[ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠥᠪᠯᠡᠯᠭᠡ ᠥᠭᠬᠦ ᠦᠢ᠍ᠯᠡᠴᠢᠯᠡᠭᠡ] ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠢ ᠬᠣᠢ᠌ᠰᠢᠯᠠᠭᠤᠯᠤᠨ ᠭᠦᠢ᠍ᠴᠡᠳᠬᠡᠬᠦ ᠬᠣᠯᠪᠣᠭᠳᠠᠯ ᠪᠦᠬᠦᠢ ᠠᠰᠠᠭᠤᠳᠠᠯ — ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ (2023 ᠣᠨ᠎ᠤ ᠠᠷᠪᠠᠨ ᠨᠠᠢ᠍ᠮᠠᠳᠤᠭ᠋ᠠᠷ ᠬᠤᠭᠤᠴᠠᠭ᠎ᠠ)
2023-12-08

   ᠪᠠᠢ᠌ᠩᠭᠤ ᠲᠣᠬᠢᠶᠠᠯᠳᠤᠬᠤ ᠠᠰᠠᠭᠤᠳᠠᠯ (ᠨᠢᠭᠡ)

   ᠠᠰᠠᠭᠤᠯᠲᠠ᠄ ᠠᠵᠤ ᠠᠬᠤᠢ᠌ᠯᠠᠯ᠎ᠨᠢ ᠣᠯᠠᠨ ᠵᠦᠢ᠍ᠯ᠎ᠤᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ᠎ᠲᠠᠢ ᠪᠠᠢ᠌ᠪᠠᠯ᠂ ᠮᠡᠷᠭᠡᠵᠢᠯ᠎ᠤᠨ ᠬᠠᠷᠢᠭᠤᠴᠠᠯᠭ᠋ᠠᠲᠠᠨ᠎ᠨᠢ ᠬᠢᠷᠢ  ᠬᠡᠮ ᠨᠢᠭᠡᠪᠦᠷᠢ ᠵᠢᠨ  ᠪᠠᠷᠢᠮᠵᠢᠶ᠎ᠠ  ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ ᠤᠤ?

   ᠬᠠᠷᠢᠭᠤᠯᠲᠠ᠄ ᠠᠵᠤ ᠠᠬᠤᠢ᠌ᠯᠠᠯ ᠬᠡᠷᠪᠡ ᠣᠯᠠᠨ ᠵᠦᠢ᠍ᠯ᠎ᠤᠨ ᠬᠢᠷᠢ ᠬᠡᠮ ᠵᠶ᠋ᠡᠨ ᠬᠤᠢ᠌ᠰᠢᠯᠠᠭᠤᠯᠬᠤ᠎ᠪᠠᠷ ᠭᠤᠶᠤᠴᠢᠯᠠᠪᠠᠯ᠂  ᠭᠤᠶᠤᠴᠢᠯᠠᠭᠰᠠᠨ ᠬᠢᠷᠢ ᠬᠡᠮ᠎ᠤᠨ ᠲᠥᠷᠥᠯ ᠢᠯᠭ᠋ᠠᠯ ᠵᠶ᠋ᠠᠷ ᠵᠶ᠋ᠠᠨ ᠨᠢᠭᠡ ᠲᠤᠰᠬᠠᠢ ᠮᠡᠷᠭᠡᠵᠢᠯ᠎ᠤᠨ ᠬᠠᠷᠢᠭᠤᠴᠠᠯᠭ᠋ᠠᠲᠠᠨ᠎ᠢ ᠲᠣᠳᠣᠷᠬᠠᠢ᠌ᠯᠠᠬᠤ ᠬᠡᠷᠡᠭᠲᠡᠢ᠂ ᠬᠡᠷᠪᠡ ᠬᠢᠷᠢ ᠬᠡᠮ᠎ᠤᠨ ᠪᠠᠷᠢᠮᠵᠢᠶ᠎ᠠ ᠱᠠᠭ᠋ᠠᠷᠳᠠᠯᠭ᠎ᠠ ᠵᠢ ᠬᠠᠩᠭ᠋ᠠᠪᠠᠯ᠂ ᠨᠢᠭᠡ ᠬᠥᠮᠥᠨ  ᠣᠯᠠᠨ ᠲᠤᠰᠬᠠᠢ ᠮᠡᠷᠭᠡᠵᠢᠯ᠎ᠤᠨ ᠬᠠᠷᠢᠭᠤᠴᠠᠯᠭ᠋ᠠᠲᠠᠨ᠎ᠤ ᠲᠤᠰᠢᠶᠠᠯ᠎ᠢ ᠬᠠᠪᠰᠤᠷᠭ᠋ᠠᠨ ᠡᠭᠦᠷᠭᠡᠯᠡᠵᠦ ᠪᠣᠯᠣᠨ᠎ᠠ᠃

 

   ᠪᠠᠢ᠌ᠩᠭᠤ ᠲᠣᠬᠢᠶᠠᠯᠳᠤᠬᠤ ᠠᠰᠠᠭᠤᠳᠠᠯ (ᠬᠣᠶᠠᠷ)

   ᠠᠰᠠᠭᠤᠯᠲᠠ᠄ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠢ  ᠬᠤᠢ᠌ᠰᠢᠯᠠᠭᠤᠯᠤᠨ ᠭᠦᠢ᠍ᠴᠡᠳᠬᠡᠬᠦ᠎ᠳᠤ᠂ ᠳᠠᠩᠰᠠᠯᠠᠭᠤᠯᠤᠭᠰᠠᠨ ᠬᠦᠮᠦᠨ ᠮᠡᠷᠭᠡᠵᠢᠯ᠎ᠤᠨ ᠬᠠᠷᠢᠭᠤᠴᠠᠯᠭ᠋ᠠᠲᠠᠨ᠎ᠤ ᠲᠤᠰᠢᠶᠠᠯ᠎ᠢ ᠬᠠᠮᠲᠤ᠎ᠳᠤᠨᠢ ᠬᠠᠪᠰᠤᠷᠭ᠋ᠠᠨ ᠡᠭᠦᠷᠭᠡᠯᠡᠵᠦ ᠪᠣᠯᠣᠨ᠎ᠠ ᠤᠤ?

   ᠬᠠᠷᠢᠭᠤᠯᠲᠠ᠄ ᠪᠣᠯᠣᠨ᠎ᠠ᠃  ᠳᠠᠩᠰᠠᠯᠠᠭᠤᠯᠤᠭᠰᠠᠨ ᠦᠨᠡᠮᠯᠡᠯ ᠬᠦᠮᠦᠨ᠎ᠨᠢ  ᠳᠠᠩᠰᠠᠯᠠᠭᠤᠯᠤᠭᠰᠠᠨ ᠬᠥᠮᠥᠨ ᠪᠠ ᠮᠡᠷᠭᠡᠵᠢᠯ᠎ᠤᠨ ᠬᠠᠷᠢᠭᠤᠴᠠᠯᠭ᠋ᠠᠲᠠᠨ᠎ᠤ ᠬᠢᠷᠢ ᠬᠡᠮ᠎ᠤᠨ ᠪᠠᠷᠢᠮᠵᠢᠶ᠎ᠠ ᠱᠠᠭ᠋ᠠᠷᠳᠠᠯᠭ᠎ᠠ ᠵᠢ ᠬᠠᠩᠭ᠋ᠠᠵᠦ ᠪᠠᠢ᠌ᠪᠠᠯ᠂ ᠬᠠᠮᠲᠤ᠎ᠳᠤᠨᠢ ᠳᠠᠩᠰᠠᠯᠠᠭᠤᠯᠤᠭᠰᠠᠨ ᠬᠥᠮᠥᠨ ᠪᠠ ᠮᠡᠷᠭᠡᠵᠢᠯ᠎ᠤᠨ ᠬᠠᠷᠢᠭᠤᠴᠠᠯᠭ᠋ᠠᠲᠠᠨ᠎ᠤ ᠬᠤᠪᠢ᠎ᠪᠠᠷ ᠲᠣᠰ ᠲᠣᠰ  ᠦᠨᠡᠯᠡᠯᠭᠡ ᠬᠢᠵᠦ ᠪᠤᠯᠤᠨ᠎ᠠ ᠃

 

   ᠪᠠᠢ᠌ᠩᠭᠤ ᠲᠣᠬᠢᠶᠠᠯᠳᠤᠬᠤ ᠠᠰᠠᠭᠤᠳᠠᠯ (ᠭᠤᠷᠪᠠ)

ᠠᠰᠠᠭᠤᠯᠲᠠ᠄ ᠬᠢᠷᠢ ᠬᠡᠮ ᠵᠶ᠋ᠡᠨ ᠬᠤᠢ᠌ᠰᠢᠯᠠᠭᠤᠯᠤᠨ ᠭᠤᠶᠤᠴᠢᠯᠠᠬᠤ ᠦᠶ᠎ᠡ᠎ᠳᠤ᠂ ᠪᠦᠬᠦᠯᠢ 60 ᠨᠠᠰᠤ ᠬᠦᠷᠦᠭᠡᠳᠦᠢ ᠪᠣᠯᠪᠠᠴᠤ ᠨᠢᠭᠡᠨᠲᠡ ᠠᠵᠢᠯ᠎ᠠᠴᠠ᠎ᠪᠠᠨ ᠪᠠᠭᠤᠵᠤ ᠠᠮᠠᠷᠠᠭᠰᠠᠨ ᠪᠠᠢ᠌ᠪᠠᠯ᠂ ᠳᠠᠩᠰᠠᠯᠠᠭᠤᠯᠤᠭᠴᠢ ᠵᠢᠨ ᠬᠤᠪᠢ᠎ᠪᠠᠷ ᠮᠡᠳᠡᠭᠦᠯᠵᠦ ᠪᠣᠯᠣᠨ᠎ᠠ ᠤᠤ?᠂ ᠮᠡᠷᠭᠡᠵᠢᠯ᠎ᠤᠨ ᠬᠠᠷᠢᠭᠤᠴᠠᠯᠭ᠋ᠠᠲᠠᠨ ᠪᠣᠯᠵᠤ ᠪᠣᠯᠣᠨ᠎ᠠ ᠤᠤ?

   ᠬᠠᠷᠢᠭᠤᠯᠲᠠ᠄ ᠪᠣᠯᠣᠨ᠎ᠠ᠃  ᠨᠠᠰᠤ᠎ᠨᠢ ᠪᠦᠬᠦᠯᠢ 60 ᠨᠠᠰᠤ ᠬᠦᠷᠦᠭᠡᠳᠦᠢ ᠂ ᠵᠣᠬᠢᠴᠠᠩᠭᠤᠢ ᠬᠢᠷᠢ ᠬᠡᠮ᠎ᠤᠨ ᠪᠠᠷᠢᠮᠵᠢᠶ᠎ᠠ ᠱᠠᠭ᠋ᠠᠷᠳᠠᠯᠭ᠎ᠠ ᠵᠢ ᠬᠠᠩᠭ᠋ᠠᠭᠰᠠᠨ ᠪᠠᠢ᠌ᠪᠠᠯ᠂ ᠳᠠᠩᠰᠠᠯᠠᠭᠤᠯᠤᠭᠴᠢ ᠵᠢᠨ ᠬᠤᠪᠢ᠎ᠪᠠᠷ ᠮᠡᠳᠡᠭᠦᠯᠵᠦ ᠪᠣᠯᠣᠨ᠎ᠠ᠂ ᠮᠡᠷᠭᠡᠵᠢᠯ᠎ᠤᠨ ᠬᠠᠷᠢᠭᠤᠴᠠᠯᠭ᠋ᠠᠲᠠᠨ᠎ᠤ ᠬᠤᠪᠢ᠎ᠪᠠᠷ ᠮᠡᠳᠡᠭᠦᠯᠦᠭᠰᠡᠨ ᠴᠦ᠍ ᠪᠣᠯᠣᠨ᠎ᠠ᠃

 

   ᠪᠠᠢ᠌ᠩᠭᠤ ᠲᠣᠬᠢᠶᠠᠯᠳᠤᠬᠤ ᠠᠰᠠᠭᠤᠳᠠᠯ (ᠳᠥᠷᠪᠡ)

   ᠠᠰᠠᠭᠤᠯᠲᠠ᠄ ᠨᠢᠭᠡᠨᠲᠡ ᠳᠣᠷᠣᠭᠰᠢ ᠪᠠᠭᠤᠯᠭ᠋ᠠᠭᠰᠠᠨ ᠡᠯᠧᠺᠲᠷᠣᠨ ᠪᠠ ᠣᠶᠤᠨᠴᠢᠯᠠᠭᠰᠠᠨ ᠢᠨᠵᠧᠨᠧᠷᠢᠩ᠂ ᠭᠠᠯ ᠤᠨᠲᠠᠷᠠᠭ᠋ᠠᠬᠤ ᠪᠡᠯᠡᠳᠬᠡᠮᠵᠢ ᠵᠢᠨ ᠢᠨᠵᠧᠨᠧᠷᠢᠩ᠂ ᠤᠰᠤ  ᠰᠡᠷᠭᠡᠢ᠌ᠯᠡᠬᠦ ᠳᠤᠯᠠᠭ᠋ᠠᠨ᠎ᠢ ᠬᠠᠮᠠᠭ᠋ᠠᠯᠠᠬᠤ ᠢᠨᠵᠧᠨᠧᠷᠢᠩ᠂ ᠪᠠᠷᠢᠯᠭ᠎ᠠ ᠵᠢᠨ ᠵᠠᠰᠠᠵᠤ ᠴᠢᠮᠡᠭᠯᠡᠬᠦ ᠢᠨᠵᠧᠨᠧᠷᠢᠩ᠂ ᠪᠠᠷᠢᠯᠭ᠎ᠠ ᠵᠢᠨ ᠮᠠᠰᠢᠨ ᠴᠠᠬᠢᠯᠭ᠋ᠠᠨ ᠤᠭᠰᠠᠷᠠᠬᠤ ᠢᠨᠵᠧᠨᠧᠷᠢᠩ᠂ ᠪᠠᠷᠢᠯᠭ᠎ᠠ ᠵᠢᠨ  ᠬᠡᠷᠡᠮ᠎ᠤᠨ ᠢᠨᠵᠧᠨᠧᠷᠢᠩ᠂ ᠬᠣᠲᠠ ᠵᠢᠴᠢ ᠵᠠᠮ᠎ᠤᠨ ᠭᠡᠷᠡᠯᠲᠦᠭᠦᠯᠭᠡ ᠵᠢᠨ ᠢᠨᠵᠧᠨᠧᠷᠢᠩ᠎ᠤᠨ ᠬᠣᠶᠠᠳᠤᠭ᠋ᠠᠷ ᠳᠡᠰ᠎ᠤᠨ ᠬᠢᠷᠢ ᠬᠡᠮ᠎ᠢ ᠦᠷᠭᠦᠯᠵᠢᠯᠡᠭᠦᠯᠬᠦ ᠴᠢᠬᠤᠯᠠᠲᠠᠢ ᠤᠤ?

   ᠬᠠᠷᠢᠭᠤᠯᠲᠠ᠄ ᠬᠡᠷᠪᠡ ᠳᠡᠭᠡᠷ᠎ᠡ ᠳᠤᠷᠠᠳᠤᠭᠰᠠᠨ ᠬᠢᠷᠢ ᠬᠡᠮ᠎ᠢ ᠮᠤᠵᠢ ᠵᠢᠨ ᠱᠠᠲᠤᠨ᠎ᠤ   ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠣᠯᠭᠣᠭᠰᠠᠨ (D2᠎ᠪᠠᠷ ᠡᠬᠢᠯᠡᠨ᠎ᠡ) ᠦᠨᠡᠮᠯᠡᠯ ᠪᠠᠢ᠌ᠪᠠᠯ  ᠦᠷᠭᠦᠯᠵᠢᠯᠡᠭᠦᠯᠬᠦ ᠴᠢᠬᠤᠯᠠᠲᠠᠢ᠃ ᠬᠡᠷᠪᠡ ᠳᠡᠭᠡᠷ᠎ᠡ ᠳᠤᠷᠠᠳᠤᠭᠰᠠᠨ ᠬᠢᠷᠢ ᠬᠡᠮ᠎ᠢ ᠬᠣᠲᠠ ᠵᠢᠨ ᠱᠠᠲᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠣᠯᠭᠣᠭᠰᠠᠨ (D3᠎ᠠᠴᠠ ᠡᠬᠢᠯᠡᠨ᠎ᠡ) ᠦᠨᠡᠮᠯᠡᠯ  ᠪᠠᠢ᠌ᠪᠠᠯ ᠲᠦᠷ ᠦᠷᠭᠦᠯᠵᠢᠯᠡᠭᠦᠯᠬᠦ ᠴᠢᠬᠤᠯᠠ ᠦᠭᠡᠢ᠃

 

   ᠪᠠᠢ᠌ᠩᠭᠤ ᠲᠣᠬᠢᠶᠠᠯᠳᠤᠬᠤ ᠠᠰᠠᠭᠤᠳᠠᠯ (ᠲᠠᠪᠤ)

   ᠠᠰᠠᠭᠤᠯᠲᠠ᠄ ᠠᠵᠤ ᠠᠬᠤᠢ᠌ᠯᠠᠯ᠎ᠳᠤ ᠣᠯᠠᠨ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠲᠠᠢ ᠪᠣᠯ ᠬᠤᠢ᠌ᠰᠢᠯᠠᠭᠤᠯᠬᠤ ᠭᠤᠶᠤᠴᠢᠯᠠᠯ ᠵᠶ᠋ᠠᠨ ᠲᠣᠰ ᠲᠣᠰ ᠲᠤᠰᠢᠶᠠᠬᠤ ᠬᠡᠷᠡᠭᠲᠡᠢ ᠤᠤ?

   ᠬᠠᠷᠢᠭᠤᠯᠲᠠ᠄ ᠠᠵᠤ ᠠᠬᠤᠢ᠌ᠯᠠᠯ᠎ᠨᠢ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ ᠪᠠ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠬᠢᠷᠢ ᠬᠡᠮ ᠵᠡᠷᠭᠡ ᠠᠳᠠᠯᠢ ᠪᠤᠰᠤ ᠲᠥᠷᠥᠯ ᠬᠡᠯᠪᠡᠷᠢ ᠵᠢᠨ ᠬᠢᠷᠢ ᠬᠡᠮ᠎ᠢ ᠬᠠᠮᠲᠤ᠎ᠳᠤᠨᠢ ᠪᠦᠷᠢᠯᠳᠦᠭᠦᠯᠦᠭᠰᠡᠨ ᠪᠠᠢ᠌ᠪᠠᠯ᠂ ᠲᠣᠰ ᠲᠣᠰ  ᠬᠤᠢ᠌ᠰᠢᠯᠠᠭᠤᠯᠬᠤ  ᠭᠤᠶᠤᠴᠢᠯᠠᠯ ᠭᠠᠷᠭ᠋ᠠᠬᠤ ᠬᠡᠷᠡᠭᠲᠡᠢ᠃ ᠠᠵᠤ ᠠᠬᠤᠢ᠌ᠯᠠᠯ᠎ᠨᠢ ᠪᠠᠷᠢᠯᠭ᠎ᠠ ᠵᠢᠨ ᠠᠵᠢᠯ᠎ᠤᠨ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ ᠪᠣᠯᠣᠨ ᠠᠭᠤᠷᠬᠠᠢ ᠵᠢᠨ ᠪᠠᠷᠢᠯᠭ᠎ᠠ ᠵᠢᠨ ᠠᠵᠢᠯ᠎ᠤᠨ ᠶᠡᠷᠦᠩᠬᠡᠢ ᠳᠠᠭ᠋ᠠᠭ᠋ᠠᠴᠢᠯᠠᠯᠲᠠ ᠵᠢᠨ ᠬᠣᠶᠠᠳᠤᠭ᠋ᠠᠷ ᠳᠡᠰ ᠵᠡᠷᠭᠡ ᠠᠳᠠᠯᠢ ᠲᠥᠷᠥᠯ ᠬᠡᠯᠪᠡᠷᠢ (ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ) ᠵᠢᠨ ᠠᠳᠠᠯᠢ ᠪᠤᠰᠤ ᠲᠥᠷᠥᠯ ᠢᠯᠭ᠋ᠠᠯ᠎ᠤᠨ ᠬᠢᠷᠢ ᠬᠡᠮ᠎ᠢ ᠵᠡᠷᠭᠡᠪᠡᠷ ᠪᠦᠷᠢᠯᠳᠦᠭᠦᠯᠦᠭᠰᠡᠨ ᠪᠠᠢ᠌ᠪᠠᠯ᠂ ᠲᠣᠰ ᠲᠣᠰ᠎ᠲᠤᠨᠢ  ᠬᠤᠢ᠌ᠰᠢᠯᠠᠭᠤᠯᠬᠤ ᠭᠤᠶᠤᠴᠢᠯᠠᠯ ᠳᠤᠷᠠᠳᠬᠤ ᠴᠢᠬᠤᠯᠠ ᠦᠭᠡᠢ᠂ ᠨᠢᠭᠡ ᠤᠳᠠᠭ᠎ᠠ  ᠬᠤᠢ᠌ᠰᠢᠯᠠᠭᠤᠯᠬᠤ ᠭᠤᠶᠤᠴᠢᠯᠠᠯ ᠵᠶ᠋ᠠᠨ ᠨᠢᠭᠡᠳᠦᠯᠲᠡᠢ ᠲᠤᠰᠢᠶᠠᠪᠠᠯ ᠪᠣᠯᠴᠢᠬᠠᠨ᠎ᠠ᠃

 

   ᠪᠠᠢ᠌ᠩᠭᠤ ᠲᠣᠬᠢᠶᠠᠯᠳᠤᠬᠤ ᠠᠰᠠᠭᠤᠳᠠᠯ (ᠵᠢᠷᠭᠤᠭ᠎ᠠ)

   ᠠᠰᠠᠭᠤᠯᠲᠠ᠄ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠬᠢᠷᠢ ᠬᠡᠮ᠎ᠢ  ᠬᠤᠢ᠌ᠰᠢᠯᠠᠭᠤᠯᠬᠤ  ᠦᠶ᠎ᠡ᠎ᠳᠤ ᠳᠠᠩᠰᠠᠯᠠᠭᠤᠯᠤᠭᠰᠠᠨ ᠴᠠᠬᠢᠯᠭ᠋ᠠᠨ᠎ᠤ ᠢᠨᠵᠧᠨᠧᠷ᠂ ᠳᠠᠩᠰᠠᠯᠠᠭᠤᠯᠤᠭᠰᠠᠨ ᠨᠡᠶ᠋ᠢᠲᠡ ᠵᠢᠨ ᠬᠡᠷᠡᠭᠯᠡᠭᠡᠨ᠎ᠤ ᠲᠥᠬᠦᠭᠡᠷᠦᠮᠵᠢ ᠵᠢᠨ ᠢᠨᠵᠧᠨᠧᠷ ᠪᠠ ᠳᠠᠩᠰᠠᠯᠠᠭᠤᠯᠤᠭᠰᠠᠨ ᠬᠢᠮᠢ ᠵᠢᠨ ᠠᠵᠤ ᠦᠢ᠍ᠯᠡᠳᠪᠦᠷᠢ ᠵᠢᠨ ᠢᠨᠵᠧᠨᠧᠷ᠎ᠢ ᠬᠢᠨᠠᠨ ᠰᠢᠯᠭ᠋ᠠᠨ᠎ᠠ ᠤᠤ?

   ᠬᠠᠷᠢᠭᠤᠯᠲᠠ᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠬᠠᠮᠢᠶ᠎ᠠ ᠪᠦᠬᠦᠢ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠵᠤ᠂ ᠲᠦᠷ ᠬᠢᠨᠠᠨ ᠰᠢᠯᠭ᠋ᠠᠬᠤ ᠦᠭᠡᠢ᠃

 

   ᠪᠠᠢ᠌ᠩᠭᠤ ᠲᠣᠬᠢᠶᠠᠯᠳᠤᠬᠤ ᠠᠰᠠᠭᠤᠳᠠᠯ (ᠲᠤᠯᠦᠭ᠎ᠠ)

   ᠠᠰᠠᠭᠤᠯᠲᠠ᠄ ᠠᠵᠤ ᠠᠬᠤᠢ᠌ᠯᠠᠯ ᠣᠲᠣ ᠶᠠᠭ ᠲᠠᠰ ᠳᠡᠪᠰᠢᠭᠦᠯᠬᠦ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠵᠦ ᠪᠠᠢ᠌ᠭ᠎ᠠ ᠦᠶ᠎ᠡ᠎ᠳᠤ᠂ ᠦᠷᠭᠦᠯᠵᠢᠯᠡᠭᠦᠯᠬᠦ ᠴᠢᠬᠤᠯᠠᠲᠠᠢ ᠤᠤ?

   ᠬᠠᠷᠢᠭᠤᠯᠲᠠ᠄ ᠴᠢᠬᠤᠯᠠᠲᠠᠢ᠂ ᠭᠦᠢ᠍ᠴᠡᠳᠭᠡᠵᠦ ᠪᠠᠢ᠌ᠭ᠎ᠠ  ᠲᠠᠰ ᠳᠡᠪᠰᠢᠭᠦᠯᠬᠦ ᠲᠤᠬᠠᠢ᠌ᠯᠠᠭᠰᠠᠨ ᠠᠵᠢᠯ ᠬᠠᠷᠠᠬᠠᠨ ᠵᠠᠷᠯᠠᠨ ᠨᠡᠢ᠌ᠲᠡᠯᠡᠭᠡᠳᠦᠢ ᠪᠥᠭᠡᠳ ᠬᠢᠷᠢ ᠬᠡᠮ᠎ᠤᠨ ᠦᠨᠡᠮᠯᠡᠯ᠎ᠢ ᠬᠢᠨᠠᠨ ᠣᠯᠭᠣᠭ᠋ᠠᠳᠤᠢ ᠯᠠ ᠶᠤᠮ ᠪᠣᠯ᠂ ᠤᠤᠯ᠎ᠤᠨ ᠬᠢᠷᠢ ᠬᠡᠮ᠎ᠢ᠎ᠨᠢ ᠵᠠᠪᠠᠯ ᠦᠷᠭᠦᠯᠵᠢᠯᠡᠭᠦᠯᠬᠦ ᠭᠤᠶᠤᠴᠢᠯᠠᠯ ᠵᠶ᠋ᠠᠨ ᠴᠠᠭ ᠲᠤᠬᠠᠢ᠎ᠳᠤᠨᠢ ᠲᠤᠰᠢᠶᠠᠬᠤ ᠬᠡᠷᠡᠭᠲᠡᠢ᠃

 

   ᠪᠠᠢ᠌ᠩᠭᠤ ᠲᠣᠬᠢᠶᠠᠯᠳᠤᠬᠤ ᠠᠰᠠᠭᠤᠳᠠᠯ (ᠨᠠᠢ᠍ᠮᠠ)

   ᠠᠰᠠᠭᠤᠯᠲᠠ᠄ ᠨᠢᠭᠡ ᠳᠠᠩᠰᠠᠯᠠᠭᠤᠯᠤᠭᠰᠠᠨ ᠠᠵᠢᠯᠲᠠᠨ ᠬᠣᠶᠠᠷ᠎ᠠᠴᠠ ᠳᠡᠭᠡᠭᠰᠢ ᠳᠠᠩᠰᠠᠯᠠᠭᠤᠯᠤᠭᠰᠠᠨ ᠠᠵᠢᠯ ᠡᠷᠭᠢᠯᠡᠬᠦ ᠬᠢᠷᠢ ᠬᠡᠮ᠎ᠢ ᠵᠡᠷᠭᠡᠪᠡᠷ ᠪᠦᠷᠢᠯᠳᠦᠭᠦᠯᠦᠭᠰᠡᠨ ᠪᠠᠢ᠌ᠪᠠᠯ᠂ ᠪᠠᠷᠢᠯᠭ᠎ᠠ  ᠵᠢᠨ ᠵᠢᠷᠤᠭ ᠲᠥᠯᠥᠪᠯᠡᠭᠡ (ᠪᠠᠷᠢᠯᠭ᠎ᠠ ᠵᠢᠨ ᠬᠠᠢ᠌ᠨ ᠪᠠᠢ᠌ᠴᠠᠭ᠋ᠠᠯᠲᠠ) ᠵᠢᠨ ᠬᠢᠷᠢ ᠬᠡᠮ᠎ᠢ ᠦᠷᠭᠦᠯᠵᠢᠯᠡᠭᠦᠯᠬᠦ ᠦᠶ᠎ᠡ᠎ᠳᠤ᠂ ᠳᠠᠪᠬᠤᠷᠳᠠᠭᠤᠯᠤᠨ ᠪᠤᠳᠤᠵᠤ ᠪᠣᠯᠣᠨ᠎ᠠ ᠤᠤ?

   ᠬᠠᠷᠢᠭᠤᠯᠲᠠ᠄ ᠪᠣᠯᠬᠤ ᠦᠭᠡᠢ᠃ ᠨᠢᠭᠡ ᠳᠠᠩᠰᠠᠯᠠᠭᠤᠯᠤᠭᠰᠠᠨ ᠬᠥᠮᠥᠨ᠎ᠨᠢ ᠬᠣᠶᠠᠷ᠎ᠠᠴᠠ ᠳᠡᠭᠡᠭᠰᠢ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠬᠡᠮ᠎ᠲᠠᠢ ᠪᠠᠢ᠌ᠪᠠᠯ᠂ ᠵᠥᠪᠬᠡᠨ ᠨᠢᠭᠡ ᠯᠡ ᠲᠤᠰᠬᠠᠢ ᠮᠡᠷᠭᠡᠵᠢᠯ᠎ᠤᠨ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠬᠡᠮ᠎ᠢ ᠮᠠᠭ᠋ᠠᠳᠯᠠᠨ ᠲᠣᠭᠲᠠᠭ᠋ᠠᠨ᠎ᠠ᠃ ᠵᠢᠱ᠌ᠢᠶᠡᠯᠡᠪᠡᠯ ᠨᠢᠭᠡ ᠳᠠᠩᠰᠠᠯᠠᠭᠤᠯᠤᠭᠰᠠᠨ ᠬᠥᠮᠥᠨ᠎ᠨᠢ ᠳᠠᠩᠰᠠᠯᠠᠭᠤᠯᠤᠭᠰᠠᠨ ᠰᠢᠷᠣᠢ ᠮᠣᠳᠣᠨ᠎ᠤ ᠢᠨᠵᠧᠨᠧᠷ (ᠴᠢᠯᠠᠭᠤᠯᠢᠭ ᠰᠢᠷᠣᠢ)᠂ ᠨᠢᠭᠡᠳᠦᠭᠡᠷ ᠳᠡᠰ᠎ᠤᠨ ᠳᠠᠩᠰᠠᠯᠠᠭᠤᠯᠤᠭᠰᠠᠨ ᠪᠦᠲᠦᠴᠡ ᠵᠢᠨ ᠢᠨᠵᠧᠨᠧᠷ ᠬᠣᠶᠠᠷ ᠳᠠᠩᠰᠠᠯᠠᠭᠤᠯᠤᠭᠰᠠᠨ ᠠᠵᠢᠯ ᠡᠷᠭᠢᠯᠡᠬᠦ ᠬᠢᠷᠢ ᠬᠡᠮ᠎ᠲᠠᠢ ᠪᠠᠢ᠌ᠪᠠᠯ᠂ ᠬᠢᠷᠢ ᠬᠡᠮ᠎ᠢ ᠦᠷᠭᠦᠯᠵᠢᠯᠡᠭᠦᠯᠬᠦ ᠦᠶ᠎ᠡ᠎ᠳᠤ ᠵᠥᠪᠬᠡᠨ ᠨᠢᠭᠡ ᠵᠢ᠎ᠨᠢ ᠰᠣᠩᠭᠣᠨ ᠬᠡᠷᠡᠭᠯᠡᠵᠦ ᠪᠣᠯᠣᠨ᠎ᠠ᠃

 

   ᠠᠰᠠᠭᠤᠨ ᠯᠠᠪᠯᠠᠬᠤ ᠬᠡᠯᠪᠡᠷᠢ

ᠬᠡᠷᠪᠡ ᠰᠢᠢ᠍ᠳᠪᠦᠷᠢᠯᠡᠬᠦ ᠶᠠᠪᠤᠴᠠ᠎ᠳᠤ ᠪᠠᠰᠠ ᠬᠦᠴᠢᠷᠳᠡᠯ᠎ᠲᠠᠢ ᠪᠠᠢ᠌ᠪᠠᠯ᠂ ᠲᠤᠤᠷᠠᠬᠢ ᠬᠡᠳᠦᠨ ᠲᠠᠯ᠎ᠠ᠎ᠪᠠᠷ ᠰᠢᠢ᠍ᠳᠪᠦᠷᠢᠯᠡᠵᠦ ᠪᠣᠯᠣᠨ᠎ᠠ᠄

    1᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ᠎ᠤ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ  ᠲᠤᠰᠬᠠᠢ ᠪᠤᠯᠤᠩ — ᠪᠠᠢ᠌ᠩᠭᠤ ᠲᠣᠬᠢᠶᠠᠯᠳᠤᠬᠤ ᠠᠰᠠᠭᠤᠳᠠᠯ᠎ᠳᠤ ᠭᠠᠷᠴᠤ᠂ ᠬᠠᠮᠢᠶ᠎ᠠ ᠪᠦᠬᠦᠢ ᠠᠭᠤᠯᠭ᠎ᠠ ᠵᠢ ᠪᠠᠢ᠌ᠴᠠᠭ᠋ᠠᠨ ᠯᠠᠪᠯᠠᠵᠦ ᠪᠤᠯᠤᠨ᠎ᠠ᠃

    2᠂ ᠠᠰᠠᠭᠤᠨ ᠯᠠᠪᠯᠠᠬᠤ ᠤᠲᠠᠰᠤ ᠄

0471-6945165 (ᠲᠦᠷᠦ ᠵᠢᠨ ᠪᠣᠳᠣᠯᠭ᠎ᠠ ᠵᠢᠨ ᠯᠠᠪᠯᠠᠯᠭ᠎ᠠ)

0471-6945092 (ᠲᠦᠷᠦ ᠵᠢᠨ ᠪᠣᠳᠣᠯᠭ᠎ᠠ ᠵᠢᠨ ᠯᠠᠪᠯᠠᠯᠭ᠎ᠠ)

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠲᠢᠩᠬᠢᠮ᠎ᠤᠨ ᠵᠠᠰᠠᠭ