ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠭ᠎ᠤᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ ᠵᠢ ᠳᠠᠬᠢᠨ ᠬᠢᠨᠠᠨ ᠲᠣᠭᠲᠠᠭ᠋ᠠᠬᠤ ᠬᠤᠯᠪᠣᠭᠳᠠᠯ ᠪᠦᠬᠦᠢ ᠠᠵᠢᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠤᠨ ᠰᠠᠨᠠᠭᠤᠯᠤᠮᠵᠢ
2025-03-27

     ᠠᠵᠤ ᠠᠬᠤᠶ᠋ᠢᠯᠠᠯ᠎ᠢ ᠳᠡᠮᠵᠢᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠵᠠᠷᠴᠢᠮ ᠶᠣᠰᠣᠭ᠋ᠠᠷ᠂ ᠣᠶ᠋ᠢᠷ᠎ᠠ ᠵᠢᠨ ᠬᠤᠭᠤᠴᠠᠭ᠋ᠠᠨ᠎ᠤ ᠮᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠭ᠎ᠤᠨ  ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ (ᠳᠣᠷᠣᠭᠰᠢ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ ᠭᠡᠵᠦ ᠲᠣᠪᠴᠢᠯᠠᠨ᠎ᠠ) ᠵᠢᠨ ᠳᠠᠬᠢᠨ ᠬᠢᠨᠠᠨ ᠲᠣᠭᠲᠠᠭ᠋ᠠᠬᠤ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ᠂ ᠨᠢᠭᠡᠨᠲᠡ ᠬᠠᠭᠤᠴᠢᠨ ᠪᠠᠷᠢᠮᠵᠢᠶ᠎ᠠ ᠶᠣᠰᠣᠭ᠋ᠠᠷ ᠬᠢᠨᠠᠨ  ᠣᠯᠣᠭᠰᠠᠨ  ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ  ᠠᠵᠦ ᠠᠬᠤᠢ᠌ᠯᠠᠯ᠎ᠨᠢ᠂ ᠪᠠᠢ᠌ᠴᠠᠭ᠋ᠠᠨ ᠰᠢᠯᠭ᠋ᠠᠬᠤ ᠪᠠᠢ᠌ᠭᠣᠯᠣᠮᠵᠢ ᠵᠢᠨ ᠬᠢᠷᠢ ᠬᠡᠮ᠎ᠤᠨ  ᠰᠢᠯᠵᠢᠯᠲᠡ ᠵᠢᠨ  ᠬᠣᠭᠣᠴᠠᠭ᠎ᠠ ᠳᠠᠭᠣᠰᠬᠣ᠎ᠠᠴᠠ ᠡᠮᠣᠨ᠎ᠡ (2025 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ) ᠪᠥᠬᠦ ᠲᠤᠰᠬᠠᠶ ᠵᠦᠢ᠍ᠯ᠎ᠤᠨ ᠬᠢᠷᠢ ᠬᠡᠮ᠎ᠢ ᠳᠠᠭᠢᠵᠤ ᠬᠢᠨᠠᠨ ᠲᠣᠭᠲᠠᠭ᠋ᠠᠬᠤ ᠵᠢ ᠪᠡᠶᠡᠯᠡᠭᠦᠯᠦᠭᠰᠡᠨ ᠥᠬᠡᠶ ᠪᠠᠶ᠋ᠢᠪᠠᠯ᠂ ᠰᠢᠨ᠎ᠡ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠭᠰᠠᠨ ᠲᠤᠰᠬᠠᠶ ᠵᠦᠢ᠍ᠯ᠎ᠤᠨ ᠬᠢᠷᠢ ᠬᠡᠮ᠎ᠢ ᠳᠠᠭᠢᠵᠤ ᠬᠢᠨᠠᠨ ᠲᠣᠭᠲᠠᠭ᠋ᠠᠬᠤ ᠵᠢ ᠵᠥᠪᠰᠢᠶᠡᠷᠡᠵᠦ᠂ 5 ᠵᠢᠯ᠎ᠤᠨ ᠬᠦᠴᠦᠨ᠎ᠲᠠᠢ ᠬᠢᠷᠢ ᠬᠡᠮ᠎ᠤᠨ ᠦᠨᠡᠮᠯᠡᠯ᠎ᠢ ᠬᠠᠷᠭᠤᠭᠤᠯᠤᠨ ᠣᠯᠭᠤᠨ᠎ᠠ ᠂  ᠰᠢᠨ᠎ᠡ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ  ᠦᠯᠣ  ᠬᠠᠩᠭ᠋ᠠᠬᠤ ᠲᠤᠰᠬᠠᠶ ᠵᠦᠢ᠍ᠯ᠎ᠤᠨ ᠬᠢᠷᠢ ᠬᠡᠮ᠎ᠢ 2025 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠳᠠᠭᠢᠵᠤ  ᠰᠢᠨ᠎ᠡ᠎ᠪᠠᠷ  ᠬᠢᠨᠠᠨ ᠲᠣᠭᠲᠠᠭ᠋ᠠᠬᠤ ᠶᠠᠪᠤᠴᠠ ᠵᠢᠴᠢ ᠭᠤᠶᠤᠴᠢᠯᠠᠬᠤ ᠮᠠᠲ᠋ᠧᠷᠢᠶᠠᠯ ᠵᠶ᠋ᠡᠨ ᠲᠣᠰᠢᠶᠠᠵᠦ ᠭᠣᠶᠣᠴᠢᠯᠠᠭ᠋ᠠᠳ᠂ ᠬᠢᠨᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ᠎ᠤ ᠳᠠᠷᠠᠭ᠎ᠠ  ᠳᠠᠭᠢᠵᠤ ᠬᠢᠨᠠᠨ  ᠲᠣᠭᠲᠠᠭ᠋ᠠᠬᠣ ᠵᠢ ᠵᠦᠪᠰᠢᠶᠡᠷᠡᠨ᠎ᠡ ᠂ ᠲᠣᠰ ᠲᠤᠰᠬᠠᠶ ᠵᠦᠢ᠍ᠯ᠎ᠤᠨ ᠬᠢᠷᠢ ᠬᠡᠮ᠎ᠢ 2025 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠳᠠᠭᠢᠵᠤ ᠬᠢᠨᠠᠨ ᠲᠣᠭᠲᠠᠭ᠋ᠠᠵᠤ ᠬᠢᠨᠠᠨ ᠵᠥᠪᠰᠢᠶᠡᠷᠡᠬᠦ᠎ᠠᠴᠠ ᠡᠮᠦᠨ᠎ᠡ ᠬᠦᠴᠦᠨ ᠥᠬᠡᠶ ᠪᠣᠯᠭ᠋ᠠᠨ᠎ᠠ᠃ 2025 ᠣᠨ᠎ᠤ 5  ᠳ᠋ᠤᠭ᠋ᠠᠷ  ᠰᠠᠷ᠎ᠠ ᠵᠢᠨ 1᠎ᠤ ᠡᠳᠦᠷ᠎ᠠᠴᠠ ᠡᠬᠢᠯᠡᠨ ᠬᠢᠨᠠᠨ  ᠵᠦᠪᠰᠢᠶᠡᠷᠡᠭᠰᠡᠨ ᠦᠭᠡᠢ᠎ᠪᠠᠷ ᠲᠠᠬᠢᠨ ᠬᠢᠨᠠᠨ ᠲᠣᠭᠲᠠᠭ᠋ᠠᠭᠰᠠᠨ  ᠲᠤᠰᠬᠠᠢ ᠲᠥᠷᠥᠯ᠎ᠤᠨ ᠬᠢᠷᠢ ᠬᠡᠮ᠎ᠢ  ᠠᠩᠬᠠᠨ᠎ᠤ ᠭᠣᠶᠣᠴᠢᠯᠠᠯ ᠵᠶ᠋ᠠᠷ ᠭᠦᠢ᠍ᠴᠡᠳᠬᠡᠨ᠎ᠡ ᠃  ᠬᠣᠯᠪᠣᠭᠳᠠᠯ ᠪᠦᠬᠦᠢ  ᠠᠵᠤ ᠠᠬᠤᠶ᠋ᠢᠯᠠᠯ  ᠴᠠᠭ ᠲᠣᠬᠠᠢ᠎ᠳᠤ᠎ᠨᠢ  ᠮᠠᠨ᠎ᠤ ᠲᠢᠩᠬᠢᠮ᠎ᠤᠨ ᠨᠡᠶ᠋ᠢᠲᠡᠯᠡᠭᠰᠡᠨ ᠵᠥᠪᠰᠢᠶᠡᠷᠡᠯ᠎ᠤᠨ  ᠠᠯᠪᠠᠨ ᠵᠠᠷ᠎ᠢ  ᠠᠩᠬᠠᠷᠤᠭ᠋ᠠᠷᠠᠢ᠃
 

    2025 ᠣᠨ᠎ᠤ 3  ᠳ᠋ᠤᠭ᠋ᠠᠷ  ᠰᠠᠷ᠎ᠠ ᠵᠢᠨ 24᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ