ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠳ᠋ ᠬᠥᠷᠥᠩᠭᠡ ᠵᠢ ᠦᠨᠡᠯᠡᠨ ᠵᠢᠱ᠌ᠢᠬᠦ ᠬᠠᠤᠯᠢ
2021-01-05


    ᠨᠢᠭᠡᠳᠦᠭᠡᠷ ᠪᠦᠯᠦᠭ   ᠶᠡᠷᠦᠩᠬᠡᠢ ᠳᠦᠷᠢᠮ
    ᠨᠢᠭᠡᠳᠦᠭᠡᠷ ᠵᠤᠷᠪᠤᠰ   ᠬᠥᠷᠥᠩᠭᠡ ᠵᠢ ᠦᠨᠡᠯᠡᠨ ᠵᠢᠱ᠌ᠢᠬᠦ ᠠᠵᠢᠯᠯᠠᠭ᠎ᠠ ᠵᠢ ᠵᠢᠷᠤᠮᠵᠢᠭᠤᠯᠤᠨ᠂ ᠬᠥᠷᠥᠩᠭᠡ ᠵᠢ ᠦᠨᠡᠯᠡᠨ ᠵᠢᠱ᠌ᠢᠬᠦ ᠲᠤᠬᠠᠢ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ ᠪᠣᠯᠤᠨ ᠣᠯᠠᠨ ᠨᠡᠢ᠌ᠲᠡ ᠵᠢᠨ ᠠᠰᠢᠭ ᠲᠤᠰᠠ ᠵᠢ   ᠬᠠᠮᠠᠭ᠋ᠠᠯᠠᠵᠤ᠂   ᠬᠥᠷᠥᠩᠭᠡ ᠵᠢ ᠦᠨᠡᠯᠡᠨ ᠵᠢᠱ᠌ᠢᠬᠦ ᠠᠵᠢᠯ ᠲᠥᠷᠥᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠡᠮᠬᠢ ᠵᠢᠷᠤᠮ᠎ᠢ ᠬᠠᠮᠠᠭ᠋ᠠᠯᠠᠬᠤ ᠵᠢᠨ ᠲᠥᠯᠥᠭᠡ᠂ ᠲᠤᠰ ᠬᠠᠤᠯᠢ ᠵᠢ ᠲᠣᠭᠲᠠᠭ᠋ᠠᠪᠠ᠃
    ᠬᠣᠶᠠᠳᠤᠭ᠋ᠠᠷ ᠵᠤᠷᠪᠤᠰ   ᠲᠤᠰ ᠬᠠᠤᠯᠢ᠎ᠳᠤ ᠬᠡᠯᠡᠵᠦ ᠪᠠᠢ᠌ᠭ᠎ᠠ ᠬᠥᠷᠥᠩᠭᠡ ᠵᠢ ᠦᠨᠡᠯᠡᠨ ᠵᠢᠱ᠌ᠢᠬᠦ (ᠳᠣᠣᠷ᠎ᠠ ᠦᠨᠡᠯᠡᠨ ᠵᠢᠱ᠌ᠢᠬᠦ   ᠭᠡᠵᠤ ᠳᠥᠭᠥᠮᠴᠢᠯᠡᠨ᠎ᠡ)   ᠭᠡᠳᠡᠭ᠎ᠨᠢ ᠦᠨᠡᠯᠡᠨ ᠵᠢᠱ᠌ᠢᠬᠦ ᠪᠠᠢ᠌ᠭᠤᠯᠤᠮᠵᠢ ᠵᠢᠴᠢ ᠦᠨᠡᠯᠡᠨ ᠵᠢᠱ᠌ᠢᠬᠦ ᠲᠤᠰᠬᠠᠢ ᠠᠵᠢᠯᠲᠠᠨ ᠨᠠᠢ᠌ᠳᠠᠯᠭ᠎ᠠ ᠵᠢ ᠦᠨᠳᠦᠰᠦᠯᠡᠨ ᠦᠯᠦ ᠬᠥᠳᠡᠯᠬᠦ ᠬᠥᠷᠥᠩᠭᠡ᠂ ᠬᠥᠳᠡᠯᠬᠦ ᠬᠥᠷᠥᠩᠭᠡ᠂ ᠳᠠᠯᠳᠠ ᠡᠳ᠋ ᠬᠥᠷᠥᠩᠭᠡ᠂ ᠠᠵᠤ ᠠᠬᠤᠢ᠌ᠯᠠᠯ᠎ᠤᠨ ᠥᠷᠲᠡᠭ᠂ ᠡᠳ᠋ ᠬᠥᠷᠥᠩᠭᠡ ᠵᠢᠨ ᠬᠣᠬᠢᠷᠠᠯ ᠪᠤᠶᠤ ᠪᠤᠰᠤᠳ ᠠᠵᠤ ᠠᠬᠤᠢ ᠵᠢᠨ ᠡᠷᠬᠡ ᠠᠰᠢᠭ᠎ᠲᠤ ᠦᠨᠡᠯᠡᠨ ᠲᠣᠭᠲᠠᠭ᠋ᠠᠯᠲᠠ ᠬᠢᠬᠦ᠂ ᠵᠢᠱ᠌ᠢᠨ ᠪᠣᠳᠣᠬᠤ ᠵᠢᠨ ᠬᠠᠮᠲᠤ ᠦᠨᠡᠯᠡᠨ ᠵᠢᠱ᠌ᠢᠬᠦ ᠮᠡᠳᠡᠭᠦᠯᠦᠯᠲᠡ ᠬᠢᠬᠦ ᠲᠤᠰᠬᠠᠢ ᠠᠵᠢᠯ᠎ᠤᠨ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠭ᠋ᠠᠵᠤ   ᠪᠠᠢ᠌ᠨ᠎ᠠ᠃
    ᠭᠤᠷᠪᠠᠳᠤᠭ᠋ᠠᠷ ᠵᠤᠷᠪᠤᠰ   ᠪᠠᠢ᠌ᠭ᠋ᠠᠯᠢ ᠬᠥᠮᠦᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ᠎ᠠᠴᠠ ᠦᠨᠡᠯᠡᠨ ᠵᠢᠱ᠌ᠢᠬᠦ ᠡᠲᠡᠭᠡᠳ᠎ᠤᠨ ᠦᠨ᠎ᠡ ᠥᠷᠲᠡᠭ᠎ᠢ ᠲᠣᠭᠲᠠᠭ᠋ᠠᠬᠤ ᠴᠢᠬᠤᠯᠠᠲᠠᠢ ᠪᠠᠢ᠌ᠪᠠᠯ᠂ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠰᠠᠢ᠌ᠨ ᠳᠤᠷ᠎ᠠ᠎ᠠᠴᠠ᠎ᠪᠠᠨ ᠨᠠᠢ᠌ᠳᠠᠵᠤ ᠦᠨᠡᠯᠡᠨ ᠵᠢᠱ᠌ᠢᠭᠦᠯᠵᠦ ᠪᠣᠯᠤᠨ᠎ᠠ᠃
    ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠪᠤᠶᠤ ᠣᠯᠠᠨ ᠨᠡᠢ᠌ᠲᠡ ᠵᠢᠨ ᠠᠰᠢᠭ ᠲᠤᠰᠠ ᠵᠡᠷᠭᠡ᠎ᠳᠤ ᠬᠣᠯᠪᠣᠭᠳᠠᠬᠤ ᠵᠦᠢ᠍ᠯᠡᠰ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠦᠨᠡᠯᠡᠨ ᠵᠢᠱ᠌ᠢᠬᠦ ᠴᠢᠬᠤᠯᠠᠲᠠᠢ ᠭᠡᠵᠦ ᠲᠣᠭᠲᠠᠭ᠋ᠠᠭᠰᠠᠨ ᠪᠣᠯ (ᠳᠣᠣᠷ᠎ᠠ ᠬᠠᠤᠯᠢ᠎ᠳᠤ ᠲᠣᠭᠲᠠᠭ᠋ᠠᠭᠰᠠᠨ ᠦᠨᠡᠯᠡᠨ ᠵᠢᠱ᠌ᠢᠬᠦ ᠭᠡᠵᠤ ᠳᠥᠭᠥᠮᠴᠢᠯᠡᠨ᠎ᠡ)᠂ ᠦᠨᠡᠯᠡᠨ ᠵᠢᠱ᠌ᠢᠬᠦ ᠪᠠᠢ᠌ᠭᠤᠯᠤᠮᠵᠢ ᠵᠢ ᠬᠠᠤᠯᠢ ᠶᠣᠰᠣᠭ᠋ᠠᠷ ᠨᠠᠢ᠌ᠳᠠᠨ ᠦᠨᠡᠯᠡᠨ ᠵᠢᠱ᠌ᠢᠭᠦᠯᠬᠦ ᠬᠡᠷᠡᠭᠲᠡᠢ᠃
    ᠳᠥᠷᠪᠡᠳᠦᠭᠡᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ ᠵᠢᠴᠢ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ ᠲᠤᠬᠠᠢ᠌ᠯᠠᠭᠰᠠᠨ ᠠᠵᠢᠯ ᠵᠶ᠋ᠠᠨ ᠥᠷᠨᠢᠭᠦᠯᠬᠦ᠎ᠳᠡᠭᠡᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠦᠨᠡᠯᠡᠨ ᠵᠢᠱ᠌ᠢᠬᠦ ᠪᠠᠷᠢᠮᠵᠢᠶ᠎ᠠ ᠵᠢ ᠵᠢᠷᠤᠮᠯᠠᠬᠤ ᠬᠡᠷᠡᠭᠲᠡᠢ᠂ ᠪᠡᠶ᠎ᠡ᠎ᠪᠠᠨ ᠳᠠᠭ᠋ᠠᠭ᠋ᠠᠭᠰᠠᠨ᠂ ᠪᠤᠰᠤᠳᠴᠢ᠂ ᠲᠥᠪ ᠭᠣᠣᠯᠴᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠦᠨᠡᠯᠡᠨ ᠵᠢᠱ᠌ᠢᠬᠦ ᠪᠠᠢ᠌ᠭᠤᠯᠤᠮᠵᠢ ᠵᠢᠴᠢ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠤ ᠬᠠᠤᠯᠢ ᠶᠣᠰᠣᠭ᠋ᠠᠷ ᠲᠤᠬᠠᠢ᠌ᠯᠠᠭᠰᠠᠨ ᠠᠵᠢᠯ ᠵᠶ᠋ᠠᠨ ᠥᠷᠨᠢᠭᠦᠯᠬᠦ᠎ᠨᠢ ᠬᠠᠤᠯᠢ ᠴᠠᠭ᠋ᠠᠵᠠ᠎ᠳᠤ ᠬᠠᠮᠠᠭ᠋ᠠᠯᠠᠭᠳᠠᠨ᠎ᠠ᠃
    ᠲᠠᠪᠤᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠬᠢᠬᠦ᠎ᠳᠡᠭᠡᠨ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠣᠷᠣᠯᠴᠠᠬᠤ ᠬᠡᠷᠡᠭᠲᠡᠢ ᠪᠥᠭᠡᠳ ᠵᠥᠪᠬᠡᠨ ᠨᠢᠭᠡ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠲᠤᠬᠠᠢ᠌ᠯᠠᠭᠰᠠᠨ ᠠᠵᠢᠯ᠎ᠢ ᠡᠷᠬᠢᠯᠡᠵᠦ ᠪᠣᠯᠤᠨ᠎ᠠ᠃
    ᠵᠢᠷᠭᠤᠳᠤᠭ᠋ᠠᠷ ᠵᠤᠷᠪᠤᠰ   ᠦᠨᠡᠯᠡᠨ ᠵᠢᠱ᠌ᠢᠬᠦ ᠠᠵᠢᠯ ᠲᠥᠷᠥᠯ᠎ᠨᠢ ᠲᠤᠰᠬᠠᠢ ᠠᠵᠢᠯ᠎ᠤᠨ ᠬᠦᠷᠢᠶᠡᠨ᠎ᠤ ᠶᠣᠰᠣᠭ᠋ᠠᠷ ᠠᠵᠢᠯ ᠲᠥᠷᠥᠯ᠎ᠤᠨ ᠨᠡᠢ᠌ᠭᠡᠮᠯᠢᠭ ᠪᠠᠢ᠌ᠭᠤᠯᠵᠤ᠂ ᠪᠡᠶ᠎ᠡ᠎ᠪᠠᠨ ᠪᠠᠷᠢᠬᠤ ᠬᠠᠮᠢᠶᠠᠷᠤᠯᠲᠠ ᠵᠢ ᠬᠡᠷᠡᠭᠵᠢᠭᠦᠯᠬᠦ ᠵᠢᠨ ᠬᠠᠮᠲᠤ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠯᠲᠠ ᠲᠠᠯᠪᠢᠯᠲᠠ ᠪᠣᠯᠤᠨ ᠨᠡᠢ᠌ᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠨ ᠠᠪᠬᠤ ᠬᠡᠷᠡᠭᠲᠡᠢ᠃
    ᠳᠣᠯᠣᠳᠤᠭ᠋ᠠᠷ ᠵᠤᠷᠪᠤᠰ   ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠶᠣᠰᠣᠭ᠋ᠠᠷ ᠠᠵᠢᠯ᠎ᠤᠨ ᠬᠤᠪᠢᠶᠠᠷᠢᠯᠠᠯ   ᠬᠢᠵᠦ᠂ ᠦᠨᠡᠯᠡᠨ ᠵᠢᠱ᠌ᠢᠬᠦ ᠠᠵᠢᠯ ᠲᠥᠷᠥᠯ᠎ᠳᠤ ᠬᠢᠨᠠᠯᠲᠠ ᠲᠠᠯᠪᠢᠵᠤ ᠬᠠᠮᠢᠶᠠᠷᠤᠨ᠎ᠠ᠃
    ᠲᠣᠭᠣᠷᠢᠭ᠎ᠲᠠᠢ ᠬᠣᠲᠠ ᠵᠢᠨ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠦᠨᠡᠯᠡᠨ ᠵᠢᠱ᠌ᠢᠬᠦ ᠠᠵᠢᠯ ᠲᠥᠷᠥᠯ᠎ᠳᠤ ᠬᠢᠨᠠᠯᠲᠠ ᠲᠠᠯᠪᠢᠵᠤ ᠬᠠᠮᠢᠶᠠᠷᠤᠨ᠎ᠠ᠃
    ᠬᠣᠶᠠᠳᠤᠭ᠋ᠠᠷ ᠪᠦᠯᠦᠭ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ
    ᠨᠠᠢ᠍ᠮᠠᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠳᠤ ᠦᠨᠡᠯᠡᠨ ᠵᠢᠱ᠌ᠢᠭᠴᠢ ᠪᠣᠯᠤᠨ ᠪᠤᠰᠤᠳ ᠦᠨᠡᠯᠡᠨ ᠵᠢᠱ᠌ᠢᠬᠦ ᠲᠤᠰᠬᠠᠢ ᠮᠡᠷᠭᠡᠵᠢᠯ᠎ᠤᠨ ᠮᠡᠳᠡᠯᠭᠡ ᠬᠢᠭᠡᠳ ᠦᠢ᠍ᠯᠡᠳᠦᠯᠭᠡ ᠵᠢᠨ ᠲᠤᠷᠰᠢᠯᠭ᠎ᠠ᠎ᠲᠠᠢ ᠦᠨᠡᠯᠡᠨ ᠵᠢᠱ᠌ᠢᠬᠦ ᠠᠵᠢᠯ ᠡᠷᠬᠢᠯᠡᠭᠴᠢᠳ ᠪᠠᠭᠲᠠᠨ᠎ᠠ᠃
ᠦᠨᠡᠯᠡᠨ ᠵᠢᠱ᠌ᠢᠭᠴᠢ ᠭᠡᠳᠡᠭ ᠪᠣᠯ ᠦᠨᠡᠯᠡᠨ ᠵᠢᠱ᠌ᠢᠭᠴᠢ ᠵᠢᠨ ᠬᠢᠷᠢ ᠭᠡᠮ᠎ᠤᠨ ᠰᠢᠯᠭ᠋ᠠᠯᠲᠠ ᠵᠢ ᠥᠩᠭᠡᠷᠡᠭᠦᠯᠦᠭᠰᠡᠨ ᠲᠤᠰᠬᠠᠢ ᠮᠡᠷᠭᠡᠵᠢᠯ᠎ᠤᠨ ᠠᠵᠢᠯᠲᠠᠨ᠎ᠢ ᠵᠢᠭ᠋ᠠᠵᠤ ᠪᠣᠢ᠃ ᠤᠯᠤᠰ᠎ᠠᠴᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ᠎ᠪᠠᠨ ᠦᠨᠳᠦᠰᠦᠯᠡᠨ ᠦᠨᠡᠯᠡᠨ ᠵᠢᠱ᠌ᠢᠭᠴᠢ ᠵᠢᠨ ᠲᠤᠰᠬᠠᠢ ᠮᠡᠷᠭᠡᠵᠢᠯ᠎ᠤᠨ ᠲᠥᠷᠥᠯ ᠵᠦᠢ᠍ᠯ᠎ᠢ ᠲᠣᠭᠲᠠᠭ᠋ᠠᠬᠤ ᠬᠡᠷᠡᠭᠲᠡᠢ᠃
    ᠶᠢᠰᠦᠳᠦᠭᠡᠷ ᠵᠤᠷᠪᠤᠰ   ᠪᠦᠬᠦ ᠤᠯᠤᠰ᠎ᠤᠨ ᠴᠢᠨᠠᠷᠲᠠᠢ ᠦᠨᠡᠯᠡᠨ ᠵᠢᠱ᠌ᠢᠬᠦ ᠬᠣᠯᠪᠣᠭᠳᠠᠯ ᠪᠦᠬᠦᠢ ᠠᠵᠢᠯ ᠲᠥᠷᠥᠯ᠎ᠤᠨ ᠨᠡᠢ᠌ᠭᠡᠮᠯᠢᠭ᠎ᠤᠳ ᠦᠨᠡᠯᠡᠨ ᠵᠢᠱ᠌ᠢᠭᠴᠢ ᠵᠢᠨ ᠬᠢᠷᠢ ᠭᠡᠮ᠎ᠤᠨ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢ ᠤᠯᠤᠰ᠎ᠤᠨ ᠲᠣᠭᠲᠠᠭ᠋ᠠᠯ ᠶᠣᠰᠣᠭ᠋ᠠᠷ ᠵᠣᠬᠢᠶᠠᠨ ᠪᠠᠢ᠌ᠭᠤᠯᠤᠨ ᠬ᠋ᠡᠷᠡᠭᠵᠢᠭᠦᠯᠬᠦ ᠬᠡᠷᠡᠭᠲᠡᠢ᠃
ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠩᠭᠢ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠠᠷᠠᠳ ᠢᠷᠭᠡᠨ᠂ ᠦᠨᠡᠯᠡᠨ ᠵᠢᠱ᠌ᠢᠭᠴᠢ ᠵᠢᠨ ᠬᠢᠷᠢ ᠬᠡᠮ᠎ᠤᠨ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠵᠤ ᠪᠣᠯᠤᠨ᠎ᠠ᠃
    ᠠᠷᠪᠠᠳᠤᠭ᠋ᠠᠷ ᠵᠤᠷᠪᠤᠰ   ᠪᠦᠬᠦ ᠤᠯᠤᠰ᠎ᠤᠨ ᠴᠢᠨᠠᠷᠲᠠᠢ ᠦᠨᠡᠯᠡᠨ ᠵᠢᠱ᠌ᠢᠬᠦ ᠬᠣᠯᠪᠣᠭᠳᠠᠯ ᠪᠦᠬᠦᠢ ᠠᠵᠢᠯ ᠲᠥᠷᠥᠯ᠎ᠤᠨ ᠨᠡᠢ᠌ᠭᠡᠮᠯᠢᠭ᠎ᠤᠳ ᠰᠦᠯᠵᠢᠶ᠎ᠡ᠎ᠪᠠᠷ ᠦᠨᠡᠯᠡᠨ ᠵᠢᠱ᠌ᠢᠭᠴᠢ ᠵᠢᠨ ᠨᠡᠷᠡᠰ᠎ᠢ ᠨᠡᠢ᠌ᠲᠡᠯᠡᠬᠦ ᠵᠢᠨ ᠬᠠᠮᠲᠤ᠂ ᠴᠠᠭ ᠲᠤᠬᠠᠢ᠎ᠳᠤᠨᠢ ᠰᠢᠨᠡᠳᠬᠡᠬᠦ ᠬᠡᠷᠡᠭᠲᠡᠢ᠃
    ᠠᠷᠪᠠᠨ ᠨᠢᠭᠡᠳᠦᠭᠡᠷ ᠵᠤᠷᠪᠤᠰ   ᠵᠣᠷᠢᠭᠤᠳᠠ ᠶᠠᠯ᠎ᠠ ᠬᠢᠭᠰᠡᠨ ᠪᠤᠶᠤ ᠦᠨᠡᠯᠡᠨ ᠵᠢᠱ᠌ᠢᠬᠦ᠂ ᠡᠳ᠋᠎ᠤᠨ ᠶᠠᠪᠤᠳᠠᠯ᠂ ᠨᠢᠭᠲᠠᠯᠠᠨ ᠪᠣᠳᠣᠬᠤ᠂ ᠨᠢᠭᠲᠠᠯᠠᠨ ᠪᠠᠢ᠌ᠴᠠᠭ᠋ᠠᠬᠤ ᠠᠵᠢᠯᠯᠠᠭ᠎ᠠ ᠬᠢᠬᠦ ᠳᠤᠮᠳᠠ ᠡᠨᠳᠡᠯ᠎ᠠᠴᠠ ᠪᠣᠯᠵᠤ ᠶᠠᠯ᠎ᠠ ᠬᠢᠭᠰᠡᠨ᠎ᠠᠴᠠ ᠡᠷᠡᠭᠦᠦ ᠰᠢᠢ᠍ᠳᠬᠡᠯ ᠣᠯᠵᠤ᠂ ᠣᠯᠤᠭᠰᠠᠨ ᠡᠳᠦᠷ᠎ᠠᠴᠠ ᠡᠬᠢᠯᠡᠨ ᠲᠠᠪᠤᠨ ᠵᠢᠯ ᠪᠣᠯᠤᠭ᠎ᠠ ᠦᠭᠡᠢ ᠬᠥᠮᠦᠰ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠬᠢᠵᠦ ᠪᠣᠯᠬᠤ ᠦᠭᠡᠢ᠃
ᠠᠷᠪᠠᠨ ᠬᠣᠶᠠᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯᠲᠠᠨ ᠳᠣᠣᠷ᠎ᠠ ᠵᠢᠭᠰᠠᠭ᠋ᠠᠭᠰᠠᠨ ᠡᠷᠬᠡ᠎ᠨᠦᠭᠦᠳ ᠵᠢ ᠡᠳ᠋ᠯᠡᠨ᠎ᠡ᠄
    ᠨᠢᠭᠡ᠂ ᠨᠠᠢ᠌ᠳᠠᠭᠴᠢ᠎ᠠᠴᠠ ᠬᠠᠮᠢᠶ᠎ᠠ ᠪᠦᠬᠦᠢ ᠡᠷᠬᠡ ᠵᠢᠨ ᠬᠠᠷᠢᠶᠠᠯᠠᠯ᠎ᠤᠨ ᠭᠡᠷᠡᠴᠢ᠂ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠯᠲᠠ ᠵᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ ᠬᠠᠩᠭ᠋ᠠᠬᠤ ᠵᠢᠴᠢ ᠠᠯᠪᠠᠨ ᠶᠠᠪᠤᠳᠠᠯ᠎ᠢ ᠭᠦᠢ᠍ᠴᠡᠳᠬᠡᠬᠦ᠎ᠳᠤ ᠬᠡᠷᠡᠭᠰᠡᠬᠦ ᠴᠢᠬᠤᠯᠠ ᠪᠦᠬᠦᠢ ᠬᠠᠪᠰᠤᠷᠤᠯᠲᠠ;
    ᠬᠣᠶᠠᠷ᠂ ᠬᠣᠯᠪᠣᠭᠳᠠᠯ ᠪᠦᠬᠦᠢ ᠲᠥᠷᠥ ᠵᠢᠨ ᠪᠠᠢ᠌ᠭᠤᠯᠤᠯᠭ᠎ᠠ ᠪᠤᠶᠤ ᠪᠤᠰᠤᠳ ᠵᠣᠬᠢᠶᠠᠨ ᠪᠠᠢ᠌ᠭᠤᠯᠤᠯᠲᠠ᠎ᠠᠴᠠ ᠲᠤᠬᠠᠢ᠌ᠯᠠᠭᠰᠠᠨ ᠠᠵᠢᠯ ᠡᠷᠬᠢᠯᠡᠬᠦ᠎ᠳᠤ ᠬᠡᠷᠡᠭᠰᠡᠬᠦ ᠪᠢᠴᠢᠭ ᠮᠠᠲ᠋ᠤᠷᠢᠶᠠᠯ᠂ ᠭᠡᠷᠡᠴᠢ ᠪᠣᠯᠤᠨ ᠮᠠᠲ᠋ᠧᠷᠢᠶᠠᠯ᠎ᠢ ᠬᠠᠤᠯᠢ ᠶᠣᠰᠣᠭ᠋ᠠᠷ ᠪᠠᠢ᠌ᠴᠠᠭ᠋ᠠᠨ ᠦᠵᠡᠬᠦ;
    ᠭᠤᠷᠪᠠ᠂ ᠨᠠᠢ᠌ᠳᠠᠭᠴᠢ ᠪᠤᠶᠤ ᠪᠤᠰᠤᠳ ᠵᠣᠬᠢᠶᠠᠨ ᠪᠠᠢ᠌ᠭᠤᠯᠤᠯᠲᠠ᠂ ᠬᠤᠪᠢ ᠬᠥᠮᠦᠨ᠎ᠤ ᠦᠨᠡᠯᠡᠨ ᠵᠢᠱ᠌ᠢᠬᠦ ᠦᠢ᠍ᠯᠡ ᠠᠵᠢᠯᠯᠠᠭ᠎ᠠ ᠪᠠ ᠦᠨᠡᠯᠡᠨ ᠵᠢᠱ᠌ᠢᠬᠦ ᠦᠷ᠎ᠡ ᠳ᠋ᠦᠩ᠎ᠲᠤ ᠬᠠᠤᠯᠢ ᠪᠤᠰᠤ᠎ᠪᠠᠷ ᠭᠠᠷ ᠲᠦᠷᠢᠬᠦ ᠵᠢ ᠲᠡᠪᠴᠢᠬᠦ;
    ᠳᠥᠷᠪᠡ᠂ ᠦᠨᠡᠯᠡᠨ ᠵᠢᠱ᠌ᠢᠬᠦ ᠮᠡᠳᠡᠭᠦᠯᠦᠯᠲᠡ᠎ᠳᠤ ᠬᠠᠤᠯᠢ ᠶᠣᠰᠣᠭ᠋ᠠᠷ ᠭᠠᠷ᠎ᠤᠨ ᠦᠰᠦᠭ ᠵᠢᠷᠤᠬᠤ;
    ᠲᠠᠪᠤ  ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠷᠬᠡ᠎ᠨᠦᠭᠦᠳ᠃
    ᠠᠷᠪᠠᠨ ᠭᠤᠷᠪᠠᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯᠲᠠᠨ ᠳᠣᠣᠷ᠎ᠠ ᠵᠢᠭᠰᠠᠭ᠋ᠠᠭᠰᠠᠨ ᠡᠭᠦᠷᠭᠡ ᠵᠢ ᠭᠦᠢ᠍ᠴᠡᠳᠬᠡᠬᠦ ᠬᠡᠷᠡᠭᠲᠡᠢ᠄
    ᠨᠢᠭᠡ᠂ ᠦᠨᠡᠨᠴᠢ ᠢᠲᠡᠭᠡᠮᠵᠢᠲᠡᠢ ᠪᠠᠢ᠌ᠵᠤ᠂ ᠬᠠᠤᠯᠢ ᠶᠣᠰᠣᠭ᠋ᠠᠷ ᠪᠡᠶ᠎ᠡ᠎ᠪᠠᠨ ᠳᠠᠭ᠋ᠠᠭ᠋ᠠᠵᠤ᠂ ᠪᠤᠰᠤᠳᠴᠢ᠂ ᠲᠥᠪ ᠭᠣᠣᠯᠴᠢ᠎ᠪᠠᠷ ᠲᠤᠬᠠᠢ᠌ᠯᠠᠭᠰᠠᠨ ᠠᠵᠢᠯ ᠵᠶ᠋ᠠᠨ ᠬᠢᠬᠦ;
    ᠬᠣᠶᠠᠷ᠂ ᠦᠨᠡᠯᠡᠨ ᠵᠢᠱ᠌ᠢᠬᠦ ᠪᠠᠷᠢᠮᠵᠢᠶ᠎ᠠ ᠵᠢ ᠵᠢᠷᠤᠮᠯᠠᠵᠤ᠂ ᠪᠠᠢ᠌ᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠪᠡᠶ᠎ᠡ᠎ᠪᠠᠨ ᠲ᠋ᠠᠭ᠋ᠠᠭ᠋ᠠᠵᠤ ᠵᠠᠳᠠᠯᠤᠨ ᠵᠢᠱ᠌ᠢᠵᠦ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ ᠲᠤᠬᠠᠢ᠌ᠯᠠᠭᠰᠠᠨ ᠠᠵᠢᠯ ᠵᠶ᠋ᠠᠨ ᠭ᠋ᠦᠢ᠍ᠴᠡᠳᠬᠡᠬᠦ;
    ᠭᠤᠷᠪᠠ᠂ ᠲᠣᠭᠲᠠᠭ᠋ᠠᠭᠰᠠᠨ ᠦᠷᠭᠦᠯᠵᠢᠯᠡᠭᠰᠡᠨ ᠰᠤᠷᠭ᠋ᠠᠨ ᠬᠦᠮᠦᠵᠢᠯ᠎ᠢ ᠪᠡᠶᠡᠯᠡᠭᠦᠯᠵᠦ᠂ ᠲᠤᠰᠬᠠᠢ ᠮᠡᠷᠭᠡᠵᠢᠯ᠎ᠤᠨ ᠴᠢᠳᠠᠪᠤᠷᠢ᠎ᠪᠠᠨ ᠪᠠᠲᠤᠯᠠᠬᠤ ᠪᠠ ᠳᠡᠭᠡᠭᠰᠢᠯᠡᠭᠦᠯᠬᠦ;
    ᠳᠥᠷᠪᠡ᠂   ᠦᠨᠡᠯᠡᠨ ᠵᠢᠱ᠌ᠢᠬᠦ ᠠᠵᠢᠯᠯᠠᠭ᠎ᠠ ᠵᠢᠨ ᠳᠤᠮᠳᠠ ᠬᠡᠷᠡᠭᠯᠡᠬᠦ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠪᠣᠯᠤᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠎ᠢ ᠬᠢᠨᠠᠨ ᠪᠠᠢ᠌ᠴᠠᠭ᠋ᠠᠬᠤ ᠪᠠ ᠰᠢᠯᠭ᠋ᠠᠨ ᠪᠠᠲᠤᠯᠠᠬᠤ;
    ᠲᠠᠪᠤ  ᠂ ᠦᠨᠡᠯᠡᠨ ᠵᠢᠱ᠌ᠢᠬᠦ ᠠᠵᠢᠯᠯᠠᠭ᠎ᠠ ᠵᠢᠨ ᠳᠤᠮᠳᠠ ᠣᠯᠵᠤ ᠮᠡᠳᠡᠭᠰᠡᠨ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠦᠨ᠎ᠤ ᠨᠢᠭᠤᠴᠠ ᠵᠢ ᠬᠠᠮᠠᠭ᠋ᠠᠯᠠᠬᠤ ᠬᠡᠷᠡᠭᠲᠡᠢ;
    ᠵᠢᠷᠭᠤᠭ᠎ᠠ᠂ ᠨᠠᠢ᠌ᠳᠠᠭᠴᠢ ᠪᠤᠶᠤ ᠪᠤᠰᠤᠳ ᠬᠣᠯᠪᠣᠭᠳᠠᠯ ᠪᠦᠬᠦᠢ ᠲᠤᠬᠠᠢ ᠵᠢᠨ ᠬᠥᠮᠦᠨ ᠵᠢᠴᠢ ᠦᠨᠡᠯᠡᠨ ᠵᠢᠱ᠌ᠢᠬᠦ ᠡᠲᠡᠭᠡᠳ᠎ᠲᠠᠢ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠪᠠᠯ ᠵᠠᠢ᠌ᠯᠠᠬᠤ ᠬᠡᠷᠡᠭᠲᠡᠢ;
    ᠳᠤᠯᠤᠭ᠎ᠠ᠂ ᠠᠵᠢᠯ ᠲᠥᠷᠥᠯ᠎ᠤᠨ ᠨᠡᠢ᠌ᠭᠡᠮᠯᠢᠭ᠎ᠤᠨ ᠪᠡᠶ᠎ᠡ᠎ᠪᠠᠨ ᠪᠠᠷᠢᠬᠤ ᠬᠠᠮᠢᠶᠠᠷᠤᠯᠲᠠ ᠵᠢ ᠬᠦᠯᠢᠶᠡᠨ ᠠᠪᠴᠤ ᠠᠵᠢᠯ ᠲᠥᠷᠥᠯ᠎ᠤᠨ ᠨᠡᠢ᠌ᠭᠡᠮᠯᠢᠭ᠎ᠤᠨ ᠳᠦᠷᠢᠮ᠎ᠳᠤ ᠲᠣᠭᠲᠠᠭ᠋ᠠᠭᠰᠠᠨ ᠡᠭᠦᠷᠭᠡ ᠵᠢ ᠭᠦᠢ᠍ᠴᠡᠳᠬᠡᠨ᠎ᠡ;
    ᠨᠠᠢ᠍ᠮᠠ᠂   ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ᠃
    ᠠᠷᠪᠠᠨ ᠳᠥᠷᠪᠡᠳᠦᠭᠡᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠳ ᠳᠣᠣᠷᠠᠬᠢ ᠦᠢ᠍ᠯᠡ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ᠄
    ᠨᠢᠭᠡ  ᠂ ᠬᠤᠪᠢ᠎ᠪᠠᠷ ᠵᠶ᠋ᠠᠨ ᠨᠠᠢ᠌ᠳᠠᠯᠭ᠎ᠠ ᠵᠢ ᠬᠦᠯᠢᠶᠡᠨ ᠠᠪᠴᠦ᠂ ᠲᠤᠬᠠᠢ᠌ᠯᠠᠭᠰᠠᠨ ᠠᠵᠢᠯ ᠬᠢᠵᠦ ᠰᠦᠢ᠍ᠳᠬᠡᠯ ᠬᠤᠷᠢᠶᠠᠬᠤ;
    ᠬᠣᠶᠠᠷ  ᠂ ᠬᠣᠶᠠᠷ᠎ᠠᠴᠠ ᠳᠡᠭᠡᠭᠰᠢ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠬᠠᠮᠲᠤ᠎ᠳᠤᠨᠢ ᠠᠵᠢᠯ ᠬᠢᠬᠦ  ;
    ᠭᠤᠷᠪᠠ᠂   ᠪᠤᠰᠤᠳ ᠦᠨᠡᠯᠡᠨ ᠵᠢᠱ᠌ᠢᠬᠦ ᠲᠤᠰᠬᠠᠢ ᠮᠡᠷᠭᠡᠵᠢᠯ᠎ᠤᠨ ᠠᠵᠢᠯᠲᠠᠨ᠎ᠢ ᠮᠡᠬᠡᠯᠡᠬᠦ᠂ ᠠᠰᠢᠭ ᠵᠶ᠋ᠠᠷ ᠲᠠᠲᠠᠬᠤ᠂ ᠠᠯᠪᠠᠲᠠᠨ ᠰᠦᠷᠳᠡᠭᠦᠯᠬᠦ ᠪᠤᠶᠤ ᠮᠠᠭᠤᠯᠠᠬᠤ᠂ ᠮᠠᠭᠤᠰᠢᠶᠠᠬᠤ ᠵᠡᠷᠭᠡ ᠵᠦᠢ ᠪᠤᠰᠤ ᠠᠷᠭ᠎ᠠ ᠪᠠᠷᠢᠯ ᠵᠶ᠋ᠠᠷ ᠲᠤᠬᠠᠢ᠌ᠯᠠᠭᠰᠠᠨ ᠠᠵᠢᠯ ᠲᠠᠲᠠᠬᠤ;
    ᠳᠥᠷᠪᠡ᠂ ᠪᠤᠰᠤᠳ ᠬᠥᠮᠦᠨ᠎ᠤ ᠥᠪᠡᠷ᠎ᠤᠨ ᠨᠡᠷ᠎ᠡ᠎ᠪᠠᠷ ᠲᠤᠬᠠᠢ᠌ᠯᠠᠭᠰᠠᠨ ᠠᠵᠢᠯ ᠡᠷᠬᠢᠯᠡᠬᠦ ᠪᠤᠶᠤ ᠪᠤᠰᠤᠳ᠎ᠤᠨ ᠨᠡᠷ᠎ᠡ᠎ᠪᠠᠷ ᠲᠤᠬᠠᠢ᠌ᠯᠠᠭᠰᠠᠨ ᠠᠵᠢᠯ ᠬᠢᠬᠦ ᠵᠢ ᠵᠥᠪᠰᠢᠶᠡᠷᠡᠬᠦ;
    ᠲᠠᠪᠤ᠂ ᠲᠤᠰ ᠬᠥᠮᠦᠨ᠎ᠤ ᠳᠠᠭ᠋ᠠᠭ᠋ᠠᠴᠢᠯᠠᠨ ᠡᠷᠬᠢᠯᠡᠭᠰᠡᠨ ᠦᠭᠡᠢ ᠲᠤᠬᠠᠢ᠌ᠯᠠᠭᠰᠠᠨ ᠠᠵᠢᠯ᠎ᠤᠨ ᠦᠨᠡᠯᠡᠨ ᠵᠢᠱ᠌ᠢᠬᠦ ᠮᠡᠳᠡᠭᠦᠯᠦᠯᠲᠡ᠎ᠳᠤ ᠭᠠᠷ᠎ᠤᠨ ᠦᠰᠦᠭ ᠵᠢᠷᠤᠬᠤ;
    ᠵᠢᠷᠭᠤᠭ᠎ᠠ᠂ ᠭᠡᠷ᠎ᠡ᠎ᠳᠤ ᠪᠣᠯᠵᠣᠨ ᠲᠣᠭᠲᠠᠭ᠋ᠠᠭᠰᠠᠨ᠎ᠠᠴᠠ ᠭᠠᠳᠠᠨᠠᠬᠢ ᠬᠥᠯᠥᠰᠥᠨ ᠮᠥᠩᠭᠥ᠂ ᠡᠳ᠋ ᠪᠣᠳᠠᠰ᠎ᠢ ᠨᠡᠬᠡᠨ ᠠᠪᠬᠤ᠂ ᠬᠦᠯᠢᠶᠡᠨ ᠠᠪᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠠᠪᠬᠤ᠂ ᠬᠦᠯᠢᠶᠡᠨ ᠠᠪᠬᠤ᠂ ᠡᠰᠡᠬᠦᠯ᠎ᠡ ᠪᠤᠰᠤᠳ ᠵᠦᠢ ᠪᠤᠰᠤ ᠠᠰᠢᠭ ᠲᠤᠰᠠ ᠣᠯᠬᠤ;
    ᠳᠤᠯᠤᠭ᠎ᠠ᠂ ᠬᠤᠳᠠᠯ ᠬᠠᠭᠤᠷᠮᠠᠭ ᠦᠨᠡᠯᠡᠨ ᠵᠢᠱ᠌ᠢᠬᠦ ᠮᠡᠳᠡᠭᠦᠯᠦᠯᠲᠡ ᠪᠤᠶᠤ ᠴᠢᠬᠤᠯᠠ ᠶᠡᠬᠡ ᠣᠷᠬᠢᠭᠳᠠᠭᠤᠯᠤᠯ᠎ᠲᠠᠢ   ᠦᠨᠡᠯᠡᠨ ᠵᠢᠱ᠌ᠢᠬᠦ ᠮᠡᠳᠡᠭᠦᠯᠦᠯᠲᠡ ᠳᠡᠭᠡᠷ᠎ᠡ ᠭᠠᠷ᠎ᠤᠨ ᠦᠰᠦᠭ ᠵᠢᠷᠤᠬᠤ;
ᠨᠠᠢ᠍ᠮᠠ᠂   ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠵᠥᠷᠢᠴᠡᠭᠰᠡᠨ ᠪᠤᠰᠤᠳ ᠠᠵᠢᠯᠯᠠᠭ᠎ᠠ᠃
    ᠭᠤᠷᠪᠠᠳᠤᠭ᠋ᠠᠷ ᠪᠦᠯᠦᠭ   ᠦᠨᠡᠯᠡᠨ ᠵᠢᠱ᠌ᠢᠬᠦ ᠪᠠᠢ᠌ᠭᠤᠯᠤᠮᠵᠢ
    ᠠᠷᠪᠠᠨ ᠲᠠᠪᠤᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠬᠠᠤᠯᠢ ᠶᠣᠰᠣᠭ᠋ᠠᠷ ᠬᠣᠷᠰᠢᠬᠤ ᠪᠤᠶᠤ ᠺᠣᠮᠫᠠᠨᠢ ᠵᠢᠨ ᠬᠡᠯᠪᠡᠷᠢ᠎ᠪᠠᠷ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠢ ᠤᠷᠢᠵᠤ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠥᠷᠨᠢᠭᠦᠯᠬᠦ ᠬᠡᠷᠡᠭᠲᠡᠢ᠃
    ᠬᠣᠷᠰᠢᠬᠤ ᠬᠡᠯᠪᠡᠷᠢ ᠪᠦᠬᠦᠢ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠬᠣᠶᠠᠷ᠎ᠠᠴᠠ ᠳᠡᠭᠡᠭᠰᠢ ᠦᠨᠡᠯᠡᠨ ᠵᠢᠱ᠌ᠢᠭᠴᠢ᠎ᠲᠠᠢ   ᠪᠠᠢ᠌ᠬᠤ ᠬᠡᠷᠡᠭᠲᠡᠢ᠃ ᠲᠡᠭᠦᠨ᠎ᠤ ᠬᠣᠷᠰᠢᠭᠴᠢ ᠵᠢᠨ ᠭᠤᠷᠪᠠᠨ᠎ᠤ ᠬᠣᠶᠠᠷ᠎ᠠᠴᠠ ᠳᠡᠭᠡᠭᠰᠢ᠎ᠨᠢ ᠭᠤᠷᠪᠠᠨ ᠵᠢᠯ᠎ᠠᠴᠠ ᠳᠡᠭᠡᠭᠰᠢ ᠠᠵᠢᠯᠯᠠᠭᠰᠠᠨ ᠥᠩᠭᠡᠷᠡᠯᠲᠡ᠎ᠲᠠᠢ ᠪᠥᠭᠡᠳ ᠣᠢ᠌ᠷ᠎ᠠ ᠵᠢᠨ ᠭᠤᠷᠪᠠᠨ ᠵᠢᠯ᠎ᠤᠨ ᠳᠣᠲᠣᠷ᠎ᠠ ᠠᠵᠢᠯ ᠡᠷᠬᠢᠯᠡᠬᠦ ᠵᠢ᠎ᠨᠢ ᠵᠣᠭᠰᠣᠭ᠋ᠠᠭᠰᠠᠨ ᠦᠭᠡᠢ ᠦᠨᠡᠯᠡᠨ ᠵᠢᠱ᠌ᠢᠭᠴᠢ   ᠪᠠᠢ᠌ᠬᠤ ᠬᠡᠷᠡᠭᠲᠡᠢ᠃
    ᠺᠤᠮᠫᠠᠨᠢ ᠵᠢᠨ ᠬᠡᠯᠪᠡᠷᠢ ᠮᠠᠶᠢᠭ᠎ᠤᠨ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠨᠠᠢ᠍ᠮᠠᠨ ᠨᠡᠷᠡᠰ᠎ᠠᠴᠠ ᠳᠡᠭᠡᠭᠰᠢ ᠦᠨᠡᠯᠡᠨ ᠵᠢᠱ᠌ᠢᠭᠴᠢ ᠪᠠ ᠬᠣᠶᠠᠷ᠎ᠠᠴᠠ ᠳᠡᠭᠡᠭᠰᠢ ᠬᠤᠪᠢ ᠣᠷᠣᠭᠤᠯᠤᠭᠴᠢᠳ᠎ᠤᠨ ᠳᠣᠲᠣᠷᠠᠬᠢ ᠭᠤᠷᠪᠠᠨ᠎ᠤ ᠬᠣᠶᠠᠷ᠎ᠠᠴᠠ ᠳᠡᠭᠡᠭᠰᠢᠬᠢ ᠬᠤᠪᠢ ᠣᠷᠣᠭᠤᠯᠤᠭᠴᠢ᠎ᠨᠢ ᠭᠤᠷᠪᠠᠨ ᠵᠢᠯ᠎ᠠᠴᠠ ᠳᠡᠭᠡᠭᠰᠢ ᠠᠵᠢᠯ ᠡᠷᠬᠢᠯᠡᠭᠰᠡᠨ ᠥᠩᠭᠡᠷᠡᠯᠲᠡ᠎ᠲᠠᠢ ᠪᠥᠭᠡᠳ ᠣᠢ᠌ᠷ᠎ᠠ ᠵᠢᠨ ᠭᠤᠷᠪᠠᠨ ᠵᠢᠯ᠎ᠤᠨ ᠳᠣᠲᠣᠷ᠎ᠠ ᠠᠵᠢᠯ ᠡᠷᠬᠢᠯᠡᠬᠦ ᠵᠢ᠎ᠨᠢ ᠵᠣᠭᠰᠣᠭ᠋ᠠᠭᠰᠠᠨ ᠦᠭᠡᠢ ᠦᠨᠡᠯᠡᠨ ᠵᠢᠱ᠌ᠢᠭᠴᠢ   ᠪᠠᠢ᠌ᠬᠤ ᠬᠡᠷᠡᠭᠲᠡᠢ᠃
    ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠣᠷᠰᠢᠭᠴᠢ ᠪᠤᠶᠤ ᠬᠤᠪᠢ ᠣᠷᠣᠭᠤᠯᠤᠭᠴᠢᠳ᠎ᠨᠢ ᠬᠣᠶᠠᠷ ᠨᠡᠷᠡᠰ ᠪᠠᠢ᠌ᠬᠤ᠎ᠨᠢ  ᠂ ᠬᠣᠶᠠᠷ ᠬᠣᠷᠰᠢᠭᠴᠢ ᠪᠤᠶᠤ ᠬᠤᠪᠢ ᠣᠷᠣᠭᠤᠯᠤᠭᠴᠢᠳ᠎ᠨᠢ ᠴᠥᠮ ᠭᠤᠷᠪᠠᠨ ᠵᠢᠯ᠎ᠠᠴᠠ ᠳᠡᠭᠡᠭᠰᠢ ᠠᠵᠢᠯ ᠡᠷᠬᠢᠯᠡᠭᠰᠡᠨ ᠥᠩᠭᠡᠷᠡᠯᠲᠡ᠎ᠲᠠᠢ ᠪᠥᠭᠡᠳ ᠣᠢ᠌ᠷ᠎ᠠ ᠵᠢᠨ ᠭᠤᠷᠪᠠᠨ ᠵᠢᠯ᠎ᠤᠨ ᠳᠣᠲᠣᠷ᠎ᠠ ᠠᠵᠢᠯ ᠡᠷᠬᠢᠯᠡᠬᠦ ᠵᠢ᠎ᠨᠢ ᠵᠣᠭᠰᠣᠭ᠋ᠠᠭᠰᠠᠨ ᠦᠭᠡᠢ ᠦᠨᠡᠯᠡᠨ ᠵᠢᠱ᠌ᠢᠭᠴᠢ   ᠪᠠᠢ᠌ᠬᠤ ᠬᠡᠷᠡᠭᠲᠡᠢ᠃
    ᠠᠷᠪᠠᠨ ᠵᠢᠷᠭᠤᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ ᠵᠢ ᠪᠠᠢ᠌ᠭᠤᠯᠬᠤ᠎ᠳᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠬᠤ ᠭᠤᠶᠤᠴᠢᠯᠠᠯ ᠭᠠᠷᠭ᠋ᠠᠬᠤ ᠬᠡᠷᠡᠭᠲᠡᠢ᠃ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠡᠵᠡᠩᠨᠡᠯᠲᠡ ᠵᠢᠨ ᠦᠨᠡᠮᠯᠡᠯ ᠣᠯᠤᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠢ᠃ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠳᠠᠩᠰᠠᠯᠠᠭᠤᠯᠤᠭᠰᠠᠨ   ᠪᠠᠢ᠌ᠳᠠᠯ᠎ᠢ ᠨᠡᠢ᠌ᠭᠡᠮ᠎ᠳᠤ ᠴᠠᠭ ᠲᠤᠬᠠᠢ᠎ᠳᠤᠨᠢ ᠨᠡᠢ᠌ᠲᠡᠯᠡᠬᠦ ᠬᠡᠷᠡᠭᠲᠡᠢ᠃
    ᠠᠷᠪᠠᠨ ᠳᠣᠯᠣᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠠᠤᠯᠢ ᠶᠣᠰᠣᠭ᠋ᠠᠷ ᠪᠡᠶ᠎ᠡ᠎ᠪᠠᠨ ᠳᠠᠭ᠋ᠠᠭ᠋ᠠᠵᠤ᠂ ᠪᠤᠰᠤᠳᠴᠢ᠂ ᠲᠥᠪ ᠭᠣᠣᠯᠴᠢ᠎ᠪᠠᠷ ᠲᠤᠬᠠᠢ᠌ᠯᠠᠭᠰᠠᠨ ᠠᠵᠢᠯ ᠵᠶ᠋ᠠᠨ ᠥᠷᠨᠢᠭᠦᠯᠵᠦ᠂ ᠶᠠᠰᠤ ᠴᠢᠨᠠᠷ᠎ᠢ ᠬᠢᠵᠠᠭ᠋ᠠᠷᠯᠠᠬᠤ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠦᠨᠡᠯᠡᠨ ᠵᠢᠱ᠌ᠢᠬᠦ ᠮᠡᠳᠡᠭᠦᠯᠦᠯᠲᠡ ᠵᠢᠨ ᠪᠤᠰᠤᠳᠴᠢ᠂ ᠦᠨᠡᠨ ᠪᠣᠳᠠᠲᠠᠢ᠂ ᠵᠦᠢ ᠶᠣᠰᠣᠲᠠᠢ ᠵᠢ ᠪᠠᠲᠤᠯᠠᠨ᠎ᠠ᠃
    ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠲ᠋ᠡᠭᠦᠯᠳᠡᠷᠵᠢᠭᠦᠯᠬᠦ ᠬᠡᠷᠡᠭᠲᠡᠢ ᠪᠥᠭᠡᠳ ᠲᠤᠰ ᠪᠠᠢ᠌ᠭᠤᠯᠤᠮᠵᠢ ᠵᠢᠨ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠦᠨᠡᠯᠡᠨ ᠵᠢᠱ᠌ᠢᠬᠦ ᠪᠠᠷᠢᠮᠵᠢᠶ᠎ᠠ ᠵᠢ ᠵᠢᠷᠤᠮᠯᠠᠭᠰᠠᠨ ᠪᠠᠢ᠌ᠳᠠᠯ᠎ᠳᠤ ᠬᠢᠨᠠᠯᠲᠠ ᠲᠠᠯᠪᠢᠬᠤ ᠵᠢᠨ ᠬᠠᠮᠲᠤ᠂ ᠲᠡᠭᠦᠨ᠎ᠤ ᠠᠵᠢᠯ ᠡᠷᠬᠢᠯᠡᠬᠦ ᠦᠢ᠍ᠯᠡ ᠠᠵᠢᠯᠯᠠᠭ᠎ᠠ᠎ᠳᠤ ᠬᠠᠷᠢᠭᠤᠴᠠᠬᠤ ᠬᠡᠷᠡᠭᠲᠡᠢ᠃
    ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠬᠠᠤᠯᠢ ᠶᠣᠰᠣᠭ᠋ᠠᠷ ᠬᠦᠯᠢᠶᠡᠨ ᠠᠪᠴᠤ᠂ ᠦᠨᠡᠯᠡᠨ ᠵᠢᠱ᠌ᠢᠬᠦ ᠳᠠᠩᠰᠠ ᠡᠪᠬᠡᠮᠡᠯ ᠵᠢᠴᠢ ᠬᠠᠮᠢᠶ᠎ᠠ ᠪᠦᠬᠦᠢ   ᠪᠠᠢ᠌ᠳᠠᠯ᠎ᠢ ᠦᠨᠡᠨ ᠪᠣᠳᠠᠲᠠᠢ᠎ᠪᠠᠷ ᠬᠠᠩᠭ᠋ᠠᠬᠤ ᠬᠡᠷᠡᠭᠲᠡᠢ᠃
    ᠠᠷᠪᠠᠨ ᠨᠠᠢ᠍ᠮᠠᠳᠤᠭ᠋ᠠᠷ ᠵᠤᠷᠪᠤᠰ   ᠨᠠᠢ᠌ᠳᠠᠭᠴᠢ᠎ᠨᠢ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ᠎ᠳᠤ ᠬᠡᠷᠡᠭᠰᠡᠬᠦ ᠡᠷᠬᠡ ᠵᠢᠨ ᠬᠠᠷᠢᠶᠠᠯᠠᠯ᠎ᠤᠨ ᠭᠡᠷᠡᠴᠢ᠂ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠯᠲᠠ ᠵᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ᠎ᠢ ᠬᠠᠩᠭ᠋ᠠᠬᠤ ᠵᠢ ᠲᠡᠪᠴᠢᠭᠰᠡᠨ ᠪᠤᠶᠤ ᠦᠨᠡᠨ ᠮᠥᠨ ᠵᠶ᠋ᠠᠷ᠎ᠨᠢ ᠬᠠᠩᠭ᠋ᠠᠬᠤ ᠦᠭᠡᠢ ᠪᠠᠢ᠌ᠪᠠᠯ᠂ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠭᠡᠷ᠎ᠡ ᠵᠢᠨ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠡᠪᠴᠢᠬᠦ ᠡᠷᠬᠡ᠎ᠲᠠᠢ᠃
    ᠠᠷᠪᠠ ᠶᠢᠰᠦᠳᠦᠭᠡᠷ ᠵᠤᠷᠪᠤᠰ   ᠨᠠᠢ᠌ᠳᠠᠭᠴᠢ᠎ᠨᠢ ᠬᠤᠳᠠᠯ ᠬᠠᠭᠤᠷᠮᠠᠭ ᠦᠨᠡᠯᠡᠨ ᠵᠢᠱ᠌ᠢᠬᠦ ᠮᠡᠳᠡᠭᠦᠯᠦᠯᠲᠡ ᠭᠠᠷᠭ᠋ᠠᠭᠤᠯᠬᠤ᠎ᠪᠠᠷ ᠱᠠᠭ᠋ᠠᠷᠳᠠᠬᠤ ᠪᠤᠶᠤ ᠪᠤᠰᠤᠳ ᠬᠠᠤᠯᠢ ᠪᠤᠰᠤ᠎ᠪᠠᠷ ᠦᠨᠡᠯᠡᠨ ᠵᠢᠱ᠌ᠢᠬᠦ ᠦᠷ᠎ᠡ ᠳ᠋ᠦᠩ᠎ᠤᠨ ᠪᠠᠢ᠌ᠳᠠᠯ᠎ᠲᠤ ᠭᠠᠷ ᠲᠥᠷᠥᠭᠰᠡᠨ ᠪᠣᠯ᠂ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠭᠡᠷ᠎ᠡ ᠵᠢ ᠴᠤᠴᠠᠯᠬᠤ ᠡᠷᠬᠡ᠎ᠲᠠᠢ᠃
    ᠬᠣᠷᠢᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠄
    ᠨᠢᠭᠡ  ᠂   ᠠᠵᠢᠯ᠎ᠤᠨ ᠳᠥᠭᠥᠮ ᠵᠶ᠋ᠠᠨ ᠠᠰᠢᠭᠯᠠᠨ ᠬᠡᠪ᠎ᠤᠨ ᠪᠤᠰᠤ ᠠᠰᠢᠭ ᠲᠤᠰᠠ ᠵᠢ ᠬᠥᠭᠡᠭᠡᠴᠡᠯᠳᠦᠬᠦ;
    ᠬᠤᠶᠠᠷ᠂ ᠪᠤᠰᠤᠳ ᠪᠠᠢ᠌ᠭᠤᠯᠤᠮᠵᠢ ᠵᠢᠨ ᠲᠤᠰ ᠪᠠᠢ᠌ᠭᠤᠯᠤᠮᠵᠢ ᠵᠢᠨ ᠨᠡᠷ᠎ᠡ᠎ᠪᠠᠷ ᠲᠤᠬᠠᠢ᠌ᠯᠠᠭᠰᠠᠨ ᠠᠵᠢᠯ ᠥᠷᠨᠢᠭᠦᠯᠬᠦ ᠪᠤᠶᠤ ᠪᠤᠰᠤᠳ ᠪᠠᠢ᠌ᠭᠤᠯᠤᠮᠵᠢ ᠵᠢᠨ ᠨᠡᠷ᠎ᠡ᠎ᠪᠠᠷ ᠲᠤᠬᠠᠢ᠌ᠯᠠᠭᠰᠠᠨ ᠠᠵᠢᠯ ᠥᠷᠨᠢᠭᠦᠯᠬᠦ ᠵᠢ ᠵᠦᠪᠰᠢᠶᠡᠷᠡᠬᠦ;
    ᠭᠤᠷᠪᠠ᠂ ᠮᠠᠭᠤ ᠴᠢᠨᠠᠷ ᠵᠶ᠋ᠠᠷ ᠦᠨ᠎ᠡ ᠵᠢ ᠳᠠᠷᠤᠬᠤ᠂ ᠬᠠᠷᠢᠭᠤ ᠬᠠᠷᠠᠮᠵᠢ ᠠᠪᠬᠤ᠂ ᠬᠤᠳᠠᠯ ᠬᠠᠭᠤᠷᠮᠠᠭ ᠵᠶ᠋ᠠᠷ ᠤᠬᠠᠭᠤᠯᠬᠤ ᠪᠤᠶᠤ ᠪᠤᠰᠤᠳ ᠦᠨᠡᠯᠡᠨ ᠵᠢᠱ᠌ᠢᠬᠦ ᠪᠠᠢ᠌ᠭᠤᠯᠤᠮᠵᠢ ᠵᠢ ᠮᠠᠭᠤᠯᠠᠬᠤ᠂ ᠮᠠᠭᠤᠰᠢᠶᠠᠬᠤ ᠵᠡᠷᠭᠡ ᠲᠥᠪ ᠪᠤᠰᠤ ᠠᠷᠭ᠎ᠠ ᠪᠠᠷᠢᠯ ᠵᠶ᠋ᠠᠷ ᠲᠤᠬᠠᠢ᠌ᠯᠠᠭᠰᠠᠨ ᠠᠵᠢᠯ ᠲᠠᠲᠠᠬᠤ;
    ᠳᠥᠷᠪᠡ᠂   ᠥᠪᠡᠷ᠎ᠲᠠᠢ᠎ᠪᠠᠨ ᠠᠰᠢᠭ ᠬᠣᠣᠷ᠎ᠤᠨ ᠬᠠᠷᠢᠴᠠᠭ᠎ᠠ᠎ᠲᠠᠢ ᠲᠤᠬᠠᠢ᠌ᠯᠠᠭᠰᠠᠨ ᠠᠵᠢᠯ᠎ᠢ ᠬᠦᠯᠢᠶᠡᠨ ᠠᠪᠴᠤ ᠰᠢᠢ᠍ᠳᠪᠦᠷᠢᠯᠡᠬᠦ;
    ᠲᠠᠪᠤ  ᠂   ᠠᠰᠢᠭ ᠲᠤᠰᠠ ᠵᠢᠨ ᠮᠥᠷᠭᠥᠯᠳᠦᠭᠡᠨ᠎ᠢ ᠬᠦᠯᠢᠶᠡᠨ ᠠᠪᠬᠤ ᠬᠣᠶᠠᠷ ᠡᠲᠡᠭᠡᠳ᠎ᠤᠨ ᠨᠠᠢ᠌ᠳᠠᠯᠭ᠎ᠠ ᠵᠢ ᠬᠦᠯᠢᠶᠡᠨ ᠠᠪᠴᠦ᠂ ᠠᠳᠠᠯᠢ ᠨᠢᠭᠡ   ᠦᠨᠡᠯᠡᠨ ᠵᠢᠱ᠌ᠢᠬᠦ ᠡᠲᠡᠭᠡᠳ᠎ᠲᠤ ᠦᠨᠡᠯᠡᠯᠲᠡ ᠬᠢᠬᠦ;
    ᠵᠢᠷᠭᠤᠭ᠎ᠠ᠂ ᠬᠤᠳᠠᠯ ᠬᠠᠭᠤᠷᠮᠠᠭ ᠦᠨᠡᠯᠡᠨ ᠵᠢᠱ᠌ᠢᠬᠦ ᠮᠡᠳᠡᠭᠦᠯᠦᠯᠲᠡ ᠪᠤᠶᠤ ᠴᠢᠬᠤᠯᠠ ᠶᠡᠬᠡ ᠣᠷᠬᠢᠭᠳᠠᠭᠤᠯᠤᠯ᠎ᠲᠠᠢ ᠦᠨᠡᠯᠡᠨ ᠵᠢᠱ᠌ᠢᠬᠦ ᠮᠡᠳᠡᠭᠦᠯᠦᠯᠲᠡ ᠬᠢᠬᠦ;
    ᠳᠤᠯᠤᠭ᠎ᠠ᠂ ᠲᠤᠰ ᠬᠠᠤᠯᠢ ᠵᠢᠨ ᠲᠣᠭᠲᠠᠭ᠋ᠠᠯ᠎ᠳᠤ ᠦᠯᠦ ᠨᠡᠢ᠌ᠴᠡᠬᠦ ᠬᠥᠮᠦᠨ᠎ᠢ ᠤᠷᠢᠵᠤ ᠬᠡᠷᠡᠭᠯᠡᠬᠦ ᠪᠤᠶᠤ ᠵᠢᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠬᠢᠯᠭᠡᠬᠦ;
    ᠨᠠᠢ᠍ᠮᠠ᠂   ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠵᠥᠷᠢᠴᠡᠭᠰᠡᠨ ᠪᠤᠰᠤᠳ ᠠᠵᠢᠯᠯᠠᠭ᠎ᠠ᠃
    ᠬᠣᠷᠢᠨ ᠨᠢᠭᠡᠳᠦᠭᠡᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠲᠤᠬᠠᠢ᠌ᠯᠠᠭᠰᠠᠨ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠲᠤᠬᠠᠢ᠌ᠯᠠᠭᠰᠠᠨ ᠠᠵᠢᠯ᠎ᠤᠨ ᠲᠦᠭᠰᠢᠭᠦᠷᠢ ᠵᠢᠨ ᠰᠠᠭᠤᠷᠢ ᠮᠥᠩᠭᠥ ᠪᠠᠢ᠌ᠭᠤᠯᠬᠤ ᠪᠤᠶᠤ ᠡᠷᠬᠢᠯᠡᠭᠰᠡᠨ ᠠᠵᠢᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠢ   ᠰᠠᠢ᠌ᠨ ᠳᠤᠷ᠎ᠠ᠎ᠠᠴᠠ᠎ᠪᠠᠨ ᠭᠦᠢ᠍ᠴᠡᠳᠬᠡᠵᠦ᠂ ᠲᠦᠭᠰᠢᠭᠦᠷᠢ ᠰᠡᠷᠭᠡᠢ᠌ᠯᠡᠬᠦ ᠲᠣᠭᠲᠠᠴᠠ ᠵᠢ ᠪᠠᠢ᠌ᠭᠤᠯᠬᠤ ᠬᠡᠷᠡᠭᠲᠡᠢ᠃
    ᠳᠥᠷᠪᠡᠳᠦᠭᠡᠷ ᠪᠦᠯᠦᠭ   ᠦᠨᠡᠯᠡᠨ ᠵᠢᠱ᠌ᠢᠬᠦ ᠳᠡᠰ ᠳᠠᠷᠠᠭ᠋ᠠᠯᠠᠯ
    ᠬᠣᠷᠢᠨ ᠬᠣᠶᠠᠳᠤᠭ᠋ᠠᠷ ᠵᠤᠷᠪᠤᠰ   ᠨᠠᠢ᠌ᠳᠠᠭᠴᠢ᠎ᠠᠴᠠ ᠲᠤᠰ ᠬᠠᠤᠯᠢ ᠵᠢᠨ ᠲᠣᠭᠲᠠᠭ᠋ᠠᠯ᠎ᠳᠤ ᠨᠡᠢ᠌ᠴᠡᠬᠦ ᠦᠨᠡᠯᠡᠨ ᠵᠢᠱ᠌ᠢᠬᠦ ᠪᠠᠢ᠌ᠭᠤᠯᠤᠮᠵᠢ ᠵᠢ ᠡᠵᠡᠨ ᠮᠡᠳᠡᠵᠦ ᠰᠣᠩᠭᠣᠬᠤ ᠡᠷᠬᠡ᠎ᠲᠠᠢ᠃ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠦᠨ᠎ᠠᠴᠠ ᠡᠵᠡᠨ ᠮᠡᠳᠡᠵᠦ ᠰᠣᠩᠭᠣᠬᠤ ᠪᠤᠶᠤ ᠲᠡᠭᠦᠨ᠎ᠳᠤ ᠭᠠᠷ ᠲᠥᠷᠥᠵᠦ ᠪᠣᠯᠬᠤ ᠦᠭᠡᠢ᠃
    ᠦᠨᠡᠯᠡᠨ ᠵᠢᠱ᠌ᠢᠬᠦ ᠵᠦᠢ᠍ᠯᠡᠰ᠎ᠨᠢ ᠬᠣᠶᠠᠷ᠎ᠠᠴᠠ ᠳᠡᠭᠡᠭᠰᠢ ᠲᠤᠬᠠᠢ ᠵᠢᠨ ᠬᠥᠮᠦᠨ᠎ᠳᠤ ᠬᠣᠯᠪᠣᠭᠳᠠᠵᠤ ᠪᠠᠢ᠌ᠪᠠᠯ᠂ ᠪᠦᠬᠦ ᠲᠤᠬᠠᠢ ᠵᠢᠨ ᠬᠥᠮᠦᠨ᠎ᠨᠢ ᠵᠥᠪᠳᠡᠯᠴᠡᠵᠦ ᠪᠠᠢ᠌ᠭ᠋ᠠᠳ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠨᠠᠢ᠌ᠳᠠᠵᠤ ᠪᠣᠯᠤᠨ᠎ᠠ᠃
    ᠬᠠᠤᠯᠢ᠎ᠪᠠᠷ ᠲᠣᠭᠲᠠᠭ᠋ᠠᠭᠰᠠᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠥᠷᠨᠢᠭᠦᠯᠬᠦ᠎ᠪᠠᠷ ᠨᠠᠢ᠌ᠳᠠᠬᠤ᠎ᠳᠤ ᠦᠨᠡᠯᠡᠨ ᠵᠢᠱ᠌ᠢᠬᠦ ᠪᠠᠢ᠌ᠭᠤᠯᠤᠮᠵᠢ ᠵᠢ ᠬᠠᠤᠯᠢ ᠶᠣᠰᠣᠭ᠋ᠠᠷ ᠰᠣᠩᠭᠣᠬᠤ ᠬᠡᠷᠡᠭᠲᠡᠢ᠃
    ᠬᠣᠷᠢᠨ ᠭᠤᠷᠪᠠᠳᠤᠭ᠋ᠠᠷ ᠵᠤᠷᠪᠤᠰ   ᠨᠠᠢ᠌ᠳᠠᠭᠴᠢ᠎ᠠᠴᠠ ᠦᠨᠡᠯᠡᠨ ᠵᠢᠱ᠌ᠢᠬᠦ ᠪᠠᠢ᠌ᠭᠤᠯᠤᠮᠵᠢ᠎ᠲᠠᠢ ᠨᠠᠢ᠌ᠳᠠᠯᠭ᠎ᠠ ᠵᠢᠨ ᠭᠡᠷ᠎ᠡ   ᠪᠠᠢ᠌ᠭᠤᠯᠵᠤ᠂ ᠬᠣᠶᠠᠷ ᠡᠲᠡᠭᠡᠳ᠎ᠤᠨ ᠡᠷᠬᠡ ᠡᠭᠦᠷᠭᠡ ᠵᠢ ᠪᠣᠯᠵᠣᠨ ᠲᠣᠭᠲᠠᠭ᠋ᠠᠬᠤ ᠬᠡᠷᠡᠭᠲᠡᠢ᠃
    ᠨᠠᠢ᠌ᠳᠠᠭᠴᠢ᠎ᠠᠴᠠ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ᠂ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠵᠠᠷᠤᠳᠠᠯ ᠰᠦᠢ᠍ᠳᠬᠡᠯ ᠲᠤᠰᠢᠶᠠᠬᠤ ᠬᠡᠷᠡᠭᠲᠡᠢ᠂ ᠵᠠᠷᠤᠳᠠᠯ ᠠᠪᠬᠤ ᠪᠤᠶᠤ ᠬᠡᠯᠪᠡᠷᠢ ᠵᠢ᠎ᠨᠢ ᠥᠭᠡᠷᠡᠳᠡᠭᠦᠯᠦᠨ ᠬᠢᠬᠠᠨ ᠠᠪᠴᠤ᠂ ᠬᠠᠷᠢᠭᠤ ᠬᠠᠷᠠᠮᠵᠢ ᠠᠪᠴᠤ ᠪᠣᠯᠬᠤ ᠦᠭᠡᠢ᠃
    ᠨᠠᠢ᠌ᠳᠠᠭᠴᠢ᠎ᠠᠴᠠ ᠲᠡᠭᠦᠨ᠎ᠤ ᠬᠠᠩᠭ᠋ᠠᠭᠰᠠᠨ ᠡᠷᠬᠡ ᠵᠢᠨ ᠬᠠᠷᠢᠶᠠᠯᠠᠯ᠎ᠤᠨ ᠭᠡᠷᠡᠴᠢ᠂ ᠡᠳ᠋᠎ᠤᠨ ᠶᠠᠪᠤᠳᠠᠯ᠎ᠤᠨ   ᠨᠢᠭᠲᠠᠯᠠᠨ ᠪᠣᠳᠣᠯᠲᠠ ᠵᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠬᠠᠤᠯᠢ ᠶᠣᠰᠣᠴᠢ ᠴᠢᠨᠠᠷ᠎ᠲᠤ ᠬᠠᠷᠢᠭᠤᠴᠠᠬᠤ ᠬᠡᠷᠡᠭᠲᠡᠢ᠃
    ᠬᠣᠷᠢᠨ ᠳᠥᠷᠪᠡᠳᠦᠭᠡᠷ ᠵᠤᠷᠪᠤᠰ   ᠬᠦᠯᠢᠶᠡᠨ ᠠᠪᠴᠤ ᠰᠢᠢ᠍ᠳᠪᠦᠷᠢᠯᠡᠬᠦ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠠᠳᠠᠭ᠎ᠲᠠᠭᠠᠨ ᠬᠣᠶᠠᠷ ᠦᠨᠡᠯᠡᠨ ᠵᠢᠱ᠌ᠢᠬᠦ ᠲᠤᠰᠬᠠᠢ ᠠᠵᠢᠯᠲᠠᠨ᠎ᠢ ᠵᠢᠭ᠋ᠠᠨ ᠲᠣᠭᠲᠠᠭ᠋ᠠᠵᠤ ᠳᠠᠭ᠋ᠠᠭ᠋ᠠᠨ ᠰᠢᠢ᠍ᠳᠪᠦᠷᠢᠯᠡᠭᠦᠯᠬᠦ ᠬᠡᠷᠡᠭᠲᠡᠢ᠃
    ᠨᠠᠢ᠌ᠳᠠᠭᠴᠢ᠎ᠠᠴᠠ ᠬᠣᠯᠪᠣᠭᠳᠠᠯ ᠪᠦᠬᠦᠢ ᠲᠤᠬᠠᠢ ᠵᠢᠨ ᠬᠥᠮᠦᠨ ᠵᠢᠴᠢ ᠦᠨᠡᠯᠡᠨ ᠵᠢᠱ᠌ᠢᠬᠦ ᠡᠲᠡᠭᠡᠳ᠎ᠲᠠᠢ ᠠᠰᠢᠭ ᠬᠣᠣᠷ᠎ᠤᠨ ᠬᠠᠷᠢᠴᠠᠭ᠎ᠠ᠎ᠲᠠᠢ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠢ ᠵᠠᠢ᠌ᠯᠠᠭᠤᠯᠬᠤ᠎ᠪᠠᠷ ᠱᠠᠭ᠋ᠠᠷᠳᠠᠬᠤ ᠡᠷᠬᠡ᠎ᠲᠠᠢ᠃
    ᠬᠣᠷᠢᠨ ᠲᠠᠪᠤᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠠᠴᠠ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠤᠨ ᠪᠣᠳᠠᠲᠠᠢ ᠪᠠᠢ᠌ᠳᠠᠯ᠎ᠢ ᠦᠨᠳᠦᠰᠦᠯᠡᠨ᠂ ᠦᠨᠡᠯᠡᠨ ᠵᠢᠱ᠌ᠢᠬᠦ ᠡᠲᠡᠭᠡᠳ᠎ᠲᠤ ᠲᠤᠬᠠᠢ ᠵᠢᠨ ᠭᠠᠵᠠᠷ᠎ᠤᠨ   ᠪᠠᠢ᠌ᠴᠠᠭ᠋ᠠᠯᠲᠠ ᠬ᠋ᠢᠵᠦ ᠡᠷᠬᠡ ᠵᠢᠨ ᠬᠠᠷᠢᠶᠠᠯᠠᠯ᠎ᠤᠨ ᠭᠡᠷᠡᠴᠢ᠂ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠯᠲᠠ ᠵᠢᠨ ᠮᠡᠳᠡᠭᠡ ᠵᠠᠩᠭᠢ ᠪᠣᠯᠤᠨ ᠪᠤᠰᠤᠳ ᠮᠠᠲ᠋ᠧᠷᠢᠶᠠᠯ᠎ᠢ ᠴᠤᠭᠯᠠᠭᠤᠯᠬᠤ ᠵᠢᠨ ᠬᠠᠮᠲᠤ ᠬᠢᠨᠠᠨ ᠪᠠᠢ᠌ᠴᠠᠭ᠋ᠠᠵᠤ᠂ ᠰᠢᠯᠭ᠋ᠠᠨ ᠪᠠᠢ᠌ᠴᠠᠭ᠋ᠠᠵᠤ᠂ ᠵᠠᠳᠠᠯᠤᠨ ᠡᠮᠬᠢᠳᠭᠡᠬᠦ᠎ᠪᠠᠷ ᠦᠨᠡᠯᠡᠨ ᠵᠢᠱ᠌ᠢᠬᠦ ᠦᠨᠳᠦᠰᠦᠯᠡᠯ ᠪᠣᠯᠭ᠋ᠠᠬᠤ ᠬᠡᠷᠡᠭᠲᠡᠢ᠃
    ᠬᠣᠷᠢᠨ ᠵᠢᠷᠭᠤᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠠᠴᠠ ᠦᠨᠡᠯᠡᠨ ᠵᠢᠱ᠌ᠢᠬᠦ ᠠᠷᠭ᠎ᠠ ᠵᠢ ᠲᠣᠬᠢᠷᠠᠮᠵᠢᠲᠠᠢ ᠰᠣᠩᠭᠣᠬᠤ ᠬᠡᠷᠡᠭᠲᠡᠢ᠃ ᠦᠨᠡᠯᠡᠨ ᠵᠢᠱ᠌ᠢᠬᠦ ᠠᠵᠢᠯ ᠡᠷᠬᠢᠯᠡᠬᠦ ᠪᠠᠷᠢᠮᠵᠢᠶ᠎ᠠ ᠵᠢ ᠦᠨᠳᠦᠰᠦᠯᠡᠨ᠂ ᠨᠢᠭᠡ ᠵᠦᠢ᠍ᠯ᠎ᠤᠨ ᠦᠨᠡᠯᠡᠨ ᠵᠢᠱ᠌ᠢᠬᠦ ᠠᠷᠭ᠎ᠠ ᠵᠢ ᠰᠣᠩᠭᠣᠵᠤ ᠪᠣᠯᠬᠤ᠎ᠠᠴᠠ ᠭᠠᠳᠠᠨ᠎ᠠ᠂ ᠬᠣᠶᠠᠷ ᠵᠦᠢ᠍ᠯ᠎ᠠᠴᠠ ᠳᠡᠭᠡᠭᠰᠢᠬᠢ ᠦᠨᠡᠯᠡᠨ ᠵᠢᠱ᠌ᠢᠬᠦ ᠠᠷᠭ᠎ᠠ ᠵᠢ ᠰᠣᠩᠭᠣᠵᠤ ᠶᠡᠷᠦᠩᠬᠡᠢ᠍ᠯᠡᠨ ᠵᠠᠳᠠᠯᠤᠯᠲᠠ ᠬᠢᠯᠭᠡᠭᠡᠳ ᠦᠨᠡᠯᠡᠨ ᠵᠢᠱ᠌ᠢᠬᠦ ᠳ᠋ᠦᠩ᠎ᠢ ᠨᠠᠢ᠌ᠷᠠᠭᠤᠯᠤᠨ ᠵᠣᠬᠢᠶᠠᠭᠰᠠᠨ   ᠦᠨᠡᠯᠡᠨ ᠵᠢᠱ᠌ᠢᠬᠦ ᠮᠡᠳᠡᠭᠦᠯᠦᠯᠲᠡ ᠵᠢ ᠪᠦᠷᠢᠯᠳᠦᠭᠦᠯᠬᠦ ᠬᠡᠷᠡᠭᠲᠡᠢ᠃
    ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠦᠨᠡᠯᠡᠨ ᠵᠢᠱ᠌ᠢᠬᠦ ᠮᠡᠳᠡᠭᠦᠯᠦᠯᠲᠡ᠎ᠳᠤ ᠳᠣᠲᠣᠭ᠋ᠠᠳᠤ ᠬᠢᠨᠠᠨ ᠬᠠᠷᠭᠤᠭᠤᠯᠤᠯᠲᠠ ᠬᠢᠬᠦ ᠬᠡᠷᠡᠭᠲᠡᠢ᠃
    ᠬᠣᠷᠢᠨ ᠳᠣᠯᠣᠳᠤᠭ᠋ᠠᠷ ᠵᠤᠷᠪᠤᠰ   ᠦᠨᠡᠯᠡᠨ ᠵᠢᠱ᠌ᠢᠬᠦ ᠮᠡᠳᠡᠭᠦᠯᠦᠯᠲᠡ᠎ᠳᠤ ᠠᠳᠠᠭ᠎ᠲᠠᠭᠠᠨ ᠬᠣᠶᠠᠷ ᠨᠡᠷ᠎ᠡ ᠲᠤᠰ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠭᠦᠢ᠍ᠴᠡᠳᠬᠡᠭᠰᠡᠨ ᠦᠨᠡᠯᠡᠨ ᠵᠢᠱ᠌ᠢᠬᠦ ᠲᠤᠰᠬᠠᠢ ᠮᠡᠷᠭᠡᠵᠢᠯ᠎ᠤᠨ ᠠᠵᠢᠯᠲᠠᠨ᠎ᠠᠴᠠ ᠭᠠᠷ᠎ᠤᠨ ᠦᠰᠦᠭ ᠵᠢᠷᠤᠬᠤ ᠵᠢᠨ ᠬᠠᠮᠲᠤ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠲᠠᠮᠠᠭ᠎ᠠ ᠵᠢ ᠳᠠᠷᠤᠬᠤ ᠬᠡᠷᠡᠭᠲᠡᠢ᠃
    ᠦᠨᠡᠯᠡᠨ ᠵᠢᠱ᠌ᠢᠬᠦ ᠪᠠᠢ᠌ᠭᠤᠯᠤᠮᠵᠢ ᠵᠢᠴᠢ ᠦᠨᠡᠯᠡᠨ ᠵᠢᠱ᠌ᠢᠬᠦ ᠲᠤᠰᠬᠠᠢ ᠠᠵᠢᠯᠲᠠᠨ ᠭᠠᠷᠭ᠋ᠠᠵᠤ ᠦᠭᠭᠦᠭᠰᠡᠨ ᠦᠨᠡᠯᠡᠨ ᠵᠢᠱ᠌ᠢᠬᠦ ᠮᠡᠳᠡᠭᠦᠯᠦᠯᠲᠡ᠎ᠳᠡᠭᠡᠨ ᠬᠠᠤᠯᠢ ᠶᠣᠰᠣᠭ᠋ᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠨᠠᠢ᠌ᠳᠠᠭᠴᠢ᠎ᠨᠢ ᠦᠨᠡᠯᠡᠨ ᠵᠢᠱ᠌ᠢᠬᠦ ᠪᠠᠢ᠌ᠭᠤᠯᠤᠮᠵᠢ ᠪᠤᠶᠤ ᠦᠨᠡᠯᠡᠨ ᠵᠢᠱ᠌ᠢᠬᠦ ᠲᠤᠰᠬᠠᠢ ᠠᠵᠢᠯᠲᠠᠨ᠎ᠢ ᠬᠤᠳᠠᠯ ᠬᠠᠭᠤᠷᠮᠠᠭ ᠦᠨᠡᠯᠡᠨ ᠵᠢᠱ᠌ᠢᠬᠦ ᠮᠡᠳᠡᠭᠦᠯᠦᠯᠲᠡ ᠬᠢᠯᠭᠡᠵᠦ ᠪᠣᠯᠬᠤ ᠦᠭᠡᠢ᠃
    ᠬᠣᠷᠢᠨ ᠨᠠᠢ᠍ᠮᠠᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠠᠤᠯᠢ᠎ᠪᠠᠷ ᠲᠣᠭᠲᠠᠭ᠋ᠠᠭᠰᠠᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠥᠷᠨᠢᠭᠦᠯᠬᠦ᠎ᠳᠡᠭᠡᠨ ᠠᠳᠠᠭ᠎ᠲᠠᠭᠠᠨ ᠬᠣᠶᠠᠷ ᠵᠣᠬᠢᠴᠠᠩᠭᠤᠢ ᠲᠤᠰᠬᠠᠢ ᠮᠡᠷᠭᠡᠵᠢᠯ᠎ᠤᠨ ᠲᠥᠷᠥᠯ᠎ᠤᠨ ᠦᠨᠡᠯᠡᠨ ᠵᠢᠱ᠌ᠢᠭᠴᠢ ᠵᠢ ᠵᠢᠭ᠋ᠠᠨ ᠲᠣᠭᠲᠠᠭ᠋ᠠᠵᠤ  ᠂ ᠦᠨᠡᠯᠡᠨ ᠵᠢᠱ᠌ᠢᠬᠦ ᠮᠡᠳᠡᠭᠦᠯᠦᠯᠲᠡ ᠵᠢ ᠠᠳᠠᠭ᠎ᠲᠠᠭᠠᠨ ᠬᠣᠶᠠᠷ ᠨᠡᠷᠡᠰ ᠲᠤᠰ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠭᠦᠢ᠍ᠴᠡᠳᠬᠡᠭᠰᠡᠨ ᠦᠨᠡᠯᠡᠨ ᠵᠢᠱ᠌ᠢᠭᠴᠢ᠎ᠪᠠᠷ ᠭᠠᠷ᠎ᠤᠨ ᠦᠰᠦᠭ ᠵᠢᠷᠤᠭᠤᠯᠬᠤ ᠬᠡᠷᠡᠭᠲᠡᠢ ᠪᠥᠭᠡᠳ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠲᠠᠮᠠᠭ᠎ᠠ ᠵᠢ ᠳᠠᠷᠤᠭᠤᠯᠬᠤ ᠬᠡᠷᠡᠭᠲᠡᠢ᠃
    ᠬᠣᠷᠢ ᠶᠢᠰᠦᠳᠦᠭᠡᠷ ᠵᠤᠷᠪᠤᠰ   ᠦᠨᠡᠯᠡᠨ ᠵᠢᠱ᠌ᠢᠬᠦ ᠳᠠᠩᠰᠠ ᠡᠪᠬᠡᠮᠡᠯ᠎ᠢ ᠬᠠᠳᠠᠭ᠋ᠠᠯᠠᠬᠤ ᠬᠤᠭᠤᠴᠠᠭ᠎ᠠ᠎ᠨᠢ ᠠᠷᠪᠠᠨ ᠲᠠᠪᠤᠨ ᠵᠢᠯ᠎ᠠᠴᠠ ᠳᠤᠲᠠᠭᠤ ᠪᠠᠢ᠌ᠵᠤ ᠪᠣᠯᠬᠤ ᠥᠬᠡᠢ᠃ ᠬᠠᠤᠯᠢ᠎ᠪᠠᠷ ᠲᠣᠭᠲᠠᠭ᠋ᠠᠭᠰᠠᠨ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠳᠤ ᠬᠠᠷᠢᠶᠠᠯᠠᠭᠳᠠᠬᠤ ᠬᠤᠭᠤᠴᠠᠭ᠎ᠠ᠎ᠨᠢ ᠭᠤᠴᠢᠨ ᠵᠢᠯ᠎ᠠᠴᠠ ᠳᠤᠲᠠᠭᠤ ᠪᠠᠢ᠌ᠵᠤ ᠪᠣᠯᠬᠤ ᠥᠬᠡᠢ᠃
    ᠭᠤᠴᠢᠳᠤᠭ᠋ᠠᠷ ᠵᠤᠷᠪᠤᠰ   ᠨᠠᠢ᠌ᠳᠠᠭᠴᠢ᠎ᠨᠢ ᠦᠨᠡᠯᠡᠨ ᠵᠢᠱ᠌ᠢᠬᠦ ᠮᠡᠳᠡᠭᠦᠯᠦᠯᠲᠡ᠎ᠳᠤ ᠣᠨᠳᠣᠣ ᠰᠠᠨᠠᠯ᠎ᠲᠠᠢ ᠪᠣᠯ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠲᠠᠢ᠌ᠯᠪᠤᠷᠢ ᠬᠢᠯᠭᠡᠬᠦ᠎ᠪᠠᠷ ᠱᠠᠭ᠋ᠠᠷᠳᠠᠵᠤ ᠪᠣᠯᠤᠨ᠎ᠠ᠃
    ᠭᠤᠴᠢᠨ ᠨᠢᠭᠡᠳᠦᠭᠡᠷ ᠵᠤᠷᠪᠤᠰ   ᠨᠠᠢ᠌ᠳᠠᠭᠴᠢ᠎ᠨᠢ ᠦᠨᠡᠯᠡᠨ ᠵᠢᠱ᠌ᠢᠬᠦ ᠪᠠᠢ᠌ᠭᠤᠯᠤᠮᠵᠢ ᠪᠤᠶᠤ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠢ ᠬᠠᠤᠯᠢ᠎ᠠᠴᠠ ᠵᠥᠷᠢᠴᠡᠨ ᠲᠤᠬᠠᠢ᠌ᠯᠠᠭᠰᠠᠨ ᠠᠵᠢᠯ ᠥᠷᠨᠢᠭᠦᠯᠵᠦ ᠪᠠᠢ᠌ᠨ᠎ᠠ ᠭᠡᠵᠦ ᠦᠵᠡᠪᠡᠯ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠠᠵᠢᠯ ᠲᠥᠷᠥᠯ᠎ᠤᠨ ᠨᠡᠢ᠌ᠭᠡᠮᠯᠢᠭ᠎ᠲᠤ ᠵᠠᠭ᠋ᠠᠯᠳᠤᠵᠤ᠂ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠠᠵᠢᠯ ᠲᠥᠷᠥᠯ᠎ᠤᠨ ᠨᠡᠢ᠌ᠭᠡᠮᠯᠢᠭ᠎ᠠᠴᠠ ᠴᠠᠭ ᠲᠤᠬᠠᠢ᠎ᠳᠤᠨᠢ ᠪᠠᠢ᠌ᠴᠠᠭ᠋ᠠᠨ ᠰᠢᠢ᠍ᠳᠪᠦᠷᠢᠯᠡᠬᠦ ᠵᠢᠨ ᠬᠠᠮᠲᠤ   ᠨᠠᠢ᠌ᠳᠠᠭᠴᠢ᠎ᠳᠤ ᠬᠠᠷᠢᠭᠤᠯᠲᠠ ᠥᠭᠬᠦ ᠬᠡᠷᠡᠭᠲᠡᠢ᠃
    ᠭᠤᠴᠢᠨ ᠬᠣᠶᠠᠳᠤᠭ᠋ᠠᠷ ᠵᠤᠷᠪᠤᠰ   ᠨᠠᠢ᠌ᠳᠠᠭᠴᠢ ᠪᠤᠶᠤ ᠦᠨᠡᠯᠡᠨ ᠵᠢᠱ᠌ᠢᠬᠦ ᠮᠡᠳᠡᠭᠦᠯᠦᠯᠲᠡ ᠵᠢᠨ ᠬᠡᠷᠡᠭᠯᠡᠭᠴᠢ᠎ᠠᠴᠠ᠂ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠦᠨᠡᠯᠡᠨ ᠵᠢᠱ᠌ᠢᠬᠦ ᠮᠡᠳᠡᠭᠦᠯᠦᠯᠲᠡ ᠶᠣᠰᠣᠭ᠋ᠠᠷ ᠬᠡᠷᠡᠭᠯᠡᠭᠰᠡᠨ ᠬᠦᠷᠢᠶ᠎ᠡ ᠬᠡᠪᠴᠢᠶᠡᠨ᠎ᠳᠤ ᠦᠨᠡᠯᠡᠨ   ᠵᠢᠱ᠌ᠢᠬᠦ ᠮᠡᠳᠡᠭᠦᠯᠦᠯᠲᠡ ᠵᠢ ᠬᠡᠷᠡᠭᠯᠡᠬᠦ ᠬᠡᠷᠡᠭᠲᠡᠢ᠃
    ᠨᠠᠢ᠌ᠳᠠᠭᠴᠢ ᠪᠤᠶᠤ ᠦᠨᠡᠯᠡᠨ ᠵᠢᠱ᠌ᠢᠬᠦ ᠮᠡᠳᠡᠭᠦᠯᠦᠯᠲᠡ ᠵᠢᠨ ᠬᠡᠷᠡᠭᠯᠡᠭᠴᠢ᠎ᠠᠴᠠ ᠡᠮᠦᠨᠡᠬᠢ ᠪᠠᠳᠠᠭ᠎ᠤᠨ ᠲᠣᠭᠲᠠᠭ᠋ᠠᠯ᠎ᠢ ᠵᠥᠷᠢᠴᠡᠵᠦ ᠦᠨᠡᠯᠡᠨ ᠵᠢᠱ᠌ᠢᠬᠦ ᠮᠡᠳᠡᠭᠦᠯᠦᠯᠲᠡ ᠵᠢ ᠬᠡᠷᠡᠭᠯᠡᠭᠰᠡᠨ ᠪᠣᠯ ᠦᠨᠡᠯᠡᠨ ᠵᠢᠱ᠌ᠢᠬᠦ ᠪᠠᠢ᠌ᠭᠤᠯᠤᠮᠵᠢ ᠪᠣᠯᠤᠨ ᠦᠨᠡᠯᠡᠨ ᠵᠢᠱ᠌ᠢᠬᠦ ᠲᠤᠰᠬᠠᠢ ᠠᠵᠢᠯᠲᠠᠨ ᠬᠠᠷᠢᠭᠤᠴᠠᠯᠭ᠎ᠠ ᠡᠭᠦᠷᠭᠡᠯᠡᠬᠦ ᠦᠭᠡᠢ᠃
    ᠲᠠᠪᠤᠳᠤᠭ᠋ᠠᠷ ᠪᠦᠯᠦᠭ   ᠠᠵᠢᠯ ᠲᠥᠷᠥᠯ᠎ᠤᠨ ᠨᠡᠢ᠌ᠭᠡᠮᠯᠢᠭ
ᠭᠤᠴᠢᠨ ᠭᠤᠷᠪᠠᠳᠤᠭ᠋ᠠᠷ ᠵᠤᠷᠪᠤᠰ   ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ ᠪᠣᠯ ᠦᠨᠡᠯᠡᠨ ᠵᠢᠱ᠌ᠢᠬᠦ ᠪᠠᠢ᠌ᠭᠤᠯᠤᠮᠵᠢ ᠪᠣᠯᠤᠨ ᠦᠨᠡᠯᠡᠨ ᠵᠢᠱ᠌ᠢᠬᠦ ᠲᠤᠰᠬᠠᠢ ᠠᠵᠢᠯᠲᠠᠨ᠎ᠤ ᠪᠡᠶ᠎ᠡ᠎ᠪᠠᠨ ᠪᠠᠷᠢᠬᠤ ᠴᠢᠨᠠᠷᠲᠠᠢ ᠵᠣᠬᠢᠶᠠᠨ ᠪᠠᠢ᠌ᠭᠤᠯᠤᠯᠲᠠ ᠵᠢ ᠦᠨᠡᠯᠡᠨ ᠵᠢᠱ᠌ᠢᠬᠦ ᠠᠵᠢᠯᠯᠠᠭ᠎ᠠ ᠵᠢ ᠬᠢᠵᠦ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠳᠦᠷᠢᠮ ᠲᠣᠭᠲᠠᠭ᠋ᠠᠯ᠎ᠤᠨ ᠶᠣᠰᠣᠭ᠋ᠠᠷ ᠪᠡᠶ᠎ᠡ᠎ᠪᠠᠨ ᠪᠠᠷᠢᠬᠤ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ᠃
    ᠦᠨᠡᠯᠡᠨ ᠵᠢᠱ᠌ᠢᠬᠦ ᠠᠵᠢᠯ ᠲᠥᠷᠥᠯ᠎ᠨᠢ ᠲᠤᠰᠬᠠᠢ ᠮᠡᠷᠭᠡᠵᠢᠯ᠎ᠤᠨ ᠬᠦᠷᠢᠶ᠎ᠡ ᠬᠡᠪᠴᠢᠶᠡᠨ᠎ᠤ ᠶᠣᠰᠣᠭ᠋ᠠᠷ ᠪᠦᠬᠦ ᠤᠯᠤᠰ᠎ᠤᠨ ᠴᠢᠨᠠᠷᠲᠠᠢ ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠢ ᠪᠠᠢ᠌ᠭᠤᠯᠬᠤ ᠬᠡᠷᠡᠭᠲᠡᠢ᠃ ᠬᠡᠷᠡᠭᠴᠡᠭᠡ ᠵᠢ ᠦᠨᠳᠦᠰᠦᠯᠡᠨ ᠭᠠᠵᠠᠷ ᠣᠷᠣᠨ᠎ᠤ ᠴᠢᠨᠠᠷᠲᠠᠢ ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠢ   ᠪᠠᠢ᠌ᠭᠤᠯᠤᠨ᠎ᠠ᠃
    ᠭᠤᠴᠢᠨ ᠳᠥᠷᠪᠡᠳᠦᠭᠡᠷ ᠵᠤᠷᠪᠤᠰ   ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠤᠨ ᠳᠦᠷᠢᠮ᠎ᠢ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠲ᠋ᠣᠭᠲᠠᠭ᠋ᠠᠵᠤ᠂ ᠬᠠᠮᠢᠶᠠᠷᠬᠤ ᠪᠠᠢ᠌ᠭᠤᠯᠤᠯᠭ᠎ᠠ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠵᠢᠨ ᠬᠠᠮᠲᠤ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃
    ᠭᠤᠴᠢᠨ ᠲᠠᠪᠤᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠂ ᠦᠨᠡᠯᠡᠨ ᠵᠢᠱ᠌ᠢᠬᠦ ᠲᠤᠰᠬᠠᠢ ᠠᠵᠢᠯᠲᠠᠨ ᠬᠣᠯᠪᠣᠭᠳᠠᠯ ᠪᠦᠬᠦᠢ ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠲᠤ ᠣᠷᠣᠵᠤ  ᠂ ᠳᠦᠷᠢᠮ᠎ᠳᠤ ᠲᠣᠭᠲᠠᠭ᠋ᠠᠭᠰᠠᠨ ᠡᠷᠬᠡ ᠵᠢ ᠡᠷᠬᠡ ᠲᠡᠭᠰᠢ᠎ᠪᠠᠷ ᠡᠳ᠋ᠯᠡᠵᠦ᠂ ᠳᠦᠷᠢᠮ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ᠃ ᠬᠣᠯᠪᠣᠭᠳᠠᠯ ᠪᠦᠬᠦᠢ ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠤᠳ ᠲᠤᠰ ᠨᠡᠢ᠌ᠭᠡᠮᠯᠢᠭ᠎ᠲᠤ ᠣᠷᠣᠭᠰᠠᠨ ᠦᠨᠡᠯᠡᠨ ᠵᠢᠱ᠌ᠢᠬᠦ ᠪᠠᠢ᠌ᠭᠤᠯᠤᠮᠵᠢ᠂ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠤ ᠨᠡᠷᠡᠰ᠎ᠢ ᠨᠡᠢ᠌ᠲᠡᠯᠡᠨ᠎ᠡ᠃
    ᠭᠤᠴᠢᠨ ᠵᠢᠷᠭᠤᠳᠤᠭ᠋ᠠᠷ ᠵᠤᠷᠪᠤᠰ   ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ ᠳᠣᠣᠷ᠎ᠠ ᠵᠢᠭᠰᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠄
    ᠨᠢᠭᠡ᠂ ᠭᠡᠰᠢᠭᠦᠳ᠎ᠤᠨ ᠪᠡᠶ᠎ᠡ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠭᠡᠰᠢᠭᠦᠳ᠎ᠲᠤ ᠪᠡᠶ᠎ᠡ᠎ᠪᠠᠨ ᠱᠠᠭ᠋ᠠᠷᠳᠠᠬᠤ ᠬᠠᠮᠢᠶᠠᠷᠤᠯᠲᠠ ᠵᠢ ᠬᠡᠷᠡᠭᠵᠢᠭᠦᠯᠦᠨ᠎ᠡ;
    ᠬᠣᠶᠠᠷ᠂ ᠦᠨᠡᠯᠡᠬᠦ ᠦᠨᠳᠦᠰᠦᠨ ᠪᠠᠷᠢᠮᠵᠢᠶ᠎ᠠ ᠵᠢ ᠦᠨᠳᠦᠰᠦᠯᠡᠨ᠂ ᠠᠵᠢᠯ ᠡᠷᠬᠢᠯᠡᠬᠦ ᠪᠠᠷᠢᠮᠵᠢᠶ᠎ᠠ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠠᠷᠢᠮᠵᠢᠶ᠎ᠠ ᠵᠢ ᠲᠣᠭᠲᠠᠭ᠋ᠠᠨ᠎ᠠ;
    ᠭᠤᠷᠪᠠ᠂ ᠭᠡᠰᠢᠭᠦᠳ᠎ᠤᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠢ ᠵᠣᠬᠢᠶᠠᠨ   ᠪᠠᠢ᠌ᠭᠤᠯᠵᠤ ᠥᠷᠨᠢᠭᠦᠯᠦᠨ᠎ᠡ;
    ᠳᠥᠷᠪᠡ᠂ ᠭᠡᠰᠢᠭᠦᠳ᠎ᠤᠨ ᠢᠲᠡᠭᠡᠮᠵᠢ ᠵᠢᠨ ᠳᠠᠩᠰᠠ ᠡᠪᠬᠡᠮᠡᠯ᠎ᠢ ᠪᠠᠢ᠌ᠭᠤᠯᠵᠤ᠂ ᠭᠡᠰᠢᠭᠦᠳ᠎ᠤᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠦᠨᠡᠯᠡᠨ ᠵᠢᠱ᠌ᠢᠬᠦ ᠪᠠᠷᠢᠮᠵᠢᠶ᠎ᠠ ᠵᠢ ᠵᠢᠷᠤᠮᠯᠠᠭᠰᠠᠨ ᠪᠠᠢ᠌ᠳᠠᠯ᠎ᠢ ᠢᠲᠡᠭᠡᠮᠵᠢ ᠵᠢᠨ ᠳᠠᠩᠰᠠ ᠡᠪᠬᠡᠮᠡᠯ᠎ᠳᠤ ᠲᠡᠮᠳᠡᠭᠯᠡᠬᠦ ᠵᠢᠨ ᠬᠠᠮᠲᠤ ᠨᠡᠢ᠌ᠭᠡᠮ᠎ᠳᠤ ᠢᠯᠡ ᠨᠡᠢ᠌ᠲᠡᠯᠡᠬᠦ ᠬᠡᠷᠡᠭᠲᠡᠢ;
    ᠲᠠᠪᠤ᠂ ᠭᠡᠰᠢᠭᠦᠳ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠲᠣᠭᠲᠠᠴᠠ ᠪᠠᠢ᠌ᠭᠤᠯᠤᠭᠰᠠᠨ ᠪᠠᠢ᠌ᠳᠠᠯ᠎ᠢ   ᠪᠠᠢ᠌ᠴᠠᠭ᠋ᠠᠨ᠎ᠠ  ;
    ᠵᠢᠷᠭᠤᠭ᠎ᠠ᠂ ᠭᠡᠰᠢᠭᠦᠳ᠎ᠢ ᠵᠠᠭ᠋ᠠᠯᠳᠤᠬᠤ᠂ ᠢᠯᠡᠴᠢᠯᠡᠬᠦ ᠵᠢ ᠬᠦᠯᠢᠶᠡᠨ ᠠᠪᠴᠤ ᠰᠢᠢ᠍ᠳᠪᠦᠷᠢᠯᠡᠬᠦ  ᠂ ᠭᠡᠰᠢᠭᠦᠳ᠎ᠤᠨ ᠭᠣᠮᠣᠳᠠᠯ᠎ᠢ ᠬᠦᠯᠢᠶᠡᠨ ᠠᠪᠴᠤ ᠰᠢᠢ᠍ᠳᠪᠦᠷᠢᠯᠡᠬᠦ  ᠂   ᠭᠡᠰᠢᠭᠦᠳ᠎ᠤᠨ ᠠᠵᠢᠯ ᠡᠷᠬᠢᠯᠡᠬᠦ ᠵᠢᠭᠤᠷᠠᠯᠳᠤᠭ᠋ᠠᠨ᠎ᠢ ᠰᠢᠢ᠍ᠳᠪᠦᠷᠢᠯᠡᠬᠦ;
    ᠳᠤᠯᠤᠭ᠎ᠠ᠂ ᠠᠵᠢᠯᠲᠠᠨ᠎ᠤ ᠠᠵᠢᠯ ᠡᠷᠬᠢᠯᠡᠬᠦ ᠠᠵᠢᠯᠯᠠᠭ᠎ᠠ ᠵᠢ ᠵᠢᠷᠤᠮᠵᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠭᠡᠰᠢᠭᠦᠳ᠎ᠤᠨ ᠭᠠᠷᠭ᠋ᠠᠭᠰᠠᠨ ᠦᠨᠡᠯᠡᠨ ᠵᠢᠱ᠌ᠢᠬᠦ ᠮᠡᠳᠡᠭᠦᠯᠦᠯᠲᠡ ᠵᠢ ᠪᠠᠢ᠌ᠴᠠᠭ᠋ᠠᠵᠤ᠂ ᠳᠦᠷᠢᠮ᠎ᠤᠨ ᠲᠣᠭᠲᠠᠭ᠋ᠠᠯ ᠶᠣᠰᠣᠭ᠋ᠠᠷ ᠭᠡᠰᠢᠭᠦᠳ᠎ᠲᠤ ᠱᠠᠩᠨᠠᠵᠤ ᠲᠣᠷᠭ᠋ᠠᠬᠤ ᠪᠥᠭᠡᠳ ᠱᠠᠩᠨᠠᠵᠤ ᠲᠣᠷᠭ᠋ᠠᠭᠰᠠᠨ ᠪᠠᠢ᠌ᠳᠠᠯ᠎ᠢ ᠴᠠᠭ ᠲᠤᠬᠠᠢ᠎ᠳᠤᠨᠢ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ᠎ᠡ;
    ᠨᠠᠢ᠍ᠮᠠ᠂ ᠭᠡᠰᠢᠭᠦᠳ᠎ᠤᠨ ᠬᠠᠤᠯᠢ ᠶᠣᠰᠣᠭ᠋ᠠᠷ ᠲᠤᠬᠠᠢ᠌ᠯᠠᠭᠰᠠᠨ ᠠᠵᠢᠯ ᠵᠶ᠋ᠠᠨ ᠥᠷᠨᠢᠭᠦᠯᠬᠦ ᠵᠢ ᠪᠠᠲᠤᠯᠠᠵᠤ  ᠂ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ;
    ᠶᠢᠰᠦ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠳᠦᠷᠢᠮ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃
    ᠭᠤᠴᠢᠨ ᠳᠣᠯᠣᠳᠤᠭ᠋ᠠᠷ ᠵᠤᠷᠪᠤᠰ   ᠦᠨᠡᠯᠡᠨ ᠵᠢᠱ᠌ᠢᠬᠦ ᠬᠣᠯᠪᠣᠭᠳᠠᠯ ᠪᠦᠬᠦᠢ ᠠᠵᠢᠯ ᠲᠥᠷᠥᠯ᠎ᠤᠨ ᠨᠡᠢ᠌ᠭᠡᠮᠯᠢᠭ᠎ᠤᠳ ᠨᠡᠪᠲᠡᠷᠡᠯᠴᠡᠨ ᠬᠠᠮᠵᠢᠯᠴᠠᠬᠤ ᠪᠠ ᠮᠡᠳᠡᠭᠡ ᠵᠠᠩᠭᠢ ᠵᠢ ᠬᠠᠮᠲᠤ᠎ᠳᠠᠭᠠᠨ ᠬᠦᠷᠲᠡᠬᠦ ᠲᠣᠭᠲᠠᠴᠠ ᠵᠢ   ᠪᠠᠢ᠌ᠭᠤᠯᠵᠤ᠂ ᠬᠡᠷᠡᠭᠴᠡᠭᠡ᠎ᠪᠠᠨ ᠦᠨᠳᠦᠰᠦᠯᠡᠨ ᠬᠠᠮᠲᠤ ᠵᠢᠨ ᠦᠢ᠍ᠯᠡ ᠠᠵᠢᠯᠯᠠᠭ᠎ᠠ ᠵᠢᠨ ᠵᠢᠷᠤᠮᠵᠢᠯ ᠲᠣᠭᠲᠠᠭ᠋ᠠᠵᠤ᠂ ᠦᠨᠡᠯᠡᠨ ᠵᠢᠱ᠌ᠢᠬᠦ ᠠᠵᠢᠯ ᠲᠥᠷᠥᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ᠎ᠪᠠᠷ ᠬᠥᠭᠵᠢᠬᠦ ᠵᠢ ᠠᠬᠢᠭᠤᠯᠬᠤ ᠬᠡᠷᠡᠭᠲᠡᠢ᠃
    ᠭᠤᠴᠢᠨ ᠨᠠᠢ᠍ᠮᠠᠳᠤᠭ᠋ᠠᠷ ᠵᠤᠷᠪᠤᠰ   ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠤᠨ ᠭᠡᠰᠢᠭᠦᠳ᠎ᠤᠨ ᠬᠤᠷᠠᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠪᠠᠲᠤᠯᠠᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠨ᠎ᠡ᠃ ᠭᠡᠰᠢᠭᠦᠳ᠎ᠤᠨ ᠬᠤᠷᠠᠯ᠎ᠤᠨ ᠰᠦᠢ᠍ᠳᠬᠡᠯ ᠲᠤᠰᠢᠶᠠᠭᠰᠠᠨ ᠲᠣᠭ᠎ᠠ᠎ᠪᠠᠷ ᠠᠵᠢᠯ ᠲᠥᠷᠥᠯ᠎ᠤᠨ ᠨᠡᠢ᠌ᠭᠡᠮᠯᠢᠭ᠎ᠲᠤ ᠲᠤᠰᠢᠶᠠᠯ ᠡᠭᠦᠷᠭᠡᠯᠡᠬᠦ ᠨᠥᠬᠥᠴᠡᠯ ᠪᠣᠯᠭ᠋ᠠᠵᠤ ᠪᠣᠯᠬᠤ ᠦᠭᠡᠢ᠃
    ᠬᠤᠷᠠᠯ᠎ᠤᠨ ᠰᠦᠢ᠍ᠳᠬᠡᠯ ᠬᠤᠷᠢᠶᠠᠬᠤ ᠪᠠ ᠬᠡᠷᠡᠭᠯᠡᠬᠦ᠎ᠨᠢ ᠲᠥᠯᠥᠭᠡᠯᠡᠭᠴᠢᠳ᠎ᠤᠨ ᠶᠡᠬᠡ ᠬᠤᠷᠠᠯ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠵᠢ ᠬᠦᠯᠢᠶᠡᠵᠦ᠂ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠦᠨ ᠡᠵᠡᠯᠡᠵᠦ᠂ ᠳᠣᠲᠣᠷ᠎ᠠ ᠵᠠᠭᠤᠷ᠎ᠠ᠎ᠪᠠᠨ ᠬᠤᠪᠢᠶᠠᠬᠤ ᠪᠠ ᠨᠡᠭᠦᠯᠭᠡᠨ ᠬᠡᠷᠡᠭᠯᠡᠵᠦ ᠪᠣᠯᠬᠤ ᠦᠭᠡᠢ᠃
    ᠵᠢᠷᠭᠤᠳᠤᠭ᠋ᠠᠷ ᠪᠦᠯᠦᠭ   ᠬᠢᠨᠠᠯᠲᠠ ᠬᠠᠮᠢᠶᠠᠷᠤᠯᠲᠠ
    ᠭᠤᠴᠢ ᠶᠢᠰᠦᠳᠦᠭᠡᠷ ᠵᠤᠷᠪᠤᠰ   ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠦᠨᠡᠯᠡᠨ ᠵᠢᠱ᠌ᠢᠬᠦ ᠦᠨᠳᠦᠰᠦᠨ ᠪᠠᠷᠢᠮᠵᠢᠶ᠎ᠠ ᠪᠣᠯᠤᠨ ᠦᠨᠡᠯᠡᠨ ᠵᠢᠱ᠌ᠢᠬᠦ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠵᠣᠬᠢᠶᠠᠨ ᠪᠠᠢ᠌ᠭᠤᠯᠤᠨ ᠲ᠋ᠣᠭᠲᠠᠭ᠋ᠠᠨ᠎ᠠ᠃
    ᠳᠥᠴᠢᠳᠦᠭᠡᠷ ᠵᠤᠷᠪᠤᠰ   ᠲᠣᠭᠣᠷᠢᠭ ᠪᠠᠢ᠌ᠭᠤᠯᠤᠭᠰᠠᠨ ᠬᠣᠲᠠ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲ᠋ᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠬᠢᠨᠠᠨ ᠬᠠᠮᠢᠶᠠᠷᠴᠤ᠂ ᠦᠨᠡᠯᠡᠨ ᠵᠢᠱ᠌ᠢᠬᠦ ᠠᠵᠢᠯ ᠲᠥᠷᠥᠯ᠎ᠤᠨ ᠦᠨᠡᠯᠡᠨ ᠵᠢᠱ᠌ᠢᠬᠦ ᠪᠠᠢ᠌ᠭᠤᠯᠤᠮᠵᠢ ᠪᠣᠯᠤᠨ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠰᠢᠢ᠍ᠳᠬᠡᠨ ᠲᠤᠷᠠᠭ᠋ᠠᠵᠤ᠂ ᠬᠡᠷᠡᠭᠵᠢᠭᠦᠯᠦᠭᠰᠡᠨ ᠪᠠᠢ᠌ᠳᠠᠯ᠎ᠢ ᠦᠨᠡᠯᠡᠨ ᠵᠢᠱ᠌ᠢᠬᠦ ᠬᠣᠯᠪᠣᠭᠳᠠᠯ ᠪᠦᠬᠦᠢ ᠠᠵᠢᠯ ᠲᠥᠷᠥᠯ᠎ᠤᠨ ᠨᠡᠢ᠌ᠭᠡᠮᠯᠢᠭ᠎ᠲᠤ ᠴᠠᠭ ᠲᠤᠬᠠᠢ᠎ᠳᠤᠨᠢ ᠮᠡᠳᠡᠭᠦᠯᠬᠦ ᠵᠢᠨ ᠬᠠᠮᠲᠤ ᠨᠡᠢ᠌ᠭᠡᠮ᠎ᠳᠤ ᠢᠯᠡ ᠨᠡᠢ᠌ᠲᠡᠯᠡᠬᠦ ᠬᠡᠷᠡᠭᠲᠡᠢ᠃
    ᠳᠥᠴᠢᠨ ᠨᠢᠭᠡᠳᠦᠭᠡᠷ ᠵᠤᠷᠪᠤᠰ   ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠦᠨᠡᠯᠡᠨ ᠵᠢᠱ᠌ᠢᠬᠦ ᠠᠵᠢᠯ ᠲᠥᠷᠥᠯ᠎ᠤᠨ ᠬᠣᠯᠪᠣᠭᠳᠠᠯ ᠪᠦᠬᠦᠢ ᠨᠡᠢ᠌ᠭᠡᠮᠯᠢᠭ᠎ᠲᠤ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠪᠠ ᠨᠡᠢ᠌ᠭᠡᠮᠯᠢᠭ᠎ᠲᠤ ᠬᠠᠨᠳᠤᠭᠤᠯᠤᠭᠰᠠᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠭᠰᠡᠨ᠎ᠢ ᠴᠠᠭ ᠲᠤᠬᠠᠢ᠎ᠳᠤᠨᠢ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃
    ᠳᠥᠴᠢᠨ ᠬᠣᠶᠠᠳᠤᠭ᠋ᠠᠷ ᠵᠤᠷᠪᠤᠰ   ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠬᠠᠤᠯᠢ ᠶᠣᠰᠣᠭ᠋ᠠᠷ ᠲᠤᠬᠠᠢ᠌ᠯᠠᠭᠰᠠᠨ ᠠᠵᠢᠯ ᠵᠶ᠋ᠠᠨ ᠥᠷᠨᠢᠭᠦᠯᠬᠦ ᠵᠢ ᠬᠢᠵᠠᠭ᠋ᠠᠷᠯᠠᠵᠤ ᠪᠣᠯᠬᠤ ᠦᠭᠡᠢ᠃
    ᠳᠥᠴᠢᠨ ᠭᠤᠷᠪᠠᠳᠤᠭ᠋ᠠᠷ ᠵᠤᠷᠪᠤᠰ   ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠂ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠣᠷᠣᠰᠢᠬᠤ ᠠᠵᠢᠯᠲᠠᠨ ᠪᠤᠶᠤ ᠪᠡᠯᠡ ᠮᠥᠩᠭᠥ᠎ᠲᠠᠢ ᠬᠣᠯᠪᠣᠭᠳᠠᠵᠤ᠂ ᠡᠷᠬᠡ ᠲᠤᠰᠢᠶᠠᠯ ᠵᠶ᠋ᠠᠨ ᠠᠰᠢᠭᠯᠠᠵᠤ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠲᠤᠬᠠᠢ᠌ᠯᠠᠭᠰᠠᠨ ᠠᠵᠢᠯ ᠲᠠᠲᠠᠵᠤ ᠪᠣᠯᠬᠤ ᠥᠬᠡᠢ᠃
    ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
    ᠳᠥᠴᠢᠨ ᠳᠥᠷᠪᠡᠳᠦᠭᠡᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ ᠵᠢ ᠭᠠᠷᠭ᠋ᠠᠭᠰᠠᠨ ᠪᠠᠢ᠌ᠪᠠᠯ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠰᠡᠷᠡᠮᠵᠢ ᠥᠭᠴᠦ᠂ ᠠᠵᠢᠯ ᠡᠷᠬᠢᠯᠡᠬᠦ ᠵᠢ᠎ᠨᠢ ᠵᠢᠷᠭᠤᠭ᠋ᠠᠨ ᠰᠠᠷ᠎ᠠ᠎ᠠᠴᠠ ᠳᠡᠭᠡᠭᠰᠢ ᠨᠢᠭᠡ ᠵᠢᠯ᠎ᠠᠴᠠ ᠳᠣᠷᠣᠭᠰᠢ ᠵᠠᠷᠯᠢᠭᠳᠠᠨ ᠵᠣᠭᠰᠣᠭ᠋ᠠᠵᠤ ᠪᠣᠯᠤᠨ᠎ᠠ᠃ ᠬᠠᠤᠯᠢ ᠪᠤᠰᠤ ᠣᠯᠵᠠᠪᠤᠷᠢ᠎ᠲᠠᠢ ᠪᠣᠯ ᠬᠠᠤᠯᠢ ᠪᠤᠰᠤ ᠣᠯᠵᠠᠪᠤᠷᠢ ᠵᠢ᠎ᠨᠢ ᠬᠣᠷᠢᠶᠠᠨ ᠠᠪᠴᠤ᠂ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠠᠵᠢᠯ ᠡᠷᠬᠢᠯᠡᠬᠦ ᠵᠢ᠎ᠨᠢ ᠨᠢᠭᠡ ᠵᠢᠯ᠎ᠠᠴᠠ ᠳᠡᠭᠡᠭᠰᠢ ᠲᠠᠪᠤᠨ ᠵᠢᠯ᠎ᠠᠴᠠ ᠳᠣᠷᠣᠭᠰᠢ ᠵᠠᠷᠯᠢᠭᠳᠠᠨ ᠵᠣᠭᠰᠣᠭ᠋ᠠᠨ᠎ᠠ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ  ᠄
    ᠨᠢᠭᠡ  ᠂ ᠬᠤᠪᠢ᠎ᠪᠠᠷ ᠵᠶ᠋ᠠᠨ ᠨᠠᠢ᠌ᠳᠠᠯᠭ᠎ᠠ ᠵᠢ ᠬᠦᠯᠢᠶᠡᠨ ᠠᠪᠴᠦ᠂ ᠲᠤᠬᠠᠢ᠌ᠯᠠᠭᠰᠠᠨ ᠠᠵᠢᠯ ᠬᠢᠵᠦ ᠰᠦᠢ᠍ᠳᠬᠡᠯ ᠬᠤᠷᠢᠶᠠᠬᠤ;
    ᠬᠣᠶᠠᠷ  ᠂ ᠬᠣᠶᠠᠷ᠎ᠠᠴᠠ ᠳᠡᠭᠡᠭᠰᠢ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠬᠠᠮᠲᠤ᠎ᠳᠤᠨᠢ ᠠᠵᠢᠯ ᠬᠢᠬᠦ  ;
    ᠭᠤᠷᠪᠠ᠂   ᠪᠤᠰᠤᠳ ᠦᠨᠡᠯᠡᠨ ᠵᠢᠱ᠌ᠢᠬᠦ ᠲᠤᠰᠬᠠᠢ ᠮᠡᠷᠭᠡᠵᠢᠯ᠎ᠤᠨ ᠠᠵᠢᠯᠲᠠᠨ᠎ᠢ ᠮᠡᠬᠡᠯᠡᠬᠦ᠂ ᠠᠰᠢᠭ ᠵᠶ᠋ᠠᠷ ᠲᠠᠲᠠᠬᠤ᠂ ᠠᠯᠪᠠᠲᠠᠨ ᠰᠦᠷᠳᠡᠭᠦᠯᠬᠦ ᠪᠤᠶᠤ ᠮᠠᠭᠤᠯᠠᠬᠤ᠂ ᠮᠠᠭᠤᠰᠢᠶᠠᠬᠤ ᠵᠡᠷᠭᠡ ᠵᠦᠢ ᠪᠤᠰᠤ ᠠᠷᠭ᠎ᠠ ᠪᠠᠷᠢᠯ ᠵᠶ᠋ᠠᠷ ᠲᠤᠬᠠᠢ᠌ᠯᠠᠭᠰᠠᠨ ᠠᠵᠢᠯ ᠲᠠᠲᠠᠬᠤ;
    ᠳᠥᠷᠪᠡ᠂ ᠪᠤᠰᠤᠳ ᠬᠥᠮᠦᠨ᠎ᠤ ᠥᠪᠡᠷ᠎ᠤᠨ ᠨᠡᠷ᠎ᠡ᠎ᠪᠠᠷ ᠲᠤᠬᠠᠢ᠌ᠯᠠᠭᠰᠠᠨ ᠠᠵᠢᠯ ᠡᠷᠬᠢᠯᠡᠬᠦ ᠪᠤᠶᠤ ᠪᠤᠰᠤᠳ᠎ᠤᠨ ᠨᠡᠷ᠎ᠡ᠎ᠪᠠᠷ ᠲᠤᠬᠠᠢ᠌ᠯᠠᠭᠰᠠᠨ ᠠᠵᠢᠯ ᠬᠢᠬᠦ ᠵᠢ ᠵᠥᠪᠰᠢᠶᠡᠷᠡᠬᠦ;
    ᠲᠠᠪᠤ᠂ ᠲᠤᠰ ᠬᠥᠮᠦᠨ᠎ᠤ ᠳᠠᠭ᠋ᠠᠭ᠋ᠠᠴᠢᠯᠠᠨ ᠡᠷᠬᠢᠯᠡᠭᠰᠡᠨ ᠦᠭᠡᠢ ᠲᠤᠬᠠᠢ᠌ᠯᠠᠭᠰᠠᠨ ᠠᠵᠢᠯ᠎ᠤᠨ ᠦᠨᠡᠯᠡᠨ ᠵᠢᠱ᠌ᠢᠬᠦ ᠮᠡᠳᠡᠭᠦᠯᠦᠯᠲᠡ᠎ᠳᠤ ᠭᠠᠷ᠎ᠤᠨ ᠦᠰᠦᠭ ᠵᠢᠷᠤᠬᠤ;
    ᠵᠢᠷᠭᠤᠭ᠎ᠠ᠂ ᠭᠡᠷ᠎ᠡ᠎ᠳᠤ ᠪᠣᠯᠵᠣᠨ ᠲᠣᠭᠲᠠᠭ᠋ᠠᠭᠰᠠᠨ᠎ᠠᠴᠠ ᠭᠠᠳᠠᠨᠠᠬᠢ ᠬᠥᠯᠥᠰᠥᠨ ᠮᠥᠩᠭᠥ᠂ ᠡᠳ᠋ ᠪᠣᠳᠠᠰ᠎ᠢ ᠨᠡᠬᠡᠨ ᠠᠪᠬᠤ᠂ ᠬᠦᠯᠢᠶᠡᠨ ᠠᠪᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠠᠪᠬᠤ᠂ ᠬᠦᠯᠢᠶᠡᠨ ᠠᠪᠬᠤ᠂ ᠡᠰᠡᠬᠦᠯ᠎ᠡ ᠪᠤᠰᠤᠳ ᠵᠦᠢ ᠪᠤᠰᠤ ᠠᠰᠢᠭ ᠲᠤᠰᠠ ᠣᠯᠬᠤ᠃
    ᠳᠥᠴᠢᠨ ᠲᠠᠪᠤᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠤᠳᠠᠯ ᠬᠠᠭᠤᠷᠮᠠᠭ ᠦᠨᠡᠯᠡᠨ ᠵᠢᠱ᠌ᠢᠬᠦ ᠮᠡᠳᠡᠭᠦᠯᠦᠯᠲᠡ ᠪᠢᠴᠢᠭᠰᠡᠨ ᠪᠠᠢ᠌ᠪᠠᠯ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠠᠵᠢᠯ ᠡᠷᠬᠢᠯᠡᠬᠦ ᠵᠢ᠎ᠨᠢ ᠬᠣᠶᠠᠷ ᠵᠢᠯ᠎ᠠᠴᠠ ᠳᠡᠭᠡᠭᠰᠢ ᠲᠠᠪᠤᠨ ᠵᠢᠯ᠎ᠠᠴᠠ ᠳᠣᠷᠣᠭᠰᠢ ᠵᠣᠭᠰᠣᠭ᠋ᠠᠨ᠎ᠠ᠃ ᠬᠠᠤᠯᠢ ᠪᠤᠰᠤ ᠣᠯᠵᠠᠪᠤᠷᠢ᠎ᠲᠠᠢ ᠪᠣᠯ ᠬᠠᠤᠯᠢ ᠪᠤᠰᠤ ᠣᠯᠵᠠᠪᠤᠷᠢ ᠵᠢ᠎ᠨᠢ ᠬᠣᠷᠢᠶᠠᠨ ᠠᠪᠴᠤ᠂ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠠᠵᠢᠯ ᠡᠷᠬᠢᠯᠡᠬᠦ ᠵᠢ᠎ᠨᠢ ᠲᠠᠪᠤᠨ ᠵᠢᠯ᠎ᠠᠴᠠ ᠳᠡᠭᠡᠭᠰᠢ ᠠᠷᠪᠠᠨ ᠵᠢᠯ᠎ᠠᠴᠠ ᠳᠣᠷᠣᠭᠰᠢ ᠵᠠᠷᠯᠢᠭᠳᠠᠨ ᠵᠣᠭᠰᠣᠭ᠋ᠠᠨ᠎ᠠ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠥᠴᠢᠨ ᠵᠢᠷᠭᠤᠳᠤᠭ᠋ᠠᠷ ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠦᠢ᠍ᠯᠡᠳᠪᠦᠷᠢ ᠬᠤᠳᠠᠯᠳᠤᠭ᠋ᠠᠨ᠎ᠤ ᠳᠡᠩᠰᠡᠯᠡᠯᠲᠡ ᠬᠢᠯᠭᠡᠭᠰᠡᠨ ᠦᠭᠡᠢ᠎ᠪᠠᠷ ᠦᠨᠡᠯᠡᠨ ᠵᠢᠱ᠌ᠢᠬᠦ ᠪᠠᠢ᠌ᠭᠤᠯᠤᠮᠵᠢ ᠵᠢᠨ ᠨᠡᠷ᠎ᠡ᠎ᠪᠠᠷ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ ᠬᠢᠭᠰᠡᠨ ᠪᠠᠢ᠌ᠪᠠᠯ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠬᠠᠤᠯᠢ ᠪᠤᠰᠤ ᠣᠯᠵᠠᠪᠤᠷᠢ᠎ᠲᠠᠢ ᠪᠣᠯ ᠬᠠᠤᠯᠢ ᠪᠤᠰᠤ ᠣᠯᠵᠠᠪᠤᠷᠢ ᠵᠢ᠎ᠨᠢ ᠬᠣᠷᠢᠶᠠᠨ ᠠᠪᠴᠤ᠂ ᠬᠠᠤᠯᠢ ᠪᠤᠰᠤ ᠣᠯᠵᠠᠪᠤᠷᠢ ᠵᠢᠨ ᠨᠢᠭᠡ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ  ᠃
    ᠳᠥᠴᠢᠨ ᠳᠣᠯᠣᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ   ᠪᠠᠢ᠌ᠳᠠᠯ᠎ᠤᠳ᠎ᠤᠨ ᠨᠢᠭᠡ ᠵᠢ ᠭᠠᠷᠭ᠋ᠠᠭᠰᠠᠨ ᠪᠠᠢ᠌ᠪᠠᠯ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠰᠡᠷᠡᠮᠵᠢ ᠥᠭᠴᠦ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠨᠢᠭᠡ ᠰᠠᠷ᠎ᠠ᠎ᠠᠴᠠ ᠳᠡᠭᠡᠭᠰᠢ ᠵᠢᠷᠭᠤᠭ᠋ᠠᠨ ᠰᠠᠷ᠎ᠠ᠎ᠠᠴᠠ ᠳᠣᠷᠣᠭᠰᠢ ᠵᠣᠭᠰᠣᠭ᠋ᠠᠵᠤ ᠪᠣᠯᠤᠨ᠎ᠠ᠃ ᠬᠠᠤᠯᠢ ᠪᠤᠰᠤ ᠣᠯᠵᠠᠪᠤᠷᠢ᠎ᠲᠠᠢ ᠪᠣᠯ ᠬᠠᠤᠯᠢ ᠪᠤᠰᠤ ᠣᠯᠵᠠᠪᠤᠷᠢ ᠵᠢ᠎ᠨᠢ ᠬᠣᠷᠢᠶᠠᠨ ᠠᠪᠴᠤ᠂ ᠬᠠᠤᠯᠢ ᠪᠤᠰᠤ ᠣᠯᠵᠠᠪᠤᠷᠢ ᠵᠢᠨ ᠨᠢᠭᠡ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ᠂ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠡᠵᠡᠩᠨᠡᠯᠲᠡ ᠵᠢᠨ ᠦᠨᠡᠮᠯᠡᠯ᠎ᠢ᠎ᠨᠢ ᠬᠦᠴᠦᠨ ᠦᠭᠡᠢ ᠪᠣᠯᠭ᠋ᠠᠵᠤ᠂ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
    ᠨᠢᠭᠡ  ᠂   ᠠᠵᠢᠯ᠎ᠤᠨ ᠳᠥᠭᠥᠮ ᠵᠶ᠋ᠠᠨ ᠠᠰᠢᠭᠯᠠᠨ ᠬᠡᠪ᠎ᠤᠨ ᠪᠤᠰᠤ ᠠᠰᠢᠭ ᠲᠤᠰᠠ ᠵᠢ   ᠬᠥᠭᠡᠭᠡᠴᠡᠯᠳᠦᠬᠦ;
    ᠬᠤᠶᠠᠷ᠂ ᠪᠤᠰᠤᠳ ᠪᠠᠢ᠌ᠭᠤᠯᠤᠮᠵᠢ ᠵᠢᠨ ᠲᠤᠰ ᠪᠠᠢ᠌ᠭᠤᠯᠤᠮᠵᠢ ᠵᠢᠨ ᠨᠡᠷ᠎ᠡ᠎ᠪᠠᠷ ᠲᠤᠬᠠᠢ᠌ᠯᠠᠭᠰᠠᠨ ᠠᠵᠢᠯ ᠥᠷᠨᠢᠭᠦᠯᠬᠦ ᠪᠤᠶᠤ ᠪᠤᠰᠤᠳ ᠪᠠᠢ᠌ᠭᠤᠯᠤᠮᠵᠢ ᠵᠢᠨ ᠨᠡᠷ᠎ᠡ᠎ᠪᠠᠷ ᠲᠤᠬᠠᠢ᠌ᠯᠠᠭᠰᠠᠨ ᠠᠵᠢᠯ ᠥᠷᠨᠢᠭᠦᠯᠬᠦ ᠵᠢ ᠵᠦᠪᠰᠢᠶᠡᠷᠡᠬᠦ;
    ᠭᠤᠷᠪᠠ᠂ ᠮᠠᠭᠤ ᠴᠢᠨᠠᠷ ᠵᠶ᠋ᠠᠷ ᠦᠨ᠎ᠡ ᠵᠢ ᠳᠠᠷᠤᠬᠤ᠂ ᠬᠠᠷᠢᠭᠤ ᠬᠠᠷᠠᠮᠵᠢ ᠠᠪᠬᠤ᠂ ᠬᠤᠳᠠᠯ ᠬᠠᠭᠤᠷᠮᠠᠭ ᠵᠶ᠋ᠠᠷ ᠤᠬᠠᠭᠤᠯᠬᠤ ᠪᠤᠶᠤ ᠪᠤᠰᠤᠳ ᠦᠨᠡᠯᠡᠨ ᠵᠢᠱ᠌ᠢᠬᠦ ᠪᠠᠢ᠌ᠭᠤᠯᠤᠮᠵᠢ ᠵᠢ ᠮᠠᠭᠤᠯᠠᠬᠤ᠂ ᠮᠠᠭᠤᠰᠢᠶᠠᠬᠤ ᠵᠡᠷᠭᠡ ᠲᠥᠪ ᠪᠤᠰᠤ ᠠᠷᠭ᠎ᠠ ᠪᠠᠷᠢᠯ ᠵᠶ᠋ᠠᠷ ᠲᠤᠬᠠᠢ᠌ᠯᠠᠭᠰᠠᠨ ᠠᠵᠢᠯ ᠲᠠᠲᠠᠬᠤ;
    ᠳᠥᠷᠪᠡ᠂ ᠥᠪᠡᠷ᠎ᠲᠠᠢ᠎ᠪᠠᠨ ᠠᠰᠢᠭ ᠬᠣᠣᠷ᠎ᠤᠨ ᠬᠠᠷᠢᠴᠠᠭ᠎ᠠ᠎ᠲᠠᠢ ᠲᠤᠬᠠᠢ᠌ᠯᠠᠭᠰᠠᠨ ᠠᠵᠢᠯ᠎ᠢ ᠬᠦᠯᠢᠶᠡᠨ ᠠᠪᠴᠤ ᠰᠢᠢ᠍ᠳᠪᠦᠷᠢᠯᠡᠬᠦ;
    ᠲᠠᠪᠤ  ᠂   ᠠᠰᠢᠭ ᠲᠤᠰᠠ ᠵᠢᠨ ᠮᠥᠷᠭᠥᠯᠳᠦᠭᠡᠨ᠎ᠢ ᠬᠦᠯᠢᠶᠡᠨ ᠠᠪᠬᠤ ᠬᠣᠶᠠᠷ ᠡᠲᠡᠭᠡᠳ᠎ᠤᠨ ᠨᠠᠢ᠌ᠳᠠᠯᠭ᠎ᠠ ᠵᠢ ᠬᠦᠯᠢᠶᠡᠨ ᠠᠪᠴᠦ᠂ ᠠᠳᠠᠯᠢ ᠨᠢᠭᠡ   ᠦᠨᠡᠯᠡᠨ ᠵᠢᠱ᠌ᠢᠬᠦ ᠡᠲᠡᠭᠡᠳ᠎ᠲᠤ ᠦᠨᠡᠯᠡᠯᠲᠡ ᠬᠢᠬᠦ;
    ᠵᠢᠷᠭᠤᠭ᠎ᠠ᠂   ᠴᠢᠬᠤᠯᠠ ᠶᠡᠬᠡ ᠣᠷᠬᠢᠭᠳᠠᠭᠤᠯᠤᠯ᠎ᠲᠠᠢ ᠦᠨᠡᠯᠡᠨ ᠵᠢᠱ᠌ᠢᠬᠦ ᠮᠡᠳᠡᠭᠦᠯᠦᠯᠲᠡ ᠬᠢᠬᠦ;
    ᠳᠤᠯᠤᠭ᠎ᠠ᠂ ᠲᠤᠰ ᠬᠠᠤᠯᠢ᠎ᠳᠤ ᠲᠣᠭᠲᠠᠭ᠋ᠠᠭᠰᠠᠨ ᠬᠤᠭᠤᠴᠠᠭ᠎ᠠ᠎ᠪᠠᠷ ᠦᠨᠡᠯᠡᠨ ᠵᠢᠱ᠌ᠢᠬᠦ ᠳᠠᠩᠰᠠ ᠡᠪᠬᠡᠮᠡᠯ᠎ᠢ   ᠬᠠᠳᠠᠭ᠋ᠠᠯᠠᠭᠰᠠᠨ ᠦᠭᠡᠢ;
    ᠨᠠᠢ᠍ᠮᠠ᠂ ᠲᠤᠰ ᠬᠠᠤᠯᠢ ᠵᠢᠨ ᠲᠣᠭᠲᠠᠭ᠋ᠠᠯ᠎ᠳᠤ ᠦᠯᠦ ᠨᠡᠢ᠌ᠴᠡᠬᠦ ᠬᠥᠮᠦᠨ᠎ᠢ ᠤᠷᠢᠵᠤ ᠬᠡᠷᠡᠭᠯᠡᠬᠦ ᠪᠤᠶᠤ ᠵᠢᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠬᠢᠯᠭᠡᠬᠦ;
    ᠶᠢᠰᠦ᠂ ᠲᠤᠰ ᠪᠠᠢ᠌ᠭᠤᠯᠤᠮᠵᠢ ᠵᠢᠨ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠎ᠢ ᠬᠠᠮᠢᠶᠠᠷᠬᠤ ᠦᠭᠡᠢ᠎ᠠᠴᠠ ᠪᠣᠯᠵᠤ ᠮᠠᠭᠤ ᠦᠷ᠎ᠡ ᠳ᠋ᠦᠩ ᠭᠠᠷᠭ᠋ᠠᠭᠰᠠᠨ᠃
    ᠦᠨᠡᠯᠡᠨ ᠵᠢᠱ᠌ᠢᠬᠦ ᠪᠠᠢ᠌ᠭᠤᠯᠤᠮᠵᠢ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠢ ᠪᠤᠶᠤ ᠲᠤᠰ ᠬᠠᠤᠯᠢ ᠵᠢᠨ ᠠᠷᠪᠠᠨ ᠲᠠᠪᠤᠳᠤᠭ᠋ᠠᠷ ᠵᠣᠷᠪᠣᠰ᠎ᠲᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠦᠭᠡᠢ ᠪᠠᠢ᠌ᠪᠠᠯ᠂ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ᠂ ᠨᠢᠭᠡ ᠲᠦᠮᠡᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
    ᠳᠥᠴᠢᠨ ᠨᠠᠢ᠍ᠮᠠᠳᠤᠭ᠋ᠠᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠬᠤᠳᠠᠯ ᠬᠠᠭᠤᠷᠮᠠᠭ ᠦᠨᠡᠯᠡᠨ ᠵᠢᠱ᠌ᠢᠬᠦ ᠮᠡᠳᠡᠭᠦᠯᠦᠯᠲᠡ ᠭᠠᠷᠭ᠋ᠠᠭᠰᠠᠨ ᠪᠠᠢ᠌ᠪᠠᠯ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠨ᠎ᠠ᠃   ᠬᠠᠤᠯᠢ ᠪᠤᠰᠤ ᠣᠯᠵᠠᠪᠤᠷᠢ᠎ᠲᠠᠢ ᠪᠣᠯ ᠬᠠᠤᠯᠢ ᠪᠤᠰᠤ ᠣᠯᠵᠠᠪᠤᠷᠢ ᠵᠢ᠎ᠨᠢ ᠬᠣᠷᠢᠶᠠᠨ ᠠᠪᠴᠤ᠂ ᠬᠠᠤᠯᠢ ᠪᠤᠰᠤ ᠣᠯᠵᠠᠪᠤᠷᠢ ᠵᠢᠨ ᠨᠢᠭᠡ ᠳᠠᠬᠢᠨ᠎ᠠᠴᠠ ᠳᠡᠭᠡᠭᠰᠢ ᠲᠠᠪᠤᠨ ᠳᠠᠬᠢᠨ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠡᠵᠡᠩᠨᠡᠯᠲᠡ ᠵᠢᠨ ᠦᠨᠡᠮᠯᠡᠯ᠎ᠢ᠎ᠨᠢ ᠬᠦᠴᠦᠨ ᠦᠭᠡᠢ ᠪᠣᠯᠭ᠋ᠠᠨ᠎ᠠ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠳᠥᠴᠢ ᠶᠢᠰᠦᠳᠦᠭᠡᠷ ᠵᠤᠷᠪᠤᠰ   ᠦᠨᠡᠯᠡᠨ ᠵᠢᠱ᠌ᠢᠬᠦ ᠪᠠᠢ᠌ᠭᠤᠯᠤᠮᠵᠢ᠂ ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ ᠨᠢᠭᠡ ᠵᠢᠯ᠎ᠤᠨ ᠳᠣᠲᠣᠷ᠎ᠠ ᠭᠤᠷᠪᠠ ᠤᠳᠠᠭ᠎ᠠ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠵᠤ᠂ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠭᠰᠠᠨ᠎ᠠᠴᠠ ᠭᠠᠳᠠᠨ᠎ᠠ ᠰᠢᠢ᠍ᠳᠬᠡᠭᠳᠡᠭᠦᠯᠵᠦ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠡᠭᠦᠨ᠎ᠢ ᠵᠠᠷᠯᠢᠭᠳᠠᠵᠤ ᠪᠠᠢ᠌ᠭ᠋ᠠᠳ ᠠᠵᠢᠯ᠎ᠢ᠎ᠨᠢ ᠵᠣᠭᠰᠣᠭ᠋ᠠᠬᠤ ᠪᠤᠶᠤ ᠠᠵᠢᠯ ᠡᠷᠬᠢᠯᠡᠬᠦ ᠵᠢ᠎ᠨᠢ ᠨᠢᠭᠡ ᠵᠢᠯ᠎ᠠᠴᠠ ᠳᠡᠭᠡᠭᠰᠢ ᠲᠠᠪᠤᠨ ᠵᠢᠯ᠎ᠠᠴᠠ ᠳᠣᠷᠣᠭᠰᠢ ᠵᠣᠭᠰᠣᠭ᠋ᠠᠵᠤ ᠪᠣᠯᠤᠨ᠎ᠠ  ᠃
    ᠲᠠᠪᠢᠳᠤᠭ᠋ᠠᠷ ᠵᠤᠷᠪᠤᠰ   ᠦᠨᠡᠯᠡᠨ ᠵᠢᠱ᠌ᠢᠬᠦ ᠲᠤᠰᠬᠠᠢ ᠠᠵᠢᠯ᠎ᠤᠨ ᠠᠵᠢᠯᠲᠠᠨ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂   ᠨᠠᠢ᠌ᠳᠠᠭᠴᠢ ᠪᠤᠶᠤ ᠪᠤᠰᠤᠳ ᠬᠣᠯᠪᠣᠭᠳᠠᠯ ᠪᠦᠬᠦᠢ ᠲᠤᠬᠠᠢ ᠵᠢᠨ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠲᠡᠭᠦᠨ᠎ᠤ ᠪᠠᠢ᠌ᠭ᠎ᠠ ᠦᠨᠡᠯᠡᠨ ᠵᠢᠱ᠌ᠢᠬᠦ ᠪᠠᠢ᠌ᠭᠤᠯᠤᠮᠵᠢ᠎ᠠᠴᠠ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠦᠨᠡᠯᠡᠨ ᠵᠢᠱ᠌ᠢᠬᠦ ᠪᠠᠢ᠌ᠭᠤᠯᠤᠮᠵᠢ ᠲᠥᠯᠥᠪᠦᠷᠢ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠤ ᠳᠠᠷᠠᠭ᠎ᠠ ᠵᠣᠷᠢᠭᠤᠳᠠ ᠪᠤᠶᠤ ᠬᠦᠨᠳᠦ ᠶᠡᠬᠡ ᠡᠨᠳᠡᠯ ᠭᠠᠷᠭ᠋ᠠᠭᠰᠠᠨ ᠦᠢ᠍ᠯᠡ ᠠᠵᠢᠯᠯᠠᠭ᠎ᠠ᠎ᠲᠠᠢ ᠦᠨᠡᠯᠡᠨ ᠵᠢᠱ᠌ᠢᠬᠦ ᠲᠤᠰᠬᠠᠢ ᠠᠵᠢᠯ᠎ᠤᠨ ᠬᠥᠮᠦᠰ᠎ᠠᠴᠠ ᠲᠥᠯᠥᠪᠦᠷᠢ ᠨᠡᠬᠡᠮᠵᠢᠯᠡᠵᠦ ᠪᠣᠯᠤᠨ᠎ᠠ᠃
    ᠲᠠᠪᠢᠨ ᠨᠢᠭᠡᠳᠦᠭᠡᠷ ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠦᠨᠡᠯᠡᠨ ᠵᠢᠱ᠌ᠢᠬᠦ ᠪᠠᠢ᠌ᠭᠤᠯᠤᠮᠵᠢ᠎ᠳᠤ   ᠨᠠᠢ᠌ᠳᠠᠵᠤ᠂ ᠬᠠᠤᠯᠢ᠎ᠪᠠᠷ ᠲᠣᠭᠲᠠᠭ᠋ᠠᠭᠰᠠᠨ ᠦᠨᠡᠯᠡᠨ ᠵᠢᠱ᠌ᠢᠯᠲᠡ ᠬᠢᠯᠭᠡᠬᠦ ᠬᠡᠷᠡᠭᠲᠡᠢ ᠪᠠᠢ᠌ᠲᠠᠯ᠎ᠠ᠂ ᠨᠠᠢ᠍ᠳᠠᠭᠰᠠᠨ ᠦᠭᠡᠢ ᠪᠠᠢ᠌ᠪᠠᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠲᠠᠪᠢᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠦᠢ᠍ᠯᠡ   ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠃ ᠬᠣᠬᠢᠷᠠᠯ ᠭᠠᠷᠭ᠋ᠠᠭᠰᠠᠨ ᠪᠠᠢ᠌ᠪᠠᠯ᠂ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠲᠠᠪᠢᠨ ᠬᠣᠶᠠᠳᠤᠭ᠋ᠠᠷ ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠨᠠᠢ᠌ᠳᠠᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠦᠨᠡᠯᠡᠨ ᠵᠢᠱ᠌ᠢᠬᠦ ᠳᠤᠮᠳᠠ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ  ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠲᠠᠪᠢᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠬᠠᠤᠯᠢ ᠪᠤᠰᠤ ᠣᠯᠵᠠᠪᠤᠷᠢ᠎ᠲᠠᠢ   ᠪᠣᠯ ᠬᠠᠤᠯᠢ ᠪᠤᠰᠤ ᠣᠯᠵᠠᠪᠤᠷᠢ ᠵᠢ᠎ᠨᠢ ᠬᠣᠷᠢᠶᠠᠨ ᠠᠪᠴᠤ᠂ ᠦᠢ᠍ᠯᠡ   ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠃ ᠬᠣᠬᠢᠷᠠᠯ ᠭᠠᠷᠭ᠋ᠠᠭᠰᠠᠨ ᠪᠠᠢ᠌ᠪᠠᠯ  ᠂ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠨᠢᠭᠡ  ᠂ ᠦᠨᠡᠯᠡᠨ ᠵᠢᠱ᠌ᠢᠬᠦ ᠪᠠᠢ᠌ᠭᠤᠯᠤᠮᠵᠢ ᠵᠢ ᠬᠠᠤᠯᠢ ᠶᠣᠰᠣᠭ᠋ᠠᠷ ᠰᠣᠩᠭᠣᠭᠰᠠᠨ ᠦᠭᠡᠢ;
    ᠬᠤᠶᠠᠷ᠂   ᠳᠤᠮᠳᠠ᠎ᠠᠴᠠ᠎ᠨᠢ ᠠᠪᠬᠤ᠂ ᠬᠦᠯᠢᠶᠡᠨ ᠠᠪᠬᠤ ᠪᠤᠶᠤ ᠬᠡᠯᠪᠡᠷᠢ ᠵᠢ᠎ᠨᠢ ᠥᠭᠡᠷᠡᠳᠡᠭᠦᠯᠦᠨ ᠠᠪᠬᠤ᠂ ᠬᠠᠷᠢᠭᠤ ᠬᠠᠷᠠᠮᠵᠢ ᠠᠪᠬᠤ;
    ᠭᠤᠷᠪᠠ᠂ ᠰᠦᠯᠪᠡᠭᠡᠯᠳᠦᠵᠦ᠂ ᠥᠳᠥᠭᠡᠵᠦ ᠪᠠᠢ᠌ᠭ᠋ᠠᠳ ᠦᠨᠡᠯᠡᠨ ᠵᠢᠱ᠌ᠢᠬᠦ ᠪᠠᠢ᠌ᠭᠤᠯᠤᠮᠵᠢ ᠪᠤᠶᠤ ᠦᠨᠡᠯᠡᠨ ᠵᠢᠱ᠌ᠢᠭᠴᠢ᠎ᠠᠴᠠ ᠬᠤᠳᠠᠯ ᠬᠠᠭᠤᠷᠮᠠᠭ ᠦᠨᠡᠯᠡᠨ ᠵᠢᠱ᠌ᠢᠬᠦ ᠮᠡᠳᠡᠭᠦᠯᠦᠯᠲᠡ ᠭᠠᠷᠭ᠋ᠠᠭᠰᠠᠨ;
    ᠳᠥᠷᠪᠡ᠂ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠡᠷᠬᠡ ᠵᠢᠨ ᠬᠠᠷᠢᠶᠠᠯᠠᠯ᠎ᠤᠨ ᠭᠡᠷᠡᠴᠢ᠂ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠯᠲᠠ ᠵᠢᠨ ᠮᠡᠳᠡᠭᠡ ᠵᠠᠩᠭᠢ ᠪᠠ ᠪᠤᠰᠤᠳ ᠮᠠᠲ᠋ᠧᠷᠢᠶᠠᠯ᠎ᠢ ᠦᠨᠡᠨ ᠮᠥᠨ ᠵᠶ᠋ᠠᠷ᠎ᠨᠢ ᠬᠠᠩᠭ᠋ᠠᠬᠤ ᠦᠭᠡᠢ;
    ᠲᠠᠪᠣ᠂ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠦᠨᠡᠯᠡᠨ ᠵᠢᠱ᠌ᠢᠬᠦ ᠮᠡᠳᠡᠭᠦᠯᠦᠯᠲᠡ᠎ᠳᠤ ᠲᠣᠳᠣᠷᠬᠠᠢ᠍ᠯᠠᠭᠰᠠᠨ ᠬᠡᠷᠡᠭᠯᠡᠬᠦ ᠬᠦᠷᠢᠶ᠎ᠡ ᠬᠡᠪᠴᠢᠶ᠎ᠡ ᠵᠢ ᠦᠯᠦ ᠵᠢᠷᠤᠮᠯᠠᠨ ᠦᠨᠡᠯᠡᠨ ᠵᠢᠱ᠌ᠢᠬᠦ ᠮᠡᠳᠡᠭᠦᠯᠦᠯᠲᠡ ᠵᠢ ᠬᠡᠷᠡᠭᠯᠡᠭᠰᠡᠨ᠃
ᠡᠮᠦᠨᠡᠬᠢ ᠪᠠᠳᠠᠭ᠎ᠤᠨ ᠲᠣᠭᠲᠠᠭ᠋ᠠᠯ᠎ᠠᠴᠠ ᠪᠤᠰᠤᠳ ᠨᠠᠢ᠌ᠳᠠᠭᠴᠢ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ ᠪᠤᠰᠤᠳ᠎ᠲᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃
    ᠲᠠᠪᠢᠨ ᠭᠤᠷᠪᠠᠳᠤᠭ᠋ᠠᠷ ᠵᠤᠷᠪᠤᠰ   ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠪᠠᠢ᠌ᠪᠠᠯ᠂ ᠬᠣᠯᠪᠣᠭᠳᠠᠯ ᠪᠦᠬᠦᠢ ᠦᠨᠡᠯᠡᠨ ᠵᠢᠱ᠌ᠢᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠰᠡᠷᠡᠮᠵᠢ ᠥᠭᠴᠦ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠵᠢ ᠲᠡᠪᠴᠢᠪᠡᠯ᠂ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠪᠠᠢ᠍ᠭᠤᠯᠤᠯᠭ᠎ᠠ᠎ᠳᠤ ᠮᠡᠳᠡᠭᠳᠡᠵᠦ᠂ ᠲᠡᠭᠦᠨ᠎ᠢ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠵᠤ ᠪᠣᠯᠤᠨ᠎ᠠ᠃
    ᠲᠠᠪᠢᠨ ᠳᠥᠷᠪᠡᠳᠦᠭᠡᠷ ᠵᠤᠷᠪᠤᠰ   ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠦᠨᠡᠯᠡᠨ ᠵᠢᠱ᠌ᠢᠬᠦ ᠠᠵᠢᠯ ᠲᠥᠷᠥᠯ᠎ᠤᠨ ᠨᠡᠢ᠌ᠭᠡᠮᠯᠢᠭ᠎ᠤᠨ ᠠᠵᠢᠯᠲᠠᠨ᠎ᠠᠴᠠ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠍ᠯᠠᠭᠰᠠᠨ ᠪᠤᠶᠤ ᠬᠤᠪᠢ ᠵᠢᠨ ᠨᠠᠢ᠍ᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠢ᠌ᠪᠠᠯ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠃ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠨᠠᠢ᠍ᠮᠠᠳᠤᠭ᠋ᠠᠷ ᠪᠦᠯᠦᠭ   ᠳᠠᠭ᠋ᠠᠯᠳᠤᠭᠤᠯᠤᠭᠰᠠᠨ ᠳᠦᠷᠢᠮ
    ᠲᠠᠪᠢᠨ ᠲᠠᠪᠤᠳᠤᠭ᠋ᠠᠷ ᠵᠤᠷᠪᠤᠰ   ᠲᠤᠰ ᠬᠠᠤᠯᠢ ᠵᠢ 2016 ᠣᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠣᠷᠣᠨ ᠰᠠᠭᠤᠴᠠ ᠪᠠ ᠬᠣᠲᠠ ᠬᠦᠳᠡᠭᠡ ᠵᠢᠨ ᠪᠦᠲᠦᠭᠡᠨ ᠪᠠᠢ᠌ᠭᠣᠯᠣᠯᠲᠠ ᠵᠢᠨ ᠲᠢᠩᠬᠢᠮ