[ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠥᠪᠯᠡᠯᠭᠡ ᠥᠭᠬᠦ ᠦᠢ᠍ᠯᠡᠴᠢᠯᠡᠭᠡ] ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠢ᠌ᠩᠭᠤ ᠵᠢᠨ ᠠᠰᠠᠭᠤᠳᠠᠯ᠎ᠤᠨ ᠬᠠᠷᠢᠭᠤᠯᠲᠠ — ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢᠨ ᠬᠢᠷᠢ ᠬᠡᠮ᠎ᠢ ᠲᠠᠬᠢᠨ ᠬᠢᠨᠠᠨ ᠲᠣᠭᠲᠠᠭ᠋ᠠᠬᠤ ᠬᠣᠯᠪᠣᠭᠳᠠᠯ ᠪᠦᠬᠦᠢ ᠠᠰᠠᠭᠤᠳᠠᠯ (ᠨᠢᠭᠡ) (2024 ᠣᠨ᠎ᠤ ᠵᠢᠷᠭᠤᠳᠤᠭ᠋ᠠᠷ ᠬᠤᠭᠤᠴᠠᠭ᠎ᠠ)
2024-11-19

     ᠠᠰᠠᠭᠤᠯᠲᠠ 1᠄ ᠶᠠᠮᠠᠷ ᠶᠠᠮᠠᠷ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢᠨ ᠬᠢᠷᠢ ᠬᠡᠮ᠎ᠢ ᠲᠠᠬᠢᠨ ᠬᠢᠨᠠᠨ ᠲᠣᠭᠲᠠᠭ᠋ᠠᠬᠤ ᠴᠢᠬᠤᠯᠠᠲᠠᠢ ᠪᠣᠶ?

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ  ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠬᠢᠷᠢ ᠬᠡᠮ  ᠬᠢᠨᠠᠨ ᠣᠯᠭᠣᠭᠰᠠᠨ ᠮᠥᠷᠲᠡᠭᠡᠨ ᠬᠦᠴᠦᠨ᠎ᠲᠠᠢ ᠬᠤᠭᠤᠴᠠᠭ᠎ᠠ᠎ᠳᠤ  ᠪᠠᠢ᠌ᠭ᠎ᠠ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ᠃

     ᠠᠰᠠᠭᠤᠯᠲᠠ 2᠄ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢᠨ ᠭᠣᠣᠯ ᠪᠣᠯᠬᠤ ᠬᠡᠮᠵᠢᠭᠦᠷᠯᠢᠭ ᠲᠥᠬᠦᠭᠡᠷᠦᠮᠵᠢ ᠵᠢ ᠲᠦᠷᠢᠶᠡᠰᠦᠯᠡᠬᠦ ᠪᠤᠶᠤ ᠵᠢᠭᠡᠯᠡᠨ ᠬᠡᠷᠡᠭᠯᠡᠵᠦ ᠪᠣᠯᠣᠨ᠎ᠠ ᠤᠤ?

ᠪᠣᠯᠬᠤ ᠦᠭᠡᠢ᠃ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢᠨ ᠭᠣᠣᠯ ᠪᠣᠯᠬᠤ ᠬᠡᠮᠵᠢᠭᠦᠷᠯᠢᠭ ᠲᠥᠬᠦᠭᠡᠷᠦᠮᠵᠢ ᠵᠢ ᠥᠪᠡᠷ᠎ᠤᠨ᠎ᠬᠢᠨ ᠪᠠᠢ᠌ᠬᠤ ᠬᠡᠷᠡᠭᠳᠡᠢ ᠪᠥᠭᠡᠳ ᠬᠣᠯᠪᠣᠭᠳᠠᠯ ᠪᠦᠬᠦᠢ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠵᠤ᠂ ᠴᠠᠭ ᠲᠤᠬᠠᠢ᠎ᠳᠤᠨᠢ ᠰᠢᠯᠭ᠋ᠠᠨ ᠪᠠᠢ᠌ᠴᠠᠭ᠋ᠠᠵᠤ ᠬᠠᠷᠭᠤᠭᠤᠯᠤᠨ ᠲᠣᠭᠲᠠᠭ᠋ᠠᠬᠤ ᠬᠡᠷᠡᠭᠲᠡᠢ᠃

ᠠᠰᠠᠭᠤᠯᠲᠠ 3᠄ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢᠨ ᠬᠢᠷᠢ ᠬᠡᠮ᠎ᠢ ᠲᠠᠬᠢᠨ ᠬᠢᠨᠠᠨ ᠲᠣᠭᠲᠠᠭ᠋ᠠᠬᠤ᠎ᠳᠤ ᠲᠤᠷᠰᠢᠯᠲᠠ ᠵᠢᠨ ᠠᠵᠢᠯᠯᠠᠭ᠋ᠠᠨ᠎ᠤ ᠸᠢᠳᠢᠤ᠋ ᠵᠢ ᠲᠤᠰᠢᠶᠠᠬᠤ ᠴᠢᠬᠤᠯᠠᠲᠠᠢ ᠤᠤ?

ᠪᠦᠬᠦᠨ᠎ᠢ ᠬᠠᠩᠭ᠋ᠠᠬᠤ ᠴᠢᠬᠤᠯᠠ ᠦᠭᠡᠢ᠂ ᠵᠥᠪᠬᠡᠨ ᠤᠤᠯ᠎ᠤᠨ ᠬᠢᠷᠢ ᠬᠡᠮ᠎ᠳᠤ  ᠪᠦᠷᠢᠳᠦᠭᠦᠯᠦᠭᠰᠡᠨ ᠦᠭᠡᠢ᠂ ᠰᠢᠨ᠎ᠡ ᠪᠠᠷᠢᠮᠵᠢᠶ᠎ᠠ ᠵᠢᠨ ᠱᠠᠭ᠋ᠠᠷᠳᠠᠯᠭ᠎ᠠ ᠵᠢᠨ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠢ᠌ᠴᠠᠭ᠋ᠠᠨ ᠰᠢᠯᠭ᠋ᠠᠬᠤ ᠪᠣᠯᠵᠣᠯᠲᠤ ᠲᠣᠭ᠎ᠠ ᠵᠢ ᠬᠠᠩᠭ᠋ᠠᠬᠤ ᠴᠢᠬᠤᠯᠠᠲᠠᠢ ᠪᠠᠢ᠌ᠨ᠎ᠠ᠃

     ᠠᠰᠠᠭᠤᠯᠲᠠ 4᠄ ᠰᠢᠨ᠎ᠡ ᠪᠠᠷᠢᠮᠵᠢᠶ᠎ᠠ᠎ᠳᠤ ᠱᠠᠭ᠋ᠠᠷᠳᠠᠭᠰᠠᠨ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠢ᠌ᠴᠠᠭ᠋ᠠᠨ ᠰᠢᠯᠭ᠋ᠠᠬᠤ ᠵᠦᠢ᠍ᠯᠡᠰ ᠪᠠ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠢ᠌ᠴᠠᠭ᠋ᠠᠨ ᠰᠢᠯᠭ᠋ᠠᠬᠤ ᠪᠣᠯᠵᠣᠯᠲᠤ ᠲᠣᠭ᠎ᠠ᠎ᠨᠢ ᠪᠦᠷᠢᠨ ᠪᠤᠰᠤ ᠦᠶ᠎ᠡ᠎ᠳᠤ᠂ ᠵᠥᠪᠬᠡᠨ ᠤᠤᠯ᠎ᠤᠨ ᠬᠢᠷᠢ ᠬᠡᠮ᠎ᠲᠠᠢ ᠪᠠᠢ᠌ᠴᠠᠭ᠋ᠠᠨ ᠰᠢᠯᠭ᠋ᠠᠬᠤ ᠵᠦᠢ᠍ᠯᠡᠰ ᠪᠠ ᠪᠠᠢ᠌ᠴᠠᠭ᠋ᠠᠨ ᠰᠢᠯᠭ᠋ᠠᠬᠤ ᠪᠣᠯᠵᠣᠯᠲᠤ ᠲᠣᠭ᠎ᠠ᠎ᠳᠤ ᠴᠢᠭᠯᠡᠭᠦᠯᠦᠨ ᠲᠠᠬᠢᠨ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠵᠤ ᠪᠣᠯᠣᠨ᠎ᠠ ᠤᠤ?

ᠪᠣᠯᠬᠤ ᠦᠭᠡᠢ᠂  ᠲᠠᠬᠢᠨ ᠬᠢᠨᠠᠨ ᠲᠣᠭᠲᠠᠭ᠋ᠠᠬᠤ ᠦᠶ᠎ᠡ᠎ᠳᠤ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠢ᠌ᠴᠠᠭ᠋ᠠᠨ ᠰᠢᠯᠭ᠋ᠠᠬᠤ ᠵᠦᠢ᠍ᠯᠡᠰ ᠪᠠ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠠᠢ᠌ᠴᠠᠭ᠋ᠠᠨ ᠰᠢᠯᠭ᠋ᠠᠬᠤ  ᠪᠣᠯᠵᠣᠯᠲᠤ ᠲᠣᠭ᠎ᠠ᠎ᠨᠢ ᠡᠷᠬᠡᠪᠰᠢ ᠪᠦᠷᠢᠨ ᠭᠦᠢ᠍ᠴᠡᠳ ᠪᠠᠢ᠌ᠬᠤ ᠬᠡᠷᠡᠭᠲᠡᠢ᠃

     ᠠᠰᠠᠭᠤᠯᠲᠠ 5᠄ ᠲᠠᠬᠢᠨ ᠬᠢᠨᠠᠨ ᠲᠣᠭᠲᠠᠭ᠋ᠠᠬᠤ ᠭᠤᠶᠤᠴᠢᠯᠠᠯ᠎ᠤᠨ ᠮᠠᠲ᠋ᠧᠷᠢᠶᠠᠯ᠎ᠳᠠᠬᠢ 《ᠰᠢᠨ᠎ᠡ ᠬᠠᠭᠤᠴᠢᠨ ᠪᠠᠷᠢᠮᠵᠢᠶ᠎ᠠ ᠵᠢᠨ ᠪᠣᠯᠵᠣᠯᠲᠤ ᠲᠣᠭ᠎ᠠ ᠵᠢᠨ ᠬᠠᠷᠢᠴᠠᠭᠤᠯᠤᠯ》 ᠭᠡᠳᠡᠭ᠎ᠨᠢ ᠪᠣᠳᠠᠲᠠᠢ᠎ᠪᠠᠷ ᠶᠠᠭᠤ ᠵᠢ ᠵᠢᠭ᠋ᠠᠵᠤ ᠪᠠᠢ᠌ᠬᠤ ᠪᠣᠶ?

《ᠰᠢᠨ᠎ᠡ ᠬᠠᠭᠤᠴᠢᠨ ᠪᠠᠷᠢᠮᠵᠢᠶ᠎ᠠ ᠵᠢᠨ ᠪᠣᠯᠵᠣᠯᠲᠤ ᠲᠣᠭ᠎ᠠ ᠵᠢᠨ ᠬᠠᠷᠢᠴᠠᠭᠤᠯᠤᠯ》᠎ᠳᠠᠬᠢ 《ᠰᠢᠨ᠎ᠡ》 ᠭᠡᠳᠡᠭ᠎ᠨᠢ ᠰᠢᠨ᠎ᠡ ᠪᠠᠷᠢᠮᠵᠢᠶ᠎ᠠ᠎ᠳᠠᠬᠢ ᠪᠣᠯᠵᠣᠯᠲᠤ ᠲᠣᠭ᠎ᠠ ᠵᠢ ᠵᠢᠭ᠋ᠠᠵᠤ ᠪᠠᠢ᠌ᠨ᠎ᠠ᠂ 《ᠬᠠᠭᠤᠴᠢᠨ》 ᠭᠡᠳᠡᠭ᠎ᠨᠢ ᠤᠤᠯ᠎ᠤᠨ ᠬᠢᠷᠢ ᠭᠡᠮ᠎ᠤᠨ ᠦᠨᠡᠮᠯᠡᠯ ᠳᠡᠭᠡᠷᠡᠬᠢ ᠪᠣᠯᠵᠣᠯᠲᠤ ᠲᠣᠭ᠎ᠠ ᠵᠢ ᠵᠢᠭ᠋ᠠᠵᠤ ᠪᠠᠢ᠌ᠨ᠎ᠠ᠃ ᠠᠵᠤ ᠠᠬᠤᠢ᠌ᠯᠠᠯ ᠭᠤᠶᠤᠴᠢᠯᠠᠬᠤ᠎ᠳᠠᠭᠠᠨ ᠥᠪᠡᠷ ᠵᠶ᠋ᠡᠨ ᠤᠤᠯ᠎ᠤᠨ ᠬᠢᠷᠢ ᠬᠡᠮ᠎ᠤᠨ ᠦᠨᠡᠮᠯᠡᠯ ᠳᠡᠭᠡᠷᠡᠬᠢ ᠪᠣᠯᠵᠣᠯᠲᠤ ᠲᠣᠭ᠎ᠠ ᠬᠢᠭᠡᠳ ᠰᠢᠨ᠎ᠡ ᠪᠠᠷᠢᠮᠵᠢᠶ᠎ᠠ ᠵᠢᠨ ᠱᠠᠭ᠋ᠠᠷᠳᠠᠯᠭ᠎ᠠ ᠵᠢᠨ ᠪᠣᠯᠵᠣᠯᠲᠤ ᠲᠣᠭ᠎ᠠ ᠵᠢᠴᠢ ᠪᠠᠢ᠌ᠴᠠᠭ᠋ᠠᠨ ᠰᠢᠯᠭ᠋ᠠᠬᠤ ᠦᠨᠳᠦᠰᠦᠯᠡᠯ᠎ᠤᠨ ᠪᠠᠷᠢᠮᠵᠢᠶ᠎ᠠ (ᠠᠷᠭ᠎ᠠ) ᠵᠢ ᠨᠢᠭᠡᠳ ᠨᠢᠭᠡ᠎ᠪᠠᠷ ᠬᠠᠷᠭᠤᠭᠤᠯᠬᠤ ᠬᠡᠷᠡᠭᠲᠡᠢ᠂ ᠵᠢᠱ᠌ᠢᠶ᠎ᠡ᠎ᠨᠢ ᠳᠣᠣᠷᠠᠬᠢ ᠮᠡᠲᠦ᠄

 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ