ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠰᠢᠭᠤᠳ ᠬᠠᠷᠢᠶ᠎ᠠ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ (ᠬᠠᠮᠢᠶᠠᠷᠤᠯᠲᠠ) ᠵᠢᠨ ᠵᠥᠪᠯᠡᠯ᠂ ᠪᠡᠭᠡᠵᠢᠩ ᠬᠤᠲᠠ ᠵᠢᠨ ᠲᠥᠯᠥᠪᠵᠢᠭᠦᠯᠭᠡ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠥᠪᠯᠡᠯ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠴᠡᠷᠢᠭ᠎ᠤᠨ ᠬᠤᠷᠢᠶᠠᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠲᠥᠪ᠎ᠤᠨ ᠠᠵᠤ ᠠᠬᠤᠶ᠋ᠢᠯᠠᠯ᠎ᠳᠤ᠄
ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠢᠨᠵᠧᠨᠧᠷᠢᠩ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠤᠨ᠂ ᠢᠨᠵᠧᠨᠧᠷᠢᠩ᠎ᠤᠨ ᠶᠠᠰᠤ ᠴᠢᠨᠠᠷ᠎ᠤᠨ ᠠᠮᠤᠷ ᠲᠦᠪᠰᠢᠨ ᠪᠠ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠨ᠂ ᠠᠵᠤ ᠠᠬᠤᠶ᠋ᠢᠯᠠᠯ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢᠨ ᠲᠤᠰᠠᠳᠠ᠂ ᠡᠳᠦᠭᠡ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠬᠢᠷᠢ ᠭᠡᠮ᠎ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠲᠤᠰᠬᠠᠶ ᠠᠵᠢᠯ᠎ᠤᠨ ᠰᠠᠯᠠᠭ᠎ᠠ ᠮᠥᠴᠢᠷ᠎ᠤᠳ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠲᠣᠭᠲᠠᠴᠠ ᠵᠢ ᠢᠳᠡᠪᠬᠢᠲᠡᠶ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠶ᠋ᠢᠴᠠᠭ᠋ᠠᠬᠤ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠴᠠᠭ ᠲᠤᠬᠠᠶ᠎ᠳᠤᠨᠢ ᠬᠢᠨᠠᠨ ᠵᠥᠪᠰᠢᠶᠡᠷᠡᠬᠦ ᠲᠣᠭᠲᠠᠭ᠋ᠠᠯ ᠭᠠᠷᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠠᠴᠠ ᠬᠢᠨᠠᠨ ᠵᠥᠪᠰᠢᠶᠡᠷᠡᠬᠦ ᠠᠵᠤ ᠠᠬᠤᠶ᠋ᠢᠯᠠᠯ᠎ᠤᠨ ᠬᠢᠷᠢ ᠬᠡᠮ᠎ᠢ ᠬᠠᠷᠢᠭᠤᠴᠠᠵᠤ᠂ 2 ᠰᠠᠷ᠎ᠠ ᠵᠢᠨ ᠳᠣᠲᠣᠷ᠎ᠠ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠵᠢ ᠪᠡᠶᠡᠯᠡᠭᠦᠯᠵᠦ᠂ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠵᠦ᠂ ᠠᠵᠤ ᠠᠬᠤᠶ᠋ᠢᠯᠠᠯ᠎ᠨᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩᠲᠤ ᠣᠷᠣᠵᠤ᠂ 《ᠭᠤᠶᠤᠴᠢᠯᠠᠬᠤ ᠵᠦᠢ᠍ᠯᠡᠰ᠎ᠢ ᠭᠦᠢ᠍ᠴᠡᠳᠬᠡᠬᠦ ᠠᠬᠢᠴᠠ ᠵᠢ ᠪᠠᠶ᠋ᠢᠴᠠᠭ᠋ᠠᠨ ᠯᠠᠪᠯᠠᠬᠤ (ᠭᠥᠯᠢᠶᠡᠨ ᠠᠪᠴᠤ ᠦᠨᠡᠮᠯᠡᠯ ᠣᠯᠭᠤᠭᠰᠠᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ)》 ᠪᠤᠯᠤᠩ᠎ᠢ ᠲᠣᠪᠴᠢᠯᠠᠨ ᠬᠢᠨᠠᠨ ᠵᠥᠪᠰᠢᠶᠡᠷᠡᠭᠰᠡᠨ ᠠᠬᠢᠴᠠ ᠪᠠ ᠦᠷ᠎ᠡ ᠳ᠋ᠦᠩ᠎ᠢ ᠪᠠᠶ᠋ᠢᠴᠠᠭ᠋ᠠᠨ ᠯᠠᠪᠯᠠᠵᠤ ᠪᠣᠯᠣᠨ᠎ᠠ᠃
ᠬᠣᠶᠠᠷ᠂ ᠪᠦᠬᠦ ᠤᠯᠤᠰ᠎ᠤᠨ ᠬᠢᠷᠢ ᠴᠢᠳᠠᠮᠵᠢ ᠵᠢ ᠬᠢᠨᠠᠨ ᠵᠥᠪᠰᠢᠶᠡᠷᠡᠬᠦ ᠡᠷᠬᠡ ᠮᠡᠳᠡᠯ᠎ᠢ ᠨᠢᠭᠡᠳᠦᠯᠲᠡᠶ ᠪᠣᠯᠭ᠋ᠠᠬᠤ ᠬᠡᠷᠡᠭᠲᠡᠶ᠃ ᠲᠣᠰ ᠮᠡᠳᠡᠭᠳᠡᠯ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ᠂ ᠠᠵᠤ ᠠᠬᠤᠶ᠋ᠢᠯᠠᠯ᠎ᠤᠨ ᠬᠢᠷᠢ ᠴᠢᠳᠠᠮᠵᠢ ᠵᠢ ᠬᠢᠨᠠᠨ ᠵᠥᠪᠰᠢᠶᠡᠷᠡᠬᠦ ᠡᠷᠬᠡ ᠮᠡᠳᠡᠯ᠎ᠢ ᠳᠣᠷᠣᠭᠰᠢ ᠪᠠᠭᠤᠯᠭ᠋ᠠᠬᠤ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠳᠤ ᠲᠤᠷᠰᠢᠯᠲᠠ ᠵᠢᠨ ᠴᠡᠭ᠎ᠤᠨ ᠬᠢᠷᠢ ᠬᠡᠮ᠎ᠤᠨ ᠭᠤᠶᠤᠴᠢᠯᠠᠬᠤ ᠵᠦᠢ᠍ᠯᠡᠰ᠎ᠢ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠠᠴᠠ ᠨᠢᠭᠡᠳᠦᠯᠲᠡᠶ ᠬᠡᠷᠡᠭᠵᠢᠭᠦᠯᠦᠨ᠎ᠡ᠃ ᠲᠤᠷᠰᠢᠯᠲᠠ ᠵᠢᠨ ᠭᠠᠵᠠᠷ ᠣᠷᠣᠨ᠎ᠤ ᠨᠢᠭᠡᠨᠲᠡ ᠬᠦᠯᠢᠶᠡᠨ ᠠᠪᠤᠭᠰᠠᠨ ᠭᠤᠶᠤᠴᠢᠯᠠᠬᠤ ᠵᠦᠢ᠍ᠯᠡᠰ᠎ᠢ ᠲᠣᠭᠲᠠᠭᠰᠠᠨ ᠴᠠᠭ᠎ᠤᠨ ᠳᠣᠲᠣᠷ᠎ᠠ ᠬᠢᠨᠠᠨ ᠵᠥᠪᠰᠢᠶᠡᠷᠡᠵᠦ ᠭᠦᠢ᠍ᠴᠡᠳᠬᠡᠬᠦ ᠬᠡᠷᠡᠭᠲᠡᠶ᠃ ᠲᠣᠷᠰᠢᠯᠳᠡ ᠵᠢᠨ ᠴᠢᠬ᠎ᠤᠨ ᠬᠤᠭᠤᠴᠠᠭ᠋ᠠᠨ᠎ᠳᠤ ᠣᠯᠭᠤᠠᠠᠰᠠᠨ ᠬᠢᠷᠢ ᠴᠢᠳᠠᠮᠵᠢ ᠵᠢᠨ ᠦᠨᠡᠮᠯᠠᠯ᠎ᠤᠨ ᠬᠦᠴᠣᠨ᠎ᠲᠠᠢ ᠬᠤᠭᠤᠴᠠᠭ᠎ᠠ᠎ᠳᠤ ᠬᠦᠷᠬᠦ᠎ᠠᠴᠠ ᠡᠮᠤᠨ᠎ᠠ ᠦᠷᠬᠦᠯᠵᠢᠯᠡᠨ ᠬᠦᠴᠣᠨ᠎ᠲᠠᠢ ᠪᠠᠶ᠋ᠢᠵᠦ᠂ ᠠᠵᠦ ᠠᠬᠤᠶ᠋ᠢᠯᠠᠯ᠎ᠤᠨ ᠬᠠᠦᠯᠢ ᠶᠣᠰᠣᠭ᠋ᠠᠷ ᠠᠵᠢᠯ᠎ᠢ᠎ᠨᠢ ᠵᠤᠠᠠᠰᠣᠵᠦ ᠴᠡᠭᠴᠡᠯᠡᠬᠦ᠂ ᠬᠢᠷᠢ ᠴᠢᠳᠠᠮᠵᠢ ᠵᠢᠨ ᠳᠡᠰ ᠵᠡᠷᠭᠡ ᠵᠢ᠎ᠨᠢ ᠪᠠᠭᠤᠷᠡᠭᠤᠯᠬᠤ᠂ ᠬᠢᠷᠢ ᠴᠢᠳᠠᠮᠵᠢ ᠵᠢᠨ ᠦᠨᠡᠮᠯᠠᠯᠢ ᠬᠦᠴᠣᠨ ᠦᠭᠡᠢ ᠪᠤᠯᠭ᠋ᠠᠠᠠᠰᠠᠨ ᠪᠤᠶᠤ ᠬᠦᠴᠣᠨ ᠦᠭᠡᠢ ᠪᠤᠯᠭ᠋ᠠᠠᠠᠰᠠᠨ ᠪᠠᠶ᠋ᠢᠪᠠᠯ᠂ ᠲᠣᠷᠰᠢᠯᠳᠡ ᠵᠢᠨ ᠴᠢᠬ᠎ᠤᠨ ᠭᠠᠵᠡᠷ ᠣᠷᠣᠨ᠎ᠤ ᠣᠷᠣᠨ ᠰᠠᠭᠤᠴᠠ ᠬᠤᠳᠡ ᠬᠦᠳᠡᠭᠡ ᠵᠢᠨ ᠪᠦᠳᠦᠭᠡᠨ ᠪᠠᠶ᠋ᠢᠭᠤᠯᠥᠯᠳᠡ ᠵᠢᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ᠎ᠠᠴᠠ ᠭᠡᠷᠡᠭᠵᠢᠬᠦᠯᠦᠨ᠎ᠠ᠃
ᠭᠤᠷᠪᠠ᠂ ᠠᠵᠤ ᠠᠬᠤᠶ᠋ᠢᠯᠠᠯ᠎ᠤᠨ ᠳᠠᠬᠢᠨ ᠵᠣᠬᠢᠶᠠᠨ ᠪᠠᠶ᠋ᠢᠭᠤᠯᠵᠤ ᠲᠤᠰᠠᠭ᠋ᠠᠷᠯᠠᠬᠤ ᠵᠢᠴᠢ ᠨᠡᠶ᠋ᠢᠯᠡᠭᠦᠯᠬᠦ ᠬᠢᠷᠢ ᠬᠡᠮ᠎ᠢ ᠬᠢᠨᠠᠨ ᠲᠣᠭᠲᠠᠭ᠋ᠠᠬᠤ ᠵᠢ ᠴᠢᠩᠭ᠋ᠠᠳᠬᠠᠨ᠎ᠠ᠃ ᠠᠵᠤ ᠠᠬᠤᠶ᠋ᠢᠯᠠᠯ᠎ᠨᠢ ᠳᠠᠬᠢᠨ ᠵᠣᠬᠢᠶᠠᠨ ᠪᠠᠶ᠋ᠢᠭᠤᠯᠬᠤ ᠲᠤᠰᠠᠭ᠋ᠠᠷ ᠪᠠᠶ᠋ᠢᠭᠤᠯᠬᠤ ᠭᠤᠶᠤᠴᠢᠯᠠᠯ ᠡᠭᠦᠰᠬᠦ᠎ᠠᠴᠠ ᠪᠣᠯᠵᠤ᠂ ᠤᠤᠯ᠎ᠤᠨ ᠠᠵᠤ ᠠᠬᠤᠶ᠋ᠢᠯᠠᠯ ᠪᠣᠯᠤᠨ ᠬᠢᠷᠢ ᠴᠢᠳᠠᠮᠵᠢ ᠵᠢᠨ ᠵᠠᠯᠭ᠋ᠠᠮᠵᠢᠯᠠᠯ ᠠᠵᠤ ᠠᠬᠤᠶ᠋ᠢᠯᠠᠯ᠎ᠳᠤ ᠬᠢᠷᠢ ᠭᠡᠮ᠎ᠤᠨ ᠪᠠᠷᠢᠮᠵᠢᠶ᠎ᠠ ᠶᠣᠰᠣᠭ᠋ᠠᠷ ᠬᠢᠨᠠᠨ ᠰᠢᠯᠭ᠋ᠠᠯᠲᠠ ᠬᠢᠬᠦ ᠬᠡᠷᠡᠭᠲᠡᠶ᠃ ᠠᠵᠤ ᠠᠬᠤᠶ᠋ᠢᠯᠠᠯ᠎ᠨᠢ ᠨᠡᠶ᠋ᠢᠯᠡᠭᠦᠯᠬᠦ ᠭᠤᠶᠤᠴᠢᠯᠠᠬᠤ ᠬᠢᠷᠢ ᠬᠡᠮ᠎ᠢ ᠬᠢᠨᠠᠨ ᠲᠣᠭᠲᠠᠭ᠋ᠠᠬᠤ᠎ᠠᠴᠠ ᠪᠣᠯᠵᠣ ᠠᠵᠤ ᠠᠬᠤᠶ᠋ᠢᠯᠠᠯ᠎ᠤᠨ ᠡᠳ᠋ ᠬᠥᠷᠥᠩᠭᠡ᠂ ᠠᠵᠢᠯᠲᠠᠨ ᠵᠢᠴᠢ ᠬᠠᠮᠢᠶ᠎ᠠ ᠪᠥᠬᠦᠶ ᠬᠠᠤᠯᠢ ᠴᠠᠭ᠋ᠠᠵᠠ ᠵᠢᠨ ᠬᠠᠷᠢᠴᠠᠭ᠎ᠠ ᠵᠡᠷᠭᠡ ᠪᠠᠶ᠋ᠢᠳᠠᠯ᠎ᠳᠤ ᠬᠢᠨᠠᠨ ᠰᠢᠯᠭ᠋ᠠᠯᠲᠠ ᠬᠢᠬᠦ ᠬᠡᠷᠡᠭᠲᠡᠶ᠃
ᠳᠥᠷᠪᠡ᠂ ᠠᠵᠢᠯ᠎ᠤᠨ ᠠᠮᠵᠢᠯᠲᠠ ᠪᠦᠲᠦᠮᠵᠢ ᠵᠢ ᠭᠡᠷᠡᠴᠢᠯᠡᠬᠦ ᠠᠷᠭ᠎ᠠ ᠮᠠᠶᠢᠭ᠎ᠢ ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠠᠴᠠ ᠬᠠᠷᠢᠭᠤᠴᠠᠵᠤ ᠬᠢᠨᠠᠨ ᠵᠥᠪᠰᠢᠶᠡᠷᠡᠬᠦ ᠠᠵᠤ ᠠᠬᠤᠶ᠋ᠢᠯᠠᠯ᠎ᠤᠨ ᠬᠢᠷᠢ ᠭᠡᠮ᠎ᠢ ᠭᠤᠶᠤᠴᠢᠯᠠᠵᠤ᠂ ᠠᠵᠤ ᠠᠬᠤᠶ᠋ᠢᠯᠠᠯ᠎ᠤᠨ ᠠᠮᠵᠢᠯᠲᠠ ᠪᠦᠲᠦᠮᠵᠢ ᠵᠢ ᠪᠦᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ (ᠳᠣᠷᠣᠭᠰᠢ ᠪᠦᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠲᠠᠪᠴᠠᠩ ᠭᠡᠵᠦ ᠲᠣᠪᠴᠢᠯᠠᠨ᠎ᠠ) ᠳᠡᠭᠡᠷ᠎ᠡ ᠬᠢᠷᠢ ᠭᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠬᠤ A ᠲᠠᠰ᠎ᠤᠨ ᠢᠨᠵᠧᠨᠧᠷᠢᠩ᠎ᠤᠨ ᠲᠥᠷᠥᠯ ᠵᠦᠢ᠍ᠯ ᠪᠠᠶ᠋ᠢᠵᠤ᠂ ᠲᠤᠰᠬᠠᠶ ᠮᠡᠷᠭᠡᠵᠢᠯ᠎ᠤᠨ ᠠᠵᠢᠯᠲᠠᠨ᠎ᠤ ᠬᠤᠪᠢ ᠬᠥᠮᠦᠨ᠎ᠤ ᠠᠮᠵᠢᠯᠲᠠ ᠪᠦᠲᠦᠮᠵᠢ ᠵᠢ ᠪᠦᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠲᠠᠪᠴᠠᠩ ᠳᠡᠭᠡᠷ᠎ᠡ ᠬᠢᠷᠢ ᠭᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠵᠤ A ᠲᠠᠰ᠎ᠤᠨ ᠪᠤᠶᠤ B ᠲᠠᠰ᠎ᠤᠨ ᠢᠨᠵᠧᠨᠧᠷᠢᠩ᠎ᠤᠨ ᠲᠥᠷᠥᠯ ᠵᠦᠢ᠍ᠯ ᠪᠠᠶ᠋ᠢᠬᠤ ᠬᠡᠷᠡᠭᠲᠡᠶ᠃ ᠠᠮᠵᠢᠯᠲᠠ ᠪᠦᠲᠦᠮᠵᠢ᠎ᠪᠠᠷ ᠪᠦᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠲᠠᠪᠴᠠᠩ᠎ᠳᠤ ᠣᠷᠣᠭᠤᠯᠤᠭᠰᠠᠨ ᠦᠭᠡᠶ ᠪᠣᠯ᠂ ᠭᠤᠶᠤᠴᠢᠯᠠᠭᠰᠠᠨ ᠠᠵᠤ ᠠᠬᠤᠶ᠋ᠢᠯᠠᠯ᠎ᠨᠢ ᠬᠢᠷᠢ ᠴᠢᠳᠠᠮᠵᠢ᠎ᠪᠠᠨ ᠲᠤᠰᠢᠶᠠᠬᠤ᠎ᠠᠴᠠ ᠡᠮᠦᠨ᠎ᠡ ᠠᠵᠢᠯ᠎ᠤᠨ ᠠᠮᠵᠢᠯᠲᠠ ᠪᠦᠲᠦᠮᠵᠢ ᠵᠢᠨ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠮᠤᠵᠢ ᠵᠢᠨ ᠱᠠᠲᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠵᠢᠯ᠎ᠤᠨ ᠪᠦᠲᠦᠮᠵᠢ ᠵᠢᠨ ᠭᠦᠢ᠍ᠴᠡᠳᠬᠡᠬᠦ ᠲᠣᠭ᠎ᠠ ᠵᠢᠨ ᠦᠨᠡᠨ ᠪᠣᠳᠠᠲᠤ ᠴᠢᠨᠠᠷ᠎ᠢ ᠨᠤᠲᠠᠯᠠᠬᠤ ᠬᠡᠷᠡᠭᠲᠡᠶ᠃ 2024 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠢᠷᠢ ᠬᠡᠮ ᠭᠤᠶᠤᠴᠢᠯᠠᠭᠰᠠᠨ ᠠᠵᠤ ᠠᠬᠤᠶ᠋ᠢᠯᠠᠯ᠎ᠤᠨ ᠠᠮᠵᠢᠯᠲᠠ ᠪᠦᠲᠦᠮᠵᠢ ᠵᠢ ᠪᠥᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠲᠠᠪᠴᠠᠩ᠎ᠳᠤ ᠣᠷᠣᠭᠤᠯᠬᠤ ᠬᠡᠷᠡᠭᠲᠡᠶ᠃ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠰᠠᠯᠠᠭ᠎ᠠ ᠮᠥᠴᠢᠷ᠎ᠠᠴᠠ ᠬᠢᠨᠠᠨ ᠪᠠᠶ᠋ᠢᠴᠠᠭ᠋ᠠᠬᠤ ᠠᠵᠤ ᠠᠬᠤᠶ᠋ᠢᠯᠠᠯ᠎ᠤᠨ ᠬᠢᠷᠢ ᠴᠢᠳᠠᠮᠵᠢ ᠵᠢ ᠬᠠᠮᠵᠢᠯᠴᠠᠨ᠂ ᠬᠠᠮᠢᠶ᠎ᠠ ᠪᠦᠬᠦᠢ ᠠᠮᠵᠢᠯᠲᠠ ᠪᠦᠲᠦᠮᠵᠢ ᠵᠢ ᠬᠣᠯᠪᠣᠭᠳᠠᠯ ᠪᠦᠬᠦᠢ ᠲᠤᠰᠬᠠᠶ ᠮᠡᠷᠭᠡᠵᠢᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠨ ᠨᠤᠲᠠᠯᠠᠬᠤ ᠬᠡᠷᠡᠭᠲᠡᠶ᠃
ᠲᠠᠪᠤ᠂ ᠠᠵᠤ ᠠᠬᠤᠶ᠋ᠢᠯᠠᠯ᠎ᠤᠨ ᠬᠢᠷᠢ ᠴᠢᠳᠠᠮᠵᠢ ᠵᠢ ᠬᠥᠳᠡᠯᠦᠩᠭᠦᠶ᠎ᠪᠠᠷ ᠬᠠᠷᠭᠤᠭᠤᠯᠤᠨ ᠪᠠᠶ᠋ᠢᠴᠠᠭ᠋ᠠᠬᠤᠢ ᠴᠢᠩᠭ᠋ᠠᠷᠠᠭᠤᠯᠤᠨ᠎ᠠ᠃ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠨ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠳᠠᠩᠰᠠᠯᠠᠭᠤᠯᠤᠭᠰᠠᠨ ᠬᠥᠮᠦᠰ ᠵᠡᠷᠭᠡ᠎ᠳᠤ ᠬᠥᠳᠡᠯᠦᠩᠭᠦᠶ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭᠰᠠᠨ ᠮᠡᠳᠡᠭᠡ ᠵᠠᠩᠭᠢ᠎ᠪᠠᠨ ᠴᠠᠭ ᠲᠤᠬᠠᠶ᠎ᠳᠤᠨᠢ ᠢᠯᠡ ᠪᠣᠯᠭ᠋ᠠᠬᠤ ᠬᠡᠷᠡᠭᠲᠡᠶ᠃ ᠬᠠᠷᠭᠤᠭᠤᠯᠤᠨ ᠪᠠᠶ᠋ᠢᠴᠠᠭ᠋ᠠᠬᠤ᠎ᠪᠠᠷ ᠳᠠᠮᠵᠢᠭ᠋ᠠᠳ᠂ ᠠᠵᠤ ᠠᠬᠤᠶ᠋ᠢᠯᠠᠯ ᠬᠢᠷᠢ ᠬᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠭᠰᠠᠨ ᠥᠬᠡᠶ ᠪᠠᠶ᠋ᠢᠪᠠᠯ᠂ ᠪᠥᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠲᠠᠪᠴᠠᠩ ᠳᠡᠭᠡᠷ᠎ᠡ ᠬᠢᠷᠢ ᠬᠡᠮ᠎ᠤᠨ ᠬᠡᠪ᠎ᠤᠨ ᠪᠤᠰᠤ ᠪᠠᠶ᠋ᠢᠳᠠᠯ᠎ᠢ ᠲᠣᠳᠣᠷᠬᠠᠶ᠋ᠢᠯᠠᠬᠤ ᠵᠢᠨ ᠬᠠᠮᠲᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠤᠨ᠎ᠠ᠃ ᠠᠵᠤ ᠠᠬᠤᠶ᠋ᠢᠯᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ᠎ᠤ ᠳᠠᠷᠠᠭ᠎ᠠ ᠬᠢᠷᠢ ᠬᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠭᠰᠠᠨ ᠪᠠᠶ᠋ᠢᠪᠠᠯ᠂ ᠲᠣᠳᠣᠷᠬᠠᠶ᠋ᠢᠯᠠᠯᠲᠠ ᠵᠢ ᠬᠦᠴᠦᠨ ᠥᠬᠡᠶ ᠪᠣᠯᠭ᠋ᠠᠨ᠎ᠠ᠃ ᠲᠤᠳᠤᠷᠬᠠᠶ᠋ᠢᠯᠠᠬᠤ ᠬᠤᠭᠤᠴᠠᠭ᠋ᠠᠨ᠎ᠳᠤ᠂ ᠠᠵᠤ ᠠᠬᠤᠶ᠋ᠢᠯᠠᠯ᠎ᠨᠢ ᠠᠵᠤ ᠠᠬᠤᠶ᠋ᠢᠯᠠᠯ᠎ᠤᠨ ᠬᠢᠷᠢ ᠬᠡᠮ᠎ᠤᠨ ᠵᠥᠪᠰᠢᠶᠡᠷᠡᠯ᠎ᠤᠨ ᠵᠦᠢ᠍ᠯᠡᠰ᠎ᠢ ᠭᠤᠶᠤᠴᠢᠯᠠᠨ ᠠᠪᠴᠤ ᠪᠤᠯᠬᠤ ᠦᠭᠡᠢ᠃
ᠵᠢᠷᠭᠤᠭ᠎ᠠ᠂ ᠢᠨᠵᠧᠨᠧᠷᠢᠩ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠭᠡᠮ᠎ᠤᠨ ᠳᠠᠩᠰᠠᠯᠠᠭᠤᠯᠤᠭᠴᠢ ᠵᠢᠨ ᠬᠢᠨᠠᠨ ᠰᠢᠯᠭ᠋ᠠᠬᠤ ᠱᠠᠭ᠋ᠠᠷᠳᠠᠯᠭ᠎ᠠ ᠵᠢ ᠴᠢᠩᠭ᠋ᠠᠷᠠᠭᠤᠯᠬᠤ ᠬᠡᠷᠡᠭᠲᠡᠶ᠃ ᠪᠠᠷᠢᠯᠭ᠎ᠠ ᠪᠠᠷᠢᠬᠤ ᠵᠢ ᠶᠡᠷᠦᠩᠬᠡᠶ᠋ᠢᠯᠡᠨ ᠳᠠᠭ᠋ᠠᠭ᠋ᠠᠴᠢᠯᠠᠭᠰᠠᠨ ᠨᠢᠭᠡᠳᠦᠭᠡᠷ ᠲᠠᠰ᠎ᠤᠨ ᠬᠢᠷᠢ ᠬᠡᠮ᠂ ᠲᠤᠰᠬᠠᠶ ᠠᠵᠢᠯ᠎ᠤᠨ ᠳᠠᠭ᠋ᠠᠭ᠋ᠠᠴᠢᠯᠠᠯᠲᠠ ᠵᠢᠨ ᠨᠢᠭᠡᠳᠦᠭᠡᠷ ᠲᠠᠰ᠎ᠤᠨ ᠬᠢᠷᠢ ᠴᠢᠳᠠᠮᠵᠢ᠎ᠲᠠᠢ ᠠᠵᠤ ᠠᠬᠤᠶ᠋ᠢᠯᠠᠯ᠎ᠤᠳ 《ᠢᠨᠵᠧᠨᠧᠷᠢᠩ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠪᠠᠷᠢᠮᠵᠢᠶ᠎ᠠ》 (ᠪᠠᠢ᠌ᠭᠤᠯᠤᠯᠲᠠ ᠵᠠᠬ᠎ᠠ [2014] 159 ᠳ᠋ᠦᠭᠡᠷ ᠲᠣᠭ᠋ᠠᠲᠤ)᠎ᠤᠨ ᠱᠠᠭ᠋ᠠᠷᠳᠠᠭᠰᠠᠨ ᠪᠠᠷᠢᠯᠭ᠎ᠠ ᠳᠠᠩᠰᠠᠯᠠᠭᠤᠯᠤᠭᠴᠢ ᠵᠢᠨ ᠲᠤᠭ᠎ᠠ ᠵᠡᠷᠭᠡ ᠭᠦᠢ᠍ᠴᠡᠳᠬᠡᠯ ᠲᠤᠭ᠎ᠠ ᠵᠢᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠃
ᠳᠣᠯᠣᠭ᠎ᠠ᠂ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠬᠢᠷᠢ ᠴᠢᠳᠠᠮᠵᠢ᠎ᠪᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢ᠍ᠯᠡ ᠠᠵᠢᠯᠯᠠᠭ᠎ᠠ ᠣᠷᠣᠰᠢᠵᠤ᠂ ᠢᠨᠵᠧᠨᠧᠷᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠠᠳᠠᠯ ᠭᠠᠷᠤᠭᠰᠠᠨ᠂ ᠲᠠᠷᠢᠶᠠᠴᠢᠨ᠎ᠤ ᠬᠦᠴᠦ ᠶᠠᠪᠤᠭᠰᠠᠳ᠎ᠤᠨ ᠴᠠᠯᠢᠩ᠎ᠢ ᠥᠷᠢᠲᠦᠵᠦ ᠪᠠᠶ᠋ᠢᠭ᠎ᠠ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ᠎ᠠᠴᠠ ᠵᠥᠷᠢᠴᠡᠭᠰᠡᠨ ᠠᠵᠤ ᠠᠬᠤᠶ᠋ᠢᠯᠠᠯ ᠪᠠ ᠠᠵᠢᠯᠯᠠᠭᠰᠠᠳ᠎ᠢ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠯᠬᠠᠭ᠋ᠠᠨ ᠴᠡᠭᠡᠷᠯᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠠᠵᠢᠯ ᠡᠷᠬᠢᠯᠡᠬᠦ ᠵᠢ᠎ᠨᠢ ᠬᠢᠵᠠᠭ᠋ᠠᠷᠯᠠᠬᠤ ᠪᠤᠶᠤ ᠴᠠᠭ᠋ᠠᠵᠠᠯᠠᠬᠤ ᠵᠢᠨ ᠬᠠᠮᠲᠤ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠬᠤ ᠬᠡᠷᠡᠭᠲᠡᠶ᠃ ᠠᠵᠤ ᠠᠬᠤᠶ᠋ᠢᠯᠠᠯ ᠬᠢᠷᠢ ᠬᠡᠮ ᠭᠤᠶᠤᠴᠢᠯᠠᠬᠤ᠎ᠳᠠᠭᠠᠨ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠪᠣᠳᠠᠲᠠᠶ ᠡᠵᠡᠮᠰᠢᠭᠴᠢ᠂ ᠮᠡᠷᠭᠡᠵᠢᠯ᠎ᠤᠨ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂ ᠳᠠᠩᠰᠠᠯᠠᠭᠤᠯᠤᠭᠰᠠᠨ ᠬᠥᠮᠦᠨ ᠵᠡᠷᠭᠡ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠠᠮᠠᠯᠠᠯᠲᠠ ᠬᠢᠬᠦ ᠵᠢᠨ ᠬᠠᠮᠲᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠡᠷᠬᠡ ᠣᠯᠭᠤᠵᠤ ᠨᠡᠶ᠋ᠢᠭᠡᠮ᠎ᠤᠨ ᠪᠠᠲᠤᠯᠠᠭ᠎ᠠ᠂ ᠭᠠᠶ᠋ᠢᠯᠢ ᠲᠤᠰᠢᠶᠠᠬᠤ ᠵᠡᠷᠭᠡ ᠮᠡᠳᠡᠭᠡ ᠵᠠᠩᠭᠢ ᠵᠢ ᠬᠢᠨᠠᠨ ᠪᠠᠶ᠋ᠢᠴᠠᠭ᠋ᠠᠯᠭ᠋ᠠᠬᠤ ᠬᠡᠷᠡᠭᠲᠡᠶ᠃
ᠨᠠᠢ᠍ᠮᠠ᠂ ᠵᠠᠬᠢᠳᠠᠯ ᠵᠶ᠋ᠠᠷ ᠠᠰᠠᠭᠤᠬᠤ ᠳᠦᠷᠢᠮ᠎ᠢ ᠪᠠᠶ᠋ᠢᠭᠤᠯᠬᠤ ᠬᠡᠷᠡᠭᠲᠡᠶ᠃ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠷᠢ ᠬᠡᠮ ᠵᠶ᠋ᠠᠷ ᠭᠤᠶᠤᠴᠢᠯᠠᠨ ᠮᠡᠳᠡᠭᠦᠯᠬᠦ ᠬᠠᠮᠢᠶ᠎ᠠ ᠪᠦᠬᠦᠢ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠭᠰᠡᠨ᠂ ᠮᠡᠳᠡᠭᠦᠯᠬᠦ ᠮᠠᠲ᠋ᠧᠷᠢᠶᠠᠯ ᠵᠡᠷᠭᠡ ᠠᠰᠠᠭᠤᠳᠠᠯ᠎ᠢ ᠠᠵᠤ ᠠᠬᠤᠶ᠋ᠢᠯᠠᠯ᠎ᠳᠤ ᠵᠠᠬᠢᠳᠠᠯ ᠵᠶ᠋ᠠᠷ ᠠᠰᠠᠭᠤᠵᠤ ᠪᠣᠯᠣᠨ᠎ᠠ᠂ ᠵᠠᠬᠢᠳᠠᠯ ᠵᠶ᠋ᠠᠷ ᠠᠰᠠᠭᠤᠭᠳᠠᠭᠰᠠᠨ ᠠᠵᠤ ᠠᠬᠤᠶ᠋ᠢᠯᠠᠯ᠎ᠨᠢ ᠬᠤᠯᠪᠣᠭᠳᠠᠯ ᠪᠦᠬᠦᠢ ᠠᠰᠠᠭᠤᠳᠠᠯ᠎ᠳᠤ ᠦᠨᠡᠨ ᠪᠣᠳᠠᠲᠠᠢ᠎ᠪᠠᠷ ᠲᠣᠳᠣᠷᠬᠠᠶ᠋ᠢᠯᠠᠯᠲᠠ ᠬᠢᠬᠦ ᠬᠡᠷᠡᠭᠲᠡᠢ᠃ ᠵᠠᠬᠢᠳᠠᠯ ᠵᠶ᠋ᠠᠷ ᠠᠰᠠᠭᠤᠬᠤ᠎ᠪᠠᠷ ᠳᠠᠮᠵᠢᠭ᠋ᠠᠳ᠂ ᠠᠵᠤ ᠠᠬᠤᠶ᠋ᠢᠯᠠᠯ᠎ᠨᠢ ᠬᠢᠷᠢ ᠬᠡᠮ᠎ᠤᠨ ᠭᠤᠶᠤᠴᠢᠯᠠᠯ ᠳᠤᠮᠳᠠ ᠲᠠᠭᠯᠠᠨ ᠮᠡᠳᠡᠭᠦᠯᠦᠭᠰᠡᠨ ᠠᠭᠤᠯᠭ᠎ᠠ᠎ᠨᠢ ᠦᠨᠡᠨ ᠪᠣᠳᠠᠲᠠᠶ ᠪᠢᠰᠢ ᠭᠡᠳᠡᠭ ᠵᠶ᠋ᠠᠨ ᠵᠥᠪᠰᠢᠶᠡᠷᠡᠵᠦ᠂ ᠵᠥᠪᠰᠢᠶᠡᠷᠡᠯ ᠦᠭᠡᠢ᠎ᠪᠠᠷ ᠰᠢᠢ᠍ᠳᠪᠦᠷᠢᠯᠡᠵᠦ ᠳᠠᠭᠤᠰᠬᠠᠬᠤ ᠬᠡᠷᠡᠭᠲᠡᠢ᠃
ᠶᠢᠰᠦ᠂ ᠲᠠᠪᠴᠠᠩ᠎ᠤᠨ ᠲᠤᠭ᠎ᠠ ᠪᠠᠷᠢᠮᠲᠠ ᠵᠢᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠦᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠲᠠᠪᠴᠠᠩ᠎ᠤᠨ ᠲᠤᠭ᠎ᠠ ᠪᠠᠷᠢᠮᠲᠠ ᠵᠢ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠲᠠᠪᠴᠠᠩ᠎ᠤᠨ ᠲᠤᠭ᠎ᠠ ᠪᠠᠷᠢᠮᠲᠠ ᠵᠢ ᠪᠢᠴᠢᠵᠦ ᠣᠷᠣᠭᠤᠯᠬᠤ ᠵᠢ ᠬᠢᠨᠠᠨ ᠬᠠᠷᠭᠤᠭᠤᠯᠬᠤ ᠠᠵᠢᠯᠲᠠᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠲᠥᠷᠥᠯ ᠵᠦᠢ᠍ᠯ ᠪᠠ ᠠᠵᠢᠯᠲᠠᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ᠎ᠪᠠᠨ ᠴᠢᠩᠭ᠋ᠠᠳᠬᠠᠬᠤ ᠬᠡᠷᠡᠭᠲᠡᠢ᠃ ᠪᠦᠬᠦ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠲᠠᠪᠴᠠᠩ᠎ᠤᠨ ᠲᠥᠷᠥᠯ ᠵᠦᠢ᠍ᠯ᠎ᠤᠨ ᠮᠡᠳᠡᠭᠡ ᠵᠠᠩᠭᠢ ᠵᠢᠨ ᠲᠤᠭ᠎ᠠ ᠪᠠᠷᠢᠮᠲᠠ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠪᠤᠶᠤ ᠬᠠᠰᠤᠵᠤ ᠪᠣᠯᠬᠤ ᠦᠭᠡᠢ᠂ ᠲᠤᠭ᠎ᠠ ᠪᠠᠷᠢᠮᠲᠠ ᠵᠢᠨ ᠬᠤᠪᠢᠷᠠᠯᠲᠠ ᠵᠢᠨ ᠲᠡᠮᠳᠡᠭᠯᠡᠯ᠎ᠢ ᠡᠭᠦᠷᠢᠳᠡ ᠬᠠᠳᠠᠭ᠋ᠠᠯᠠᠵᠤ ᠪᠣᠯᠬᠤ ᠦᠭᠡᠢ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠲᠤᠬᠠᠶ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠬᠤ᠂ ᠠᠯᠤᠰ ᠰᠡᠷᠡᠯ᠎ᠤᠨ ᠳᠠᠭ᠋ᠠᠭᠤᠯᠢ ᠣᠳᠣᠨ᠎ᠤ ᠬᠢᠨᠠᠨ ᠬᠡᠮᠵᠢᠯᠲᠡ ᠬᠢᠬᠦ ᠵᠡᠷᠭᠡ ᠠᠷᠭ᠎ᠠ ᠮᠠᠶᠢᠭ ᠵᠶ᠋ᠠᠷ ᠲᠥᠷᠥᠯ ᠵᠦᠢ᠍ᠯ᠎ᠤᠨ ᠮᠡᠳᠡᠭᠡ ᠵᠠᠩᠭᠢ ᠵᠢ ᠰᠤᠭᠤᠴᠢᠨ ᠪᠠᠶ᠋ᠢᠴᠠᠭ᠋ᠠᠵᠤ ᠳᠠᠬᠢᠨ ᠬᠢᠨᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠵᠢ ᠰᠢᠢ᠍ᠳᠪᠦᠷᠢᠯᠡᠬᠦ ᠵᠢ ᠴᠢᠩᠭ᠋ᠠᠷᠠᠭᠤᠯᠬᠤ ᠵᠢᠨ ᠬᠠᠮᠲᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠ᠂ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠵᠤ ᠠᠬᠤᠶ᠋ᠢᠯᠠᠯ᠎ᠤᠨ ᠬᠢᠷᠢ ᠴᠢᠳᠠᠮᠵᠢ ᠵᠢ ᠬᠢᠨᠠᠨ ᠵᠥᠪᠰᠢᠶᠡᠷᠡᠬᠦ ᠡᠷᠬᠡ ᠵᠢᠨ ᠠᠵᠢᠯᠯᠠᠭ᠎ᠠ ᠪᠣᠯᠣᠨ ᠬᠢᠵᠠᠭ᠋ᠠᠷᠯᠠᠵᠤ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠴᠢᠩᠭ᠋ᠠᠯᠠᠨ ᠪᠠᠢ᠌ᠴᠠᠭ᠋ᠠᠵᠤ᠂ ᠬᠢᠨᠠᠨ ᠵᠥᠪᠰᠢᠶᠡᠷᠡᠬᠦ ᠠᠵᠢᠯᠲᠠᠨ᠂ ᠬᠢᠷᠢ ᠴᠢᠳᠠᠮᠵᠢ ᠵᠢ ᠬᠢᠨᠠᠨ ᠪᠠᠶ᠋ᠢᠴᠠᠭ᠋ᠠᠬᠤ ᠲᠤᠰᠬᠠᠶ ᠮᠡᠷᠭᠡᠵᠢᠯᠲᠡᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠠᠵᠤ ᠠᠬᠤᠶ᠋ᠢᠯᠠᠯ᠎ᠤᠨ ᠬᠢᠷᠢ ᠬᠡᠮ᠎ᠢ ᠤᠶᠤᠨᠴᠢᠯᠠᠨ ᠬᠢᠨᠠᠨ ᠵᠥᠪᠰᠢᠶᠡᠷᠡᠬᠦ ᠵᠢ ᠠᠬᠢᠭᠤᠯᠵᠤ᠂ ᠬᠢᠨᠠᠨ ᠵᠥᠪᠰᠢᠶᠡᠷᠡᠬᠦ ᠠᠵᠢᠯ᠎ᠤᠨ ᠪᠥᠬᠦ ᠶᠠᠪᠤᠴᠠ᠎ᠳᠤ ᠣᠷᠣᠮ ᠦᠯᠡᠳᠡᠭᠡᠬᠦ ᠵᠢ ᠪᠡᠶᠡᠯᠡᠭᠦᠯᠦᠨ᠂ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠬᠠᠤᠯᠢ ᠰᠠᠬᠢᠯᠭ᠎ᠠ᠎ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠵᠢ ᠦᠨᠡᠨᠬᠦ ᠰᠡᠷᠭᠡᠶ᠋ᠢᠯᠡᠨ᠎ᠡ᠃
ᠲᠣᠰ ᠮᠡᠳᠡᠭᠳᠡᠯ᠎ᠢ 2023 ᠣᠨ᠎ᠤ 9 ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠢ ᠳᠠᠬᠢᠨ ᠵᠣᠬᠢᠶᠠᠨ ᠪᠠᠶ᠋ᠢᠭᠤᠯᠬᠤ᠂ ᠨᠡᠶ᠋ᠢᠯᠡᠭᠦᠯᠬᠦ᠂ ᠰᠠᠯᠭ᠋ᠠᠵᠤ ᠪᠠᠶ᠋ᠢᠭᠤᠯᠬᠤ ᠵᠡᠷᠭᠡ ᠪᠠᠶ᠋ᠢᠳᠠᠯ᠎ᠤᠨ ᠬᠢᠷᠢ ᠬᠡᠮ᠎ᠢ ᠬᠠᠷᠭᠤᠭᠤᠯᠤᠨ ᠲᠣᠭᠲᠠᠭ᠋ᠠᠬᠤ ᠬᠤᠯᠪᠣᠭᠳᠠᠯ ᠪᠥᠬᠦᠶ ᠠᠰᠠᠭᠤᠳᠠᠯ ᠭᠠᠷᠤᠭᠰᠠᠨ ᠲᠤᠬᠠᠶ ᠣᠷᠣᠨ ᠰᠠᠭᠤᠴᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠮᠡᠳᠡᠭᠳᠡᠯ》 (ᠪᠠᠢ᠌ᠭᠤᠯᠤᠯᠲᠠ ᠵᠠᠬ᠎ᠠ [2014] 79 ᠳ᠋ᠦ᠍ᠭᠡᠷ ᠲᠣᠭ᠋ᠠᠲᠤ)᠂ 《ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠡᠷᠬᠡ ᠮᠡᠳᠡᠯ᠎ᠤᠨ ᠬᠡᠪᠴᠢᠶ᠎ᠡ ᠵᠢ ᠳᠣᠷᠣᠭᠰᠢ ᠪᠠᠭᠤᠯᠭ᠋ᠠᠬᠤ ᠲᠤᠷᠰᠢᠯᠲᠠ ᠵᠢᠨ ᠴᠡᠭ᠎ᠢ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭᠤᠯᠤᠯᠲᠠ ᠠᠯᠪᠠᠨ ᠵᠠᠬ᠎ᠠ ᠵᠠᠬᠢᠳᠠᠯ [2020] 654 ᠳ᠋ᠦ᠍ᠭᠡᠷ ᠲᠣᠭ᠋ᠠᠲᠤ) ᠪᠠ 《ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠡᠷᠬᠡ ᠮᠡᠳᠡᠯ᠎ᠤᠨ ᠬᠡᠪᠴᠢᠶ᠎ᠡ ᠵᠢ ᠳᠣᠷᠣᠭᠰᠢ ᠪᠠᠭᠤᠯᠭ᠋ᠠᠬᠤ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭᠤᠯᠤᠯᠲᠠ ᠠᠯᠪᠠᠨ ᠵᠠᠬ᠎ᠠ ᠵᠠᠬᠢᠳᠠᠯ [2021] 93 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠥᠬᠡᠶ ᠪᠣᠯᠭ᠋ᠠᠨ᠎ᠠ᠃ 《ᠢᠨᠵᠧᠨᠧᠷᠢᠩ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠪᠠᠷᠢᠮᠵᠢᠶ᠎ᠠ ᠵᠢᠨ ᠬᠡᠰᠡᠭ ᠭᠦᠢ᠍ᠴᠡᠳᠬᠡᠯ ᠲᠤᠭ᠎ᠠ ᠵᠢ ᠳᠥᠭᠦᠮᠴᠢᠯᠡᠬᠦ ᠲᠤᠬᠠᠶ ᠣᠷᠣᠨ ᠰᠠᠭᠤᠴᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠮᠡᠳᠡᠭᠳᠡᠯ》 (ᠪᠠᠶ᠋ᠢᠭᠤᠯᠤᠯᠲᠠ ᠵᠠᠬ᠎ᠠ [2016] 226 ᠳ᠋ᠤᠭ᠋ᠠᠷ ᠲᠣᠭ᠋ᠠᠲᠤ)᠂ 《ᠢᠨᠵᠧᠨᠧᠷᠢᠩ᠎ᠤᠨ ᠦᠢ᠍ᠯᠡᠰ᠎ᠤᠨ 〈ᠦᠨᠡᠮᠯᠡᠯ ᠪᠠ ᠭᠡᠷᠡᠴᠢ ᠵᠢ ᠰᠠᠯᠭ᠋ᠠᠬᠤ〉 ᠥᠭᠡᠷᠡᠴᠢᠯᠡᠯᠲᠡ ᠵᠢ ᠵᠣᠯᠭ᠋ᠠᠭᠤᠯᠬᠤ ᠬᠤᠯᠪᠣᠭᠳᠠᠯ ᠪᠥᠬᠦᠶ ᠠᠵᠢᠯ᠎ᠢ ᠰᠠᠶ᠋ᠢᠲᠤᠷ ᠬᠢᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭᠤᠯᠤᠯᠲᠠ ᠠᠯᠪᠠᠨ ᠵᠠᠬ᠎ᠠ [2021] 30 ᠳ᠋ᠤᠭ᠋ᠠᠷ ᠲᠣᠭ᠋ᠠᠲᠤ) ᠲᠣᠰ ᠮᠡᠳᠡᠭᠳᠡᠯ᠎ᠤᠨ ᠲᠣᠭᠲᠠᠭ᠋ᠠᠯ᠎ᠯᠤᠭ᠎ᠠ ᠨᠢᠭᠡᠳᠦᠯ ᠥᠬᠡᠶ ᠪᠠᠶ᠋ᠢᠪᠠᠯ᠂ ᠲᠣᠰ ᠮᠡᠳᠡᠭᠳᠡᠯ ᠵᠶ᠋ᠠᠷ ᠪᠠᠷᠢᠮᠵᠢᠶ᠎ᠠ ᠪᠣᠯᠭ᠋ᠠᠨ᠎ᠠ᠃
ᠭᠦᠢ᠍ᠴᠡᠳᠬᠡᠬᠦ ᠳᠤᠮᠳᠠᠬᠢ ᠪᠠᠶ᠋ᠢᠳᠠᠯ ᠪᠠ ᠠᠰᠠᠭᠤᠳᠠᠯ᠎ᠢ ᠴᠠᠭ ᠲᠤᠬᠠᠶ᠎ᠳᠤᠨᠢ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠳᠤ ᠬᠠᠷᠢᠭᠤ ᠲᠤᠰᠬᠠᠬᠤ ᠬᠡᠷᠡᠭᠲᠡᠶ᠃
ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠍ᠭᠤᠯᠤᠯᠲᠠ ᠵᠢᠨ ᠶᠠᠮᠤᠨ
2023 ᠣᠨ᠎ᠤ 9 ᠳ᠋ᠦ᠍ᠭᠡᠷ ᠰᠠᠷ᠎ᠠ ᠵᠢᠨ 6᠎ᠤ ᠡᠳᠦᠷ