ᠮᠠᠨ᠎ᠤ ᠣᠷᠣᠨ᠎ᠤ ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠳᠥᠭᠥᠮᠴᠢᠯᠡᠨ ᠰᠢᠯᠢᠳᠡᠭᠵᠢᠭᠦᠯᠬᠦ ᠵᠢᠨ ᠬᠣᠯᠪᠣᠭᠳᠠᠯ ᠪᠦᠬᠦᠢ ᠵᠦᠢ᠍ᠯ᠎ᠢ ᠬᠢᠨᠠᠨ ᠣᠯᠭᠣᠬᠤ ᠲᠤᠬᠠᠢ ᠮᠡᠳᠡᠭᠳᠡᠯ
2021-01-05

    ᠥᠪᠥᠷ ᠮᠣᠩᠭᠣᠯ᠎ᠤᠨ ᠥᠪᠡᠷᠳᠡᠭᠡᠨ   ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ [2020] 109 ᠳ᠋ᠦ᠍ᠭᠡᠷ
    ᠡᠯ᠎ᠡ ᠠᠢ᠌ᠮᠠᠭ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠣᠷᠢᠭ᠎ᠤᠨ ᠲᠥᠯᠥᠪᠵᠢᠭᠦᠯᠭᠡ ᠪᠠ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠰᠢᠭᠤᠳ ᠮᠡᠳᠡᠭᠦᠯᠬᠦ ᠬᠣᠰᠢᠭᠤ (ᠰᠢᠶᠠᠨ᠂ ᠬᠣᠲᠠ) ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ  ᠄
 《ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠳᠦᠷᠢᠮ》᠂《ᠲᠥᠷᠥ ᠵᠢᠨ ᠶᠠᠪᠤᠳᠠᠯ᠎ᠤᠨ   ᠬᠤᠷᠢᠶᠠᠨ᠎ᠤ ᠠᠯᠪᠠᠨ ᠲᠢᠩᠬᠢᠮ᠎ᠤᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠢ ᠰᠠᠨᠠᠯ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ 《ᠵᠠᠰᠠᠭ᠎ᠢ ᠴᠣᠮᠬᠠᠳᠬᠠᠵᠤ ᠡᠷᠬᠡ ᠵᠢ ᠳᠣᠷᠣᠭᠰᠢ ᠪᠠᠭᠤᠯᠭ᠋ᠠᠬᠤ᠂ ᠪᠠᠭᠤᠯᠭ᠋ᠠᠬᠤ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ》 ᠥᠭᠡᠷᠡᠴᠢᠯᠡᠯᠲᠡ ᠵᠢ ᠭᠦᠨᠵᠡᠭᠡᠢ ᠲᠦᠯᠬᠢᠨ ᠠᠬᠢᠭᠤᠯᠤᠨ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠵᠤ᠂ ᠠᠵᠢᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠮᠠᠨ᠎ᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢᠨ ᠲᠤᠰᠠᠳᠠ᠂《ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢᠨ ᠬᠠᠮᠢᠶᠠᠷᠤᠯᠲᠠ ᠵᠢᠨ ᠳᠦᠷᠢᠮ》 (ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ 128 ᠳ᠋ᠤᠭ᠋ᠠᠷ ᠲᠣᠭ᠋ᠠᠲᠤ ᠵᠠᠷᠯᠢᠭ)᠂《ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢᠨ ᠬᠠᠮᠢᠶᠠᠷᠤᠯᠲᠠ ᠵᠢᠨ ᠳᠦᠷᠢᠮ᠎ᠤᠨ ᠬᠡᠷᠡᠭᠵᠢᠭᠦᠯᠬᠦ ᠰᠠᠨᠠᠯ》(ᠪᠠᠷᠢᠯᠭ᠎ᠠ ᠵᠢᠨ ᠬᠢᠷᠢ ᠬᠡᠮ [2020] 148 ᠳ᠋ᠤᠭ᠋ᠠᠷ ᠲᠣᠭ᠋ᠠᠲᠤ) ᠵᠡᠷᠭᠡ ᠮᠠᠲ᠋ᠧᠷᠢᠶᠠᠯ᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠳᠥᠭᠥᠮᠴᠢᠯᠡᠨ ᠰᠢᠯᠢᠳᠡᠭᠵᠢᠭᠦᠯᠬᠦ ᠵᠢᠨ ᠬᠣᠯᠪᠣᠭᠳᠠᠯ ᠪᠦᠬᠦᠢ ᠵᠦᠢ᠍ᠯ᠎ᠢ ᠬᠢᠨᠠᠨ ᠣᠯᠭᠣᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠃
    ᠨᠢᠭᠡ᠂ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ   ᠳᠥᠭᠥᠮᠴᠢᠯᠡᠬᠦ ᠵᠢ ᠠᠩᠬ᠎ᠠ ᠤᠳᠠᠭ᠎ᠠ ᠭᠤᠶᠤᠴᠢᠯᠠᠬᠤ
   (ᠨᠢᠭᠡ) ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠠᠩᠬ᠎ᠠ ᠤᠳᠠᠭ᠎ᠠ ᠭᠦᠢ᠍ᠴᠡᠳᠬᠡᠬᠦ᠎ᠳᠤ ᠪᠠᠢ᠌ᠪᠠᠰᠤ ᠵᠣᠬᠢᠬᠤ   ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ
   1. ᠠᠵᠤ ᠠᠬᠤᠢ᠌ᠯᠠᠯ᠎ᠤᠨ ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ  ;
   2. ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠳᠠᠭ᠋ᠠᠭ᠋ᠠᠴᠢᠯᠠᠬᠤ ᠬᠢᠷᠢ ᠬᠡᠮ᠎ᠲᠠᠢ;
   3. ᠠᠶᠤᠯ ᠥᠬᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠪᠦᠷᠢᠨ ᠲᠡᠭᠦᠯᠳᠡᠷ ᠳᠦᠷᠢᠮ ᠲᠣᠭᠲᠠᠭ᠋ᠠᠯ ᠪᠠ ᠠᠵᠢᠯᠯᠠᠬᠤ ᠳᠦᠷᠢᠮ᠎ᠢ ᠲᠣᠭᠲᠠᠭ᠋ᠠᠨ᠎ᠠ;
   4. ᠲᠤᠰ ᠨᠢᠭᠡᠴᠡ ᠵᠢᠨ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠳᠤ ᠬᠡᠷᠡᠭᠰᠡᠬᠦ ᠪᠡᠯᠡ ᠮᠥᠩᠭᠥ ᠵᠢᠨ ᠣᠷᠣᠭᠤᠯᠤᠯᠲᠠ ᠵᠢ ᠪᠠᠲᠤᠯᠠᠨ᠎ᠠ;
   5. ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠪᠠᠢ᠌ᠭᠤᠯᠤᠮᠵᠢ ᠵᠢ ᠪᠠᠢ᠌ᠭᠤᠯᠵᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠲᠤᠰᠬᠠᠢ ᠠᠵᠢᠯᠲᠠᠨ᠎ᠢ ᠲᠣᠬᠢᠷᠠᠭᠤᠯᠤᠨ᠎ᠠ;
   6. ᠭᠣᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂ ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠲᠤᠰᠬᠠᠢ ᠠᠵᠢᠯᠲᠠᠨ᠎ᠢ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠬᠢᠨᠠᠨ ᠰᠢᠯᠭ᠋ᠠᠭᠤᠯᠤᠭ᠋ᠠᠳ᠂ ᠬᠢᠷᠢ ᠲᠡᠩᠴᠡᠭᠰᠡᠨ ᠪᠠᠢ᠌ᠬᠤ ᠬᠡᠷᠡᠭᠲᠡᠢ;
   7. ᠣᠨᠴᠠ ᠲᠥᠷᠥᠯ᠎ᠤᠨ ᠠᠵᠢᠯ ᠬᠢᠭᠰᠡᠳ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠰᠢᠯᠭ᠋ᠠᠭᠤᠯᠤᠭ᠋ᠠᠳ ᠬᠢᠷᠢ ᠲᠡᠩᠴᠡᠵᠦ᠂ ᠣᠨᠴᠠ ᠲᠥᠷᠥᠯ᠎ᠤᠨ ᠠᠵᠢᠯ ᠬᠢᠬᠦ ᠬᠢᠷᠢ ᠬᠡᠮ᠎ᠤᠨ ᠦᠨᠡᠮᠯᠡᠯ ᠣᠯᠤᠭᠰᠠᠨ ᠪᠠᠢ᠌ᠬᠤ ᠬᠡᠷᠡᠭᠲᠡᠢ;
   8. ᠬᠠᠮᠢᠶᠠᠷᠤᠯᠲᠠ ᠵᠢᠨ ᠠᠵᠢᠯᠲᠠᠨ ᠪᠠ ᠠᠵᠢᠯ ᠬᠢᠭᠰᠡᠳ ᠵᠢᠯ ᠪᠦᠷᠢ ᠠᠳᠠᠭ᠎ᠲᠠᠭᠠᠨ ᠨᠢᠭᠡ ᠤᠳᠠᠭ᠎ᠠ ᠠᠶᠤᠯ ᠥᠬᠡᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠣᠷᠠᠭᠤᠯᠤᠯ ᠬᠢᠬᠦ ᠵᠢᠨ ᠬᠠᠮᠲᠤ ᠬᠢᠨᠠᠨ ᠰᠢᠯᠭ᠋ᠠᠭᠤᠯᠤᠭ᠋ᠠᠳ᠂   ᠬᠢᠷᠢ ᠲᠡᠩᠴᠡᠭᠰᠡᠨ ᠪᠠᠢ᠌ᠬᠤ ᠬᠡᠷᠡᠭᠲᠡᠢ;
   9. ᠬᠠᠤᠯᠢ ᠶᠣᠰᠣᠭ᠋ᠠᠷ ᠠᠵᠢᠯᠯᠠᠭᠰᠠᠳ᠎ᠲᠤ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠵᠤ᠂ ᠬᠠᠤᠯᠢ ᠶᠣᠰᠣᠭ᠋ᠠᠷ ᠪᠠᠷᠢᠯᠭ᠎ᠠ ᠵᠢᠨ ᠭᠠᠵᠠᠷ᠎ᠤᠨ ᠠᠶᠤᠯᠲᠠᠢ ᠠᠵᠢᠯ᠎ᠢ ᠬᠢᠵᠦ ᠪᠠᠢ᠌ᠭ᠎ᠠ ᠬᠥᠮᠦᠰ᠎ᠲᠤ ᠭᠡᠨᠡᠳᠲᠡ ᠵᠢᠨ ᠭᠡᠮᠲᠦᠯ᠎ᠤᠨ ᠳᠠᠭ᠋ᠠᠳᠬᠠᠯ ᠬᠢᠵᠦ ᠥᠭᠭᠦᠨ᠎ᠡ;
   10. ᠪᠠᠷᠢᠯᠭ᠎ᠠ ᠪᠠᠷᠢᠬᠤ ᠲᠤᠬᠠᠢ ᠵᠢᠨ ᠭᠠᠵᠠᠷ᠎ᠤᠨ ᠠᠵᠢᠯᠯᠠᠬᠤ᠂ ᠠᠮᠢᠳᠤᠷᠠᠯ᠎ᠤᠨ ᠲᠣᠭᠣᠷᠢᠭ ᠵᠢᠴᠢ ᠠᠵᠢᠯᠯᠠᠬᠤ ᠭᠠᠵᠠᠷ ᠲᠠᠯᠠᠪᠤᠷ ᠪᠣᠯᠤᠨ ᠠᠮᠤᠷ ᠲᠦᠪᠰᠢᠨ᠎ᠢ ᠰᠡᠷᠭᠡᠢ᠌ᠯᠡᠨ ᠬᠠᠮᠠᠭ᠋ᠠᠯᠠᠬᠤ ᠬᠡᠷᠡᠭᠰᠡᠯ᠂ ᠮᠠᠰᠢᠨ ᠲᠥᠬᠥᠭᠡᠷᠦᠮᠵᠢ᠂ ᠪᠠᠷᠢᠯᠭ᠎ᠠ ᠪᠠᠷᠢᠬᠤ ᠮᠠᠰᠢᠨ ᠪᠠᠭ᠋ᠠᠵᠢ ᠵᠢᠴᠢ ᠲᠣᠨᠣᠭ᠎ᠨᠢ ᠬᠠᠮᠢᠶ᠎ᠠ ᠪᠦᠬᠦᠢ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠪᠠᠷᠢᠮᠵᠢᠶ᠎ᠠ ᠪᠣᠯᠤᠨ ᠳᠦᠷᠢᠮ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ;
   11. ᠠᠵᠢᠯ᠎ᠤᠨ ᠨᠥᠯᠦᠭᠡᠨ᠎ᠤ ᠬᠥᠨᠥᠭᠡᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠲᠠᠢ ᠪᠥᠭᠡᠳ ᠠᠵᠢᠯᠯᠠᠭᠰᠠᠳ᠎ᠲᠤ ᠤᠯᠤᠰ᠎ᠤᠨ ᠪᠠᠷᠢᠮᠵᠢᠶ᠎ᠠ ᠪᠤᠶᠤ ᠠᠵᠢᠯ ᠲᠥᠷᠥᠯ᠎ᠤᠨ ᠪᠠᠷᠢᠮᠵᠢᠶ᠎ᠠ᠎ᠳᠤ ᠨᠡᠢ᠌ᠴᠡᠭᠰᠡᠨ ᠠᠮᠤᠷ ᠲᠦᠪᠰᠢᠨ᠎ᠤ ᠰᠡᠷᠭᠡᠢ᠌ᠯᠡᠨ ᠬᠠᠮᠠᠭ᠋ᠠᠯᠠᠬᠤ ᠬᠡᠷᠡᠭᠰᠡᠯ ᠪᠣᠯᠤᠨ ᠠᠮᠤᠷ ᠲᠦᠪᠰᠢᠨ᠎ᠤ ᠰᠡᠷᠭᠡᠢ᠌ᠯᠡᠨ ᠬᠠᠮᠠᠭ᠋ᠠᠯᠠᠬᠤ ᠬᠤᠪᠴᠠᠰᠤ ᠲᠣᠬᠢᠷᠠᠭᠤᠯᠬᠤ ᠬᠡᠷᠡᠭᠲᠡᠢ;
   12. ᠠᠶᠤᠯ ᠲᠦᠭᠰᠢᠭᠦᠷᠢᠲᠦ ᠴᠢᠨᠠᠷ ᠵᠶ᠋ᠠᠷ ᠨᠡᠯᠢᠶᠡᠳ ᠶᠡᠬᠡ ᠬᠡᠰᠡᠭ ᠪᠠᠷᠢᠯᠭ᠎ᠠ ᠵᠢᠨ ᠠᠵᠢᠯ ᠵᠢᠴᠢ ᠪᠠᠷᠢᠯᠭ᠎ᠠ ᠵᠢᠨ ᠭᠠᠵᠠᠷ᠎ᠲᠤ ᠬᠦᠨᠳᠦ ᠶᠡᠬᠡ ᠡᠨᠳᠡᠯ ᠠᠮᠠᠷᠬᠠᠨ ᠭᠠᠷᠳᠠᠭ ᠣᠷᠣᠨ ᠪᠠᠢ᠌ᠷᠢ᠂ ᠭᠣᠭᠴᠣᠭ᠋ᠠᠨ᠎ᠳᠠᠬᠢ ᠤᠷᠢᠳᠴᠢᠯᠠᠨ   ᠰᠡᠷᠭᠡᠢ᠌ᠯᠡᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠲᠠᠢ ᠪᠠᠢ᠌ᠬᠤ ᠬᠡᠷᠡᠭᠲᠡᠢ;
   13. ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ ᠪᠤᠶᠤ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠠᠵᠢᠯᠲᠠᠨ᠎ᠲᠠᠢ ᠴᠢᠬᠤᠯᠠ ᠪᠦᠬᠦᠢ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠠᠭ᠋ᠠᠵᠢ ᠬᠡᠷᠡᠭᠰᠡᠯ᠂ ᠲᠥᠬᠥᠭᠡᠷᠦᠮᠵᠢ ᠲᠣᠬᠢᠷᠠᠭᠤᠯᠬᠤ ᠬᠡᠷᠡᠭᠲᠡᠢ;
   14. ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
   (ᠬᠤᠶᠠᠷ) ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠠᠩᠬ᠎ᠠ ᠤᠳᠠᠭ᠎ᠠ ᠭᠦᠢ᠍ᠴᠡᠳᠬᠡᠬᠦ᠎ᠳᠤ ᠲᠤᠰᠢᠶᠠᠬᠤ ᠴᠢᠬᠤᠯᠠᠲᠠᠢ ᠮᠠᠲ᠋ᠧᠷᠢᠶᠠᠯ
   1. ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠭᠤᠶᠤᠴᠢᠯᠠᠬᠤ ᠬᠦᠰᠦᠨᠦᠭᠲᠦ;
   2. ᠠᠵᠤ ᠠᠬᠤᠢ᠌ᠯᠠᠯ᠎ᠤᠨ ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ᠂ ᠠᠵᠤ ᠠᠬᠤᠢ᠌ᠯᠠᠯ᠎ᠤᠨ ᠬᠢᠷᠢ ᠭᠡᠮ᠎ᠤᠨ ᠦᠨᠡᠮᠯᠡᠯ;
   3. ᠡᠯ᠎ᠡ ᠱᠠᠲᠤᠨ᠎ᠤ ᠠᠶᠤᠯ ᠥᠬᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ ᠪᠣᠯᠤᠨ ᠠᠶᠤᠯ ᠥᠬᠡᠢ ᠦᠢ᠍ᠯᠡᠳᠪᠦᠷᠢᠯᠡᠯ᠎ᠤᠨ ᠳᠦᠷᠢᠮ ᠲᠣᠭᠲᠠᠭ᠋ᠠᠯ᠎ᠤᠨ ᠭᠠᠷᠴᠠᠭ ᠵᠢᠴᠢ ᠪᠢᠴᠢᠭ ᠮᠠᠲ᠋ᠧᠷᠢᠶᠠᠯ᠂ ᠠᠵᠢᠯᠯᠠᠬᠤ ᠳᠦᠷᠢᠮ᠎ᠤᠨ ᠭᠠᠷᠴᠠᠭ;
   4. ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠪᠠᠢ᠌ᠭᠤᠯᠬᠤ ᠪᠠ ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠲᠤᠰᠬᠠᠢ ᠠᠵᠢᠯᠲᠠᠨ᠎ᠢ ᠲᠣᠬᠢᠷᠠᠭᠤᠯᠬᠤ ᠪᠢᠴᠢᠭ ᠮᠠᠲ᠋ᠧᠷᠢᠶᠠᠯ (ᠠᠵᠤ ᠠᠬᠤᠢ᠌ᠯᠠᠯ᠎ᠤᠨ ᠠᠶᠤᠯ ᠦᠭᠡᠢ ᠬᠠᠮᠢᠶᠠᠷᠤᠯᠲᠠ ᠵᠢᠨ ᠪᠠᠢ᠌ᠭᠤᠯᠤᠮᠵᠢ ᠪᠠᠢ᠌ᠭᠤᠯᠬᠤ ᠪᠢᠴᠢᠭ ᠮᠠᠲ᠋ᠧᠷᠢᠶᠠᠯ᠂ ᠠᠶᠤᠯ ᠦᠭᠡᠢ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠠᠵᠢᠯ᠎ᠤᠨ ᠲᠤᠰᠢᠶᠠᠯ ᠬᠠᠷᠢᠭᠤᠴᠠᠯᠭ᠎ᠠ᠂ ᠠᠶᠤᠯ ᠦᠭᠡᠢ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠤ ᠲᠣᠮᠢᠯᠠᠭᠰᠠᠨ ᠪᠢᠴᠢᠭ ᠮᠠᠲ᠋ᠧᠷᠢᠶᠠᠯ᠂ ᠠᠶᠤᠯ ᠦᠭᠡᠢ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠪᠦᠷᠢᠯᠳᠦᠬᠦᠨ᠎ᠤ ᠨᠠᠷᠢᠨ ᠲᠣᠳᠣᠷᠬᠠᠢ ᠬᠦᠰᠦᠨᠦᠭᠲᠦ ᠵᠢ ᠪᠠᠭᠲᠠᠭ᠋ᠠᠨ᠎ᠠ);
   5. ᠭᠣᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂ ᠲᠤᠰᠬᠠᠢ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠢ ᠬᠠᠮᠢᠶᠠᠷᠬᠤ ᠠᠵᠢᠯᠲᠠᠳ᠎ᠤᠨ ᠠᠶᠤᠯ ᠦᠭᠡᠢ ᠦᠢ᠍ᠯᠡᠳᠪᠦᠷᠢᠯᠡᠯ᠎ᠢ ᠬᠢᠨᠠᠨ ᠰᠢᠯᠭ᠋ᠠᠬᠤ᠎ᠳᠤ ᠬᠢᠷᠢ ᠲᠡᠩᠴᠡᠭᠰᠡᠨ ᠨᠡᠷᠡᠰ ᠪᠠ ᠦᠨᠡᠮᠯᠡᠯ;
   6. ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠳᠤ ᠬᠡᠷᠡᠭᠰᠡᠬᠦ ᠪᠡᠯᠡ ᠮᠥᠩᠭᠥ ᠵᠢᠨ ᠣᠷᠣᠭᠤᠯᠤᠯᠲᠠ ᠵᠢ ᠬᠠᠩᠭ᠋ᠠᠨ᠎ᠠ;
   7. ᠦᠢ᠍ᠯᠡᠳᠪᠦᠷᠢᠯᠡᠯ᠎ᠤᠨ ᠠᠶᠤᠯ ᠦᠭᠡᠢ ᠵᠢᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠦᠯ (ᠡᠨᠳᠡᠯ ᠭᠠᠷᠤᠭᠰᠠᠨ᠎ᠤ ᠳᠠᠷᠠᠭ᠎ᠠ ᠪᠦᠲᠦᠮᠵᠢᠲᠡᠢ ᠠᠪᠤᠷᠠᠨ ᠲᠤᠰᠠᠯᠠᠬᠤ ᠵᠠᠷᠴᠢᠮ᠎ᠢ ᠦᠨᠳᠦᠰᠦᠯᠡᠵᠦ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ ᠵᠢᠨ ᠠᠵᠢᠯᠲᠠᠳ᠎ᠤᠨ ᠨᠠᠷᠢᠨ ᠲᠣᠳᠣᠷᠬᠠᠢ ᠨᠡᠷᠡᠰ᠂ ᠠᠪᠤᠷᠠᠨ ᠲᠤᠰᠠᠯᠠᠬᠤ ᠪᠠᠭ᠋ᠠᠵᠢ ᠬᠡᠷᠡᠭᠰᠡᠯ᠂ ᠲᠥᠬᠥᠭᠡᠷᠦᠮᠵᠢ ᠵᠢᠨ ᠲᠣᠳᠣᠷᠬᠠᠢ ᠬᠠᠭᠤᠳᠠᠰᠤ ᠪᠣᠯᠤᠨ ᠠᠪᠤᠷᠠᠨ ᠲᠤᠰᠠᠯᠠᠬᠤ ᠰᠣᠷᠢᠯᠲᠠ ᠵᠢᠨ ᠲᠡᠮᠳᠡᠭᠯᠡᠯ᠎ᠢ ᠵᠢᠭᠰᠠᠭ᠋ᠠᠨ ᠭᠠᠷᠭ᠋ᠠᠬᠤ ᠬᠡᠷᠡᠭᠲᠡᠢ);
   8. ᠠᠵᠤ ᠠᠬᠤᠢ᠌ᠯᠠᠯ᠎ᠤᠨ ᠪᠤᠰᠤᠳ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠢ ᠬᠠᠩᠭ᠋ᠠᠬᠤ ᠠᠮᠠᠯᠠᠯᠲᠠ ᠵᠢᠨ ᠪᠢᠴᠢᠭ (ᠡᠮᠦᠨᠡᠬᠢ ᠵᠤᠷᠪᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠨᠥᠬᠥᠴᠡᠯ᠎ᠤᠨ 7᠂ 8᠂ 9᠂ 10᠂ 11᠂ 12᠂ 14 ᠵᠦᠢ᠍ᠯ᠎ᠤᠨ ᠠᠭᠤᠯᠭ᠎ᠠ)᠃
    ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠢ ᠠᠵᠤ ᠠᠬᠤᠢ᠌ᠯᠠᠯ᠎ᠤᠨ ᠨᠢᠭᠡᠴᠡ᠎ᠠᠴᠠ ᠰᠢᠰᠲ᠋ᠧᠮ ᠵᠶ᠋ᠠᠷ ᠳᠠᠮᠵᠢᠨ ᠮᠡᠳᠡᠭᠦᠯᠦᠨ᠎ᠡ᠃
    ᠬᠣᠶᠠᠷ᠂ ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠤᠨ ᠡᠳᠦᠷ ᠳᠣᠳᠣᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ
    ᠡᠯ᠎ᠡ ᠱᠠᠲᠤᠨ᠎ᠤ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠤᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠠᠢ᠌ᠰᠢᠩ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠪᠠᠷᠢᠯᠭ᠎ᠠ ᠵᠢᠨ ᠠᠶᠤᠯ ᠥᠬᠡᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠰᠢᠯᠭ᠋ᠠᠨ ᠦᠨᠡᠯᠡᠬᠦ ᠠᠷᠭ᠎ᠠ》 (ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ [2015]149 ᠳ᠋ᠦ᠍ᠭᠡᠷ ᠲᠣᠭ᠋ᠠᠲᠤ) ᠵᠢᠨ ᠱᠠᠭ᠋ᠠᠷᠳᠠᠯᠭ᠎ᠠ ᠶᠣᠰᠣᠭ᠋ᠠᠷ᠂ ᠳᠣᠣᠷᠠᠬᠢ 12 ᠵᠦᠢ᠍ᠯ᠎ᠤᠨ ᠠᠭᠤᠯᠭ᠎ᠠ ᠵᠢ ᠠᠶᠤᠯ ᠥᠬᠡᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠰᠢᠯᠭ᠋ᠠᠨ ᠦᠨᠡᠯᠡᠬᠦ ᠰᠢᠰᠲ᠋ᠧᠮᠵᠢ᠎ᠳᠤ ᠣᠷᠣᠭᠤᠯᠬᠤ ᠵᠢᠨ ᠬᠠᠮᠲᠤ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃
   (ᠨᠢᠭᠡ) ᠠᠵᠤ ᠠᠬᠤᠢ᠌ᠯᠠᠯ᠎ᠤᠨ ᠬᠠᠤᠯᠢ ᠵᠢᠨ ᠡᠷᠬᠡᠲᠡᠨ᠎ᠤ ᠡᠵᠡᠩᠨᠡᠯᠲᠡ ᠵᠢᠨ ᠦᠨᠡᠮᠯᠡᠯ᠂ ᠠᠵᠤ ᠠᠬᠤᠢ᠌ᠯᠠᠯ᠎ᠤᠨ ᠬᠢᠷᠢ ᠭᠡᠮ᠎ᠤᠨ ᠦᠨᠡᠮᠯᠡᠯ;
   (ᠬᠣᠶᠠᠷ) ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ ᠵᠡᠷᠭᠡ ᠳᠦᠷᠢᠮ᠎ᠢ ᠪᠠᠲᠤᠯᠠᠬᠤ ᠠᠷᠭ᠎ᠠ ᠬᠡᠮᠵᠢᠶ᠎ᠡ ᠵᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠢ;
   (ᠭᠤᠷᠪᠠ) ᠠᠶᠤᠯ ᠥᠬᠡᠢ ᠦᠢ᠍ᠯᠡᠳᠪᠦᠷᠢᠯᠡᠯ᠎ᠤᠨ ᠣᠷᠣᠭᠤᠯᠤᠯᠲᠠ ᠵᠢ ᠪᠠᠲᠤᠯᠠᠬᠤ᠎ᠳᠤ ᠬᠡᠷᠡᠭᠰᠡᠬᠦ ᠪᠡᠯᠡ ᠮᠥᠩᠭᠥ ᠪᠣᠯᠤᠨ ᠣᠷᠣᠭᠤᠯᠤᠯᠲᠠ ᠵᠢ ᠬᠠᠩᠭ᠋ᠠᠬᠤ ᠬᠡᠷᠡᠭᠲᠡᠢ;
   (ᠳᠥᠷᠪᠡ) ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠪᠠ ᠲᠥᠷᠥᠯ ᠵᠦᠢ᠍ᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠡᠷᠡᠭᠴᠡᠭᠡ ᠵᠢ ᠪᠠᠲᠤᠯᠠᠬᠤ ᠲᠤᠬᠠᠢ ᠪᠠᠢ᠌ᠭᠤᠯᠤᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠪᠠ ᠲᠣᠬᠢᠷᠠᠭᠤᠯᠤᠭᠰᠠᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ;
   (ᠲᠠᠪᠤ) ᠣᠨᠴᠠ ᠲᠥᠷᠥᠯ᠎ᠤᠨ ᠠᠵᠢᠯ ᠬᠢᠭᠰᠡᠳ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠬᠢᠨᠠᠨ ᠰᠢᠯᠭ᠋ᠠᠭᠤᠯᠤᠭ᠋ᠠᠳ ᠬᠢᠷᠢ ᠲᠡᠩᠴᠡᠵᠦ᠂ ᠣᠨᠴᠠ ᠲᠥᠷᠥᠯ᠎ᠤᠨ ᠠᠵᠢᠯ ᠬᠢᠬᠦ ᠦᠨᠡᠮᠯᠡᠯ ᠣᠯᠬᠤ ᠬᠡᠷᠡᠭᠲᠡᠢ;
   (ᠵᠢᠷᠭᠤᠭ᠎ᠠ) ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠠᠵᠢᠯᠲᠠᠨ ᠪᠠ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠵᠢᠯᠲᠠᠨ᠎ᠤ ᠣᠨ᠎ᠤ ᠠᠮᠤᠷ ᠲᠦᠪᠰᠢᠨ᠎ᠤ ᠪᠣᠯᠪᠠᠰᠣᠷᠠᠭᠤᠯᠤᠯ᠎ᠤᠨ ᠬᠥᠮᠦᠵᠢᠯ᠎ᠤᠨ ᠬᠢᠨᠠᠨ ᠰᠢᠯᠭ᠋ᠠᠬᠤ ᠮᠠᠲ᠋ᠧᠷᠢᠶᠠᠯ;
   (ᠳᠣᠯᠣᠭ᠎ᠠ) ᠬᠠᠤᠯᠢ ᠶᠣᠰᠣᠭ᠋ᠠᠷ ᠠᠵᠢᠯᠯᠠᠭᠰᠠᠳ᠎ᠲᠤ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠵᠤ᠂ ᠬᠠᠤᠯᠢ ᠶᠣᠰᠣᠭ᠋ᠠᠷ ᠪᠠᠷᠢᠯᠭ᠎ᠠ ᠵᠢᠨ ᠭᠠᠵᠠᠷ᠎ᠤᠨ ᠠᠶᠤᠯᠲᠠᠢ ᠠᠵᠢᠯ᠎ᠢ ᠬᠢᠵᠦ ᠪᠠᠢ᠌ᠭ᠎ᠠ ᠬᠥᠮᠦᠰ᠎ᠲᠤ ᠭᠡᠨᠡᠳᠲᠡ ᠵᠢᠨ ᠭᠡᠮᠲᠦᠯ᠎ᠤᠨ ᠳᠠᠭ᠋ᠠᠳᠬᠠᠯ ᠬᠢᠵᠦ ᠥᠭᠭᠦᠨ᠎ᠡ;
   (ᠨᠠᠢ᠍ᠮᠠ) ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠳᠤ ᠪᠠᠢ᠌ᠭᠤᠯᠤᠭᠰᠠᠨ ᠲᠦᠷ ᠴᠠᠭ᠎ᠤᠨ ᠲᠥᠬᠥᠭᠡᠷᠦᠮᠵᠢ᠂ ᠪᠠᠷᠢᠯᠭ᠎ᠠ ᠵᠢᠨ ᠠᠵᠢᠯ᠎ᠤᠨ ᠳᠤᠮᠳᠠ ᠬᠡᠷᠡᠭᠯᠡᠬᠦ ᠮᠧᠬᠠᠨᠢᠭ ᠲᠥᠬᠥᠭᠡᠷᠦᠮᠵᠢ᠂ ᠪᠣᠯᠪᠠᠰᠤᠷᠠᠭᠤᠯᠬᠤ ᠪᠠᠭ᠋ᠠᠵᠢ ᠬᠡᠷᠡᠭᠰᠡᠯ᠂ ᠠᠶᠤᠯ ᠦᠭᠡᠢ ᠵᠢ ᠰᠡᠷᠭᠡᠢ᠌ᠯᠡᠨ ᠬᠠᠮᠠᠭ᠋ᠠᠯᠠᠬᠤ ᠲᠥᠬᠥᠭᠡᠷᠦᠮᠵᠢ ᠵᠡᠷᠭᠡ᠎ᠨᠢ ᠬᠣᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ;
   (ᠶᠢᠰᠦ) ᠠᠵᠤ ᠠᠬᠤᠢ ᠵᠢᠨ ᠨᠢᠭᠡᠴᠡ ᠵᠢᠨ ᠲᠤᠬᠠᠢ᠌ᠯᠠᠭᠰᠠᠨ ᠠᠵᠢᠯ᠎ᠤᠨ ᠣᠨᠴᠠᠯᠢᠭ᠎ᠲᠤ ᠴᠢᠭᠯᠡᠭᠦᠯᠦᠨ ᠪᠣᠯᠵᠣᠰᠢ ᠦᠭᠡᠢ ᠠᠵᠢᠯ᠎ᠤᠨ ᠨᠥᠯᠦᠭᠡᠨ᠎ᠤ ᠡᠪᠡᠳᠴᠢᠨ᠎ᠤ ᠲᠥᠷᠥᠯ ᠵᠦᠢ᠍ᠯ᠎ᠢ ᠤᠷᠢᠳᠴᠢᠯᠠᠨ ᠰᠡᠷᠭᠡᠢ᠌ᠯᠡᠬᠦ ᠵᠣᠬᠢᠴᠠᠩᠭᠤᠢ ᠠᠷᠭ᠎ᠠ ᠬᠡᠮᠵᠢᠶ᠎ᠡ ᠪᠠ ᠵᠣᠬᠢᠴᠠᠩᠭᠤᠢ ᠬᠠᠮᠠᠭ᠋ᠠᠯᠠᠯᠲᠠ ᠵᠢᠨ ᠪᠠᠭ᠋ᠠᠵᠢ ᠬᠡᠷᠡᠭᠰᠡᠯ ᠪᠠ ᠬᠠᠮᠠᠭ᠋ᠠᠯᠠᠯᠲᠠ ᠵᠢᠨ ᠬᠤᠪᠴᠠᠰᠤ ᠲᠣᠬᠢᠷᠠᠭᠤᠯᠬᠤ ᠬᠡᠷᠡᠭᠲᠡᠢ;
   (ᠠᠷᠪᠠ) ᠠᠶᠤᠯ ᠲᠦᠭᠰᠢᠭᠦᠷᠢᠲᠦ ᠴᠢᠨᠠᠷ ᠵᠶ᠋ᠠᠷ ᠨᠡᠯᠢᠶᠡᠳ ᠶᠡᠬᠡ ᠬᠡᠰᠡᠭ ᠪᠠᠷᠢᠯᠭ᠎ᠠ ᠵᠢᠨ ᠠᠵᠢᠯ ᠵᠢᠴᠢ ᠪᠠᠷᠢᠯᠭ᠎ᠠ ᠵᠢᠨ ᠭᠠᠵᠠᠷ᠎ᠲᠤ ᠬᠦᠨᠳᠦ ᠶᠡᠬᠡ ᠡᠨᠳᠡᠯ ᠠᠮᠠᠷᠬᠠᠨ ᠭᠠᠷᠳᠠᠭ ᠣᠷᠣᠨ ᠪᠠᠢ᠌ᠷᠢ᠂ ᠭᠣᠭᠴᠣᠭ᠋ᠠᠨ᠎ᠳᠠᠬᠢ ᠤᠷᠢᠳᠴᠢᠯᠠᠨ ᠰᠡᠷᠭᠡᠢ᠌ᠯᠡᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠲᠠᠢ ᠪᠠᠢ᠌ᠬᠤ ᠬᠡᠷᠡᠭᠲᠡᠢ;
   (ᠠᠷᠪᠠᠨ ᠨᠢᠭᠡ) ᠭᠠᠷᠴᠤ ᠮᠡᠳᠡᠬᠦ ᠦᠢ᠍ᠯᠡᠳᠪᠦᠷᠢᠯᠡᠯ᠎ᠤᠨ ᠠᠶᠤᠯ ᠦᠭᠡᠢ ᠵᠢᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ᠎ᠳᠤ ᠠᠪᠤᠭᠰᠠᠨ ᠠᠷᠭ᠎ᠠ ᠬᠡᠮᠵᠢᠶ᠎ᠡ ᠵᠢᠴᠢ ᠲᠣᠬᠢᠷᠠᠭᠤᠯᠬᠤ ᠶᠣᠰᠣᠲᠠᠢ ᠠᠪᠤᠷᠠᠨ ᠲᠤᠰᠠᠯᠠᠬᠤ ᠪᠠᠭ᠋ᠠᠵᠢ ᠬᠡᠷᠡᠭᠰᠡᠯ ᠪᠠ ᠲᠣᠨᠣᠭ ᠲᠥᠬᠥᠭᠡᠷᠦᠮᠵᠢ ᠵᠢ ᠲᠣᠬᠢᠷᠠᠭᠤᠯᠬᠤ ᠬᠡᠷᠡᠭᠲᠡᠢ;
   (ᠠᠷᠪᠠᠨ ᠬᠣᠶᠠᠷ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠠᠵᠤ ᠠᠬᠤᠢ᠌ᠯᠠᠯ᠎ᠤᠨ ᠨᠥᠬᠥᠴᠡᠯ᠃
    ᠭᠤᠷᠪᠠ᠂ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠬᠣᠢ᠌ᠰᠢᠯᠠᠭᠤᠯᠤᠨ ᠭᠦᠢ᠍ᠴᠡᠳᠬᠡᠬᠦ ᠨᠥᠬᠥᠴᠡᠯ᠎ᠢ ᠰᠢᠯᠢᠳᠡᠭᠵᠢᠭᠦᠯᠦᠨ᠎ᠡ
    ᠡᠯ᠎ᠡ ᠱᠠᠲᠤᠨ᠎ᠤ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠤᠳ 《ᠮᠠᠨ᠎ᠤ ᠣᠷᠣᠨ᠎ᠤ ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠬᠢᠨᠠᠨ ᠣᠯᠭᠣᠬᠤ᠎ᠳᠤ ᠬᠣᠯᠪᠣᠭᠳᠠᠬᠤ ᠠᠰᠠᠭᠤᠳᠠᠯ᠎ᠤᠨ ᠲᠤᠬᠠᠢ ᠮᠡᠳᠡᠭᠳᠡᠯ》 (  ᠥᠪᠥᠷ ᠮᠣᠩᠭᠣᠯ᠎ᠤᠨ ᠥᠪᠡᠷᠳᠡᠭᠡᠨ   ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ [2015] 229 ᠳ᠋ᠦᠭᠡᠷ ᠲᠣᠭ᠋ᠠᠲᠤ  ) ᠪᠠ  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠠᠢ᠌ᠰᠢᠩ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠪᠠᠷᠢᠯᠭ᠎ᠠ ᠵᠢᠨ ᠠᠶᠤᠯ ᠥᠬᠡᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠰᠢᠯᠭ᠋ᠠᠨ ᠦᠨᠡᠯᠡᠬᠦ ᠠᠷᠭ᠎ᠠ》 (ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ [2015]149 ᠳ᠋ᠦ᠍ᠭᠡᠷ ᠲᠣᠭ᠋ᠠᠲᠤ) ᠵᠢᠨ ᠱᠠᠭ᠋ᠠᠷᠳᠠᠯᠭ᠎ᠠ ᠶᠣᠰᠣᠭ᠋ᠠᠷ᠂ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠬᠣᠢ᠌ᠰᠢᠯᠠᠭᠤᠯᠤᠨ ᠭᠦᠢ᠍ᠴᠡᠳᠬᠡᠬᠦ ᠠᠵᠢᠯ᠎ᠤᠨ ᠠᠩᠬ᠎ᠠ ᠬᠢᠨᠠᠨ ᠬᠠᠷᠭᠤᠭᠤᠯᠬᠤ ᠵᠢ ᠰᠠᠢ᠍ᠲᠤᠷ ᠬᠢᠬᠦ ᠬᠡᠷᠡᠭᠲᠡᠢ᠃
   (ᠨᠢᠭᠡ) ᠪᠠᠷᠢᠯᠭ᠎ᠠ ᠪᠠᠷᠢᠬᠤ ᠠᠵᠤ ᠠᠬᠤᠢ᠌ᠯᠠᠯ᠎ᠠᠴᠠ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠬᠣᠯᠪᠣᠭᠳᠠᠯ ᠪᠦᠬᠦᠢ ᠠᠶᠤᠯ ᠦᠭᠡᠢ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ᠎ᠢ ᠴᠢᠩᠭ᠎ᠠ ᠵᠢᠷᠤᠮᠯᠠᠨ ᠰᠠᠬᠢᠵᠤ᠂ ᠦᠬᠦᠭᠰᠡᠨ ᠡᠨᠳᠡᠯ ᠭᠠᠷᠤᠭᠰᠠᠨ ᠦᠭᠡᠢ ᠪᠠᠢ᠌ᠪᠠᠯ 《ᠮᠠᠨ᠎ᠤ ᠣᠷᠣᠨ᠎ᠤ ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠬᠢᠨᠠᠨ ᠣᠯᠭᠣᠬᠤ᠎ᠳᠤ ᠬᠣᠯᠪᠣᠭᠳᠠᠬᠤ ᠠᠰᠠᠭᠤᠳᠠᠯ᠎ᠤᠨ ᠲᠤᠬᠠᠢ ᠮᠡᠳᠡᠭᠳᠡᠯ》 (  ᠥᠪᠥᠷ ᠮᠣᠩᠭᠣᠯ᠎ᠤᠨ ᠥᠪᠡᠷᠳᠡᠭᠡᠨ   ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ [2015] 229 ᠳ᠋ᠦᠭᠡᠷ ᠲᠣᠭ᠋ᠠᠲᠤ  )᠎ᠤᠨ ᠳᠥᠷᠪᠡᠳᠦᠭᠡᠷ ᠵᠦᠢ᠍ᠯ᠎ᠤᠨ ᠱᠠᠭ᠋ᠠᠷᠳᠠᠯᠭ᠎ᠠ ᠵᠢ   ᠦᠨᠳᠦᠰᠦᠯᠡᠨ᠂ ᠬᠤᠭᠤᠴᠠᠭ᠎ᠠ ᠲᠤᠯᠬᠤ᠎ᠠᠴᠠ ᠡᠮᠦᠨ᠎ᠡ 3 ᠰᠠᠷ᠎ᠠ ᠵᠢᠨ ᠳᠣᠲᠣᠷ᠎ᠠ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠭᠤᠯᠤᠭᠰᠠᠨ ᠭᠠᠵᠠᠷ᠎ᠤᠨ ᠠᠢ᠌ᠮᠠᠭ ᠬᠣᠲᠠ ᠵᠢᠨ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ᠎ᠶᠢᠨ ᠰᠠᠯᠠᠭ᠎ᠠ ᠮᠥᠴᠢᠷ᠎ᠲᠤ ᠬᠣᠢ᠌ᠰᠢᠯᠠᠭᠤᠯᠬᠤ ᠭᠠᠷᠳᠠᠮ ᠭᠦᠢ᠍ᠴᠡᠳᠬᠡᠬᠦ᠎ᠪᠠᠷ ᠭᠤᠶᠤᠴᠢᠯᠠᠬᠤ ᠬᠡᠷᠡᠭᠲᠡᠢ᠃
   (ᠬᠣᠶᠠᠷ) ᠳᠠᠬᠢᠵᠤ ᠬᠣᠢ᠌ᠰᠢᠯᠠᠭᠤᠯᠤᠨ ᠬᠢᠨᠠᠨ ᠪᠠᠢ᠌ᠴᠠᠭ᠋ᠠᠬᠤ ᠴᠢᠬᠤᠯᠠ᠎ᠲᠠᠢ ᠪᠠᠷᠢᠯᠭ᠎ᠠ ᠪᠠᠷᠢᠬᠤ ᠠᠵᠤ ᠠᠬᠤᠢ᠌ᠯᠠᠯ᠎ᠨᠢ ᠠᠢ᠌ᠮᠠᠭ ᠬᠣᠲᠠ ᠵᠢᠨ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠲᠤ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ᠎ᠢ ᠬᠢᠨᠠᠨ ᠪᠠᠢ᠌ᠴᠠᠭ᠋ᠠᠯᠭ᠋ᠠᠬᠤ᠎ᠪᠠᠷ ᠭᠤᠶᠤᠴᠢᠯᠠᠯ ᠳᠡᠪᠰᠢᠭᠦᠯᠬᠦ ᠬᠡᠷᠡᠭᠲᠡᠢ᠃ ᠠᠩᠬ᠎ᠠ ᠤᠳᠠᠭ᠎ᠠ ᠭᠤᠶᠤᠴᠢᠯᠠᠭᠰᠠᠨ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠮᠠᠲ᠋ᠧᠷᠢᠶᠠᠯ᠎ᠢ ᠬᠠᠩᠭ᠋ᠠᠵᠤ᠂ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠬᠣᠢ᠌ᠰᠢᠯᠠᠭᠤᠯᠬᠤ ᠬᠡᠷᠡᠭᠲᠡᠢ᠃ ᠠᠢ᠌ᠮᠠᠭ ᠬᠣᠲᠠ ᠵᠢᠨ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ᠎ᠠᠴᠠ ᠮᠥᠴᠢᠷ ᠠᠯᠪᠠᠨ ᠪᠢᠴᠢᠭ ᠶᠠᠪᠤᠭᠤᠯᠬᠤ᠎ᠳᠠᠭᠠᠨ ᠬᠢᠨᠠᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠲᠣᠳᠣᠷᠬᠠᠢ᠍ᠯᠠᠬᠤ ᠬᠡᠷᠡᠭᠲᠡᠢ᠃
  ᠳᠥᠷᠪᠡ᠂   ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠠᠵᠢᠯ᠎ᠤᠨ ᠳᠣᠮᠳᠠᠬᠢ ᠪᠠ   ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠎ᠠ
   《ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢᠨ ᠬᠥᠳᠡᠯᠦᠩᠭᠦᠢ ᠬᠢᠨᠠᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》᠂ 《ᠪᠠᠷᠢᠯᠭ᠎ᠠ ᠵᠢᠨ ᠶᠠᠰᠤ ᠴᠢᠨᠠᠷ᠎ᠤᠨ ᠠᠶᠤᠯ ᠦᠭᠡᠢ ᠬᠠᠮᠢᠶᠠᠷᠤᠯᠲᠠ ᠵᠢᠨ ᠡᠵᠡᠮᠰᠢᠯ᠎ᠤᠨ ᠳᠦᠷᠢᠮ》᠂ 《ᠭᠡᠷ ᠪᠠᠢ᠌ᠰᠢᠩ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠢᠨᠵᠧᠨᠧᠷᠢᠩ᠎ᠤᠨ ᠪᠠᠷᠢᠯᠭ᠎ᠠ ᠵᠢᠨ ᠠᠶᠤᠯᠲᠤ ᠴᠢᠨᠠᠷ ᠵᠶ᠋ᠠᠷ ᠨᠡᠯᠢᠶᠡᠳ ᠶᠡᠬᠡ ᠬᠡᠰᠡᠭ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠠᠢ᠌ᠰᠢᠩ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠪᠠᠷᠢᠯᠭ᠎ᠠ ᠵᠢᠨ ᠠᠶᠤᠯ ᠥᠬᠡᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠰᠢᠯᠭ᠋ᠠᠨ ᠦᠨᠡᠯᠡᠬᠦ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠱᠠᠲᠤᠨ᠎ᠤ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ᠎ᠶᠢᠨ ᠰᠠᠯᠠᠭ᠎ᠠ ᠮᠥᠴᠢᠷ᠎ᠤᠳ ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠠᠵᠢᠯ᠎ᠤᠨ ᠳᠤᠮᠳᠠᠬᠢ ᠪᠠ ᠠᠵᠢᠯ ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠠᠵᠢᠯ ᠵᠶ᠋ᠠᠨ ᠴᠢᠩᠭ᠋ᠠᠳᠬᠠᠵᠤ᠂   ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠨᠥᠬᠥᠴᠡᠯ ᠵᠶ᠋ᠠᠨ ᠬᠡᠪ ᠵᠶ᠋ᠠᠷ ᠪᠠᠢ᠌ᠯᠭ᠋ᠠᠬᠤ ᠪᠠ ᠰᠠᠢ᠌ᠵᠢᠷᠠᠭᠤᠯᠬᠤ ᠵᠢ ᠠᠬᠢᠭᠤᠯᠵᠤ᠂ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠢ ᠬᠠᠮᠢᠶᠠᠷᠬᠤ ᠠᠵᠢᠯᠲᠠᠨ᠎ᠤ ᠲᠣᠬᠢᠷᠠᠭᠤᠯᠤᠯᠲᠠ ᠪᠤᠯᠤᠨ ᠬᠠᠮᠢᠶᠠᠷᠤᠯᠲᠠ ᠵᠢ   ᠵᠢᠷᠤᠮᠵᠢᠭᠤᠯᠵᠤ᠂ ᠪᠠᠢ᠌ᠭᠤᠯᠵᠤ ᠪᠠᠢ᠌ᠭ᠎ᠠ ᠵᠦᠢ᠍ᠯᠡᠰ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠪᠠᠷᠢᠮᠵᠢᠶᠠᠵᠢᠯᠲᠠ ᠵᠢᠨ ᠬᠢᠨᠠᠯᠲᠠ   ᠪᠠᠢ᠌ᠴᠠᠭ᠋ᠠᠯᠲᠠ ᠵᠢᠨ ᠠᠵᠢᠯ᠎ᠢ ᠰᠠᠢ᠍ᠲᠤᠷ ᠬᠢᠬᠦ ᠬᠡᠷᠡᠭᠲᠡᠢ᠃ ᠡᠷᠭᠦᠭᠦᠯ ᠮᠠᠰᠢᠨ᠂ ᠥᠨᠳᠥᠷ ᠲᠤᠯᠭ᠋ᠠᠭᠤᠷᠢᠯᠠᠬᠤ ᠵᠠᠭᠪᠤᠷ᠂ ᠭᠦᠨ ᠰᠠᠭᠤᠷᠢ ᠨᠦᠬᠡ ᠵᠡᠷᠭᠡ ᠠᠶᠤᠯ᠎ᠲᠠᠢ ᠴᠢᠨᠠᠷ ᠵᠶ᠋ᠠᠷ ᠨᠡᠯᠢᠶᠡᠳ ᠶᠡᠬᠡ ᠬᠡᠰᠡᠭ ᠵᠠᠷᠢᠮ ᠲᠥᠷᠥᠯ ᠵᠦᠢ᠍ᠯ᠎ᠤᠨ ᠪᠠᠷᠢᠯᠭ᠎ᠠ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠲᠣᠪᠣᠢ᠌ᠯᠭ᠋ᠠᠨ᠂ ᠪᠠᠷᠢᠯᠭ᠎ᠠ ᠵᠢᠨ ᠲᠤᠬᠠᠢ ᠵᠢᠨ ᠲᠠᠯᠠᠪᠠᠢ ᠵᠢᠨ ᠬᠡᠪᠰᠢᠭᠰᠡᠨ ᠠᠮᠤᠷ ᠲᠦᠪᠰᠢᠨ᠎ᠤ ᠭᠡᠮ ᠰᠣᠭᠣᠭ᠎ᠢ ᠪᠠᠢ᠌ᠴᠠᠭ᠋ᠠᠬᠤ ᠬᠠᠷᠢᠭᠤᠴᠠᠯᠭ᠎ᠠ ᠵᠢ ᠰᠢᠮᠳᠠᠭᠤᠯᠤᠨ ᠨᠠᠢ᠌ᠳᠠᠪᠤᠷᠢᠵᠢᠭᠤᠯᠤᠨ᠎ᠠ᠃ ᠡᠨᠳᠡᠯ᠎ᠤᠨ ᠬᠠᠷᠢᠭᠤᠴᠠᠯᠭ᠋ᠠᠲᠤ ᠠᠵᠤ   ᠠᠬᠤᠢ᠌ᠯᠠᠯ ᠪᠣᠯᠤᠨ ᠬᠠᠷᠢᠭᠤᠴᠠᠯᠭ᠋ᠠᠲᠠᠨ᠎ᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠨᠠᠷᠢᠯᠢᠭ ᠣᠨᠣᠪᠴᠢᠲᠠᠢ᠎ᠪᠠᠷ ᠬᠠᠤᠯᠢ ᠬᠡᠷᠡᠭᠵᠢᠭᠦᠯᠬᠦ ᠵᠢ ᠴᠢᠬᠤᠯᠠᠴᠢᠯᠠᠵᠤ᠂ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠢ᠌ᠭ᠎ᠠ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠴᠤ ᠴᠠᠭ ᠲᠤᠬᠠᠢ᠎ᠳᠤᠨᠢ ᠬᠢᠨᠠᠯᠲᠠ ᠲᠠᠪᠢᠵᠤ᠂ ᠲᠥᠷᠥᠯ ᠵᠦᠢ᠍ᠯ᠎ᠤᠨ ᠠᠵᠤ ᠠᠬᠤᠢ᠌ᠯᠠᠯ᠎ᠤᠨ ᠥᠪᠡᠷ ᠵᠶ᠋ᠠᠨ ᠪᠠᠢ᠌ᠴᠠᠭ᠋ᠠᠵᠤ᠂ ᠵᠠᠰᠠᠨ ᠥᠭᠡᠷᠡᠴᠢᠯᠡᠬᠦ ᠠᠵᠢᠯ᠎ᠳᠤ ᠬᠢᠨᠠᠯᠲᠠ ᠲ᠋ᠠᠯᠪᠢᠨ᠎ᠠ᠃ ᠡᠯ᠎ᠡ ᠱᠠᠲᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠳᠣᠮᠳᠠᠬᠢ ᠪᠠ ᠳᠠᠷᠠᠭ᠋ᠠᠬᠢ ᠪᠠᠢ᠍ᠴᠠᠭ᠋ᠠᠯᠲᠠ ᠬᠢᠬᠦ   ᠵᠢᠴᠢ ᠲᠣᠭᠣᠷᠢᠨ   ᠪᠠᠢ᠌ᠴᠠᠭ᠋ᠠᠬᠤ ᠶᠠᠪᠤᠴᠠ᠎ᠳᠤ ᠠᠵᠤ ᠠᠬᠤᠢ᠌ᠯᠠᠯ᠎ᠤᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠤᠶᠤ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ᠎ᠠᠴᠠ ᠵᠠᠢ᠌ᠯᠠᠨ ᠳᠤᠲᠠᠭ᠋ᠠᠭᠰᠠᠨ᠂ 《ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢᠨ ᠬᠠᠮᠢᠶᠠᠷᠤᠯᠲᠠ ᠵᠢᠨ ᠲᠣᠭᠲᠠᠭ᠋ᠠᠯ》 (ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ 128 ᠳ᠋ᠤᠭ᠋ᠠᠷ ᠲᠣᠭ᠋ᠠᠲᠤ ᠵᠠᠷᠯᠢᠭ)᠎ᠢ ᠵᠥᠷᠢᠴᠡᠭᠰᠡᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠮᠠᠨ᠎ᠤ ᠲᠢᠩᠬᠢᠮ᠎ᠠᠴᠠ ᠬᠠᠮᠢᠶ᠎ᠠ ᠪᠥᠬᠥᠢ ᠬᠠᠤᠯᠢ ᠴᠠᠭ᠋ᠠᠵᠠ ᠳᠦᠷᠢᠮ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠥᠢ ᠲᠣᠷᠭ᠋ᠠᠬᠤ ᠠᠷᠭ᠎ᠠ ᠠᠪᠤᠨ᠎ᠠ᠃
    ᠲᠤᠰ ᠮᠡᠳᠡᠭᠳᠡᠯ᠎ᠢ ᠪᠠᠭᠤᠯᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠮᠠᠨ᠎ᠤ ᠲᠢᠩᠬᠢᠮ᠎ᠤᠨ ᠨᠡᠢ᠌ᠲᠡᠯᠡᠭᠰᠡᠨ 《ᠮᠠᠨ᠎ᠤ ᠣᠷᠣᠨ᠎ᠤ ᠪᠠᠷᠢᠯᠭ᠎ᠠ ᠵᠢᠨ ᠠᠵᠤ ᠠᠬᠤᠢ᠌ᠯᠠᠯ᠎ᠤᠨ ᠠᠶᠤᠯ ᠥᠬᠡᠢ ᠦᠢ᠍ᠯᠡᠳᠪᠦᠷᠢᠯᠡᠯ᠎ᠤᠨ ᠵᠥᠪᠰᠢᠶᠡᠬᠦ ᠭᠡᠷᠡᠴᠢ ᠵᠢ ᠬᠢᠨᠠᠨ ᠣᠯᠭᠣᠬᠤ᠎ᠳᠤ ᠬᠣᠯᠪᠣᠭᠳᠠᠬᠤ ᠠᠰᠠᠭᠤᠳᠠᠯ᠎ᠤᠨ ᠲᠤᠬᠠᠢ ᠮᠡᠳᠡᠭᠳᠡᠯ》 (ᠥᠪᠥᠷ ᠮᠣᠩᠭᠣᠯ᠎ᠤᠨ ᠥᠪᠡᠷᠳᠡᠭᠡᠨ   ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ [2015] 229 ᠳ᠋ᠦᠭᠡᠷ ᠲᠣᠭ᠋ᠠᠲᠤ) ᠪᠢᠴᠢᠭ ᠮᠠᠲ᠋ᠧᠷᠢᠶᠠᠯ ᠪᠣᠯᠣᠨ ᠲᠤᠰ ᠮᠡᠳᠡᠭᠳᠡᠯ᠎ᠯᠦᠭᠡ ᠨᠢᠭᠡᠳᠦᠯ ᠥᠬᠡᠢ ᠪᠠᠢ᠌ᠪᠠᠯ᠂ ᠲᠤᠰ ᠮᠡᠳᠡᠭᠳᠡᠯ ᠵᠶ᠋ᠠᠷ   ᠪᠠᠷᠢᠮᠵᠢᠶ᠎ᠠ ᠪᠤᠯᠭ᠋ᠠᠵᠤ᠂   ᠪᠤᠰᠤᠳ ᠵᠦᠢ᠍ᠯ᠎ᠢ ᠣᠣᠯ᠎ᠤᠨ ᠪᠢᠴᠢᠭ ᠮᠠᠲ᠋ᠧᠷᠢᠶᠠᠯ ᠵᠶ᠋ᠠᠷ ᠦᠨᠳᠦᠰᠦᠯᠡᠯ ᠪᠣᠯᠭ᠋ᠠᠵᠤ ᠬᠡᠷᠡᠭᠵᠢᠭᠦᠯᠦᠨ᠎ᠡ᠃

ᠢᠷᠡᠯᠲᠡ᠄