[ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠥᠪᠯᠡᠯᠭᠡ ᠥᠭᠬᠦ ᠦᠢ᠍ᠯᠡᠴᠢᠯᠡᠭᠡ] ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠶ᠋ᠢᠩᠭᠤ ᠵᠢᠨ ᠠᠰᠠᠭᠤᠳᠠᠯ᠎ᠤᠨ ᠬᠠᠷᠢᠭᠤᠯᠲᠠ - ᠪᠠᠷᠢᠯᠭ᠎ᠠ ᠵᠢᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠲᠤᠬᠠᠢ ᠠᠰᠠᠭᠤᠯᠳᠠ ᠬᠠᠷᠢᠭᠤᠯᠲᠠ (2024 ᠣᠨ᠎ᠤ ᠳᠣᠯᠣᠳᠤᠭ᠋ᠠᠷ ᠬᠤᠭᠤᠴᠠᠭ᠎ᠠ)
2024-11-19

    1᠄ 《ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》᠎ᠤᠨ ᠲᠤᠬᠠᠶ᠋ᠢᠯᠠᠭᠰᠠᠨ ᠠᠵᠢᠯ᠎ᠤᠨ  ᠰᠢᠰᠲ᠋ᠧᠮ᠎ᠳᠤ  ᠠᠶᠦᠯᠭᠦᠢ ᠵᠢᠨ  ᠬᠠᠮᠢᠶᠠᠷᠤᠯᠲᠠ ᠵᠢᠨ ᠠᠵᠢᠯᠲᠠᠨ᠎ᠢ ᠰᠤᠩᠭᠤᠵᠦ ᠲᠡᠢ᠌ᠯᠬᠦ ᠦᠭᠡᠢ ᠠᠰᠠᠭᠤᠳᠠᠯ᠎ᠢ ᠬᠡᠷᠬᠢᠨ ᠰᠢᠢ᠍ᠳᠪᠦᠷᠢᠯᠡᠬᠦ ᠪᠣᠶ?

     ᠬᠠᠷᠢᠭᠤᠯᠲᠠ᠄ ᠲᠣᠰ  ᠠᠶᠦᠯᠭᠦᠢ ᠵᠢᠨ  ᠬᠠᠮᠢᠶᠠᠷᠤᠯᠲᠠ ᠵᠢᠨ ᠠᠵᠢᠯᠲᠠᠨ ᠲᠣᠰ ᠠᠵᠤ ᠠᠬᠤᠶ᠋ᠢᠯᠠᠯ᠎ᠳᠤ ᠨᠡᠶ᠋ᠢᠭᠡᠮ᠎ᠤᠨ ᠳᠠᠭ᠋ᠠᠳᠬᠠᠯ ᠲᠤᠰᠢᠶᠠᠭᠰᠠᠨ ᠦᠭᠡᠢ᠃ ᠲᠣᠰ ᠠᠵᠤ ᠠᠬᠤᠶ᠋ᠢᠯᠠᠯ᠎ᠤᠨ  ᠠᠶᠦᠯᠭᠦᠢ ᠵᠢᠨ  ᠬᠠᠮᠢᠶᠠᠷᠤᠯᠲᠠ ᠵᠢᠨ ᠠᠵᠢᠯᠲᠠᠨ᠎ᠢ ᠰᠣᠩᠭᠤᠬᠤ  ᠦᠶ᠎ᠡ᠎ᠳᠤ ᠂ ᠰᠢᠰᠲ᠋ᠧᠮ᠎ᠨᠢ ᠲᠣᠰ  ᠠᠶᠦᠯᠭᠦᠢ ᠵᠢᠨ  ᠬᠠᠮᠢᠶᠠᠷᠤᠯᠲᠠ ᠵᠢᠨ ᠠᠵᠢᠯᠲᠠᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠲᠤᠰᠢᠶᠠᠭᠰᠠᠨ  ᠡᠰᠡᠬᠦ  ᠪᠠᠶ᠋ᠢᠳᠠᠯ᠎ᠢ ᠠᠦ᠋ᠲ᠋ᠣ᠋ ᠬᠢᠨᠠᠨ ᠰᠢᠯᠭ᠋ᠠᠵᠤ᠂ ᠳᠡᠭᠡᠷ᠎ᠡ ᠨᠢᠭᠡ ᠰᠠᠷ᠎ᠠ ᠵᠢᠨ ᠨᠡᠶ᠋ᠢᠭᠡᠮ᠎ᠤᠨ ᠳᠠᠭ᠋ᠠᠳᠬᠠᠯ  ᠲᠤᠰᠢᠶᠠᠭᠰᠠᠨ  ᠥᠬᠡᠶ ᠬᠥᠮᠦᠰ᠎ᠢ ᠰᠣᠩᠭᠤᠬᠤ ᠵᠢᠨ ᠠᠷᠭ᠎ᠠ ᠥᠬᠡᠶ ᠃

     ᠳᠣᠤᠷᠠᠬᠢ ᠵᠢᠷᠤᠭ᠎ᠤᠨ  ᠰᠠᠨᠠᠭᠤᠯᠤᠮᠵᠢ  ᠶᠤᠰᠤᠭ᠋ᠠᠷ ᠂ ᠨᠡᠶ᠋ᠢᠭᠡᠮ᠎ᠤᠨ ᠳᠠᠭ᠋ᠠᠳᠬᠠᠯ᠎ᠤᠨ ᠲᠤᠰᠢᠶᠠᠭᠰᠠᠨ ᠪᠠᠶ᠋ᠢᠳᠠᠯ᠎ᠢ ᠬᠢᠨᠠᠨ ᠰᠢᠯᠭ᠋ᠠᠬᠤ᠎ᠳᠤ ᠢᠯᠠᠭᠳᠠᠵᠤ᠂ ᠲᠣᠰ ᠠᠵᠢᠯᠲᠠᠨ᠎ᠤ ᠰᠦᠢ᠍ᠳᠭᠡᠯ ᠲᠤᠰᠢᠶᠠᠭᠰᠠᠨ ᠪᠣᠳᠠᠲᠠᠶ ᠪᠠᠶ᠋ᠢᠳᠠᠯ᠂  ᠬᠤᠪᠢ ᠬᠥᠮᠦᠨ᠎ᠤ ᠮᠡᠳᠡᠭᠡ ᠵᠠᠩᠭᠢ᠂ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢᠴᠢ ᠲᠤᠰᠢᠶᠠᠨ ᠬᠠᠳᠠᠭ᠋ᠠᠯᠠᠭᠤᠯᠤᠭᠰᠠᠨ ᠰᠠᠷ᠎ᠠ ᠵᠡᠷᠭᠡ ᠵᠢ ᠬᠢᠨᠠᠨ  ᠬᠠᠷᠭᠤᠭᠤᠯᠤᠨ᠎ᠠ ᠃ ᠬᠡᠷᠪᠡ  ᠠᠶᠦᠯᠭᠦᠢ ᠵᠢᠨ  ᠬᠠᠮᠢᠶᠠᠷᠤᠯᠲᠠ ᠵᠢᠨ ᠠᠵᠢᠯᠲᠠᠨ ᠨᠢᠭᠡᠨᠲᠡ ᠠᠵᠢᠯ᠎ᠠᠴᠠ᠎ᠪᠠᠨ  ᠪᠠᠭᠤᠵᠤ ᠠᠮᠠᠷᠠᠭᠰᠠᠨ ᠪᠠᠢ᠌ᠪᠠᠯ  ᠰᠢᠭᠤᠳ 《ᠲᠠᠶ᠋ᠢᠯᠪᠤᠷᠢ ᠪᠤᠯᠤᠩ》᠎ᠳᠤ ᠲᠤᠰ  ᠬᠦᠮᠦᠨ᠎ᠤ ᠠᠵᠢᠯ᠎ᠠᠴᠠ᠎ᠪᠠᠨ  ᠪᠠᠭᠤᠵᠤ ᠠᠮᠠᠷᠠᠭᠰᠠᠨ  ᠦᠨᠡᠮᠯᠡᠯ᠎ᠢ ᠳᠠᠮᠵᠢᠭᠤᠯᠪᠠᠯ ᠪᠣᠯᠴᠢᠬᠠᠨ᠎ᠠ᠃

     ᠠᠩᠬᠠᠷᠬᠤ᠎ᠨᠢ ᠄ ᠠᠵᠤ ᠠᠬᠤᠶ᠋ᠢᠯᠠᠯ ᠎ᠠᠴᠠ ᠤᠷᠢᠵᠤ  ᠬᠡᠷᠡᠭᠯᠡᠬᠦ  ᠬᠥᠮᠦᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠲᠤᠰᠢᠶᠠᠭᠰᠠᠨ ᠪᠠᠶ᠋ᠢᠳᠠᠯ᠎ᠢ ᠤᠷᠢᠳᠴᠢᠯᠠᠨ ᠤᠢ᠌ᠯᠠᠭ᠋ᠠᠵᠦ᠂ ᠬᠡᠪ᠎ᠤᠨ ᠲᠤᠬᠠᠶ᠋ᠢᠯᠠᠭᠰᠠᠨ ᠠᠵᠢᠯ᠎ᠤᠨ ᠭᠤᠶᠤᠴᠢᠯᠠᠨ  ᠮᠡᠳᠡᠭᠦᠯᠬᠦ ᠵᠢ ᠨᠦᠯᠦᠭᠡᠯᠡᠬᠦ᠎ᠠᠴᠠ  ᠵᠠᠶ᠋ᠢᠯᠠᠰᠬᠢᠬᠤ ᠬᠡᠷᠡᠭᠲᠡᠶ᠃

    2᠄ 《ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》᠎ᠤᠨ ᠲᠤᠬᠠᠶ᠋ᠢᠯᠠᠭᠰᠠᠨ ᠠᠵᠢᠯ᠎ᠢ ᠨᠢᠭᠡᠨᠲᠡ ᠳᠠᠭᠤᠰᠬᠠᠵᠠᠢ᠂  ᠶᠠᠭᠤᠨ᠎ᠤ ᠤᠴᠢᠷ᠎ᠠᠴᠠ  ᠦᠨᠡᠮᠯᠡᠯ᠎ᠢ᠎ᠨᠢ ᠡᠷᠢᠵᠦ ᠣᠯᠬᠤ ᠦᠭᠡᠢ ᠪᠤᠢ?

ᠬᠠᠷᠢᠭᠤᠯᠲᠠ᠄ ᠪᠣᠳᠠᠲᠠᠢ ᠰᠢᠯᠲᠠᠭ᠋ᠠᠨ᠎ᠨᠢ ᠳᠣᠣᠷᠠᠬᠢ ᠬᠡᠳᠦᠨ ᠵᠦᠢ᠍ᠯ ᠪᠤᠢ᠄

     ᠰᠢᠯᠳᠠᠭ᠋ᠠᠨ 1᠄ ᠠᠵᠤ ᠠᠬᠤᠢ᠍ᠯᠠᠯ᠎ᠤᠨ ᠬᠠᠤᠯᠢ  ᠡᠷᠬᠡᠳᠡᠨ᠎ᠤ  ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠪᠤᠷᠤᠭᠤ᠃

ᠠᠵᠤ ᠠᠬᠤᠶ᠋ᠢᠯᠠᠯ 《ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠡᠭᠡᠨ᠂ ᠬᠠᠤᠯᠢ ᠵᠢᠨ ᠡᠷᠬᠡᠳᠡᠨ᠎ᠤ 《ᠪᠡᠶ᠎ᠡ ᠵᠢᠨ ᠦᠨᠡᠮᠯᠡᠯ》᠎ᠤᠨ ᠣᠪᠣᠭ ᠨᠡᠷ᠎ᠡ᠂ ᠨᠣᠮᠧᠷ᠎ᠤᠨ ᠮᠡᠳᠡᠭᠡ ᠵᠠᠩᠭᠢ᠎ᠨᠢ ᠵᠥᠪ ᠡᠰᠡᠬᠦ ᠵᠢ ᠨᠤᠲᠠᠯᠠᠬᠤ ᠵᠢ ᠠᠩᠬᠠᠷᠤᠨ᠎ᠠ᠂ ᠵᠢᠱ᠌ᠢᠶᠡᠯᠡᠪᠡᠯ ᠪᠡᠶ᠎ᠡ ᠵᠢᠨ ᠦᠨᠡᠮᠯᠡᠯ᠎ᠤᠨ ᠨᠣᠮᠧᠷ᠎ᠤᠨ ᠬᠠᠮᠤᠭ ᠰᠡᠭᠦᠯᠴᠢ᠎ᠳᠤ 《X》 ᠪᠠᠢ᠌ᠪᠠᠯ ᠂ ᠶᠡᠭᠡ ᠪᠢᠴᠢᠯᠭᠡ ᠵᠢᠨ 《X》 ᠪᠢᠴᠢᠬᠦ ᠵᠢ ᠠᠩᠬᠠᠷᠤᠭ᠋ᠠᠷᠠᠢ᠃

     ᠬᠠᠤᠯᠢ ᠵᠢᠨ ᠡᠷᠬᠡᠳᠡᠨ᠎ᠤ 《ᠪᠡᠶ᠎ᠡ ᠵᠢᠨ ᠦᠨᠡᠮᠯᠡᠯ》᠎ᠤᠨ ᠮᠡᠳᠡᠭᠡ ᠵᠠᠩᠭᠢ ᠵᠢ ᠨᠤᠲᠠᠯᠠᠬᠤ ᠵᠢᠴᠢ ᠵᠠᠰᠠᠪᠤᠷᠢ ᠣᠷᠣᠭᠤᠯᠬᠤ ᠠᠷᠭ᠎ᠠ᠎ᠨᠢ ᠳᠣᠤᠷᠠᠬᠢ ᠮᠡᠲᠦ᠄

    (1) ᠠᠵᠤ ᠠᠬᠤᠶ᠋ᠢᠯᠠᠯ 《ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》᠎ᠳᠤ ᠭᠠᠷᠴᠤ᠂ ᠥᠪᠥᠷ ᠮᠣᠩᠭᠤᠯ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ 《ᠰᠦᠯᠵᠢᠶᠡᠨ ᠳᠡᠭᠡᠷ᠎ᠡ ᠭᠦᠢ᠍ᠴᠡᠳᠬᠡᠬᠦ》 ᠵᠢ ᠰᠣᠩᠭᠤᠨ᠂ ᠥᠪᠥᠷ ᠮᠣᠩᠭᠤᠯ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠎ᠳᠤ  ᠤᠷᠤᠨ᠎ᠠ ᠃

    (2) ᠵᠠᠰᠠᠭ ᠵᠠᠬᠢᠷᠭ᠋ᠠᠨ᠎ᠤ ᠬᠢᠨᠠᠨ  ᠵᠦᠪᠰᠢᠶᠡᠷᠡᠯ᠎ᠤᠨ  ᠰᠢᠰᠲ᠋ᠧᠮ᠎ᠤᠨ 《ᠠᠵᠤ ᠠᠬᠤᠶ᠋ᠢᠯᠠᠯ᠎ᠤᠨ ᠮᠡᠳᠡᠭᠡ ᠵᠠᠩᠭᠢ》᠎ᠲᠤ ᠣᠷᠣᠵᠤ᠂ 《ᠮᠡᠳᠡᠭᠡ ᠵᠠᠩᠭᠢ》᠎ᠳᠤ ᠵᠠᠰᠠᠪᠤᠷᠢ ᠣᠷᠣᠭᠤᠯᠬᠤ ᠵᠢ ᠰᠣᠩᠭᠤᠨ᠂ ᠠᠵᠤ ᠠᠬᠤᠶ᠋ᠢᠯᠠᠯ ᠵᠢᠴᠢ ᠬᠠᠤᠯᠢ ᠵᠢᠨ ᠡᠷᠬᠡᠳᠡᠨ᠎ᠤ  ᠦᠨᠳᠦᠰᠦᠨ ᠮᠡᠳᠡᠭᠡ ᠵᠠᠩᠭᠢ ᠵᠢ  ᠰᠢᠨᠡᠳᠭᠡᠨ᠎ᠡ ᠃

     ᠰᠢᠯᠳᠠᠭ᠋ᠠᠨ 2᠄ ᠪᠦᠬᠦ ᠤᠯᠤᠰ᠎ᠤᠨ ᠲᠠᠪᠴᠠᠩ᠎ᠳᠤ ᠢᠯᠡᠷᠡᠵᠦ ᠪᠠᠢ᠌ᠭ᠎ᠠ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠍ᠯᠠᠯ᠎ᠤᠨ ᠬᠢᠷᠢ ᠭᠡᠮ᠎ᠤᠨ ᠮᠡᠳᠡᠭᠡ ᠵᠠᠩᠭᠢ᠎ᠨᠢ ᠪᠤᠷᠤᠭᠤ᠃

     ᠠᠵᠤ ᠠᠬᠤᠶ᠋ᠢᠯᠠᠯ 《ᠠᠶᠦᠯᠭᠦᠢ ᠦᠢ᠍ᠯᠡᠳᠪᠦᠷᠢᠯᠡᠯ᠎ᠤᠨ  ᠵᠥᠪᠰᠢᠶᠡᠷᠡᠯ᠎ᠤᠨ ᠦᠨᠡᠮᠯᠡᠯ》᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠡᠭᠡᠨ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠭᠡᠮ ᠎ᠨᠢ 《ᠪᠦᠬᠦ ᠤᠯᠤᠰ᠎ᠤᠨ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ》᠎ᠳᠤ ᠬᠡᠪ᠎ᠤᠨ ᠶᠣᠰᠣᠭ᠋ᠠᠷ ᠢᠯᠡᠷᠡᠵᠦ ᠪᠠᠢ᠌ᠭ᠎ᠠ ᠡᠰᠡᠬᠦ ᠵᠢ  ᠠᠩᠬᠠᠷᠤᠨ᠎ᠠ᠃  ᠦᠪᠡᠰᠤᠪᠠᠨ ᠪᠠᠢ᠌ᠴᠠᠭ᠋ᠠᠬᠤ ᠠᠷᠭ᠎ᠠ᠎ᠨᠢ ᠲᠤᠤᠷᠠᠬᠢ ᠮᠡᠳᠦ᠄

    (1) ᠠᠵᠤ ᠠᠬᠤᠶ᠋ᠢᠯᠠᠯ 《ᠪᠦᠬᠦ ᠤᠯᠤᠰ᠎ᠤᠨ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ》᠎ᠲᠤ  ᠭᠠᠷᠴᠤ᠂ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠭᠡᠮ᠎ᠤᠨ ᠮᠡᠳᠡᠭᠡ ᠵᠠᠩᠭᠢ᠎ᠨᠢ ᠬᠡᠪ᠎ᠤᠨ ᠶᠣᠰᠣᠭ᠋ᠠᠷ ᠢᠯᠡᠷᠡᠵᠦ ᠪᠠᠶ᠋ᠢᠬᠤ ᠡᠰᠡᠬᠦ ᠵᠢ  ᠪᠠᠢ᠌ᠴᠠᠭ᠋ᠠᠨ᠎ᠠ ᠃

    (2)  ᠠᠵᠤ ᠠᠬᠤᠶ᠋ᠢᠯᠠᠯ᠎ᠤᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠮᠡᠳᠡᠭᠡ ᠵᠠᠩᠭᠢ᠎ᠨᠢ ᠪᠤᠷᠤᠭᠤ ; ᠢᠯᠡᠷᠡᠬᠦ ᠦᠭᠡᠢ ᠪᠤᠶᠤ   ᠢᠯᠡᠷᠡᠭᠰᠡᠨ᠎ᠨᠢ ᠪᠦᠷᠢᠨ ᠪᠤᠰᠤ ᠪᠠᠶ᠋ᠢᠪᠠᠯ᠂ 0471 – 6944058᠎ᠳᠤ ᠤᠳᠠᠰᠤᠳᠠᠵᠦ  ᠰᠢᠢ᠍ᠳᠪᠦᠷᠢᠯᠡᠵᠦ ᠪᠣᠯᠣᠨ᠎ᠠ᠃

     ᠰᠢᠯᠳᠠᠭ᠋ᠠᠨ 3᠄ ᠠᠵᠤ ᠠᠬᠤᠢ᠍ᠯᠠᠯ᠎ᠤᠨ  ᠠᠶᠦᠯᠭᠦᠢ ᠵᠢᠨ  ᠬᠠᠮᠢᠶᠠᠷᠤᠯᠲᠠ ᠵᠢᠨ ᠠᠵᠢᠯᠲᠠᠨ᠎ᠢ ᠲᠤᠬᠢᠷᠠᠭᠤᠯᠤᠭᠰᠠᠨ  ᠲᠣᠭ᠎ᠠ ᠬᠡᠮᠵᠢᠶ᠎ᠡ ᠬᠦᠷᠦᠯᠴᠡᠬᠦ ᠦᠭᠡᠢ᠃

     ᠠᠵᠤ ᠠᠬᠤᠶ᠋ᠢᠯᠠᠯ᠎ᠤᠨ  ᠠᠶᠦᠯᠭᠦᠢ ᠵᠢᠨ  ᠬᠠᠮᠢᠶᠠᠷᠤᠯᠲᠠ ᠵᠢᠨ ᠠᠵᠢᠯᠲᠠᠨ᠎ᠢ  ᠲᠣᠬᠢᠷᠠᠭᠤᠯᠤᠭᠰᠠᠨ ᠲᠣᠭ᠎ᠠ ᠬᠡᠮᠵᠢᠶ᠎ᠡ᠎ᠨᠢ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠭᠰᠠᠨ ᠦᠭᠡᠶ ᠪᠣᠯ᠂  ᠠᠶᠦᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ  ᠨᠡᠢ᠌ᠳᠡᠯᠡᠬᠦ᠎ᠨᠢ  ᠢᠯᠠᠭᠳᠠᠨ᠎ᠠ ᠂ ᠠᠵᠤ ᠠᠬᠤᠶ᠋ᠢᠯᠠᠯ ᠬᠡᠷᠪᠡ  ᠠᠶᠦᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠢ ᠰᠢᠯᠵᠢᠭᠦᠯᠦᠨ ᠭᠠᠷᠭ᠋ᠠᠭᠰᠠᠨ ᠪᠠᠶ᠋ᠢᠪᠠᠯ᠂ ᠰᠢᠯᠵᠢᠭᠦᠯᠦᠨ ᠭᠠᠷᠭ᠋ᠠᠬᠤ᠎ᠠᠴᠠ ᠡᠮᠦᠨ᠎ᠡ ᠨᠥᠬᠥᠪᠥᠷᠢᠯᠡᠬᠦ ᠪᠤᠶᠤ ᠰᠢᠯᠵᠢᠭᠦᠯᠦᠨ ᠭᠠᠷᠭ᠋ᠠᠭᠰᠠᠨ᠎ᠤ ᠳᠠᠷᠠᠭ᠎ᠠ ᠲᠦᠷᠭᠡᠬᠡᠨ ᠨᠥᠬᠥᠪᠥᠷᠢᠯᠡᠵᠦ᠂ ᠠᠵᠤ ᠠᠬᠤᠶ᠋ᠢᠯᠠᠯ᠎ᠤᠨ  ᠠᠶᠦᠯᠭᠦᠢ ᠦᠢ᠍ᠯᠡᠳᠪᠦᠷᠢᠯᠡᠯ᠎ᠤᠨ ᠨᠥᠬᠥᠴᠡᠯ᠎ᠢ ᠬᠠᠩᠭ᠋ᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ  ᠦᠨᠡᠨ ᠬᠦ᠌  ᠪᠠᠲᠤᠯᠠᠬᠤ ᠬᠡᠷᠡᠭᠲᠡᠶ᠃

    3᠄ 《ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》᠎ᠢ ᠬᠤᠶ᠋ᠢᠰᠢᠯᠠᠭᠤᠯᠤᠨ ᠨᠡᠶ᠋ᠢᠲᠡᠯᠡᠬᠦ  ᠰᠠᠭ᠋ᠠᠭ᠋ᠠᠴᠢᠯᠠᠭ᠎ᠠ 《ᠪᠠᠲᠤᠯᠠᠭᠳᠠᠭᠰᠠᠨ ᠦᠭᠡᠢ》᠂ ᠬᠢᠨᠠᠨ ᠬᠠᠷᠭᠤᠭᠤᠯᠤᠭᠰᠠᠨ ᠰᠠᠨᠠᠯ᠎ᠳᠤ 《ᠭᠤᠶᠤᠴᠢᠯᠠᠯ᠎ᠤᠨ ᠬᠦᠰᠦᠨᠦᠭᠲᠦ᠎ᠳᠤ ᠨᠢᠭᠡᠨᠲᠡ ᠬᠢᠷᠢ ᠬᠡᠮ᠎ᠤᠨ ᠲᠥᠷᠥᠯ ᠢᠯᠭ᠋ᠠᠯ᠎ᠢ ᠲᠠᠭᠯᠠᠭᠰᠠᠨ᠎ᠨᠢ ᠣᠨᠣᠪᠴᠢ ᠦᠭᠡᠶ / ᠪᠦᠷᠢᠨ ᠪᠤᠰᠤ》  ᠭᠡᠪᠡᠯ ᠂  ᠬᠡᠷᠬᠢᠨ  ᠨᠦᠬᠦᠪᠦᠷᠢᠯᠡᠬᠦ  ᠪᠣᠶ?

     ᠬᠠᠷᠢᠭᠤᠯᠲᠠ᠄ ᠭᠤᠶᠤᠴᠢᠯᠠᠯ᠎ᠤᠨ ᠬᠦᠰᠦᠨᠦᠭᠲᠦ᠎ᠳᠤ  ᠲᠠᠭᠯᠠᠨ ᠮᠡᠳᠡᠭᠦᠯᠬᠦ  ᠮᠡᠳᠡᠭᠡ ᠵᠠᠩᠭᠢ ᠵᠢᠨ ᠵᠥᠪ ᠣᠨᠣᠪᠴᠢᠲᠤ ᠴᠢᠨᠠᠷ᠎ᠢ ᠪᠠᠲᠤᠯᠠᠬᠤ ᠴᠢᠬᠤᠯᠠᠲᠠᠶ ᠪᠣᠯ᠂ ᠠᠵᠤ ᠠᠬᠤᠶ᠋ᠢᠯᠠᠯ᠎ᠠᠴᠠ ᠭᠤᠶᠤᠴᠢᠯᠠᠨ ᠮᠡᠳᠡᠭᠦᠯᠵᠦ ᠬᠠᠮᠢᠶ᠎ᠠ ᠪᠥᠬᠦᠶ ᠮᠡᠳᠡᠭᠡ ᠵᠠᠩᠭᠢ ᠵᠢ ᠦᠨᠡᠨ ᠪᠣᠳᠠᠲᠠᠶ᠎ᠪᠠᠷ ᠣᠨᠣᠪᠴᠢᠲᠠᠶ ᠲᠠᠭᠯᠠᠭ᠋ᠠᠷᠠᠢ᠃ ᠡᠭᠦᠨ᠎ᠳᠤ 《ᠭᠤᠶᠤᠴᠢᠯᠠᠯ᠎ᠤᠨ ᠬᠦᠰᠦᠨᠦᠭᠲᠦ᠎ᠨᠢ ᠨᠢᠭᠡᠨᠲᠡ ᠬᠢᠷᠢ ᠬᠡᠮ᠎ᠤᠨ ᠲᠥᠷᠥᠯ ᠢᠯᠭ᠋ᠠᠯ ᠪᠠ ᠵᠡᠷᠭᠡ ᠳᠡᠰ》᠎ᠤᠨ  ᠪᠤᠯᠤᠩ᠎ᠨᠢ ᠠᠵᠤ ᠠᠬᠤᠶ᠋ᠢᠯᠠᠯ᠎ᠤᠨ ᠬᠢᠷᠢ ᠬᠡᠮ (ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ)᠎ᠢ ᠣᠷᠬᠢᠭᠳᠠᠭᠤᠯᠤᠭᠰᠠᠨ᠂ ᠪᠤᠷᠤᠭᠤ ᠲᠠᠭᠯᠠᠭᠰᠠᠨ ᠪᠠᠶ᠋ᠢᠪᠠᠯ᠂ ᠬᠢᠨᠠᠨ ᠬᠠᠷᠭᠤᠭᠤᠯᠤᠭᠰᠠᠨ ᠰᠠᠨᠠᠯ᠎ᠨᠢ ᠴᠥᠮ  ᠪᠠᠳᠤᠯᠠᠭᠳᠠᠬᠤ  ᠥᠬᠡᠶ᠃ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ ᠭᠤᠶᠤᠴᠢᠯᠠᠯ᠎ᠤᠨ ᠬᠦᠰᠦᠨᠦᠭᠲᠦ ᠵᠢ ᠳᠠᠭᠯᠠᠵᠤ᠂ ᠰᠤᠷᠠᠭ ᠵᠠᠩᠭᠢ᠎ᠨᠢ ᠵᠥᠪ ᠣᠨᠣᠪᠴᠢᠲᠠᠶ᠂ ᠭᠠᠷ᠎ᠤᠨ ᠦᠰᠦᠭ ᠵᠢᠷᠤᠵᠤ ᠲᠠᠮᠠᠭ᠎ᠠ  ᠲᠠᠷᠤᠵᠤ  ᠳᠡᠭᠡᠭᠰᠢ ᠳᠠᠮᠵᠢᠭᠤᠯᠤᠭᠰᠠᠨ᠎ᠤ ᠳᠠᠷᠠᠭ᠎ᠠ  ᠨᠦᠬᠦᠪᠦᠷᠢᠯᠡᠨ ᠵᠠᠯᠠᠷᠠᠭᠤᠯᠤᠭᠰᠠᠨ ᠪᠢᠴᠢᠭ ᠮᠠᠲ᠋ᠧᠷᠢᠶᠠᠯ᠎ᠢ ᠲᠤᠰᠢᠶᠠᠨ᠎ᠠ᠃

     ᠠᠩᠬᠠᠷᠬᠤ ᠵᠦᠢ᠍ᠯ᠄ 1. ᠠᠵᠤ ᠠᠬᠤᠶ᠋ᠢᠯᠠᠯ᠎ᠤᠨ 《ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠥᠳᠡᠯᠮᠦᠷᠢ  ᠦᠢ᠍ᠯᠡᠴᠢᠯᠡᠭᠡᠨ᠎ᠤ ᠬᠢᠷᠢ ᠬᠡᠮ᠎ᠢ ᠵᠡᠷᠭᠡ ᠳᠡᠰ ᠬᠤᠪᠢᠶᠠᠬᠤ ᠥᠬᠡᠶ》 ᠬᠢᠷᠢ ᠬᠡᠮ᠎ᠢ ᠡᠷᠬᠡᠪᠰᠢ ᠲᠠᠭᠯᠠᠬᠤ ᠬᠡᠷᠡᠭᠲᠡᠶ; 2 . ᠪᠠᠷᠢᠯᠭ᠎ᠠ ᠵᠢᠨ ᠦᠢ᠍ᠯᠡᠰ᠎ᠤᠨ ᠭᠤᠷᠪᠠᠳᠤᠭ᠋ᠠᠷ ᠳᠡᠰ᠎ᠤᠨ ᠬᠢᠷᠢ ᠬᠡᠮ᠎ᠢ ᠨᠢᠭᠡᠨᠲᠡ ᠰᠣᠯᠢᠪᠠᠯ᠂ ᠬᠠᠮᠤᠭ᠎ᠤᠨ ᠰᠢᠨ᠎ᠡ ᠬᠢᠷᠢ ᠬᠡᠮ᠎ᠤᠨ ᠪᠠᠶ᠋ᠢᠳᠠᠯ᠎ᠢ ᠦᠨᠳᠦᠰᠦᠯᠡᠨ ᠲᠠᠭᠯᠠᠬᠤ ᠴᠢᠬᠤᠯᠠᠲᠠᠢ; 3. ᠨᠢᠭᠡᠨᠲᠡ ᠬᠤᠭᠤᠴᠠᠭ᠎ᠠ᠎ᠨᠢ ᠥᠩᠭᠡᠷᠡᠭᠰᠡᠨ ᠬᠦᠴᠦᠨ ᠥᠬᠡᠶ ᠪᠣᠯᠤᠭᠰᠠᠨ ᠬᠢᠷᠢ ᠬᠡᠮ᠎ᠢ ᠲᠠᠭᠯᠠᠨ ᠪᠢᠴᠢᠬᠦ ᠴᠢᠬᠤᠯᠠ ᠦᠭᠡᠢ᠃

    4᠄ 《ᠠᠶᠤᠯᠭᠦᠶ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ》᠎ᠢ ᠬᠤᠶ᠋ᠢᠰᠢᠯᠠᠭᠤᠯᠤᠨ ᠨᠡᠶ᠋ᠢᠲᠡᠯᠡᠬᠦ ᠰᠠᠨᠠᠯ ᠎ᠨᠢ 《  ᠪᠠᠳᠤᠯᠠᠭᠳᠠᠭᠰᠠᠨ  ᠥᠬᠡᠶ》᠂ ᠬᠢᠨᠠᠨ ᠬᠠᠷᠭᠤᠭᠤᠯᠤᠭᠰᠠᠨ ᠰᠠᠨᠠᠯ᠎ᠳᠤ 《ᠭᠤᠶᠤᠴᠢᠯᠠᠯ᠎ᠤᠨ ᠬᠦᠰᠦᠨᠦᠭᠲᠦ ᠵᠢ ᠭᠤᠶᠤᠴᠢᠯᠠᠬᠤ ᠬᠢᠷᠢ ᠬᠡᠮ᠎ᠤᠨ ᠲᠥᠷᠥᠯ ᠢᠯᠭ᠋ᠠᠯ᠎ᠢ ᠲᠠᠭᠯᠠᠭᠰᠠᠨ ᠎ᠨᠢ ᠪᠤᠷᠤᠭᠤ 》  ᠪᠠᠢ᠌ᠬᠤ ᠵᠢ  ᠬᠡᠷᠬᠢᠨ  ᠨᠦᠬᠦᠪᠦᠷᠢᠯᠡᠨ ᠵᠠᠯᠠᠷᠠᠭᠤᠯᠪᠠᠯ  ᠵᠣᠬᠢᠬᠤ ᠪᠣᠶ?

     ᠬᠠᠷᠢᠭᠤᠯᠲᠠ᠄ 《ᠭᠤᠶᠤᠴᠢᠯᠠᠬᠤ ᠬᠦᠰᠦᠨᠦᠭᠲᠦ ᠵᠢᠨ  ᠲᠣᠰ ᠤᠳᠠᠭ᠋ᠠᠨ᠎ᠤ ᠭᠤᠶᠤᠴᠢᠯᠠᠬᠤ ᠬᠢᠷᠢ ᠬᠡᠮ᠎ᠤᠨ ᠲᠥᠷᠥᠯ ᠢᠯᠭ᠋ᠠᠯ ᠪᠠ ᠲᠠᠰ》 ᠭᠡᠬᠦ ᠪᠤᠯᠤᠩ᠎ᠳᠤ ᠲᠣᠰ ᠤᠳᠠᠭ᠋ᠠᠨ᠎ᠤ ᠭᠤᠶᠤᠴᠢᠯᠠᠬᠤ ᠲᠥᠷᠥᠯ ᠢᠯᠭ᠋ᠠᠯ ᠪᠠ ᠵᠡᠷᠭᠡ ᠳᠡᠰ᠎ᠢ ᠣᠨᠣᠪᠴᠢᠲᠠᠶ ᠲᠠᠭᠯᠠᠨ ᠪᠢᠴᠢᠬᠦ ᠴᠢᠬᠤᠯᠠᠲᠠᠶ᠄ 《ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ (ᠳᠠᠬᠢᠨ ᠬᠢᠨᠠᠨ ᠪᠠᠶ᠋ᠢᠴᠠᠭ᠋ᠠᠵᠤ   ᠬᠤᠢ᠌ᠰᠢᠯᠠᠭᠤᠯᠬᠤ )》 ᠪᠤᠶᠤ 《ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠠᠶᠦᠯᠭᠦᠢ  ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ (ᠳᠠᠬᠢᠨ ᠬᠢᠨᠠᠨ ᠪᠠᠶ᠋ᠢᠴᠠᠭ᠋ᠠᠵᠤ ᠬᠤᠭᠤᠴᠠᠭ᠎ᠠ ᠤᠷᠲᠤᠳᠬᠠᠬᠤ )》 ᠪᠤᠶᠤ 《ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ  ᠠᠶᠦᠯᠭᠦᠢ  ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ (  ᠬᠢᠨᠠᠨ ᠪᠠᠶ᠋ᠢᠴᠠᠭ᠋ᠠᠵᠤ ᠬᠤᠭᠤᠴᠠᠭ᠎ᠠ ᠤᠷᠲᠤᠳᠬᠠᠬᠤ  ᠦᠭᠡᠢ)》 ᠂  ᠬᠡᠷᠪᠡ ᠭᠦᠢ᠍ᠴᠡᠳᠬᠡᠬᠦ ᠵᠦᠢ᠍ᠯᠡᠰ᠎ᠤᠨ ᠨᠡᠷᠡᠶ᠋ᠢᠳᠦᠯ ᠪᠦᠷᠢᠨ ᠪᠤᠰᠤ ᠪᠠᠶ᠋ᠢᠪᠠᠯ᠂  ᠲᠠᠬᠢᠨᠳᠠ  ᠲᠠᠭᠯᠠᠨ ᠮᠡᠳᠡᠭᠦᠯᠬᠦ ᠵᠢᠨ ᠬᠠᠮᠲᠤ ᠭᠤᠶᠤᠴᠢᠯᠠᠬᠤ ᠬᠦᠰᠦᠨᠦᠭᠲᠦ ᠵᠢ ᠲᠤᠰᠢᠶᠠᠪᠠᠯ ᠪᠣᠯᠴᠢᠬᠠᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ