᠠᠨ᠃
   (ᠲᠠᠪᠤ) ᠪᠠᠷᠢᠯᠭ᠎ᠠ ᠵᠢᠨ ᠬᠡᠷᠡᠭᠴᠡᠭᠡ ᠵᠢ ᠬᠠᠩᠭ᠋ᠠᠬᠤ ᠪᠡᠯᠡ ᠮᠥᠩᠭᠥᠨ᠎ᠤ ᠲᠣᠬᠢᠷᠠᠭᠤᠯᠤᠯᠲᠠ᠂ ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠵᠢᠴᠢ ᠲᠧᠭᠨᠢᠭ ᠮᠡᠷᠭᠡᠵᠢᠯ᠎ᠤᠨ ᠮᠠᠲ᠋ᠧᠷᠢᠶᠠᠯ᠎ᠲᠠᠢ ᠪᠠᠢ᠌ᠬᠤ᠃
   (ᠵᠢᠷᠭᠤᠭ᠎ᠠ) ᠪᠠᠷᠢᠯᠭ᠎ᠠ ᠵᠢᠨ ᠶᠠᠰᠤ ᠴᠢᠨᠠᠷ ᠪᠠ ᠠᠶᠤᠯ ᠦᠭᠡᠢ ᠪᠠᠢ᠌ᠬᠤ ᠵᠢ ᠪᠠᠲᠤᠯᠠᠬᠤ ᠪᠣᠳᠠᠲᠠᠢ ᠠᠷᠭ᠎ᠠ ᠬᠡᠮᠵᠢᠶ᠎ᠡ᠎ᠲᠠᠢ ᠪᠠᠢ᠌ᠬᠤ᠃
    ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ ᠳᠣᠯᠣᠭ᠋ᠠᠨ ᠡᠳᠦᠷ᠎ᠤᠨ ᠳᠣᠲᠣᠷ᠎ᠠ᠂ ᠨᠥᠬᠥᠴᠡᠯ᠎ᠳᠤ ᠨᠡᠢ᠌ᠴᠡᠭᠰᠡᠨ ᠭᠤᠶᠤᠴᠢᠯᠠᠯ᠎ᠳᠤ ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ᠎ᠤᠨ ᠦᠨᠡᠮᠯᠡᠯ ᠣᠯᠭᠣᠬᠤ ᠬᠡᠷᠡᠭᠲᠡᠢ᠃
    ᠶᠢᠰᠦᠳᠦᠭᠡᠷ ᠵᠤᠷᠪᠤᠰ   ᠪᠦᠲᠦᠭᠡᠨ ᠪᠠᠢ᠌ᠭᠤᠯᠬᠤ ᠨᠢᠭᠡᠴᠡ᠎ᠨᠢ ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ᠎ᠤᠨ ᠦᠨᠡᠮᠯᠡᠯ ᠣᠯᠤᠭᠰᠠᠨ ᠡᠳᠦᠷ᠎ᠠᠴᠠ ᠡᠬᠢᠯᠡᠨ ᠭᠤᠷᠪᠠᠨ ᠰᠠᠷ᠎ᠠ ᠵᠢᠨ ᠳᠣᠲᠣᠷ᠎ᠠ᠂ ᠠᠵᠢᠯ ᠵᠶ᠋ᠠᠨ ᠡᠬᠢᠯᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭ᠋ᠠᠨ᠎ᠠᠴᠠ ᠪᠣᠯᠤᠭ᠋ᠠᠳ᠂ ᠲᠣᠭᠲᠠᠭᠰᠠᠨ ᠴᠠᠭ᠎ᠲᠠᠭᠠᠨ ᠠᠵᠢᠯ ᠵᠶ᠋ᠠᠨ ᠡᠬᠢᠯᠡᠭᠦᠯᠵᠦ ᠳᠡᠢ᠌ᠯᠬᠦ ᠥᠬᠡᠢ ᠪᠣᠯ ᠦᠨᠡᠮᠯᠡᠯ ᠣᠯᠭᠣᠭᠰᠠᠨ ᠪᠠᠢ᠌ᠭᠤᠯᠤᠯᠭ᠎ᠠ᠎ᠳᠤ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭ᠋ᠠᠬᠤ ᠬᠡᠷᠡᠭᠲᠡᠢ᠃ ᠬᠤᠭᠤᠴᠠᠭ᠎ᠠ ᠤᠷᠲᠤᠳᠬᠠᠬᠤ ᠵᠢ ᠬᠣᠶᠠᠷ ᠤᠳᠠᠭ᠎ᠠ᠎ᠪᠠᠷ ᠬᠢᠵᠠᠭ᠋ᠠᠷᠯᠠᠵᠤ᠂ ᠤᠳᠠᠭ᠎ᠠ ᠪᠦᠷᠢ ᠭᠤᠷᠪᠠᠨ ᠰᠠᠷ᠎ᠠ᠎ᠠᠴᠠ ᠬᠡᠲᠦᠷᠡᠵᠦ ᠪᠣᠯᠬᠤ ᠦᠭᠡᠢ᠃ ᠪᠠᠷᠢᠯᠭ᠎ᠠ ᠵᠢᠨ ᠠᠵᠢᠯ ᠵᠶ᠋ᠠᠨ ᠡᠬᠢᠯᠡᠭᠦᠯᠬᠦ ᠦᠭᠡᠢ ᠮᠥᠷᠲᠡᠭᠡᠨ ᠪᠠᠰᠠ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭ᠋ᠠᠭᠰᠠᠨ ᠦᠭᠡᠢ ᠪᠤᠶᠤ ᠤᠷᠲᠤᠳᠬᠠᠭᠰᠠᠨ ᠬᠤᠭᠤᠴᠠᠭ᠎ᠠ᠎ᠠᠴᠠ᠎ᠪᠠᠨ ᠬᠡᠲᠦᠷᠡᠭᠰᠡᠨ ᠪᠣᠯ᠂ ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ᠎ᠤᠨ ᠦᠨᠡᠮᠯᠡᠯ᠎ᠢ ᠥᠪᠡᠷ ᠵᠶ᠋ᠠᠨ ᠬᠦᠴᠦᠨ ᠦᠭᠡᠢ ᠪᠣᠯᠭ᠋ᠠᠨ᠎ᠠ᠃
    ᠠᠷᠪᠠᠳᠤᠭ᠋ᠠᠷ ᠵᠤᠷᠪᠤᠰ   ᠶᠠᠭ ᠶᠠᠪᠤᠭᠳᠠᠵᠤ ᠪᠠᠢ᠌ᠭ᠎ᠠ ᠪᠠᠷᠢᠯᠭ᠎ᠠ ᠵᠢᠨ ᠠᠵᠢᠯ ᠶᠠᠮᠠᠷ ᠨᠢᠭᠡᠨ ᠰᠢᠯᠲᠠᠭ᠋ᠠᠨ᠎ᠠᠴᠠ ᠪᠣᠯᠤᠭ᠋ᠠᠳ ᠳᠤᠲᠠᠭᠤ ᠵᠣᠭᠰᠣᠬᠤ᠎ᠳᠤ ᠬᠦᠷᠪᠡᠯ᠂ ᠪᠦᠲᠦᠭᠡᠨ ᠪᠠᠢ᠌ᠭᠤᠯᠵᠤ ᠪᠠᠢ᠌ᠭ᠎ᠠ ᠨᠢᠭᠡᠴᠡ᠎ᠨᠢ ᠠᠵᠢᠯ ᠵᠶ᠋ᠠᠨ ᠳᠤᠲᠠᠭᠤ ᠵᠣᠭᠰᠣᠭ᠋ᠠᠭᠰᠠᠨ ᠡᠳᠦᠷ᠎ᠠᠴᠠ ᠡᠬᠢᠯᠡᠨ ᠨᠢᠭᠡ ᠰᠠᠷ᠎ᠠ ᠵᠢᠨ ᠳᠣᠲᠣᠷ᠎ᠠ᠂ ᠦᠨᠡᠮᠯᠡᠯ ᠣᠯᠭᠣᠭᠰᠠᠨ ᠪᠠᠢ᠌ᠭᠤᠯᠤᠯᠭ᠎ᠠ᠎ᠳᠤ ᠮᠡᠳᠡᠭᠦᠯᠬᠦ ᠵᠢᠨ ᠬᠠᠮᠲᠤ᠂ ᠲᠣᠭᠲᠠᠭ᠋ᠠᠯ ᠶᠣᠰᠣᠭ᠋ᠠᠷ ᠪᠠᠷᠢᠯᠭ᠎ᠠ ᠵᠢᠨ ᠠᠵᠢᠯ᠎ᠢ ᠬᠠᠮᠠᠭ᠋ᠠᠯᠠᠵᠤ ᠬᠠᠮᠢᠶᠠᠷᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃
    ᠪᠠᠷᠢᠯᠭ᠎ᠠ ᠵᠢᠨ ᠠᠵᠢᠯ ᠵᠶ᠋ᠠᠨ ᠳᠠᠬᠢᠨ ᠰᠡᠷᠭᠦᠭᠡᠵᠦ ᠬᠢᠬᠦ ᠦᠶ᠎ᠡ᠎ᠳᠤ ᠦᠨᠡᠮᠯᠡᠯ ᠣᠯᠭᠣᠭᠰᠠᠨ ᠪᠠᠢ᠌ᠭᠤᠯᠤᠯᠭ᠎ᠠ᠎ᠳᠤ ᠮᠡᠳᠡᠭᠦᠯᠬᠦ ᠬᠡᠷᠡᠭᠲᠡᠢ᠃ ᠳᠤᠲᠠᠭᠤ ᠵᠣᠭᠰᠣᠭ᠋ᠠᠳ ᠪᠦᠬᠦᠯᠢ ᠨᠢᠭᠡ ᠵᠢᠯ ᠪᠣᠯᠤᠭᠰᠠᠨ ᠪᠠᠷᠢᠯᠭ᠎ᠠ ᠵᠢ ᠰᠡᠷᠭᠦᠭᠡᠵᠦ ᠪᠠᠷᠢᠬᠤ᠎ᠠᠴᠠ ᠡᠮᠦᠨ᠎ᠡ᠂ ᠪᠦᠲᠦᠭᠡᠨ ᠪᠠᠢ᠌ᠭᠤᠯᠬᠤ ᠨᠢᠭᠡᠴᠡ᠎ᠨᠢ ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ᠎ᠤᠨ ᠦᠨᠡᠮᠯᠡᠯ ᠵᠶ᠋ᠠᠨ ᠦᠨᠡᠮᠯᠡᠯ ᠣᠯᠭᠣᠭᠰᠠᠨ   ᠪᠠᠢ᠌ᠭᠤᠯᠤᠯᠭ᠎ᠠ᠎ᠪᠠᠷ ᠰᠢᠯᠭ᠋ᠠᠭᠤᠯᠤᠨ ᠪᠠᠢ᠌ᠴᠠᠭ᠋ᠠᠯᠭ᠋ᠠᠬᠤ ᠬᠡᠷᠡᠭᠲᠡᠢ᠃
    ᠠᠷᠪᠠᠨ ᠨᠢᠭᠡᠳᠦᠭᠡᠷ ᠵᠤᠷᠪᠤᠰ   ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠵᠢᠯ ᠡᠬᠢᠯᠡᠭᠦᠯᠬᠦ ᠮᠡᠳᠡᠭᠦᠯᠦᠯᠲᠡ ᠵᠢ᠎ᠨᠢ ᠵᠥᠪᠰᠢᠶᠡᠷᠡᠭᠰᠡᠨ ᠪᠠᠷᠢᠯᠭ᠎ᠠ ᠵᠢᠨ ᠠᠵᠢᠯ᠂ ᠶᠠᠮᠠᠷ ᠨᠢᠭᠡᠨ ᠰᠢᠯᠲᠠᠭ᠋ᠠᠨ᠎ᠠᠴᠠ ᠪᠣᠯᠤᠭ᠋ᠠᠳ ᠲᠣᠭᠲᠠᠭᠰᠠᠨ ᠬᠤᠭᠤᠴᠠᠭ᠋ᠠᠨ᠎ᠳᠠᠭᠠᠨ ᠠᠵᠢᠯ ᠵᠶ᠋ᠠᠨ ᠡᠬᠢᠯᠡᠭᠦᠯᠵᠦ ᠳᠡᠢ᠌ᠯᠬᠦ ᠥᠬᠡᠢ ᠪᠤᠶᠤ ᠠᠵᠢᠯ ᠵᠶ᠋ᠠᠨ ᠳᠤᠲᠠᠭᠤ ᠵᠣᠭᠰᠣᠭ᠋ᠠᠭᠰᠠᠨ ᠪᠠᠢ᠌ᠪᠠᠯ᠂   ᠪᠠᠢ᠌ᠳᠠᠯ ᠵᠶ᠋ᠠᠨ ᠵᠥᠪᠰᠢᠶᠡᠷᠡᠭᠰᠡᠨ ᠪᠠᠢ᠌ᠭᠤᠯᠤᠯᠭ᠎ᠠ᠎ᠳᠤ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭ᠋ᠠᠨ᠎ᠠᠴᠠ ᠪᠣᠯᠤᠭ᠋ᠠᠳ ᠲᠣᠭᠲᠠᠭᠰᠠᠨ ᠬᠤᠭᠤᠴᠠᠭ᠋ᠠᠨ᠎ᠳᠠᠭᠠᠨ ᠠᠵᠢᠯ ᠵᠶ᠋ᠠᠨ ᠡᠬᠢᠯᠡᠭᠦᠯᠵᠦ ᠳᠡᠢ᠌ᠯᠬᠦ ᠥᠬᠡᠢ᠂ ᠵᠢᠷᠭᠤᠭ᠋ᠠᠨ ᠰᠠᠷ᠎ᠠ ᠬᠡᠲᠦᠷᠡᠭᠰᠡᠨ ᠪᠠᠢ᠌ᠪᠠᠯ᠂ ᠠᠵᠢᠯ ᠡᠬᠢᠯᠡᠭᠦᠯᠬᠦ ᠮᠡᠳᠡᠭᠦᠯᠦᠯᠲᠡ ᠵᠢ ᠵᠥᠪᠰᠢᠶᠡᠷᠡᠭᠦᠯᠬᠦ ᠭᠠᠷᠳᠠᠮ᠎ᠢ ᠳᠠᠬᠢᠨ ᠰᠢᠨ᠎ᠡ᠎ᠪᠠᠷ ᠭᠦᠢ᠍ᠴᠡᠳᠬᠡᠬᠦ ᠬᠡᠷᠡᠭᠲᠡᠢ᠃
    ᠬᠣᠶᠠᠳᠤᠭ᠋ᠠᠷ ᠬᠡᠰᠡᠭ   ᠠᠵᠢᠯ ᠡᠷᠬᠢᠯᠡᠬᠦ ᠬᠢᠷᠢ ᠭᠡᠮ
    ᠠᠷᠪᠠᠨ ᠬᠣᠶᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯᠯᠠᠭ᠎ᠠ ᠬᠢᠬᠦ ᠪᠠᠷᠢᠯᠭ᠎ᠠ ᠪᠠᠷᠢᠬᠤ ᠠᠵᠤ ᠠᠬᠤᠢ᠌ᠯᠠᠯ᠂ ᠬᠠᠢ᠌ᠨ   ᠪᠠᠢ᠌ᠴᠠᠭ᠋ᠠᠬᠤ ᠨᠢᠭᠡᠴᠡ᠂ ᠵᠢᠷᠤᠵᠤ ᠲᠥᠯᠥᠪᠯᠡᠬᠦ ᠨᠢᠭᠡᠴᠡ ᠪᠠ ᠪᠠᠷᠢᠯᠭ᠎ᠠ ᠵᠢᠨ ᠠᠵᠢᠯ᠎ᠢ ᠬᠢᠨᠠᠵᠤ ᠬᠠᠮᠢᠶᠠᠷᠬᠤ ᠨᠢᠭᠡᠴᠡ᠎ᠨᠦᠭᠦᠳ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
   (ᠨᠢᠭᠡ) ᠤᠯᠤᠰ᠎ᠤᠨ ᠲᠣᠭᠲᠠᠭ᠋ᠠᠯ᠎ᠳᠤ ᠨᠡᠢ᠌ᠴᠡᠭᠰᠡᠨ ᠳᠠᠩᠰᠠᠯᠠᠭᠤᠯᠤᠭᠰᠠᠨ ᠬᠥᠷᠥᠩᠭᠡ᠎ᠲᠠᠢ ᠪᠠᠢ᠌ᠬᠤ᠃
   (ᠬᠣᠶᠠᠷ) ᠡᠷᠬᠢᠯᠡᠵᠦ ᠪᠠᠢ᠌ᠭ᠎ᠠ ᠪᠠᠷᠢᠯᠭ᠎ᠠ ᠵᠢᠨ ᠠᠵᠢᠯᠯᠠᠭ᠎ᠠ᠎ᠲᠠᠢ᠎ᠨᠢ ᠵᠣᠬᠢᠴᠠᠭᠰᠠᠨ ᠬᠠᠤᠯᠢ᠎ᠪᠠᠷ ᠲᠣᠭᠲᠠᠭ᠋ᠠᠭᠰᠠᠨ ᠠᠵᠢᠯ ᠡᠷᠬᠢᠯᠡᠬᠦ ᠬᠢᠷᠢ ᠭᠡᠮ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ᠎ᠲᠠᠢ᠃
   (ᠭᠤᠷᠪᠠ) ᠪᠠᠷᠢᠯᠭ᠎ᠠ ᠵᠢᠨ ᠠᠵᠢᠯᠯᠠᠭ᠎ᠠ ᠬᠢᠬᠦ᠎ᠳᠤ ᠬᠣᠯᠪᠣᠭᠳᠠᠬᠤ ᠪᠠᠢ᠌ᠪᠠᠰᠤ ᠵᠣᠬᠢᠬᠤ ᠮᠡᠷᠭᠡᠵᠢᠯ᠎ᠤᠨ ᠲᠥᠬᠥᠭᠡᠷᠦᠮᠵᠢ᠎ᠲᠠᠢ ᠪᠠᠢ᠌ᠬᠤ᠃
   (ᠳᠥᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
    ᠠᠷᠪᠠᠨ ᠭᠤᠷᠪᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯᠯᠠᠭ᠎ᠠ ᠬᠢᠬᠦ ᠪᠠᠷᠢᠯᠭ᠎ᠠ ᠪᠠᠷᠢᠬᠤ ᠠᠵᠤ   ᠠᠬᠤᠢ᠌ᠯᠠᠯ᠂ ᠬᠠᠢ᠌ᠨ   ᠪᠠᠢ᠌ᠴᠠᠭ᠋ᠠᠬᠤ ᠨᠢᠭᠡᠴᠡ᠂ ᠵᠢᠷᠤᠵᠤ ᠲᠥᠯᠥᠪᠯᠡᠬᠦ ᠨᠢᠭᠡᠴᠡ ᠪᠠ ᠪᠠᠷᠢᠯᠭ᠎ᠠ ᠵᠢᠨ ᠠᠵᠢᠯ᠎ᠢ ᠬᠢᠨᠠᠨ ᠬᠠᠮᠢᠶᠠᠷᠬᠤ ᠨᠢᠭᠡᠴᠡ᠎ᠨᠢ ᠲᠡᠭᠦᠨ᠎ᠤ ᠡᠵᠡᠮᠰᠢᠵᠦ ᠪᠠᠢ᠌ᠭ᠎ᠠ ᠳᠠᠩᠰᠠᠯᠠᠭᠤᠯᠤᠭᠰᠠᠨ ᠬᠥᠷᠥᠩᠭᠡ᠂ ᠲᠤᠰᠬᠠᠢ ᠮᠡᠷᠭᠡᠵᠢᠯ᠎ᠤᠨ ᠠᠵᠢᠯᠲᠠᠨ᠂ ᠮᠡᠷᠭᠡᠵᠢᠯ᠎ᠤᠨ ᠲᠣᠨᠣᠭᠯᠠᠯ ᠪᠠ ᠨᠢᠭᠡᠨᠲᠡ ᠪᠡᠶᠡᠯᠡᠭᠦᠯᠦᠭᠰᠡᠨ ᠪᠠᠷᠢᠯᠭ᠎ᠠ ᠵᠢᠨ ᠠᠵᠢᠯ᠎ᠤᠨ ᠠᠮᠵᠢᠯᠲᠠ ᠪᠦᠲᠦᠮᠵᠢ ᠵᠡᠷᠭᠡ ᠬᠢᠷᠢ ᠬᠡᠮ᠎ᠤᠨ ᠨᠥᠬᠥᠴᠡᠯ᠎ᠤᠨ ᠶᠣᠰᠣᠭ᠋ᠠᠷ᠂ ᠠᠳᠠᠯᠢ ᠪᠤᠰᠤ ᠬᠢᠷᠢ ᠬᠡᠮ᠎ᠤᠨ ᠵᠡᠷᠭᠡ ᠳᠡᠰ ᠬᠤᠪᠢᠶᠠᠵᠤ᠂ ᠬᠢᠷᠢ ᠬᠡᠮ᠎ᠤᠨ ᠬᠢᠨᠠᠨ ᠪᠠᠢ᠍ᠴᠠᠭ᠋ᠠᠯᠲᠠ᠎ᠳᠤ ᠬᠢᠷᠢ ᠲᠡᠩᠴᠡᠵᠦ  ᠂ ᠵᠣᠬᠢᠴᠠᠩᠭᠤᠢ ᠵᠡᠷᠭᠡ ᠳᠡᠰ᠎ᠤᠨ ᠬᠢᠷᠢ ᠬᠡᠮ᠎ᠤᠨ ᠦᠨᠡᠮᠯᠡᠯ ᠣᠯᠣᠭᠰᠠᠨ᠎ᠤ ᠳᠠᠷᠠᠭ᠎ᠠ ᠰᠠᠶᠢ ᠬᠢᠷᠢ ᠬᠡᠮ᠎ᠤᠨ ᠦᠨᠡᠮᠯᠡᠯ᠎ᠤᠨ ᠵᠥᠪᠰᠢᠶᠡᠷᠡᠭᠰᠡᠨ ᠬᠡᠪᠴᠢᠶᠡᠨ᠎ᠳᠤ ᠪᠠᠷᠢᠯᠭ᠎ᠠ ᠵᠢᠨ ᠠᠵᠢᠯᠯᠠᠭ᠎ᠠ ᠬᠢᠬᠦ ᠬᠡᠷᠡᠭᠲᠡᠢ᠃
    ᠠᠷᠪᠠᠨ ᠳᠥᠷᠪᠡᠳᠦᠭᠡᠷ ᠵᠤᠷᠪᠤᠰ   ᠪᠠᠷᠢᠯᠭ᠎ᠠ ᠵᠢᠨ ᠠᠵᠢᠯᠯᠠᠭ᠎ᠠ ᠬᠢᠬᠦ ᠲᠤᠰᠬᠠᠢ ᠮᠡᠷᠭᠡᠵᠢᠯ᠎ᠤᠨ ᠠᠵᠢᠯᠲᠠᠨ᠂ ᠠᠵᠢᠯ ᠡᠷᠬᠢᠯᠡᠬᠦ ᠬᠢᠷᠢ ᠭᠡᠮ᠎ᠤᠨ ᠵᠣᠬᠢᠴᠠᠩᠭᠤᠢ ᠦᠨᠡᠮᠯᠡᠯ᠎ᠢ ᠬᠠᠤᠯᠢ ᠶᠣᠰᠣᠭ᠋ᠠᠷ ᠣᠯᠬᠤ ᠵᠢᠨ ᠬᠠᠮᠲᠤ᠂ ᠠᠵᠢᠯ ᠡᠷᠬᠢᠯᠡᠬᠦ ᠬᠢᠷᠢ ᠭᠡᠮ᠎ᠤᠨ ᠦᠨᠡᠮᠯᠡᠯ᠎ᠤᠨ ᠵᠥᠪᠰᠢᠶᠡᠷᠡᠭᠰᠡᠨ ᠬᠡᠪᠴᠢᠶᠡᠨ᠎ᠳᠤ ᠪᠠᠷᠢᠯᠭ᠎ᠠ ᠵᠢᠨ ᠠᠵᠢᠯᠯᠠᠭ᠎ᠠ ᠬᠢᠬᠦ ᠬᠡᠷᠡᠭᠲᠡᠢ᠃
    ᠭᠤᠷᠪᠠᠳᠤᠭ᠋ᠠᠷ ᠪᠦᠯᠦᠭ   ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠤᠯᠬᠤ ᠪᠠ ᠳᠠᠭ᠋ᠠᠭ᠋ᠠᠴᠢᠯᠠᠬᠤ
    ᠨᠢᠭᠡᠳᠦᠭᠡᠷ ᠬᠡᠰᠡᠭ   ᠡᠩ᠎ᠤᠨ ᠲᠣᠭᠲᠠᠭ᠋ᠠᠯ
    ᠠᠷᠪᠠᠨ ᠲᠠᠪᠤᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠤᠯᠬᠤ ᠨᠢᠭᠡᠴᠡ ᠪᠠ ᠳᠠᠭ᠋ᠠᠭ᠋ᠠᠴᠢᠯᠠᠬᠤ ᠨᠢᠭᠡᠴᠡ ᠬᠠᠤᠯᠢ ᠶᠣᠰᠣᠭ᠋ᠠᠷ ᠪᠢᠴᠢᠭ᠎ᠤᠨ ᠭᠡᠷ᠎ᠡ ᠲᠣᠭᠲᠠᠭ᠋ᠠᠬᠤ ᠬᠡᠷᠡᠭᠲᠡᠢ᠃ ᠬᠣᠶᠠᠷ ᠡᠲᠡᠭᠡᠳ᠎ᠤᠨ ᠡᠷᠬᠡ ᠪᠠ ᠡᠭᠦᠷᠭᠡ᠎ᠪᠠᠨ ᠲᠣᠳᠣᠷᠬᠠᠢ᠍ᠯᠠᠬᠤ ᠬᠡᠷᠡᠭᠲᠡᠢ᠃
    ᠳᠠᠭ᠋ᠠᠭ᠋ᠠᠴᠢᠯᠠᠭᠤᠯᠬᠤ ᠨᠢᠭᠡᠴᠡ ᠪᠠ ᠳᠠᠭ᠋ᠠᠭ᠋ᠠᠴᠢᠯᠠᠬᠤ ᠨᠢᠭᠡᠴᠡ᠎ᠨᠢ ᠭᠡᠷ᠎ᠡ᠎ᠳᠤ ᠪᠣᠯᠵᠣᠨ ᠲᠣᠭᠲᠠᠭ᠋ᠠᠭᠰᠠᠨ ᠡᠭᠦᠷᠭᠡ᠎ᠪᠠᠨ ᠪᠥᠬᠥ ᠲᠠᠯ᠎ᠠ᠎ᠪᠠᠷ ᠭᠦᠢ᠍ᠴᠡᠳᠬᠡᠬᠦ ᠬᠡᠷᠡᠭᠲᠡᠢ᠃ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠡᠭᠦᠷᠭᠡ᠎ᠪᠠᠨ ᠭᠦᠢ᠍ᠴᠡᠳᠬᠡᠬᠦ ᠦᠭᠡᠢ ᠪᠣᠯ ᠭᠡᠷ᠎ᠡ ᠵᠢ ᠵᠥᠷᠢᠴᠡᠭᠰᠡᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠬᠦ ᠬᠡᠷᠡᠭᠲᠡᠢ᠃
    ᠠᠷᠪᠠᠨ ᠵᠢᠷᠭᠤᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠭᠤᠯᠤᠯᠲᠠ ᠪᠠ ᠳᠠᠭ᠋ᠠᠭ᠋ᠠᠴᠢᠯᠠᠯᠲᠠ ᠵᠢᠨ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠬᠢᠬᠦ᠎ᠳᠡᠭᠡᠨ ᠢᠯᠡ ᠲᠣᠳᠣᠷᠬᠠᠢ ᠪᠠᠢ᠌ᠬᠤ᠂ ᠲᠥᠪ ᠭᠣᠣᠯᠴᠢ ᠪᠠᠢ᠌ᠬᠤ᠂ ᠡᠷᠬᠡ ᠲᠡᠭᠰᠢ ᠥᠷᠢᠰᠦᠯᠳᠦᠬᠦ ᠵᠠᠷᠴᠢᠮ᠎ᠢ ᠵᠢᠷᠤᠮᠯᠠᠨ᠂ ᠳᠠᠭ᠋ᠠᠭ᠋ᠠᠴᠢᠯᠠᠬᠤ ᠨᠢᠭᠡᠴᠡ᠎ᠨᠦᠭᠦᠳ᠎ᠠᠴᠠ ᠰᠢᠯᠢᠳᠡᠭ᠎ᠢ᠎ᠨᠢ ᠰᠣᠩᠭᠣᠬᠤ ᠬᠡᠷᠡᠭᠲᠡᠢ᠃
    ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠲᠤᠬᠠᠢ᠂ ᠲᠤᠰ ᠬᠠᠤᠯᠢ᠎ᠳᠤ ᠲᠣᠭᠲᠠᠭ᠋ᠠᠭᠰᠠᠨ ᠦᠭᠡᠢ᠂ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠲᠤᠬᠠᠢ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠬᠡᠷᠡᠭᠯᠡᠨ᠎ᠡ᠃
    ᠠᠷᠪᠠᠨ ᠳᠣᠯᠣᠳᠤᠭ᠋ᠠᠷ ᠵᠤᠷᠪᠤᠰ ᠳᠠᠭ᠋ᠠᠭ᠋ᠠᠴᠢᠯᠠᠭᠤᠯᠬᠤ ᠨᠢᠭᠡᠴᠡ ᠪᠣᠯᠤᠨ ᠲᠡᠭᠦᠨ᠎ᠤ ᠠᠵᠢᠯᠲᠠᠨ ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠤᠯᠬᠤ ᠶᠠᠪᠤᠴᠠ᠎ᠳᠤ ᠬᠡᠭᠡᠯᠢ ᠬᠠᠬᠤᠤᠯᠢ᠂ ᠬᠠᠷᠢᠭᠤ ᠬᠠᠷᠠᠮᠵᠢ ᠠᠪᠬᠤ ᠪᠤᠶᠤ ᠪᠤᠰᠤᠳ ᠠᠰᠢᠭ᠎ᠢ ᠨᠡᠬᠡᠨ ᠠᠪᠴᠤ ᠪᠣᠯᠬᠤ ᠥᠬᠡᠢ᠃
    ᠳᠠᠭ᠋ᠠᠭ᠋ᠠᠴᠢᠯᠠᠬᠤ ᠨᠢᠭᠡᠴᠡ ᠪᠣᠯᠤᠨ ᠲᠡᠭᠦᠨ᠎ᠤ ᠠᠵᠢᠯᠲᠠᠨ ᠳᠠᠭ᠋ᠠᠭ᠋ᠠᠴᠢᠯᠠᠭᠤᠯᠬᠤ ᠨᠢᠭᠡᠴᠡ ᠪᠣᠯᠤᠨ ᠲᠡᠭᠦᠨ᠎ᠤ ᠠᠵᠢᠯᠲᠠᠨ᠎ᠳᠤ ᠬᠡᠭᠡᠯᠢ ᠲᠦᠯᠬᠢᠬᠦ᠂ ᠬᠠᠷᠢᠭᠤ ᠬᠠᠷᠠᠮᠵᠢ ᠥᠭᠬᠦ ᠪᠤᠶᠤ ᠪᠤᠰᠤᠳ ᠠᠰᠢᠭ ᠣᠯᠭᠣᠬᠤ ᠵᠡᠷᠭᠡ ᠲᠥᠪ ᠪᠤᠰᠤ ᠠᠷᠭ᠎ᠠ ᠵᠢ ᠬᠡᠷᠡᠭᠯᠡᠨ ᠪᠠᠷᠢᠯᠭ᠎ᠠ ᠳᠠᠭ᠋ᠠᠭ᠋ᠠᠴᠢᠯᠠᠵᠤ ᠪᠣᠯᠬᠤ ᠦᠭᠡᠢ᠃
    ᠠᠷᠪᠠᠨ ᠨᠠᠢ᠍ᠮᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠤᠨ ᠦᠢ᠍ᠯᠡᠳᠬᠦ ᠦᠨ᠎ᠡ ᠥᠷᠲᠡᠭ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠳᠠᠭ᠋ᠠᠭ᠋ᠠᠴᠢᠯᠠᠭᠤᠯᠬᠤ ᠨᠢᠭᠡᠴᠡ ᠪᠠ ᠳᠠᠭ᠋ᠠᠭ᠋ᠠᠴᠢᠯᠠᠬᠤ ᠨᠢᠭᠡᠴᠡ ᠭᠡᠷ᠎ᠡ᠎ᠳᠡᠭᠡᠨ ᠪᠣᠯᠵᠣᠨ ᠲᠣᠭᠲᠠᠭ᠋ᠠᠨ᠎ᠠ᠃ ᠢᠯᠡ᠎ᠪᠠᠷ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠭᠤᠯᠬᠤ ᠵᠢᠨ ᠦᠢ᠍ᠯᠡᠳᠬᠦ ᠦᠨ᠎ᠡ ᠥᠷᠲᠡᠭ᠎ᠢ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠵᠢᠷᠤᠮᠯᠠᠨ ᠪᠣᠯᠵᠣᠨ ᠲᠣᠭᠲᠠᠭ᠋ᠠᠬᠤ ᠬᠡᠷᠡᠭᠲᠡᠢ᠃
    ᠳᠠᠭ᠋ᠠᠭ᠋ᠠᠴᠢᠯᠠᠭᠤᠯᠬᠤ ᠨᠢᠭᠡᠴᠡ᠎ᠨᠢ ᠭᠡᠷ᠎ᠡ᠎ᠳᠤ ᠪᠣᠯᠵᠣᠨ ᠲᠣᠭᠲᠠᠭ᠋ᠠᠭᠰᠠᠨ ᠶᠣᠰᠣᠭ᠋ᠠᠷ ᠪᠠᠷᠢᠯᠭ᠎ᠠ ᠵᠢᠨ ᠵᠣᠭᠣᠰ ᠵᠶ᠋ᠠᠨ ᠴᠠᠭ ᠲᠤᠬᠠᠢ᠎ᠳᠤᠨᠢ ᠰᠢᠯᠵᠢᠭᠦᠯᠵᠦ ᠥᠭᠬᠦ ᠬᠡᠷᠡᠭᠲᠡᠢ᠃
    ᠬᠣᠶᠠᠳᠤᠭ᠋ᠠᠷ ᠬᠡᠰᠡᠭ   ᠳᠠᠭ᠋ᠠᠭ᠋ᠠᠴᠢᠯᠠᠭᠤᠯᠬᠤ
ᠠᠷᠪᠠ ᠶᠢᠰᠦᠳᠦᠭᠡᠷ ᠵᠤᠷᠪᠤᠰ   ᠪᠠᠷᠢᠯᠭ᠎ᠠ ᠵᠢᠨ ᠠᠵᠢᠯ᠎ᠳᠤ ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠭᠤᠯᠬᠤ ᠠᠷᠭ᠎ᠠ ᠵᠢ ᠬᠡᠷᠡᠭᠯᠡᠨ᠎ᠡ᠃ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠭᠤᠯᠬᠤ᠎ᠳᠤ ᠲᠣᠬᠢᠷᠠᠮᠵᠢ ᠥᠬᠡᠢ ᠪᠣᠯ ᠰᠢᠭᠤᠳ ᠳᠠᠭ᠋ᠠᠭ᠋ᠠᠴᠢᠯᠠᠭᠤᠯᠵᠤ ᠪᠣᠯᠤᠨ᠎ᠠ᠃
    ᠬᠣᠷᠢᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠢ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢ ᠬᠡᠷᠡᠭᠵᠢᠭᠦᠯᠵᠦ ᠪᠠᠢ᠌ᠭ᠎ᠠ᠂ ᠳᠠᠭ᠋ᠠᠭ᠋ᠠᠴᠢᠯᠠᠭᠤᠯᠬᠤ ᠨᠢᠭᠡᠴᠡ᠎ᠨᠢ ᠬᠠᠤᠯᠢ᠎ᠪᠠᠷ ᠲᠣᠭᠲᠠᠭ᠋ᠠᠭᠰᠠᠨ ᠵᠢᠷᠤᠮ ᠪᠠ ᠠᠷᠭ᠎ᠠ ᠬᠡᠯᠪᠡᠷᠢ ᠵᠢ ᠦᠨᠳᠦᠰᠦᠯᠡᠨ᠂ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ ᠳᠡᠭᠡᠷ᠎ᠡ᠂ ᠳᠠᠭ᠋ᠠᠭ᠋ᠠᠴᠢᠯᠠᠯᠲᠠ ᠵᠠᠷᠯᠠᠬᠤ ᠪᠠᠷᠢᠯᠭ᠎ᠠ ᠵᠢᠨ ᠲᠧᠭᠨᠢᠭ ᠮᠡᠷᠭᠡᠵᠢᠯ᠎ᠤᠨ ᠭᠣᠣᠯ ᠱᠠᠭ᠋ᠠᠷᠳᠠᠯᠭ᠎ᠠ᠂ ᠭᠡᠷ᠎ᠡ ᠵᠢᠨ ᠭᠣᠣᠯ ᠵᠦᠢ᠍ᠯ ᠵᠤᠷᠪᠤᠰ᠂ ᠳᠠᠭ᠋ᠠᠭ᠋ᠠᠴᠢᠯᠠᠯᠲᠠ ᠵᠢ ᠦᠨᠡᠯᠡᠬᠦ ᠪᠠᠷᠢᠮᠵᠢᠶ᠎ᠠ ᠪᠣᠯᠤᠨ ᠠᠷᠭ᠎ᠠ ᠵᠢᠴᠢ ᠳᠠᠭ᠋ᠠᠭ᠋ᠠᠴᠢᠯᠠᠯᠲᠠ ᠨᠡᠢ᠌ᠲᠡᠯᠡᠬᠦ᠂ ᠳᠠᠭ᠋ᠠᠭ᠋ᠠᠴᠢᠯᠠᠯᠲᠠ ᠦᠨᠡᠯᠡᠬᠦ᠂ ᠳᠠᠭ᠋ᠠᠭ᠋ᠠᠴᠢᠯᠠᠯᠲᠠ ᠲᠣᠭᠲᠠᠬᠤ ᠵᠢᠨ ᠵᠢᠷᠤᠮ ᠵᠡᠷᠭᠡ ᠠᠭᠤᠯᠭ᠎ᠠ ᠵᠢ ᠪᠢᠴᠢᠭᠰᠡᠨ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
    ᠳᠠᠭ᠋ᠠᠭ᠋ᠠᠴᠢᠯᠠᠯᠲᠠ ᠨᠡᠢ᠌ᠲᠡᠯᠡᠬᠦ ᠠᠵᠢᠯ᠎ᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠴᠠᠭ᠂ ᠭᠠᠵᠠᠷ᠎ᠲᠤ ᠢᠯᠡ᠎ᠪᠠᠷ ᠬᠢᠬᠦ ᠬᠡᠷᠡᠭᠲᠡᠢ᠃ ᠳᠠᠭ᠋ᠠᠭ᠋ᠠᠴᠢᠯᠠᠯᠲᠠ   ᠨᠡᠢ᠌ᠲᠡᠯᠡᠭᠰᠡᠨ᠎ᠤ ᠳᠠᠷᠠᠭ᠎ᠠ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠳᠠᠭ᠋ᠠᠭ᠋ᠠᠴᠢᠯᠠᠯᠲᠠ ᠦᠨᠡᠯᠡᠬᠦ ᠪᠠᠷᠢᠮᠵᠢᠶ᠎ᠠ ᠪᠣᠯᠤᠨ ᠵᠢᠷᠤᠮ᠎ᠤᠨ ᠶᠣᠰᠣᠭ᠋ᠠᠷ ᠳᠠᠭ᠋ᠠᠭ᠋ᠠᠴᠢᠯᠠᠯᠲᠠ ᠵᠢᠨ ᠪᠢᠴᠢᠭ᠎ᠢ ᠦᠨᠡᠯᠡᠵᠦ᠂ ᠬᠠᠷᠢᠴᠠᠭᠤᠯᠵᠤ᠂ ᠬᠠᠷᠢᠴᠠᠩᠭᠤᠢ ᠬᠢᠷᠢ ᠬᠡᠮ᠎ᠤᠨ ᠨᠥᠬᠥᠴᠡᠯ ᠪᠦᠷᠢᠯᠳᠦᠭᠦᠯᠦᠭᠰᠡᠨ ᠳᠠᠭ᠋ᠠᠭ᠋ᠠᠴᠢᠯᠠᠯᠲᠠ ᠬᠦᠯᠢᠶᠡᠭᠴᠢᠳ᠎ᠤᠨ ᠳᠣᠲᠣᠷ᠎ᠠ᠎ᠠᠴᠠ ᠰᠢᠯᠢᠳᠡᠭ᠎ᠢ᠎ᠨᠢ ᠰᠣᠩᠭᠣᠨ ᠳᠠᠭ᠋ᠠᠭ᠋ᠠᠴᠢᠯᠠᠯᠲᠠ ᠣᠯᠤᠭᠴᠢ ᠵᠢ ᠲᠣᠭᠲᠠᠭ᠋ᠠᠬᠤ ᠬᠡᠷᠡᠭᠲᠡᠢ᠃
    ᠬᠣᠷᠢᠨ ᠨᠢᠭᠡᠳᠦᠭᠡᠷ ᠵᠤᠷᠪᠤᠰ   ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠠᠷᠯᠠᠬᠤ ᠶᠠᠪᠤᠳᠠᠯ᠎ᠤᠨ ᠳᠠᠭ᠋ᠠᠭ᠋ᠠᠴᠢᠯᠠᠯᠲᠠ ᠨᠡᠢ᠌ᠲᠡᠯᠡᠬᠦ᠂ ᠳᠠᠭ᠋ᠠᠭ᠋ᠠᠴᠢᠯᠠᠯᠲᠠ ᠦᠨᠡᠯᠡᠬᠦ᠂ ᠳᠠᠭ᠋ᠠᠭ᠋ᠠᠴᠢᠯᠠᠯᠲᠠ ᠲᠣᠭᠲᠠᠬᠤ ᠵᠡᠷᠭᠡ ᠵᠢ ᠪᠦᠲᠦᠭᠡᠨ ᠪᠠᠢ᠌ᠭᠤᠯᠬᠤ ᠨᠢᠭᠡᠴᠡ᠎ᠠᠴᠠ ᠬᠠᠤᠯᠢ ᠶᠣᠰᠣᠭ᠋ᠠᠷ ᠵᠣᠬᠢᠶᠠᠨ ᠪᠠᠢ᠌ᠭᠤᠯᠵᠤ ᠶᠠᠪᠤᠭᠤᠯᠬᠤ ᠵᠢᠨ ᠬᠠᠮᠲᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠵᠢ ᠬᠦᠯᠢᠶᠡᠨ᠎ᠡ᠃
    ᠬᠣᠷᠢᠨ ᠬᠣᠶᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠭᠤᠯᠬᠤ᠎ᠳᠤ᠂ ᠳᠠᠭ᠋ᠠᠭ᠋ᠠᠴᠢᠯᠠᠭᠤᠯᠬᠤ ᠨᠢᠭᠡᠴᠡ᠎ᠨᠢ ᠪᠠᠷᠢᠯᠭ᠎ᠠ ᠵᠢᠨ ᠠᠵᠢᠯ ᠵᠶ᠋ᠠᠨ ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠣᠯᠤᠭᠰᠠᠨ ᠳᠠᠭ᠋ᠠᠭ᠋ᠠᠴᠢᠯᠠᠬᠤ ᠨᠢᠭᠡᠴᠡ᠎ᠳᠤ ᠳᠠᠭ᠋ᠠᠭ᠋ᠠᠴᠢᠯᠠᠭᠤᠯᠵᠤ ᠥᠭᠬᠦ ᠬᠡᠷᠡᠭᠲᠡᠢ᠃ ᠪᠠᠷᠢᠯᠭ᠎ᠠ ᠵᠢᠨ ᠠᠵᠢᠯ᠎ᠢ ᠰᠢᠭᠤᠳ ᠳᠠᠭ᠋ᠠᠭ᠋ᠠᠴᠢᠯᠠᠭᠤᠯᠳᠠᠭ ᠳᠠᠭ᠋ᠠᠭ᠋ᠠᠴᠢᠯᠠᠭᠤᠯᠬᠤ ᠨᠢᠭᠡᠴᠡ᠎ᠨᠢ ᠪᠠᠷᠢᠯᠭ᠎ᠠ ᠵᠢᠨ ᠠᠵᠢᠯ ᠵᠶ᠋ᠠᠨ ᠬᠢᠷᠢ ᠬᠡᠮ᠎ᠤᠨ ᠵᠣᠬᠢᠴᠠᠩᠭᠤᠢ ᠨᠥᠬᠥᠴᠡᠯ ᠪᠦᠬᠦᠢ ᠳᠠᠭ᠋ᠠᠭ᠋ᠠᠴᠢᠯᠠᠬᠤ ᠨᠢᠭᠡᠴᠡ᠎ᠳᠤ ᠳᠠᠭ᠋ᠠᠭ᠋ᠠᠴᠢᠯᠠᠭᠤᠯᠵᠤ ᠥᠭᠬᠦ ᠬᠡᠷᠡᠭᠲᠡᠢ᠃
    ᠬᠣᠷᠢᠨ ᠭᠤᠷᠪᠠᠳᠤᠭ᠋ᠠᠷ ᠵᠤᠷᠪᠤᠰ   ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠶ᠎ᠠ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠵᠶ᠋ᠠᠨ ᠬᠡᠷᠡᠭᠯᠡᠨ᠂ ᠳᠠᠭ᠋ᠠᠭ᠋ᠠᠴᠢᠯᠠᠭᠤᠯᠬᠤ ᠨᠢᠭᠡᠴᠡ ᠵᠢᠨ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠭᠤᠯᠬᠤ ᠪᠠᠷᠢᠯᠭ᠎ᠠ ᠵᠢᠨ ᠠᠵᠢᠯ᠎ᠢ ᠵᠢᠭ᠋ᠠᠨ ᠲᠣᠭᠲᠠᠭ᠋ᠠᠭᠰᠠᠨ ᠳᠠᠭ᠋ᠠᠭ᠋ᠠᠴᠢᠯᠠᠬᠤ ᠨᠢᠭᠡᠴᠡ᠎ᠳᠤ ᠳᠠᠭ᠋ᠠᠭ᠋ᠠᠴᠢᠯᠠᠭᠤᠯᠵᠤ ᠪᠣᠯᠬᠤ ᠦᠭᠡᠢ᠃
    ᠬᠣᠷᠢᠨ ᠳᠥᠷᠪᠡᠳᠦᠭᠡᠷ ᠵᠤᠷᠪᠤᠰ   ᠪᠠᠷᠢᠯᠭ᠎ᠠ ᠵᠢᠨ ᠠᠵᠢᠯ᠎ᠢ ᠶᠡᠷᠦᠩᠬᠡᠢ᠍ᠯᠡᠨ ᠳᠠᠭ᠋ᠠᠭ᠋ᠠᠴᠢᠯᠠᠭᠤᠯᠬᠤ ᠵᠢ ᠰᠠᠨᠠᠭ᠋ᠠᠴᠢᠯᠠᠵᠤ᠂ ᠪᠠᠷᠢᠯᠭ᠎ᠠ ᠵᠢᠨ ᠠᠵᠢᠯ᠎ᠢ ᠬᠡᠰᠡᠭᠯᠡᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠨ᠎ᠠ᠃
    ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠤᠯᠬᠤ ᠨᠢᠭᠡᠴᠡ᠎ᠨᠢ ᠪᠠᠷᠢᠯᠭ᠎ᠠ ᠵᠢᠨ ᠠᠵᠢᠯ᠎ᠤᠨ ᠬᠠᠢ᠌ᠨ   ᠪᠠᠢ᠌ᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠲᠣᠨᠣᠭ ᠲᠥᠬᠥᠭᠡᠷᠦᠮᠵᠢ ᠬᠤᠳᠠᠯᠳᠤᠨ ᠠᠪᠬᠤ ᠠᠵᠢᠯ᠎ᠢ ᠬᠠᠮᠲᠤ᠎ᠳᠤᠨᠢ ᠪᠠᠷᠢᠯᠭ᠎ᠠ ᠵᠢᠨ ᠠᠵᠢᠯ᠎ᠢ ᠶᠡᠷᠦᠩᠬᠡᠢ᠍ᠯᠡᠨ ᠳᠠᠭ᠋ᠠᠭ᠋ᠠᠴᠢᠯᠠᠬᠤ ᠨᠢᠭᠡ ᠨᠢᠭᠡᠴᠡ᠎ᠳᠤ ᠳᠠᠭ᠋ᠠᠭ᠋ᠠᠴᠢᠯᠠᠭᠤᠯᠤᠨ ᠥᠭᠴᠦ ᠪᠤᠯᠤᠨ᠎ᠠ᠃ ᠪᠠᠰᠠ ᠪᠠᠷᠢᠯᠭ᠎ᠠ ᠵᠢᠨ ᠠᠵᠢᠯ᠎ᠤᠨ ᠬᠠᠢ᠌ᠨ ᠪᠠᠢ᠌ᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠲᠣᠨᠣᠭ ᠲᠥᠬᠥᠭᠡᠷᠦᠮᠵᠢ ᠬᠤᠳᠠᠯᠳᠤᠨ ᠠᠪᠬᠤ ᠠᠵᠢᠯ᠎ᠤᠨ ᠨᠢᠭᠡ ᠵᠦᠢ᠍ᠯ ᠪᠤᠶᠤ ᠣᠯᠠᠨ ᠵᠦᠢ᠍ᠯ᠎ᠢ ᠪᠠᠷᠢᠯᠭ᠎ᠠ ᠵᠢᠨ ᠠᠵᠢᠯ᠎ᠢ ᠶᠡᠷᠦᠩᠬᠡᠢ᠍ᠯᠡᠨ ᠳᠠᠭ᠋ᠠᠭ᠋ᠠᠴᠢᠯᠠᠬᠤ ᠨᠢᠭᠡ ᠨᠢᠭᠡᠴᠡ᠎ᠳᠤ ᠳᠠᠭ᠋ᠠᠭ᠋ᠠᠴᠢᠯᠠᠭᠤᠯᠤᠨ ᠥᠭᠴᠦ ᠪᠣᠯᠤᠨ᠎ᠠ᠃ ᠭᠡᠪᠡᠴᠦ ᠨᠢᠭᠡ ᠳᠠᠭ᠋ᠠᠭ᠋ᠠᠴᠢᠯᠠᠬᠤ ᠨᠢᠭᠡᠴᠡ ᠵᠢᠨ ᠪᠡᠶᠡᠯᠡᠭᠦᠯᠬᠦ ᠶᠣᠰᠣᠲᠠᠢ ᠪᠠᠷᠢᠯᠭ᠎ᠠ ᠵᠢᠨ ᠠᠵᠢᠯ᠎ᠢ ᠬᠡᠳᠦᠨ ᠬᠡᠰᠡᠭ ᠰᠠᠯᠭ᠋ᠠᠭ᠋ᠠᠳ ᠬᠡᠳᠦᠨ ᠳᠠᠭ᠋ᠠᠭ᠋ᠠᠴᠢᠯᠠᠬᠤ ᠨᠢᠭᠡᠴᠡ᠎ᠳᠤ ᠳᠠᠭ᠋ᠠᠭ᠋ᠠᠴᠢᠯᠠᠭᠤᠯᠵᠤ ᠪᠣᠯᠬᠤ ᠥᠬᠡᠢ᠃
    ᠬᠣᠷᠢᠨ ᠲᠠᠪᠤᠳᠤᠭ᠋ᠠᠷ ᠵᠦᠢ᠍ᠯ   ᠭᠡᠷ᠎ᠡ᠎ᠳᠤ ᠪᠣᠯᠵᠣᠨ ᠲᠣᠭᠲᠠᠭ᠋ᠠᠭᠰᠠᠨ ᠶᠣᠰᠣᠭ᠋ᠠᠷ᠂ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠣᠨᠣᠭ ᠰᠡᠯᠪᠢᠭᠡᠰᠦ ᠪᠠ ᠲᠣᠨᠣᠭ ᠲᠥᠬᠥᠭᠡᠷᠦᠮᠵᠢ ᠵᠢ ᠪᠠᠷᠢᠯᠭ᠎ᠠ ᠳᠠᠭ᠋ᠠᠭ᠋ᠠᠴᠢᠯᠠᠭᠰᠠᠨ ᠨᠢᠭᠡᠴᠡ᠎ᠠᠴᠠ ᠬᠤᠳᠠᠯᠳᠤᠨ ᠠᠪᠬᠤ ᠵᠢ ᠳᠠᠭ᠋ᠠᠭ᠋ᠠᠴᠢᠯᠠᠭᠤᠯᠬᠤ ᠨᠢᠭᠡᠴᠡ᠎ᠨᠢ ᠳᠠᠭ᠋ᠠᠭ᠋ᠠᠴᠢᠯᠠᠭᠰᠠᠨ ᠨᠢᠭᠡᠴᠡ ᠵᠢᠨ ᠪᠠᠷᠢᠯᠭ᠎ᠠ᠎ᠳᠤ ᠬᠡᠷᠡᠭᠯᠡᠬᠦ᠎ᠪᠠᠷ ᠬᠤᠳᠠᠯᠳᠤᠨ ᠠᠪᠬᠤ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠣᠨᠣᠭ ᠰᠡᠯᠪᠢᠭᠡᠰᠦ ᠪᠠ ᠲᠣᠨᠣᠭ ᠲᠥᠬᠥᠭᠡᠷᠦᠮᠵᠢ ᠵᠢ ᠵᠢᠭ᠋ᠠᠨ ᠲᠣᠭᠲᠠᠭ᠋ᠠᠬᠤ ᠪᠤᠶᠤ ᠲᠡᠳᠡᠭᠡᠷ᠎ᠢ ᠦᠢ᠍ᠯᠡᠳᠪᠦᠷᠢᠯᠡᠬᠦ ᠦᠢ᠍ᠯᠡᠳᠪᠦᠷᠢ᠂ ᠬᠠᠩᠭ᠋ᠠᠬᠤ ᠬᠤᠳᠠᠯᠳᠤᠭ᠋ᠠᠴᠢᠨ᠎ᠢ ᠵᠢᠭ᠋ᠠᠨ ᠲᠣᠭᠲᠠᠭ᠋ᠠᠵᠤ ᠪᠣᠯᠬᠤ ᠦᠭᠡᠢ᠃
    ᠭᠤᠷᠪᠠᠳᠤᠭ᠋ᠠᠷ ᠬᠡᠰᠡᠭ   ᠳᠠᠭ᠋ᠠᠭ᠋ᠠᠴᠢᠯᠠᠬᠤ
    ᠬᠣᠷᠢᠨ ᠵᠢᠷᠭᠤᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠬᠤ ᠨᠢᠭᠡᠴᠡ᠎ᠨᠢ ᠬᠠᠤᠯᠢ ᠶᠣᠰᠣᠭ᠋ᠠᠷ ᠣᠯᠤᠭᠰᠠᠨ ᠬᠢᠷᠢ ᠬᠡᠮ᠎ᠤᠨ ᠦᠨᠡᠮᠯᠡᠯ᠎ᠲᠠᠢ ᠪᠠᠢ᠌ᠬᠤ ᠬᠡᠷᠡᠭᠲᠡᠢ ᠪᠥᠭᠡᠳ ᠬᠢᠷᠢ ᠬᠡᠮ᠎ᠤᠨ ᠵᠡᠷᠭᠡ ᠳᠡᠰ᠎ᠤᠨ ᠵᠥᠪᠰᠢᠶᠡᠷᠡᠭᠰᠡᠨ ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠳᠤ ᠪᠠᠷᠢᠯᠭ᠎ᠠ ᠳᠠᠭ᠋ᠠᠭ᠋ᠠᠴᠢᠯᠠᠬᠤ ᠬᠡᠷᠡᠭᠲᠡᠢ᠃
    ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠬᠢᠷᠢ ᠬᠡᠮ᠎ᠤᠨ ᠵᠡᠷᠭᠡ ᠳᠡᠰ᠎ᠤᠨ ᠵᠥᠪᠰᠢᠶᠡᠷᠡᠭᠰᠡᠨ ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠠᠴᠠ᠎ᠪᠠᠨ ᠳᠠᠪᠠᠭ᠋ᠠᠳ᠂ ᠡᠰᠡᠬᠦᠯ᠎ᠡ ᠶᠠᠮᠠᠷᠪᠠ ᠬᠡᠯᠪᠡᠷᠢ᠎ᠪᠠᠷ ᠪᠤᠰᠤᠳ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠨᠡᠷ᠎ᠡ᠎ᠪᠠᠷ ᠪᠠᠷᠢᠯᠭ᠎ᠠ ᠳᠠᠭ᠋ᠠᠭ᠋ᠠᠴᠢᠯᠠᠬᠤ ᠵᠢ ᠴᠠᠭ᠋ᠠᠵᠠᠯᠠᠨ᠎ᠠ᠃ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠶᠠᠮᠠᠷᠪᠠ ᠬᠡᠯᠪᠡᠷᠢ᠎ᠪᠠᠷ ᠪᠤᠰᠤᠳ ᠨᠢᠭᠡᠴᠡ ᠪᠤᠶᠤ ᠬᠤᠪᠢ ᠬᠥᠮᠦᠨ ᠵᠶ᠋ᠠᠷ ᠲᠤᠰ ᠠᠵᠤ ᠠᠬᠤᠢ᠌ᠯᠠᠯ᠎ᠤᠨ ᠬᠢᠷᠢ ᠬᠡᠮ᠎ᠤᠨ ᠦᠨᠡᠮᠯᠡᠯ᠂ ᠡᠵᠡᠩᠨᠡᠯᠲᠡ ᠵᠢᠨ ᠦᠨᠡᠮᠯᠡᠯ᠎ᠢ ᠬᠡᠷᠡᠭᠯᠡᠬᠦ ᠵᠢ ᠴᠠᠭ᠋ᠠᠵᠠᠯᠠᠵᠤ᠂ ᠲᠤᠰ ᠠᠵᠤ ᠠᠬᠤᠢ᠌ᠯᠠᠯ᠎ᠤᠨ ᠨᠡᠷ᠎ᠡ᠎ᠪᠠᠷ ᠪᠠᠷᠢᠯᠭ᠎ᠠ ᠳᠠᠭ᠋ᠠᠭ᠋ᠠᠴᠢᠯᠠᠬᠤ ᠵᠢ ᠵᠥᠪᠰᠢᠶᠡᠷᠡᠬᠦ ᠵᠢ ᠴᠠᠭ᠋ᠠᠵᠠᠯᠠᠨ᠎ᠠ᠃
    ᠬᠣᠷᠢᠨ ᠳᠣᠯᠣᠳᠤᠭ᠋ᠠᠷ ᠵᠤᠷᠪᠤᠰ   ᠲᠣᠮᠣ ᠬᠡᠯᠪᠡᠷᠢ ᠵᠢᠨ ᠪᠠᠷᠢᠯᠭ᠎ᠠ ᠵᠢᠨ ᠠᠵᠢᠯ ᠪᠤᠶᠤ ᠪᠦᠲᠦᠴᠡ᠎ᠨᠢ ᠪᠤᠳᠤᠯᠢᠶᠠᠨᠲᠠᠢ ᠪᠠᠷᠢᠯᠭ᠎ᠠ ᠵᠢᠨ ᠠᠵᠢᠯ᠎ᠢ ᠬᠣᠶᠠᠷ᠎ᠠᠴᠠ ᠳᠡᠭᠡᠭᠰᠢ ᠳᠠᠭ᠋ᠠᠭ᠋ᠠᠴᠢᠯᠠᠬᠤ ᠨᠢᠭᠡᠴᠡ ᠬᠣᠯᠪᠣᠭ᠋ᠠᠯᠠᠵᠤ ᠬᠠᠮᠲᠤ᠎ᠪᠠᠷ ᠳᠠᠭ᠋ᠠᠭ᠋ᠠᠴᠢᠯᠠᠵᠤ ᠪᠣᠯᠤᠨ᠎ᠠ᠃ ᠬᠠᠮᠲᠤ᠎ᠪᠠᠷ ᠳᠠᠭ᠋ᠠᠭ᠋ᠠᠴᠢᠯᠠᠭᠰᠠᠨ ᠡᠯ᠎ᠡ ᠲᠠᠯ᠎ᠠ᠎ᠨᠢ ᠳᠠᠭ᠋ᠠᠭ᠋ᠠᠴᠢᠯᠠᠯᠲᠠ ᠵᠢᠨ ᠭᠡᠷ᠎ᠡ ᠵᠢ ᠭᠦᠢ᠍ᠴᠡᠳᠬᠡᠬᠦ᠎ᠳᠤ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃  
    ᠬᠣᠶᠠᠷ᠎ᠠᠴᠠ ᠳᠡᠭᠡᠭᠰᠢ ᠠᠳᠠᠯᠢ ᠪᠤᠰᠤ ᠬᠢᠷᠢ ᠬᠡᠮ᠎ᠤᠨ ᠵᠡᠷᠭᠡ ᠳᠡᠰ ᠪᠦᠬᠦᠢ ᠨᠢᠭᠡᠴᠡ ᠬᠣᠯᠪᠣᠭ᠋ᠠᠯᠠᠵᠤ ᠬᠠᠮᠲᠤ᠎ᠪᠠᠷ ᠳᠠᠭ᠋ᠠᠭ᠋ᠠᠴᠢᠯᠠᠪᠠᠯ᠂ ᠬᠢᠷᠢ ᠬᠡᠮ᠎ᠤᠨ ᠵᠡᠷᠭᠡ ᠳᠡᠰ᠎ᠨᠢ ᠳᠣᠣᠷ᠎ᠠ ᠨᠢᠭᠡᠴᠡ ᠵᠢᠨ ᠲᠤᠬᠠᠢ᠌ᠯᠠᠭᠰᠠᠨ ᠠᠵᠢᠯ᠎ᠤᠨ ᠵᠥᠪᠰᠢᠶᠡᠷᠡᠭᠰᠡᠨ ᠬᠡᠪᠴᠢᠶᠡᠨ᠎ᠳᠤ ᠪᠠᠷᠢᠯᠭ᠎ᠠ ᠳᠠᠭ᠋ᠠᠭ᠋ᠠᠴᠢᠯᠠᠬᠤ ᠬᠡᠷᠡᠭᠲᠡᠢ᠃
    ᠬᠣᠷᠢᠨ ᠨᠠᠢ᠍ᠮᠠᠳᠤᠭ᠋ᠠᠷ ᠵᠤᠷᠪᠤᠰ   ᠳᠠᠭ᠋ᠠᠭ᠋ᠠᠴᠢᠯᠠᠭᠰᠠᠨ ᠨᠢᠭᠡᠴᠡ᠎ᠠᠴᠠ ᠳᠠᠭ᠋ᠠᠭ᠋ᠠᠴᠢᠯᠠᠭᠰᠠᠨ ᠪᠦᠬᠦ ᠪᠠᠷᠢᠯᠭ᠎ᠠ ᠵᠢᠨ ᠠᠵᠢᠯ ᠵᠶ᠋ᠠᠨ ᠪᠤᠰᠤᠳ᠎ᠲᠤ ᠰᠢᠯᠵᠢᠭᠦᠯᠵᠦ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠨ᠎ᠠ᠃ ᠳᠠᠭ᠋ᠠᠭ᠋ᠠᠴᠢᠯᠠᠭᠰᠠᠨ ᠨᠢᠭᠡᠴᠡ᠎ᠠᠴᠠ ᠳᠠᠭ᠋ᠠᠭ᠋ᠠᠴᠢᠯᠠᠭᠰᠠᠨ ᠪᠦᠬᠦ ᠪᠠᠷᠢᠯᠭ᠎ᠠ ᠵᠢᠨ ᠠᠵᠢᠯ ᠵᠶ᠋ᠠᠨ ᠬᠡᠰᠡᠭᠯᠡᠨ ᠰᠠᠯᠭ᠋ᠠᠭᠰᠠᠨ᠎ᠤ ᠳᠠᠷᠠᠭ᠎ᠠ᠂ ᠬᠤᠪᠢᠶᠠᠵᠤ ᠳᠠᠭ᠋ᠠᠭ᠋ᠠᠴᠢᠯᠠᠬᠤ ᠨᠡᠷ᠎ᠡ᠎ᠪᠠᠷ ᠪᠤᠰᠤᠳ᠎ᠲᠤ ᠲᠤᠰ ᠲᠤᠰ ᠰᠢᠯᠵᠢᠭᠦᠯᠵᠦ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠨ᠎ᠠ᠃
    ᠬᠣᠷᠢ ᠶᠢᠰᠦᠳᠦᠭᠡᠷ ᠵᠤᠷᠪᠤᠰ   ᠪᠠᠷᠢᠯᠭ᠎ᠠ ᠵᠢᠨ ᠠᠵᠢᠯ᠎ᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ᠎ᠠᠴᠠ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠵᠶ᠋ᠠᠨ ᠳᠣᠲᠣᠷᠠᠬᠢ ᠬᠡᠰᠡᠭ ᠪᠠᠷᠢᠯᠭ᠎ᠠ ᠵᠢ ᠵᠣᠬᠢᠴᠠᠩᠭᠤᠢ ᠬᠢᠷᠢ ᠬᠡᠮ᠎ᠤᠨ ᠨᠥᠬᠥᠴᠡᠯ ᠪᠦᠬᠦᠢ ᠬᠤᠪᠢᠶᠠᠨ ᠳᠠᠭ᠋ᠠᠭ᠋ᠠᠴᠢᠯᠠᠬᠤ ᠨᠢᠭᠡᠴᠡ᠎ᠳᠤ ᠳᠠᠭ᠋ᠠᠭ᠋ᠠᠴᠢᠯᠠᠭᠤᠯᠵᠤ ᠪᠣᠯᠤᠨ᠎ᠠ᠃ ᠭᠡᠪᠡᠴᠦ ᠶᠡᠷᠦᠩᠬᠡᠢ᠍ᠯᠡᠨ ᠳᠠᠭ᠋ᠠᠭ᠋ᠠᠴᠢᠯᠠᠬᠤ ᠭᠡᠷ᠎ᠡ᠎ᠳᠤ ᠪᠣᠯᠵᠣᠨ ᠲᠣᠭᠲᠠᠭ᠋ᠠᠭᠰᠠᠨ ᠬᠤᠪᠢᠶᠠᠨ ᠳᠠᠭ᠋ᠠᠭ᠋ᠠᠴᠢᠯᠠᠭᠤᠯᠬᠤ ᠬᠡᠰᠡᠭ᠎ᠠᠴᠠ ᠭᠠᠳᠠᠨᠠᠬᠢ ᠵᠤᠷᠪᠤᠰ᠎ᠢ ᠡᠷᠬᠡᠪᠰᠢ ᠪᠦᠲᠦᠭᠡᠨ ᠪᠠᠢ᠌ᠭᠤᠯᠬᠤ ᠨᠢᠭᠡᠴᠡ᠎ᠪᠠᠷ ᠵᠥᠪᠰᠢᠶᠡᠷᠡᠭᠦᠯᠬᠦ ᠬᠡᠷᠡᠭᠲᠡᠢ᠃ ᠪᠠᠷᠢᠯᠭ᠎ᠠ ᠪᠠᠷᠢᠬᠤ ᠵᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ᠎ᠨᠢ᠂ ᠪᠠᠷᠢᠯᠭ᠎ᠠ ᠵᠢᠨ ᠭᠣᠣᠯ ᠴᠣᠭᠴᠠ ᠪᠦᠲᠦᠴᠡ ᠵᠢ ᠪᠠᠷᠢᠬᠤ ᠠᠵᠢᠯ᠎ᠢ ᠡᠷᠬᠡᠪᠰᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ ᠥᠪᠡᠷ ᠵᠶ᠋ᠠᠨ ᠪᠡᠶᠡᠯᠡᠭᠦᠯᠬᠦ ᠬᠡᠷᠡᠭᠲᠡᠢ᠃
    ᠪᠠᠷᠢᠯᠭ᠎ᠠ ᠵᠢᠨ ᠠᠵᠢᠯ᠎ᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ᠎ᠨᠢ ᠶᠡᠷᠦᠩᠬᠡᠢ᠍ᠯᠡᠨ ᠳᠠᠭ᠋ᠠᠭ᠋ᠠᠴᠢᠯᠠᠬᠤ ᠭᠡᠷ᠎ᠡ᠎ᠳᠤ ᠪᠣᠯᠵᠣᠨ ᠲᠣᠭᠲᠠᠭ᠋ᠠᠭᠰᠠᠨ ᠶᠣᠰᠣᠭ᠋ᠠᠷ ᠪᠦᠲᠦᠭᠡᠨ ᠪᠠᠢ᠌ᠭᠤᠯᠬᠤ ᠨᠢᠭᠡᠴᠡ᠎ᠳᠤ ᠬᠠᠷᠢᠭᠤᠴᠠᠨ᠎ᠠ᠃ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠡ᠎ᠨᠢ ᠬᠤᠪᠢᠶᠠᠨ ᠳᠠᠭ᠋ᠠᠭ᠋ᠠᠴᠢᠯᠠᠬᠤ ᠭᠡᠷ᠎ᠡ᠎ᠳᠤ ᠪᠣᠯᠵᠣᠨ ᠲᠣᠭᠲᠠᠭ᠋ᠠᠭᠰᠠᠨ ᠶᠣᠰᠣᠭ᠋ᠠᠷ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ᠎ᠳᠤ ᠬᠠᠷᠢᠭᠤᠴᠠᠨ᠎ᠠ᠃ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ ᠪᠣᠯᠤᠨ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠡ᠎ᠨᠢ ᠬᠤᠪᠢᠶᠠᠨ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠲᠠᠯ᠎ᠠ᠎ᠪᠠᠷ ᠪᠦᠲᠦᠭᠡᠨ ᠪᠠᠢ᠌ᠭᠤᠯᠬᠤ ᠨᠢᠭᠡᠴᠡ᠎ᠳᠤ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃
    ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ᠎ᠠᠴᠠ ᠪᠠᠷᠢᠯᠭ᠎ᠠ᠎ᠪᠠᠨ ᠵᠣᠬᠢᠴᠠᠩᠭᠤᠢ ᠬᠢᠷᠢ ᠬᠡᠮ᠎ᠤᠨ ᠨᠥᠬᠥᠴᠡᠯ ᠦᠭᠡᠢ ᠨᠢᠭᠡᠴᠡ᠎ᠳᠤ ᠬᠤᠪᠢᠶᠠᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠨ᠎ᠠ᠃ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠡ ᠵᠢᠨ ᠳᠠᠭ᠋ᠠᠭ᠋ᠠᠴᠢᠯᠠᠭᠰᠠᠨ ᠪᠠᠷᠢᠯᠭ᠎ᠠ᠎ᠪᠠᠨ ᠳᠠᠬᠢᠨ ᠬᠤᠪᠢᠶᠠᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠨ᠎ᠠ᠃
    ᠳᠥᠷᠪᠡᠳᠦᠭᠡᠷ ᠪᠦᠯᠦᠭ   ᠪᠠᠷᠢᠯᠭ᠎ᠠ ᠵᠢᠨ ᠠᠵᠢᠯ᠎ᠢ ᠬᠢᠨᠠᠵᠤ ᠬᠠᠮᠢᠶᠠᠷᠬᠤ
ᠭᠤᠴᠢᠳᠤᠭ᠋ᠠᠷ ᠵᠤᠷᠪᠤᠰ   ᠤᠯᠤᠰ᠎ᠠᠴᠠ ᠪᠠᠷᠢᠯᠭ᠎ᠠ ᠵᠢᠨ ᠠᠵᠢᠯ᠎ᠢ ᠬᠢᠨᠠᠵᠤ ᠬᠠᠮᠢᠶᠠᠷᠬᠤ ᠳᠦᠷᠢᠮ᠎ᠢ ᠬᠡᠷᠡᠭᠵᠢᠭᠦᠯᠦᠨ᠎ᠡ᠃
    ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ ᠠᠯᠪᠠᠲᠠᠨ ᠬᠢᠨᠠᠵᠤ ᠬᠠᠮᠢᠶᠠᠷᠬᠤ ᠪᠠᠷᠢᠯᠭ᠎ᠠ ᠵᠢᠨ ᠠᠵᠢᠯ᠎ᠤᠨ ᠬᠦᠷᠢᠶ᠎ᠡ ᠬᠡᠪᠴᠢᠶ᠎ᠡ ᠵᠢ ᠲᠣᠭᠲᠠᠭ᠋ᠠᠵᠤ ᠪᠣᠯᠤᠨ᠎ᠠ᠃
    ᠭᠤᠴᠢᠨ ᠨᠢᠭᠡᠳᠦᠭᠡᠷ ᠵᠤᠷᠪᠤᠰ   ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠪᠠᠷᠢᠯᠭ᠎ᠠ ᠵᠢᠨ ᠠᠵᠢᠯ᠎ᠢ ᠪᠦᠲᠦᠭᠡᠨ ᠪᠠᠢ᠌ᠭᠤᠯᠬᠤ ᠨᠢᠭᠡᠴᠡ᠎ᠠᠴᠠ ᠬᠢᠷᠢ ᠬᠡᠮ᠎ᠤᠨ ᠵᠣᠬᠢᠴᠠᠩᠭᠤᠢ ᠨᠥᠬᠥᠴᠡᠯ ᠪᠦᠬᠦᠢ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠳᠤ ᠨᠠᠢ᠌ᠳᠠᠨ ᠬᠢᠨᠠᠵᠤ ᠬᠠᠮᠢᠶᠠᠷᠤᠭᠤᠯᠤᠨ᠎ᠠ᠃ ᠪᠦᠲᠦᠭᠡᠨ ᠪᠠᠢ᠌ᠭᠤᠯᠬᠤ ᠨᠢᠭᠡᠴᠡ᠎ᠨᠢ ᠲᠡᠭᠦᠨ᠎ᠤ ᠨᠠᠢ᠌ᠳᠠᠭᠰᠠᠨ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠯᠦᠭᠡ ᠨᠠᠢ᠌ᠳᠠᠨ ᠬᠢᠨᠠᠵᠤ ᠬᠠᠮᠢᠶᠠᠷᠤᠭᠤᠯᠬᠤ ᠪᠢᠴᠢᠭ᠎ᠤᠨ ᠭᠡᠷ᠎ᠡ ᠲᠣᠭᠲᠠᠭ᠋ᠠᠬᠤ ᠬᠡᠷᠡᠭᠲᠡᠢ᠃
    ᠭᠤᠴᠢᠨ ᠬᠣᠶᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠢ ᠬᠢᠨᠠᠵᠤ ᠬᠠᠮᠢᠶᠠᠷᠬᠤ ᠡᠲᠡᠭᠡᠳ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠬᠣᠯᠪᠣᠭᠳᠠᠯ ᠪᠦᠬᠦᠢ ᠲᠧᠭᠨᠢᠭ ᠮᠡᠷᠭᠡᠵᠢᠯ᠎ᠤᠨ ᠪᠠᠷᠢᠮᠵᠢᠶ᠎ᠠ᠂ ᠵᠢᠷᠤᠭ ᠲᠥᠯᠦᠪᠯᠡᠭᠡᠨ᠎ᠤ ᠪᠢᠴᠢᠭ ᠮᠠᠲ᠋ᠧᠷᠢᠶᠠᠯ ᠪᠠ ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠢᠨ ᠭᠡᠷ᠎ᠡ ᠵᠢᠨ ᠶᠣᠰᠣᠭ᠋ᠠᠷ᠂ ᠳᠠᠭ᠋ᠠᠭ᠋ᠠᠴᠢᠯᠠᠭᠰᠠᠨ ᠨᠢᠭᠡᠴᠡ ᠵᠢᠨ ᠠᠵᠢᠯ᠎ᠤᠨ ᠶᠠᠰᠤ ᠴᠢᠨᠠᠷ᠂ ᠪᠦᠲᠦᠭᠡᠨ ᠪᠠᠢ᠌ᠭᠤᠯᠬᠤ ᠠᠵᠢᠯ᠎ᠤᠨ ᠬᠤᠭᠤᠴᠠᠭ᠎ᠠ ᠬᠢᠭᠡᠳ ᠪᠦᠲᠦᠭᠡᠨ ᠪᠠᠢ᠌ᠭᠤᠯᠬᠤ ᠪᠡᠯᠡ ᠮᠥᠩᠭᠥ ᠵᠢᠨ ᠬᠡᠷᠡᠭᠯᠡᠯᠲᠡ ᠵᠡᠷᠭᠡ ᠲᠠᠯ᠎ᠠ᠎ᠪᠠᠷ ᠪᠦᠲᠦᠭᠡᠨ ᠪᠠᠢ᠌ᠭᠤᠯᠬᠤ ᠨᠢᠭᠡᠴᠡ ᠵᠢ ᠲᠥᠯᠥᠭᠡᠯᠡᠨ ᠬᠢᠨᠠᠯᠲᠠ ᠲᠠᠯᠪᠢᠨ᠎ᠠ᠃
    ᠪᠠᠷᠢᠯᠭ᠎ᠠ ᠬᠢᠨᠠᠵᠤ ᠬᠠᠮᠢᠶᠠᠷᠬᠤ ᠠᠵᠢᠯᠲᠠᠨ᠎ᠠᠴᠠ ᠪᠠᠷᠢᠯᠭ᠎ᠠ ᠵᠢᠨ ᠠᠵᠢᠯ᠎ᠨᠢ ᠪᠠᠷᠢᠯᠭ᠎ᠠ ᠵᠢᠨ ᠵᠢᠷᠤᠭ ᠲᠥᠯᠥᠪᠯᠡᠯᠭᠡ ᠵᠢᠨ ᠱᠠᠭ᠋ᠠᠷᠳᠠᠯᠭ᠎ᠠ᠂ ᠪᠠᠷᠢᠯᠭ᠎ᠠ ᠪᠠᠷᠢᠬᠤ ᠲᠧᠭᠨᠢᠭ ᠮᠡᠷᠭᠡᠵᠢᠯ᠎ᠤᠨ ᠪᠠᠷᠢᠮᠵᠢᠶ᠎ᠠ ᠪᠣᠯᠤᠨ ᠭᠡᠷ᠎ᠡ᠎ᠳᠤ ᠪᠣᠯᠵᠣᠨ ᠲᠣᠭᠲᠠᠭ᠋ᠠᠭᠰᠠᠨ ᠱᠠᠭ᠋ᠠᠷᠳᠠᠯᠭ᠎ᠠ᠎ᠲᠠᠢ ᠨᠡᠢ᠌ᠴᠡᠬᠦ ᠦᠭᠡᠢ ᠭᠡᠵᠦ ᠦᠵᠡᠪᠡᠯ᠂ ᠪᠠᠷᠢᠯᠭ᠎ᠠ ᠪᠠᠷᠢᠬᠤ ᠠᠵᠤ ᠠᠬᠤᠢ᠌ᠯᠠᠯ᠎ᠳᠤ ᠵᠠᠯᠠᠷᠠᠭᠤᠯᠬᠤ ᠱᠠᠭ᠋ᠠᠷᠳᠠᠯᠭ᠎ᠠ ᠲᠠᠯᠪᠢᠬᠤ ᠡᠷᠬᠡ᠎ᠲᠠᠢ᠃
    ᠪᠠᠷᠢᠯᠭ᠎ᠠ ᠬᠢᠨᠠᠵᠤ ᠬᠠᠮᠢᠶᠠᠷᠬᠤ ᠠᠵᠢᠯᠲᠠᠨ᠎ᠠᠴᠠ ᠪᠠᠷᠢᠯᠭ᠎ᠠ ᠵᠢᠨ ᠵᠢᠷᠤᠭ ᠲᠥᠯᠥᠪᠯᠡᠭᠡ᠎ᠨᠢ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠪᠠᠷᠢᠮᠵᠢᠶ᠎ᠠ ᠪᠤᠶᠤ ᠭᠡᠷ᠎ᠡ᠎ᠳᠤ ᠪᠣᠯᠵᠣᠨ ᠲᠣᠭᠲᠠᠭ᠋ᠠᠭᠰᠠᠨ ᠶᠠᠰᠤ ᠴᠢᠨᠠᠷ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠥᠬᠡᠢ ᠪᠠᠢ᠌ᠬᠤ ᠵᠢ ᠣᠯᠵᠤ ᠮᠡᠳᠡᠪᠡᠯ᠂ ᠪᠦᠲᠦᠭᠡᠨ ᠪᠠᠢ᠌ᠭᠤᠯᠬᠤ ᠨᠢᠭᠡᠴᠡ᠎ᠳᠤ ᠮᠡᠳᠡᠭᠦᠯᠵᠦ ᠵᠢᠷᠤᠵᠤ ᠲᠥᠯᠥᠪᠯᠡᠭᠰᠡᠨ ᠨᠢᠭᠡᠴᠡ᠎ᠳᠤ ᠵᠠᠯᠠᠷᠠᠭᠤᠯᠬᠤ ᠱᠠᠭ᠋ᠠᠷᠳᠠᠯᠭ᠎ᠠ ᠲᠠᠯᠪᠢᠬᠤ ᠬᠡᠷᠡᠭᠲᠡᠢ᠃
    ᠭᠤᠴᠢᠨ ᠭᠤᠷᠪᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠳᠤ ᠬᠢᠨᠠᠯᠲᠠ ᠬᠠᠮᠢᠶᠠᠷᠤᠯᠲᠠ ᠶᠠᠪᠤᠭᠤᠯᠬᠤ᠎ᠠᠴᠠ ᠡᠮᠦᠨ᠎ᠡ᠂ ᠪᠦᠲᠦᠭᠡᠨ ᠪᠠᠢ᠌ᠭᠤᠯᠬᠤ ᠨᠢᠭᠡᠴᠡ᠎ᠠᠴᠠ ᠨᠠᠢ᠌ᠳᠠᠭᠰᠠᠨ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠂ ᠬᠢᠨᠠᠵᠤ ᠬᠠᠮᠢᠶᠠᠷᠬᠤ ᠠᠭᠤᠯᠭ᠎ᠠ ᠵᠢᠴᠢ ᠬᠢᠨᠠᠵᠤ ᠬᠠᠮᠢᠶᠠᠷᠬᠤ ᠡᠷᠬᠡ ᠮᠠᠲᠠᠯ᠎ᠤᠨ ᠬᠡᠪᠴᠢᠶ᠎ᠡ ᠵᠢ ᠬᠢᠨᠠᠭᠳᠠᠨ ᠬᠠᠮᠢᠶᠠᠷᠤᠭᠳᠠᠬᠤ ᠪᠠᠷᠢᠯᠭ᠎ᠠ ᠪᠠᠷᠢᠬᠤ ᠠᠵᠤ   ᠠᠬᠤᠢ᠌ᠯᠠᠯ᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠢ᠃
    ᠭᠤᠴᠢᠨ ᠳᠥᠷᠪᠡᠳᠦᠭᠡᠷ ᠵᠤᠷᠪᠤᠰ   ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠠᠴᠠ ᠲᠡᠭᠦᠨ᠎ᠤ ᠬᠢᠷᠢ ᠬᠡᠮ᠎ᠤᠨ ᠵᠡᠷᠭᠡ ᠳᠡᠰ᠎ᠤᠨ ᠵᠥᠪᠰᠢᠶᠡᠷᠡᠭᠰᠡᠨ ᠬᠢᠨᠠᠵᠤ ᠬᠠᠮᠢᠶᠠᠷᠬᠤ ᠬᠡᠪᠴᠢᠶᠡᠨ ᠳᠣᠲᠣᠷ᠎ᠠ᠂ ᠪᠠᠷᠢᠯᠭ᠎ᠠ ᠬᠢᠨᠠᠵᠤ ᠬᠠᠮᠢᠶᠠᠷᠬᠤ ᠲᠤᠬᠠᠢ᠌ᠯᠠᠭᠰᠠᠨ ᠠᠵᠢᠯ᠎ᠢ ᠡᠭᠦᠷᠭᠡᠯᠡᠬᠦ ᠬᠡᠷᠡᠭᠲᠡᠢ᠃
    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠪᠦᠲᠦᠭᠡᠨ ᠪᠠᠢ᠌ᠭᠤᠯᠬᠤ ᠨᠢᠭᠡᠴᠡ ᠵᠢᠨ ᠨᠠᠢ᠍ᠳᠠᠯᠭ᠎ᠠ ᠵᠢ ᠦᠨᠳᠦᠰᠦᠯᠡᠨ ᠬᠢᠨᠠᠵᠤ ᠬᠠᠮᠢᠶᠠᠷᠬᠤ ᠡᠭᠦᠷᠭᠡ᠎ᠪᠠᠨ ᠪᠤᠰᠤᠳᠴᠢ᠎ᠪᠠᠷ᠂ ᠲᠥᠪ ᠭᠣᠣᠯᠴᠢ᠎ᠪᠠᠷ ᠭᠦᠢ᠍ᠴᠡᠳᠬᠡᠬᠦ ᠬᠡᠷᠡᠭᠲᠡᠢ᠃
    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠬᠢᠨᠠᠭᠳᠠᠨ ᠬᠠᠮᠢᠶᠠᠷᠤᠭᠳᠠᠬᠤ ᠪᠠᠷᠢᠯᠭ᠎ᠠ ᠵᠢ ᠳᠠᠭ᠋ᠠᠭ᠋ᠠᠴᠢᠯᠠᠭᠰᠠᠨ ᠨᠢᠭᠡᠴᠡ ᠵᠢᠴᠢ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠣᠨᠣᠭ ᠰᠡᠯᠪᠢᠭᠡᠰᠦ ᠪᠣᠯᠤᠨ ᠲᠣᠨᠣᠭ ᠲᠥᠬᠥᠭᠡᠷᠦᠮᠵᠢ ᠬᠠᠩᠭ᠋ᠠᠬᠤ ᠨᠢᠭᠡᠴᠡ᠎ᠯᠦᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠵᠤ ᠪᠣᠯᠬᠤ ᠦᠭᠡᠢ᠃
    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠪᠠᠷᠢᠯᠭ᠎ᠠ ᠬᠢᠨᠠᠵᠤ ᠬᠠᠮᠢᠶᠠᠷᠬᠤ ᠲᠤᠬᠠᠢ᠌ᠯᠠᠭᠰᠠᠨ ᠠᠵᠢᠯ ᠵᠶ᠋ᠠᠨ ᠪᠤᠰᠤᠳ᠎ᠲᠤ ᠰᠢᠯᠵᠢᠭᠦᠯᠦᠨ ᠥᠭᠴᠦ ᠪᠣᠯᠬᠤ ᠦᠭᠡᠢ᠃
    ᠭᠤᠴᠢᠨ ᠲᠠᠪᠤᠳᠤᠭ᠋ᠠᠷ ᠵᠤᠷᠪᠤᠰ   ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠨᠠᠢ᠌ᠳᠠᠨ ᠬᠢᠨᠠᠵᠤ ᠬᠠᠮᠢᠶᠠᠷᠤᠭᠤᠯᠬᠤ ᠭᠡᠷ᠎ᠡ᠎ᠳᠤ ᠲᠣᠭᠲᠠᠭ᠋ᠠᠭᠰᠠᠨ ᠪᠣᠯᠵᠣᠯ ᠶᠣᠰᠣᠭ᠋ᠠᠷ ᠬᠢᠨᠠᠵᠤ ᠬᠠᠮᠢᠶᠠᠷᠬᠤ ᠡᠭᠦᠷᠭᠡ᠎ᠪᠠᠨ ᠭᠦᠢ᠍ᠴᠡᠳᠬᠡᠬᠦ ᠥᠬᠡᠢ᠂ ᠬᠢᠨᠠᠯᠲᠠ ᠲᠠᠯᠪᠢᠨ   ᠪᠠᠢ᠌ᠴᠠᠭ᠋ᠠᠬᠤ ᠶᠣᠰᠣᠲᠠᠢ ᠵᠤᠷᠪᠤᠰ᠎ᠢ ᠪᠠᠢ᠌ᠴᠠᠭ᠋ᠠᠬᠤ ᠥᠬᠡᠢ ᠪᠤᠶᠤ ᠪᠦᠲᠦᠭᠡᠨ ᠪᠠᠢ᠌ᠭᠤᠯᠬᠤ ᠨᠢᠭᠡᠴᠡ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠲᠣᠭᠲᠠᠭ᠋ᠠᠯ ᠶᠣᠰᠣᠭ᠋ᠠᠷ ᠵᠣᠬᠢᠴᠠᠩᠭᠤᠢ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠳᠠᠭ᠋ᠠᠭ᠋ᠠᠴᠢᠯᠠᠭᠰᠠᠨ ᠨᠢᠭᠡᠴᠡ᠎ᠲᠠᠢ ᠰᠦᠯᠪᠡᠭᠡᠯᠡᠵᠦ ᠪᠠᠢ᠌ᠭ᠋ᠠᠳ ᠳᠠᠭ᠋ᠠᠭ᠋ᠠᠴᠢᠯᠠᠭᠰᠠᠨ ᠨᠢᠭᠡᠴᠡ᠎ᠳᠤ ᠬᠠᠤᠯᠢ ᠪᠤᠰᠤ ᠠᠰᠢᠭ ᠲᠤᠰᠠ ᠣᠯᠭᠣᠵᠤ᠂ ᠪᠦᠲᠦᠭᠡᠨ ᠪᠠᠢ᠌ᠭᠤᠯᠬᠤ ᠨᠢᠭᠡᠴᠡ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠳᠠᠭ᠋ᠠᠭ᠋ᠠᠴᠢᠯᠠᠭᠰᠠᠨ ᠨᠢᠭᠡᠴᠡ᠎ᠲᠠᠢ ᠬᠣᠯᠪᠣᠯᠳᠤᠭᠰᠠᠨ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
    ᠲᠠᠪᠤᠳᠤᠭ᠋ᠠᠷ ᠪᠦᠯᠦᠭ   ᠪᠠᠷᠢᠯᠭ᠎ᠠ ᠵᠢᠨ ᠠᠶᠤᠯ ᠦᠭᠡᠢ ᠦᠢ᠍ᠯᠡᠳᠪᠦᠷᠢᠯᠡᠬᠦ ᠵᠢᠨ ᠬᠠᠮᠢᠶᠠᠷᠤᠯᠲᠠ
    ᠭᠤᠴᠢᠨ ᠵᠢᠷᠭᠤᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠤᠨ ᠠᠶᠤᠯ ᠦᠭᠡᠢ ᠦᠢ᠍ᠯᠡᠳᠪᠦᠷᠢᠯᠡᠬᠦ ᠵᠢᠨ ᠬᠠᠮᠢᠶᠠᠷᠤᠯᠲᠠ᠎ᠨᠢ ᠡᠷᠬᠡᠪᠰᠢ ᠠᠶᠤᠯ ᠦᠭᠡᠢ ᠪᠠᠢ᠌ᠬᠤ ᠵᠢ ᠲᠡᠷᠢᠭᠦᠨ᠎ᠳᠤ ᠲᠠᠯᠪᠢᠵᠤ᠂ ᠤᠷᠢᠳᠴᠢᠯᠠᠨ ᠰᠡᠷᠭᠡᠢ᠌ᠯᠡᠬᠦ᠎ᠪᠠᠷ ᠭᠣᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠵᠤ᠂   ᠠᠶᠤᠯ ᠦᠭᠡᠢ ᠦᠢ᠍ᠯᠡᠳᠪᠦᠷᠢᠯᠡᠬᠦ ᠬᠠᠷᠢᠭᠤᠴᠠᠯᠭ᠎ᠠ ᠵᠢᠨ ᠳᠦᠷᠢᠮ ᠪᠣᠯᠤᠨ ᠣᠯᠠᠨ ᠵᠶ᠋ᠠᠷ ᠵᠶ᠋ᠠᠨ ᠰᠡᠷᠭᠡᠢ᠌ᠯᠡᠵᠦ ᠣᠯᠠᠨ ᠵᠶ᠋ᠠᠷ ᠵᠶ᠋ᠠᠨ ᠵᠠᠰᠠᠬᠤ ᠳᠦᠷᠢᠮ᠎ᠢ ᠪᠠᠢ᠌ᠭᠤᠯᠵᠤ ᠲᠡᠭᠦᠯᠳᠡᠷᠵᠢᠭᠦᠯᠬᠦ ᠬᠡᠷᠡᠭᠲᠡᠢ᠃
    ᠭᠤᠴᠢᠨ ᠳᠣᠯᠣᠳᠤᠭ᠋ᠠᠷ ᠵᠤᠷᠪᠤᠰ   ᠪᠠᠷᠢᠯᠭ᠎ᠠ ᠵᠢᠨ ᠵᠢᠷᠤᠭ ᠲᠥᠯᠥᠪᠯᠡᠭᠡ᠎ᠨᠢ ᠤᠯᠤᠰ᠎ᠤᠨ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠪᠠᠷᠢᠯᠭ᠎ᠠ ᠵᠢᠨ ᠠᠶᠤᠯ ᠦᠭᠡᠢ ᠵᠢᠨ ᠲᠣᠭᠲᠠᠭ᠋ᠠᠯ ᠵᠢᠷᠤᠮ ᠪᠠ ᠲᠧᠭᠨᠢᠭ ᠮᠡᠷᠭᠡᠵᠢᠯ᠎ᠤᠨ ᠵᠢᠷᠤᠮᠵᠢᠯ᠎ᠳᠤ ᠨᠡᠢ᠌ᠴᠡᠭᠰᠡᠨ ᠪᠠᠢ᠌ᠵᠤ᠂ ᠪᠠᠷᠢᠯᠭ᠎ᠠ ᠵᠢᠨ ᠠᠶᠤᠯ ᠦᠭᠡᠢ ᠰᠢᠨᠵᠢ ᠴᠢᠨᠠᠷ᠎ᠢ ᠪᠠᠲᠤᠯᠠᠬᠤ ᠬᠡᠷᠡᠭᠲᠡᠢ᠃
    ᠭᠤᠴᠢᠨ ᠨᠠᠢ᠍ᠮᠠᠳᠤᠭ᠋ᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠪᠠᠷᠢᠯᠭ᠎ᠠ ᠵᠢᠨ ᠠᠵᠢᠯ᠎ᠢ ᠵᠣᠬᠢᠶᠠᠨ ᠪᠠᠢ᠌ᠭᠤᠯᠬᠤ ᠵᠢᠷᠤᠭ ᠲᠥᠯᠥᠪᠯᠡᠭᠡ ᠵᠣᠬᠢᠶᠠᠬᠤ᠎ᠳᠠᠭᠠᠨ᠂ ᠪᠠᠷᠢᠯᠭ᠎ᠠ ᠵᠢᠨ ᠠᠵᠢᠯ᠎ᠤᠨ ᠣᠨᠴᠠᠯᠢᠭ᠎ᠢ ᠦᠨᠳᠦᠰᠦᠯᠡᠨ᠂ ᠠᠶᠤᠯ ᠦᠭᠡᠢ ᠪᠠᠢ᠌ᠬᠤ ᠵᠣᠬᠢᠴᠠᠩᠭᠤᠢ ᠲᠧᠭᠨᠢᠭ ᠮᠡᠷᠭᠡᠵᠢᠯ᠎ᠤᠨ ᠠᠷᠭ᠎ᠠ ᠬᠡᠮᠵᠢᠶ᠎ᠡ ᠲᠣᠭᠲᠠᠭ᠋ᠠᠬᠤ ᠬᠡᠷᠡᠭᠲᠡᠢ᠃ ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠪᠠᠷᠢᠯᠭ᠎ᠠ ᠵᠢᠨ ᠵᠦᠢ᠍ᠯᠡᠰ᠎ᠲᠤ᠂ ᠠᠶᠤᠯ ᠦᠭᠡᠢ ᠪᠠᠷᠢᠯᠭ᠎ᠠ ᠪᠠᠷᠢᠬᠤ ᠲᠤᠰᠬᠠᠢ ᠵᠣᠬᠢᠶᠠᠨ ᠪᠠᠢ᠌ᠭᠤᠯᠤᠯᠲᠠ᠎ᠶᠢᠨ ᠵᠢᠷᠤᠭ ᠲᠥᠯᠥᠪᠯᠡᠭᠡ ᠵᠣᠬᠢᠶᠠᠬᠤ ᠵᠢᠨ ᠬᠠᠮᠲᠤ᠂ ᠠᠶᠤᠯ ᠦᠭᠡᠢ ᠵᠢᠨ ᠮᠡᠷᠭᠡᠵᠢᠯ᠎ᠤᠨ ᠠᠷᠭ᠎ᠠ ᠬᠡᠮᠵᠢᠶ᠎ᠡ ᠠᠪᠬᠤ ᠬᠡᠷᠡᠭᠲᠡᠢ᠃
    ᠭᠤᠴᠢ ᠶᠢᠰᠦᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠪᠠᠷᠢᠯᠭ᠎ᠠ ᠵᠢᠨ ᠭᠠᠵᠠᠷ᠎ᠲᠠᠭᠠᠨ ᠠᠮᠤᠷ ᠲᠦᠪᠰᠢᠨ᠎ᠢ ᠬᠠᠮᠠᠭ᠋ᠠᠯᠠᠬᠤ᠂ ᠠᠶᠤᠯ᠎ᠢ ᠰᠡᠷᠭᠡᠢ᠌ᠯᠡᠬᠦ᠂ ᠭᠠᠯ᠎ᠤᠨ ᠠᠶᠤᠯ᠎ᠢ ᠰᠡᠷᠭᠡᠢ᠌ᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠥᠬᠥᠴᠡᠯ᠎ᠲᠠᠢ᠎ᠨᠢ ᠪᠠᠷᠢᠯᠭ᠎ᠠ ᠵᠢᠨ ᠭᠠᠵᠠᠷ᠎ᠢ ᠪᠢᠲᠡᠭᠦᠮᠵᠢᠯᠡᠨ ᠬᠠᠮᠢᠶᠠᠷᠬᠤ ᠬᠡᠷᠡᠭᠲᠡᠢ᠃
    ᠪᠠᠷᠢᠯᠭ᠎ᠠ ᠵᠢᠨ ᠭᠠᠵᠠᠷ᠎ᠨᠢ ᠣᠢ᠌ᠷ᠎ᠠ ᠣᠷᠴᠢᠮ᠎ᠤᠨ ᠪᠠᠷᠢᠯᠭ᠎ᠠ᠂   ᠪᠦᠲᠦᠴᠡ ᠵᠢᠨ ᠪᠣᠳᠠᠰ ᠪᠠ ᠣᠨᠴᠠᠭ᠋ᠠᠢ ᠠᠵᠢᠯᠯᠠᠬᠤ ᠣᠷᠴᠢᠨ᠎ᠳᠤ ᠬᠣᠬᠢᠷᠠᠯ ᠤᠴᠠᠷᠠᠭᠤᠯᠵᠤ ᠮᠡᠳᠡᠬᠦ᠂ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠳ ᠠᠶᠤᠯ ᠦᠭᠡᠢ ᠪᠠᠢ᠌ᠬᠤ ᠵᠢ ᠰᠡᠷᠭᠡᠢ᠌ᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠳᠥᠴᠢᠳᠦᠭᠡᠷ ᠵᠤᠷᠪᠤᠰ   ᠪᠦᠲᠦᠭᠡᠨ ᠪᠠᠢ᠌ᠭᠤᠯᠬᠤ ᠨᠢᠭᠡᠴᠡ᠎ᠨᠢ ᠪᠠᠷᠢᠯᠭ᠎ᠠ ᠪᠠᠷᠢᠬᠤ ᠠᠵᠤ ᠠᠬᠤᠢ᠌ᠯᠠᠯ᠎ᠳᠤ ᠪᠠᠷᠢᠯᠭ᠎ᠠ ᠪᠠᠷᠢᠬᠤ ᠭᠠᠵᠠᠷ᠎ᠲᠠᠢ ᠬᠣᠯᠪᠣᠭᠳᠠᠬᠤ ᠭᠠᠵᠠᠷ ᠳᠣᠣᠷᠠᠬᠢ ᠬᠣᠭᠣᠯᠠᠢ ᠤᠲᠠᠰᠤᠨ᠎ᠤ ᠲᠤᠬᠠᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠂ ᠪᠠᠷᠢᠯᠭ᠎ᠠ ᠪᠠᠷᠢᠬᠤ ᠠᠵᠤ   ᠠᠬᠤᠢ᠌ᠯᠠᠯ ᠠᠷᠭ᠎ᠠ ᠬᠡᠮᠵᠢᠶ᠎ᠡ ᠠᠪᠴᠤ ᠲᠡᠳᠡᠭᠡᠷ᠎ᠢ ᠬᠠᠮᠠᠭ᠋ᠠᠯᠠᠬᠤ ᠬᠡᠷᠡᠭᠲᠡᠢ᠃
    ᠳᠥᠴᠢᠨ ᠨᠢᠭᠡᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠣᠷᠴᠢᠨ ᠠᠬᠤᠢ ᠵᠢ ᠬᠠᠮᠠᠭ᠋ᠠᠯᠠᠬᠤ ᠪᠠ ᠠᠶᠤᠯ ᠦᠭᠡᠢ ᠦᠢ᠍ᠯᠡᠳᠪᠦᠷᠢᠯᠡᠬᠦ ᠲᠤᠬᠠᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠵᠤ᠂ ᠪᠠᠷᠢᠯᠭ᠎ᠠ ᠵᠢᠨ ᠭᠠᠵᠠᠷ᠎ᠤᠨ ᠡᠯ᠎ᠡ ᠵᠤᠷᠪᠤᠰ᠎ᠤᠨ ᠬᠤᠮᠠᠬᠢ ᠲᠣᠭᠣᠰᠣ᠂ ᠬᠠᠶᠠᠭᠳᠠᠮᠠᠯ ᠬᠡᠢ᠂ ᠬᠠᠶᠠᠭᠳᠠᠮᠠᠯ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠱᠤᠤᠭᠢᠶᠠᠨ᠂ ᠳᠣᠷᠭᠢᠶᠠᠨ᠎ᠤ ᠣᠷᠴᠢᠨ ᠲᠣᠭᠣᠷᠢᠨ᠎ᠳᠤ ᠦᠵᠡᠭᠦᠯᠬᠦ ᠪᠣᠬᠢᠷᠲᠤᠭᠤᠯᠤᠯ ᠪᠠ ᠬᠣᠣᠷᠳᠠᠭᠤᠯᠦᠯ᠎ᠢ ᠬᠣᠷᠢᠭᠯᠠᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃
    ᠳᠥᠴᠢᠨ ᠬᠣᠶᠠᠳᠤᠭ᠋ᠠᠷ ᠵᠤᠷᠪᠤᠰ   ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠬᠤ ᠪᠦᠲᠦᠭᠡᠨ ᠪᠠᠢ᠌ᠭᠤᠯᠬᠤ ᠨᠢᠭᠡᠴᠡ᠎ᠠᠴᠠ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠤᠶᠤᠴᠢᠯᠠᠨ ᠵᠥᠪᠰᠢᠶᠡᠷᠡᠭᠦᠯᠬᠦ ᠭᠠᠷᠳᠠᠮ ᠭᠦᠢ᠍ᠴᠡᠳᠬᠡᠬᠦ ᠬᠡᠷᠡᠭᠲᠡᠢ᠄
   (ᠨᠢᠭᠡ) ᠲᠥᠯᠥᠪᠵᠢᠭᠦᠯᠭᠡ᠎ᠳᠤ ᠵᠥᠪᠰᠢᠶᠡᠷᠡᠭᠰᠡᠨ ᠬᠡᠪᠴᠢᠶᠡᠨ᠎ᠠᠴᠠ ᠭᠠᠳᠠᠨᠠᠬᠢ ᠭᠠᠵᠠᠷ᠎ᠢ ᠲᠦᠷ ᠡᠵᠡᠯᠡᠬᠦ ᠴᠢᠬᠤᠯᠠᠲᠠᠢ ᠪᠠᠢ᠌ᠬᠤ᠃
   (ᠬᠣᠶᠠᠷ) ᠵᠠᠮ᠂ ᠬᠣᠭᠣᠯᠠᠢ ᠤᠲᠠᠰᠤ᠂ ᠴᠠᠬᠢᠯᠭ᠋ᠠᠨ ᠬᠦᠴᠦ᠂ ᠰᠢᠤᠳᠠᠨ ᠬᠣᠯᠪᠣᠭ᠎ᠠ ᠵᠡᠷᠭᠡ ᠣᠯᠠᠨ ᠨᠡᠢ᠌ᠲᠡ ᠵᠢᠨ ᠲᠥᠬᠥᠭᠡᠷᠦᠮᠵᠢ ᠵᠢ ᠡᠪᠳᠡᠵᠦ ᠬᠣᠬᠢᠷᠠᠭᠤᠯᠵᠤ ᠮᠡᠳᠡᠬᠦ  ᠃
   (ᠭᠤᠷᠪᠠ) ᠲᠦᠷ ᠴᠠᠭ ᠤᠰᠤ ᠵᠣᠭᠰᠣᠭ᠋ᠠᠬᠤ᠂ ᠴᠠᠬᠢᠯᠭ᠋ᠠᠨ ᠵᠣᠭᠰᠣᠭ᠋ᠠᠬᠤ᠂ ᠵᠠᠮ ᠬᠠᠷᠢᠯᠴᠠᠭ᠎ᠠ ᠵᠢ ᠲᠠᠰᠤᠯᠬᠤ ᠴᠢᠬᠤᠯᠠᠲᠠᠢ ᠪᠠᠢ᠌ᠬᠤ᠃
   (ᠳᠥᠷᠪᠡ) ᠳᠡᠯᠪᠡᠴᠢᠯᠲᠡ ᠵᠢᠨ ᠠᠵᠢᠯ ᠬᠢᠬᠦ ᠴᠢᠬᠤᠯᠠ᠎ᠲᠠᠢ ᠪᠣᠯᠤᠭᠰᠠᠨ᠃
   (ᠲᠠᠪᠤ  ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠭᠦᠢ᠍ᠴᠡᠳᠬᠡᠬᠦ ᠴᠢᠬᠤᠯᠠᠲᠠᠢ ᠪᠤᠰᠤᠳ ᠪᠠᠢ᠌ᠳᠠᠯ᠃
    ᠳᠥᠴᠢᠨ ᠭᠤᠷᠪᠠᠳᠤᠭ᠋ᠠᠷ ᠵᠤᠷᠪᠤᠰ   ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠷᠢᠯᠭ᠎ᠠ ᠵᠢᠨ ᠠᠶᠤᠯ ᠦᠭᠡᠢ ᠦᠢ᠍ᠯᠡᠳᠪᠦᠷᠢᠯᠡᠬᠦ ᠵᠢᠨ ᠬᠠᠮᠢᠶᠠᠷᠤᠯᠲᠠ ᠵᠢ ᠬᠠᠷᠢᠭᠤᠴᠠᠬᠤ ᠵᠢᠨ ᠬᠠᠮᠲᠤ᠂ ᠬᠥᠳᠡᠯᠮᠦᠷᠢ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠷᠢᠯᠭ᠎ᠠ ᠵᠢᠨ ᠠᠶᠤᠯ ᠦᠭᠡᠢ ᠦᠢ᠍ᠯᠡᠳᠪᠦᠷᠢᠯᠡᠬᠦ᠎ᠳᠤ ᠲᠠᠯᠪᠢᠬᠤ ᠵᠢᠯᠣᠭᠣᠳᠤᠯᠭ᠎ᠠ ᠪᠠ ᠬᠢᠨᠠᠯᠲᠠ ᠵᠢ ᠬᠠᠤᠯᠢ ᠶᠣᠰᠣᠭ᠋ᠠᠷ ᠬᠦᠯᠢᠶᠡᠨ᠎ᠡ᠃
    ᠳᠥᠴᠢᠨ ᠳᠥᠷᠪᠡᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠠᠴᠠ ᠪᠠᠷᠢᠯᠭ᠎ᠠ ᠵᠢᠨ ᠠᠶᠤᠯ ᠦᠭᠡᠢ ᠦᠢ᠍ᠯᠡᠳᠪᠦᠷᠢᠯᠡᠬᠦ ᠵᠢᠨ ᠬᠠᠮᠢᠶᠠᠷᠤᠯᠲᠠ᠎ᠪᠠᠨ ᠬᠠᠤᠯᠢ ᠶᠣᠰᠣᠭ᠋ᠠᠷ ᠴᠢᠩᠭ᠋ᠠᠳᠬᠠᠵᠤ᠂ ᠠᠶᠤᠯ ᠦᠭᠡᠢ ᠦᠢ᠍ᠯᠡᠳᠪᠦᠷᠢᠯᠡᠬᠦ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠬᠦ ᠬᠡᠷᠡᠭᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠰᠢᠷᠠᠭᠳᠤᠯ ᠦᠷᠡᠭᠳᠡᠯ ᠪᠠ ᠠᠶᠤᠯ ᠦᠭᠡᠢ ᠦᠢ᠍ᠯᠡᠳᠪᠦᠷᠢᠯᠡᠬᠦ ᠲᠠᠯ᠎ᠠ ᠵᠢᠨ ᠪᠤᠰᠤᠳ ᠡᠨᠳᠡᠯ ᠭᠠᠷᠬᠤ ᠵᠢ ᠰᠡᠷᠭᠡᠢ᠌ᠯᠡᠵᠦ ᠬᠣᠷᠢᠭᠯᠠᠬᠤ ᠬᠡᠷᠡᠭᠲᠡᠢ᠃
    ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠨᠢ ᠲᠤᠰ ᠠᠵᠤ   ᠠᠬᠤᠢ᠌ᠯᠠᠯ᠎ᠤᠨ ᠵᠶ᠋ᠠᠨ   ᠠᠶᠤᠯ ᠦᠭᠡᠢ ᠦᠢ᠍ᠯᠡᠳᠪᠦᠷᠢᠯᠡᠬᠦ ᠵᠢ ᠬᠠᠷᠢᠭᠤᠴᠠᠨ᠎ᠠ᠃
    ᠳᠥᠴᠢᠨ ᠲᠠᠪᠤᠳᠤᠭ᠋ᠠᠷ ᠵᠤᠷᠪᠤᠰ   ᠪᠠᠷᠢᠯᠭ᠎ᠠ ᠵᠢᠨ ᠭᠠᠵᠠᠷ᠎ᠤᠨ ᠠᠶᠤᠯ ᠦᠭᠡᠢ ᠪᠠᠢ᠌ᠬᠤ ᠵᠢ ᠪᠠᠷᠢᠯᠭ᠎ᠠ ᠪᠠᠷᠢᠬᠤ ᠠᠵᠤ   ᠠᠬᠤᠢ᠌ᠯᠠᠯ ᠬᠠᠷᠢᠭᠤᠴᠠᠨ᠎ᠠ᠃ ᠪᠠᠷᠢᠯᠭ᠎ᠠ ᠪᠠᠷᠢᠬᠤ ᠵᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠪᠠᠢ᠌ᠪᠠᠯ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ ᠬᠠᠷᠢᠭᠤᠴᠠᠨ᠎ᠠ᠃ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠡ᠎ᠨᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ᠎ᠳᠤ ᠪᠠᠷᠢᠯᠭ᠎ᠠ ᠵᠢᠨ ᠭᠠᠵᠠᠷ᠎ᠤᠨ ᠠᠶᠤᠯ ᠦᠭᠡᠢ ᠦᠢ᠍ᠯᠡᠳᠪᠦᠷᠢᠯᠡᠬᠦ ᠲᠠᠯ᠎ᠠ᠎ᠪᠠᠷ᠎ᠬᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ ᠵᠢᠨ ᠬᠠᠮᠢᠶᠠᠷᠤᠯᠲᠠ ᠵᠢ ᠳᠠᠭ᠋ᠠᠨ᠎ᠠ᠃
    ᠳᠥᠴᠢᠨ ᠵᠢᠷᠭᠤᠳᠤᠭ᠋ᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠠᠶᠤᠯ ᠦᠭᠡᠢ ᠬᠥᠳᠡᠯᠮᠦᠷᠢᠯᠡᠨ ᠦᠢ᠍ᠯᠡᠳᠪᠦᠷᠢᠯᠡᠬᠦ ᠲᠤᠬᠠᠢ ᠬᠥᠮᠦᠵᠢᠯ ᠪᠣᠯᠪᠠᠰᠣᠷᠠᠭᠤᠯᠤᠯ ᠬᠢᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠢ᠃   ᠠᠵᠢᠯᠲᠠᠨ ᠠᠵᠢᠯᠴᠢᠨ᠎ᠳᠤ ᠠᠶᠤᠯ ᠦᠭᠡᠢ ᠦᠢ᠍ᠯᠡᠳᠪᠦᠷᠢᠯᠡᠬᠦ ᠲᠤᠬᠠᠢ ᠬᠥᠮᠦᠵᠢᠯ ᠪᠣᠯᠪᠠᠰᠣᠷᠠᠭᠤᠯᠤᠯ ᠬᠢᠬᠦ ᠵᠢ ᠴᠢᠩᠭ᠋ᠠᠳᠬᠠᠬᠤ ᠬᠡᠷᠡᠭᠲᠡᠢ᠃ ᠠᠶᠤᠯ ᠦᠭᠡᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠣᠷᠠᠭᠤᠯᠤᠯ ᠬᠦᠷᠲᠡᠭᠰᠡᠨ ᠥᠬᠡᠢ ᠬᠥᠮᠦᠰ ᠠᠵᠢᠯ᠎ᠤᠨ ᠪᠠᠢ᠌ᠷᠢᠨ᠎ᠳᠤ ᠭᠠᠷᠴᠤ ᠠᠵᠢᠯᠯᠠᠵᠤ ᠪᠣᠯᠬᠤ ᠥᠬᠡᠢ᠃
    ᠳᠥᠴᠢᠨ ᠳᠣᠯᠣᠳᠤᠭ᠋ᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ ᠪᠣᠯᠤᠨ ᠠᠵᠢᠯᠯᠠᠭᠴᠢᠳ ᠪᠠᠷᠢᠯᠭ᠎ᠠ ᠵᠢᠨ ᠠᠵᠢᠯ ᠬᠢᠬᠦ ᠶᠠᠪᠤᠴᠠ᠎ᠳᠠᠭᠠᠨ᠂ ᠠᠶᠤᠯ ᠦᠭᠡᠢ ᠦᠢ᠍ᠯᠡᠳᠪᠦᠷᠢᠯᠡᠬᠦ᠎ᠳᠤ ᠬᠣᠯᠪᠣᠭᠳᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠪᠠᠷᠢᠯᠭ᠎ᠠ ᠵᠢᠨ ᠠᠵᠢᠯ ᠲᠥᠷᠥᠯ᠎ᠤᠨ ᠠᠶᠤᠯ ᠦᠭᠡᠢ ᠠᠵᠢᠯᠯᠠᠬᠤ ᠳᠦᠷᠢᠮ᠂ ᠲᠣᠭᠲᠠᠭ᠋ᠠᠯ᠎ᠢ ᠵᠢᠷᠤᠮᠯᠠᠵᠤ᠂ ᠳᠦᠷᠢᠮ᠎ᠢ ᠵᠥᠷᠢᠴᠡᠨ ᠵᠢᠯᠣᠭᠣᠳᠬᠤ ᠪᠤᠶᠤ ᠳᠦᠷᠢᠮ᠎ᠠᠴᠠ ᠵᠥᠷᠢᠴᠡᠨ ᠠᠵᠢᠯᠯᠠᠵᠤ ᠪᠣᠯᠬᠤ ᠥᠬᠡᠢ᠃ ᠠᠵᠢᠯᠯᠠᠭᠴᠢᠳ ᠪᠡᠶ᠎ᠡ ᠵᠢᠨ ᠡᠷᠡᠭᠦᠯ ᠮᠡᠨᠳᠦ ᠵᠢ ᠨᠥᠯᠥᠭᠡᠯᠡᠬᠦ ᠠᠵᠢᠯ᠎ᠤᠨ ᠵᠢᠷᠤᠮ ᠪᠠ ᠠᠵᠢᠯ᠎ᠤᠨ ᠨᠥᠬᠥᠴᠡᠯ᠎ᠢ ᠬᠠᠯᠠᠨ ᠰᠠᠢ᠌ᠵᠢᠷᠠᠭᠤᠯᠬᠤ ᠰᠠᠨᠠᠯ ᠲᠠᠯᠪᠢᠬᠤ ᠡᠷᠬᠡ᠎ᠲᠠᠢ᠂ ᠠᠶᠤᠯ ᠦᠭᠡᠢ ᠦᠢ᠍ᠯᠡᠳᠪᠦᠷᠢᠯᠡᠬᠦ᠎ᠳᠤ ᠬᠡᠷᠡᠭᠰᠡᠬᠦ ᠬᠠᠮᠠᠭ᠋ᠠᠯᠠᠯᠲᠠ ᠵᠢᠨ ᠬᠡᠷᠡᠭᠰᠡᠯ᠎ᠢ ᠣᠯᠬᠤ ᠡᠷᠬᠡ᠎ᠲᠠᠢ᠃ ᠠᠵᠢᠯᠯᠠᠭᠴᠢᠳ᠎ᠠᠴᠠ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠵᠢᠨ ᠡᠷᠡᠭᠦᠯ ᠴᠢᠭᠢᠷᠠᠭ᠎ᠲᠤ ᠠᠶᠤᠯ ᠤᠴᠠᠷᠠᠭᠤᠯᠵᠤ ᠪᠠᠢ᠌ᠭ᠎ᠠ ᠠᠵᠢᠯᠯᠠᠭ᠎ᠠ ᠵᠢ ᠰᠢᠭᠦᠮᠵᠢᠯᠡᠬᠦ᠂ ᠢᠯᠡᠴᠢᠯᠡᠬᠦ ᠪᠠ ᠵᠠᠭ᠋ᠠᠯᠳᠤᠬᠤ ᠡᠷᠬᠡ᠎ᠲᠠᠢ᠃
    ᠳᠥᠴᠢᠨ ᠨᠠᠢ᠍ᠮᠠᠳᠤᠭ᠋ᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠬᠠᠤᠯᠢ ᠶᠣᠰᠣᠭ᠋ᠠᠷ ᠠᠵᠢᠯᠲᠠᠨ ᠠᠵᠢᠯᠴᠢᠨ᠎ᠤ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠵᠤ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠤᠰᠢᠶᠠᠬᠤ ᠬᠡᠷᠡᠭᠲᠡᠢ᠃ ᠠᠵᠤ ᠠᠬᠤᠢ᠌ᠯᠠᠯ᠎ᠢ ᠵᠣᠷᠢᠭᠵᠢᠭᠤᠯᠵᠤ ᠪᠠᠢ᠌ᠭ᠋ᠠᠳ ᠠᠶᠤᠯ᠎ᠲᠠᠢ ᠠᠵᠢᠯ ᠬᠢᠵᠦ ᠪᠠᠢ᠌ᠭ᠎ᠠ ᠠᠵᠢᠯᠲᠠᠨ ᠠᠵᠢᠯᠴᠢᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ᠎ᠤᠨ ᠵᠠᠷᠤᠳᠠᠯ ᠭᠦᠢ᠍ᠴᠡᠳᠬᠡᠯᠭᠡᠨ᠎ᠡ᠃
    ᠳᠥᠴᠢ ᠶᠢᠰᠦᠳᠦᠭᠡᠷ ᠵᠤᠷᠪᠤᠰ   ᠪᠠᠷᠢᠯᠭ᠎ᠠ ᠵᠢᠨ ᠭᠣᠣᠯ ᠴᠣᠭᠴᠠ ᠪᠠ ᠲᠤᠯᠭ᠋ᠠᠭᠤᠷᠢ ᠪᠦᠲᠦᠴᠡ ᠵᠢ ᠬᠤᠪᠢᠷᠠᠭᠤᠯᠬᠤ᠎ᠳᠤ ᠬᠣᠯᠪᠣᠭᠳᠠᠬᠤ ᠲᠣᠨᠣᠭᠯᠠᠨ ᠰᠡᠯᠪᠢᠬᠦ ᠠᠵᠢᠯ᠎ᠢ ᠬᠢᠬᠦ ᠨᠢᠭᠡᠴᠡ᠎ᠨᠢ ᠠᠵᠢᠯ ᠡᠬᠢᠯᠡᠬᠦ᠎ᠠᠴᠠ ᠡᠮᠦᠨ᠎ᠡ ᠤᠭ᠎ᠤᠨ ᠵᠢᠷᠤᠵᠤ ᠲᠥᠯᠥᠪᠯᠡᠭᠰᠡᠨ ᠨᠢᠭᠡᠴᠡ ᠪᠤᠶᠤ ᠵᠣᠬᠢᠴᠠᠩᠭᠤᠢ ᠬᠢᠷᠢ ᠬᠡᠮ᠎ᠤᠨ ᠨᠥᠬᠥᠴᠡᠯ᠎ᠲᠠᠢ ᠵᠢᠷᠤᠵᠤ ᠲᠥᠯᠥᠪᠯᠡᠬᠦ ᠨᠢᠭᠡᠴᠡ᠎ᠳᠤ ᠨᠠᠢ᠌ᠳᠠᠨ ᠵᠢᠷᠤᠭ ᠲᠥᠯᠥᠪᠯᠡᠭᠡ ᠵᠢᠨ ᠲᠥᠰᠦᠯ ᠬᠢᠯᠭᠡᠬᠦ ᠬᠡᠷᠡᠭᠲᠡᠢ᠂ ᠵᠢᠷᠤᠭ ᠲᠥᠯᠦᠪᠯᠡᠭᠡᠨ᠎ᠤ ᠲᠥᠰᠦᠯ ᠪᠠᠢ᠌ᠬᠤ ᠦᠭᠡᠢ ᠪᠣᠯ ᠪᠠᠷᠢᠯᠭ᠎ᠠ ᠪᠠᠷᠢᠵᠤ ᠪᠣᠯᠬᠤ ᠦᠭᠡᠢ᠃
    ᠲᠠᠪᠢᠳᠤᠭ᠋ᠠᠷ ᠵᠤᠷᠪᠤᠰ   ᠭᠡᠷ ᠪᠠᠢ᠌ᠰᠢᠩ᠎ᠢ ᠨᠤᠷᠠᠭ᠋ᠠᠬᠤ ᠠᠵᠢᠯ᠎ᠢ ᠠᠶᠤᠯ ᠦᠭᠡᠢ ᠪᠠᠢ᠌ᠬᠤ ᠵᠢ ᠪᠠᠲᠤᠯᠠᠬᠤ ᠨᠥᠬᠥᠴᠡᠯ ᠲ᠋ᠠᠢ ᠪᠦᠬᠦᠢ ᠪᠠᠷᠢᠯᠭ᠎ᠠ ᠪᠠᠷᠢᠬᠤ ᠨᠢᠭᠡᠴᠡ᠎ᠠᠴᠠ ᠡᠭᠦᠷᠭᠡᠯᠡᠨ᠎ᠡ᠂ ᠪᠠᠷᠢᠯᠭ᠎ᠠ ᠪᠠᠷᠢᠬᠤ ᠨᠢᠭᠡᠴᠡ ᠵᠢᠨ ᠬᠠᠷᠢᠭᠤᠴᠠᠯᠭ᠋ᠠᠲᠠᠨ᠎ᠨᠢ ᠠᠶᠤᠯ ᠦᠭᠡᠢ   ᠪᠠᠢ᠌ᠳᠠᠯ᠎ᠢ ᠬᠠᠷᠢᠭᠤᠴᠠᠨ᠎ᠠ᠃
    ᠲᠠᠪᠢᠨ ᠨᠢᠭᠡᠳᠦᠭᠡᠷ ᠵᠤᠷᠪᠤᠰ   ᠪᠠᠷᠢᠯᠭ᠎ᠠ ᠵᠢᠨ ᠠᠵᠢᠯ᠎ᠤᠨ ᠳᠤᠮᠳᠠ ᠡᠨᠳᠡᠯ ᠭᠠᠷᠤᠭᠰᠠᠨ ᠦᠶ᠎ᠡ᠎ᠳᠤ᠂ ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠪᠠᠴᠢᠮ ᠠᠷᠭ᠎ᠠ ᠬᠡᠮᠵᠢᠶ᠎ᠡ ᠠᠪᠴᠤ ᠬᠥᠮᠦᠨ᠎ᠤ ᠰᠢᠷᠬᠠᠲᠤᠯ ᠦᠷᠡᠭᠳᠡᠯ ᠪᠠ ᠡᠨᠳᠡᠯ᠎ᠤᠨ ᠬᠣᠬᠢᠷᠠᠯ᠎ᠢ ᠪᠠᠭ᠋ᠠᠰᠬᠠᠬᠤ ᠵᠢᠨ ᠬᠠᠮᠲᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃
    ᠵᠢᠷᠭᠤᠳᠤᠭ᠋ᠠᠷ ᠪᠦᠯᠦᠭ   ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠬᠠᠮᠢᠶᠠᠷᠤᠯᠲᠠ
    ᠲᠠᠪᠢᠨ ᠬᠣᠶᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠤᠨ ᠬᠠᠢ᠌ᠨ   ᠪᠠᠢ᠌ᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠶᠠᠰᠤ ᠴᠢᠨᠠᠷ᠎ᠨᠢ ᠡᠷᠬᠡᠪᠰᠢ ᠪᠠᠷᠢᠯᠭ᠎ᠠ ᠵᠢᠨ ᠠᠵᠢᠯ᠎ᠤᠨ   ᠠᠶᠤᠯ ᠦᠭᠡᠢ ᠵᠢᠨ ᠪᠠᠷᠢᠮᠵᠢᠶ᠎ᠠ ᠵᠢᠨ ᠲᠤᠬᠠᠢ ᠤᠯᠤᠰ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ ᠬᠠᠮᠢᠶᠠᠷᠤᠯᠲᠠ ᠵᠢᠨ ᠪᠣᠳᠠᠲᠠᠢ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
    ᠪᠠᠷᠢᠯᠭ᠎ᠠ ᠵᠢᠨ ᠠᠵᠢᠯ᠎ᠤᠨ ᠠᠶᠤᠯ ᠦᠭᠡᠢ ᠵᠢᠨ ᠲᠤᠬᠠᠢ ᠤᠯᠤᠰ᠎ᠤᠨ ᠪᠠᠷᠢᠮᠵᠢᠶ᠎ᠠ᠎ᠨᠢ ᠪᠠᠷᠢᠯᠭ᠎ᠠ ᠵᠢᠨ ᠠᠶᠤᠯ ᠦᠭᠡᠢ ᠵᠢ ᠦᠨᠡᠨᠬᠦ ᠪᠠᠲᠤᠯᠠᠬᠤ ᠱᠠᠭ᠋ᠠᠷᠳᠠᠯᠭ᠎ᠠ᠎ᠳᠤ ᠵᠣᠬᠢᠴᠠᠬᠤ ᠥᠬᠡᠢ ᠪᠣᠯᠪᠠᠯ ᠴᠠᠭ ᠲᠤᠬᠠᠢ᠎ᠳᠤᠨᠢ ᠵᠠᠰᠠᠪᠤᠷᠢ ᠣᠷᠣᠭᠤᠯᠬᠤ ᠬᠡᠷᠡᠭᠲᠡᠢ᠃
    ᠲᠠᠪᠢᠨ ᠭᠤᠷᠪᠠᠳᠤᠭ᠋ᠠᠷ ᠵᠤᠷᠪᠤᠰ   ᠤᠯᠤᠰ᠎ᠠᠴᠠ ᠪᠠᠷᠢᠯᠭ᠎ᠠ ᠵᠢᠨ ᠠᠵᠢᠯᠯᠠᠭ᠎ᠠ ᠬᠢᠬᠦ ᠨᠢᠭᠡᠴᠡ᠎ᠳᠤ ᠶᠠᠰᠤ ᠴᠢᠨᠠᠷ᠎ᠤᠨ ᠰᠢᠰᠲ᠋ᠧᠮ᠎ᠤᠨ ᠭᠡᠷᠡᠴᠢᠯᠡᠨ ᠮᠠᠭ᠋ᠠᠳᠯᠠᠬᠤ ᠳᠦᠷᠢᠮ᠎ᠢ ᠶᠠᠪᠤᠭᠤᠯᠤᠨ᠎ᠠ᠃ ᠪᠠᠷᠢᠯᠭ᠎ᠠ ᠵᠢᠨ ᠠᠵᠢᠯᠯᠠᠭ᠎ᠠ ᠬᠢᠬᠦ ᠨᠢᠭᠡᠴᠡ ᠰᠠᠢ᠌ᠨ ᠳᠤᠷ᠎ᠠ ᠵᠢᠨ ᠵᠠᠷᠴᠢᠮ ᠵᠶ᠋ᠠᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠢ᠍ᠯᠡᠳᠬᠦᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠢ᠍ᠯᠡᠳᠬᠦᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠷᠬᠡ ᠣᠯᠭᠣᠭᠰᠠᠨ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠭᠡᠷᠡᠴᠢᠯᠡᠨ ᠮᠠᠭ᠋ᠠᠳᠯᠠᠬᠤ ᠪᠠᠢ᠍ᠭᠤᠯᠤᠮᠵᠢ᠎ᠳᠤ ᠶᠠᠰᠤ ᠴᠢᠨᠠᠷ᠎ᠤᠨ ᠰᠢᠰᠲ᠋ᠧᠮ᠎ᠢ ᠭᠡᠷᠡᠴᠢᠯᠡᠭᠦᠯᠦᠨ ᠮᠠᠭ᠋ᠠᠳᠯᠠᠭᠤᠯᠬᠤ ᠭᠤᠶᠤᠴᠢᠯᠠᠯ ᠭᠠᠷᠭ᠋ᠠᠵᠤ ᠪᠣᠯᠤᠨ᠎ᠠ᠃ ᠭᠡᠷᠡᠴᠢᠯᠡᠨ ᠮᠠᠭ᠋ᠠᠳᠯᠠᠭ᠋ᠠᠳ ᠬᠢᠷᠢ ᠲᠡᠩᠴᠡᠭᠰᠡᠳ᠎ᠲᠤ ᠭᠡᠷᠡᠴᠢᠯᠡᠨ ᠮᠠᠭ᠋ᠠᠳᠯᠠᠬᠤ ᠪᠠᠢ᠍ᠭᠤᠯᠤᠮᠵᠢ᠎ᠠᠴᠠ ᠶᠠᠰᠤ ᠴᠢᠨᠠᠷ᠎ᠤᠨ ᠰᠢᠰᠲ᠋ᠧᠮ᠎ᠢ ᠭᠡᠷᠡᠴᠢᠯᠡᠨ ᠮᠠᠭ᠋ᠠᠳᠯᠠᠭᠰᠠᠨ ᠦᠨᠡᠮᠯᠡᠯ ᠣᠯᠭᠣᠨ᠎ᠠ᠃
    ᠲᠠᠪᠢᠨ ᠳᠥᠷᠪᠡᠳᠦᠭᠡᠷ ᠵᠤᠷᠪᠤᠰ   ᠪᠦᠲᠦᠭᠡᠨ ᠪᠠᠢ᠌ᠭᠤᠯᠬᠤ ᠨᠢᠭᠡᠴᠡ᠎ᠨᠢ ᠶᠠᠮᠠᠷᠪᠠ ᠰᠢᠯᠲᠠᠭ ᠵᠶ᠋ᠠᠷ᠂ ᠪᠠᠷᠢᠯᠭ᠎ᠠ ᠵᠢ ᠵᠢᠷᠤᠵᠤ ᠲᠥᠯᠥᠪᠯᠡᠬᠦ ᠪᠤᠶᠤ ᠪᠠᠷᠢᠯᠭ᠎ᠠ ᠪᠠᠷᠢᠬᠤ ᠠᠵᠢᠯ᠎ᠤᠨ ᠳᠤᠮᠳᠠ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠂ ᠠᠶᠤᠯ ᠦᠭᠡᠢ ᠵᠢᠨ ᠪᠠᠷᠢᠮᠵᠢᠶ᠎ᠠ ᠵᠢ ᠵᠥᠷᠢᠴᠡᠨ ᠪᠠᠷᠢᠯᠭ᠎ᠠ ᠵᠢᠨ ᠶᠠᠰᠤ ᠴᠢᠨᠠᠷ᠎ᠢ ᠪᠠᠭᠤᠷᠠᠭᠤᠯᠬᠤ ᠵᠢ ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ ᠪᠤᠶᠤ ᠪᠠᠷᠢᠯᠭ᠎ᠠ ᠪᠠᠷᠢᠬᠤ ᠠᠵᠤ ᠠᠬᠤᠢ᠌ᠯᠠᠯ᠎ᠳᠤ ᠱᠠᠭ᠋ᠠᠷᠳᠠᠵᠤ ᠪᠣᠯᠬᠤ ᠦᠭᠡᠢ᠃
    ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ ᠪᠠ ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠪᠦᠲᠦᠭᠡᠨ ᠪᠠᠢ᠌ᠭᠤᠯᠬᠤ ᠨᠢᠭᠡᠴᠡ ᠵᠢᠨ ᠡᠮᠦᠨᠡᠬᠢ ᠪᠠᠳᠠᠭ᠎ᠤᠨ ᠲᠣᠭᠲᠠᠭ᠋ᠠᠯ᠎ᠢ ᠵᠥᠷᠢᠴᠡᠵᠦ ᠳᠤᠷᠠᠳᠤᠭᠰᠠᠨ ᠪᠠᠷᠢᠯᠭ᠎ᠠ ᠵᠢᠨ ᠶᠠᠰᠤ ᠴᠢᠨᠠᠷ᠎ᠢ ᠪᠠᠭᠤᠷᠠᠭᠤᠯᠬᠤ ᠱᠠᠭ᠋ᠠᠷᠳᠠᠯᠭ᠎ᠠ ᠵᠢ ᠬᠦᠯᠢᠶᠡᠬᠦ ᠥᠬᠡᠢ ᠪᠠᠢ᠌ᠬᠤ ᠶᠣᠰᠣᠲᠠᠢ᠃
    ᠲᠠᠪᠢᠨ ᠲᠠᠪᠤᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ᠎ᠨᠢ᠂ ᠪᠠᠷᠢᠯᠭ᠎ᠠ ᠵᠢᠨ ᠶᠠᠰᠤ ᠴᠢᠨᠠᠷ᠎ᠢ ᠪᠠᠷᠢᠯᠭ᠎ᠠ ᠵᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ᠎ᠠᠴᠠ ᠬᠠᠷᠢᠭᠤᠴᠠᠵᠤ᠂ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ᠎ᠨᠢ ᠪᠠᠷᠢᠯᠭ᠎ᠠ ᠵᠢᠨ ᠠᠵᠢᠯ᠎ᠢ ᠪᠤᠰᠤᠳ ᠨᠢᠭᠡᠴᠡ᠎ᠳᠤ ᠬᠤᠪᠢᠶᠠᠨ ᠳᠠᠭ᠋ᠠᠭ᠋ᠠᠴᠢᠯᠠᠭᠤᠯᠤᠭᠰᠠᠨ᠎ᠨᠢ᠂ ᠪᠠᠷᠢᠯᠭ᠎ᠠ ᠵᠢᠨ ᠶᠠᠰᠤ ᠴᠢᠨᠠᠷ᠎ᠤᠨ ᠲᠠᠯ᠎ᠠ᠎ᠪᠠᠷ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠡ᠎ᠯᠦᠭᠡ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠡ᠎ᠨᠢ ᠶᠠᠰᠤ ᠴᠢᠨᠠᠷ᠎ᠤᠨ ᠲᠠᠯ᠎ᠠ᠎ᠪᠠᠷ᠎ᠬᠢ ᠶᠡᠷᠦᠩᠬᠡᠢ᠍ᠯᠡᠨ ᠳᠠᠭ᠋ᠠᠭ᠋ᠠᠴᠢᠯᠠᠭᠰᠠᠨ ᠨᠢᠭᠡᠴᠡ ᠵᠢᠨ ᠬᠠᠮᠢᠶᠠᠷᠤᠯᠲᠠ ᠵᠢ ᠬᠦᠯᠢᠶᠡᠬᠦ ᠬᠡᠷᠡᠭᠲᠡᠢ᠃
    ᠲᠠᠪᠢᠨ ᠵᠢᠷᠭᠤᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠤᠨ ᠬᠠᠢ᠌ᠨ ᠰᠢᠨᠵᠢᠬᠦ᠂ ᠵᠢᠷᠤᠵᠤ ᠲᠥᠯᠥᠪᠯᠡᠬᠦ ᠨᠢᠭᠡᠴᠡ ᠡᠷᠬᠡᠪᠰᠢ ᠬᠠᠢ᠌ᠨ ᠰᠢᠨᠵᠢᠯᠡᠭᠡ᠂ ᠵᠢᠷᠤᠭ ᠲᠥᠯᠥᠪᠯᠡᠭᠡ ᠵᠢᠨ ᠵᠶ᠋ᠠᠨ ᠶᠠᠰᠤ ᠴᠢᠨᠠᠷ᠎ᠢ ᠬᠠᠷᠢᠭᠤᠴᠠᠬᠤ ᠬᠡᠷᠡᠭᠲᠡᠢ᠃ ᠬᠠᠢ᠌ᠨ ᠰᠢᠨᠵᠢᠯᠡᠭᠰᠡᠨ᠂ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ᠎ᠨᠢ ᠬᠣᠯᠪᠣᠭᠳᠠᠯ ᠪᠥᠬᠥᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠠ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠂ ᠠᠶᠤᠯ ᠦᠭᠡᠢ ᠵᠢᠨ ᠪᠠᠷᠢᠮᠵᠢᠶ᠎ᠠ᠂ ᠪᠠᠷᠢᠯᠭ᠎ᠠ ᠵᠢᠨ ᠠᠵᠢᠯ᠎ᠤᠨ ᠬᠠᠢ᠌ᠨ ᠰᠢᠨᠵᠢᠬᠦ᠂ ᠵᠢᠷᠤᠵᠤ ᠲᠥᠯᠥᠪᠯᠡᠬᠦ ᠲᠧᠭᠨᠢᠭ ᠮᠡᠷᠭᠡᠵᠢᠯ᠎ᠤᠨ ᠵᠢᠷᠤᠮᠵᠢᠯ ᠵᠢᠴᠢ ᠭᠡᠷ᠎ᠡ ᠵᠢᠨ ᠪᠣᠯᠵᠣᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠳᠤ ᠬᠡᠷᠡᠭᠯᠡᠬᠦ᠎ᠪᠠᠷ ᠰᠣᠩᠭᠣᠭᠰᠠᠨ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠣᠨᠣᠭ ᠰᠡᠯᠪᠢᠭᠡᠰᠦ ᠪᠠ ᠲᠣᠨᠣᠭ ᠲᠥᠬᠥᠭᠡᠷᠦᠮᠵᠢ ᠵᠢᠨ ᠬᠡᠪ ᠪᠠᠷᠢᠮᠵᠢᠶ᠎ᠠ᠂ ᠬᠡᠪ ᠰᠢᠨᠵᠢ᠂ ᠰᠢᠨᠵᠢ ᠴᠢᠳᠠᠪᠤᠷᠢ ᠵᠡᠷᠭᠡ ᠲᠧᠭᠨᠢᠭ ᠮᠡᠷᠭᠡᠵᠢᠯ᠎ᠤᠨ ᠭᠦᠢ᠍ᠴᠡᠳᠬᠡᠬᠦ ᠲᠣᠭ᠋ᠠᠨ᠎ᠤ ᠱᠠᠭ᠋ᠠᠷᠳᠠᠯᠭ᠎ᠠ᠎ᠨᠢ ᠡᠷᠬᠡᠪᠰᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
    ᠲᠠᠪᠢᠨ ᠳᠣᠯᠣᠳᠤᠭ᠋ᠠᠷ ᠵᠤᠷᠪᠤᠰ   ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠨᠢᠭᠡᠴᠡ᠎ᠨᠢ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠳᠤ ᠬᠡᠷᠡᠭᠯᠡᠬᠦ᠎ᠪᠠᠷ ᠰᠣᠩᠭᠣᠭᠰᠠᠨ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠣᠨᠣᠭ ᠰᠡᠯᠪᠢᠭᠡᠰᠦ ᠪᠠ ᠲᠣᠨᠣᠭ ᠲᠥᠬᠥᠭᠡᠷᠦᠮᠵᠢ᠎ᠳᠤ ᠦᠢ᠍ᠯᠡᠳᠪᠦᠷᠢᠯᠡᠬᠦ ᠦᠢ᠍ᠯᠡᠳᠪᠦᠷᠢ᠂ ᠬᠠᠩᠭ᠋ᠠᠬᠤ ᠬᠤᠳᠠᠯᠳᠤᠭ᠋ᠠᠴᠢᠨ᠎ᠢ ᠵᠢᠭ᠋ᠠᠨ ᠲᠣᠭᠲᠠᠭ᠋ᠠᠵᠤ ᠪᠣᠯᠬᠤ ᠦᠭᠡᠢ᠃
    ᠲᠠᠪᠢᠨ ᠨᠠᠢ᠍ᠮᠠᠳᠤᠭ᠋ᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠢ ᠬᠠᠷᠢᠭᠤᠴᠠᠨ᠎ᠠ᠃
    ᠪᠠᠷᠢᠯᠭ᠎ᠠ ᠪᠠᠷᠢᠬᠤ ᠠᠵᠤ ᠠᠬᠤᠢ᠌ᠯᠠᠯ ᠡᠷᠬᠡᠪᠰᠢ ᠪᠠᠷᠢᠯᠭ᠎ᠠ ᠵᠢᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠪᠠᠷᠢᠬᠤ ᠲᠧᠭᠨᠢᠭ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠠᠵᠢᠯᠯᠠᠵᠤ᠂ ᠠᠵᠢᠯ ᠳᠥᠭᠥᠮᠴᠢᠯᠡᠨ ᠮᠠᠲ᠋ᠧᠷᠢᠶᠠᠯ᠎ᠢ ᠬᠠᠰᠤᠵᠤ ᠪᠣᠯᠬᠤ ᠦᠭᠡᠢ᠃ ᠪᠠᠷᠢᠯᠭ᠎ᠠ ᠵᠢᠨ ᠵᠢᠷᠤᠭ ᠲᠥᠯᠥᠪᠯᠡᠯᠭᠡ᠎ᠳᠤ ᠵᠠᠰᠠᠪᠤᠷᠢ ᠣᠷᠣᠭᠤᠯᠬᠤ ᠶᠠᠪᠤᠳᠠᠯ᠎ᠢ ᠤᠤᠯ᠎ᠤᠨ ᠵᠢᠷᠤᠵᠤ ᠲᠥᠯᠥᠪᠯᠡᠭᠰᠡᠨ ᠨᠢᠭᠡᠴᠡ ᠬᠠᠷᠢᠭᠤᠴᠠᠨ᠎ᠠ᠃ ᠪᠠᠷᠢᠯᠭ᠎ᠠ ᠪᠠᠷᠢᠬᠤ ᠠᠵᠤ ᠠᠬᠤᠢ᠌ᠯᠠᠯ ᠪᠠᠷᠢᠯᠭ᠎ᠠ ᠵᠢᠨ ᠵᠢᠷᠤᠭ ᠲᠥᠯᠥᠪᠯᠡᠯᠭᠡ᠎ᠳᠤ ᠳᠤᠷ᠎ᠠ᠎ᠪᠠᠷ ᠵᠶ᠋ᠠᠨ ᠵᠠᠰᠠᠪᠤᠷᠢ ᠣᠷᠣᠭᠤᠯᠵᠤ ᠪᠣᠯᠬᠤ ᠦᠭᠡᠢ᠃
    ᠲᠠᠪᠢ ᠶᠢᠰᠦᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ ᠡᠷᠬᠡᠪᠰᠢ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ᠂ ᠪᠠᠷᠢᠯᠭ᠎ᠠ ᠪᠠᠷᠢᠬᠤ ᠲᠧᠭᠨᠢᠭ ᠮᠡᠷᠭᠡᠵᠢᠯ᠎ᠤᠨ ᠪᠠᠷᠢᠮᠵᠢᠶ᠎ᠠ ᠪᠣᠯᠤᠨ ᠭᠡᠷ᠎ᠡ ᠵᠢᠨ ᠪᠣᠯᠵᠣᠯ ᠶᠣᠰᠣᠭ᠋ᠠᠷ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠣᠨᠣᠭ ᠰᠡᠯᠪᠢᠭᠡᠰᠦ ᠪᠣᠯᠤᠨ ᠲᠣᠨᠣᠭ ᠲᠥᠬᠥᠭᠡᠷᠦᠮᠵᠢ ᠵᠢ ᠰᠢᠯᠭ᠋ᠠᠨ ᠪᠠᠢ᠌ᠴᠠᠭ᠋ᠠᠵᠤ᠂ ᠬᠢᠷᠢ ᠲᠡᠩᠴᠡᠭᠰᠡᠨ ᠥᠬᠡᠢ ᠵᠤᠷᠪᠤᠰ᠎ᠢ ᠬᠡᠷᠡᠭᠯᠡᠵᠦ ᠪᠣᠯᠬᠤ ᠥᠬᠡᠢ᠃
    ᠵᠢᠷᠠᠳᠤᠭ᠋ᠠᠷ ᠵᠤᠷᠪᠤᠰ   ᠪᠠᠷᠢᠯᠭ᠎ᠠ ᠵᠢᠨ ᠵᠦᠢ ᠵᠣᠬᠢᠰᠲᠠᠢ ᠬᠡᠷᠡᠭᠯᠡᠬᠦ ᠬᠤᠭᠤᠴᠠᠭ᠋ᠠᠨ᠎ᠳᠤ᠂ ᠲᠡᠭᠦᠨ᠎ᠤ ᠰᠠᠭᠤᠷᠢ ᠵᠢᠨ ᠰᠠᠭᠤᠷᠢ ᠪᠠᠷᠢᠯᠭ᠎ᠠ ᠪᠣᠯᠤᠨ ᠭᠣᠣᠯ ᠴᠣᠭᠴᠠ ᠪᠦᠲᠦᠴᠡ ᠵᠢᠨ ᠶᠠᠰᠤ ᠴᠢᠨᠠᠷ᠎ᠢ ᠡᠷᠬᠡᠪᠰᠢ ᠦᠨᠡᠨᠬᠦ ᠪᠠᠲᠤᠯᠠᠬᠤ ᠬᠡᠷᠡᠭᠲᠡᠢ᠃
    ᠪᠠᠷᠢᠯᠭ᠎ᠠ ᠵᠢ ᠪᠠᠷᠢᠵᠤ ᠳᠠᠭᠤᠰᠬᠤ ᠦᠶ᠎ᠡ᠎ᠳᠤ᠂ ᠭᠡᠷ᠎ᠤᠨ ᠣᠷᠣᠢ᠂ ᠬᠡᠷᠡᠮ᠎ᠳᠤ ᠨᠡᠪᠴᠢᠵᠦ ᠭᠣᠭᠣᠵᠢᠬᠤ᠂ ᠠᠩ ᠭᠠᠷᠬᠤ ᠵᠡᠷᠭᠡ ᠶᠠᠰᠤ ᠴᠢᠨᠠᠷ᠎ᠤᠨ ᠭᠡᠮ ᠰᠡᠪ ᠪᠠᠢ᠌ᠵᠤ ᠪᠣᠯᠬᠤ ᠥᠬᠡᠢ᠃ ᠨᠢᠭᠡᠨᠲᠡ ᠣᠯᠵᠤ ᠮᠡᠳᠡᠭᠰᠡᠨ ᠶᠠᠰᠤ ᠴᠢᠨᠠᠷ᠎ᠤᠨ ᠭᠡᠮ ᠰᠡᠪ᠎ᠢ᠂ ᠪᠠᠷᠢᠯᠭ᠎ᠠ ᠪᠠᠷᠢᠬᠤ ᠠᠵᠤ ᠠᠬᠤᠢ᠌ᠯᠠᠯ᠎ᠠᠴᠠ ᠵᠠᠰᠠᠨ ᠰᠢᠨᠡᠳᠬᠡᠬᠦ ᠬᠡᠷᠡᠭᠲᠡᠢ᠃
ᠵᠢᠷᠠᠨ ᠨᠢᠭᠡᠳᠦᠭᠡᠷ ᠵᠤᠷᠪᠤᠰ   ᠪᠠᠷᠢᠵᠤ ᠳᠠᠭᠤᠰᠬᠠᠭ᠋ᠠᠳ ᠰᠢᠯᠭ᠋ᠠᠭᠤᠯᠵᠤ ᠲᠤᠰᠢᠶᠠᠬᠤ ᠪᠠᠷᠢᠯᠭ᠎ᠠ᠎ᠨᠢ ᠡᠷᠬᠡᠪᠰᠢ ᠪᠠᠷᠢᠯᠭ᠎ᠠ ᠵᠢᠨ ᠲᠣᠭᠲᠠᠭᠰᠠᠨ ᠶᠠᠰᠤ ᠴᠢᠨᠠᠷ᠎ᠤᠨ ᠪᠠᠷᠢᠮᠵᠢᠶᠠᠨ᠎ᠳᠤ ᠨᠡᠢ᠌ᠴᠡᠵᠦ᠂ ᠪᠠᠷᠢᠯᠭ᠎ᠠ ᠵᠢᠨ ᠲᠧᠭᠨᠢᠭ ᠮᠡᠷᠭᠡᠵᠢᠯ ᠠᠵᠤ ᠠᠬᠤᠢ ᠵᠢᠨ ᠪᠦᠷᠢᠨ ᠪᠦᠲᠦᠨ ᠮᠠᠲ᠋ᠧᠷᠢᠶᠠᠯ ᠪᠣᠯᠤᠨ ᠭᠠᠷ᠎ᠤᠨ ᠥᠰᠥᠭ ᠵᠢᠷᠤᠭᠰᠠᠨ ᠪᠠᠷᠢᠯᠭ᠎ᠠ ᠵᠢ ᠰᠡᠯᠪᠢᠨ ᠵᠠᠰᠠᠬᠤ ᠪᠠᠲᠤᠯᠠᠭ᠎ᠠ ᠵᠢᠨ ᠪᠢᠴᠢᠭ᠎ᠲᠠᠢ ᠪᠠᠢ᠌ᠬᠤ ᠵᠢᠨ ᠬᠠᠮᠲᠤ ᠠᠵᠢᠯ ᠳᠠᠭᠤᠰᠬᠠᠬᠤ ᠲᠤᠬᠠᠢ ᠤᠯᠤᠰ᠎ᠤᠨ ᠲᠣᠭᠲᠠᠭ᠋ᠠᠭᠰᠠᠨ ᠪᠤᠰᠤᠳ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠃
    ᠪᠠᠷᠢᠯᠭ᠎ᠠ ᠵᠢᠨ ᠠᠵᠢᠯ ᠳᠠᠭᠤᠰᠴᠤ᠂ ᠰᠢᠯᠭ᠋ᠠᠨ ᠠᠪᠤᠭ᠋ᠠᠳ ᠬᠢᠷᠢ ᠲᠡᠩᠴᠡᠭᠰᠡᠨ᠎ᠤ ᠳᠠᠷᠠᠭ᠎ᠠ ᠰᠠᠶᠢ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠃ ᠰᠢᠯᠭ᠋ᠠᠨ ᠠᠪᠬᠤ ᠵᠢ ᠳᠠᠮᠵᠢᠭᠰᠠᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠣᠯ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃
ᠵᠢᠷᠠᠨ ᠬᠣᠶᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠳᠤ ᠶᠠᠰᠤ ᠴᠢᠨᠠᠷ᠎ᠤᠨ ᠲᠠᠯ᠎ᠠ᠎ᠪᠠᠷ ᠰᠡᠯᠪᠢᠨ ᠵᠠᠰᠠᠬᠤ ᠪᠠᠲᠤᠯᠠᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃
    ᠪᠠᠷᠢᠯᠭ᠎ᠠ ᠵᠢᠨ ᠠᠵᠢᠯ᠎ᠤᠨ ᠰᠡᠯᠪᠢᠨ ᠵᠠᠰᠠᠬᠤ ᠪᠠᠲᠤᠯᠠᠭ᠎ᠠ ᠵᠢᠨ ᠬᠡᠪᠴᠢᠶᠡᠨ᠎ᠳᠤ ᠪᠠᠷᠢᠯᠭ᠎ᠠ ᠵᠢᠨ ᠰᠠᠭᠤᠷᠢ ᠵᠢᠨ ᠰᠠᠭᠤᠷᠢ ᠪᠠᠷᠢᠯᠭ᠎ᠠ᠂ ᠭᠣᠣᠯ ᠴᠣᠭᠴᠠ ᠵᠢᠨ ᠪᠦᠲᠦᠴᠡ ᠵᠢᠨ ᠪᠠᠷᠢᠯᠭ᠎ᠠ᠂ ᠭᠡᠷ᠎ᠤᠨ ᠠᠲᠠᠷ᠎ᠤᠨ ᠤᠰᠤ ᠵᠢ ᠰᠡᠷᠭᠡᠢ᠌ᠯᠡᠬᠦ ᠪᠠᠷᠢᠯᠭ᠎ᠠ ᠪᠣᠯᠤᠨ ᠪᠤᠰᠤᠳ ᠰᠢᠪᠠᠷ ᠰᠢᠷᠣᠢ ᠵᠢᠨ ᠪᠠᠷᠢᠯᠭ᠎ᠠ ᠵᠢᠨ ᠠᠵᠢᠯ ᠵᠢᠴᠢ ᠴᠠᠬᠢᠯᠭ᠋ᠠᠨ ᠬᠣᠭᠣᠯᠠᠢ ᠵᠢᠨ ᠱᠤᠭᠤᠮ᠂ ᠤᠰᠤ ᠲᠠᠲᠠᠵᠤ ᠭᠠᠷᠭ᠋ᠠᠬᠤ ᠬᠣᠭᠣᠯᠠᠢ ᠱᠤᠭᠤᠮ᠎ᠢ ᠤᠭᠰᠠᠷᠠᠬᠤ᠂ ᠪᠠᠷᠢᠯᠭ᠎ᠠ ᠵᠢᠨ ᠢᠯᠴᠢ ᠬᠠᠩᠭ᠋ᠠᠬᠤ᠂ ᠬᠦᠢ᠍ᠲᠡᠨ ᠬᠠᠩᠭ᠋ᠠᠬᠤ ᠰᠢᠰᠲ᠋ᠧᠮ᠎ᠤᠨ ᠪᠠᠷᠢᠯᠭ᠎ᠠ ᠵᠡᠷᠭᠡ ᠵᠤᠷᠪᠤᠰ᠎ᠢ ᠪᠠᠭᠲᠠᠭ᠋ᠠᠬᠤ ᠬᠡᠷᠡᠭᠲᠡᠢ᠃ ᠰᠡᠯᠪᠢᠨ ᠵᠠᠰᠠᠬᠤ ᠪᠠᠲᠤᠯᠠᠭ᠎ᠠ ᠵᠢᠨ ᠬᠤᠭᠤᠴᠠᠭ᠎ᠠ ᠵᠢ ᠪᠠᠷᠢᠯᠭ᠎ᠠ ᠵᠢᠨ ᠵᠦᠢ ᠵᠣᠬᠢᠰᠲᠠᠢ ᠬᠡᠷᠡᠭᠯᠡᠬᠦ ᠬᠤᠭᠤᠴᠠᠭ᠋ᠠᠨ᠎ᠳᠤ ᠬᠡᠪ᠎ᠤᠨ ᠬᠡᠷᠡᠭᠯᠡᠯᠲᠡ ᠵᠢ ᠪᠠᠲᠤᠯᠠᠵᠤ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠠᠷᠴᠢᠮ ᠵᠶ᠋ᠠᠷ ᠲᠣᠭᠲᠠᠭ᠋ᠠᠬᠤ ᠬᠡᠷᠡᠭᠲᠡᠢ᠃ ᠰᠡᠯᠪᠢᠨ ᠵᠠᠰᠠᠬᠤ ᠪᠠᠲᠤᠯᠠᠭ᠎ᠠ ᠵᠢᠨ ᠪᠣᠳᠠᠲᠠᠢ ᠬᠡᠪᠴᠢᠶ᠎ᠡ ᠪᠣᠯᠤᠨ ᠰᠡᠯᠪᠢᠨ ᠵᠠᠰᠠᠬᠤ ᠪᠠᠲᠤᠯᠠᠭ᠎ᠠ ᠵᠢᠨ ᠨᠠᠭ᠋ᠠᠳᠤ ᠵᠠᠬ᠎ᠠ ᠵᠢᠨ ᠬᠤᠭᠤᠴᠠᠭ᠎ᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
    ᠵᠢᠷᠠᠨ ᠭᠤᠷᠪᠠᠳᠤᠭ᠋ᠠᠷ ᠵᠤᠷᠪᠤᠰ   ᠶᠠᠮᠠᠷᠪᠠ ᠨᠢᠭᠡᠴᠡ ᠪᠠ ᠬᠤᠪᠢ ᠬᠥᠮᠦᠨ᠎ᠠᠴᠠ ᠴᠥᠮ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠡᠨᠳᠡᠯ᠂ ᠶᠠᠰᠤ ᠴᠢᠨᠠᠷ᠎ᠤᠨ ᠭᠡᠮ ᠰᠠᠮ᠎ᠤᠨ ᠲᠤᠬᠠᠢ ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠣᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ᠎ᠲᠤ ᠢᠯᠡᠴᠢᠯᠡᠬᠦ᠂ ᠵᠠᠭ᠋ᠠᠯᠳᠤᠬᠤ᠂ ᠵᠠᠭ᠋ᠠᠯᠳᠤᠬᠤ ᠡᠷᠬᠡ᠎ᠲᠠᠢ᠃
    ᠳᠣᠯᠣᠳᠤᠭ᠋ᠠᠷ ᠪᠦᠯᠦᠭ     ᠬᠠᠤᠯᠢ ᠵᠢᠨ ᠬᠠᠷᠢᠭᠤᠴᠠᠯᠭ᠎ᠠ
    ᠵᠢᠷᠠᠨ ᠳᠥᠷᠪᠡᠳᠦᠭᠡᠷ ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠪᠠᠷᠢᠯᠭ᠎ᠠ ᠪᠠᠷᠢᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠦᠭᠡᠢ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ᠎ᠪᠠᠨ ᠵᠥᠪᠰᠢᠶᠡᠷᠡᠭᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠪᠠᠷᠢᠯᠭ᠎ᠠ ᠪᠠᠷᠢᠭᠰᠠᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠤᠭ᠋ᠠᠳ᠂ ᠠᠵᠢᠯ ᠡᠬᠢᠯᠡᠬᠦ ᠨᠥᠬᠥᠴᠡᠯ᠎ᠳᠤ ᠨᠡᠢ᠌ᠴᠡᠬᠦ ᠦᠭᠡᠢ ᠪᠠᠢ᠌ᠪᠠᠯ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠵᠤ᠂ ᠵᠣᠭᠣᠰ ᠵᠶ᠋ᠠᠷ ᠲᠣᠷᠭ᠋ᠠᠬᠤ᠎ᠪᠠᠷ   ᠰᠢᠢ᠍ᠳᠬᠡᠵᠦ ᠪᠣᠯᠤᠨ᠎ᠠ᠃
    ᠵᠢᠷᠠᠨ ᠲᠠᠪᠤᠳᠤᠭ᠋ᠠᠷ ᠵᠤᠷᠪᠤᠰ   ᠳᠠᠭ᠋ᠠᠭ᠋ᠠᠴᠢᠯᠠᠭᠤᠯᠬᠤ ᠨᠢᠭᠡᠴᠡ ᠪᠠᠷᠢᠯᠭ᠎ᠠ ᠵᠢᠨ ᠠᠵᠢᠯ ᠵᠶ᠋ᠠᠨ ᠬᠢᠷᠢ ᠬᠡᠮ᠎ᠤᠨ ᠵᠣᠬᠢᠴᠠᠩᠭᠤᠢ ᠨᠥᠬᠥᠴᠡᠯ ᠦᠭᠡᠢ ᠳᠠᠭ᠋ᠠᠭ᠋ᠠᠴᠢᠯᠠᠬᠤ ᠨᠢᠭᠡᠴᠡ᠎ᠳᠤ ᠳᠠᠭ᠋ᠠᠭ᠋ᠠᠴᠢᠯᠠᠭᠤᠯᠤᠭᠰᠠᠨ ᠪᠤᠶᠤ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠨ ᠪᠠᠷᠢᠯᠭ᠎ᠠ ᠵᠢᠨ ᠠᠵᠢᠯ ᠵᠶ᠋ᠠᠨ ᠬᠡᠰᠡᠭᠯᠡᠨ ᠳᠠᠭ᠋ᠠᠭ᠋ᠠᠴᠢᠯᠠᠭᠤᠯᠤᠭᠰᠠᠨ ᠪᠠᠢ᠌ᠪᠠᠯ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠨ᠎ᠠ᠃
    ᠲᠤᠰ ᠨᠢᠭᠡᠴᠡ ᠵᠢᠨ ᠵᠶ᠋ᠠᠨ ᠬᠢᠷᠢ ᠬᠡᠮ᠎ᠤᠨ ᠵᠡᠷᠭᠡ ᠳᠡᠰ᠎ᠠᠴᠠ ᠳᠠᠪᠠᠭ᠋ᠠᠳ ᠪᠠᠷᠢᠯᠭ᠎ᠠ ᠵᠢᠨ ᠠᠵᠢᠯ ᠳᠠᠭ᠋ᠠᠭ᠋ᠠᠴᠢᠯᠠᠭᠰᠠᠨ ᠪᠠᠢ᠌ᠪᠠᠯ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠵᠣᠭᠣᠰ ᠵᠶ᠋ᠠᠷ ᠲᠣᠷᠭ᠋ᠠᠬᠤ᠎ᠪᠠᠷ   ᠰᠢᠢ᠍ᠳᠬᠡᠵᠦ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠵᠤ ᠪᠣᠯᠤᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠨ᠎ᠠ᠃ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ᠎ᠲᠠᠢ ᠪᠠᠢ᠌ᠪᠠᠯ ᠬᠤᠷᠢᠶᠠᠵᠤ ᠠᠪᠤᠨ᠎ᠠ᠃
    ᠬᠢᠷᠢ ᠬᠡᠮ᠎ᠤᠨ ᠦᠨᠡᠮᠯᠡᠯ ᠣᠯᠤᠭᠰᠠᠨ ᠥᠬᠡᠢ᠎ᠪᠠᠷ ᠪᠠᠷᠢᠯᠭ᠎ᠠ ᠵᠢᠨ ᠠᠵᠢᠯ ᠳᠠᠭ᠋ᠠᠭ᠋ᠠᠴᠢᠯᠠᠭᠰᠠᠨ ᠪᠠᠢ᠌ᠪᠠᠯ ᠴᠠᠭ᠋ᠠᠵᠠᠯᠠᠨ ᠵᠣᠭᠰᠣᠭ᠋ᠠᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ᠎ᠲᠠᠢ ᠪᠠᠢ᠌ᠪᠠᠯ ᠬᠤᠷᠢᠶᠠᠵᠤ ᠠᠪᠤᠨ᠎ᠠ᠃
    ᠮᠡᠬᠡᠯᠡᠬᠦ ᠠᠷᠭ᠎ᠠ᠎ᠪᠠᠷ ᠬᠢᠷᠢ ᠬᠡᠮ᠎ᠤᠨ ᠦᠨᠡᠮᠯᠡᠯ ᠣᠯᠤᠭᠰᠠᠨ ᠪᠠᠢ᠌ᠪᠠᠯ᠂ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠵᠤ ᠵᠣᠭᠣᠰ ᠵᠶ᠋ᠠᠷ ᠲᠣᠷᠭ᠋ᠠᠨ᠎ᠠ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠵᠢᠷᠠᠨ ᠵᠢᠷᠭᠤᠳᠤᠭ᠋ᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠠᠴᠠ ᠬᠢᠷᠢ ᠬᠡᠮ᠎ᠤᠨ ᠦᠨᠡᠮᠯᠡᠯ ᠵᠶ᠋ᠠᠨ ᠪᠤᠰᠤᠳ᠎ᠲᠤ ᠰᠢᠯᠵᠢᠭᠦᠯᠵᠦ᠂ ᠵᠢᠭᠡᠯᠡᠭᠦᠯᠵᠦ ᠥᠭᠬᠦ ᠪᠤᠶᠤ ᠪᠤᠰᠤᠳ ᠠᠷᠭ᠎ᠠ ᠮᠠᠶᠢᠭ ᠵᠶ᠋ᠠᠷ ᠪᠤᠰᠤᠳ ᠬᠥᠮᠦᠨ᠎ᠤ ᠲᠤᠰ ᠠᠵᠤ   ᠠᠬᠤᠢ᠌ᠯᠠᠯ᠎ᠤᠨ ᠨᠡᠷ᠎ᠡ᠎ᠪᠠᠷ ᠪᠠᠷᠢᠯᠭ᠎ᠠ ᠵᠢᠨ ᠠᠵᠢᠯ ᠳᠠᠭ᠋ᠠᠭ᠋ᠠᠴᠢᠯᠠᠬᠤ ᠵᠢ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠤᠭ᠋ᠠᠳ᠂ ᠵᠣᠭᠣᠰ ᠵᠶ᠋ᠠᠷ ᠲᠣᠷᠭ᠋ᠠᠬᠤ᠎ᠪᠠᠷ ᠳᠠᠪᠬᠤᠷ ᠰᠢᠢ᠍ᠳᠬᠡᠵᠦ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠵᠤ ᠪᠣᠯᠤᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠬᠢᠷᠢ ᠬᠡᠮ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ   ᠦᠭᠡᠢ ᠪᠣᠯᠭ᠋ᠠᠨ᠎ᠠ᠃ ᠲᠤᠰ ᠳᠠᠭ᠋ᠠᠭ᠋ᠠᠴᠢᠯᠠᠭᠰᠠᠨ ᠪᠠᠷᠢᠯᠭ᠎ᠠ᠎ᠨᠢ ᠲᠣᠭᠲᠠᠭ᠋ᠠᠭᠰᠠᠨ ᠶᠠᠰᠤ ᠴᠢᠨᠠᠷ᠎ᠤᠨ ᠪᠠᠷᠢᠮᠵᠢᠶ᠎ᠠ᠎ᠳᠤ ᠨᠡᠢ᠌ᠴᠡᠭᠰᠡᠨ ᠦᠭᠡᠢ᠎ᠠᠴᠠ ᠪᠣᠯᠤᠭᠰᠠᠨ ᠬᠣᠬᠢᠷᠠᠯ᠎ᠢ ᠪᠠᠷᠢᠯᠭ᠎ᠠ ᠪᠠᠷᠢᠬᠤ ᠠᠵᠤ ᠠᠬᠤᠢ᠌ᠯᠠᠯ ᠬᠢᠭᠡᠳ ᠲᠤᠰ ᠠᠵᠤ ᠠᠬᠤᠢ᠌ᠯᠠᠯ᠎ᠤᠨ ᠨᠡᠷ᠎ᠡ ᠵᠢ ᠬᠡᠷᠡᠭᠯᠡᠭᠰᠡᠨ ᠨᠢᠭᠡᠴᠡ ᠪᠤᠶᠤ ᠬᠤᠪᠢ ᠬᠥᠮᠦᠨ᠎ᠳᠤ ᠬᠣᠯᠪᠣᠯᠳᠤᠭᠰᠠᠨ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠃
    ᠵᠢᠷᠠᠨ ᠳᠣᠯᠣᠳᠤᠭ᠋ᠠᠷ ᠵᠤᠷᠪᠤᠰ   ᠳᠠᠭ᠋ᠠᠭ᠋ᠠᠴᠢᠯᠠᠭᠰᠠᠨ ᠨᠢᠭᠡᠴᠡ᠎ᠠᠴᠠ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠠᠵᠢᠯ ᠵᠶ᠋ᠠᠨ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ ᠪᠤᠶᠤ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠬᠤᠪᠢᠶᠠᠨ ᠳᠠᠭ᠋ᠠᠭ᠋ᠠᠴᠢᠯᠠᠭᠤᠯᠤᠭᠰᠠᠨ ᠪᠠᠢ᠌ᠪᠠᠯ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠴᠤ ᠵᠣᠭᠣᠰ ᠵᠶ᠋ᠠᠷ ᠲᠣᠷᠭ᠋ᠠᠬᠤ᠎ᠪᠠᠷ ᠳᠠᠪᠬᠤᠷ ᠰᠢᠢ᠍ᠳᠬᠡᠵᠦ ᠪᠣᠯᠤᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠬᠢᠷᠢ ᠬᠡᠮ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ   ᠦᠭᠡᠢ ᠪᠣᠯᠭ᠋ᠠᠨ᠎ᠠ᠃
    ᠳᠠᠭ᠋ᠠᠭ᠋ᠠᠴᠢᠯᠠᠭᠰᠠᠨ ᠨᠢᠭᠡᠴᠡ ᠡᠮᠦᠨᠡᠬᠢ ᠪᠠᠳᠠᠭ᠎ᠲᠤ ᠲᠣᠭᠲᠠᠭ᠋ᠠᠭᠰᠠᠨ ᠬᠠᠤᠯᠢ ᠵᠢ ᠵᠥᠷᠢᠴᠡᠭᠰᠡᠨ ᠠᠵᠢᠯᠯᠠᠭ᠎ᠠ ᠬᠢᠭᠰᠡᠨ᠂ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ ᠪᠠᠷᠢᠯᠭ᠎ᠠ ᠪᠤᠶᠤ ᠬᠠᠤᠯᠢ ᠵᠢ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠤᠭᠰᠠᠨ ᠪᠠᠷᠢᠯᠭ᠎ᠠ᠎ᠨᠢ ᠲᠣᠭᠲᠠᠭ᠋ᠠᠭᠰᠠᠨ ᠶᠠᠰᠤ ᠴᠢᠨᠠᠷ᠎ᠤᠨ ᠪᠠᠷᠢᠮᠵᠢᠶ᠎ᠠ᠎ᠳᠤ ᠨᠡᠢ᠌ᠴᠡᠭᠰᠡᠨ ᠥᠬᠡᠢ᠎ᠠᠴᠠ ᠪᠣᠯᠤᠭᠰᠠᠨ ᠬᠣᠬᠢᠷᠠᠯ᠎ᠲᠠᠢ ᠪᠣᠯ᠂ ᠰᠢᠯᠵᠢᠭᠦᠯᠦᠨ ᠳᠠᠭ᠋ᠠᠭ᠋ᠠᠴᠢᠯᠠᠭᠤᠯᠬᠤ ᠪᠤᠶᠤ ᠬᠤᠪᠢᠶᠠᠨ ᠳᠠᠭ᠋ᠠᠭ᠋ᠠᠴᠢᠯᠠᠭᠤᠯᠬᠤ ᠵᠢ ᠬᠦᠯᠢᠶᠡᠨ ᠠᠪᠤᠭᠰᠠᠨ ᠨᠢᠭᠡᠴᠡ᠎ᠯᠦᠭᠡ ᠬᠣᠯᠪᠣᠯᠳᠤᠭᠰᠠᠨ ᠲᠥᠯᠥᠪᠦᠷᠢ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
    ᠵᠢᠷᠠᠨ ᠨᠠᠢ᠍ᠮᠠᠳᠤᠭ᠋ᠠᠷ ᠵᠤᠷᠪᠤᠰ   ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠤᠯᠬᠤ ᠪᠠ ᠳᠠᠭ᠋ᠠᠭ᠋ᠠᠴᠢᠯᠠᠬᠤ ᠳᠤᠮᠳᠠ ᠬᠠᠬᠤᠤᠯᠢ ᠨᠡᠬᠡᠵᠦ᠂ ᠬᠡᠭᠡᠯᠢ ᠢᠳᠡᠵᠦ᠂ ᠬᠡᠭᠡᠯᠢ ᠲᠦᠯᠬᠢᠭᠡᠳ ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯ ᠵᠣᠭᠣᠰ ᠵᠶ᠋ᠠᠷ ᠲᠣᠷᠭ᠋ᠠᠵᠤ  ᠂   ᠠᠪᠤᠭᠰᠠᠨ ᠬᠡᠭᠡᠯᠢ ᠬᠠᠬᠤᠤᠯᠢ ᠵᠢᠨ ᠵᠣᠭᠣᠰ ᠮᠥᠩᠭᠥ ᠡᠳ᠋ ᠪᠣᠳᠠᠰ᠎ᠢ ᠬᠣᠷᠢᠶᠠᠨ ᠠᠪᠴᠦ᠂ ᠰᠢᠭᠤᠳ ᠬᠠᠷᠢᠭᠤᠴᠠᠯᠭ᠎ᠠ᠎ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠲᠤᠰ ᠲᠤᠰ   ᠰᠢᠢ᠍ᠳᠬᠡᠯ ᠥᠭᠭᠦᠨ᠎ᠡ᠃
    ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠬᠤ ᠳᠤᠮᠳᠠ ᠬᠡᠭᠡᠯᠢ ᠲᠦᠯᠬᠢᠭᠰᠡᠨ ᠳᠠᠭ᠋ᠠᠭ᠋ᠠᠴᠢᠯᠠᠭᠰᠠᠨ ᠨᠢᠭᠡᠴᠡ ᠵᠢ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠬᠦ᠎ᠠᠴᠠ ᠭᠠᠳᠠᠨ᠎ᠠ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠵᠤ ᠪᠣᠯᠤᠨ᠎ᠠ᠃
    ᠵᠢᠷᠠ ᠶᠢᠰᠦᠳᠦᠭᠡᠷ ᠵᠤᠷᠪᠤᠰ   ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠪᠦᠲᠦᠭᠡᠨ ᠪᠠᠢ᠌ᠭᠤᠯᠬᠤ ᠨᠢᠭᠡᠴᠡ ᠪᠤᠶᠤ ᠪᠠᠷᠢᠯᠭ᠎ᠠ ᠪᠠᠷᠢᠬᠤ ᠠᠵᠤ ᠠᠬᠤᠢ᠌ᠯᠠᠯ᠎ᠲᠠᠢ ᠰᠦᠯᠪᠡᠭᠡᠯᠳᠦᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠪᠠᠷᠢᠯᠭ᠎ᠠ ᠵᠢᠨ ᠶᠠᠰᠤ ᠴᠢᠨᠠᠷ᠎ᠢ ᠪᠠᠭᠤᠷᠠᠭᠤᠯᠬᠤ ᠶᠠᠪᠤᠳᠠᠯ᠎ᠢ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠵᠤ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠨ᠎ᠠ᠃ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ᠎ᠲᠠᠢ ᠪᠠᠢ᠌ᠪᠠᠯ ᠬᠤᠷᠢᠶᠠᠵᠤ ᠠᠪᠤᠨ᠎ᠠ᠃ ᠬᠣᠬᠢᠷᠠᠯ ᠤᠴᠠᠷᠠᠭᠤᠯᠤᠭᠰᠠᠨ ᠪᠠᠢ᠌ᠪᠠᠯ ᠬᠣᠯᠪᠣᠯᠳᠤᠭᠰᠠᠨ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠂ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ᠎ᠨᠢ ᠬᠢᠨᠠᠵᠤ ᠬᠠᠮᠢᠶᠠᠷᠬᠤ ᠲᠤᠬᠠᠢ᠌ᠯᠠᠭᠰᠠᠨ ᠠᠵᠢᠯ ᠵᠶ᠋ᠠᠨ ᠪᠤᠰᠤᠳ᠎ᠲᠤ ᠰᠢᠯᠵᠢᠭᠦᠯᠵᠦ ᠦᠭᠭᠦᠭᠰᠡᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠵᠤ ᠠᠪᠤᠨ᠎ᠠ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠵᠤ ᠪᠣᠯᠤᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠬᠢᠷᠢ ᠬᠡᠮ᠎ᠤᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
ᠳᠠᠯᠠᠳᠤᠭ᠋ᠠᠷ ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠪᠠᠷᠢᠯᠭ᠎ᠠ ᠵᠢᠨ ᠭᠣᠣᠯ ᠴᠣᠭᠴᠠ ᠪᠤᠶᠤ ᠲᠤᠯᠭ᠋ᠠᠭᠤᠷᠢ ᠪᠦᠲᠦᠴᠡ ᠵᠢ ᠬᠤᠪᠢᠷᠠᠭᠤᠯᠬᠤ᠎ᠳᠤ ᠬᠣᠯᠪᠣᠭᠳᠠᠬᠤ ᠲᠣᠨᠣᠭᠯᠠᠨ ᠰᠡᠯᠪᠢᠬᠦ ᠠᠵᠢᠯ᠎ᠢ ᠳᠤᠷ᠎ᠠ᠎ᠪᠠᠷ ᠵᠶ᠋ᠠᠨ ᠬᠢᠭᠰᠡᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃ ᠬᠣᠬᠢᠷᠠᠯ ᠤᠴᠠᠷᠠᠭᠤᠯᠤᠭᠰᠠᠨ ᠪᠠᠢ᠌ᠪᠠᠯ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠠᠯᠠᠨ ᠨᠢᠭᠡᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠪᠠᠷᠢᠯᠭ᠎ᠠ ᠵᠢᠨ ᠠᠶᠤᠯ ᠦᠭᠡᠢ ᠵᠢ ᠨᠥᠯᠥᠭᠡᠯᠡᠬᠦ ᠡᠨᠳᠡᠯ ᠭᠠᠷᠴᠤ ᠮᠡᠳᠡᠬᠦ ᠳᠠᠯᠳᠠ ᠭᠡᠮ᠎ᠢ ᠠᠷᠭ᠎ᠠ ᠬᠡᠮᠵᠢᠶ᠎ᠡ ᠠᠪᠴᠤ ᠠᠷᠢᠯᠭ᠋ᠠᠬᠤ ᠥᠬᠡᠢ ᠪᠠᠢ᠌ᠪᠠᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ ᠪᠣᠯᠤᠨ᠎ᠠ᠃ ᠦᠢ᠍ᠯᠡ   ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠨ᠎ᠠ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠠᠵᠢᠯᠲᠠᠨ ᠲᠣᠭᠲᠠᠭ᠋ᠠᠯ᠎ᠢ ᠵᠥᠷᠢᠴᠡᠨ ᠵᠢᠯᠣᠭᠣᠳᠴᠤ᠂ ᠠᠵᠢᠯᠲᠠᠨ ᠠᠵᠢᠯᠴᠢᠨ᠎ᠢ ᠠᠯᠪᠠᠲᠠᠨ ᠭᠡᠨᠡᠨ ᠵᠶ᠋ᠠᠷ ᠠᠵᠢᠯᠯᠠᠭᠤᠯᠤᠭᠰᠠᠨ᠎ᠠᠴᠠ ᠪᠣᠯᠵᠤ᠂ ᠰᠢᠷᠬᠠᠲᠤᠵᠤ ᠦᠬᠦᠭᠰᠡᠨ ᠬᠦᠨᠳᠦ ᠶᠡᠬᠡ ᠡᠨᠳᠡᠯ ᠭᠠᠷᠭ᠋ᠠᠭᠰᠠᠨ ᠪᠤᠶᠤ ᠪᠤᠰᠤᠳ ᠬᠦᠨᠳᠦ ᠨᠣᠴᠢᠲᠠᠢ ᠤᠷᠰᠢᠭ ᠲᠠᠲᠠᠭᠰᠠᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠠᠯᠠᠨ ᠬᠣᠶᠠᠳᠤᠭ᠋ᠠᠷ ᠵᠤᠷᠪᠤᠰ   ᠪᠦᠲᠦᠭᠡᠨ ᠪᠠᠢ᠌ᠭᠤᠯᠬᠤ ᠨᠢᠭᠡᠴᠡ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ ᠪᠤᠶᠤ ᠪᠠᠷᠢᠯᠭ᠎ᠠ ᠪᠠᠷᠢᠬᠤ ᠠᠵᠤ ᠠᠬᠤᠢ᠌ᠯᠠᠯ᠎ᠢ ᠪᠠᠷᠢᠯᠭ᠎ᠠ ᠵᠢᠨ ᠶᠠᠰᠤ ᠴᠢᠨᠠᠷ᠂   ᠠᠶᠤᠯ ᠦᠭᠡᠢ ᠵᠢᠨ ᠪᠠᠷᠢᠮᠵᠢᠶ᠎ᠠ ᠵᠢ ᠳᠣᠭᠣᠭᠰᠢᠯᠠᠭᠤᠯᠬᠤ ᠭᠡᠵᠦ ᠱᠠᠭ᠋ᠠᠷᠳᠠᠭᠰᠠᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ  ᠂ ᠵᠣᠭᠣᠰ ᠵᠶ᠋ᠠᠷ ᠲᠣᠷᠭ᠋ᠠᠵᠤ ᠪᠣᠯᠤᠨ᠎ᠠ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠠᠯᠠᠨ ᠭᠤᠷᠪᠠᠳᠤᠭ᠋ᠠᠷ ᠵᠤᠷᠪᠤᠰ   ᠪᠠᠷᠢᠯᠭ᠎ᠠ ᠵᠢᠷᠤᠵᠤ ᠲᠥᠯᠥᠪᠯᠡᠬᠦ ᠨᠢᠭᠡᠴᠡ᠎ᠠᠴᠠ ᠪᠠᠷᠢᠯᠭ᠎ᠠ ᠵᠢᠨ ᠶᠠᠰᠤ ᠴᠢᠨᠠᠷ᠂   ᠠᠶᠤᠯ ᠦᠭᠡᠢ ᠵᠢᠨ ᠪᠠᠷᠢᠮᠵᠢᠶ᠎ᠠ ᠶᠣᠰᠣᠭ᠋ᠠᠷ ᠵᠢᠷᠤᠵᠤ ᠲᠥᠯᠥᠪᠯᠡᠭᠰᠡᠨ ᠥᠬᠡᠢ ᠪᠣᠯ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃ ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ ᠭᠠᠷᠭ᠋ᠠᠭᠰᠠᠨ ᠪᠠᠢ᠌ᠪᠠᠯ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠬᠤ ᠪᠥᠭᠡᠳ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠴᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃ ᠬᠣᠬᠢᠷᠠᠯ ᠤᠴᠠᠷᠠᠭᠤᠯᠤᠭᠰᠠᠨ ᠪᠠᠢ᠌ᠪᠠᠯ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠠᠯᠠᠨ ᠳᠥᠷᠪᠡᠳᠦᠭᠡᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ ᠪᠠᠷᠢᠯᠭ᠎ᠠ ᠪᠠᠷᠢᠬᠤ ᠶᠠᠪᠤᠴᠠ᠎ᠳᠠᠭᠠᠨ ᠠᠵᠢᠯ᠎ᠢ ᠳᠥᠭᠥᠮᠴᠢᠯᠡᠨ ᠮᠠᠲ᠋ᠧᠷᠢᠶᠠᠯ᠎ᠢ ᠬᠠᠰᠤᠭᠰᠠᠨ᠂ ᠪᠠᠷᠢᠮᠵᠢᠶᠠᠨ᠎ᠳᠤ ᠬᠦᠷᠬᠦ ᠦᠭᠡᠢ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠪᠦᠲᠦᠴᠡ ᠲᠣᠨᠣᠭ ᠰᠡᠯᠪᠢᠭᠡᠰᠦ ᠪᠠ ᠲᠣᠨᠣᠭ ᠲᠥᠬᠥᠭᠡᠷᠦᠮᠵᠢ ᠵᠢ ᠬᠡᠷᠡᠭᠯᠡᠭᠰᠡᠨ ᠪᠤᠶᠤ ᠪᠠᠷᠢᠯᠭ᠎ᠠ ᠵᠢᠨ ᠵᠢᠷᠤᠭ ᠲᠥᠯᠥᠪᠯᠡᠭᠡ ᠪᠤᠶᠤ ᠪᠠᠷᠢᠯᠭ᠎ᠠ ᠪᠠᠷᠢᠬᠤ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠪᠠᠷᠢᠯᠭ᠎ᠠ ᠪᠠᠷᠢᠭᠰᠠᠨ ᠥᠬᠡᠢ ᠡᠰᠡᠬᠦᠯ᠎ᠡ ᠪᠤᠰᠤᠳ ᠠᠵᠢᠯᠯᠠᠭ᠎ᠠ᠎ᠲᠠᠢ ᠪᠣᠯ ᠵᠠᠷᠯᠢᠭᠳᠠᠨ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠨ᠎ᠠ᠃ ᠪᠠᠷᠢᠯᠭ᠎ᠠ ᠵᠢᠨ ᠶᠠᠰᠤ ᠴᠢᠨᠠᠷ᠎ᠨᠢ ᠲᠣᠭᠲᠠᠭ᠋ᠠᠭᠰᠠᠨ ᠶᠠᠰᠤ ᠴᠢᠨᠠᠷ᠎ᠤᠨ ᠪᠠᠷᠢᠮᠵᠢᠶ᠎ᠠ᠎ᠳᠤ ᠦᠯᠦ   ᠨᠡᠢ᠌ᠴᠡᠬᠦ᠎ᠳᠤᠨᠢ ᠲᠠᠬᠢᠵᠤ ᠬᠢᠬᠦ᠂ ᠰᠡᠯᠪᠢᠨ ᠵᠠᠰᠠᠬᠤ ᠵᠢ ᠬᠠᠷᠢᠭᠤᠴᠠᠬᠤ ᠪᠥᠭᠡᠳ ᠡᠭᠦᠨ᠎ᠠᠴᠠ ᠪᠣᠯᠤᠭᠰᠠᠨ ᠬᠣᠬᠢᠷᠠᠯ᠎ᠢ ᠲᠥᠯᠥᠬᠦ ᠬᠡᠷᠡᠭᠲᠡᠢ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠠᠯᠠᠨ ᠲᠠᠪᠤᠳᠤᠭ᠋ᠠᠷ ᠵᠤᠷᠪᠤᠰ   ᠪᠠᠷᠢᠯᠭ᠎ᠠ ᠪᠠᠷᠢᠬᠤ ᠠᠵᠤ ᠠᠬᠤᠢ᠌ᠯᠠᠯ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠰᠡᠯᠪᠢᠨ ᠵᠠᠰᠠᠬᠤ ᠪᠠᠲᠤᠯᠠᠭ᠎ᠠ ᠵᠢᠨ ᠡᠭᠦᠷᠭᠡ᠎ᠪᠠᠨ ᠭᠦᠢ᠍ᠴᠡᠳᠬᠡᠬᠦ ᠦᠭᠡᠢ ᠪᠤᠶᠤ ᠰᠡᠯᠪᠢᠨ ᠵᠠᠰᠠᠬᠤ ᠪᠠᠲᠤᠯᠠᠭ᠎ᠠ ᠵᠢᠨ ᠡᠭᠦᠷᠭᠡ᠎ᠪᠠᠨ ᠭᠦᠢ᠍ᠴᠡᠳᠬᠡᠬᠦ ᠵᠢ ᠬᠣᠢ᠌ᠰᠢᠯᠠᠭᠤᠯᠪᠠᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ ᠪᠣᠯᠬᠤ ᠪᠥᠭᠡᠳ ᠰᠡᠯᠪᠢᠨ ᠵᠠᠰᠠᠬᠤ ᠪᠠᠲᠤᠯᠠᠭ᠎ᠠ ᠵᠢᠨ ᠬᠤᠭᠤᠴᠠᠭ᠋ᠠᠨ᠎ᠳᠤ ᠭᠡᠷ᠎ᠤᠨ ᠣᠷᠣᠢ᠂ ᠬᠡᠷᠡᠮ ᠨᠡᠪᠴᠢᠵᠦ ᠭᠣᠭᠣᠵᠢᠬᠤ᠂ ᠠᠩ ᠭᠠᠷᠬᠤ ᠵᠡᠷᠭᠡ ᠶᠠᠰᠤ ᠴᠢᠨᠠᠷ᠎ᠤᠨ ᠭᠡᠮ ᠰᠡᠮ᠎ᠠᠴᠠ ᠪᠣᠯᠤᠭᠰᠠᠨ ᠬᠣᠬᠢᠷᠠᠯ᠎ᠳᠤ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠃
    ᠳᠠᠯᠠᠨ ᠵᠢᠷᠭᠤᠳᠤᠭ᠋ᠠᠷ ᠵᠤᠷᠪᠤᠰ   ᠲᠤᠰ ᠬᠠᠤᠯᠢ᠎ᠳᠤ ᠲᠣᠭᠲᠠᠭ᠋ᠠᠭᠰᠠᠨ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠬᠦ᠂ ᠬᠢᠷᠢ ᠬᠡᠮ᠎ᠤᠨ ᠵᠡᠷᠭᠡ ᠳᠡᠰ᠎ᠢ᠎ᠨᠢ ᠪᠠᠭᠤᠷᠠᠭᠤᠯᠬᠤ ᠪᠤᠶᠤ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠥᠬᠡᠢ ᠪᠣᠯᠭ᠋ᠠᠬᠤ ᠵᠡᠷᠭᠡ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠢᠷᠢ ᠬᠡᠮ᠎ᠤᠨ ᠦᠨᠡᠮᠯᠡᠯ ᠣᠯᠭᠣᠭᠰᠠᠨ   ᠪᠠᠢ᠌ᠭᠤᠯᠤᠯᠭ᠎ᠠ᠎ᠠᠴᠠ ᠲᠣᠭᠲᠠᠭ᠋ᠠᠨ᠎ᠠ᠃ ᠵᠠᠰᠠᠭ ᠵᠠᠬᠢᠷᠭ᠋ᠠᠨ᠎ᠤ ᠪᠤᠰᠤᠳ ᠰᠢᠢ᠍ᠳᠬᠡᠯ᠎ᠢ ᠪᠦᠲᠦᠭᠡᠨ ᠪᠠᠢ᠌ᠭᠤᠯᠤᠯᠲᠠ᠎ᠶᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠬᠠᠤᠯᠢ ᠴᠠᠭ᠋ᠠᠵᠠ ᠪᠣᠯᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠭᠰᠠᠨ ᠡᠷᠬᠡ ᠲᠤᠰᠢᠶᠠᠯ᠎ᠤᠨ ᠬᠡᠪᠴᠢᠶ᠎ᠡ ᠶᠣᠰᠣᠭ᠋ᠠᠷ ᠲᠣᠭᠲᠠᠭ᠋ᠠᠨ᠎ᠠ᠃
    ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠬᠢᠷᠢ ᠬᠡᠮ᠎ᠤᠨ ᠦᠨᠡᠮᠯᠡᠯ ᠵᠶ᠋ᠠᠨ ᠬᠤᠷᠢᠶᠠᠭᠳᠠᠵᠤ ᠬᠦᠴᠦᠨ ᠦᠭᠡᠢ ᠪᠣᠯᠭ᠋ᠠᠭᠳᠠᠭᠰᠠᠨ ᠪᠠᠢ᠌ᠪᠠᠯ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠡᠭᠦᠨ᠎ᠤ ᠡᠵᠡᠩᠨᠡᠯᠲᠡ ᠵᠢᠨ ᠭᠡᠷᠡᠴᠢ ᠵᠢ᠎ᠨᠢ ᠬᠣᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
    ᠳᠠᠯᠠᠨ ᠳᠣᠯᠣᠳᠤᠭ᠋ᠠᠷ ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠢᠷᠢ ᠬᠡᠮ᠎ᠤᠨ ᠵᠡᠷᠭᠡ ᠳᠡᠰ᠎ᠤᠨ ᠵᠣᠬᠢᠴᠠᠩᠭᠤᠢ ᠨᠥᠬᠥᠴᠡᠯ ᠪᠦᠷᠢᠯᠳᠦᠭᠦᠯᠦᠭᠡᠳᠦᠢ ᠨᠢᠭᠡᠴᠡ᠎ᠳᠤ ᠲᠤᠰ ᠵᠡᠷᠭᠡ ᠳᠡᠰ᠎ᠤᠨ ᠬᠢᠷᠢ ᠬᠡᠮ᠎ᠤᠨ ᠦᠨᠡᠮᠯᠡᠯ ᠣᠯᠭᠣᠭᠰᠠᠨ ᠪᠠᠢ᠌ᠪᠠᠯ᠂ ᠲᠡᠭᠦᠨ᠎ᠤ ᠳᠡᠭᠡᠷ᠎ᠡ ᠱᠠᠲᠤᠨ᠎ᠤ ᠪᠠᠢ᠌ᠭᠤᠯᠤᠯᠭ᠎ᠠ᠎ᠠᠴᠠ ᠵᠠᠷᠯᠢᠭᠳᠠᠵᠤ ᠪᠠᠢ᠌ᠭ᠋ᠠᠳ ᠣᠯᠭᠣᠭᠰᠠᠨ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠠᠨ ᠠᠪᠴᠤ᠂ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠠᠯᠠᠨ ᠨᠠᠢ᠍ᠮᠠᠳᠤᠭ᠋ᠠᠷ ᠵᠤᠷᠪᠤᠰ   ᠵᠠᠰᠠᠭ᠎ᠤᠨ ᠣᠷᠳᠣᠨ ᠪᠣᠯᠤᠨ ᠲᠡᠭᠦᠨ᠎ᠤ ᠬᠠᠷᠢᠶ᠎ᠠ ᠰᠠᠯᠠᠭ᠎ᠠ ᠮᠥᠴᠢᠷ᠎ᠤᠨ ᠠᠵᠢᠯᠲᠠᠨ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠠᠭ᠋ᠠᠭ᠋ᠠᠴᠢᠯᠠᠭᠤᠯᠬᠤ ᠨᠢᠭᠡᠴᠡ ᠵᠢᠨ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠭᠤᠯᠬᠤ ᠪᠠᠷᠢᠯᠭ᠎ᠠ ᠵᠢᠨ ᠠᠵᠢᠯ᠎ᠢ ᠵᠢᠭ᠋ᠠᠨ ᠲᠣᠭᠲᠠᠭ᠋ᠠᠭᠰᠠᠨ ᠳᠠᠭ᠋ᠠᠭ᠋ᠠᠴᠢᠯᠠᠬᠤ ᠨᠢᠭᠡᠴᠡ᠎ᠳᠤ ᠳᠠᠭ᠋ᠠᠭ᠋ᠠᠴᠢᠯᠠᠭᠤᠯᠵᠤ ᠥᠭᠭᠦᠭᠦᠯᠬᠦ᠎ᠪᠠᠷ ᠬᠢᠵᠠᠭ᠋ᠠᠷᠯᠠᠨ ᠲᠣᠭᠲᠠᠭ᠋ᠠᠭᠰᠠᠨ ᠪᠠᠢ᠌ᠪᠠᠯ᠂ ᠳᠡᠭᠡᠷ᠎ᠡ ᠱᠠᠲᠤᠨ᠎ᠤ ᠪᠠᠢ᠌ᠭᠤᠯᠤᠯᠭ᠎ᠠ᠎ᠠᠴᠠ ᠵᠠᠷᠯᠢᠭᠳᠠᠵᠤ ᠪᠠᠢ᠌ᠭ᠋ᠠᠳ ᠵᠠᠯᠠᠷᠠᠭᠤᠯᠤᠨ᠎ᠠ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠠᠯᠠ ᠶᠢᠰᠦᠳᠦᠭᠡᠷ ᠵᠤᠷᠪᠤᠰ   ᠪᠠᠷᠢᠯᠭ᠎ᠠ ᠵᠢᠨ ᠠᠵᠢᠯ ᠬᠢᠬᠦ ᠵᠥᠪᠰᠢᠶᠡᠷᠡᠯ᠎ᠤᠨ ᠦᠨᠡᠮᠯᠡᠯ ᠣᠯᠭᠣᠬᠤ ᠵᠢ ᠬᠠᠷᠢᠭᠤᠴᠠᠵᠤ ᠪᠠᠢ᠌ᠭ᠎ᠠ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠨ ᠪᠠᠷᠢᠯᠭ᠎ᠠ ᠪᠠᠷᠢᠬᠤ ᠨᠥᠬᠥᠴᠡᠯ᠎ᠳᠤ ᠦᠯᠦ ᠨᠡᠢ᠌ᠴᠡᠬᠦ ᠪᠠᠷᠢᠯᠭ᠎ᠠ ᠵᠢᠨ ᠠᠵᠢᠯ᠎ᠳᠤ ᠪᠠᠷᠢᠯᠭ᠎ᠠ ᠪᠠᠷᠢᠬᠤ ᠵᠥᠪᠰᠢᠶᠡᠷᠡᠯ᠎ᠤᠨ ᠦᠨᠡᠮᠯᠡᠯ ᠣᠯᠭᠣᠭᠰᠠᠨ᠂ ᠪᠠᠷᠢᠯᠭ᠎ᠠ ᠵᠢᠨ ᠶᠠᠰᠤ ᠴᠢᠨᠠᠷ᠎ᠢ ᠬᠢᠨᠠᠵᠤ   ᠪᠠᠢ᠌ᠴᠠᠭ᠋ᠠᠬᠤ ᠪᠤᠶᠤ ᠪᠠᠷᠢᠯᠭ᠎ᠠ ᠳᠠᠭᠤᠰᠴᠤ ᠰᠢᠯᠭ᠋ᠠᠨ ᠠᠪᠬᠤ ᠵᠢ ᠬᠠᠷᠢᠭᠤᠴᠠᠬᠤ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠨ᠎ᠨᠢ ᠬᠢᠷᠢ ᠲᠡᠩᠴᠡᠬᠦ ᠦᠭᠡᠢ ᠪᠠᠷᠢᠯᠭ᠎ᠠ᠎ᠳᠤ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠤᠨ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠭᠠᠷᠭ᠋ᠠᠬᠤ ᠪᠤᠶᠤ ᠬᠢᠷᠢ ᠲᠡᠩᠴᠡᠭᠰᠡᠨ ᠪᠠᠷᠢᠯᠭ᠎ᠠ᠎ᠪᠠᠷ ᠰᠢᠯᠭ᠋ᠠᠨ ᠠᠪᠤᠭᠰᠠᠨ᠂ ᠶᠠᠯ᠎ᠠ ᠪᠣᠯᠵᠤ ᠪᠦᠷᠢᠯᠳᠦᠭᠰᠡᠨ᠎ᠢ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠣᠬᠢᠷᠠᠯ ᠤᠴᠠᠷᠠᠭᠤᠯᠤᠭᠰᠠᠨ ᠪᠠᠢ᠌ᠪᠠᠯ ᠲᠤᠰ ᠰᠠᠯᠠᠭ᠎ᠠ ᠮᠥᠴᠢᠷ ᠵᠣᠬᠢᠴᠠᠩᠭᠤᠢ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ᠃
    ᠨᠠᠶᠠᠳᠤᠭ᠋ᠠᠷ ᠵᠤᠷᠪᠤᠰ   ᠪᠠᠷᠢᠯᠭ᠎ᠠ ᠵᠢᠨ ᠵᠦᠢ ᠵᠣᠬᠢᠰᠲᠠᠢ ᠬᠡᠷᠡᠭᠯᠡᠬᠦ ᠬᠤᠭᠤᠴᠠᠭ᠋ᠠᠨ᠎ᠳᠤ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ ᠬᠢᠷᠢ᠎ᠳᠤ ᠲᠡᠩᠴᠡᠬᠦ ᠥᠬᠡᠢ᠎ᠠᠴᠠ ᠪᠣᠯᠵᠤ ᠬᠣᠬᠢᠷᠠᠯ ᠠᠮᠰᠠᠭᠰᠠᠨ ᠪᠠᠢ᠌ᠪᠠᠯ᠂ ᠬᠠᠷᠢᠭᠤᠴᠠᠯᠭ᠎ᠠ᠎ᠲᠠᠢ ᠡᠲᠡᠭᠡᠳ ᠵᠶ᠋ᠠᠷ ᠲᠥᠯᠥᠭᠦᠯᠬᠦ ᠱᠠᠭ᠋ᠠᠷᠳᠠᠯᠭ᠎ᠠ ᠲᠠᠯᠪᠢᠬᠤ ᠡᠷᠬᠡ᠎ᠲᠠᠢ᠃
    ᠨᠠᠢ᠍ᠮᠠᠳᠤᠭ᠋ᠠᠷ ᠪᠦᠯᠦᠭ   ᠳᠠᠭ᠋ᠠᠯᠳᠤᠭᠤᠯᠤᠭᠰᠠᠨ ᠳᠦᠷᠢᠮ
    ᠨᠠᠶᠠᠨ ᠨᠢᠭᠡᠳᠦᠭᠡᠷ ᠵᠤᠷᠪᠤᠰ   ᠲᠤᠰ ᠬᠠᠤᠯᠢ᠎ᠳᠠᠬᠢ ᠪᠠᠷᠢᠯᠭ᠎ᠠ ᠪᠠᠷᠢᠬᠤ ᠵᠢ ᠵᠥᠪᠰᠢᠶᠡᠷᠡᠬᠦ᠂ ᠪᠠᠷᠢᠯᠭ᠎ᠠ ᠪᠠᠷᠢᠬᠤ ᠠᠵᠤ   ᠠᠬᠤᠢ᠌ᠯᠠᠯ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠪᠠ ᠪᠠᠷᠢᠯᠭ᠎ᠠ ᠵᠢᠨ ᠠᠵᠢᠯ᠎ᠢ ᠳᠠᠭ᠋ᠠᠭ᠋ᠠᠴᠢᠯᠠᠭᠤᠯᠬᠤ᠂ ᠳᠠᠭ᠋ᠠᠭ᠋ᠠᠴᠢᠯᠠᠬᠤ᠂ ᠰᠢᠯᠵᠢᠭᠦᠯᠵᠦ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠬᠤ ᠵᠢᠴᠢ ᠪᠠᠷᠢᠯᠭ᠎ᠠ ᠵᠢᠨ ᠠᠵᠢᠯ᠎ᠢ ᠬᠢᠨᠠᠵᠤ ᠬᠠᠮᠢᠶᠠᠷᠬᠤ᠂ ᠪᠠᠷᠢᠯᠭ᠎ᠠ ᠵᠢᠨ ᠠᠵᠢᠯ᠎ᠤᠨ ᠠᠶᠤᠯ ᠦᠭᠡᠢ ᠪᠠ ᠶᠠᠰᠤ ᠴᠢᠨᠠᠷ᠎ᠢ ᠬᠠᠮᠢᠶᠠᠷᠬᠤ ᠲᠤᠬᠠᠢ ᠲᠣᠭᠲᠠᠭ᠋ᠠᠯ᠂ ᠪᠤᠰᠤᠳ ᠲᠤᠰᠬᠠᠢ ᠪᠠᠷᠢᠯᠭ᠎ᠠ ᠪᠠᠷᠢᠬᠤ ᠪᠠᠷᠢᠯᠭ᠎ᠠ ᠵᠢᠨ ᠠᠵᠢᠯᠯᠠᠭ᠎ᠠ᠎ᠳᠤ ᠬᠡᠷᠡᠭᠯᠡᠬᠦ ᠪᠣᠳᠠᠲᠠᠢ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ ᠲᠣᠭᠲᠠᠭ᠋ᠠᠨ᠎ᠠ᠃
    ᠨᠠᠶᠠᠨ ᠬᠣᠶᠠᠳᠤᠭ᠋ᠠᠷ ᠵᠤᠷᠪᠤᠰ   ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ᠎ᠤᠳ ᠪᠠᠷᠢᠯᠭ᠎ᠠ ᠵᠢᠨ ᠠᠵᠢᠯᠯᠠᠭ᠎ᠠ ᠵᠢ ᠬᠢᠨᠠᠨ ᠬᠠᠮᠢᠶᠠᠷᠬᠤ ᠶᠠᠪᠤᠴᠠ᠎ᠳᠠᠭᠠᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠦᠢ᠍ᠳᠬᠡᠯ ᠠᠪᠬᠤ᠎ᠠᠴᠠ ᠭᠠᠳᠠᠨ᠎ᠠ ᠪᠤᠰᠤᠳ ᠰᠦᠢ᠍ᠳᠬᠡᠯ ᠠᠪᠴᠤ ᠪᠣᠯᠬᠤ ᠦᠭᠡᠢ᠃
ᠨᠠᠶᠠᠨ ᠭᠤᠷᠪᠠᠳᠤᠭ᠋ᠠᠷ ᠵᠤᠷᠪᠤᠰ   ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠪᠠᠭ᠎ᠠ ᠬᠡᠯᠪᠡᠷᠢ ᠵᠢᠨ ᠭᠡᠷ ᠪᠠᠢ᠌ᠰᠢᠩ ᠪᠠᠷᠢᠬᠤ ᠪᠠᠷᠢᠯᠭ᠎ᠠ ᠵᠢᠨ ᠠᠵᠢᠯᠯᠠᠭ᠎ᠠ᠎ᠳᠤ ᠲᠤᠰ ᠬᠠᠤᠯᠢ ᠵᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
    ᠲᠡᠦᠬᠡ ᠵᠢᠨ ᠳᠤᠷᠠᠰᠬᠠᠯᠲᠤ ᠵᠦᠢ᠍ᠯ ᠪᠣᠯᠭ᠋ᠠᠨ ᠬᠠᠮᠠᠭ᠋ᠠᠯᠠᠬᠤ᠎ᠪᠠᠷ ᠬᠠᠤᠯᠢ ᠶᠣᠰᠣᠭ᠋ᠠᠷ ᠬᠢᠨᠠᠨ ᠲᠣᠭᠲᠠᠭ᠋ᠠᠭᠰᠠᠨ ᠳᠤᠷᠠᠰᠬᠠᠯᠲᠤ ᠪᠠᠷᠢᠯᠭ᠎ᠠ ᠪᠠ ᠡᠷᠲᠡᠨ᠎ᠤ ᠪᠠᠷᠢᠯᠭ᠎ᠠ ᠵᠡᠷᠭᠡ ᠵᠢ ᠰᠡᠯᠪᠢᠨ ᠵᠠᠰᠠᠬᠤ᠎ᠳᠠᠭᠠᠨ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠲᠤᠬᠠᠢ ᠬᠣᠯᠪᠣᠭᠳᠠᠯ ᠪᠦᠬᠦᠢ ᠬᠠᠤᠯᠢ ᠵᠢᠨ ᠲᠣᠭᠲᠠᠭ᠋ᠠᠯ᠎ᠢ ᠵᠢᠷᠤᠮᠯᠠᠨ ᠬᠡᠷᠡᠭᠵᠢᠭᠦᠯᠦᠨ᠎ᠡ᠃
    ᠠᠶᠤᠯ᠎ᠠᠴᠠ ᠠᠪᠤᠷᠠᠨ ᠭᠠᠮᠰᠢᠭ᠎ᠠᠴᠠ ᠲᠡᠩᠬᠡᠷᠡᠭᠦᠯᠬᠦ ᠭᠡᠷ ᠪᠠᠢ᠌ᠰᠢᠩ ᠵᠢᠴᠢ ᠪᠤᠰᠤᠳ ᠲᠦᠷ ᠴᠠᠭ᠎ᠤᠨ ᠭᠡᠷ ᠪᠠᠢ᠌ᠰᠢᠩ᠎ᠤᠨ ᠪᠠᠷᠢᠯᠭ᠎ᠠ ᠪᠠ ᠲᠠᠷᠢᠶᠠᠴᠢᠳ᠎ᠤᠨ ᠥᠪᠡᠷ ᠵᠶ᠋ᠠᠨ ᠪᠠᠷᠢᠬᠤ ᠪᠣᠭᠣᠨᠢ ᠣᠷᠣᠨ ᠰᠠᠭᠤᠴᠠ ᠵᠢᠨ ᠪᠠᠷᠢᠯᠭ᠎ᠠ ᠵᠢᠨ ᠠᠵᠢᠯᠯᠠᠭ᠎ᠠ᠎ᠳᠤ ᠲᠤᠰ ᠬᠠᠤᠯᠢ ᠵᠢ ᠬᠡᠷᠡᠭᠯᠡᠬᠦ ᠥᠬᠡᠢ᠃
    ᠨᠠᠶᠠᠨ ᠳᠥᠷᠪᠡᠳᠦᠭᠡᠷ ᠵᠤᠷᠪᠤᠰ   ᠴᠡᠷᠢᠭ᠎ᠤᠨ ᠬᠡᠷᠡᠭᠯᠡᠭᠡᠨ᠎ᠤ ᠭᠡᠷ ᠪᠠᠢ᠌ᠰᠢᠩ ᠪᠠᠷᠢᠬᠤ ᠪᠠᠷᠢᠯᠭ᠎ᠠ ᠵᠢᠨ ᠠᠵᠢᠯᠯᠠᠭ᠎ᠠ ᠵᠢᠨ ᠪᠣᠳᠠᠲᠠᠢ ᠬᠠᠮᠢᠶᠠᠷᠤᠯᠲᠠ ᠵᠢᠨ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠠᠴᠠ ᠲᠤᠰ ᠬᠠᠤᠯᠢ ᠵᠢ ᠦᠨᠳᠦᠰᠦᠯᠡᠵᠦ ᠲᠣᠭᠲᠠᠭ᠋ᠠᠨ᠎ᠠ᠃
    ᠨᠠᠶᠠᠨ ᠲᠠᠪᠤᠳᠤᠭ᠋ᠠᠷ ᠵᠤᠷᠪᠤᠰ   ᠲᠤᠰ ᠬᠠᠤᠯᠢ ᠵᠢ 1998 ᠣᠨ᠎ᠤ 3 ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃

ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ