ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠭᠡᠮ᠎ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠥᠬᠦᠪᠥᠷᠢ ᠮᠡᠳᠡᠭᠳᠡᠯ
2024-04-23

         ᠥᠪᠥᠷ ᠪᠦᠲᠦᠭᠡᠨ ᠵᠠᠰᠠᠭ ᠵᠠᠬᠢᠳᠠᠯ [2024] 96 ᠳ᠋ᠤᠭ᠋ᠠᠷ ᠲᠣᠭ᠋ᠠᠲᠤ

 

ᠡᠯ᠎ᠡ ᠠᠶ᠋ᠢᠮᠠᠭ ᠬᠤᠲᠠ (ᠮᠠᠨᠵᠤᠤᠷ ᠬᠤᠲᠠ᠂ ᠡᠷᠢᠶᠡᠨ ᠬᠤᠲᠠ) ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂  ᠬᠦᠬᠡᠬᠣᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯᠳᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠲᠣᠪᠴᠢᠶ᠎ᠠ᠂ ᠬᠢᠩᠭ᠋ᠠᠨ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ  ᠲᠤᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠲᠦᠩᠯᠢᠶᠣᠤ ᠬᠤᠲᠠ ᠵᠢᠨ  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯᠳᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠲᠣᠪᠴᠢᠶ᠎ᠠ᠂ ᠣᠷᠳᠣᠰ ᠬᠤᠲᠠ ᠵᠢᠨ  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ  ᠲᠤᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ᠄ 

    《ᠬᠤᠯᠪᠣᠭᠳᠠᠯ ᠪᠦᠬᠦᠢ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠢ ᠰᠣᠯᠢᠵᠤ ᠠᠪᠬᠤ ᠪᠠ ᠦᠷᠭᠦᠯᠵᠢᠯᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠶ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (  ᠪᠦᠲᠦᠭᠡᠨ  ᠠᠯᠪᠠᠨ ᠵᠠᠬ᠎ᠠ [ 2023 ] 47 ᠳ᠋ᠤᠭ᠋ᠠᠷ ᠲᠣᠭ᠋ᠠᠲᠤ) ᠪᠠ 《ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠬᠤᠯᠪᠣᠭᠳᠠᠯ ᠪᠦᠬᠦᠢ ᠵᠦᠢ᠍ᠯᠡᠰ᠎ᠤᠨ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠳᠡᠯ》 (  ᠪᠦᠲᠦᠭᠡᠨ ᠵᠤᠷᠭ᠋ᠠᠨ  ᠲᠣᠪᠴᠢᠶ᠎ᠠ ᠵᠠᠬᠢᠳᠠᠯ ᠵᠠᠬ᠎ᠠ [ 2023 ] 116 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠋ᠠᠨ᠎ᠤ ᠶᠣᠰᠣᠭ᠋ᠠᠷ᠂ ᠣᠶ᠋ᠢᠷ᠎ᠠ ᠵᠢᠨ ᠬᠤᠭᠤᠴᠠᠭ᠋ᠠᠨ᠎ᠤ ᠮᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠠᠵᠢᠯ᠎ᠢ ᠥᠷᠨᠢᠭᠦᠯᠵᠦ ᠪᠠᠶ᠋ᠢᠭ᠎ᠠ ᠪᠠᠶ᠋ᠢᠳᠠᠯ᠎ᠲᠠᠢ ᠤᠶᠠᠯᠳᠤᠭᠤᠯᠤᠨ᠂ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠪᠠᠲᠤᠯᠠᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢᠨ ᠲᠤᠰᠠᠳᠠ᠂ ᠡᠳᠦᠭᠡ ᠮᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠬᠤᠯᠪᠣᠭᠳᠠᠯ ᠪᠦᠬᠦᠢ ᠵᠦᠢ᠍ᠯᠡᠰ᠎ᠤᠨ ᠲᠤᠬᠠᠶ ᠨᠥᠬᠦᠪᠥᠷᠢ ᠮᠡᠳᠡᠭᠳᠡᠯ ᠳᠣᠣᠷᠠᠬᠢ ᠮᠡᠲᠦ᠄

     ᠮᠠᠨ᠎ᠤ ᠲᠢᠩᠬᠢᠮ᠎ᠤᠨ ᠬᠠᠷᠭᠤᠭᠤᠯᠤᠨ ᠣᠯᠭᠤᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠨᠢ 2024 ᠣᠨ᠎ᠤ 9 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠬᠤᠭᠤᠴᠠᠭ᠎ᠠ᠎ᠨᠢ ᠳᠦᠭᠦᠷᠦᠭᠰᠡᠨ ᠪᠠᠶ᠋ᠢᠪᠠᠯ᠂ ᠠᠵᠤ ᠠᠬᠤᠶ᠋ᠢᠯᠠᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠬᠤ᠎ᠠᠴᠠ ᠡᠮᠦᠨ᠎ᠡ ᠦᠷᠭᠦᠯᠵᠢᠯᠡᠭᠦᠯᠬᠦ᠎ᠪᠠᠷ ᠭᠤᠶᠤᠴᠢᠯᠠᠬᠤ ᠦᠶ᠎ᠡ᠎ᠳᠤ᠂ ᠭᠤᠶᠤᠴᠢᠯᠠᠬᠤ ᠬᠢᠷᠢ ᠬᠡᠮ᠎ᠤᠨ ᠦᠨᠡᠮᠯᠡᠯ᠎ᠨᠢ 5 ᠵᠢᠯ ᠦᠷᠭᠦᠯᠵᠢᠯᠡᠬᠦ ᠪᠤᠶᠤ 1 ᠵᠢᠯ ᠬᠦᠴᠦᠨ᠎ᠲᠠᠢ ᠬᠤᠭᠤᠴᠠᠭ᠎ᠠ ᠵᠢ ᠰᠣᠩᠭᠤᠵᠤ ᠪᠣᠯᠤᠨ᠎ᠠ᠃ 1 ᠵᠢᠯ᠎ᠤᠨ ᠬᠦᠴᠦᠨ᠎ᠲᠠᠢ  ᠬᠢᠷᠢ ᠭᠡᠮ᠎ᠤᠨ ᠦᠨᠡᠮᠯᠡᠯ᠎ᠢ ᠭᠤᠶᠤᠴᠢᠯᠠᠭᠰᠠᠨ ᠪᠣᠯ᠂ ᠠᠵᠤ ᠠᠬᠤᠶ᠋ᠢᠯᠠᠯ᠎ᠤᠨ ᠳᠠᠩᠰᠠᠯᠠᠭᠤᠯᠤᠨ ᠪᠠᠢ᠌ᠭᠤᠯᠤᠯᠲᠠ ᠵᠢᠨ ᠪᠠᠶ᠋ᠢᠭᠤᠯᠤᠭᠴᠢ ᠵᠡᠷᠭᠡ᠎ᠳᠤ ᠲᠦᠷ ᠬᠢᠨᠠᠨ ᠪᠠᠶ᠋ᠢᠴᠠᠭ᠋ᠠᠯᠲᠠ ᠬᠢᠬᠦ ᠦᠭᠡᠶ᠃ ᠠᠵᠤ ᠠᠬᠤᠶ᠋ᠢᠯᠠᠯ᠎ᠨᠢ ᠬᠢᠷᠢ ᠭᠡᠮ᠎ᠤᠨ ᠦᠨᠡᠮᠯᠡᠯ᠎ᠤᠨ 1 ᠵᠢᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ ᠡᠮᠦᠨ᠎ᠡ᠂ ᠬᠣᠯᠪᠣᠭᠳᠠᠯ ᠪᠦᠬᠦᠢ ᠬᠢᠷᠢ ᠭᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠪᠠ ᠬᠢᠷᠢ ᠭᠡᠮ᠎ᠤᠨ ᠪᠠᠷᠢᠮᠵᠢᠶ᠎ᠠ ᠶᠣᠰᠣᠭ᠋ᠠᠷ ᠦᠷᠭᠦᠯᠵᠢᠯᠡᠭᠦᠯᠬᠦ᠎ᠪᠠᠷ ᠭᠤᠶᠤᠴᠢᠯᠠᠵᠤ᠂ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ᠎ᠳᠤᠨᠢ 5 ᠵᠢᠯ᠎ᠤᠨ ᠬᠦᠴᠦᠨ᠎ᠲᠠᠢ ᠬᠤᠭᠤᠴᠠᠭ᠋ᠠᠨ᠎ᠤ ᠬᠢᠷᠢ ᠭᠡᠮ᠎ᠤᠨ ᠦᠨᠡᠮᠯᠡᠯ ᠣᠯᠭᠣᠨ᠎ᠠ᠃ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠬᠦ᠎ᠠᠴᠠ ᠡᠮᠦᠨ᠎ᠡ ᠦᠷᠭᠦᠯᠵᠢᠯᠡᠭᠦᠯᠬᠦ᠎ᠪᠠᠷ ᠭᠤᠶᠤᠴᠢᠯᠠᠭᠰᠠᠨ ᠦᠭᠡᠶ ᠪᠣᠯ ᠬᠤᠭᠤᠴᠠᠭ᠎ᠠ ᠥᠩᠭᠡᠷᠡᠯ᠎ᠡ ᠠᠶᠠᠨᠳᠠᠭ᠋ᠠᠨ ᠬᠦᠴᠦᠨ ᠦᠭᠡᠶ ᠪᠣᠯᠤᠨ᠎ᠠ᠃

  

        2024  ᠣᠨ᠎ᠤ 4  ᠳ᠋ᠦ᠍ᠭᠡᠷ ᠰᠠᠷ᠎ᠠ ᠵᠢᠨ 3᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ