ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠂ ᠮᠠᠨᠵᠤᠤᠷ ᠬᠣᠲᠠ᠂ ᠡᠷᠢᠶᠡᠨ ᠬᠣᠲᠠ᠂ ᠬᠣᠷᠢᠨᠭᠡᠷ ᠰᠢᠨ᠎ᠡ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠣᠯᠪᠣᠭᠳᠠᠯ ᠪᠦᠬᠦᠢ ᠨᠡᠢ᠌ᠭᠡᠮᠯᠢᠭ᠂ ᠰᠢᠨᠵᠢᠯᠡᠭᠡᠨ᠎ᠤ ᠨᠡᠢ᠌ᠭᠡᠮᠯᠢᠭ᠂ ᠬᠣᠯᠪᠣᠭᠳᠠᠯ ᠪᠦᠬᠦᠢ ᠠᠵᠤ ᠠᠬᠤᠢ᠌ᠯᠠᠯ᠂ ᠠᠵᠢᠯᠯᠠᠵᠤ ᠪᠠᠢ᠌ᠭ᠎ᠠ ᠬᠥᠮᠦᠰ᠄
《ᠳᠣᠲᠣᠭ᠋ᠠᠳᠤ ᠪᠠᠢ᠌ᠭᠤᠯᠤᠮᠵᠢ ᠵᠢ ᠲᠣᠬᠢᠷᠠᠭᠤᠯᠬᠤ ᠲᠤᠬᠠᠢ ᠴᠣᠬᠣᠯᠠᠪᠤᠷᠢ》 (ᠥᠪᠥᠷ ᠮᠣᠩᠭᠣᠯ᠎ᠤᠨ ᠪᠠᠢ᠌ᠭᠤᠯᠤᠮᠵᠢ ᠵᠢᠨ ᠣᠷᠣᠨ ᠲᠣᠭ᠎ᠠ ᠵᠢᠨ ᠠᠯᠪᠠᠨ ᠭᠡᠷ ᠲᠠᠷᠬᠠᠭ᠋ᠠᠭᠰᠠᠨ (2020) 10 ᠳ᠋ᠤᠭ᠋ᠠᠷ ᠲᠣᠭ᠋ᠠᠲᠤ) ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠳᠤ ᠰᠢᠨ᠎ᠡ᠎ᠪᠠᠷ 《ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠭᠠᠵᠠᠷ》 ᠪᠠᠢ᠌ᠭᠤᠯᠤᠨ᠎ᠠ᠃ ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠤᠰᠬᠠᠢ ᠲᠠᠮᠠᠭ᠎ᠠ》 ᠵᠢ ᠡᠬᠢᠯᠡᠨ ᠬᠡᠷᠡᠭᠯᠡᠨ᠎ᠡ᠃ 2020 ᠣᠨ᠎ᠤ 3 ᠰᠠᠷ᠎ᠠ ᠵᠢᠨ13᠎ᠤ ᠡᠳᠦᠷ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬ᠋ᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲ᠋ᠢᠩᠬᠢᠮᠤᠨ ᠪᠦᠲᠦᠭᠡᠨ ᠪᠠᠢ᠌ᠭᠤᠯᠤᠯᠲᠠ ᠵᠢᠨ ᠠᠵᠤ ᠠᠬᠤᠢ᠌ᠯᠠᠯ᠎ᠤᠨ ᠬᠢᠷᠢ ᠭᠡᠮ ᠂ ᠠᠵᠢᠯᠲᠠᠨ᠎ᠤ ᠬᠢᠷᠢ ᠭᠡᠮ᠎ᠤᠨ ᠳᠠᠩᠰᠠᠯᠠᠯᠲᠠ ᠬᠢᠬᠦ 16 ᠵᠦᠢ᠍ᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠥᠷᠥᠯ ᠵᠦᠢ᠍ᠯ (ᠨᠠᠷᠢᠨ ᠠᠭᠤᠯᠭ᠎ᠠ ᠵᠢ ᠳᠠᠭ᠋ᠠᠯᠳᠤᠭᠤᠯᠤᠯ᠎ᠳᠤ ᠦᠵᠡ)᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠤᠰᠬᠠᠢ ᠲᠠᠮᠠᠭ᠎ᠠ》 ᠵᠢ ᠡᠬᠢᠯᠡᠨ ᠬᠡᠷᠡᠭᠯᠡᠵᠦ᠂ ᠤᠤᠯ᠎ᠤᠨ 《ᠥᠪᠥᠷ ᠮᠣᠩᠭᠣᠯ᠎ᠤᠨ ᠢᠨᠵᠧᠨᠧᠷᠢᠩ᠎ᠤᠨ ᠬᠠᠢ᠌ᠨ ᠪᠠᠢ᠌ᠴᠠᠭ᠋ᠠᠬᠤ ᠵᠢᠷᠤᠭ ᠲᠥᠯᠦᠪᠯᠡᠭᠡᠨ᠎ᠤ ᠬᠢᠷᠢ ᠭᠡᠮ᠎ᠤᠨ ᠬᠢᠨᠠᠨ ᠪᠠᠢ᠌ᠴᠠᠭ᠋ᠠᠬᠤ ᠲᠤᠰᠬᠠᠢ ᠲᠠᠮᠠᠭ᠎ᠠ》 《ᠥᠪᠥᠷ ᠮᠣᠩᠭᠣᠯ᠎ᠤᠨ ᠢᠨᠵᠧᠨᠧᠷᠢᠩ᠎ᠤᠨ ᠵᠢᠷᠤᠭ ᠲᠥᠯᠦᠪᠯᠡᠭᠡᠨ᠎ᠤ ᠬᠢᠷᠢ ᠭᠡᠮ᠎ᠤᠨ ᠬᠢᠨᠠᠨ ᠪᠠᠢ᠌ᠴᠠᠭ᠋ᠠᠬᠤ ᠲᠤᠰᠬᠠᠢ ᠲᠠᠮᠠᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠢ᠌ᠨ ᠪᠠᠢ᠌ᠴᠠᠭ᠋ᠠᠬᠤ ᠵᠢᠷᠤᠭ ᠲᠥᠯᠦᠪᠯᠡᠭᠡᠨ᠎ᠤ ᠳᠠᠩᠰᠠᠯᠠᠭᠤᠯᠤᠭᠰᠠᠨ ᠢᠨᠵᠧᠨᠧᠷ᠎ᠤᠨ ᠬᠠᠮᠢᠶᠠᠷᠤᠯᠲᠠ ᠵᠢᠨ ᠺᠣᠮᠢᠰ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮᠤ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠲ᠋ᠤᠰᠬᠠᠢ ᠲᠠᠮᠠᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠤᠭᠰᠠᠨ ᠪᠠᠷᠢᠯᠭ᠎ᠠ ᠴᠣᠭᠴᠠᠯᠠᠭᠴᠢ ᠵᠢᠨ ᠬᠠᠮᠢᠶᠠᠷᠤᠯᠲᠠ ᠵᠢᠨ ᠲ᠋ᠤᠰᠬᠠᠢ ᠲᠠᠮᠠᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠤ ᠠᠬᠤᠢ᠌ᠯᠠᠯ᠎ᠤᠨ 〈ᠭᠣᠷᠪᠠᠨ ᠲᠥᠷᠥᠯ᠎ᠤᠨ ᠬᠦᠮᠦᠰ〉᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬ᠋ᠢᠨᠠᠨ ᠪᠠᠢ᠌ᠴᠠᠭ᠋ᠠᠬᠤ ᠲᠤᠰᠬᠠᠢ ᠲᠠᠮᠠᠭ᠎ᠠ》 ᠵᠢ ᠬᠦᠴᠦᠨ ᠦᠭᠡᠢ ᠪᠣᠯᠭ᠋ᠠᠨ᠎ᠠ ᠃
ᠣᠨᠴᠠᠭ᠋ᠠᠢ᠌ᠯᠠᠨ ᠮᠡᠳᠡᠭᠳᠡᠯ᠎ᠡ
ᠳᠠᠭ᠋ᠠᠯᠳᠤᠭᠤᠯᠤᠯ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠪᠦᠲᠦᠭᠡᠨ ᠪᠠᠢ᠌ᠭᠤᠯᠤᠯᠲᠠ ᠵᠢᠨ ᠠᠵᠤ ᠠᠬᠤᠢ᠌ᠯᠠᠯ᠎ᠤᠨ ᠬᠢᠷᠢ ᠭᠡᠮ᠂ ᠠᠵᠢᠯᠲᠠᠨ᠎ᠤ ᠬᠢᠷᠢ ᠭᠡᠮ᠎ᠢ ᠳᠠᠩᠰᠠᠯᠠᠬᠤ 16 ᠵᠦᠢ᠍ᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠬᠦᠰᠦᠨᠦᠭᠲᠦ
2020 ᠣᠨ᠎ᠤ 3 ᠰᠠᠷ᠎ᠠ ᠵᠢᠨ 25᠎ᠤ ᠡᠳᠦᠷ
ᠳᠠᠭ᠋ᠠᠯᠳᠤᠭᠤᠯᠤᠯ ᠮᠠᠲ᠋ᠧᠷᠢᠶᠠᠯ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠬᠢᠷᠢ ᠭᠡᠮ᠂ ᠠᠵᠢᠯᠲᠠᠨ᠎ᠤ ᠬᠢᠷᠢ ᠭᠡᠮ᠎ᠢ ᠳᠠᠩᠰᠠᠯᠠᠬᠤ 16 ᠵᠦᠢ᠍ᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠬᠦᠰᠦᠨᠦᠭᠲᠦ
