ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠰᠢᠯᠵᠢᠯᠲᠡ ᠵᠢᠨ ᠬᠤᠭᠤᠴᠠᠭ᠎ᠠ ᠵᠢ ᠦᠷᠭᠦᠯᠵᠢᠯᠡᠨ ᠤᠷᠲᠤᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠮᠡᠳᠡᠭᠳᠡᠯ
2024-12-31

         ᠥᠪᠥᠷ ᠪᠠᠶ᠋ᠢᠭᠤᠯᠤᠯᠲᠠ  ᠵᠠᠰᠠᠭ ᠵᠠᠬᠢᠳᠠᠯ [ 2024] 517 ᠳ᠋ᠤᠭ᠋ᠠᠷ ᠲᠣᠭ᠋ᠠᠲᠤ

 

ᠡᠯ᠎ᠡ ᠠᠢ᠌ᠮᠠᠭ ᠬᠣᠲᠠ (ᠮᠠᠨᠵᠤᠤᠷ ᠬᠣᠲᠠ᠂ ᠡᠷᠢᠶᠡᠨ ᠬᠣᠲᠠ) ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠣᠯᠪᠣᠭᠳᠠᠯ ᠪᠦᠬᠦᠢ ᠠᠵᠤ ᠠᠬᠤᠢ᠌ᠯᠠᠯ᠄

     ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠬᠠᠮᠢᠶ᠎ᠠ ᠪᠦᠬᠦᠢ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ  ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ  ᠬᠡᠮᠵᠢᠬᠦ  ᠠᠵᠢᠯ ᠲᠥᠷᠥᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠦᠷᠭᠦᠯᠵᠢᠯᠡᠨ ᠠᠬᠢᠭᠤᠯᠬᠤ ᠵᠢᠨ ᠲᠥᠯᠥᠭᠡ᠂  ᠣᠶ᠋ᠢᠷ᠎ᠠ ᠵᠢᠨ ᠬᠤᠭᠤᠴᠠᠭ᠋ᠠᠨ᠎ᠤ ᠮᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ  ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ  ᠬᠡᠮᠵᠢᠬᠦ  ᠪᠠᠶ᠋ᠢᠭᠤᠯᠤᠮᠵᠢ ᠵᠢᠨ ᠬᠢᠷᠢ ᠬᠡᠮ᠎ᠢ ᠳᠠᠬᠢᠨ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠲᠠᠢ ᠤᠶᠠᠯᠳᠤᠭᠤᠯᠤᠨ᠂  ᠮᠠᠨ᠎ᠤ ᠲᠢᠩᠬᠢᠮ᠎ᠠᠴᠠ ᠮᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ  ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠰᠢᠯᠵᠢᠯᠲᠡ ᠵᠢᠨ ᠬᠤᠭᠤᠴᠠᠭ᠎ᠠ ᠵᠢ 2025 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠦᠷᠭᠦᠯᠵᠢᠯᠡᠨ ᠤᠷᠳᠤᠳᠬᠠᠬᠤ᠎ᠪᠠᠷ ᠲᠣᠭᠲᠠᠭ᠋ᠠᠵᠤ᠂  ᠰᠢᠯᠵᠢᠯᠲᠡ ᠵᠢᠨ ᠬᠤᠭᠤᠴᠠᠭ᠋ᠠᠨ᠎ᠳᠤ᠂ ᠮᠠᠨ᠎ᠤ ᠲᠢᠩᠬᠢᠮ᠎ᠤᠨ ᠬᠢᠨᠠᠨ ᠣᠯᠭᠤᠭᠰᠠᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ  ᠬᠡᠮ᠎ᠤᠨ ᠦᠨᠡᠮᠯᠡᠯ᠎ᠤᠨ ᠬᠤᠭᠤᠴᠠᠭ᠎ᠠ᠎ᠨᠢ ᠲᠤᠯᠪᠠᠯ᠂ ᠬᠢᠷᠢ ᠬᠡᠮ᠎ᠤᠨ ᠦᠨᠡᠮᠯᠡᠯ᠎ᠢ 2025 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠨᠢᠭᠡᠳᠦᠯᠲᠡᠶ ᠤᠷᠲᠤᠳᠬᠠᠵᠤ᠂ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠠᠪᠴᠠᠩ᠎ᠳᠤ ᠠᠶᠠᠨᠳᠠᠭ᠋ᠠᠨ ᠬᠤᠶ᠋ᠢᠰᠢᠯᠠᠵᠤ᠂ ᠤᠤᠯ᠎ᠤᠨ ᠬᠢᠷᠢ ᠬᠡᠮ᠎ᠤᠨ ᠦᠨᠡᠮᠯᠡᠯ ᠦᠷᠭᠦᠯᠵᠢᠯᠡᠨ ᠬᠦᠴᠦᠨ᠎ᠲᠠᠢ ᠃

     ᠪᠦᠲᠦᠭᠡᠨ ᠪᠠᠢ᠌ᠭᠤᠯᠤᠯᠲᠠ ᠵᠢᠨ  ᠢᠨᠵᠧᠨᠧᠷᠢᠩ᠎ᠤᠨ  ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ  ᠪᠠᠶ᠋ᠢᠭᠤᠯᠤᠮᠵᠢ ᠵᠢᠨ ᠬᠢᠷᠢ ᠬᠡᠮ᠎ᠢ ᠳᠠᠬᠢᠨ ᠬᠢᠨᠠᠨ ᠲᠣᠭᠲᠠᠭ᠋ᠠᠬᠤ ᠠᠵᠢᠯ᠎ᠢ 2025 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠬᠤᠶ᠋ᠢᠰᠢᠯᠠᠭᠤᠯᠵᠤ᠂ ᠬᠠᠭᠤᠴᠢᠨ ᠪᠠᠷᠢᠮᠵᠢᠶ᠎ᠠ ᠶᠣᠰᠣᠭ᠋ᠠᠷ ᠪᠦᠲᠦᠭᠡᠨ ᠪᠠᠶ᠋ᠢᠭᠤᠯᠤᠯᠲᠠ ᠵᠢᠨ  ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ  ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠣᠯᠤᠭᠰᠠᠨ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ᠎ᠨᠢ 2025 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭ᠋ᠠᠷ ᠳᠠᠬᠢᠨ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠵᠤ᠂ ᠰᠢᠨ᠎ᠡ᠎ᠪᠠᠷ ᠬᠢᠨᠠᠨ ᠲᠣᠭᠲᠠᠭ᠋ᠠᠭᠰᠠᠨ ᠪᠥᠲᠥᠭᠡᠨ ᠪᠠᠶ᠋ᠢᠭᠤᠯᠤᠯᠲᠠ ᠵᠢᠨ  ᠢᠨᠵᠧᠨᠧᠷᠢᠩ᠎ᠤᠨ  ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢ ᠬᠤᠭᠤᠴᠠᠭ᠎ᠠ ᠬᠡᠲᠦᠷᠡᠲᠡᠯ᠎ᠡ ᠭᠦᠢ᠍ᠴᠡᠳᠬᠡᠭᠰᠡᠨ ᠥᠬᠡᠶ ᠪᠠᠶ᠋ᠢᠵᠤ᠂ ᠤᠤᠯ᠎ᠤᠨ ᠬᠢᠷᠢ ᠬᠡᠮ᠎ᠤᠨ ᠦᠨᠡᠮᠯᠡᠯ᠎ᠢ ᠬᠦᠴᠦᠨ ᠥᠬᠡᠶ ᠪᠣᠯᠭ᠋ᠠᠨ᠎ᠠ᠃ ᠰᠢᠨ᠎ᠡ᠎ᠪᠠᠷ ᠬᠢᠨᠠᠨ ᠲᠣᠭᠲᠠᠭ᠋ᠠᠬᠤ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠎ᠢ ᠮᠥᠨ ᠬᠦ᠌ 《ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠳᠠᠬᠢᠨ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠮᠡᠳᠡᠭᠳᠡᠯ》 (  ᠥᠪᠥᠷ ᠪᠠᠶ᠋ᠢᠭᠤᠯᠤᠯᠲᠠ  ᠵᠠᠰᠠᠭ ᠵᠠᠬᠢᠳᠠᠯ [ 2024] 62  ᠳ᠋ᠤᠭ᠋ᠠᠷ ᠲᠣᠭ᠋ᠠᠲᠤ)᠎ᠤᠨ ᠶᠣᠰᠣᠭ᠋ᠠᠷ ᠬᠡᠷᠡᠭᠵᠢᠭᠦᠯᠦᠨ᠎ᠡ᠃


                                2024 ᠣᠨ᠎ᠤ 12 ᠳ᠋ᠤᠭ᠋ᠠᠷ ᠰᠠᠷ᠎ᠠ ᠵᠢᠨ 26᠎ᠤ ᠡᠳᠦᠷ


 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ