《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶ᠋ᠢᠨ ᠭᠡᠷ ᠪᠠᠢᠱᠢᠩ ᠬᠣᠲᠠ᠎ᠶ᠋ᠢᠨ ᠵᠠᠰᠠᠭ᠎ᠤᠨ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠶᠤᠯ ᠦᠭᠡᠶ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》  ᠲᠠᠷᠬᠠᠭᠠᠬᠤ               
2025-11-20

ᠡᠯ᠎ᠡ ᠠᠢᠮᠠᠭ ᠬᠤᠲᠠ᠎ᠶᠢᠨ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠂ ᠬᠥᠬᠡᠬᠤᠲᠠ᠂ ᠪᠤᠭᠤᠲᠤ ᠬᠤᠲᠠ᠎ᠶᠢᠨ ᠬᠤᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠠᠢᠮᠠᠭ ᠬᠤᠲᠠ᠎ᠶᠢᠨ ᠭᠠᠯ ᠰᠡᠷᠭᠡᠢᠯᠡᠬᠦ ᠠᠮᠤᠷ ᠲᠦᠪᠰᠢᠨ᠎ᠤ ᠵᠥᠪᠯᠡᠯ᠎ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠬᠦ ᠠᠮᠤᠷ ᠲᠦᠪᠰᠢᠨ᠎ᠤ ᠵᠥᠪᠯᠡᠯ᠎ᠤᠨ ᠬᠣᠯᠪᠣᠭᠳᠠᠯ ᠪᠦᠬᠦᠢ ᠪᠦᠷᠢᠯᠳᠦᠭᠦᠨ ᠨᠢᠭᠡᠴᠢ᠎ᠳᠤ᠄

ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶ᠋ᠢᠨ ᠭᠡᠷ ᠪᠠᠢᠱᠢᠩ ᠬᠣᠲᠠ᠎ᠶ᠋ᠢᠨ ᠵᠠᠰᠠᠭ᠎ᠤᠨ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠶᠤᠯ ᠦᠭᠡᠶ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》᠎ᠶᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭᠠᠢ ᠲᠤᠭᠤᠱᠢᠯᠠᠭᠤᠯᠤᠨ ᠬᠡᠷᠡᠭᠵᠢᠭᠦᠯᠲᠦᠭᠡᠢ᠃

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ        

ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠬᠦ ᠠᠮᠤᠷ ᠲᠦᠪᠰᠢᠨ᠎ᠤ ᠵᠥᠪᠯᠡᠯ᠎ᠤᠨ ᠠᠯᠪᠠᠨ ᠭᠡᠷ

2025 ᠣᠨ᠎ᠤ 9 ᠳ᠋ᠦ᠍ᠭᠡᠷ ᠰᠠᠷ᠎ᠠ᠎ᠶ᠋ᠢᠨ 5 ᠎ᠦ ᠡᠳᠦᠷ

 


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶ᠋ᠢᠨ ᠭᠡᠷ ᠪᠠᠢᠱᠢᠩ ᠬᠣᠲᠠ᠎ᠶ᠋ᠢᠨ ᠵᠠᠰᠠᠭ᠎ᠤᠨ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠶᠤᠯ ᠦᠭᠡᠶ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ


        ᠨᠢᠭᠡᠳᠦᠭᠡᠷ ᠪᠦᠯᠦᠭ  ᠶᠡᠷᠦᠩᠬᠡᠢ ᠳᠦᠷᠢᠮ

ᠨᠢᠭᠡᠳᠦᠭᠡᠷ ᠵᠤᠷᠪᠤᠰ   ᠬᠤᠲᠠ᠎ᠶ᠋ᠢᠨ ᠭᠡᠷ ᠪᠠᠢᠱᠢᠩ᠎ᠤᠨ ᠪᠠᠷᠢᠯᠭ᠎ᠠ ᠪᠠ ᠬᠤᠲᠠ᠎ᠶ᠋ᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ᠎ᠶ᠋ᠢᠨ ᠬᠢᠵᠠᠭᠠᠷᠯᠠᠭ᠍ᠰᠠᠨ ᠲᠤᠭ᠎ᠠ᠎ᠠᠴᠠ ᠲᠤᠷᠤᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ ( ᠳᠣᠷᠣᠭ᠍ᠰᠢ 《ᠬᠢᠵᠠᠭᠠᠷᠯᠠᠭ᠍ᠰᠠᠨ ᠲᠤᠭ᠎ᠠ᠎ᠠᠴᠠ ᠲᠤᠷᠤᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ 》ᠭᠡᠵᠦ᠍ ᠲᠣᠪᠴᠢᠯᠠᠨ᠎ᠠ )᠎ᠦᠨ ᠠᠶᠤᠯ ᠦᠭᠡᠢ ᠦᠢᠯᠡᠳᠪᠦᠷᠢᠯᠡᠯ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ᠎ᠶ᠋ᠢᠨ ᠲᠤᠰᠠᠳᠠ᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ 》᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠯᠭ᠎ᠠ᠎ᠶ᠋ᠢᠨ ᠬᠠᠤᠯᠢ 》᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭᠠᠬᠤ ᠬᠠᠤᠯᠢ 》᠂ 《ᠪᠦᠲᠦᠭᠡᠨ ᠪᠠᠢᠭᠤᠯᠤᠯᠲᠠ᠎ᠶ᠋ᠢᠨ ᠢᠨᠵᠸᠨ᠋ᠸᠷᠢᠩ᠎ᠦᠨ ᠠᠶᠤᠯ ᠦᠭᠡᠢ ᠦᠢᠯᠡᠳᠪᠦᠷᠢᠯᠡᠯ᠎ᠤᠨ ᠬᠠᠮᠢᠶᠠᠷᠤᠯᠲᠠ᠎ᠶ᠋ᠢᠨ ᠳᠦᠷᠢᠮ 》᠂ 《ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ   ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ 》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯ ᠦᠭᠡᠢ ᠦᠢᠯᠡᠳᠪᠦᠷᠢᠯᠡᠯ᠎ᠤᠨ ᠲᠦᠷᠢᠮ 》᠂ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠤᠨᠲᠠᠷᠠᠭᠠᠬᠤ ᠲᠦᠷᠢᠮ 》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢᠨ ᠬᠤᠪᠢᠶᠠᠷᠢᠯᠠᠯ 》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ   ᠲᠤᠬᠠᠢᠯᠠᠭ᠍ᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ   ᠦᠢᠯᠡᠳᠪᠦᠷᠢᠯᠡᠯ ᠡᠵᠡᠩᠨᠡᠯᠲᠡ᠎ᠶ᠋ᠢ ᠬᠠᠮᠢᠶᠠᠷᠬᠤ᠎ᠳᠤ ᠡᠷᠬᠡᠪᠰᠢ ᠠᠮᠤᠷ ᠲᠦᠪᠱᠢᠨ᠎ᠢ ᠬᠠᠮᠢᠶᠠᠷᠬᠤ 〉 ᠲᠣᠭ᠍ᠲᠠᠭᠠᠯ᠎ᠤᠳ 》 ᠂ 《ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭ᠌ᠵᠢᠭᠦᠯᠬᠦ᠌ ᠰᠠᠨᠠᠯ 》 ᠵᠡᠷᠭᠡ᠎ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠣᠰ ᠠᠷᠭ᠎ᠠ᠎ᠶ᠋ᠢ ᠲᠣᠭ᠍ᠲᠠᠭᠠᠪᠠ᠃

ᠬᠣᠶᠠᠳᠤᠭᠠᠷ ᠵᠤᠷᠪᠤᠰ   ᠲᠤᠰ ᠠᠷᠭ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠬᠣᠲᠠ ( ᠬᠣᠱᠢᠭᠤ ᠱᠢᠶᠠᠨ ᠂ ᠬᠣᠲᠠ ᠂ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠠᠭᠤᠭ᠎ᠠ ᠭᠠᠵᠠᠷ ᠪᠠᠭ᠍ᠲᠠᠨ᠎ᠠ ) ᠎ᠶ᠋ᠢᠨ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠪᠠᠢᠭᠤᠯᠵᠤ ᠪᠠᠢᠭ᠎ᠠ ᠭᠠᠵᠠᠷ᠎ᠤᠨ ᠠᠶᠤᠯ ᠦᠭᠡᠶ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠠᠵᠢᠯ᠎ᠳᠤ ᠲᠣᠬᠢᠷᠠᠨ᠎ᠠ᠃ ᠠᠢᠯ ᠲᠣᠰᠭᠣᠨ᠂ ᠴᠤᠭ᠍ᠯᠠᠭ᠎ᠠ ᠪᠠᠯᠭᠠᠰᠤ᠎ᠶ᠋ᠢᠨ ᠲᠥᠯᠥᠪᠵᠢᠭᠦᠯᠭᠡ᠎ᠶ᠋ᠢᠨ ᠣᠷᠣᠨ᠎ᠤ ᠳᠣᠲᠣᠷ᠎ᠠ ᠰᠠᠭᠤᠭᠠᠯᠢ ᠠᠷᠠᠳ᠎ᠤᠨ ᠣᠷᠣᠨ ᠰᠠᠭᠤᠴᠠ᠂ ᠰᠤᠮᠤ ᠱᠢᠶᠠᠩ ᠪᠠᠯᠭᠠᠰᠤ ᠪᠠ ᠭᠠᠴᠠᠭ᠎ᠠ ᠲᠣᠰᠭᠣᠨ᠎ᠤ ᠠᠵᠤ ᠠᠬᠤᠢᠯᠠᠯ᠂ ᠰᠤᠮᠤ ᠱᠢᠶᠠᠩ ᠪᠠᠯᠭᠠᠰᠤ ᠪᠠ ᠭᠠᠴᠠᠭ᠎ᠠ ᠲᠣᠰᠭᠣᠨ᠎ᠤ ᠣᠯᠠᠨ ᠨᠡᠢᠲᠡ᠎ᠶ᠋ᠢᠨ ᠲᠥᠬᠥᠭᠡᠷᠦᠮᠵᠢ ᠵᠢᠴᠢ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ ᠵᠡᠷᠭᠡ᠎ᠶ᠋ᠢ ᠪᠦᠲᠦᠭᠡᠨ ᠪᠠᠢᠭᠤᠯᠬᠤ ᠠᠵᠢᠯᠯᠠᠭ᠎ᠠ᠎ᠶ᠋ᠢ ᠪᠠᠭ᠍ᠲᠠᠭᠠᠬᠤ ᠦᠭᠡᠶ᠃ ᠭᠡᠪᠡᠴᠦ᠍᠂ ᠤᠯᠤᠰ᠎ᠠᠴᠠ ᠬᠠᠮᠲᠤ᠎ᠶ᠋ᠢᠨ ᠥᠮᠴᠢᠯᠡᠯ᠎ᠦᠨ ᠭᠠᠵᠠᠷ ᠱᠢᠷᠣᠢ᠎ᠶ᠋ᠢ ᠲᠠᠲᠠᠪᠤᠷᠢᠯᠠᠨ ᠪᠦᠲᠦᠭᠡᠨ ᠪᠠᠢᠭᠤᠯᠤᠯᠲᠠ ᠬᠢᠯᠭᠡᠭ᠌ᠰᠡᠨ᠎ᠢ ᠡᠭᠦᠨ᠎ᠳᠦ ᠪᠠᠭ᠍ᠲᠠᠭᠠᠬᠤ ᠦᠭᠡᠢ᠃

ᠭᠤᠷᠪᠠᠳᠤᠭᠠᠷ ᠵᠤᠷᠪᠤᠰ   ᠲᠤᠰ ᠠᠷᠭ᠎ᠠ᠎ᠳᠤ ᠬᠡᠯᠡᠵᠦ᠍ ᠪᠠᠢᠭ᠎ᠠ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ ᠭᠡᠳᠡᠭ ᠨᠢ ᠲᠣᠭ᠍ᠲᠠᠭᠠᠯ ᠶᠣᠰᠣᠭᠠᠷ ᠪᠠᠷᠢᠯᠭ᠎ᠠ ᠪᠠᠷᠢᠬᠤ ᠵᠥᠪᠱᠢᠶᠡᠷᠡᠯ᠎ᠦᠨ ᠭᠠᠷᠳᠠᠮ ᠭᠦᠢᠴᠡᠳᠭᠡᠬᠦ᠌ ᠴᠢᠬᠤᠯᠠ ᠦᠭᠡᠶ ᠭᠡᠷ ᠪᠠᠢᠱᠢᠩ᠎ᠤᠨ ᠪᠠᠷᠢᠯᠭ᠎ᠠ ᠪᠠ ᠬᠣᠲᠠ᠎ᠶ᠋ᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ᠎ᠶ᠋ᠢᠨ ᠪᠠᠷᠢᠯᠭ᠎ᠠ᠎ᠶ᠋ᠢ ᠱᠢᠨ᠎ᠡ᠎ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ᠂ ᠥᠷᠭᠡᠳᠭᠡᠨ ᠪᠠᠢᠭᠤᠯᠬᠤ ᠪᠠ ᠨᠤᠷᠠᠭᠠᠬᠤ ᠬᠣᠯᠪᠣᠭ᠍ᠳᠠᠯ ᠪᠦᠬᠦᠢ ᠠᠵᠢᠯᠯᠠᠭ᠎ᠠ᠎ᠶ᠋ᠢ ᠵᠢᠭᠠᠵᠤ ᠪᠤᠶ᠂ ᠲᠤᠬᠠᠢᠯᠠᠪᠠᠯ ᠢᠨᠵᠸᠨ᠋ᠸᠷᠢᠩ᠎ᠦᠨ ᠪᠡᠯᠡ ᠣᠷᠣᠭᠤᠯᠤᠯᠲᠠ᠎ᠶ᠋ᠢᠨ ᠲᠣᠭ᠎ᠠ ᠨᠢ 100 ᠲᠦᠮᠡᠨ ᠲᠥᠭᠥᠷᠢᠭ᠎ᠡᠴᠡ ᠳᠣᠷᠣᠭ᠍ᠰᠢᠬᠢ ᠪᠤᠶᠤ ᠪᠠᠷᠢᠯᠭ᠎ᠠ᠎ᠶ᠋ᠢᠨ ᠲᠠᠯᠠᠪᠠᠶ ᠨᠢ 500 ᠲᠡᠭ᠌ᠰᠢ ᠳᠥᠷᠪᠡᠯᠵᠢᠨ ᠮᠧᠲ᠋ᠷ᠎ᠡᠴᠡ ᠳᠣᠷᠣᠭ᠍ᠰᠢᠬᠢ ᠭᠡᠷ ᠪᠠᠢᠱᠢᠩ᠎ᠤᠨ ᠪᠠᠷᠢᠯᠭ᠎ᠠ ᠪᠠ ᠬᠣᠲᠠ᠎ᠶ᠋ᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ᠎ᠶ᠋ᠢᠨ ᠢᠨᠵᠸᠨ᠋ᠸᠷᠢᠩ ( ᠳᠠᠭᠠᠯᠲᠠ ᠲᠥᠬᠥᠭᠡᠷᠦᠮᠵᠢ᠎ᠶ᠋ᠢ ᠪᠠᠢᠭᠤᠯᠤᠨ ᠴᠣᠭ᠍ᠴᠠᠯᠠᠬᠤ ᠪᠠ ᠢᠵᠢ ᠪᠦᠷᠢᠳᠦᠭᠦᠯᠬᠦ᠌ ᠵᠠᠮ ᠱᠤᠭᠤᠮ᠂ ᠬᠣᠭᠣᠯᠠᠶ᠂ ᠲᠥᠬᠥᠭᠡᠷᠦᠮᠵᠢ᠎ᠶ᠋ᠢ ᠤᠭ᠍ᠰᠠᠷᠠᠬᠤ ᠪᠠᠭ᠍ᠲᠠᠨ᠎ᠠ )᠎ᠢ ᠵᠢᠭᠠᠵᠤ ᠪᠤᠶ᠃

ᠣᠯᠥᠰ᠎ᠤᠨ ᠪᠠᠢᠭᠤᠯᠭ᠎ᠠ᠂ ᠠᠵᠢᠯ ᠦᠢᠯᠡᠰ᠎ᠤᠨ ᠨᠢᠭᠡᠴᠢ᠂ ᠣᠯᠥᠰ᠎ᠤᠨ ᠦᠮᠴᠢᠯᠠᠯᠳᠦ ᠠᠵᠦ᠍ ᠠᠬᠤᠢᠯᠠᠯ᠎ᠨᠢ ᠪᠦᠳᠦᠭᠡᠨ ᠪᠠᠢᠭᠤᠯᠬᠤ ᠨᠢᠭᠡᠴᠢ᠎ᠶ᠋ᠢᠨ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠭᠡᠯᠪᠡᠷᠢ᠎ᠶ᠋ᠢᠨ ᠢᠨᠵᠸᠨ᠋ᠸᠷᠢᠩ᠎ᠳᠤ ᠣᠯᠥᠰ᠎ᠤᠨ ᠪᠠᠢᠭᠤᠯᠭ᠎ᠠ᠂ ᠠᠵᠢᠯ ᠦᠢᠯᠡᠰ᠎ᠤᠨ ᠨᠢᠭᠡᠴᠢ᠂ ᠣᠯᠥᠰ᠎ᠤᠨ ᠦᠮᠴᠢᠯᠠᠯᠳᠦ ᠠᠵᠦ᠍ ᠠᠬᠤᠢᠯᠠᠯ᠎ᠨᠢ ᠠᠶᠤᠯ ᠦᠭᠡᠢ ᠦᠢᠯᠡᠳᠪᠦᠷᠢᠯᠡᠯ᠎ᠤᠨ ᠨᠢᠭᠡᠳᠦᠯᠳᠡᠢ ᠵᠤᠬᠢᠴᠠᠭᠤᠯᠥᠨ ᠬᠠᠮᠢᠶᠡᠷᠬᠤ ᠡᠬᠦᠷᠭᠡ ᠬᠠᠷᠢᠭᠤᠴᠠᠯᠭ᠎ᠠ᠎ᠪᠠᠨ ᠬᠠᠦᠯᠢ ᠶᠣᠰᠣᠭᠠᠷ ᠥᠪᠡᠰᠦᠪᠡᠨ ᠬᠦᠢᠴᠡᠳᠭᠡᠨ᠎ᠠ;ᠣᠷᠣᠨ ᠰᠠᠭᠤᠴᠠ᠎ᠶ᠋ᠢᠨ ᠭᠡᠷ ᠳᠣᠳᠣᠷᠡᠬᠢ ᠵᠠᠰᠠᠵᠤ ᠴᠢᠮᠡᠭ᠌ᠯᠡᠬᠦ᠌ ᠬᠠᠮᠢᠶᠡᠷᠦᠯᠳᠡ᠎ᠳᠤ ᠣᠯᠥᠰ᠎ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠭᠡᠷᠡᠭ᠌ᠵᠢᠬᠦᠯᠥᠨ᠎ᠠ᠂ ᠪᠦᠷ ᠲᠣᠰ ᠠᠷᠭ᠎ᠠ ᠭᠡᠷᠡᠭ᠌ᠯᠡᠭ᠌ᠳᠡᠬᠦ᠌ ᠦᠭᠡᠢ᠃

ᠳᠥᠷᠪᠡᠳᠦᠭᠡᠷ ᠵᠤᠷᠪᠤᠰ   ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠤᠨ ᠠᠶᠤᠯ ᠥᠬᠡᠶ ᠦᠢᠯᠡᠳᠪᠦᠷᠢᠯᠡᠯ᠎ᠤᠨ ᠬᠠᠮᠢᠶᠠᠷᠤᠯᠲᠠ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ ᠠᠢᠮᠠᠭ ᠬᠤᠲᠠ᠎ᠶ᠋ᠢᠨ ᠨᠢᠭᠡᠳᠦᠯᠲᠡᠶ ᠲᠥᠯᠥᠪᠯᠡᠬᠦ᠂ ᠬᠠᠷᠢᠶ᠎ᠠ ᠭᠠᠵᠠᠷ᠎ᠲᠤ ᠨᠢ ᠬᠠᠷᠢᠭᠤᠴᠠᠬᠤ᠂ ᠱᠢᠨᠵᠢᠯᠡᠬᠦ᠌ ᠤᠬᠠᠭᠠᠨᠴᠢ᠎ᠪᠠᠷ ᠬᠠᠮᠢᠶᠠᠷᠤᠨ ᠡᠵᠡᠮᠳᠡᠬᠦ᠂ ᠠᠮᠤᠷ ᠲᠦᠪᠱᠢᠨ ᠡᠮᠬᠢ ᠵᠢᠷᠤᠮ᠎ᠲᠠᠢ ᠪᠠᠢᠬᠤ ᠠᠵᠢᠯ᠎ᠤᠨ ᠵᠠᠷᠴᠢᠮ᠎ᠢ ᠪᠠᠷᠢᠮᠲᠠᠯᠠᠨ᠂ 《 ᠪᠠᠯᠭᠠᠰᠤ ᠵᠡᠭᠡᠯᠢ ᠭᠤᠳᠤᠮᠵᠢ᠎ᠪᠠᠷ ᠱᠦᠭ᠌ᠯᠦ ᠦᠯᠢᠶᠡᠵᠦ᠍᠂ ᠰᠠᠯᠠᠭ᠎ᠠ ᠮᠥᠴᠢᠷ ᠨᠡᠷ᠎ᠡ᠎ᠪᠠᠨ ᠮᠡᠳᠡᠭᠦᠯᠬᠦ᠌ 》 ᠠᠵᠢᠯ᠎ᠤᠨ ᠲᠣᠭ᠍ᠲᠠᠴᠠ ᠶᠣᠰᠣᠭᠠᠷ᠂ ᠬᠠᠷᠢᠶ᠎ᠠ ᠭᠠᠵᠠᠷ ᠬᠢᠭᠡᠳ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠵᠣᠬᠢᠴᠠᠯᠳᠤᠨ ᠬᠤᠯᠪᠣᠭᠠᠯᠠᠨ ᠬᠥᠳᠡᠯᠦᠯᠴᠡᠵᠦ᠍᠂ ᠰᠠᠯᠠᠭ᠎ᠠ ᠮᠥᠴᠢᠷ᠎ᠢᠶᠠᠷ ᠭᠤᠤᠯ ᠬᠠᠷᠢᠭᠤᠴᠠᠵᠤ᠂ ᠪᠠᠯᠭᠠᠰᠤ ᠵᠡᠭᠡᠯᠢ᠎ᠪᠠᠷ ᠬᠠᠪᠰᠤᠷᠤᠮᠵᠢ ᠪᠣᠯᠭᠠᠵᠤ᠂ ᠲᠥᠪ ᠪᠠᠯᠭᠠᠰᠤ᠂ ᠵᠡᠭᠡᠯᠢ ᠭᠤᠳᠤᠮᠵᠢ ᠵᠡᠷᠭᠡ᠎ᠶ᠋ᠢᠨ ᠡᠮᠦᠨ᠎ᠡ ᠬᠠᠷᠠᠭᠤᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠪᠠᠯᠠᠶ ᠣᠷᠣᠨ ᠥᠬᠡᠶ ᠬᠠᠮᠢᠶᠠᠷᠤᠨ ᠡᠵᠡᠮᠳᠡᠬᠦ᠌᠎ᠶ᠋ᠢ ᠬᠡᠷᠡᠭ᠌ᠵᠢᠭᠦᠯᠦᠨ᠎ᠡ᠃

《 ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ   ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ 》᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠵᠠᠰᠠᠬᠤ᠎ᠶ᠋ᠢ ᠪᠣᠳᠠᠲᠠᠢᠵᠢᠭᠤᠯᠤᠨ᠎ᠠ᠃ ᠠᠢᠮᠠᠭ ᠬᠣᠲᠠ ᠪᠠ ᠬᠣᠱᠢᠭᠤ ᠱᠢᠶᠠᠨ ( ᠬᠣᠲᠠ᠂ ᠲᠣᠭᠣᠷᠢᠭ ) ᠬᠣᠶᠠᠷ ᠱᠠᠲᠤ ᠨᠢ ᠦᠨᠳᠦᠰᠦᠨ ᠱᠠᠲᠤᠨ᠎ᠤ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠵᠠᠰᠠᠬᠤ ᠲᠤᠬᠠᠢᠯᠠᠭ᠍ᠰᠠᠨ ᠠᠵᠢᠯ ᠪᠠ ᠮᠡᠷᠭᠡᠵᠢᠯ᠎ᠦᠨ ᠵᠢᠯᠣᠭᠣᠳᠤᠯᠭ᠎ᠠ᠎ᠪᠠᠨ ᠴᠢᠩᠭᠠᠳᠭᠠᠨ᠂ ᠳᠥᠭᠥᠮ ᠪᠥᠭᠡᠳ ᠬᠡᠷᠡᠭ᠌ᠯᠡᠬᠦ᠌᠎ᠳᠦ ᠬᠢᠯᠪᠠᠷ ᠲᠦᠭ᠌ᠰᠢᠭᠦᠷᠢ᠎ᠶ᠋ᠢᠨ ᠳᠠᠯᠳᠠ ᠭᠡᠮ᠎ᠦᠨ ᠮᠡᠳᠡᠭᠡ ᠵᠠᠩᠭᠢ᠎ᠶ᠋ᠢ ᠮᠡᠳᠡᠭᠦᠯᠦᠨ ᠬᠦᠷᠭᠡᠬᠦ᠌ ᠱᠢᠰᠲ᠋ᠧᠮ᠎ᠢ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠶ᠃ ᠱᠢᠶᠠᠩ ᠪᠠᠯᠭᠠᠰᠤ ( ᠵᠡᠭᠡᠯᠢ ᠭᠤᠳᠤᠮᠵᠢ ) ᠪᠠ ᠲᠣᠰᠭᠤᠨ ( ᠨᠡᠢᠭᠡᠮ ᠲᠣᠭᠤᠷᠢᠭ ) ᠬᠠᠮᠵᠢᠯᠴᠠᠨ ᠭᠤᠤᠯᠳᠠᠯᠭ᠎ᠠ᠎ᠲᠠᠢ ᠪᠠᠢᠴᠠᠭᠠᠯᠲᠠ ᠬᠢᠵᠦ᠍᠂ ᠡᠳᠦᠷ ᠲᠤᠲᠤᠮ᠎ᠤᠨ ᠲᠣᠭᠤᠷᠢᠨ ᠪᠠᠢᠴᠠᠭᠠᠯᠲᠠ᠎ᠶ᠋ᠢ ᠰᠠᠢᠲᠤᠷ ᠬᠢᠵᠦ᠍᠂ ᠦᠢᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ᠎ᠶ᠋ᠢᠨ ᠰᠠᠨᠠᠭᠠᠴᠢᠯᠠᠭ᠎ᠠ᠎ᠠᠴᠠ᠎ᠪᠠᠨ ᠥᠪᠡᠰᠦᠪᠡᠨ ᠪᠠᠢᠴᠠᠭᠠᠬᠤ ᠵᠡᠷᠭᠡ ᠲᠦᠷᠢᠮ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠰᠡᠷᠭᠡᠢᠯᠡᠬᠦ᠌ ᠭᠤᠤᠯᠳᠠᠯᠭ᠎ᠠ᠎ᠶ᠋ᠢ ᠳᠣᠪᠤᠢᠯᠭᠠᠨ᠂ ᠦᠨᠳᠦᠰᠦᠨ ᠱᠠᠲᠤᠨ᠎ᠤ ᠦᠵᠦᠭᠦᠷ᠎ᠢ ᠴᠢᠩᠭ᠎ᠠ ᠠᠩᠬᠠᠷᠴᠤ᠌᠂ ᠪᠠᠢᠭᠤᠯᠵᠤ ᠪᠠᠢᠭ᠎ᠠ ᠪᠠᠷᠢᠯᠭ᠎ᠠ᠎ᠶ᠋ᠢᠨ ᠭᠠᠵᠠᠷ᠎ᠤᠨ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ ᠠᠵᠢᠯ᠎ᠢ ᠥᠷᠨᠢᠭᠦᠯᠵᠦ᠍᠂ ᠵᠢᠭ᠍ᠰᠠᠭᠠᠨ ᠪᠠᠢᠴᠠᠭᠠᠬᠤ ᠲᠤᠰᠭᠠᠶ ᠮᠡᠷᠭᠡᠵᠢᠯ᠎ᠤᠨ ᠴᠢᠨᠠᠷ᠎ᠢ ᠳᠡᠭᠡᠭ᠌ᠰᠢᠯᠡᠭᠦᠯᠦᠨ᠎ᠡ᠃

ᠲᠠᠪᠤᠳᠤᠭᠠᠷ ᠵᠤᠷᠪᠤᠰ   ᠶᠠᠮᠠᠷᠪᠠ ᠨᠢᠭᠡᠴᠢ ᠪᠤᠶᠤ ᠬᠤᠪᠢ ᠬᠥᠮᠦᠨ ᠴᠥᠮ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠳᠤᠮᠳᠠ ᠣᠷᠣᠱᠢᠵᠤ ᠪᠠᠢᠭ᠎ᠠ ᠠᠮᠤᠷ ᠲᠦᠪᠱᠢᠨ᠎ᠦ ᠳᠠᠯᠳᠠ ᠭᠡᠮ ᠪᠠ ᠠᠶᠤᠯ ᠦᠭᠡᠶ ᠦᠢᠯᠡᠳᠪᠦᠷᠢᠯᠡᠯ᠎ᠦᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ᠎ᠶ᠋ᠢ ᠢᠯᠡᠴᠢᠯᠡᠬᠦ᠂ ᠵᠠᠭᠠᠯᠳᠤᠯᠭ᠎ᠠ ᠬᠢᠬᠦ᠌᠂ ᠵᠠᠭᠠᠯᠳᠤᠬᠤ ᠡᠷᠬᠡ᠎ᠲᠡᠶ᠃

ᠬᠣᠶᠠᠳᠤᠭᠠᠷ ᠪᠦᠯᠦᠭ  ᠪᠦᠲᠦᠭᠡᠨ ᠪᠠᠶ᠋ᠢᠭᠤᠯᠤᠯᠲᠠ᠂ ᠪᠠᠷᠢᠯᠭ᠎ᠠ ᠪᠠᠷᠢᠬᠤ ᠨᠢᠭᠡᠴᠢ᠎ᠶᠢᠨ ᠠᠶᠤᠯ ᠦᠭᠡᠶ ᠦᠢᠯᠡᠳᠪᠦᠷᠢᠯᠡᠯ᠎ᠤᠨ ᠬᠠᠮᠢᠶᠠᠷᠤᠯᠲᠠ

ᠵᠢᠷᠭᠤᠳᠤᠭᠠᠷ ᠵᠣᠷᠪᠤᠰ  ᠬᠢᠵᠠᠭᠠᠷᠯᠠᠭᠰᠠᠨ ᠲᠣᠭ᠎ᠠ᠎ᠠᠴᠠ ᠳᠣᠷᠣᠭ᠍ᠰᠢ ᠵᠢᠵᠢᠭ ᠬᠡᠯᠪᠡᠷᠢ᠎ᠶᠢᠨ ᠢᠨᠵᠸᠨ᠋ᠸᠷᠢᠩ᠎ᠦᠨ ᠪᠦᠲᠦᠭᠡᠨ ᠪᠠᠢᠭᠤᠯᠤᠯᠲᠠ᠎ᠶᠢᠨ ᠨᠢᠭᠡᠴᠢ (ᠥᠮᠴᠢᠲᠡᠨ ) ᠭᠡᠳᠡᠭ᠎ᠨᠢ ᠪᠡᠯᠡ ᠣᠷᠣᠭᠤᠯᠵᠤ ᠬᠢᠵᠠᠭᠠᠷᠯᠠᠭᠰᠠᠨ ᠲᠣᠭ᠎ᠠ᠎ᠠᠴᠠ ᠳᠣᠷᠣᠭ᠍ᠰᠢ ᠵᠢᠵᠢᠭ ᠬᠡᠯᠪᠡᠷᠢ᠎ᠶᠢᠨ ᠢᠨᠵᠸᠨ᠋ᠸᠷᠢᠩ᠎ᠦᠨ ᠪᠦᠲᠦᠭᠡᠨ ᠪᠠᠢᠭᠤᠯᠤᠯᠲᠠ ᠬᠢᠬᠦ ᠨᠢᠭᠡᠴᠢ ᠪᠤᠶᠤ ᠬᠤᠪᠢ ᠬᠥᠮᠦᠨ᠎ᠢ ᠵᠢᠭᠠᠵᠤ ᠪᠤᠶ ᠃ ᠪᠦᠲᠦᠭᠡᠨ ᠪᠠᠢᠭᠤᠯᠤᠯᠲᠠ᠎ᠶᠢᠨ ᠨᠢᠭᠡᠴᠢ (ᠥᠮᠴᠢᠲᠡᠨ ) ᠳᠣᠤᠷᠠᠬᠢ ᠮᠡᠲᠦ ᠠᠶᠤᠯ ᠦᠭᠡᠶ ᠦᠢᠯᠡᠳᠪᠦᠷᠢᠯᠡᠯ᠎ᠤᠨ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ ᠄

(ᠨᠢᠭᠡ ) ᠪᠠᠷᠢᠯᠭ᠎ᠠ ᠪᠠᠷᠢᠬᠤ ᠨᠢᠭᠡᠴᠢ᠎ᠯᠦ᠍ᠭᠡ ᠬᠠᠤᠯᠢ ᠶᠣᠰᠣᠭᠠᠷ ᠪᠢᠴᠢᠭ᠎ᠤᠨ ᠭᠡᠷ᠎ᠡ ᠲᠣᠭᠲᠠᠵᠤ᠂ ᠬᠤᠶᠠᠷ ᠲᠠᠯ᠎ᠠ᠎ᠶᠢᠨ ᠠᠶᠤᠯ ᠦᠭᠡᠢ ᠦᠢᠯᠡᠳᠪᠦᠷᠢᠯᠡᠯ᠎ᠤᠨ ᠡᠷᠬᠡ ᠡᠭᠦᠷᠭᠡ ᠪᠣᠯᠤᠨ ᠬᠠᠷᠢᠭᠤᠴᠠᠯᠭ᠎ᠠ᠎ᠶᠢ ᠲᠣᠳᠣᠷᠬᠠᠶ᠋ᠢᠯᠠᠨ᠎ᠠ᠂ ᠭᠡᠪᠡᠴᠦ ᠳᠠᠭᠠᠭᠠᠴᠢᠯᠠᠯᠲᠠ᠎ᠪᠠᠷ ᠬᠠᠮᠢᠶᠠᠷᠤᠯᠲᠠ᠎ᠶᠢ ᠣᠷᠣᠯᠠᠭᠤᠯᠬᠤ᠂ ᠨᠥᠭᠦᠭᠡ ᠡᠲᠡᠭᠡᠳ᠎ᠢᠶᠠᠨ ᠠᠯᠪᠠᠳᠠᠨ ᠮᠠᠭᠤ ᠰᠠᠨᠠᠭᠠᠲᠤ ᠳᠣᠣᠷ᠎ᠠ ᠦᠨ᠎ᠡ᠂ ᠭᠡᠨᠡᠨ ᠠᠵᠢᠯ᠎ᠢ ᠬᠦᠯᠢᠶᠡᠯᠭᠡᠬᠦ ᠵᠡᠷᠭᠡ ᠠᠭᠤᠯᠭ᠎ᠠ᠎ᠶᠢ ᠲᠣᠭᠲᠠᠭᠠᠵᠤ ᠪᠣᠯᠬᠤ ᠦᠭᠡᠢ ;

(ᠬᠤᠶᠠᠷ ) ᠠᠶᠤᠯ ᠦᠭᠡᠶ ᠦᠢᠯᠡᠳᠪᠦᠷᠢᠯᠡᠯ᠎ᠤᠨ ᠨᠢᠭᠡᠳᠦᠯᠲᠡᠶ ᠵᠣᠬᠢᠴᠠᠭᠤᠯᠬᠤ᠂ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠵᠦ᠂ ᠪᠠᠷᠢᠯᠭ᠎ᠠ᠎ᠶᠢᠨ ᠪᠦᠲᠦᠴᠡ ᠪᠠ ᠠᠶᠤᠯ ᠦᠭᠡᠶ᠎ᠶᠢ ᠨᠥᠯᠥᠭᠡᠯᠡᠬᠦ ᠦᠢᠯᠡ ᠠᠵᠢᠯᠯᠠᠭ᠎ᠠ ᠬᠢᠬᠦ᠎ᠶᠢ ᠴᠠᠭᠠᠵᠠᠯᠠᠨ᠎ᠠ ᠃ ᠪᠠᠷᠢᠯᠭ᠎ᠠ ᠪᠠᠷᠢᠬᠤ ᠨᠢᠭᠡᠴᠢ᠎ᠶᠢᠨ ᠬᠠᠤᠯᠢ ᠶᠣᠰᠣᠭᠠᠷ ᠪᠠᠷᠢᠯᠭ᠎ᠠ ᠪᠠᠷᠢᠬᠤ᠎ᠶᠢ ᠰᠢᠪᠠᠳᠠᠵᠤ᠂ ᠲᠣᠭᠤᠷᠢᠨ ᠪᠠᠶ᠋ᠢᠴᠠᠭᠠᠬᠤ ᠡᠷᠴᠢᠮ᠎ᠢᠶᠠᠨ ᠴᠢᠩᠭᠠᠷᠠᠭᠤᠯᠤᠨ᠂ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠭ᠎ᠠ ᠪᠤᠶᠤ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠣᠯᠵᠤ ᠮᠡᠳᠡᠪᠡᠯ᠂ ᠳᠠᠷᠦ᠋ᠢᠬᠠᠨ ᠬᠤᠷᠢᠭ᠍ᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭᠠᠳ ᠠᠶᠤᠯ ᠦᠭᠡᠢ ᠦᠢᠯᠡᠳᠪᠦᠷᠢᠯᠡᠯ᠎ᠢ ᠪᠠᠲᠤᠯᠠᠨ᠎ᠠ ;

(ᠭᠤᠷᠪᠠ ) ᠬᠢᠵᠠᠭᠠᠷᠯᠠᠭᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶᠢᠨ ᠢᠨᠵᠸᠨ᠋ᠸᠷᠢᠩ ᠪᠠᠷᠢᠯᠭ᠎ᠠ ᠡᠬᠢᠯᠡᠬᠦ᠎ᠠᠴᠠ ᠡᠮᠦᠨ᠎ᠡ ᠲᠥᠷᠥᠯ ᠵᠦᠢᠯ᠎ᠤᠨ ᠪᠠᠶ᠋ᠢᠭ᠎ᠠ ᠭᠠᠵᠠᠷ᠎ᠤᠨ ᠲᠣᠳᠣᠷᠬᠠᠶ ᠠᠷᠭ᠎ᠠ ᠮᠠᠶᠢᠭ᠋᠎ᠢᠶᠠᠷ ᠮᠡᠳᠡᠭᠡ ᠵᠠᠩᠭᠢ᠎ᠶᠢᠨ ᠳᠠᠩᠰᠠᠯᠠᠯ ᠬᠢᠵᠦ᠂ ᠠᠶᠤᠯ ᠦᠭᠡᠢ ᠦᠢᠯᠡᠳᠪᠦᠷᠢᠯᠡᠯ᠎ᠤᠨ ᠵᠢᠯᠣᠭᠤᠳᠣᠯᠭ᠎ᠠ᠎ᠶᠢ ᠬᠦᠯᠢᠶᠡᠨ᠎ᠡ ;

(ᠳᠥᠷᠪᠡ ) ᠮᠡᠳᠡᠭᠡ ᠵᠠᠩᠭᠢ᠎ᠶᠢ ᠳᠠᠩᠰᠠᠯᠠᠬᠤ᠂ ᠠᠮᠤᠷ ᠲᠦᠪᠰᠢᠨ᠎ᠤ ᠠᠶᠤᠯ ᠲᠦᠭᠰᠢᠭᠦᠷᠢ᠎ᠶᠢ ᠮᠡᠳᠡᠭᠳᠡᠬᠦ ᠪᠢᠴᠢᠭ᠂ ᠠᠶᠤᠯ ᠦᠭᠡᠢ ᠦᠢᠯᠡᠳᠪᠦᠷᠢᠯᠡᠯ᠎ᠤᠨ ᠠᠮᠠᠯᠠᠯᠲᠠ᠎ᠶᠢᠨ ᠪᠢᠴᠢᠭ᠂ 《ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ᠎ᠲᠤ ᠭᠠᠯ ᠨᠣᠴᠣᠭᠠᠨ ᠠᠵᠢᠯᠯᠠᠬᠤ ᠠᠮᠤᠷ ᠲᠦᠪᠰᠢᠨ᠎ᠤ ᠬᠠᠮᠢᠶᠠᠷᠤᠯᠲᠠ᠎ᠶᠢ ᠴᠢᠩᠭᠠᠳᠬᠠᠬᠤ ᠲᠤᠬᠠᠶ ᠵᠠᠷᠯᠠᠯ》᠎ᠢ ᠬᠢᠵᠠᠭᠠᠷᠯᠠᠭᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶᠢᠨ ᠢᠨᠵᠸᠨ᠋ᠸᠷᠢᠩ᠎ᠤᠨ ᠪᠠᠶ᠋ᠢᠭ᠎ᠠ ᠭᠠᠵᠠᠷ᠎ᠤᠨ ᠢᠯᠡ ᠭᠠᠵᠠᠷ (ᠡᠯ᠎ᠡ ᠲᠠᠯᠠᠪᠤᠷ ᠭᠠᠵᠠᠷ᠎ᠤᠨ ᠣᠷᠣᠵᠣ᠌ ᠭᠠᠷᠬᠤ ᠡᠭᠦᠳᠡ᠂ ᠴᠠᠬᠢᠯᠭᠠᠨ ᠱᠠᠲᠤ᠎ᠶᠢᠨ ᠲᠠᠰᠤᠯᠭ᠎ᠠ᠂ ᠭᠠᠯ ᠨᠣᠴᠣᠭᠠᠨ ᠠᠵᠢᠯᠯᠠᠬᠤ ᠣᠷᠣᠨ ᠪᠦᠰᠡ᠎ᠶᠢᠨ ᠢᠯᠡ ᠭᠠᠵᠠᠷ᠎ᠲᠤ ᠨᠠᠭᠠᠨ᠎ᠠ )᠎ᠲᠤ ᠨᠠᠭᠠᠵᠤ᠂ ᠥᠷᠭᠡᠨ᠎ᠢᠶᠠᠷ ᠬᠠᠮᠤᠷᠬᠤ᠎ᠶᠢ ᠦᠨᠡᠨ ᠬᠦ᠌ ᠪᠠᠲᠤᠯᠠᠨ᠎ᠠ ᠃ ᠨᠡᠶ᠋ᠢᠭᠡᠮ᠎ᠤᠨ ᠬᠢᠨᠠᠯᠲᠠ᠎ᠶᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠪᠠᠶ᠋ᠢᠴᠠᠭᠠᠯᠲᠠ᠎ᠶᠢ ᠬᠠᠮᠵᠢᠯᠴᠠᠨ᠎ᠠ ;

(ᠲᠠᠪᠤ) ᠪᠦᠲᠦᠭᠡᠨ ᠪᠠᠶ᠋ᠢᠭᠤᠯᠤᠯᠲᠠ᠎ᠶᠢᠨ ᠨᠢᠭᠡᠴᠢ (ᠥᠮᠴᠢᠲᠡᠨ) ᠬᠢᠨᠠᠨ ᠬᠠᠮᠢᠶᠠᠷᠬᠤ ᠨᠢᠭᠡᠴᠢ᠎ᠳᠤ ᠬᠢᠵᠠᠭᠠᠷᠯᠠᠭᠰᠠᠨ ᠲᠤᠭ᠎ᠠ᠎ᠠᠴᠠ ᠲᠤᠷᠤᠭ᠍ᠰᠢᠬᠢ ᠵᠢᠵᠢᠭ ᠬᠡᠯᠪᠡᠷᠢ᠎ᠶᠢᠨ ᠢᠨᠵᠸᠨ᠋ᠸᠷᠢᠩ᠎ᠳᠦ ᠢᠨᠵᠧᠨᠧᠷᠢᠩ᠎ᠤᠨ ᠬᠢᠨᠠᠨ ᠬᠠᠮᠢᠶᠠᠷᠤᠯᠲᠠ ᠬᠡᠷᠡᠭᠵᠢᠭᠦᠯᠬᠦ᠎ᠶᠢ ᠨᠠᠢᠳᠠᠬᠤ᠎ᠶᠢ ᠵᠣᠷᠢᠭ᠍ᠵᠢᠭᠤᠯᠤᠨ᠎ᠠ ;

(ᠵᠢᠷᠭᠤᠭ᠎ᠠ ) ᠪᠠᠷᠢᠯᠭ᠎ᠠ᠎ᠶᠢᠨ ᠠᠵᠤ ᠠᠬᠤᠶ᠋ᠢᠯᠠᠯ᠎ᠳᠤ ᠪᠠᠷᠢᠯᠭ᠎ᠠ᠎ᠶᠢᠨ ᠲᠤᠬᠠᠢ᠎ᠶᠢᠨ ᠲᠠᠯᠠᠪᠠᠢ᠎ᠲᠠᠢ ᠬᠠᠮᠢᠶ᠎ᠠ ᠪᠦᠬᠦᠢ ᠭᠠᠵᠠᠷ ᠳᠣᠣᠷᠠᠬᠢ ᠬᠣᠭᠣᠯᠠᠢ ᠭᠤᠤᠷᠰᠤ᠎ᠶᠢᠨ ᠱᠤᠭᠤᠮ᠎ᠤᠨ ᠮᠠᠲᠧᠷᠢᠶᠠᠯ᠎ᠢ ᠬᠠᠩᠭᠠᠨ᠎ᠠ ᠃ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠴᠢᠬᠤᠯᠠ᠎ᠲᠠᠢ ᠪᠣᠯ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠨ᠎ᠡ ᠃

ᠳᠣᠯᠣᠳᠤᠭᠠᠷ ᠵᠣᠷᠪᠤᠰ  ᠪᠠᠷᠢᠯᠭ᠎ᠠ ᠪᠠᠷᠢᠬᠤ ᠨᠢᠭᠡᠴᠢ᠎ᠨᠢ ᠬᠢᠵᠠᠭᠠᠷᠯᠠᠭᠰᠠᠨ ᠲᠣᠭ᠎ᠠ᠎ᠠᠴᠠ ᠳᠣᠷᠣᠭ᠍ᠰᠢ ᠵᠢᠵᠢᠭ ᠬᠡᠯᠪᠡᠷᠢ᠎ᠶᠢᠨ ᠢᠨᠵᠸᠨ᠋ᠸᠷᠢᠩ᠎ᠦᠨ ᠠᠶᠤᠯ ᠦᠭᠡᠶ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶᠢᠨ ᠭᠣᠤᠯ ᠴᠣᠭᠴᠠ ᠪᠣᠯᠤᠭᠰᠠᠨ᠎ᠤ ᠬᠤᠪᠢ᠎ᠳᠤ ᠪᠠᠷᠢᠯᠭ᠎ᠠ ᠪᠠᠷᠢᠬᠤ ᠠᠶᠤᠯ ᠦᠭᠡᠶ᠎ᠶᠢᠨ ᠬᠠᠮᠢᠶᠠᠷᠤᠯᠲᠠ᠎ᠪᠠᠨ ᠴᠢᠩᠭᠠᠳᠬᠠᠵᠤ᠂ ᠳᠣᠤᠷᠠᠬᠢ ᠮᠡᠲᠦ ᠠᠶᠤᠯ ᠦᠭᠡᠶ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠶ ᠄

(ᠨᠢᠭᠡ) ᠬᠠᠤᠯᠢ ᠲᠣᠭᠲᠠᠭᠠᠯ᠎ᠠᠴᠠ ᠵᠥᠷᠢᠴᠡᠭᠰᠡᠨ ᠪᠦᠲᠦᠭᠡᠨ ᠪᠠᠶ᠋ᠢᠭᠤᠯᠤᠯᠲᠠ᠎ᠶᠢᠨ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠂ ᠠᠮᠤᠷ ᠲᠦᠪᠰᠢᠨ ᠨᠠᠶ᠋ᠢᠳᠠᠪᠤᠷᠢᠲᠠᠢ ᠪᠠᠷᠢᠯᠭ᠎ᠠ᠎ᠶᠢᠨ ᠲᠥᠰᠦᠯ ᠲᠣᠭᠲᠠᠭᠠᠵᠤ᠂ ᠪᠠᠷᠢᠯᠭ᠎ᠠ᠎ᠶᠢᠨ ᠠᠮᠤᠷ ᠲᠦᠪᠰᠢᠨ᠎ᠤ ᠠᠶᠤᠯ ᠲᠦᠭᠰᠢᠭᠦᠷᠢ᠂ ᠰᠡᠷᠭᠡᠶ᠋ᠢᠯᠡᠬᠦ ᠠᠷᠭ᠎ᠠ ᠬᠡᠮᠵᠢᠶ᠎ᠡ᠂ ᠠᠩᠬᠠᠷᠬᠤ ᠵᠦᠢᠯᠡᠰ᠂ ᠴᠠᠭᠠᠵᠠᠯᠠᠬᠤ ᠦᠢᠯᠡ ᠠᠵᠢᠯᠯᠠᠭ᠎ᠠ ᠪᠠ ᠪᠠᠴᠢᠮ ᠪᠠᠶ᠋ᠢᠳᠠᠯ᠎ᠢ ᠠᠷᠭᠠᠴᠠᠭᠠᠬᠤ ᠪᠠᠲᠤᠯᠠᠭ᠎ᠠ ᠵᠡᠷᠭᠡ᠎ᠶᠢ ᠲᠣᠳᠣᠷᠬᠠᠶ᠋ᠢᠯᠠᠬᠤ᠎ᠶᠢᠨ ᠬᠠᠮᠲᠤ ᠪᠠᠷᠢᠯᠭ᠎ᠠ᠎ᠶᠢᠨ ᠠᠵᠢᠯᠲᠠᠨ ᠵᠢᠴᠢ ᠪᠠᠷᠢᠯᠭ᠎ᠠ᠎ᠶᠢᠨ ᠠᠵᠢᠯ᠎ᠢ ᠨᠥᠯᠥᠭᠡᠯᠡᠬᠦ ᠣᠷᠣᠨ ᠪᠦᠰᠡ᠎ᠶᠢᠨ ᠳᠣᠲᠣᠷᠠᠬᠢ ᠤᠯᠠᠨ ᠲᠦᠮᠡᠨ᠎ᠳᠤ ᠮᠡᠳᠡᠭᠳᠡᠵᠦ᠂ ᠡᠯ᠎ᠡ ᠵᠦᠢᠯ᠎ᠤᠨ ᠠᠶᠤᠯ ᠦᠭᠡᠢ ᠦᠢᠯᠡᠳᠪᠦᠷᠢᠯᠡᠯ᠎ᠤᠨ ᠠᠷᠭ᠎ᠠ ᠬᠡᠮᠵᠢᠶ᠎ᠡ᠎ᠶᠢ ᠴᠢᠩᠭ᠎ᠠ ᠨᠠᠢᠳᠠᠪᠤᠷᠢᠵᠢᠭᠤᠯᠤᠨ᠎ᠠ ;

(ᠬᠤᠶᠠᠷ) ᠣᠨᠴᠣᠭᠣᠶ ᠲᠥᠷᠥᠯ᠎ᠤᠨ ᠠᠵᠢᠯ᠎ᠳᠤ ᠬᠣᠯᠪᠣᠭᠳᠠᠪᠠᠯ᠂ ᠣᠨᠴᠣᠭᠣᠶ ᠲᠥᠷᠥᠯ᠎ᠤᠨ ᠠᠵᠢᠯ᠎ᠤᠨ ᠠᠵᠢᠯᠯᠠᠭᠠᠨ᠎ᠤ ᠦᠨᠡᠮᠯᠡᠯ ᠣᠯᠤᠭᠰᠠᠨ ᠬᠥᠮᠦᠨ᠎ᠢᠶᠠᠷ ᠬᠠᠮᠢᠶ᠎ᠠ ᠪᠦᠬᠦᠢ ᠠᠵᠢᠯ ᠬᠢᠯᠭᠡᠨ᠎ᠡ ;

(ᠭᠤᠷᠪᠠ) ᠵᠢᠷᠤᠮᠵᠢᠭ᠍ᠰᠠᠨ ᠪᠠᠷᠢᠮᠵᠢᠶ᠎ᠠ᠎ᠳᠤ ᠨᠡᠶ᠋ᠢᠴᠡᠭᠰᠡᠨ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭᠠᠯᠠᠬᠤ ᠬᠡᠷᠡᠭᠰᠡᠯ ᠪᠣᠯᠤᠨ ᠰᠡᠷᠭᠡᠶ᠋ᠢᠯᠡᠨ ᠬᠠᠮᠠᠭᠠᠯᠠᠬᠤ ᠲᠣᠨᠣᠭᠯᠠᠯ᠎ᠢ ᠲᠣᠬᠢᠷᠠᠭᠤᠯᠵᠤ᠂ ᠰᠡᠷᠡᠮᠵᠢᠯᠡᠭᠦᠯᠬᠦ ᠲᠡᠮᠳᠡᠭ ᠪᠠᠢᠷᠢᠯᠠᠭᠤᠯᠤᠨ᠎ᠠ ᠃ ᠪᠠᠷᠢᠯᠭ᠎ᠠ᠎ᠶᠢᠨ ᠲᠤᠬᠠᠶ᠎ᠶᠢᠨ ᠭᠠᠵᠠᠷ᠎ᠤᠨ ᠬᠥᠮᠦᠰ᠎ᠤᠨ ᠠᠮᠤᠷ ᠲᠦᠪᠰᠢᠨ᠎ᠤ ᠬᠥᠮᠦᠵᠢᠯ ᠪᠣᠯᠪᠠᠰᠤᠷᠠᠯ᠎ᠢ ᠴᠢᠩᠭᠠᠳᠬᠠᠵᠤ᠂ ᠲᠤᠬᠠᠶ᠎ᠶᠢᠨ ᠲᠠᠯᠠᠪᠤᠷ᠎ᠲᠤ ᠣᠷᠣᠬᠤ ᠵᠢᠴᠢ ᠲᠤᠬᠠᠶ᠎ᠶᠢᠨ ᠲᠠᠯᠠᠪᠤᠷ᠎ᠤᠨ ᠪᠠᠷᠢᠯᠭ᠎ᠠ᠎ᠶᠢᠨ ᠠᠵᠢᠯᠲᠠᠳ᠎ᠤᠨ ᠠᠮᠤᠷ ᠲᠦᠪᠰᠢᠨ᠎ᠤ ᠬᠠᠮᠠᠭᠠᠯᠠᠯᠲᠠ᠎ᠶᠢᠨ ᠬᠡᠷᠡᠭᠰᠡᠯ᠎ᠢ ᠵᠥᠪ ᠣᠨᠣᠪᠴᠢᠲᠠᠶ ᠵᠡᠭᠦᠬᠦ ᠪᠠ ᠵᠢᠷᠤᠮᠵᠢᠭᠤᠯᠤᠨ ᠬᠡᠷᠡᠭᠯᠡᠬᠦ᠎ᠶᠢ ᠰᠢᠪᠠᠳᠠᠨ᠎ᠠ ᠃ ᠬᠣᠲᠠ᠎ᠶᠢᠨ ᠲᠣᠭᠣᠷᠢᠭ᠋ ᠳᠣᠲᠣᠷ᠎ᠠ ᠢᠨᠵᠸᠨ᠋ᠸᠷᠢᠩ ᠪᠠᠷᠢᠬᠤ᠎ᠳᠤ᠂ ᠪᠠᠷᠢᠯᠭ᠎ᠠ ᠪᠠᠷᠢᠬᠤ ᠨᠢᠭᠡᠴᠢ ᠪᠠᠷᠢᠯᠭ᠎ᠠ ᠪᠠᠷᠢᠬᠤ ᠲᠤᠬᠠᠶ᠎ᠶᠢᠨ ᠲᠠᠯᠠᠪᠠᠶ᠎ᠳᠤ ᠪᠢᠲᠡᠭᠦᠮᠵᠢᠯᠡᠵᠦ ᠬᠠᠰᠢᠬᠤ᠎ᠶᠢ ᠬᠡᠷᠡᠭᠵᠢᠭᠦᠯᠦᠨ᠎ᠡ ;

(ᠲᠦᠷᠪᠡ) ᠴᠢᠮᠡᠭᠡ ᠨᠡᠪᠲᠡᠷᠡᠯᠭᠡ᠂ ᠴᠠᠬᠢᠯᠭᠠᠨ ᠬᠦᠴᠦᠨ᠂ ᠤᠰᠤ ᠬᠠᠩᠭᠠᠬᠤ ᠪᠠ ᠭᠠᠳᠠᠭᠰᠢᠯᠠᠭᠤᠯᠬᠤ᠂ ᠲᠣᠰᠤ ᠬᠡᠢ᠎ᠶᠢᠨ ᠬᠣᠭᠤᠯᠠᠢ ᠭᠤᠤᠷᠰᠤ᠎ᠶᠢᠨ ᠱᠤᠭᠤᠮ᠂ ᠢᠯᠴᠢ᠎ᠶᠢᠨ ᠬᠦᠴᠦᠨ᠎ᠤ ᠬᠣᠭᠤᠯᠠᠢ ᠭᠤᠤᠷᠰᠤ ᠵᠡᠷᠭᠡ ᠣᠯᠠᠨ ᠨᠡᠶ᠋ᠢᠲᠡ᠎ᠶᠢᠨ ᠠᠮᠤᠷ ᠲᠥᠪᠰᠢᠨ᠎ᠢ ᠨᠥᠯᠥᠭᠡᠯᠡᠬᠦ ᠣᠯᠠᠨ ᠨᠡᠶ᠋ᠢᠲᠡ᠎ᠶᠢᠨ ᠲᠣᠨᠤᠭ ᠲᠥᠭᠥᠭᠡᠷᠦᠮᠵᠢ᠎ᠶᠢᠨ ᠠᠶᠤᠯ ᠦᠭᠡᠢ᠎ᠶᠢᠨ ᠬᠠᠮᠠᠭᠠᠯᠠᠯᠲᠠ᠎ᠶᠢᠨ ᠠᠷᠭ᠎ᠠ ᠬᠡᠮᠵᠢᠶ᠎ᠡ᠎ᠶᠢ ᠴᠢᠩᠭ᠎ᠠ ᠨᠠᠶ᠋ᠢᠳᠠᠪᠤᠷᠢᠵᠢᠭᠤᠯᠤᠨ᠎ᠠ ;

(ᠲᠠᠪᠤ ) ᠠᠶᠤᠯ ᠦᠭᠡᠢ ᠦᠢᠯᠡᠳᠪᠦᠷᠢᠯᠡᠯ᠎ᠤᠨ ᠵᠠᠷᠤᠳᠠᠯ᠎ᠤᠨ ᠣᠷᠣᠭᠤᠯᠤᠯᠲᠠ᠎ᠶᠢ ᠪᠠᠲᠤᠯᠠᠵᠤ᠂ ᠬᠢᠷᠢ ᠲᠡᠩᠴᠡᠭᠰᠡᠨ ᠪᠠᠭᠠᠵᠢ᠂ ᠬᠡᠷᠡᠭᠰᠡᠯ ᠪᠠ ᠲᠣᠨᠤᠭ ᠲᠥᠬᠦᠭᠡᠷᠦᠮᠵᠢ᠎ᠶᠢ ᠬᠡᠷᠡᠭᠯᠡᠨ᠎ᠡ ;

(ᠵᠢᠷᠭᠤᠭ᠎ᠠ ) ᠪᠠᠷᠢᠯᠭ᠎ᠠ᠎ᠶᠢᠨ ᠲᠤᠬᠠᠶ᠎ᠶᠢᠨ ᠭᠠᠵᠠᠷ᠎ᠤᠨ ᠠᠮᠤᠷ ᠲᠦᠪᠰᠢᠨ᠎ᠤ ᠬᠠᠮᠢᠶᠠᠷᠤᠯᠲᠠ᠎ᠶᠢ ᠴᠢᠩᠭᠠᠳᠬᠠᠵᠤ᠂ ᠲᠤᠰᠬᠠᠶ ᠬᠥᠮᠦᠨ ᠲᠣᠬᠢᠷᠠᠭᠤᠯᠤᠨ ᠪᠠᠷᠢᠯᠭ᠎ᠠ᠎ᠶᠢᠨ ᠲᠤᠬᠠᠶ᠎ᠶᠢᠨ ᠭᠠᠵᠠᠷ᠎ᠤᠨ ᠠᠮᠤᠷ ᠲᠦᠪᠰᠢᠨ᠎ᠤ ᠬᠠᠮᠢᠶᠠᠷᠤᠯᠲᠠ᠎ᠶᠢᠨ ᠠᠵᠢᠯ᠎ᠢ ᠬᠠᠷᠢᠭᠤᠴᠠᠭᠤᠯᠵᠤ᠂ ᠠᠳᠡᠯ᠎ᠤᠨ ᠳᠠᠯᠳᠠ ᠭᠡᠮ᠎ᠢ ᠴᠠᠭ ᠲᠤᠬᠠᠶ᠎ᠳᠤᠨᠢ ᠵᠢᠭ᠍ᠰᠠᠭᠠᠨ ᠪᠠᠶ᠋ᠢᠴᠠᠭᠠᠵᠤ ᠴᠡᠭᠴᠡᠯᠡᠨ ᠰᠠᠢᠵᠢᠷᠠᠭᠤᠯᠤᠨ᠂ ᠪᠠᠷᠢᠯᠭ᠎ᠠ᠎ᠶᠢᠨ ᠠᠵᠢᠯᠲᠠᠨ᠎ᠤ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠵᠠᠯᠠᠷᠠᠭᠤᠯᠤᠨ᠎ᠠ ᠃ ᠭᠠᠯ ᠨᠣᠴᠤᠭᠠᠨ ᠭᠠᠩᠨᠠᠬᠤ᠂ ᠬᠢᠵᠠᠭᠠᠷ᠎ᠲᠠᠢ ᠣᠷᠣᠨ ᠵᠠᠶ᠎ᠳᠤ ᠠᠵᠢᠯᠯᠠᠬᠤ ᠵᠡᠷᠭᠡ ᠠᠶᠤᠯ ᠶᠡᠬᠡᠲᠡᠶ ᠠᠵᠢᠯ᠎ᠤᠨ ᠭᠣᠭᠴᠣᠭ᠎ᠠ᠎ᠶᠢ ᠬᠢᠨᠠᠨ ᠵᠥᠪᠰᠢᠶᠡᠷᠡᠬᠦ ᠬᠠᠮᠢᠶᠠᠷᠤᠯᠲᠠ᠎ᠶᠢ ᠴᠢᠩᠭᠠᠳᠬᠠᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠠᠯ ᠨᠣᠴᠣᠭᠠᠨ ᠠᠵᠢᠯᠯᠠᠭᠤᠯᠬᠤ᠎ᠶᠢ ᠬᠢᠨᠠᠨ ᠵᠥᠪᠰᠢᠶᠡᠷᠡᠵᠦ ᠳᠠᠩᠰᠠᠯᠠᠭᠤᠯᠬᠤ ᠭᠠᠷᠳᠠᠮ᠎ᠢ ᠭᠦᠢᠴᠡᠳᠬᠡᠨ᠎ᠡ ᠃ ᠲᠥᠷᠥᠯ ᠵᠦᠢᠯ᠎ᠤᠨ ᠬᠠᠷᠢᠭᠤᠴᠠᠯᠭᠠᠲᠠᠨ ᠪᠣᠯᠤᠨ ᠠᠮᠤᠷ ᠲᠦᠪᠰᠢᠨ᠎ᠤ ᠬᠠᠮᠢᠶᠠᠷᠤᠯᠲᠠ᠎ᠶᠢᠨ ᠠᠵᠢᠯᠲᠠᠨ ᠭᠠᠯ ᠨᠣᠴᠣᠭᠠᠬᠤ ᠠᠵᠢᠯ᠎ᠤᠨ ᠠᠮᠤᠷ ᠲᠦᠪᠰᠢᠨ᠎ᠤ ᠮᠡᠷᠭᠡᠵᠢᠯ᠎ᠤᠨ ᠠᠷᠭ᠎ᠠ ᠬᠡᠮᠵᠢᠶ᠎ᠡ ᠲᠥᠰᠦᠯ᠎ᠢ ᠴᠢᠩᠭ᠎ᠠ ᠬᠢᠨᠠᠨ ᠪᠠᠢᠴᠠᠭᠠᠨ᠎ᠠ ᠃ ᠬᠦᠮᠦᠨ ᠬᠤᠷᠠᠵᠤ ᠴᠤᠭᠯᠠᠷᠠᠭᠰᠠᠨ ᠭᠠᠵᠠᠷ᠎ᠤᠨ ᠪᠠᠷᠢᠯᠭ᠎ᠠ᠎ᠶᠢᠨ ᠲᠤᠳᠤᠷ᠎ᠠ (ᠭᠠᠵᠠᠷ ᠲᠤᠤᠷᠠᠬᠢ ᠦᠷᠦᠭᠡ᠎ᠶᠢ ᠪᠠᠭᠲᠠᠭᠠᠨ᠎ᠠ) ᠪᠠᠷᠢᠯᠭ᠎ᠠ᠎ᠶᠢᠨ ᠠᠵᠢᠯ ᠬᠢᠬᠦ ᠮᠥᠷᠲᠡᠭᠡᠨ ᠭᠠᠯ ᠨᠣᠴᠣᠭᠠᠨ ᠠᠵᠢᠯᠯᠠᠬᠤ᠎ᠳᠤ ᠬᠤᠯᠪᠣᠭᠳᠠᠬᠤ ᠪᠠᠷᠢᠯᠭ᠎ᠠ᠎ᠳᠤ ᠪᠠᠴᠢᠮ ᠪᠠᠶ᠋ᠢᠳᠠᠯ᠎ᠢ ᠠᠷᠭᠠᠴᠠᠭᠠᠨ ᠲᠠᠷᠬᠠᠭᠠᠬᠤ ᠲᠥᠰᠦᠯ ᠲᠣᠭᠲᠠᠭᠠᠵᠤ᠂ ᠠᠮᠤᠷ ᠲᠦᠪᠰᠢᠨ᠎ᠤ ᠪᠣᠳᠠᠲᠠᠶ ᠠᠷᠭ᠎ᠠ ᠬᠡᠮᠵᠢᠶ᠎ᠡ᠎ᠶᠢ ᠨᠠᠶ᠋ᠢᠳᠠᠪᠤᠷᠢᠵᠢᠭᠤᠯᠤᠨ᠂ ᠠᠮᠤᠷ ᠲᠦᠪᠰᠢᠨ᠎ᠢᠶᠠᠷ ᠠᠵᠢᠯᠯᠠᠬᠤ ᠲᠦᠷᠢᠮ᠎ᠢ ᠴᠢᠩᠭ᠎ᠠ ᠵᠢᠷᠤᠮᠯᠠᠵᠤ᠂ ᠭᠠᠯ ᠲᠦᠢᠮᠡᠷ᠎ᠤᠨ ᠪᠠᠶ᠋ᠢᠳᠠᠯ ᠭᠠᠷᠪᠠᠯ ᠴᠠᠭ ᠲᠤᠬᠠᠶ᠎ᠳᠤᠨᠢ ᠰᠢᠢᠳᠪᠦᠷᠢᠯᠡᠨ᠎ᠡ ;

(ᠳᠤᠯᠤᠭ᠎ᠠ) ᠲᠦᠷᠢ ᠴᠠᠭ᠎ᠤᠨ ᠪᠠᠶ᠋ᠢᠷᠢ᠂ ᠠᠯᠪᠠᠨ ᠭᠡᠷ᠎ᠤᠨ ᠪᠠᠷᠢᠯᠭ᠎ᠠ᠎ᠶᠢᠨ ᠲᠣᠨᠣᠭᠯᠠᠭᠠᠰᠤ᠎ᠶᠢᠨ ᠰᠢᠲᠠᠯᠲᠠ᠎ᠶᠢᠨ ᠴᠢᠳᠠᠪᠤᠷᠢ᠎ᠶᠢᠨ ᠳᠡᠰ᠎ᠨᠢ A ᠳᠡᠰ᠎ᠤᠨ ᠪᠠᠢᠬᠤ ᠬᠡᠷᠡᠭᠲᠡᠢ ᠃ ᠲᠡᠮᠦᠷᠯᠢᠭ ᠬᠠᠪᠲᠠᠰᠤᠯᠢᠭ᠋ ᠬᠠᠪᠲᠠᠰᠤ ᠬᠡᠷᠡᠭᠯᠡᠬᠦ ᠦᠶᠡᠰ᠂ ᠲᠡᠭᠦᠨ᠎ᠤ ᠭᠣᠣᠯ᠎ᠤᠨ ᠰᠢᠲᠠᠯᠲᠠ᠎ᠶᠢᠨ ᠴᠢᠳᠠᠪᠤᠷᠢ᠎ᠶᠢᠨ ᠳᠡᠰ᠎ᠨᠢ A ᠳᠡᠰ ᠪᠠᠶ᠋ᠢᠪᠠᠯ ᠵᠣᠬᠢᠨ᠎ᠠ ᠃

(ᠨᠠᠢ᠍ᠮᠠ) ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠬᠠᠮᠢᠶ᠎ᠠ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠵᠢᠷᠤᠮᠵᠢᠯ᠎ᠳᠤ ᠲᠣᠭᠲᠠᠭᠠᠭᠰᠠᠨ ᠪᠤᠰᠤᠳ ᠱᠠᠭᠠᠷᠳᠠᠯᠭ᠎ᠠ ᠃

ᠭᠤᠷᠪᠠᠳᠤᠭᠠᠷ ᠪᠦᠯᠦᠭ  ᠬᠢᠨᠠᠯᠲᠠ ᠬᠠᠮᠢᠶᠠᠷᠤᠯᠲᠠ

ᠨᠠᠢ᠍ᠮᠠᠳᠤᠭᠠᠷ ᠵᠤᠷᠪᠤᠰ  ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠂ ᠬᠤᠲᠠ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠡᠯ᠎ᠡ ᠬᠠᠮᠢᠶ᠎ᠠ ᠪᠦᠬᠦᠢ ᠠᠵᠢᠯ ᠲᠥᠷᠥᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠳᠣᠣᠷᠠᠬᠢ ᠠᠵᠢᠯ᠎ᠢ ᠰᠠᠢᠲᠤᠷ ᠬᠢᠬᠦ᠌ ᠬᠡᠷᠡᠭ᠌ᠲᠡᠶ᠄

(ᠨᠢᠭᠡ) ᠲᠣᠰ ᠭᠠᠵᠠᠷ ᠣᠷᠣᠨ᠎ᠤ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠶᠤᠯ ᠦᠭᠡᠢ ᠦᠢᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠵᠣᠬᠢᠴᠠᠭᠤᠯᠤᠨ ᠵᠢᠯᠣᠭᠤᠳᠤᠨ᠎ᠠ ;

(ᠬᠤᠶᠠᠷ) ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠲᠣᠰ ᠭᠠᠵᠠᠷ ᠣᠷᠣᠨ᠎ᠤ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠶᠤᠯ ᠦᠭᠡᠢ ᠦᠢᠯᠡᠳᠪᠦᠷᠢᠯᠡᠯ᠎ᠤᠨ ᠮᠡᠳᠡᠭᠡ ᠵᠠᠩᠭᠢ᠎ᠶ᠋ᠢ ᠳᠠᠩᠰᠠᠯᠠᠬᠤ ᠪᠠ ᠠᠶᠤᠯ ᠥᠬᠡᠶ ᠦᠢᠯᠡᠳᠪᠦᠷᠢᠯᠡᠯ᠎ᠤᠨ ᠠᠩᠬᠠᠷᠬᠤ ᠵᠦᠢᠯ᠂ ᠴᠠᠭᠠᠵᠠᠯᠠᠬᠤ ᠦᠢᠯᠡ ᠠᠵᠢᠯᠯᠠᠭ᠎ᠠ᠂ ᠠᠶᠤᠯ ᠥᠬᠡᠶ ᠦᠢᠯᠡᠳᠪᠦᠷᠢᠯᠡᠯ᠎ᠤᠨ ᠵᠢᠯᠣᠭᠤᠳᠣᠯᠭ᠎ᠠ ᠵᠡᠷᠭᠡ᠎ᠶ᠋ᠢ ᠲᠤᠭᠲᠠᠭ᠋ᠠᠨ᠎ᠠ;

(ᠭᠤᠷᠪᠠ) ᠬᠠᠤᠯᠢ᠎ᠠᠴᠠ ᠵᠥᠷᠢᠴᠡᠭ᠌ᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ᠎ᠶ᠋ᠢ ᠪᠠᠢᠴᠠᠭᠠᠨ ᠱᠢᠶ᠋ᠳᠪᠦᠷᠢᠯᠡᠬᠦ᠌ ᠠᠵᠢᠯ᠎ᠢ ᠵᠣᠬᠢᠴᠠᠭᠤᠯᠤᠨ ᠵᠢᠯᠣᠭᠤᠳᠤᠨ᠎ᠠ᠃

ᠶᠢᠰᠦᠳᠦᠭᠡᠷ ᠵᠤᠷᠪᠤᠰ  ᠡᠯ᠎ᠡ ᠬᠣᠱᠢᠭᠤ ᠱᠢᠶᠠᠨ (ᠬᠣᠲᠠ᠂ ᠲᠣᠭᠣᠷᠢᠭ) ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠂ ᠬᠣᠲᠠ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠨᠢ ᠡᠯ᠎ᠡ ᠬᠠᠮᠢᠶ᠎ᠠ ᠪᠦᠬᠦᠢ ᠠᠵᠢᠯ ᠲᠥᠷᠥᠯ᠎ᠦᠨ ᠰᠠᠯᠠᠭ᠎ᠠ ᠮᠥᠴᠢᠷ᠎ᠲᠡᠶ ᠬᠠᠮᠲᠤᠷᠠᠨ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠶᠤᠯ ᠦᠭᠡᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠶ᠄

(ᠨᠢᠭᠡ) ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠦᠨ᠎ᠡ;

(ᠬᠤᠶᠠᠷ) ᠲᠦᠪ ᠪᠠᠯᠭ᠋ᠠᠰᠦ᠂ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠢ ᠵᠢᠯᠣᠭᠤᠳᠤᠨ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠡᠳᠦᠷ ᠲᠤᠲᠤᠮ᠎ᠤᠨ ᠲᠣᠭᠤᠷᠢᠨ ᠪᠠᠢᠴᠠᠭᠠᠬᠤ ᠵᠡᠷᠭᠡ᠎ᠶ᠋ᠢ ᠬᠠᠮᠵᠢᠨ ᠥᠷᠨᠢᠭᠦᠯᠦᠨ᠎ᠡ;

(ᠭᠤᠷᠪᠠ) ᠲᠦᠪ ᠪᠠᠯᠭ᠋ᠠᠰᠦ᠂ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠱᠢᠯᠵᠢᠭᠦᠯᠦᠨ ᠬᠦᠷᠭᠡᠭ᠌ᠰᠡᠨ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠤᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢᠨ ᠰᠦᠪᠡᠭ᠌ᠴᠢ᠎ᠶ᠋ᠢ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠨ᠎ᠡ᠃

ᠠᠷᠪᠠᠳᠤᠭᠠᠷ ᠵᠤᠷᠪᠤᠰ  ᠲᠦᠪ ᠪᠠᠯᠭ᠋ᠠᠰᠦ᠂ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠨᠢ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠮᠤᠷ ᠲᠦᠪᠱᠢᠨ᠎ᠤ ᠤᠬᠠᠭᠤᠯᠭ᠎ᠠ᠂ ᠡᠳᠦᠷ ᠲᠤᠲᠤᠮ᠎ᠤᠨ ᠲᠣᠭᠤᠷᠢᠨ ᠪᠠᠢᠴᠠᠭᠠᠬᠤ ᠪᠠ ᠠᠰᠠᠭᠤᠳᠠᠯ᠎ᠢ ᠳᠡᠭᠡᠭ᠌ᠰᠢ ᠮᠡᠳᠡᠭᠦᠯᠬᠦ᠌ ᠵᠡᠷᠭᠡ ᠠᠵᠢᠯ᠎ᠢ ᠬᠠᠮᠵᠢᠯᠴᠠᠨ ᠥᠷᠨᠢᠭᠦᠯᠦᠨ᠎ᠡ᠄

(ᠨᠢᠭᠡ) ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠠᠶᠤᠯ ᠦᠭᠡᠢ ᠦᠢᠯᠡᠳᠪᠦᠷᠢᠯᠡᠯ᠎ᠤᠨ ᠮᠡᠳᠡᠯᠭᠡ᠎ᠶ᠋ᠢᠨ ᠤᠬᠠᠭᠤᠯᠭ᠎ᠠ᠎ᠶ᠋ᠢᠨ ᠠᠵᠢᠯ᠎ᠢ ᠰᠠᠢᠲᠤᠷ ᠬᠢᠨ᠎ᠡ;

(ᠬᠤᠶᠠᠷ) ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠦᠨ ᠡᠳᠦᠷ ᠲᠤᠲᠤᠮ᠎ᠤᠨ ᠲᠣᠭᠤᠷᠢᠨ ᠪᠠᠢᠴᠠᠭᠠᠬᠤ ᠠᠵᠢᠯ᠎ᠢ ᠥᠷᠨᠢᠭᠦᠯᠵᠦ᠍᠂ ᠬᠠᠷᠢᠶ᠎ᠠ ᠣᠷᠣᠨ᠎ᠤ ᠬᠡᠪᠴᠢᠶᠡᠨ ᠳᠣᠲᠣᠷᠠᠬᠢ ᠡᠳᠦᠷ ᠲᠤᠲᠤᠮ᠎ᠤᠨ ᠲᠣᠭᠤᠷᠢᠨ ᠪᠠᠢᠴᠠᠭᠠᠬᠤ ᠠᠵᠢᠯ᠎ᠢ ᠰᠠᠢᠲᠤᠷ ᠬᠢᠵᠦ᠍᠂ ᠲᠣᠭᠤᠷᠢᠨ ᠪᠠᠢᠴᠠᠭᠠᠬᠤ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠸᠨ᠋ᠸᠷᠢᠩ᠎ᠳᠤ ᠮᠡᠳᠡᠭᠡ ᠵᠠᠩᠭᠢ᠎ᠶ᠋ᠢᠨ ᠳᠡᠩᠰᠡᠯᠡᠯᠲᠡ ᠪᠠᠢᠬᠤ ᠡᠰᠡᠬᠦ᠌ ᠵᠢᠴᠢ ᠰᠡᠷᠡᠮᠵᠢᠯᠡᠭᠦᠯᠬᠦ᠌ ᠲᠡᠮᠳᠡᠭ ᠪᠠᠢᠬᠤ᠂ ᠠᠬᠤᠢ ᠲᠠᠯᠠᠪᠠᠶ᠎ᠶ᠋ᠢ ᠪᠢᠲᠡᠭᠦᠮᠵᠢᠯᠡᠬᠦ᠌ ᠵᠡᠷᠭᠡ ᠪᠠᠢᠳᠠᠯ᠎ᠢ ᠬᠠᠷᠢᠭᠤᠴᠠᠨ᠎ᠠ;

(ᠭᠤᠷᠪᠠ ) ᠲᠣᠭᠣᠷᠢᠨ ᠪᠠᠢᠴᠠᠭᠠᠭᠠᠳ ᠣᠯᠵᠤ ᠮᠡᠳᠡᠭ᠌ᠰᠡᠨ ᠠᠰᠠᠭᠤᠳᠠᠯ ᠎ᠢ ᠴᠠᠭ ᠲᠤᠬᠠᠶ ᠎ᠳᠦ ᠨᠢ ᠬᠣᠱᠢᠭᠤ ᠱᠢᠶᠠᠨ ( ᠬᠣᠲᠠ ᠂ ᠲᠣᠭᠣᠷᠢᠭ ) ᠎ᠳᠤ ᠮᠡᠳᠡᠭᠦᠯᠬᠦ᠌ ᠬᠡᠷᠡᠭ᠌ᠲᠡᠶ᠃ ᠣᠷᠤᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭ᠍ᠤᠯᠤᠯᠲᠠ ᠵᠡᠷᠭᠡ ᠬᠠᠮᠢᠶ᠎ᠠ ᠪᠦᠬᠦᠢ ᠠᠵᠢᠯ ᠲᠥ᠋ᠷᠥᠯ᠎ᠦᠨ ᠰᠠᠯᠠᠭ᠎ᠠ ᠮᠥ᠋ᠴᠢᠷ᠃

ᠠᠷᠪᠠᠨ ᠨᠢᠭᠡᠳᠦᠭᠡᠷ ᠵᠣᠷᠪᠣᠰ   ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠨᠢ ᠳᠤᠯᠠᠭᠠᠨ᠎ᠢ ᠬᠠᠮᠠᠭᠠᠯᠠᠬᠤ ᠮᠠᠲ᠋ᠧᠷᠢᠶᠠᠯ᠎ᠳᠤ ᠬᠤᠯᠪᠣᠭ᠍ᠳᠠᠭ᠍ᠰᠠᠨ ᠪᠤᠶᠤ ᠬᠥᠮᠦᠨ ᠣᠯᠠᠨ ᠴᠤᠭ᠍ᠯᠠᠷᠠᠬᠤ ᠭᠠᠵᠠᠷ ᠲᠠᠯᠠᠪᠤᠷ᠎ᠲᠤ ᠴᠠᠬᠢᠯᠭᠠᠨ ᠭᠠᠩᠨᠠᠯᠲᠠ᠂ ᠬᠡᠢ ᠭᠠᠩᠨᠠᠯᠲᠠ᠂ ᠬᠡᠢ ᠣᠭ᠍ᠲᠣᠯᠣᠭᠠᠰᠤ ᠵᠡᠷᠭᠡ ᠭᠠᠯ ᠨᠣᠴᠣᠭ᠍ᠰᠠᠨ ᠠᠵᠢᠯ᠎ᠳᠤ ᠬᠤᠯᠪᠣᠭ᠍ᠳᠠᠭ᠍ᠰᠠᠨ ᠪᠠᠢᠪᠠᠯ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠭᠤᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠠᠵᠢᠯ᠎ᠤᠨ ᠵᠢᠯᠣᠭᠤᠳᠣᠯᠭ᠎ᠠ᠎ᠪᠠᠨ ᠴᠢᠩᠭᠠᠳᠭᠠᠨ᠂ ᠭᠠᠯ᠎ᠤᠨ ᠠᠶᠤᠯ᠎ᠤᠨ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢ ᠴᠢᠩᠭᠠᠷᠠᠭᠤᠯᠬᠤ ᠬᠡᠷᠡᠭ᠌ᠲᠡᠶ᠃

ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ ᠳᠣᠲᠣᠷᠠᠬᠢ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠨᠢ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢᠨ ᠰᠦᠪᠡᠭ᠌ᠴᠢ᠎ᠶ᠋ᠢ ᠣᠯᠵᠤ ᠮᠡᠳᠡᠪᠡᠯ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠪᠠᠢᠭᠠᠯᠢ᠎ᠶ᠋ᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠬᠤᠲᠠ᠎ᠶ᠋ᠢᠨ ᠬᠠᠮᠢᠶᠠᠷᠤᠯᠲᠠ ᠵᠢᠴᠢ ᠬᠠᠮᠢᠶ᠎ᠠ ᠪᠥᠬᠦᠶ ᠠᠵᠢᠯ ᠲᠥᠷᠥᠯ ᠵᠡᠷᠭᠡ ᠰᠠᠯᠠᠭ᠎ᠠ ᠮᠥᠴᠢᠷ᠎ᠲᠤ ᠴᠠᠭ ᠲᠤᠬᠠᠶ᠎ᠳᠤ ᠨᠢ ᠱᠢᠯᠵᠢᠭᠦᠯᠦᠨ ᠲᠤᠱᠢᠶᠠᠵᠤ ᠱᠢᠶ᠋ᠳᠪᠦᠷᠢᠯᠡᠭᠦᠯᠬᠦ᠌ ᠬᠡᠷᠡᠭ᠌ᠲᠡᠶ᠃

ᠠᠷᠪᠠᠨ ᠬᠤᠶᠠᠳᠤᠭᠠᠷ ᠵᠤᠷᠪᠤᠰ  ᠬᠤᠱᠢᠭᠤ ᠱᠢᠶᠠᠨ (ᠬᠤᠲᠠ᠂ ᠲᠣᠭᠤᠷᠢᠭ) ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠨ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠤᠨ ᠠᠮᠤᠷ ᠲᠦᠪᠱᠢᠨ᠎ᠤ ᠳᠠᠯᠳᠠ ᠭᠡᠮ᠎ᠢ ᠵᠢᠭ᠍ᠰᠠᠭᠠᠨ ᠪᠠᠢᠴᠠᠭᠠᠬᠤ ᠪᠠ ᠬᠠᠮᠲᠤᠷᠠᠨ ᠬᠠᠤᠯᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠢᠨᠵᠧᠨᠧᠷᠢᠩ᠎ᠤᠨ ᠠᠮᠤᠷ ᠲᠦᠪᠱᠢᠨ᠎ᠢ ᠬᠤᠬᠢᠷᠠᠭᠤᠯᠬᠤ ᠪᠤᠶᠤ ᠬᠤᠬᠢᠷᠠᠭᠤᠯᠵᠤ ᠮᠡᠳᠡᠬᠦ᠌ ᠬᠢᠵᠠᠭᠠᠷᠯᠠᠭ᠍ᠰᠠᠨ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠤᠨ ᠠᠮᠤᠷ ᠲᠦᠪᠱᠢᠨ᠎ᠳᠤ ᠬᠤᠣᠷ ᠬᠥᠨᠥᠭᠡᠯ ᠤᠴᠠᠷᠠᠭᠤᠯᠬᠤ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠢᠳᠪᠦᠷᠢᠯᠡᠬᠦ᠌ ᠬᠡᠷᠡᠭ᠌ᠲᠡᠶ᠃

ᠠᠷᠪᠠᠨ ᠭᠤᠷᠪᠠᠳᠤᠭᠠᠷ ᠵᠤᠷᠪᠤᠰ   ᠬᠣᠱᠢᠭᠤ ᠱᠢᠶᠠᠨ (ᠬᠣᠲᠠ᠂ ᠲᠣᠭᠣᠷᠢᠭ) ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ ᠵᠡᠷᠭᠡ ᠰᠠᠯᠠᠭ᠎ᠠ ᠮᠥᠴᠢᠷ᠎ᠦᠳ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠢᠨᠵᠧᠨᠧᠷᠢᠩ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠶ᠋ᠳᠪᠦᠷᠢᠯᠡᠬᠦ᠌ ᠪᠡᠯᠡᠳᠭᠡᠯ ᠲᠥᠰᠦᠯ ᠲᠣᠭ᠍ᠲᠠᠭᠠᠵᠤ᠂ ᠪᠠᠴᠢᠮ ᠪᠠᠢᠳᠠᠯ᠎ᠢ ᠠᠷᠭ᠋ᠠᠴᠠᠭ᠋ᠠᠨ ᠱᠢᠶ᠋ᠳᠪᠦᠷᠢᠯᠡᠬᠦ᠌ ᠵᠣᠬᠢᠶᠠᠨ ᠪᠠᠢᠭᠤᠯᠤᠯᠲᠠ᠎ᠶ᠋ᠢᠨ ᠲᠤᠭᠲᠠᠯᠴᠭ᠎ᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠶ᠃ ᠡᠨᠳᠡᠯ ᠭᠠᠷᠤᠭ᠍ᠰᠠᠨ ᠪᠣᠯ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠠᠭᠠᠷᠳᠠᠯᠭ᠎ᠠ ᠶᠣᠰᠣᠭᠠᠷ ᠡᠨᠳᠡᠯ᠎ᠢ ᠪᠠᠢᠴᠠᠭᠠᠬᠤ ᠡᠷᠬᠡ᠎ᠲᠡᠶ ᠠᠷᠠᠳ᠎ᠤᠨ ᠵᠠᠰᠠᠭ᠎ᠤᠨ ᠣᠷᠳᠣᠨ ᠪᠤᠶᠤ ᠰᠠᠯᠠᠭ᠎ᠠ ᠮᠥᠴᠢᠷ᠎ᠲᠡᠶ ᠬᠠᠮᠵᠢᠯᠴᠠᠨ ᠡᠨᠳᠡᠯ᠎ᠢ ᠪᠠᠢᠴᠠᠭᠠᠨ ᠱᠢᠶ᠋ᠳᠪᠦᠷᠢᠯᠡᠬᠦ᠌ ᠠᠵᠢᠯ᠎ᠢ ᠥᠷᠨᠢᠭᠦᠯᠵᠦ᠍᠂ ᠭᠠᠯ᠎ᠤᠨ ᠠᠶᠤᠯ᠎ᠤᠨ ᠡᠨᠳᠡᠯ ᠭᠠᠷᠪᠠᠯ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠢᠭᠤᠯᠤᠮᠵᠢ᠎ᠯᠤᠭ᠎ᠠ ᠬᠠᠮᠵᠢᠯᠴᠠᠨ ᠭᠠᠯ᠎ᠤᠨ ᠠᠶᠤᠯ᠎ᠤᠨ ᠡᠨᠳᠡᠯ᠎ᠢ ᠪᠠᠢᠴᠠᠭᠠᠨ ᠱᠢᠶ᠋ᠳᠪᠦᠷᠢᠯᠡᠬᠦ᠌ ᠠᠵᠢᠯ᠎ᠢ ᠥᠷᠨᠢᠭᠦᠯᠬᠦ᠌ ᠬᠡᠷᠡᠭ᠌ᠲᠡᠶ᠃

ᠳᠥᠷᠪᠡᠳᠦᠭᠡᠷ ᠪᠦᠯᠦᠭ ᠬᠢᠨᠠᠨ ᠬᠠᠮᠢᠶᠠᠷᠬᠤ ᠳᠡᠰ ᠳᠠᠷᠠᠭᠠᠯᠠᠯ

ᠠᠷᠪᠠᠨ ᠳᠥᠷᠪᠡᠳᠦᠭᠡᠷ ᠵᠤᠷᠪᠤᠰ   ᠬᠢᠵᠠᠭᠠᠷᠯᠠᠭᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶᠢᠨ ᠢᠨᠵᠧᠨᠧᠷᠢᠩ᠎ ᠳᠤ ᠮᠡᠳᠡᠭᠡ ᠵᠠᠩᠭᠢ᠎ᠶᠢᠨ ᠳᠠᠩᠰᠠᠯᠠᠬᠤ ᠳᠦᠷᠢᠮ᠎ᠢ ᠬᠡᠷᠡᠭᠵᠢᠭᠦᠯᠦᠨ᠎ᠡ᠃ ᠮᠡᠳᠡᠭᠡ ᠵᠠᠩᠭᠢ᠎ᠶᠢ ᠳᠠᠩᠰᠠᠯᠠᠬᠤ ᠨᠢ ᠵᠥᠪᠬᠡᠨ ᠠᠶᠤᠯ ᠦᠭᠡᠢ ᠦᠢᠯᠡᠳᠪᠦᠷᠢᠯᠡᠯ᠎ᠤᠨ ᠬᠠᠮᠢᠶᠠᠷᠤᠯᠲᠠ᠎ᠶᠢᠨ ᠦᠨᠳᠦᠰᠦᠯᠡᠯ ᠪᠣᠯᠭᠠᠨ᠂ ᠬᠠᠮᠢᠶ᠎ᠠ ᠪᠦᠬᠦᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠠᠵᠢᠯᠯᠠᠭ᠎ᠠ᠎ᠶᠢᠨ ᠬᠠᠤᠯᠢ ᠶᠣᠰᠣᠴᠢ ᠴᠢᠨᠠᠷ᠎ᠢ ᠨᠤᠲᠠᠯᠠᠬᠤ᠎ᠶᠢᠨ ᠦᠨᠳᠦᠰᠦᠯᠡᠯ ᠪᠣᠯᠭᠠᠬᠤ ᠦᠭᠡᠢ᠃ ᠪᠣᠳᠠᠲᠠᠢ ᠮᠡᠳᠡᠭᠡ ᠵᠠᠩᠭᠢ᠎ᠶᠢ ᠳᠠᠩᠰᠠᠯᠠᠬᠤ ᠠᠵᠢᠯ᠎ᠢ ᠡᠯ᠎ᠡ ᠭᠠᠵᠠᠷ ᠣᠷᠣᠨ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠳᠡᠰ ᠳᠠᠷᠠᠭᠠᠯᠠᠯ᠎ᠢᠶᠠᠨ ᠳᠥᠭᠥᠮᠴᠢᠯᠡᠵᠦ᠂ ᠬᠡᠷᠡᠭᠵᠢᠭᠦᠯᠬᠦ᠎ᠳᠤ ᠲᠥᠬᠦᠮ ᠪᠠᠢᠯᠭᠠᠬᠤ ᠬᠡᠷᠡᠭᠲᠡᠢ᠃

ᠠᠷᠪᠠᠨ ᠨᠢᠭᠡᠳᠦᠭᠡᠷ ᠵᠤᠷᠪᠤᠰ᠎ᠤᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠬᠣᠯᠪᠣᠭᠳᠠᠪᠠᠯ᠂ ᠮᠡᠳᠡᠭᠡ ᠵᠠᠩᠭᠢ ᠳᠠᠩᠰᠠᠯᠠᠭᠤᠯᠬᠤ᠎ᠳᠠᠭᠠᠨ ᠳᠠᠩᠰᠠᠯᠠᠬᠤ ᠨᠢᠭᠡᠴᠢ᠎ᠳᠤ ᠪᠠᠷᠢᠯᠭ᠎ᠠ ᠪᠠᠷᠢᠬᠤ ᠶᠠᠪᠤᠴᠠ᠎ᠶᠢᠨ ᠠᠵᠢᠯ᠎ᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ᠎ᠢ ᠴᠢᠩᠭ᠎ᠠ ᠭᠦᠢᠴᠡᠳᠬᠡᠬᠦ᠂  ᠢᠨᠵᠧᠨᠧᠷᠢᠩ᠎ᠦᠨ ᠮᠡᠷᠭᠡᠵᠢᠯ᠎ᠤᠨ ᠦᠨᠳᠦᠰᠦᠨ ᠵᠦᠢᠯ᠎ᠢ ᠲᠤᠰᠢᠶᠠᠬᠤ ᠪᠠ ᠠᠮᠤᠷ ᠲᠦᠪᠰᠢᠨ᠎ᠤ ᠲᠦᠭᠰᠢᠭᠦᠷᠢ᠎ᠶᠢ ᠮᠡᠳᠡᠭᠳᠡᠬᠦ᠂ ᠪᠠᠷᠢᠯᠭ᠎ᠠ ᠪᠠᠷᠢᠬᠤ ᠲᠤᠬᠠᠢ᠎ᠶᠢᠨ ᠲᠠᠯᠠᠪᠤᠷ᠎ᠤᠨ ᠠᠮᠤᠷ ᠲᠦᠪᠰᠢᠨ᠎ᠢ ᠰᠡᠷᠭᠡᠢᠯᠡᠨ ᠬᠠᠮᠠᠭᠠᠯᠠᠬᠤ ᠪᠠ ᠭᠠᠯ᠎ᠤᠨ ᠠᠶᠤᠯ᠎ᠢ ᠰᠡᠷᠭᠡᠢᠯᠡᠬᠦ ᠠᠷᠭ᠎ᠠ ᠬᠡᠮᠵᠢᠶ᠎ᠡ ᠵᠡᠷᠭᠡ᠎ᠶᠢ ᠰᠠᠢᠲᠤᠷ ᠬᠢᠬᠦ᠎ᠶᠢ ᠮᠡᠳᠡᠭᠳᠡᠬᠦ ᠬᠡᠷᠡᠭᠲᠡᠢ᠃

ᠠᠷᠪᠠᠨ ᠲᠠᠪᠤᠳᠤᠭᠠᠷ ᠵᠤᠷᠪᠤᠰ   ᠮᠡᠳᠡᠭᠡ ᠵᠠᠩᠭᠢ᠎ᠶᠢ ᠳᠠᠩᠰᠠᠯᠠᠬᠤ ᠦᠶ᠎ᠡ᠎ᠳᠤ᠂ ᠬᠠᠤᠯᠢ ᠶᠣᠰᠣᠭᠠᠷ ᠴᠠᠭᠠᠵᠠᠯᠠᠬᠤ᠂ ᠬᠢᠵᠠᠭᠠᠷᠯᠠᠨ ᠵᠣᠭᠰᠤᠭᠠᠬᠤ ᠬᠠᠤᠯᠢ᠎ᠠᠴᠠ ᠵᠥᠷᠢᠴᠡᠭᠰᠡᠨ ᠪᠦᠲᠦᠭᠡᠨ ᠪᠠᠢᠭᠤᠯᠤᠯᠲᠠ᠎ᠶᠢᠨ ᠠᠵᠢᠯᠯᠠᠭ᠎ᠠ ᠪᠠ ᠮᠡᠳᠡᠭᠡ ᠵᠠᠩᠭᠢ᠎ᠶᠢᠨ ᠳᠠᠩᠰᠠᠯᠠᠯ᠎ᠤᠨ ᠲᠣᠭᠲᠠᠭᠠᠯ᠎ᠳᠤ ᠨᠡᠢᠴᠡᠬᠦ ᠦᠭᠡᠢ ᠪᠤᠰᠤᠳ ᠪᠠᠢᠳᠠᠯ᠎ᠳᠤ ᠬᠠᠷᠢᠶᠠᠯᠠᠭᠳᠠᠬᠤ᠎ᠶᠢ ᠣᠯᠵᠤ ᠮᠡᠳᠡᠪᠡᠯ᠂ ᠪᠦᠲᠦᠭᠡᠨ ᠪᠠᠶ᠋ᠢᠭᠤᠯᠬᠤ  ᠨᠢᠭᠡᠴᠢ (ᠥᠮᠴᠢᠲᠡᠨ)᠎ᠳᠤ ᠮᠡᠳᠡᠭᠳᠡᠵᠦ᠂ ᠤᠷᠢᠳᠠᠪᠠᠷ ᠰᠢᠢᠳᠪᠦᠷᠢᠯᠡᠬᠦ᠎ᠶᠢ ᠥᠷᠨᠢᠭᠦᠯᠬᠦ᠎ᠶᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢ ᠳ᠋ᠤᠨᠢ ᠮᠡᠳᠡᠭᠦᠯᠬᠦ ᠬᠡᠷᠡᠭᠲᠡᠢ᠃

ᠠᠷᠪᠠᠨ ᠵᠢᠷᠭᠤᠳᠤᠭᠠᠷ ᠵᠤᠷᠪᠤᠰ   ᠬᠣᠲᠠ᠎ᠶ᠋ᠢᠨ ᠭᠣᠣᠯᠴᠢ ᠪᠠᠯᠭᠠᠰᠤ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠡᠳᠦᠷ ᠲᠤᠲᠤᠮ᠎ᠤᠨ ᠠᠮᠤᠷ ᠲᠦᠪᠰᠢᠨ᠎ᠤ ᠲᠣᠭᠣᠷᠢᠨ ᠪᠠᠢᠴᠠᠭᠠᠯᠲᠠ᠎ᠪᠠᠨ ᠴᠢᠩᠭᠠᠳᠬᠠᠵᠤ᠂ ᠬᠠᠷᠢᠶ᠎ᠠ ᠣᠷᠣᠨ᠎ᠤ ᠨᠡᠢᠭᠡᠮ ᠲᠣᠭᠣᠷᠢᠭ᠋ ᠪᠤᠶᠤ ᠠᠳᠠᠯ ᠠᠬᠤᠢ᠎ᠶᠢᠨ ᠦᠢᠯᠡᠴᠢᠯᠡᠭᠡᠨ᠎ᠤ ᠠᠵᠤ ᠠᠬᠤᠢᠯᠠᠯ᠎ᠳᠤ ᠨᠠᠢᠳᠠᠨ ᠲᠣᠭᠣᠷᠢᠨ ᠪᠠᠢᠴᠠᠭᠠᠵᠤ᠂ ᠲᠣᠭᠣᠷᠢᠨ ᠪᠠᠢᠴᠠᠭᠠᠭᠠᠳ ᠢᠯᠡᠷᠡᠭᠦᠯᠦᠭᠰᠡᠨ ᠠᠰᠠᠭᠤᠳᠠᠯ᠎ᠢ ᠬᠠᠤᠯᠢ ᠲᠣᠭᠲᠠᠭᠠᠯ ᠶᠣᠰᠣᠭᠠᠷ ᠬᠠᠮᠵᠢᠨ ᠤᠷᠢᠳᠠᠪᠠᠷ ᠰᠢᠢᠳᠪᠦᠷᠢᠯᠡᠬᠦ ᠬᠡᠷᠡᠭᠲᠡᠢ᠄

(ᠨᠢᠭᠡ) ᠮᠡᠳᠡᠭᠡ ᠵᠠᠩᠭᠢ ᠳᠠᠩᠰᠠᠯᠠᠭᠤᠯᠤᠭᠰᠠᠨ ᠦᠭᠡᠢ᠂ ᠬᠢᠵᠠᠭᠠᠷᠯᠠᠭᠰᠠᠨ ᠲᠣᠭ᠎ᠠ᠎ᠠᠴᠠ ᠳᠣᠷᠣᠭ᠍ᠰᠢ ᠵᠢᠵᠢᠭ ᠬᠡᠯᠪᠡᠷᠢ᠎ᠶᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶᠢᠨ ᠠᠵᠢᠯᠯᠠᠭ᠎ᠠ᠎ᠶᠢ ᠳᠤᠷ᠎ᠠ᠎ᠪᠠᠷ᠎ᠢᠶᠠᠨ ᠬᠢᠵᠦ ᠪᠠᠢᠬᠤ᠎ᠶᠢ ᠣᠯᠵᠤ ᠮᠡᠳᠡᠪᠡᠯ᠂ ᠪᠠᠷᠢᠯᠭ᠎ᠠ ᠪᠠᠷᠢᠭᠤᠯᠬᠤ ᠨᠢᠭᠡᠴᠢ ( ᠥᠮᠴᠢᠲᠡᠨ ) ᠎ᠢ ᠰᠢᠮᠳᠠᠭᠤᠯᠤᠨ ᠲᠣᠭᠲᠠᠭᠠᠯ ᠶᠣᠰᠣᠭᠠᠷ ᠮᠡᠳᠡᠭᠡ ᠵᠠᠩᠭᠢ᠎ᠶᠢᠨ ᠳᠠᠩᠰᠠᠯᠠᠯ᠎ᠢ ᠭᠦᠢᠴᠡᠳᠬᠡᠨ᠎ᠡ;

(ᠬᠣᠶᠠᠷ)ᠬᠢᠵᠠᠭᠠᠷᠯᠠᠭᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶᠢᠨ ᠢᠨᠵᠧᠨᠧᠷᠢᠩ ᠨᠢ ᠰᠡᠷᠡᠮᠵᠢ᠎ᠶᠢᠨ ᠲᠡᠮᠳᠡᠭ ᠨᠠᠭᠠᠭᠰᠠᠨ᠂ ᠪᠢᠲᠡᠭᠦᠮᠵᠢᠯᠡᠭᠰᠡᠨ ᠠᠷᠭ᠎ᠠ ᠬᠡᠮᠵᠢᠶ᠎ᠡ ᠠᠪᠤᠭᠰᠠᠨ ᠦᠭᠡᠢ ᠵᠡᠷᠭᠡ ᠪᠠᠢᠳᠠᠯ᠎ᠢ ᠣᠯᠵᠤ ᠮᠡᠳᠡᠪᠡᠯ᠂ ᠤᠷᠢᠳᠠᠪᠠᠷ ᠰᠢᠢᠳᠪᠦᠷᠢᠯᠡᠬᠦ᠎ᠶᠢ ᠬᠠᠪᠰᠤᠷᠤᠨ ᠥᠷᠨᠢᠭᠦᠯᠬᠦ᠎ᠶᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠳᠠᠷᠤᠢ ᠲᠦᠷᠭᠡᠨ ᠮᠡᠳᠡᠭᠦᠯᠦᠨ᠎ᠡ;

(ᠭᠤᠷᠪᠠ) ᠬᠠᠤᠯᠢ᠎ᠶᠢ ᠵᠥᠷᠢᠴᠡᠨ ᠪᠦᠲᠦᠭᠡᠨ ᠪᠠᠢᠭᠤᠯᠤᠭᠰᠠᠨ ( ᠨᠣᠷᠭᠠᠭ᠍ᠰᠠᠨ) ᠎ᠢ ᠣᠯᠵᠤ ᠮᠡᠳᠡᠪᠡᠯ ᠠᠵᠢᠯᠯᠠᠭ᠎ᠠ᠎ᠶᠢ ᠤᠷᠢᠳᠠᠪᠠᠷ ᠬᠠᠮᠵᠢᠯᠴᠠᠨ ᠥᠷᠨᠢᠭᠦᠯᠬᠦ᠎ᠶᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠳᠠᠷᠤᠢᠬᠠᠨ ᠮᠡᠳᠡᠭᠦᠯᠬᠦ ᠬᠡᠷᠡᠭᠲᠡᠢ᠃

ᠡᠮᠦᠨᠡᠬᠢ ᠵᠤᠷᠪᠤᠰ᠎ᠲᠤ ᠲᠣᠭᠲᠠᠭᠠᠭᠰᠠᠨ ᠪᠠᠢᠳᠠᠯ᠎ᠳᠤ ᠬᠠᠷᠢᠶᠠᠯᠠᠭᠳᠠᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠬᠠᠤᠯᠢ ᠶᠣᠰᠣᠭᠠᠷ ᠰᠢᠢᠳᠪᠦᠷᠢᠯᠡᠨ᠎ᠡ ; ᠡᠭᠦᠷᠭᠡ ᠬᠠᠷᠢᠭᠤᠴᠠᠯᠭ᠎ᠠ᠎ᠶᠢᠨ ᠬᠡᠪᠴᠢᠶ᠎ᠡ᠎ᠠᠴᠠ ᠬᠡᠲᠦᠷᠡᠭᠰᠡᠨ ᠪᠠᠢᠪᠠᠯ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠬᠤᠲᠠ᠎ᠶᠢᠨ ᠬᠠᠮᠢᠶᠠᠷᠤᠯᠲᠠ᠂ ᠳᠣᠲᠣᠭᠠᠳᠤ᠎ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃

ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ

ᠠᠷᠪᠠᠨ ᠳᠣᠯᠣᠳᠤᠭᠠᠷ ᠵᠤᠷᠪᠤᠰ  ᠡᠯ᠎ᠡ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠴᠢ 《ᠭᠤᠷᠪᠠ᠎ᠶᠢ ᠬᠠᠮᠢᠶᠠᠷᠬᠤ᠎ᠳᠤ ᠭᠤᠷᠪᠠ᠎ᠶᠢ ᠡᠷᠬᠡᠪᠰᠢ ᠭᠦᠢᠴᠡᠳᠬᠡᠬᠦ》 ᠱᠠᠭᠠᠷᠳᠠᠯᠭ᠎ᠠ ᠶᠣᠰᠣᠭᠠᠷ᠂ ᠠᠵᠢᠯ ᠲᠥᠷᠥᠯ᠎ᠤᠨ ᠬᠦᠷᠢᠶ᠎ᠡ ᠴᠠᠷᠠᠭ᠎ᠠ᠎ᠶ᠋ᠢᠨ ᠬᠢᠵᠠᠭᠠᠷ ᠲᠤᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠭᠠᠯ ᠨᠣᠴᠣᠭᠠᠵᠤ ᠭᠠᠩᠨᠠᠬᠤ᠂ ᠬᠢᠵᠠᠭᠠᠷ᠎ᠲᠠᠢ ᠣᠷᠣᠨ ᠵᠠᠢ ᠵᠡᠷᠭᠡ ᠠᠶᠤᠯ ᠶᠡᠬᠡᠲᠡᠢ ᠠᠵᠢᠯᠯᠠᠬᠤ ᠭᠣᠭᠴᠣᠭ᠎ᠠ᠎ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ᠎ᠶᠢ ᠴᠢᠩᠳᠠᠯᠠᠬᠤ ᠬᠡᠷᠡᠭ᠌ᠲᠡᠶ᠃

ᠠᠷᠪᠠᠨ ᠨᠠᠶ᠋ᠮᠠᠳᠤᠭᠠᠷ ᠵᠤᠷᠪᠤᠰ  ᠡᠯ᠎ᠡ ᠠᠢᠮᠠᠭ ᠬᠣᠲᠠ ᠲᠤᠰ ᠠᠷᠭ᠎ᠠ᠎ᠶ᠋ᠢ ᠦᠨᠳᠦᠰᠦᠯᠡᠨ᠂ ᠲᠤᠰ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠪᠣᠳᠠᠲᠠᠶ ᠬᠡᠷᠡᠭ᠌ᠵᠢᠭᠦᠯᠬᠦ᠌ ᠨᠠᠷᠢᠨ ᠳᠦᠷᠢᠮ ᠲᠣᠭ᠍ᠲᠠᠭᠠᠵᠤ ᠪᠣᠯᠤᠨ᠎ᠠ᠃

ᠠᠷᠪᠠ ᠶᠢᠰᠦᠳᠦᠭᠡᠷ ᠵᠤᠷᠪᠤᠰ  ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠢᠨᠵᠧᠨᠧᠷᠢᠩ᠎ᠤᠨ ᠠᠶᠤᠯ ᠦᠭᠡᠶ ᠦᠢᠯᠡᠳᠪᠦᠷᠢᠯᠡᠯ᠎ᠦᠨ ᠪᠡᠯᠡ ᠮᠥᠩᠭᠥ᠌ ᠪᠣᠯᠤᠨ ᠠᠵᠢᠯᠲᠠᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠨᠥᠬᠥᠴᠡᠯ᠎ᠲᠡᠶ ᠭᠠᠵᠠᠷ ᠣᠷᠣᠨ ᠨᠢ ᠭᠤᠷᠪᠠᠳᠠᠬᠢ ᠡᠲᠡᠭᠡᠳ᠎ᠦᠨ ᠮᠡᠷᠭᠡᠵᠢᠯ᠎ᠦᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ᠎ᠢ ᠠᠪᠴᠤ᠌ ᠪᠠᠢᠭᠠᠳ ᠬᠢᠵᠠᠭᠠᠷᠯᠠᠭ᠍ᠰᠠᠨ ᠲᠣᠭ᠎ᠠ᠎ᠠᠴᠠ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠪᠠᠷᠢᠯᠭ᠎ᠠ᠎ᠶ᠋ᠢᠨ ᠠᠶᠤᠯ ᠦᠭᠡᠶ᠎ᠶ᠋ᠢᠨ ᠬᠠᠮᠢᠶᠠᠷᠤᠯᠲᠠ᠎ᠶ᠋ᠢ ᠬᠠᠪᠰᠤᠷᠤᠨ ᠥᠷᠨᠢᠭᠦᠯᠵᠦ᠍ ᠪᠣᠯᠤᠨ᠎ᠠ᠃ ᠲᠤᠭᠠᠨ᠎ᠤ ᠤᠶᠤᠨᠴᠢᠯᠠᠭ᠍ᠰᠠᠨ ᠪᠠᠢᠭᠤᠯᠤᠯᠳᠠ᠎ᠶ᠋ᠢ ᠴᠢᠩᠭᠠᠳᠭᠠᠵᠦ᠍᠂ ᠮᠡᠳᠡᠭᠡ ᠵᠠᠩᠬᠢ ᠲᠠᠮᠵᠢᠭᠤᠯᠬᠤ ᠪᠠ ᠠᠰᠠᠭᠤᠳᠠᠯ᠎ᠢ ᠱᠢᠢᠳᠪᠦᠷᠢᠯᠡᠬᠦ᠌ ᠵᠠᠮ ᠮᠦᠷ᠎ᠢ ᠱᠢᠯᠤᠭᠤᠳᠭᠠᠨ᠂ ᠮᠡᠳᠡᠭᠡ ᠵᠠᠩᠬᠢ᠎ᠶ᠋ᠢ ᠬᠠᠮᠳᠤᠪᠡᠷ ᠭᠦᠷᠳᠡᠬᠦ᠌᠎ᠶ᠋ᠢ ᠴᠢᠩᠭᠠᠷᠠᠭᠤᠯᠤᠨ᠎ᠠ᠃

ᠬᠣᠷᠢᠳᠤᠭᠠᠷ ᠵᠤᠷᠪᠤᠰ  ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠲᠣᠭᠲᠠᠭᠠᠯ ᠨᠢ ᠲᠣᠰ ᠠᠷᠭ᠎ᠠ ᠯᠤᠭ᠎ᠠ ᠨᠢᠭᠡᠳᠦᠯ ᠦᠭᠡᠢ ᠪᠠᠢᠪᠠᠯ᠂ ᠲᠡᠷᠡ ᠲᠣᠭᠲᠠᠭᠠᠯ᠎ᠢ ᠵᠢᠷᠤᠮᠯᠠᠨ᠎ᠠ᠃ 

ᠲᠣᠰ ᠠᠷᠭ᠎ᠠ᠎ᠶ᠋ᠢ 2025 ᠣᠨ᠎ᠤ 9 ᠳ᠋ᠤᠭᠡᠷ ᠰᠠᠷ᠎ᠠ᠎ᠶ᠋ᠢᠨ 5 ᠎ᠤ ᠡᠳᠦᠷ᠎ᠠᠴᠠ ᠡᠬᠢᠯᠡᠨ ᠬᠡᠷᠡᠭ᠌ᠵᠢᠭᠦᠯᠵᠦ᠍᠂ ᠬᠦᠴᠦᠨ᠎ᠲᠠᠢ ᠬᠤᠭᠤᠴᠠᠭ᠎ᠠ᠎ᠨᠢ 2 ᠵᠢᠯ ᠪᠣᠯᠤᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ