[ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠥᠪᠯᠡᠯᠭᠡ ᠥᠭᠬᠦ ᠦᠢ᠍ᠯᠡᠴᠢᠯᠡᠭᠡ] ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠢ᠌ᠩᠭᠤ ᠵᠢᠨ ᠲᠤᠬᠢᠶᠠᠯᠳᠤᠬᠤ ᠠᠰᠠᠭᠤᠳᠠᠯ᠎ᠤᠨ ᠬᠠᠷᠢᠭᠤᠯᠲᠠ — ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠦᠢ᠍ᠯᠡᠰ᠎ᠢ ᠭᠤᠶᠤᠴᠢᠯᠠᠨ ᠮᠡᠳᠡᠭᠦᠯᠬᠦ ᠨᠡᠷᠡᠢ᠌ᠳᠦᠯ᠎ᠢ ᠰᠣᠯᠢᠬᠤ᠎ᠳᠤ ᠪᠠᠢ᠌ᠩᠭᠤ ᠲᠤᠬᠢᠶᠠᠯᠳᠤᠬᠤ ᠠᠰᠠᠭᠤᠳᠠᠯ (ᠠᠵᠢᠯᠲᠠᠨ᠎ᠤ ᠬᠢᠷᠢ ᠬᠡᠮ᠎ᠤᠨ ᠲᠥᠷᠥᠯ) (2024 ᠣᠨ᠎ᠤ ᠶᠢᠰᠦᠳᠦᠭᠡᠷ ᠬᠤᠭᠤᠴᠠᠭ᠎ᠠ)
2024-12-19

ᠠᠰᠠᠭᠤᠯᠲᠠ᠄

     ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠦᠢ᠍ᠯᠡᠰ᠎ᠢ ᠭᠤᠶᠤᠴᠢᠯᠠᠨ ᠮᠡᠳᠡᠭᠦᠯᠬᠦ  ᠨᠡᠷᠡᠢ᠌ᠳᠦᠯ᠎ᠢ  ᠰᠤᠯᠢᠭᠰᠠᠨ᠎ᠤ ᠳᠠᠷᠠᠭ᠎ᠠ ᠲᠤᠰᠬᠠᠢ ᠮᠡᠷᠭᠡᠵᠢᠯ ᠵᠶ᠋ᠡᠷ ᠰᠠᠯᠭ᠋ᠠᠨ ᠬᠤᠪᠢᠶᠠᠭᠰᠠᠨ ᠠᠵᠢᠯᠲᠠᠨ᠎ᠤ ᠬᠢᠷᠢ ᠬᠡᠮ᠎ᠢ ᠬᠡᠷᠬᠢᠨ ᠭᠤᠶᠤᠴᠢᠯᠠᠨ ᠮᠡᠳᠡᠭᠦᠯᠬᠦ ᠪᠣᠶ?

 

ᠬᠠᠷᠢᠭᠤᠯᠲᠠ᠄

     ᠠᠵᠢᠯᠲᠠᠨ᠎ᠤ ᠬᠢᠷᠢ ᠬᠡᠮ᠎ᠤᠨ ᠲᠥᠷᠥᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠦᠢ᠍ᠯᠡᠰ᠎ᠤᠨ ᠨᠡᠷᠡᠢ᠌ᠳᠦᠯ᠎ᠢ ᠲᠤᠰᠬᠠᠢ ᠮᠡᠷᠭᠡᠵᠢᠯ᠎ᠤᠨ ᠲᠥᠷᠥᠯ ᠢᠯᠭ᠋ᠠᠯ ᠵᠶ᠋ᠠᠷ 3 ᠲᠥᠷᠥᠯ ᠰᠠᠯᠭ᠋ᠠᠨ ᠬᠤᠪᠢᠶᠠᠨ᠎ᠠ᠂ ᠡᠭᠦᠨ᠎ᠳᠤ᠄ ᠣᠨᠴᠠ ᠲᠥᠷᠥᠯ᠎ᠤᠨ ᠠᠵᠢᠯ ᠡᠷᠬᠢᠯᠡᠭᠰᠡᠳ᠂ ᠬᠣᠶᠠᠳᠤᠭ᠋ᠠᠷ ᠳᠡᠰ᠎ᠤᠨ ᠲᠠᠩᠰᠠᠯᠠᠭᠤᠯᠤᠭᠰᠠᠨ ᠪᠠᠢ᠌ᠭᠤᠯᠤᠭᠴᠢ ᠪᠠ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠬᠢᠨᠠᠨ ᠰᠢᠯᠭ᠋ᠠᠯᠲᠠ ᠪᠠᠭᠲᠠᠨ᠎ᠠ᠃ ᠠᠳᠠᠯᠢ ᠪᠤᠰᠤ ᠲᠤᠰᠬᠠᠢ ᠮᠡᠷᠭᠡᠵᠢᠯ᠎ᠤᠨ ᠠᠳᠠᠯᠢ ᠨᠢᠭᠡᠨ ᠵᠦᠢ᠍ᠯᠡᠰ᠎ᠢ ᠳᠤᠷ᠎ᠠ᠎ᠪᠠᠷ ᠵᠶ᠋ᠠᠨ ᠨᠢᠭᠡ ᠲᠤᠰᠬᠠᠢ ᠮᠡᠷᠭᠡᠵᠢᠯ᠎ᠤᠨ ᠵᠦᠢ᠍ᠯᠡᠰ᠎ᠢ ᠰᠣᠩᠭᠣᠵᠤ ᠰᠦᠯᠵᠢᠶᠡᠨ ᠳᠡᠭᠡᠷ᠎ᠡ ᠮᠡᠳᠡᠭᠦᠯᠵᠦ ᠪᠣᠯᠣᠨ᠎ᠠ᠃

     ᠨᠢᠭᠡ᠂ ᠣᠨᠴᠠ ᠲᠥᠷᠥᠯ᠎ᠤᠨ ᠠᠵᠢᠯ ᠡᠷᠬᠢᠯᠡᠭᠰᠡᠳ᠎ᠤᠨ ᠠᠩᠬ᠎ᠠ ᠤᠳᠠᠭ᠎ᠠ ᠮᠡᠳᠡᠭᠦᠯᠬᠦ᠎ᠪᠠᠷ ᠵᠢᠱ᠌ᠢᠶᠡᠯᠡᠪᠡᠯ᠂ ᠤᠤᠯ᠎ᠨᠢ 《ᠪᠠᠷᠢᠯᠭ᠎ᠠ ᠵᠢᠨ ᠠᠵᠢᠯ᠎ᠤᠨ ᠣᠨᠴᠠ ᠲᠥᠷᠥᠯ᠎ᠤᠨ ᠠᠵᠢᠯ ᠡᠷᠬᠢᠯᠡᠭᠰᠡᠳ᠎ᠤᠨ ᠠᠵᠢᠯᠯᠠᠬᠤ ᠬᠢᠷᠢ ᠬᠡᠮ᠎ᠤᠨ ᠦᠨᠡᠮᠯᠡᠯ᠎ᠤᠨ ᠠᠩᠬᠠᠨ᠎ᠤ ᠬᠢᠨᠠᠨ ᠰᠢᠯᠭ᠋ᠠᠯᠲᠠ》 ᠵᠢᠨ ᠨᠡᠷᠡᠢ᠌ᠳᠦᠯ᠎ᠢ ᠰᠣᠯᠢᠭᠰᠠᠨ᠎ᠤ ᠳᠠᠷᠠᠭ᠋ᠠᠬᠢ ᠵᠦᠢ᠍ᠯᠡᠰ᠎ᠤᠨ ᠨᠡᠷᠡᠢ᠌ᠳᠦᠯ᠎ᠨᠢ 《ᠪᠠᠷᠢᠯᠭ᠎ᠠ ᠵᠢᠨ ᠠᠵᠢᠯ᠎ᠤᠨ ᠣᠨᠴᠠ ᠲᠥᠷᠥᠯ᠎ᠤᠨ ᠠᠵᠢᠯ ᠡᠷᠬᠢᠯᠡᠭᠰᠡᠳ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠨᠤᠳᠠᠯᠠᠯᠳᠠ (**** ᠠᠵᠢᠯ ᠲᠥᠷᠥᠯ) (ᠬᠢᠨᠠᠨ ᠰᠢᠯᠭ᠋ᠠᠯᠳᠠ)》 ᠪᠣᠯᠣᠨ᠎ᠠ᠂ ᠡᠭᠦᠨ᠎ᠤ ᠬᠠᠮᠲᠤ ᠠᠵᠢᠯ᠎ᠤᠨ ᠲᠥᠷᠥᠯ ᠵᠶ᠋ᠡᠷ᠎ᠨᠢ 11 ᠵᠦᠢ᠍ᠯ᠎ᠤᠨ 《(ᠬᠢᠨᠠᠨ ᠰᠢᠯᠭ᠋ᠠᠯᠳᠠ)》 (ᠬᠠᠷᠢᠴᠠᠭᠤᠯᠤᠭᠰᠠᠨ ᠬᠦᠰᠦᠨᠦᠭᠲᠦ᠎ᠳᠤ ᠨᠠᠷᠢᠪᠴᠢᠯᠠᠨ ᠦᠵᠡᠭᠡᠷᠡᠢ) ᠬᠤᠪᠢᠶᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠤ 11 ᠵᠦᠢ᠍ᠯ᠎ᠤᠨ 《(ᠬᠢᠨᠠᠨ ᠰᠢᠯᠭ᠋ᠠᠯᠳᠠ)》 ᠵᠢᠨ ᠵᠦᠢ᠍ᠯ᠎ᠢ ᠮᠡᠳᠡᠭᠦᠯᠵᠦ ᠲᠡᠢ᠌ᠯᠬᠦ ᠦᠭᠡᠢ ᠪᠤᠯᠬᠤᠷ᠂ ᠣᠨᠴᠠ ᠲᠥᠷᠥᠯ᠎ᠤᠨ ᠠᠵᠢᠯ ᠡᠷᠬᠢᠯᠡᠭᠰᠡᠳ ᠠᠩᠬ᠎ᠠ ᠤᠳᠠᠭ᠎ᠠ ᠭᠤᠶᠤᠴᠢᠯᠠᠬᠤ᠎ᠳᠠᠭᠠᠨ᠂ ᠬᠠᠷᠠᠭ᠋ᠠᠯᠵᠠᠭᠰᠠᠨ ᠠᠵᠢᠯ᠎ᠤᠨ ᠲᠥᠷᠥᠯ ᠪᠠᠢ᠌ᠬᠤ ᠡᠰᠡᠬᠦ ᠵᠢ ᠪᠣᠳᠣᠯᠬᠢᠯᠠᠬᠤ ᠴᠢᠬᠤᠯᠠ ᠦᠭᠡᠢ᠂ ᠳᠤᠷ᠎ᠠ ᠵᠢᠨ ᠨᠢᠭᠡ ᠠᠵᠢᠯ᠎ᠤᠨ ᠲᠥᠷᠥᠯ᠎ᠢ ᠰᠤᠩᠭᠤᠵᠦ 《(ᠬᠢᠨᠠᠨ ᠰᠢᠯᠭ᠋ᠠᠯᠳᠠ)》 ᠵᠢᠨ ᠵᠦᠢ᠍ᠯ᠎ᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠲᠤᠪᠴᠢᠳᠠᠵᠦ ᠮᠡᠳᠡᠭᠦᠯᠪᠡᠯ ᠪᠣᠯᠴᠢᠬᠠᠨ᠎ᠠ (ᠵᠢᠷᠤᠭ ᠮᠡᠲᠦ)᠃


W020241218329445911372.png


     ᠭᠤᠶᠤᠴᠢᠯᠠᠭᠴᠢ᠎ᠠᠴᠠ 《ᠪᠠᠷᠢᠯᠭ᠎ᠠ ᠵᠢᠨ ᠠᠵᠢᠯ᠎ᠤᠨ ᠣᠨᠴᠠ ᠲᠥᠷᠥᠯ᠎ᠤᠨ ᠠᠵᠢᠯ ᠡᠷᠬᠢᠯᠡᠭᠰᠡᠳ᠎ᠤᠨ ᠠᠵᠢᠯ ᠮᠡᠷᠭᠡᠵᠢᠯ᠎ᠤᠨ ᠬᠢᠷᠢ ᠬᠡᠮ᠎ᠢ ᠨᠤᠳᠠᠯᠠᠯᠳᠠ 〈ᠪᠠᠷᠢᠯᠭ᠎ᠠ ᠵᠢᠨ ᠵᠢᠶᠠᠰᠠ ᠵᠢᠨ ᠠᠵᠢᠯᠴᠢᠨ (ᠡᠩ᠎ᠤᠨ ᠴᠠᠬᠤᠯᠠᠭᠤᠷ)〉᠎ᠢ ᠲᠤᠪᠴᠢᠳᠠᠵᠦ — ᠰᠦᠯᠵᠢᠶᠡᠨ ᠳᠡᠭᠡᠷ᠎ᠡ ᠭᠦᠢ᠍ᠴᠡᠳᠬᠡᠨ᠎ᠡ᠃ ᠠᠳᠠᠯᠢᠬᠠᠨ ᠵᠶ᠋ᠠᠷ 《ᠪᠠᠷᠢᠯᠭ᠎ᠠ ᠵᠢᠨ ᠵᠢᠶᠠᠰᠠ ᠵᠢᠨ ᠠᠵᠢᠯᠴᠢᠨ 》 《ᠪᠠᠷᠢᠯᠭ᠎ᠠ ᠵᠢᠨ ᠴᠠᠬᠢᠯᠭ᠋ᠠᠨ᠎ᠤ ᠠᠵᠢᠯᠴᠢᠨ》 《ᠪᠠᠷᠢᠯᠭ᠎ᠠ ᠵᠢᠨ ᠡᠷᠭᠦᠭᠦᠯ ᠳᠡᠭᠡᠰᠦᠨ ᠳᠣᠬᠢᠶᠠᠨ᠎ᠤ ᠠᠵᠢᠯᠴᠢᠨ》 《ᠥᠨᠳᠥᠷ ᠎ᠲᠤ ᠠᠵᠢᠯᠯᠠᠬᠤ ᠳᠡᠭᠦᠵᠢᠯᠡᠭᠦᠷ ᠰᠠᠭᠰᠤ ᠤᠭᠰᠠᠷᠠᠵᠤ ᠪᠠᠭᠤᠯᠭ᠋ᠠᠬᠤ ᠠᠵᠢᠯᠴᠢᠨ》 《ᠪᠠᠷᠢᠯᠭ᠎ᠠ ᠵᠢᠨ ᠡᠷᠭᠦᠭᠦᠯ ᠮᠠᠰᠢᠨ᠎ᠤ ᠠᠮᠤᠷ ᠲᠦᠪᠰᠢᠨ ᠵᠶ᠋ᠡᠷ ᠪᠠᠭᠤᠯᠭ᠋ᠠᠬᠤ ᠠᠵᠢᠯᠴᠢᠨ (ᠰᠤᠪᠤᠷᠭ᠋ᠠᠨ ᠬᠡᠯᠪᠡᠷᠢᠲᠦ ᠡᠷᠭᠦᠭᠦᠯ ᠮᠠᠰᠢᠨ)》 《ᠪᠠᠷᠢᠯᠭ᠎ᠠ ᠵᠢᠨ ᠡᠷᠭᠦᠭᠦᠯ ᠮᠠᠰᠢᠨ᠎ᠤ ᠤᠭᠰᠠᠷᠠᠵᠤ ᠪᠠᠭᠤᠯᠭ᠋ᠠᠬᠤ ᠠᠵᠢᠯᠴᠢᠨ (ᠪᠠᠷᠢᠯᠭ᠎ᠠ ᠵᠢᠨ ᠡᠷᠭᠦᠭᠦᠷ ᠮᠠᠰᠢᠨ)》 ᠵᠡᠷᠭᠡ ᠪᠤᠰᠤᠳ 10 ᠠᠵᠢᠯ᠎ᠤᠨ ᠲᠥᠷᠥᠯ᠎ᠢ ᠴᠦ᠍ ᠭᠤᠶᠤᠴᠢᠯᠠᠵᠤ ᠪᠣᠯᠣᠨ᠎ᠠ᠃

     ᠬᠣᠶᠠᠷ᠂ ᠣᠨᠴᠠ ᠲᠥᠷᠥᠯ᠎ᠤᠨ ᠠᠵᠢᠯ ᠡᠷᠬᠢᠯᠡᠭᠰᠡᠳ ᠬᠡᠷᠡᠯ ᠵᠢᠷᠤᠭ᠎ᠢ ᠨᠥᠬᠥᠵᠦ ᠲᠤᠰᠢᠶᠠᠵᠤ ᠦᠨᠡᠮᠯᠡᠯ ᠰᠣᠯᠢᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ᠎ᠳᠤ᠂ 《ᠪᠠᠷᠢᠯᠭ᠎ᠠ ᠵᠢᠨ ᠠᠵᠢᠯ᠎ᠤᠨ ᠣᠨᠴᠠ ᠲᠥᠷᠥᠯ᠎ᠤᠨ ᠠᠵᠢᠯ ᠡᠷᠬᠢᠯᠡᠭᠰᠡᠳ᠎ᠤᠨ ᠠᠵᠢᠯᠯᠠᠬᠤ ᠬᠢᠷᠢ ᠬᠡᠮ᠎ᠤᠨ ᠦᠨᠡᠮᠯᠡᠯ᠎ᠢ ᠬᠣᠢ᠌ᠰᠢᠯᠠᠭᠤᠯᠤᠨ ᠳᠠᠬᠢᠨ ᠬᠢᠨᠠᠵᠤ ᠦᠨᠡᠮᠯᠡᠯ ᠰᠣᠯᠢᠬᠤ》 — ᠰᠦᠯᠵᠢᠶᠡᠨ ᠳᠡᠭᠡᠷ᠎ᠡ ᠭᠦᠢ᠍ᠴᠡᠳᠭᠡᠬᠦ ᠵᠢ ᠲᠤᠪᠴᠢᠳᠠᠵᠦ ᠂ ᠠᠳᠠᠯᠢᠬᠠᠨ ᠵᠶ᠋ᠠᠷ ᠲᠤᠰᠬᠠᠢ ᠮᠡᠷᠭᠡᠵᠢᠯ᠎ᠤᠨ ᠲᠥᠷᠥᠯ᠎ᠤᠨ ᠵᠦᠢ᠍ᠯᠡᠰ᠎ᠢ ᠳᠤᠷ᠎ᠠ᠎ᠪᠠᠷ ᠵᠶ᠋ᠠᠨ ᠰᠤᠩᠭᠤᠵᠦ ᠮᠡᠳᠡᠭᠦᠯᠦᠨ᠎ᠡ᠃

     ᠭᠤᠷᠪᠠ᠂ 《ᠬᠣᠶᠠᠳᠤᠭ᠋ᠠᠷ ᠳᠡᠰ᠎ᠤᠨ ᠳᠠᠩᠰᠠᠯᠠᠭᠤᠯᠤᠭᠰᠠᠨ ᠪᠠᠢ᠌ᠭᠤᠯᠤᠭᠴᠢ》 《ᠪᠠᠷᠢᠯᠭ᠎ᠠ ᠵᠢᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠢ ᠲᠤᠰᠢᠶᠠᠯᠲᠤ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ》᠎ᠳᠤ ᠪᠠᠰᠠ ᠲᠤᠰᠬᠠᠢ ᠮᠡᠷᠭᠡᠵᠢᠯ᠎ᠤᠨ ᠰᠠᠯᠭ᠋ᠠᠯᠲᠠ ᠬᠢᠵᠦ᠂ ᠭᠤᠶᠤᠴᠢᠯᠠᠨ ᠮᠡᠳᠡᠭᠦᠯᠬᠦ ᠠᠯᠬᠤᠮ ᠳᠠᠷᠠᠭ᠎ᠠ ᠵᠢ ᠣᠨᠴᠠ ᠲᠥᠷᠥᠯ᠎ᠤᠨ ᠠᠵᠢᠯ ᠡᠷᠬᠢᠯᠡᠭᠰᠡᠳ ᠮᠡᠳᠡᠭᠦᠯᠬᠦ ᠠᠯᠬᠤᠮ ᠲᠠᠷᠠᠭ᠎ᠠ᠎ᠲᠠᠢ ᠨᠢᠭᠡᠳᠦᠯᠲᠡᠢ ᠪᠤᠯᠭ᠋ᠠᠪᠠ᠃

     ᠳᠥᠷᠪᠡ᠂ ᠪᠤᠰᠤᠳ ᠠᠵᠢᠯᠲᠠᠨ᠎ᠤ ᠬᠢᠷᠢ ᠬᠡᠮ᠎ᠤᠨ ᠲᠥᠷᠥᠯ᠎ᠤᠨ ᠵᠦᠢ᠍ᠯᠡᠰ᠎ᠲᠤ ᠲᠤᠰᠬᠠᠢ ᠮᠡᠷᠭᠡᠵᠢᠯ᠎ᠤᠨ ᠰᠠᠯᠭ᠋ᠠᠯᠲᠠ ᠬᠢᠭᠰᠡᠨ ᠦᠭᠡᠢ᠂ ᠤᠤᠯ᠎ᠤᠨ ᠵᠦᠢ᠍ᠯᠡᠰ᠎ᠤᠨ ᠨᠡᠷᠡᠢ᠌ᠳᠦᠯ᠎ᠯᠦᠭᠡ ᠵᠢᠭ᠋ᠠᠬᠠᠨ ᠬᠤᠪᠢᠷᠠᠯᠲᠠ᠎ᠲᠠᠢ (ᠬᠠᠷᠢᠴᠠᠭᠤᠯᠤᠭᠰᠠᠨ ᠬᠦᠰᠦᠨᠦᠭᠲᠦ᠎ᠳᠤ ᠨᠠᠷᠢᠪᠴᠢᠯᠠᠨ ᠦᠵᠡᠭᠡᠷᠡᠢ)᠃ ᠮᠡᠳᠡᠭᠦᠯᠬᠦ ᠮᠠᠲ᠋ᠧᠷᠢᠶᠠᠯ᠎ᠤᠨ ᠠᠭᠤᠯᠭ᠎ᠠ ᠎ᠨᠢ ᠦᠨᠳᠦᠰᠦᠨ᠎ᠳᠡᠭᠡᠨ ᠬᠤᠪᠢᠷᠠᠭᠰᠠᠨ ᠦᠭᠡᠢ᠂ ᠨᠠᠷᠢᠨ ᠪᠠᠢ᠌ᠳᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠵᠢᠨ ᠠᠵᠢᠯ ᠭᠦᠢ᠍ᠴᠡᠳᠬᠡᠬᠦ ᠵᠦᠭᠯᠡᠭᠦᠷ᠎ᠲᠤ ᠦᠵᠡᠭᠡᠷᠡᠢ!

     ᠠᠵᠢᠯᠲᠠᠨ᠎ᠤ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠵᠦᠢ᠍ᠯᠡᠰ᠎ᠤᠨ ᠬᠠᠷᠢᠴᠠᠭᠤᠯᠤᠭᠰᠠᠨ ᠬᠦᠰᠦᠨᠦᠭᠲᠦ᠃

ᠬᠡᠷᠪᠡ ᠰᠢᠢ᠍ᠳᠪᠦᠷᠢᠯᠡᠬᠦ ᠶᠠᠪᠤᠴᠠ᠎ᠳᠤ  ᠬᠦᠴᠢᠷᠳᠡᠯ᠎ᠲᠠᠢ ᠪᠠᠢ᠌ᠪᠠᠯ᠂  ᠲᠤᠤᠷᠠᠬᠢ ᠬᠡᠳᠦᠨ ᠲᠠᠯ᠎ᠠ᠎ᠪᠠᠷ ᠰᠢᠢ᠍ᠳᠪᠦᠷᠢᠯᠡᠵᠦ ᠪᠣᠯᠣᠨ᠎ᠠ᠄

    1. ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ ᠪᠠ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠦᠪᠰᠢᠶᠡᠷᠡᠯ᠎ᠤᠨ ᠳᠦᠷᠢᠮ᠎ᠤᠨ ᠥᠭᠡᠷᠡᠴᠢᠯᠡᠯᠲᠡ — ᠪᠠᠢ᠌ᠩᠭᠤ ᠲᠣᠬᠢᠶᠠᠯᠳᠤᠬᠤ ᠠᠰᠠᠭᠤᠳᠠᠯ᠎ᠳᠤ ᠣᠷᠣᠵᠤ᠂ ᠬᠠᠮᠢᠶ᠎ᠠ ᠪᠦᠬᠦᠢ ᠠᠭᠤᠯᠭ᠎ᠠ ᠵᠢ ᠪᠠᠢ᠌ᠴᠠᠭ᠋ᠠᠨ ᠯᠠᠪᠯᠠᠵᠦ ᠪᠤᠯᠤᠨ᠎ᠠ;

    2. ᠠᠰᠠᠭᠤᠨ ᠯᠠᠪᠯᠠᠬᠤ ᠤᠲᠠᠰᠤ᠄ 0471— 6944058᠂ 0471— 6944062᠃

 

ᠢᠷᠡᠯᠲᠡ᠄ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠭᠠᠵᠠᠷ