[ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠥᠪᠯᠡᠯᠭᠡ ᠥᠭᠬᠦ ᠦᠢ᠍ᠯᠡᠴᠢᠯᠡᠭᠡ] ᠠᠵᠢᠯᠲᠠᠨ᠎ᠤ ᠳᠠᠩᠰᠠᠯᠠᠭᠤᠯᠤᠭᠰᠠᠨ ᠬᠢᠷᠢ ᠬᠡᠮ᠎ᠤᠨ ᠦᠨᠡᠮᠯᠡᠯ᠎ᠤᠨ ᠡᠯᠧᠺᠲᠷᠣᠨ ᠦᠨᠡᠮᠯᠡᠯ᠎ᠤᠨ ᠪᠠᠢ᠌ᠩᠭᠤ ᠲᠣᠬᠢᠶᠠᠯᠳᠤᠳᠠᠭ ᠠᠰᠠᠭᠤᠳᠠᠯ (2025 ᠣᠨ᠎ᠤ ᠨᠢᠭᠡᠳᠦᠭᠡᠷ ᠬᠤᠭᠤᠴᠠᠭ᠎ᠠ)
2025-02-21

    Q1᠄ ᠶᠠᠮᠠᠷ ᠶᠠᠮᠠᠷ ᠬᠥᠮᠥᠰ᠎ᠤᠨ ᠳᠠᠩᠰᠠᠯᠠᠭᠤᠯᠤᠭᠰᠠᠨ ᠦᠨᠡᠮᠯᠡᠯ᠎ᠨᠢ ᠲᠣᠰ ᠤᠳᠠᠭ᠋ᠠᠨ᠎ᠤ ᠦᠨᠡᠮᠯᠡᠯ᠎ᠤᠨ ᠡᠯᠧᠺᠲ᠋ᠣᠷᠣᠨᠴᠢᠯᠠᠭᠰᠠᠨ ᠠᠵᠢᠯ᠎ᠳᠤ ᠬᠣᠯᠪᠣᠭᠳᠠᠬᠤ ᠪᠣᠶ?

     ᠬᠠᠷᠢᠭᠤᠯᠲᠠ᠄ 《ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠵᠢᠨ ᠢᠨᠵᠧᠨᠧᠷ ᠵᠡᠷᠭᠡ ᠲᠤᠰᠬᠠᠢ ᠮᠡᠷᠭᠡᠵᠢᠯ᠎ᠤᠨ ᠠᠵᠢᠯᠲᠠᠨ᠎ᠤ  ᠳᠠᠩᠰᠠᠯᠠᠭᠤᠯᠤᠭᠰᠠᠨ  ᠡᠯᠧᠺᠲᠷᠣᠨ  ᠦᠨᠡᠮᠯᠡᠯ᠎ᠢ ᠡᠬᠢᠯᠡᠨ ᠬᠡᠷᠡᠭᠯᠡᠬᠦ ᠲᠤᠬᠠᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠢ᠌ᠭᠤᠯᠤᠯᠲᠠ ᠠᠯᠪᠠᠨ ᠲᠢᠩᠬᠢᠮ ᠵᠠᠬᠢᠳᠠᠯ  [2025] 13 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠨ᠂ ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠵᠢᠨ ᠢᠨᠵᠧᠨᠧᠷ᠂ ᠨᠢᠭᠡᠳᠦᠭᠡᠷ ᠳᠡᠰ᠎ᠤᠨ ᠳᠠᠩᠰᠠᠯᠠᠭᠤᠯᠤᠭᠰᠠᠨ ᠪᠦᠲᠦᠴᠡ ᠵᠢᠨ ᠢᠨᠵᠧᠨᠧᠷ᠂ ᠳᠠᠩᠰᠠᠯᠠᠭᠤᠯᠤᠭᠰᠠᠨ ᠴᠠᠬᠢᠯᠭ᠋ᠠᠨ᠎ᠤ ᠢᠨᠵᠧᠨᠧᠷ᠂ ᠳᠠᠩᠰᠠᠯᠠᠭᠤᠯᠤᠭᠰᠠᠨ ᠨᠡᠶ᠋ᠢᠲᠡ ᠵᠢᠨ ᠬᠡᠷᠡᠭᠯᠡᠭᠡᠨ᠎ᠤ ᠲᠥᠬᠦᠭᠡᠷᠦᠮᠵᠢ ᠵᠢᠨ ᠢᠨᠵᠧᠨᠧᠷ᠂ ᠳᠠᠩᠰᠠᠯᠠᠭᠤᠯᠤᠭᠰᠠᠨ ᠬᠢᠮᠢ ᠵᠢᠨ ᠠᠵᠤ ᠦᠢ᠍ᠯᠡᠳᠪᠦᠷᠢ ᠵᠢᠨ ᠢᠨᠵᠧᠨᠧᠷ᠂ ᠳᠠᠩᠰᠠᠯᠠᠭᠤᠯᠤᠭᠰᠠᠨ ᠰᠢᠷᠣᠢ ᠮᠣᠳᠣᠨ᠎ᠤ ᠢᠨᠵᠧᠨᠧᠷ᠂ ᠳᠠᠩᠰᠠᠯᠠᠭᠤᠯᠤᠭᠰᠠᠨ ᠨᠢᠭᠡᠳᠦᠭᠡᠷ ᠳᠡᠰ᠎ᠤᠨ  ᠪᠠᠢ᠌ᠭᠤᠯᠬᠤ ᠦᠨ᠎ᠡ ᠵᠢᠨ ᠢᠨᠵᠧᠨᠧᠷ ᠵᠡᠷᠭᠡ ᠲᠤᠰᠬᠠᠢ ᠮᠡᠷᠭᠡᠵᠢᠯ᠎ᠤᠨ ᠠᠵᠢᠯᠳᠠᠨ᠎ᠳᠤ  ᠳᠠᠩᠰᠠᠯᠠᠭᠤᠯᠤᠭᠰᠠᠨ  ᠡᠯᠧᠺᠲᠷᠣᠨ  ᠦᠨᠡᠮᠯᠡᠯ᠎ᠢ ᠡᠬᠢᠯᠡᠨ ᠬᠡᠷᠡᠭᠯᠡᠨ᠎ᠡ᠃  ᠳᠠᠩᠰᠠᠯᠠᠭᠤᠯᠤᠭᠰᠠᠨ  ᠴᠠᠭ᠋ᠠᠰᠤᠨ  ᠦᠨᠡᠮᠯᠡᠯ᠎ᠢ ᠳᠠᠭᠢᠵᠤ ᠣᠯᠭᠣᠬᠤ ᠦᠭᠡᠢ᠃ ᠣᠳᠣᠬᠠᠨ᠎ᠳᠤ᠂ ᠬᠦᠴᠦᠨ᠎ᠲᠠᠢ ᠬᠤᠭᠤᠴᠠᠭ᠋ᠠᠨ᠎ᠳᠠᠬᠢ ᠴᠠᠭ᠋ᠠᠰᠤᠨ ᠦᠨᠡᠮᠯᠡᠯ᠎ᠨᠢ ᠮᠥᠨ ᠬᠦ᠌ ᠬᠦᠴᠦᠨ᠎ᠲᠠᠢ ᠪᠠᠢ᠌ᠵᠤ᠂ ᠬᠣᠯᠪᠣᠭᠳᠠᠯ ᠪᠦᠬᠦᠢ ᠠᠵᠤ ᠠᠬᠤᠢ᠌ᠯᠠᠯ ᠵᠢᠴᠢ ᠳᠠᠩᠰᠠᠯᠠᠭᠤᠯᠤᠭᠰᠠᠨ ᠠᠵᠢᠯᠲᠠᠨ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠡᠯᠧᠺᠲᠷᠣᠨ ᠳᠠᠩᠰᠠᠯᠠᠭᠤᠯᠤᠭᠰᠠᠨ ᠦᠨᠡᠮᠯᠡᠯ ᠵᠶ᠋ᠡᠨ ᠴᠠᠭ ᠲᠤᠬᠠᠢ᠎ᠳᠤᠨᠢ ᠰᠣᠯᠢᠵᠤ ᠪᠣᠯᠣᠨ᠎ᠠ᠃

    Q2᠄ ᠳᠡᠭᠡᠷ᠎ᠡ ᠳᠤᠷᠠᠳᠤᠭᠰᠠᠨ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ᠎ᠢ ᠬᠡᠷᠬᠢᠨ ᠭᠤᠶᠤᠴᠢᠯᠠᠨ ᠠᠪᠬᠤ ᠪᠤᠢ?

     ᠬᠠᠷᠢᠭᠤᠯᠲᠠ᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠠᠴᠠ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ᠎ᠢ ᠭᠤᠶᠤᠴᠢᠯᠠᠨ ᠠᠪᠬᠤ᠂ ᠪᠠᠢ᠌ᠴᠠᠭ᠋ᠠᠨ ᠦᠵᠡᠬᠦ ᠪᠠ ᠪᠠᠭᠤᠯᠭ᠋ᠠᠨ ᠠᠪᠬᠤ ᠪᠤᠯᠤᠨ᠎ᠠ᠂ ᠪᠣᠳᠠᠲᠠᠢ ᠶᠠᠪᠤᠴᠠ ᠵᠢ 《ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠡᠯᠧᠺᠲᠷᠣᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠭᠠᠷ ᠠᠪᠤᠯᠭ᠎ᠠ》᠎ᠳᠤ ᠦᠵᠡᠭᠡᠷᠡᠢ (ᠳᠠᠭ᠋ᠠᠯᠳᠤᠭᠤᠯᠤᠯ᠎ᠳᠤ ᠦᠵᠡ)᠃ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ᠎ᠢ ᠡᠬᠢᠯᠡᠵᠦ ᠬᠡᠷᠡᠭᠯᠡᠭᠰᠡᠨ᠎ᠤ ᠳᠠᠷᠠᠭ᠎ᠠ᠂ ᠲᠣᠰ ᠲᠥᠷᠥᠯ᠎ᠤᠨ ᠳᠠᠩᠰᠠᠯᠠᠭᠤᠯᠤᠭᠰᠠᠨ ᠦᠨᠡᠮᠯᠡᠯ ᠭᠡᠭᠡᠭᠰᠡᠨ᠎ᠢ ᠨᠥᠬᠥᠵᠦ ᠭᠦᠢ᠍ᠴᠡᠳᠬᠡᠬᠦ ᠲᠤᠬᠠᠢ᠌ᠯᠠᠭᠰᠠᠨ ᠠᠵᠢᠯ᠎ᠢ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃

    Q3᠄ ᠳᠠᠩᠰᠠᠯᠠᠭᠤᠯᠤᠭᠰᠠᠨ ᠡᠯᠧᠺᠲᠷᠣᠨ ᠦᠨᠡᠮᠯᠡᠯ᠎ᠢ ᠡᠬᠢᠯᠡᠵᠦ ᠬᠡᠷᠡᠭᠯᠡᠭᠰᠡᠨ᠎ᠤ ᠳᠠᠷᠠᠭ᠎ᠠ᠂ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠠᠷᠭ᠎ᠠ ᠮᠠᠶᠢᠭ᠎ᠨᠢ ᠶᠠᠮᠠᠷ ᠬᠤᠪᠢᠷᠠᠯᠲᠠ᠎ᠲᠠᠢ ᠪᠣᠶ?

     ᠬᠠᠷᠢᠭᠤᠯᠲᠠ᠄

    (ᠨᠢᠭᠡ) ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠵᠢᠨ ᠢᠨᠵᠧᠨᠧᠷ

    1. 2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ ᠬᠣᠢ᠌ᠰᠢ ᠭᠤᠶᠤᠴᠢᠯᠠᠵᠦ ᠪᠠᠳᠤᠯᠠᠭᠳᠠᠭᠰᠨ ᠦᠨᠡᠮᠯᠡᠯ᠎ᠳᠤ ᠴᠠᠭ᠋ᠠᠰᠤᠨ ᠦᠨᠡᠮᠯᠡᠯ ᠤᠯᠭᠤᠬᠤ ᠦᠭᠡᠢ᠂ ᠬᠤᠪᠢᠷᠠᠭᠤᠯᠬᠤ᠂ ᠦᠷᠭᠦᠯᠵᠢᠯᠡᠭᠦᠯᠬᠦ ᠵᠢᠴᠢ ᠨᠡᠷ᠎ᠡ ᠬᠠᠯᠠᠬᠤ ᠵᠢ ᠬᠦᠯᠢᠶᠠᠨ ᠠᠪᠴᠦ ᠰᠢᠢ᠍ᠳᠪᠦᠷᠢᠯᠡᠬᠦ ᠦᠭᠡᠢ;

    2. 2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠭᠤᠶᠤᠴᠢᠯᠠᠵᠦ ᠪᠠᠳᠤᠯᠠᠭᠳᠠᠭᠰᠨ ᠦᠨᠡᠮᠯᠡᠯ᠎ᠳᠤ ᠮᠥᠨ ᠬᠦ᠌ ᠴᠠᠭ᠋ᠠᠰᠤᠨ ᠦᠨᠡᠮᠯᠡᠯ ᠤᠯᠭᠤᠵᠤ᠂ ᠬᠤᠪᠢᠷᠠᠭᠤᠯᠬᠤ᠂ ᠦᠷᠭᠦᠯᠵᠢᠯᠡᠭᠦᠯᠬᠦ ᠵᠢᠴᠢ ᠨᠡᠷ᠎ᠡ ᠬᠠᠯᠠᠬᠤ ᠲᠤᠬᠠᠢ᠌ᠯᠠᠭᠰᠠᠨ ᠠᠵᠢᠯ ᠭᠦᠢ᠍ᠴᠡᠳᠭᠡᠵᠦ ᠪᠤᠯᠤᠨ᠎ᠠ᠂ ᠨᠠᠷᠢᠨ ᠪᠠᠢ᠌ᠳᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠬᠢᠭᠡᠳ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠤᠨ ᠳᠦᠷᠢᠮ᠎ᠤᠨ ᠥᠭᠡᠷᠡᠴᠢᠯᠡᠯᠲᠡ — ᠠᠵᠢᠯᠲᠠᠨ᠎ᠤ ᠬᠢᠷᠢ ᠬᠡᠮ᠎ᠤᠨ ᠦᠨᠡᠮᠯᠡᠯ᠎ᠢ ᠠᠪᠴᠤ ᠬᠡᠷᠡᠭᠯᠡᠬᠦ ᠮᠡᠳᠡᠭᠳᠡᠯ᠎ᠢ ᠪᠠᠢ᠌ᠴᠠᠭ᠋ᠠᠨ ᠦᠵᠡᠭᠡᠷᠡᠢ;

    3. ᠠᠩᠬᠠᠨ᠎ᠤ ᠳᠠᠩᠰᠠᠯᠠᠯᠲᠠ ᠵᠢᠴᠢ ᠨᠥᠬᠥᠨ ᠭᠦᠢ᠍ᠴᠡᠳᠭᠡᠬᠦ ᠦᠨᠡᠮᠯᠡᠯ ᠵᠶ᠋ᠡᠨ ᠭᠡᠭᠡᠭᠰᠡᠨ ᠬᠤᠪᠢ ᠬᠥᠮᠥᠨ᠎ᠤ ᠬᠡᠷᠡᠯ ᠵᠢᠷᠤᠭ᠎ᠢ ᠳᠠᠭᠢᠵᠤ ᠭᠥᠯᠢᠶᠡᠨ ᠠᠪᠬᠤ ᠦᠭᠡᠢ᠃

    (ᠬᠣᠶᠠᠷ)  ᠳᠠᠩᠰᠠᠯᠠᠭᠤᠯᠤᠭᠰᠠᠨ  ᠨᠢᠭᠡᠳᠦᠭᠡᠷ ᠳᠡᠰ᠎ᠤᠨ  ᠪᠦᠲᠦᠴᠡ ᠵᠢᠨ ᠢᠨᠵᠧᠨᠧᠷ᠂ ᠳᠠᠩᠰᠠᠯᠠᠭᠤᠯᠤᠭᠰᠠᠨ ᠴᠠᠬᠢᠯᠭ᠋ᠠᠨ᠎ᠤ ᠢᠨᠵᠧᠨᠧᠷ (ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ᠂ ᠴᠠᠬᠢᠯᠭ᠋ᠠᠨ ᠬᠠᠩᠭ᠋ᠠᠬᠤ ᠲᠣᠬᠢᠷᠠᠭᠤᠯᠬᠤ)᠂ ᠳᠠᠩᠰᠠᠯᠠᠭᠤᠯᠤᠭᠰᠠᠨ ᠨᠡᠶ᠋ᠢᠲᠡ ᠵᠢᠨ ᠬᠡᠷᠡᠭᠯᠡᠭᠡᠨ᠎ᠤ ᠲᠥᠬᠦᠭᠡᠷᠦᠮᠵᠢ ᠵᠢᠨ ᠢᠨᠵᠧᠨᠧᠷ (ᠳᠤᠯᠠᠭ᠋ᠠᠨ ᠨᠡᠪᠲᠡᠷᠡᠬᠦ ᠠᠭ᠋ᠠᠷ ᠲᠣᠬᠢᠷᠠᠭᠤᠯᠤᠭᠴᠢ᠂ ᠤᠰᠤ ᠬᠠᠩᠭ᠋ᠠᠬᠤ ᠤᠰᠤ ᠭᠠᠳᠠᠭᠰᠢᠯᠠᠭᠤᠯᠬᠤ᠂ ᠬᠥᠳᠡᠯᠭᠡᠬᠦ ᠬᠦᠴᠦᠨ)᠂ ᠳᠠᠩᠰᠠᠯᠠᠭᠤᠯᠤᠭᠰᠠᠨ ᠬᠢᠮᠢ ᠵᠢᠨ ᠠᠵᠤ ᠦᠢ᠍ᠯᠡᠳᠪᠦᠷᠢ ᠵᠢᠨ ᠢᠨᠵᠧᠨᠧᠷ᠂ ᠳᠠᠩᠰᠠᠯᠠᠭᠤᠯᠤᠭᠰᠠᠨ ᠰᠢᠷᠣᠢ ᠮᠣᠳᠣᠨ᠎ᠤ ᠢᠨᠵᠧᠨᠧᠷ (ᠴᠢᠯᠠᠭᠤᠯᠢᠭ ᠰᠢᠷᠣᠢ)

    1. 2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ ᠬᠣᠢ᠌ᠰᠢ ᠭᠤᠶᠤᠴᠢᠯᠠᠵᠦ ᠪᠠᠳᠤᠯᠠᠭᠳᠠᠭᠰᠨ ᠦᠨᠡᠮᠯᠡᠯ᠎ᠳᠤ ᠴᠠᠭ᠋ᠠᠰᠤᠨ ᠦᠨᠡᠮᠯᠡᠯ᠎ᠢ ᠲᠠᠬᠢᠵᠦ ᠣᠯᠭᠣᠬᠤ ᠦᠭᠡᠢ;

    2. 2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠭᠤᠶᠤᠴᠢᠯᠠᠵᠦ ᠪᠠᠳᠤᠯᠠᠭᠳᠠᠭᠰᠨ ᠦᠨᠡᠮᠯᠡᠯ᠎ᠳᠤ ᠮᠥᠨ ᠴᠠᠭ᠋ᠠᠰᠤᠨ ᠦᠨᠡᠮᠯᠡᠯ ᠣᠯᠭᠣᠨ᠎ᠠ᠂ ᠨᠠᠷᠢᠨ ᠪᠠᠢ᠌ᠳᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠬᠢᠭᠡᠳ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠤᠨ ᠳᠦᠷᠢᠮ᠎ᠤᠨ ᠥᠭᠡᠷᠡᠴᠢᠯᠡᠯᠲᠡ — ᠠᠵᠢᠯᠲᠠᠨ᠎ᠤ ᠬᠢᠷᠢ ᠬᠡᠮ᠎ᠤᠨ ᠦᠨᠡᠮᠯᠡᠯ᠎ᠢ ᠠᠪᠴᠤ ᠬᠡᠷᠡᠭᠯᠡᠬᠦ ᠮᠡᠳᠡᠭᠳᠡᠯ᠎ᠢ ᠪᠠᠢ᠌ᠴᠠᠭ᠋ᠠᠨ ᠦᠵᠡᠭᠡᠷᠡᠢ᠃

    (ᠭᠤᠷᠪᠠ)  ᠳᠠᠩᠰᠠᠯᠠᠭᠤᠯᠤᠭᠰᠠᠨ  ᠨᠢᠭᠡᠳᠦᠭᠡᠷ ᠳᠡᠰ᠎ᠤᠨ  ᠪᠠᠢ᠌ᠭᠤᠯᠬᠤ  ᠦᠨ᠎ᠡ ᠵᠢᠨ ᠢᠨᠵᠧᠨᠧᠷ (ᠰᠢᠷᠣᠢ ᠮᠣᠳᠣᠨ᠎ᠤ ᠪᠠᠷᠢᠯᠭ᠎ᠠ ᠵᠢᠨ ᠢᠨᠵᠧᠨᠧᠷᠢᠩ᠂ ᠤᠭᠰᠠᠷᠠᠯᠭ᠎ᠠ ᠵᠢᠨ ᠢᠨᠵᠧᠨᠧᠷᠢᠩ)

    1. 2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ ᠬᠣᠢ᠌ᠰᠢ ᠭᠤᠶᠤᠴᠢᠯᠠᠵᠦ ᠪᠠᠳᠤᠯᠠᠭᠳᠠᠭᠰᠨ ᠦᠨᠡᠮᠯᠡᠯ᠎ᠳᠤ ᠴᠠᠭ᠋ᠠᠰᠤᠨ ᠦᠨᠡᠮᠯᠡᠯ᠎ᠢ ᠲᠠᠬᠢᠵᠦ ᠣᠯᠭᠣᠬᠤ ᠦᠭᠡᠢ;

    2. 2025 ᠣᠨ᠎ᠤ 1 ᠳ᠋ᠤᠭᠡᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠭᠤᠶᠤᠴᠢᠯᠠᠵᠦ ᠪᠠᠳᠤᠯᠠᠭᠳᠠᠭᠰᠨ ᠦᠨᠡᠮᠯᠡᠯ᠎ᠳᠤ ᠮᠥᠨ ᠴᠠᠭ᠋ᠠᠰᠤᠨ ᠦᠨᠡᠮᠯᠡᠯ ᠣᠯᠭᠣᠨ᠎ᠠ᠂ ᠨᠠᠷᠢᠨ ᠪᠠᠢ᠌ᠳᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠬᠢᠭᠡᠳ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠤᠨ ᠳᠦᠷᠢᠮ᠎ᠤᠨ ᠥᠭᠡᠷᠡᠴᠢᠯᠡᠯᠲᠡ — ᠠᠵᠢᠯᠲᠠᠨ᠎ᠤ ᠬᠢᠷᠢ ᠬᠡᠮ᠎ᠤᠨ ᠦᠨᠡᠮᠯᠡᠯ᠎ᠢ ᠠᠪᠴᠤ ᠬᠡᠷᠡᠭᠯᠡᠬᠦ ᠮᠡᠳᠡᠭᠳᠡᠯ᠎ᠢ ᠪᠠᠢ᠌ᠴᠠᠭ᠋ᠠᠨ ᠦᠵᠡᠭᠡᠷᠡᠢ;

    3. ᠲᠠᠩᠰᠠᠯᠠᠯᠳᠠ ᠵᠢ ᠬᠤᠪᠢᠷᠠᠭᠤᠯᠬᠤ 《ᠲᠠᠮᠠᠭ᠎ᠠ ᠲᠠᠷᠤᠬᠤ》 ᠲᠤᠬᠠᠢ᠌ᠯᠠᠭᠰᠠᠨ ᠠᠵᠢᠯ᠎ᠢ ᠲᠡᠬᠢᠵᠦ ᠭᠦᠢ᠍ᠴᠡᠳᠬᠡᠬᠦ ᠦᠭᠡᠢ᠃

 

     ᠬᠡᠷᠪᠡ ᠰᠢᠢ᠍ᠳᠪᠦᠷᠢᠯᠡᠬᠦ ᠶᠠᠪᠤᠴᠠ᠎ᠳᠤ ᠪᠠᠰᠠ ᠬᠦᠴᠢᠷᠳᠡᠯ᠎ᠲᠠᠢ ᠪᠣᠯ᠂ ᠲᠠ ᠲᠤᠤᠷᠠᠬᠢ ᠤᠲᠠᠰᠤ᠎ᠪᠠᠷ ᠠᠰᠠᠭᠤᠨ ᠯᠠᠪᠯᠠᠵᠦ ᠪᠣᠯᠣᠨ᠎ᠠ᠄

    0471 - 6944058 / 0471 - 6944062 (ᠲᠦᠷᠦ ᠵᠢᠨ ᠪᠣᠳᠣᠯᠭ᠎ᠠ ᠵᠢᠨ ᠯᠠᠪᠯᠠᠯᠭ᠎ᠠ)

    0471 - 5332423 (ᠦᠨᠡᠮᠯᠡᠯ ᠠᠪᠬᠤ ᠵᠢ ᠣᠷᠣᠯᠠᠨ ᠭᠦᠢ᠍ᠴᠡᠳᠬᠡᠬᠦ᠂ ᠮᠠᠲ᠋ᠧᠷᠢᠶᠠᠯ ᠪᠠᠢ᠌ᠴᠠᠭ᠋ᠠᠨ ᠯᠠᠪᠯᠠᠬᠤ ᠰᠢᠤᠳᠠᠨ ᠵᠶ᠋ᠠᠷ ᠢᠯᠡᠭᠡᠬᠦ)

    010 - 58934542 / 010 - 58934446 (ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠮᠡᠷᠭᠡᠵᠢᠯ᠎ᠤᠨ ᠳᠡᠮᠵᠢᠯᠭᠡ ᠵᠢᠨ ᠤᠲᠠᠰᠤ)

 

ᠢᠷᠡᠯᠲᠡ᠄ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠭᠠᠵᠠᠷ