ᠬᠤᠶᠠᠳᠤᠭ᠋ᠠᠷ ᠳᠡᠰ᠎ᠤᠨ ᠦᠨ᠎ᠡ ᠥᠷᠲᠡᠭ᠎ᠤᠨ ᠢᠨᠵᠧᠨᠧᠷ᠎ᠤᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠵᠢᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠮᠡᠳᠡᠭᠳᠡᠯ
2025-02-07

         ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ  ᠵᠠᠰᠠᠭ ᠵᠠᠬᠢᠷᠭ᠋ᠠᠨ᠎ᠤ ᠮᠡᠳᠡᠭᠳᠡᠯ

[2025 ] 16 ᠳ᠋ᠤᠭ᠋ᠠᠷ ᠲᠣᠭ᠋ᠠᠲᠤ

 

ᠡᠯ᠎ᠡ ᠠᠶ᠋ᠢᠮᠠᠭ ᠬᠤᠲᠠ (ᠮᠠᠨᠵᠤᠤᠷ ᠬᠤᠲᠠ᠂ ᠡᠷᠢᠶᠡᠨ ᠬᠤᠲᠠ) ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠬᠤᠯᠪᠣᠭᠳᠠᠯ ᠪᠦᠬᠦᠢ  ᠪᠠᠢ᠌ᠭᠤᠯᠭ᠎ᠠ ᠨᠢᠭᠡᠴᠢ᠎ᠳᠤ ᠄

     ᠮᠠᠨ᠎ᠤ ᠣᠷᠣᠨ᠎ᠤ ᠬᠤᠶᠠᠳᠤᠭ᠋ᠠᠷ ᠳᠡᠰ᠎ᠤᠨ ᠦᠨ᠎ᠡ  ᠥᠷᠲᠡᠭ᠎ᠤᠨ  ᠢᠨᠵᠧᠨᠧᠷ (ᠰᠢᠷᠣᠶ ᠮᠣᠳᠣᠨ ᠎ᠤ ᠪᠠᠷᠢᠯᠭ᠎ᠠ ᠵᠢᠨ ᠢᠨᠵᠧᠨᠧᠷᠢᠩ᠎ᠤᠨ ᠲᠤᠰᠬᠠᠶ ᠮᠡᠷᠭᠡᠵᠢᠯ᠂ ᠤᠭᠰᠠᠷᠠᠬᠤ ᠢᠨᠵᠧᠨᠧᠷᠢᠩ᠎ᠤᠨ ᠲᠤᠰᠬᠠᠶ ᠮᠡᠷᠭᠡᠵᠢᠯ) (ᠳᠣᠷᠣᠭᠰᠢ  ᠦᠨᠡᠮᠯᠡᠬᠦ ᠡᠵᠡᠮᠰᠢᠭᠴᠢ ᠭᠡᠵᠦ ᠲᠣᠪᠴᠢᠯᠠᠨ᠎ᠠ)᠎ᠤᠨ ᠳᠠᠩᠰᠠᠯᠠᠭᠤᠯᠬᠤ  ᠠᠵᠢᠯ᠎ᠢ 2021 ᠣᠨ᠎ᠳᠤ ᠡᠬᠢᠯᠡᠭᠦᠯᠵᠦ᠂ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠭᠢᠯᠡᠬᠦ ᠲᠠᠮᠠᠭ᠎ᠠ ᠵᠢᠨ ᠬᠦᠴᠦᠨ  ᠪᠦᠬᠦᠢ  ᠬᠤᠭᠤᠴᠠᠭ᠎ᠠ ᠎ᠨᠢ 4 ᠵᠢᠯ ᠪᠠᠶ᠋ᠢᠵᠤ᠂ ᠠᠩᠬ᠎ᠠ ᠳᠠᠩᠰᠠᠯᠠᠭᠤᠯᠤᠭᠰᠠᠨ ᠬᠥᠮᠦᠰ᠎ᠤᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠭᠢᠯᠡᠬᠦ ᠲᠠᠮᠠᠭ᠎ᠠ ᠎ᠨᠢ  ᠵᠠᠯᠭ᠋ᠠᠭ᠎ᠠ᠎ᠪᠠᠷ ᠬᠤᠭᠤᠴᠠᠭ᠎ᠠ᠎ᠨᠢ ᠲᠤᠯᠵᠤ᠂ ᠰᠢᠯᠭ᠋ᠠᠯᠲᠠ᠂ ᠳᠠᠩᠰᠠᠯᠠᠭᠤᠯᠤᠯᠲᠠ ᠪᠠ  ᠦᠷᠭᠦᠯᠵᠢᠯᠡᠭᠰᠡᠨ ᠰᠤᠷᠭ᠋ᠠᠨ ᠬᠥᠮᠥᠵᠢᠯ ᠬᠦᠷᠲᠡᠭᠰᠡᠨ ᠪᠠᠶ᠋ᠢᠳᠠᠯ ᠎ᠢ  ᠶᠡᠷᠦᠩᠬᠡᠶ᠋ᠢᠯᠡᠨ  ᠪᠣᠳᠣᠯᠬᠢᠯᠠᠭ᠋ᠠᠳ ᠂  ᠦᠨᠡᠮᠯᠡᠬᠦ ᠡᠵᠡᠮᠰᠢᠭᠴᠢ ᠵᠢᠨ ᠠᠵᠢᠯ ᠡᠷᠭᠢᠯᠡᠬᠦ  ᠠᠵᠢᠯᠯᠠᠭ᠎ᠠ  ᠵᠢ  ᠬᠡᠪ ᠵᠶ᠋ᠡᠷ ᠥᠷᠨᠢᠭᠦᠯᠬᠦ ᠵᠢ  ᠪᠠᠲᠤᠯᠠᠬᠤ ᠵᠢᠨ ᠲᠥᠯᠥᠭᠡ᠂ ᠮᠠᠨ᠎ᠤ ᠲᠢᠩᠬᠢᠮ ᠎ᠨᠢ ᠦᠨᠡᠮᠯᠡᠬᠦ ᠡᠵᠡᠮᠰᠢᠭᠴᠢ ᠵᠢᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠭᠢᠯᠡᠬᠦ ᠲᠠᠮᠠᠭ᠎ᠠ ᠵᠢᠨ ᠬᠦᠴᠦᠨ  ᠪᠦᠬᠦᠢ  ᠬᠤᠭᠤᠴᠠᠭ᠎ᠠ  ᠵᠢ ᠤᠷᠲᠤᠳᠬᠠᠬᠤ᠎ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

     ᠨᠢᠭᠡ᠂  ᠦᠨᠡᠮᠯᠡᠬᠦ ᠡᠵᠡᠮᠰᠢᠭᠴᠢ ᠵᠢᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠵᠢᠨ ᠬᠦᠴᠦᠨ  ᠪᠦᠬᠦᠢ  ᠬᠤᠭᠤᠴᠠᠭ᠎ᠠ᠎ᠨᠢ 2025 ᠣᠨ᠎ᠤ 6 ᠳ᠋ᠤᠭ᠋ᠠᠷ ᠰᠠᠷ᠎ᠠ ᠵᠢᠨ 29᠎ᠤ ᠡᠳᠦᠷ  ᠳᠠᠭᠤᠰᠬᠤ ᠵᠢ ᠂ 2025 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ ᠨᠢᠭᠡᠳᠦᠯᠲᠡᠶ ᠬᠤᠶ᠋ᠢᠰᠢᠯᠠᠭᠤᠯᠵᠤ᠂ ᠳᠠᠩᠰᠠᠯᠠᠭᠤᠯᠤᠭᠰᠠᠨ ᠦᠨᠡᠮᠯᠡᠯ᠎ᠤᠨ ᠬᠦᠴᠦᠨ  ᠪᠦᠬᠦᠢ  ᠬᠤᠭᠤᠴᠠᠭ᠎ᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠠᠪᠴᠠᠩ᠎ᠠᠴᠠ  ᠠᠶᠠᠨᠳᠠᠭ᠋ᠠᠨ  ᠬᠣᠢ᠌ᠰᠢᠯᠠᠭᠤᠯᠵᠤ ᠂ ᠤᠤᠯ᠎ᠤᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ᠎ᠨᠢ ᠦᠷᠭᠦᠯᠵᠢᠯᠡᠨ ᠬᠦᠴᠦᠨ᠎ᠲᠠᠢ ᠪᠣᠯᠣᠨ᠎ᠠ᠃

     ᠬᠤᠶᠠᠷ᠂  ᠦᠨᠡᠮᠯᠡᠬᠦ ᠡᠵᠡᠮᠰᠢᠭᠴᠢ᠎ᠠᠴᠠ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠵᠢᠨ ᠬᠦᠴᠦᠨ  ᠪᠦᠬᠦᠢ  ᠬᠤᠭᠤᠴᠠᠭ᠎ᠠ᠎ᠨᠢ ᠳᠦᠭᠦᠷᠬᠦ᠎ᠠᠴᠠ ᠡᠮᠦᠨ᠎ᠡ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ ᠲᠤᠰᠢᠶᠠᠵᠤ᠂ ᠳᠠᠩᠰᠠᠯᠠᠭᠤᠯᠤᠭᠰᠠᠨ ᠦᠨᠡᠮᠯᠡᠯ  ᠪᠠ ᠠᠵᠢᠯ ᠡᠷᠬᠢᠯᠡᠬᠦ ᠲᠠᠮᠠᠭ᠎ᠠ  ᠵᠢᠨ ᠬᠦᠴᠦᠨ  ᠪᠦᠬᠦᠢ  ᠬᠤᠭᠤᠴᠠᠭ᠎ᠠ ᠎ᠨᠢ ᠳᠦᠭᠦᠷᠬᠦ ᠎ᠠᠴᠠ ᠡᠮᠦᠨ᠎ᠡ  ᠦᠷᠭᠦᠯᠵᠢᠯᠡᠨ ᠳᠠᠩᠰᠠᠯᠠᠭᠤᠯᠬᠤ ᠎ᠪᠠᠷ ᠭᠤᠶᠤᠴᠢᠯᠠᠭᠰᠠᠨ  ᠦᠭᠡᠶ  ᠪᠣᠯ ᠬᠤᠭᠤᠴᠠᠭ᠎ᠠ ᠎ᠨᠢ ᠥᠩᠭᠡᠷᠡᠪᠡᠯ ᠠᠶᠠᠨᠳᠠᠭ᠋ᠠᠨ ᠬᠦᠴᠦᠨ ᠦᠭᠡᠶ ᠪᠣᠯᠤᠨ᠎ᠠ᠃

     ᠭᠤᠷᠪᠠ᠂ 《ᠨᠢᠭᠡᠳᠦᠭᠡᠷ ᠳᠡᠰ᠎ᠤᠨ  ᠦᠨ᠎ᠡ  ᠥᠷᠲᠡᠭ᠎ᠤᠨ  ᠢᠨᠵᠧᠨᠧᠷ᠎ᠢ  ᠳᠠᠩᠰᠠᠯᠠᠭᠤᠯᠤᠨ ᠬᠠᠮᠢᠶᠠᠷᠬᠤ  ᠬᠣᠯᠪᠣᠭᠳᠠᠯ ᠪᠦᠬᠦᠢ ᠵᠦᠢ᠍ᠯᠡᠰ᠎ᠤᠨ  ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (  ᠥᠪᠥᠷ ᠮᠣᠩᠭᠤᠯ᠎ᠤᠨ ᠥᠪᠡᠷᠲᠡᠭᠡᠨ  ᠵᠠᠰᠠᠬᠤ ᠣᠷᠣᠨ ᠎ᠤ ᠣᠷᠣᠨ ᠰᠠᠭᠤᠴᠠ ᠪᠠ ᠬᠤᠲᠠ ᠬᠥᠳᠡᠭᠡ  ᠵᠢᠨ ᠪᠦᠲᠦᠭᠡᠨ ᠪᠠᠶ᠋ᠢᠭᠤᠯᠤᠯᠲᠠ  ᠵᠢᠨ  ᠶᠠᠮᠤᠨ᠎ᠤ ᠠᠯᠪᠠᠨ  ᠲᠢᠩᠬᠢᠮ᠎ᠤᠨ ᠪᠠᠷᠢᠮᠵᠢᠶ᠎ᠠ [2020] 26 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ  ᠵᠶ᠋ᠠᠷ ᠯᠠᠪᠯᠠᠯᠲᠠ ᠪᠣᠯᠭ᠋ᠠᠵᠤ᠂  ᠦᠨᠡᠮᠯᠡᠬᠦ ᠡᠵᠡᠮᠰᠢᠭᠴᠢ᠎ᠠᠴᠠ ᠦᠷᠭᠦᠯᠵᠢᠯᠡᠨ ᠳᠠᠩᠰᠠᠯᠠᠭᠤᠯᠬᠤ ᠎ᠪᠠᠷ ᠭᠤᠶᠤᠴᠢᠯᠠᠬᠤ ᠦᠶ᠎ᠡ᠎ᠳᠤ ᠳᠡᠭᠡᠷ᠎ᠡ  ᠨᠢᠭᠡ  ᠳᠠᠩᠰᠠᠯᠠᠭᠤᠯᠤᠭᠰᠠᠨ ᠬᠦᠴᠦᠨ  ᠪᠦᠬᠦᠢ ᠬᠤᠭᠤᠴᠠᠭ᠋ᠠᠨ᠎ᠳᠠᠬᠢ  ᠦᠷᠭᠦᠯᠵᠢᠯᠡᠭᠰᠡᠨ  ᠰᠤᠷᠭ᠋ᠠᠨ ᠬᠥᠮᠥᠵᠢᠯ᠎ᠤᠨ ᠰᠤᠷᠬᠤ ᠴᠠᠭ᠎ᠢ 120 ᠰᠤᠷᠤᠯᠭ᠎ᠠ  ᠵᠢᠨ  ᠴᠠᠭ ᠎ᠠᠴᠠ ᠳᠤᠲᠠᠭᠤ  ᠪᠠᠢ᠌ᠯᠭ᠋ᠠᠵᠤ ᠪᠣᠯᠬᠤ ᠦᠭᠡᠢ᠂ ᠬᠤᠶᠠᠷ ᠲᠤᠰᠬᠠᠶ ᠮᠡᠷᠭᠡᠵᠢᠯ ᠎ᠤᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ  ᠰᠤᠷᠬᠤ ᠴᠠᠭ᠎ᠢ ᠳᠠᠪᠬᠤᠷᠳᠠᠭᠤᠯᠤᠨ ᠪᠤᠳᠤᠵᠤ ᠪᠣᠯᠤᠨ᠎ᠠ᠃

 

        2025 ᠣᠨ᠎ᠤ 1  ᠳ᠋ᠦ᠍ᠭᠡᠷ  ᠰᠠᠷ᠎ᠠ ᠵᠢᠨ 17᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ