ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ [2020] 100 ᠳ᠋ᠤᠭ᠋ᠠᠷ ᠲᠣᠭ᠋ᠠᠲᠤ
ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠮᠠᠨᠵᠤᠤᠷ᠂ ᠡᠷᠢᠶᠡᠨ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠣᠷᠢᠭ᠎ᠤᠨ ᠲᠥᠯᠥᠪᠵᠢᠭᠦᠯᠭᠡ ᠪᠠ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠰᠢᠭᠤᠳ ᠮᠡᠳᠡᠭᠦᠯᠬᠦ ᠬᠣᠰᠢᠭᠤ (ᠰᠢᠶᠠᠨ᠂ ᠬᠣᠲᠠ) ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠄
《ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ》᠎ᠢ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠲᠠᠷᠬᠠᠭ᠋ᠠᠭᠰᠠᠨ [2020] 61 ᠳ᠋ᠦᠭᠡᠷ ᠲᠣᠭ᠋ᠠᠲᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ ᠡᠯ᠎ᠡ ᠭᠠᠵᠠᠷ᠎ᠠᠴᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠵᠢᠨ ᠠᠵᠢᠯ᠎ᠢ ᠢᠳᠡᠪᠬᠢᠲᠡᠢ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠤᠭᠰᠠᠨ ᠪᠣᠯᠪᠠᠴᠤ ᠮᠥᠨ ᠬᠦ᠌ ᠳᠡᠭᠡᠷ᠎ᠡ ᠳᠣᠣᠷ᠎ᠠ ᠱᠠᠲᠤ ᠬᠠᠮᠲᠤᠷᠠᠨ ᠠᠵᠢᠯᠯᠠᠭᠰᠠᠨ᠎ᠨᠢ ᠰᠢᠯᠤᠭᠤᠨ ᠪᠤᠰᠤ᠂ ᠬᠠᠮᠵᠢᠯᠴᠠᠭᠰᠠᠨ᠎ᠨᠢ ᠨᠢᠭᠲᠠ ᠪᠤᠰᠤ᠂ ᠪᠠᠷᠢᠮᠵᠢᠶ᠎ᠠ᠎ᠨᠢ ᠨᠢᠭᠡᠳᠦᠯ ᠥᠬᠡᠢ ᠪᠠᠢ᠌ᠳᠠᠯ ᠣᠷᠣᠰᠢᠵᠤ ᠪᠣᠢ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠠᠵᠢᠯ᠎ᠢ ᠵᠢᠷᠤᠮᠵᠢᠭᠤᠯᠬᠤ ᠵᠢᠨ ᠲᠤᠰᠠᠳᠠ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠨᠥᠬᠥᠵᠦ ᠮᠡᠳᠡᠭᠳᠡᠶ᠎ᠡ ᠄
ᠨᠢᠭᠡ᠂ ᠭᠤᠶᠤᠴᠢᠯᠠᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ
(ᠨᠢᠭᠡ) ᠬᠢᠨᠠᠨ ᠵᠥᠪᠰᠢᠶᠡᠷᠡᠬᠦ ᠴᠢᠨᠠᠷ ᠴᠢᠨᠰᠠᠭ᠎ᠠ ᠵᠢ ᠪᠠᠲᠤᠯᠠᠵᠤ᠂ ᠬᠢᠨᠠᠨ ᠵᠥᠪᠰᠢᠶᠡᠷᠡᠬᠦ ᠵᠢᠨ ᠦᠷ᠎ᠡ ᠪᠦᠳᠦᠮᠵᠢ ᠵᠢ ᠳᠡᠭᠡᠭᠰᠢᠯᠡᠭᠦᠯᠬᠦ ᠵᠢᠨ ᠲ᠋ᠥᠯᠥᠭᠡ᠂ ᠮᠠᠨ᠎ᠤ ᠲᠢᠩᠬᠢᠮ᠎ᠠᠴᠠ ᠠᠵᠤ ᠠᠬᠤᠢ᠌ᠯᠠᠯ᠎ᠤᠨ ᠬᠢᠷᠢ ᠬᠡᠮ᠂ ᠠᠵᠢᠯᠲᠠᠨ᠎ᠤ ᠬᠢᠷᠢ ᠬᠡᠮ᠎ᠢ ᠳᠠᠩᠰᠠᠯᠠᠵᠤ ᠬᠢᠨᠠᠨ ᠵᠥᠪᠰᠢᠶᠡᠷᠡᠬᠦ ᠵᠦᠢ᠍ᠯᠡᠰ᠎ᠤᠨ ᠭᠤᠶᠤᠴᠢᠯᠠᠯ᠎ᠢ ᠴᠠᠭ᠋ᠠᠰᠤᠨ ᠮᠠᠲ᠋ᠧᠷᠢᠶᠠᠯ ᠪᠠ ᠡᠯᠧᠺᠲᠷᠣᠨ ᠲᠣᠭ᠎ᠠ ᠪᠠᠷᠢᠮᠲᠠ ᠵᠢ ᠵᠡᠷᠭᠡ᠎ᠪᠡᠷ ᠬᠦᠯᠢᠶᠡᠨ ᠠᠪᠴᠤ ᠰᠢᠢ᠍ᠳᠪᠦᠷᠢᠯᠡᠨ᠎ᠡ᠃ ᠴᠠᠭ᠋ᠠᠰᠤᠨ ᠮᠠᠲ᠋ᠧᠷᠢᠶᠠᠯ ᠪᠣᠯᠤᠨ ᠡᠯᠧᠺᠲᠷᠣᠨ ᠲᠣᠭ᠎ᠠ ᠪᠠᠷᠢᠮᠲᠠ ᠪᠦᠷᠢᠨ ᠪᠣᠯ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 20 ᠡᠳᠦᠷ᠎ᠤᠨ ᠳᠣᠲᠣᠷ᠎ᠠ ᠬᠢᠨᠠᠨ ᠪᠠᠢ᠌ᠴᠠᠭ᠋ᠠᠵᠤ ᠳᠠᠭᠤᠰᠬᠠᠬᠤ ᠬᠡᠷᠡᠭᠲᠡᠢ᠃ ᠡᠯᠧᠺᠲᠷᠣᠨ ᠲᠣᠭ᠎ᠠ ᠪᠠᠷᠢᠮᠲᠠ ᠵᠢ ᠳᠡᠭᠡᠭᠰᠢ ᠮᠡᠳᠡᠭᠦᠯᠦᠭᠰᠡᠨ᠎ᠤ ᠳᠠᠷᠠᠭ᠎ᠠ 3 ᠠᠵᠢᠯᠯᠠᠬᠤ ᠡᠳᠦᠷ᠎ᠤᠨ ᠳᠣᠲᠣᠷ᠎ᠠ ᠴᠠᠭ᠋ᠠᠰᠤᠨ ᠮᠠᠲ᠋ᠧᠷᠢᠶᠠᠯ ᠵᠶ᠋ᠠᠨ ᠦᠯᠦ ᠲᠤᠰᠢᠶᠠᠭᠰᠠᠨ ᠪᠠᠢ᠌ᠪᠠᠯ ᠪᠤᠴᠠᠭ᠋ᠠᠬᠤ ᠮᠠᠲ᠋ᠧᠷᠢᠶᠠᠯ ᠵᠶ᠋ᠠᠷ ᠰᠢᠢ᠍ᠳᠪᠦᠷᠢᠯᠡᠨ᠎ᠡ᠃
(ᠬᠣᠶᠠᠷ) ᠡᠯ᠎ᠡ ᠠᠢ᠌ᠮᠠᠭ ᠬᠣᠲᠠ ᠵᠢᠨ ᠠᠩᠬ᠎ᠠ ᠬᠢᠨᠠᠬᠤ ᠰᠠᠯᠠᠭ᠎ᠠ ᠮᠥᠴᠢᠷ᠎ᠨᠢ ᠠᠩᠬ᠎ᠠ ᠬᠢᠨᠠᠬᠤ ᠵᠢ ᠬᠢᠨᠠᠮᠠᠭ᠋ᠠᠢ ᠴᠢᠩᠭ᠎ᠠ ᠠᠳᠬᠤᠬᠤ ᠵᠢᠨ ᠰᠠᠭᠤᠷᠢᠨ ᠳᠡᠭᠡᠷ᠎ᠡ ᠲᠤᠰᠬᠠᠢ ᠬᠥᠮᠦᠨ ᠵᠶ᠋ᠠᠷ ᠮᠡᠳᠡᠭᠦᠯᠦᠨ ᠬᠦᠷᠭᠡᠬᠦ᠂ ᠲᠤᠰᠬᠠᠢ ᠬᠥᠮᠦᠨ ᠵᠶ᠋ᠠᠷ ᠬᠦᠷᠭᠡᠭᠦᠯᠬᠦ ᠪᠤᠶᠤ ᠣᠨᠴᠠ ᠲᠦᠷᠭᠡᠨ ᠲᠤᠰᠬᠠᠢ ᠢᠯᠡᠭᠡᠬᠦ ᠵᠡᠷᠭᠡ ᠬᠡᠯᠪᠡᠷᠢ ᠮᠠᠶᠢᠭ᠎ᠢ ᠠᠪᠴᠤ ᠬᠠᠮᠢᠶ᠎ᠠ ᠪᠦᠬᠦᠢ ᠮᠠᠲ᠋ᠧᠷᠢᠶᠠᠯ᠎ᠢ ᠳᠡᠭᠡᠭᠰᠢ᠎ᠪᠠᠨ ᠮᠡᠳᠡᠭᠦᠯᠵᠦ ᠬᠠᠮᠢᠶ᠎ᠠ ᠪᠦᠬᠦᠢ ᠶᠠᠪᠤᠴᠠ ᠵᠢ ᠠᠯᠢ ᠴᠢᠳᠠᠬᠤᠢ᠌ᠴᠠ ᠪᠠᠭ᠋ᠠᠰᠬᠠᠵᠤ ᠠᠵᠢᠯ᠎ᠤᠨ ᠠᠬᠢᠴᠠ ᠵᠢ ᠲᠦᠷᠭᠡᠳᠬᠡᠬᠦ ᠬᠡᠷᠡᠭᠲᠡᠢ᠃ ᠰᠢᠭᠤᠳ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶᠠᠨ᠎ᠤ 12 ᠳ᠋ᠤᠭ᠋ᠠᠷ ᠳᠠᠪᠬᠤᠷᠭ᠎ᠠ ᠵᠢᠨ 33᠂ 34᠂ 35 ᠳ᠋ᠤᠭ᠋ᠠᠷ ᠴᠣᠩᠬᠣᠨ᠎ᠳᠤ ᠬᠦᠷᠭᠡᠵᠦ ᠭᠦᠢ᠍ᠴᠡᠳᠬᠡᠬᠦ ᠬᠡᠷᠡᠭᠲᠡᠢ᠃ ᠨᠠᠢ᠌ᠳᠠᠯᠭ᠎ᠠ ᠵᠢᠨ ᠬᠦᠷᠭᠡᠯᠲᠡ ᠵᠢ ᠡᠷᠬᠡᠪᠰᠢ ᠨᠠᠢ᠌ᠳᠠᠯᠭ᠎ᠠ ᠬᠦᠯᠢᠶᠡᠭᠴᠢ ᠵᠢᠨ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ ᠵᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠭᠠᠵᠠᠷ᠎ᠲᠤ ᠤᠷᠢᠳᠴᠢᠯᠠᠨ ᠮᠡᠳᠡᠭᠦᠯᠦᠨ ᠬᠦᠷᠭᠡᠬᠦ ᠬᠡᠷᠡᠭᠲᠡᠢ᠃ 2020 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ ᠰᠢᠤᠳᠠᠨ ᠵᠶ᠋ᠠᠷ ᠢᠯᠡᠬᠡᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠴᠡᠯᠡᠭᠡᠷ ᠲᠠᠯ᠎ᠠ ᠵᠡᠭᠡᠯᠢ ᠵᠢᠨ 6 ᠳ᠋ᠤᠭ᠋ᠠᠷ ᠨᠣᠮᠧᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶᠠᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠴᠣᠩᠬᠣ᠂ ᠬᠦᠯᠢᠶᠡᠨ ᠠᠪᠤᠭᠴᠢ᠄ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠭᠠᠵᠠᠷ᠂ ᠤᠲᠠᠰᠤᠨ ᠨᠣᠮᠧᠷ᠄ 0471 — 5332427᠃
ᠬᠣᠶᠠᠷ᠂ ᠮᠡᠳᠡᠭᠦᠯᠬᠦ ᠮᠠᠲ᠋ᠧᠷᠢᠶᠠᠯ᠎ᠢ ᠴᠣᠮᠬᠠᠳᠬᠠᠬᠤ
ᠬᠢᠨᠠᠨ ᠵᠥᠪᠰᠢᠶᠡᠷᠡᠬᠦ ᠶᠡᠬᠡ ᠲᠢᠩᠬᠢᠮ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ ᠳᠠᠪᠠᠭᠤᠯᠢᠭ ᠲᠠᠯ᠎ᠠ ᠵᠢ ᠭᠦᠢ᠍ᠴᠡᠳ ᠠᠰᠢᠭᠯᠠᠨ᠂ ᠬᠢᠨᠠᠨ ᠬᠠᠷᠭᠤᠭᠤᠯᠬᠤ ᠦᠢ᠍ᠯᠡᠳᠦᠯᠭᠡ᠎ᠲᠠᠢ ᠤᠶᠠᠯᠳᠤᠭᠤᠯᠤᠨ ᠬᠡᠰᠡᠭ ᠮᠡᠳᠡᠭᠦᠯᠬᠦ ᠮᠠᠲ᠋ᠧᠷᠢᠶᠠᠯ᠎ᠢ ᠴᠣᠮᠬᠠᠳᠬᠠᠵᠤ᠂ ᠶᠠᠪᠤᠴᠠ ᠵᠢ ᠳᠥᠭᠥᠮᠴᠢᠯᠡᠬᠦ ᠬᠡᠷᠡᠭᠲᠡᠢ᠃
(ᠨᠢᠭᠡ) 《ᠭᠤᠷᠪᠠᠨ ᠲᠥᠷᠥᠯ᠎ᠤᠨ ᠬᠥᠮᠦᠰ》᠎ᠤᠨ ᠮᠡᠳᠡᠭᠦᠯᠦᠭᠰᠡᠨ ᠮᠠᠲ᠋ᠧᠷᠢᠶᠠᠯ᠎ᠢ ᠴᠣᠮᠬᠠᠳᠬᠠᠨ᠎ᠠ᠃ ᠮᠡᠳᠡᠭᠦᠯᠦᠭᠰᠡᠨ ᠠᠵᠤ ᠠᠬᠤᠢ᠌ᠯᠠᠯ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠳᠤ ᠭᠤᠶᠤᠴᠢᠯᠠᠯ᠎ᠤᠨ ᠴᠠᠭ᠋ᠠᠰᠤᠨ ᠮᠡᠳᠡᠭᠦᠯᠦᠯᠲᠡ ᠵᠢᠨ ᠬᠦᠰᠦᠨᠦᠭᠲᠦ᠎ᠪᠠᠨ ᠳᠠᠬᠢᠵᠤ ᠲᠤᠰᠢᠶᠠᠬᠤ ᠬᠡᠷᠡᠭ ᠥᠬᠡᠢ᠃ 《ᠭᠤᠷᠪᠠᠨ ᠲᠥᠷᠥᠯ᠎ᠤᠨ ᠬᠥᠮᠦᠰ》᠎ᠤᠨ ᠭᠤᠶᠤᠴᠢᠯᠠᠬᠤ ᠵᠦᠢ᠍ᠯᠡᠰ᠎ᠢ ᠠᠢ᠌ᠮᠠᠭ ᠬᠣᠲᠠ ᠵᠢᠨ ᠠᠩᠬ᠎ᠠ ᠬᠢᠨᠠᠬᠤ ᠰᠠᠯᠠᠭ᠎ᠠ ᠮᠥᠴᠢᠷ᠎ᠨᠢ ᠪᠦᠯᠦᠭ ᠤᠳᠠᠭ᠎ᠠ᠎ᠪᠠᠷ ᠬᠤᠷᠢᠶᠠᠩᠭᠤᠢ᠌ᠯᠠᠵᠤ ᠪᠠᠢ᠌ᠭ᠋ᠠᠳ ᠪᠢᠴᠢᠭ ᠮᠠᠲ᠋ᠧᠷᠢᠶᠠᠯ᠎ᠢ ᠳᠡᠭᠡᠭᠰᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲ᠋ᠢᠩᠬᠢᠮᠳᠤ ᠮᠡᠳᠡᠭᠦᠯᠦᠨ᠎ᠡ᠃
(ᠬᠣᠶᠠᠷ) ᠭᠡᠭᠡᠵᠦ ᠣᠷᠬᠢᠭᠳᠠᠭᠤᠯᠤᠭᠰᠠᠨᠢ ᠨᠥᠬᠥᠪᠥᠷᠢᠯᠡᠬᠦ ᠳᠡᠰ ᠳᠠᠷᠠᠭ᠋ᠠᠯᠠᠯ᠎ᠢ ᠳᠥᠭᠥᠮᠴᠢᠯᠡᠨ᠎ᠡ᠃ ᠠᠵᠤ ᠠᠬᠤᠢ᠌ᠯᠠᠯ ᠪᠠ ᠬᠤᠪᠢ ᠬᠥᠮᠦᠨ᠎ᠠᠴᠠ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠬᠡᠪᠴᠢᠶᠡᠨ᠎ᠳᠠᠬᠢ ᠠᠵᠤ ᠠᠬᠤᠢ᠌ᠯᠠᠯ᠎ᠤᠨ ᠬᠢᠷᠢ ᠬᠡᠮ (ᠠᠵᠢᠯᠲᠠᠨ᠎ᠤ ᠬᠢᠷᠢ ᠬᠡᠮ) ᠵᠶ᠋ᠠᠨ ᠭᠡᠭᠡᠵᠦ ᠨᠥᠬᠥᠪᠥᠷᠢᠯᠡᠬᠦ ᠵᠦᠢ᠍ᠯᠡᠰ᠎ᠢ ᠭᠦᠢ᠍ᠴᠡᠳᠬᠡᠬᠦ᠎ᠳᠡᠭᠡᠨ ᠡᠯ᠎ᠡ ᠲᠥᠷᠥᠯ᠎ᠤᠨ ᠴᠠᠭ᠋ᠠᠰᠤᠨ ᠮᠠᠲ᠋ᠧᠷᠢᠶᠠᠯ᠎ᠢ ᠲᠠᠬᠢᠵᠤ ᠲᠤᠰᠢᠶᠠᠬᠤ ᠬᠡᠷᠡᠭ ᠥᠬᠡᠢ᠃ ᠠᠵᠤ ᠠᠬᠤᠢ᠌ᠯᠠᠯ ᠪᠠ ᠬᠤᠪᠢ ᠬᠥᠮᠦᠨ᠎ᠠᠴᠠ ᠰᠦᠯᠵᠢᠶᠡᠨ᠎ᠤ ᠰᠢᠰᠲ᠋ᠧᠮ ᠳᠡᠭᠡᠷ᠎ᠡ ᠭᠠᠷᠴᠤ᠂ ᠭᠡᠭᠡᠭᠰᠡᠨ ᠵᠶ᠋ᠡᠨ ᠨᠥᠬᠥᠪᠦᠷᠢᠯᠡᠵᠦ ᠭᠦᠢ᠍ᠴᠡᠳᠬᠡᠬᠦ ᠵᠦᠢ᠍ᠯᠡᠰ᠎ᠢ ᠭᠤᠶᠤᠴᠢᠯᠠᠵᠤ᠂ ᠠᠢ᠌ᠮᠠᠭ ᠬᠣᠲᠠ ᠵᠢᠨ ᠠᠩᠬᠠᠨ᠎ᠤ ᠬᠢᠨᠠᠯᠲᠠ ᠬᠢᠬᠦ ᠰᠠᠯᠠᠭ᠎ᠠ ᠮᠥᠴᠢᠷ᠎ᠠᠴᠠ ᠬᠤᠷᠢᠶᠠᠩᠭᠤᠢ᠍ᠯᠠᠭᠰᠠᠨᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠳᠤ ᠮᠡᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠲᠣᠭᠲᠠᠮᠠᠯ ᠬᠤᠭᠤᠴᠠᠭ᠎ᠠ᠎ᠲᠠᠢ᠎ᠪᠠᠷ ᠰᠦᠯᠵᠢᠶᠡᠨ ᠳᠡᠭᠡᠷ᠎ᠡ ᠬᠦᠴᠦᠨ ᠦᠭᠡᠢ ᠪᠣᠯᠭ᠋ᠠᠬᠤ ᠮᠡᠳᠡᠭᠡ ᠵᠠᠩᠭᠢ ᠵᠢ ᠨᠡᠢ᠌ᠲᠡᠯᠡᠨ᠎ᠡ᠃
(ᠭᠤᠷᠪᠠ) ᠮᠠᠨ᠎ᠤ ᠲᠢᠩᠬᠢᠮ᠎ᠠᠴᠠ ᠴᠣᠮᠬᠠᠳᠬᠠᠬᠤ ᠮᠠᠲ᠋ᠧᠷᠢᠶᠠᠯ᠎ᠤᠨ ᠠᠭᠤᠯᠭ᠎ᠠ ᠪᠣᠯᠤᠨ ᠵᠦᠢ᠍ᠯ᠎ᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠨᠡᠢ᠌ᠲᠡᠯᠡᠬᠦ ᠪᠣᠯᠤᠨ᠎ᠠ᠃
ᠭᠤᠷᠪᠠ᠂ ᠢᠯᠡ ᠨᠡᠢ᠌ᠲᠡᠯᠡᠬᠦ᠂ ᠵᠠᠷᠯᠠᠨ ᠨᠡᠢ᠌ᠲᠡᠯᠡᠬᠦ
《ᠵᠠᠰᠠᠭ᠎ᠢ ᠴᠣᠮᠬᠠᠳᠬᠠᠵᠤ ᠡᠷᠬᠡ ᠵᠢ ᠳᠣᠷᠣᠭᠰᠢ ᠪᠠᠭᠤᠯᠭ᠋ᠠᠬᠤ᠂ ᠪᠠᠭᠤᠯᠭ᠋ᠠᠬᠤ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ》 ᠠᠵᠢᠯ᠎ᠢ ᠯᠠᠪᠳᠠᠭᠤᠨ ᠪᠠᠲᠤᠲᠠᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠠᠵᠤ ᠠᠬᠤᠢ᠌ᠯᠠᠯ ᠪᠣᠯᠤᠨ ᠬᠤᠪᠢ ᠬᠥᠮᠦᠨ᠎ᠳᠤ ᠳᠦᠭᠦᠮ ᠦᠵᠡᠭᠦᠯᠬᠦ ᠵᠢᠨ ᠳᠣᠰᠠᠲᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠲᠤᠰ ᠱᠠᠲᠤᠨ᠎ᠤ ᠪᠣᠢ ᠪᠦᠬᠦᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠵᠠᠷᠯᠠᠬᠤ ᠴᠠᠭ ᠬᠤᠭᠤᠴᠠᠭ᠎ᠠ ᠵᠢ ᠨᠢᠭᠡᠳᠦᠯᠲᠡᠢ᠎ᠪᠠᠷ 7 ᠪᠠᠢ᠌ᠭ᠋ᠠᠯᠢ ᠵᠢᠨ ᠡᠳᠦᠷ ᠵᠶ᠋ᠠᠷ ᠳᠤᠬᠢᠷᠠᠭᠤᠯᠵᠤ᠂ ᠢᠯᠡ ᠨᠡᠢ᠌ᠲᠡᠯᠡᠬᠦ᠂ ᠵᠠᠷᠯᠠᠨ ᠨᠡᠢ᠌ᠲᠡᠯᠡᠬᠦ ᠨᠢᠭᠡᠳᠦᠯᠲᠡᠢ ᠳᠠᠭ᠋ᠠᠯᠳᠤᠭᠤᠯᠤᠯ᠎ᠤᠨ ᠶᠠᠩᠵᠤ ᠬᠡᠯᠪᠡᠷᠢ᠎ᠲᠠᠢ᠂ ᠳᠠᠭ᠋ᠠᠯᠳᠤᠭᠤᠯᠤᠯ᠎ᠳᠤ ᠳᠠᠯᠳᠠ ᠬᠡ ᠨᠡᠮᠡᠵᠦ ᠣᠷᠣᠭᠤᠯᠤᠨ᠎ᠠ᠃
ᠳᠥᠷᠪᠡ᠂ ᠲᠣᠭ᠋ᠠᠴᠢᠯᠲᠠ
ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ ᠵᠢ ᠬᠢᠨᠠᠨ ᠵᠥᠪᠰᠢᠶᠡᠷᠡᠬᠦ ᠲᠤᠰᠬᠠᠢ ᠪᠤᠯᠤᠩ — ᠬᠢᠷᠢ ᠭᠡᠮ᠎ᠢ ᠮᠡᠳᠡᠭᠦᠯᠬᠦ ᠪᠠᠢ᠌ᠩᠭᠤ ᠲᠣᠬᠢᠶᠠᠯᠳᠤᠳᠠᠭ ᠠᠰᠠᠭᠤᠳᠠᠯ᠂ ᠠᠵᠤ ᠠᠬᠤᠢ᠌ᠯᠠᠯ᠎ᠤᠨ ᠬᠢᠷᠢ ᠭᠡᠮ᠎ᠤᠨ ᠭᠤᠶᠤᠴᠢᠯᠠᠯ᠎ᠤᠨ ᠮᠠᠲ᠋ᠧᠷᠢᠶᠠᠯ᠎ᠳᠤ ᠲᠤᠰᠢᠶᠠᠭᠰᠠᠨ ᠠᠵᠢᠯ᠎ᠤᠨ ᠪᠦᠲᠦᠮᠵᠢ᠂ ᠠᠵᠢᠯᠲᠠᠨ᠎ᠨᠢ ᠪᠠᠷᠢᠮᠵᠢᠶ᠎ᠠ᠎ᠳᠤ ᠬᠦᠷᠬᠦ ᠦᠭᠡᠢ ᠠᠵᠤ ᠠᠬᠤᠢ᠌ᠯᠠᠯ᠎ᠤᠨ ᠲᠣᠭ᠋ᠠᠴᠢᠯᠲᠠ᠎ᠨᠢ ᠵᠥᠪᠬᠡᠨ ᠨᠢᠭᠡᠨᠲᠡ ᠮᠡᠳᠡᠭᠦᠯᠦᠭᠰᠡᠨ ᠮᠠᠲ᠋ᠧᠷᠢᠶᠠᠯ᠎ᠳᠤ ᠴᠢᠭᠯᠡᠭᠦᠯᠦᠨ ᠨᠥᠬᠥᠪᠦᠷᠢᠯᠡᠵᠦ᠂ ᠠᠭᠤᠯᠭ᠎ᠠ ᠵᠢ ᠨᠡᠮᠡᠵᠦ ᠬᠠᠰᠤᠵᠤ ᠪᠣᠯᠬᠤ ᠦᠭᠡᠢ᠃
ᠲᠠᠪᠤ᠂ ᠦᠨᠡᠮᠯᠡᠯ᠂ ᠮᠠᠲ᠋ᠧᠷᠢᠶᠠᠯ᠎ᠢ ᠰᠢᠢ᠍ᠳᠪᠦᠷᠢᠯᠡᠬᠦ
ᠮᠠᠨ᠎ᠤ ᠲᠢᠩᠬᠢᠮ᠎ᠳᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶᠠᠨ᠎ᠤ 12 ᠳ᠋ᠤᠭ᠋ᠠᠷ ᠳᠠᠪᠬᠤᠷᠭ᠎ᠠ ᠵᠢᠨ 33᠂ 34᠂ 35 ᠳ᠋ᠤᠭ᠋ᠠᠷ ᠴᠤᠩᠬᠤᠨ ᠳᠡᠭᠡᠷ᠎ᠡ ᠬᠦᠷᠴᠦ᠂ ᠠᠵᠤ ᠠᠬᠤᠢ᠌ᠯᠠᠯ ᠪᠣᠯᠤᠨ ᠬᠤᠪᠢ ᠬᠥᠮᠦᠨ 10 ᠠᠵᠢᠯᠯᠠᠬᠤ ᠡᠳᠦᠷ᠎ᠤᠨ ᠳᠣᠲᠣᠷ᠎ᠠ ᠴᠣᠩᠬᠣᠨ᠎ᠳᠤ ᠬᠦᠷᠴᠦ ᠮᠠᠲ᠋ᠧᠷᠢᠶᠠᠯ ᠵᠶ᠋ᠠᠨ ᠠᠪᠤᠨ᠎ᠠ᠂ ᠴᠠᠭ᠎ᠠᠴᠠ ᠬ᠋ᠡᠲᠦᠷᠡᠵᠦ ᠠᠪᠤᠭᠰᠠᠨ ᠥᠬᠡᠢ ᠮᠠᠲ᠋ᠧᠷᠢᠶᠠᠯ᠎ᠢ ᠨᠢᠭᠡᠳᠦᠯᠲᠡᠢ᠎ᠪᠠᠷ ᠰᠢᠢ᠍ᠳᠪᠦᠷᠢᠯᠡᠬᠦ ᠬᠡᠷᠡᠭᠲᠡᠢ᠃
ᠵᠣᠬᠢᠶᠠᠵᠤ ᠳᠠᠭᠤᠰᠬᠠᠭᠰᠠᠨ ᠦᠨᠡᠮᠯᠡᠯ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠰᠦᠯᠵᠢᠶᠡᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠤᠰᠬᠠᠢ ᠪᠤᠯᠤᠩ ᠵᠶ᠋ᠠᠷ ᠨᠡᠢ᠍ᠲᠡᠯᠡᠭᠰᠡᠨᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶᠠᠨ᠎ᠤ 12 ᠳ᠋ᠤᠭ᠋ᠠᠷ ᠳᠠᠪᠬᠤᠷᠭ᠎ᠠ ᠵᠢᠨ 33᠂ 34᠂ 35 ᠳ᠋ᠤᠭ᠋ᠠᠷ ᠴᠣᠩᠬᠣ᠎ᠳᠤ ᠪᠤᠴᠠᠵᠤ ᠢᠷᠡᠬᠦ ᠪᠤᠶᠤ ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠲᠣᠪᠴᠢᠶᠠᠨ᠎ᠳᠤ ᠰᠢᠤᠳᠠᠨ ᠵᠶ᠋ᠠᠷ ᠢᠯᠡᠭᠡᠵᠦ᠂ ᠰᠢᠤᠳᠠᠨ᠎ᠤ ᠵᠦᠢ᠍ᠯ᠎ᠢ ᠬᠦᠯᠢᠶᠡᠨ ᠠᠪᠬᠤ᠎ᠳᠤ ᠡᠷᠬᠡᠪᠰᠢ ᠨᠠᠢ᠌ᠳᠠᠯᠭ᠎ᠠ ᠵᠢᠨ ᠪᠢᠴᠢᠭ ᠪᠠ ᠨᠠᠢ᠌ᠳᠠᠯᠭ᠎ᠠ ᠬᠦᠯᠢᠶᠡᠭᠴᠢ ᠵᠢᠨ ᠰᠢᠤᠳᠠᠨ ᠵᠶ᠋ᠠᠷ ᠢᠯᠡᠭᠡᠬᠦ ᠮᠡᠳᠡᠭᠡ ᠵᠠᠩᠭᠢ ᠵᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃
ᠵᠢᠷᠭᠤᠭ᠎ᠠ᠂ ᠠᠵᠢᠯ᠎ᠤᠨ ᠰᠠᠬᠢᠯᠭ᠎ᠠ ᠪᠠᠲᠤ ᠵᠢ ᠲᠥᠪ ᠴᠢᠩᠭ᠎ᠠ ᠪᠣᠯᠭ᠋ᠠᠬᠤ
ᠪᠦᠬᠦ ᠣᠷᠣᠨ᠎ᠤ ᠡᠯ᠎ᠡ ᠱᠠᠲᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠪᠡᠶ᠎ᠡ ᠵᠢᠨ ᠪᠦᠲᠦᠭᠡᠨ ᠪᠠᠢ᠌ᠭᠤᠯᠤᠯᠲᠠ᠎ᠪᠠᠨ ᠦᠨᠡᠨᠬᠦ ᠴᠢᠩᠭ᠋ᠠᠳᠬᠠᠨ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠨ ᠠᠪᠬᠤ ᠬᠡᠷᠡᠭᠲᠡᠢ᠃ ᠡᠯ᠎ᠡ ᠵᠦᠢ᠍ᠯ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ ᠵᠢ ᠬᠢᠨᠠᠮᠠᠭ᠋ᠠᠢ ᠬᠦᠯᠢᠶᠡᠨ ᠠᠪᠴᠤ ᠴᠠᠭ ᠲᠤᠬᠠᠢᠳᠤᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠡᠯ᠎ᠡ ᠶᠠᠪᠤᠴᠠ᠎ᠳᠤ ᠡᠯ᠎ᠡ ᠵᠦᠢ᠍ᠯ᠎ᠤᠨ ᠰᠢᠯᠲᠠᠭ ᠵᠶ᠋ᠠᠷ ᠠᠵᠤ ᠠᠬᠤᠢ᠌ᠯᠠᠯ᠂ ᠬᠤᠪᠢ ᠬᠥᠮᠦᠨ᠎ᠤ ᠵᠦᠢ ᠵᠣᠬᠢᠰᠲᠠᠢ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠵᠢ ᠲᠡᠪᠴᠢᠵᠦ ᠪᠣᠯᠬᠤ ᠥᠬᠡᠢ᠃
2020 ᠣᠨ᠎ᠤ 5 ᠰᠠᠷ᠎ᠠ ᠵᠢᠨ 14᠎ᠤ ᠡᠳᠦᠷ