《ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠥᠪᠯᠡᠯᠭᠡ ᠥᠭᠬᠦ ᠦᠢ᠍ᠯᠡᠴᠢᠯᠡᠭᠡ》 ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠠᠢ᠌ᠩᠭᠤ ᠲᠤᠬᠢᠶᠠᠯᠳᠤᠬᠤ ᠠᠰᠠᠭᠤᠳᠠᠯ᠎ᠤᠨ ᠬᠠᠷᠢᠭᠤᠯᠲᠠ — ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠬᠢᠷᠢ ᠭᠡᠮ ᠭᠤᠶᠤᠴᠢᠯᠠᠨ ᠮᠡᠳᠡᠭᠦᠯᠬᠦ᠎ᠳᠤ ᠪᠠᠢ᠌ᠩᠭᠤ ᠲᠤᠬᠢᠶᠠᠯᠳᠤᠬᠤ ᠠᠰᠠᠭᠤᠳᠠᠯ (2025 ᠣᠨ᠎ᠤ ᠬᠣᠶᠠᠳᠤᠭ᠋ᠠᠷ ᠬᠤᠭᠤᠴᠠᠭ᠎ᠠ)
2025-04-15

    Q1᠄ 《ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ B ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠬᠤ ᠲᠤᠬᠠᠢ᠌ᠯᠠᠭᠰᠠᠨ ᠠᠵᠢᠯ》᠎ᠢ ᠭᠦᠢ᠍ᠴᠡᠳᠬᠡᠬᠦ ᠭᠤᠶᠤᠴᠢᠯᠠᠯ ᠵᠶ᠋ᠠᠨ ᠲᠤᠰᠢᠶᠠᠬᠤ ᠎ᠳᠤ᠂ ᠰᠢᠰᠲ᠋ᠧᠮ᠎ᠨᠢ 《ᠲᠠᠩᠰᠠᠯᠠᠭᠤᠯᠤᠭᠰᠠᠨ ᠪᠦᠲᠦᠭᠡᠨ ᠪᠠᠢ᠌ᠭᠤᠯᠤᠭᠴᠢ ᠵᠢᠨ ᠦᠨᠡᠮᠯᠡᠯ᠎ᠢ ᠭᠤᠶᠤᠴᠢᠯᠠᠭ᠋ᠠᠷᠠᠢ!》 ᠭᠡᠵᠦ ᠰᠠᠨᠠᠭᠤᠯᠪᠠ (ᠵᠢᠷᠤᠭ ᠮᠡᠳᠦ)᠃ ᠶᠠᠭ᠋ᠠᠬᠢᠪᠠᠯ ᠵᠣᠬᠢᠬᠤ ᠪᠤᠢ ?


1.jpg


ᠬᠠᠷᠢᠭᠤᠯᠲᠠ᠄

    1. ᠲᠤᠰ  ᠠᠵᠢᠯᠲᠠᠨ ᠳᠠᠩᠰᠠᠯᠠᠭᠤᠯᠤᠭᠰᠠᠨ ᠪᠦᠲᠦᠭᠡᠨ ᠪᠠᠢ᠌ᠭᠤᠯᠤᠭᠴᠢ ᠵᠢᠨ ᠦᠨᠡᠮᠯᠡᠯ ᠪᠠᠢ᠌ᠬᠤ ᠦᠭᠡᠢ᠂ ᠰᠢᠰᠲ᠋ᠧᠮ᠎ᠤᠨ ᠬᠢᠨᠠᠨ ᠰᠢᠯᠭ᠋ᠠᠭᠰᠠᠨ ᠵᠶ᠋ᠠᠷ B ᠦᠨᠡᠮᠯᠡᠯ ᠭᠤᠶᠤᠴᠢᠯᠠᠬᠤ ᠬᠢᠷᠢ ᠬᠡᠮ᠎ᠢ ᠪᠦᠷᠢᠯᠳᠦᠭᠦᠯᠦᠭᠰᠡᠨ ᠦᠭᠡᠢ᠂ ᠤᠷᠢᠳ ᠵᠶ᠋ᠠᠷ ᠳᠠᠩᠰᠠᠯᠠᠭᠤᠯᠤᠭᠰᠠᠨ ᠪᠦᠲᠦᠭᠡᠨ ᠪᠠᠢ᠌ᠭᠤᠯᠤᠭᠴᠢ ᠵᠢᠨ ᠦᠨᠡᠮᠯᠡᠯ᠎ᠢ ᠣᠯᠣᠭᠰᠠᠨ᠎ᠤ ᠳᠠᠷᠠᠭ᠎ᠠ ᠰᠠᠶᠢ B ᠦᠨᠡᠮᠯᠡᠯ᠎ᠢ ᠭᠤᠶᠤᠴᠢᠯᠠᠭ᠋ᠠᠷᠠᠢ᠃

    2. ᠲᠣᠰ ᠠᠵᠢᠯᠲᠠᠨ᠎ᠳᠤ ᠨᠢᠭᠡᠳᠦᠭᠡᠷ ᠳᠡᠰ᠎ᠤᠨ ᠳᠠᠩᠰᠠᠯᠠᠭᠤᠯᠤᠭᠰᠠᠨ ᠪᠦᠲᠦᠭᠡᠨ ᠪᠠᠢ᠌ᠭᠤᠯᠤᠭᠴᠢ ᠵᠢᠨ ᠦᠨᠡᠮᠯᠡᠯ᠎ᠲᠠᠢ ᠪᠤᠯᠪᠠᠴᠦ ᠰᠢᠰᠲ᠋ᠧᠮ᠎ᠠᠴᠠ ᠬᠢᠨᠠᠨ ᠰᠢᠯᠭ᠋ᠠᠬᠤ ᠵᠢᠨ ᠠᠷᠭ᠎ᠠ ᠦᠭᠡᠢ ᠪᠤᠯ ᠭᠤᠶᠤᠴᠢᠯᠠᠭᠴᠢ᠎ᠠᠴᠠ ᠬᠣᠯᠪᠣᠭᠳᠠᠯ ᠪᠦᠬᠦᠢ ᠮᠡᠳᠡᠭᠡ ᠵᠠᠩᠭᠢ ᠵᠢ ᠰᠢᠰᠲ᠋ᠧᠮ᠎ᠳᠤ ᠲᠠᠭᠯᠠᠨ ᠪᠢᠴᠢᠬᠦ ᠴᠢᠬᠤᠯᠠᠲᠠᠢ᠃

     ᠭᠦᠢ᠍ᠴᠡᠳᠭᠡᠬᠦ ᠠᠯᠬᠤᠮ ᠳᠠᠷᠠᠭ᠎ᠠ᠄ ᠭᠤᠶᠤᠴᠢᠯᠠᠨ ᠮᠡᠳᠡᠭᠦᠯᠬᠦ ᠲᠤᠬᠠᠢ᠌ᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢ᠍ᠴᠡᠳᠬᠡᠨ᠎ᠡ — ᠰᠢᠨ᠎ᠡ᠎ᠪᠠᠷ ᠨᠡᠮᠡᠭᠳᠡᠭᠰᠡᠨ ᠵᠦᠢ᠍ᠯᠡᠰ᠎ᠢ ᠲᠣᠪᠴᠢᠳᠠᠨ᠎ᠠ — ᠭᠤᠶᠤᠴᠢᠯᠠᠨ ᠮᠡᠳᠡᠭᠦᠯᠬᠦ ᠨᠢᠭᠤᠷ ᠬᠠᠭᠤᠳᠠᠰᠤ —  ᠪᠠᠷᠠᠭᠤᠨ ᠲᠠᠯ᠎ᠠ ᠵᠢᠨ ᠬᠠᠷ᠎ᠠ ᠥᠩᠭᠡ᠎ᠲᠠᠢ 《ᠠᠵᠢᠯᠲᠠᠨ᠎ᠤ ᠮᠡᠳᠡᠭᠡ ᠵᠠᠩᠭᠢ》 ᠵᠢ ᠲᠣᠪᠴᠢᠳᠠᠨ᠎ᠠ — ᠠᠵᠢᠯᠲᠠᠨ᠎ᠤ ᠮᠡᠳᠡᠭᠡ ᠵᠠᠩᠭᠢ ᠵᠢ ᠲᠡᠮᠳᠡᠭᠯᠡᠬᠦ ᠨᠢᠭᠤᠷ ᠬᠠᠭᠤᠳᠠᠰᠤ — ᠲᠣᠰ ᠠᠵᠢᠯᠲᠠᠨ᠎ᠤ ᠬᠠᠮᠢᠶ᠎ᠠ ᠪᠦᠬᠦᠢ ᠮᠡᠳᠡᠭᠡ ᠵᠠᠩᠭᠢ ᠵᠢ ᠪᠢᠴᠢᠵᠦ ᠣᠷᠣᠭᠤᠯᠤᠨ᠎ᠠ᠂ 《ᠡᠭᠦᠷᠭᠡ ᠲᠤᠰᠢᠶᠠᠯ 》 ᠪᠤᠯᠤᠩ᠎ᠠᠴᠠ 《ᠨᠢᠭᠡᠳᠦᠭᠡᠷ ᠳᠡᠰ᠎ᠤᠨ ᠳᠠᠩᠰᠠᠯᠠᠭᠤᠯᠤᠭᠰᠠᠨ ᠪᠦᠲᠦᠭᠡᠨ ᠪᠠᠢ᠌ᠭᠤᠯᠤᠭᠴᠢ》 ᠵᠢ ᠰᠣᠩᠭᠣᠨ᠎ᠠ — ᠬᠠᠳᠠᠭ᠋ᠠᠯᠠᠬᠤ ᠵᠢᠨ ᠬᠠᠮᠲᠤ ᠭᠤᠶᠤᠴᠢᠯᠠᠯ ᠵᠶ᠋ᠠᠨ ᠲᠤᠰᠢᠶᠠᠪᠠᠯ ᠪᠣᠯᠴᠢᠬᠠᠨ᠎ᠠ᠃

    Q2᠄ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠮᠤᠵᠢ ᠠᠯᠤᠰᠯᠠᠨ ᠰᠢᠯᠵᠢᠭᠦᠯᠦᠨ ᠭᠠᠷᠭ᠋ᠠᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ᠎ᠳᠤ᠂ ᠰᠢᠯᠵᠢᠭᠦᠯᠦᠨ ᠤᠷᠤᠭᠤᠯᠬᠤ ᠮᠤᠵᠢ ᠵᠢᠨ ᠠᠵᠤ ᠠᠬᠤᠢ᠌ᠯᠠᠯ᠎ᠨᠢ ᠭᠥᠯᠢᠶᠡᠨ ᠠᠪᠬᠤ ᠦᠭᠡᠢ᠂ ᠰᠢᠯᠵᠢᠭᠦᠯᠦᠨ ᠣᠷᠣᠭᠤᠯᠬᠤ ᠭᠠᠷ ᠭᠦᠢ᠍ᠴᠡᠳᠬᠡᠯ ᠬᠢᠵᠦ ᠦᠭᠬᠦ ᠦᠭᠡᠢ ᠪᠣᠯ ᠪᠤᠴᠠᠭ᠋ᠠᠨ ᠠᠪᠴᠤ ᠪᠣᠯᠣᠨ᠎ᠠ ᠦᠦ?

     ᠬᠠᠷᠢᠭᠤᠯᠲᠠ᠄  ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ ᠮᠤᠵᠢ ᠠᠯᠤᠰᠯᠠᠨ ᠰᠢᠯᠵᠢᠵᠦ ᠶᠠᠪᠤᠭᠰᠠᠨ᠎ᠤ ᠳᠠᠷᠠᠭ᠎ᠠ ᠪᠤᠴᠠᠭ᠋ᠠᠬᠤ ᠵᠢᠨ ᠠᠷᠭ᠎ᠠ ᠦᠭᠡᠢ ᠪᠤᠯ᠂ ᠵᠥᠪᠬᠡᠨ ᠲᠤᠬᠠᠢ᠌ᠯᠠᠭᠰᠠᠨ ᠠᠵᠢᠯ ᠵᠶ᠋ᠠᠨ ᠬᠦᠴᠦᠨ ᠦᠭᠡᠢ ᠪᠣᠯᠭ᠋ᠠᠬᠤ᠎ᠪᠠᠷ ᠭᠤᠶᠤᠴᠢᠯᠠᠵᠤ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠠᠵᠤ ᠠᠬᠤᠢ᠌ᠯᠠᠯ᠎ᠤᠨ ᠬᠢᠷᠢ ᠬᠡᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠬᠢᠭᠡᠳ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠤᠨ ᠳᠦᠷᠢᠮ᠎ᠤᠨ ᠥᠭᠡᠷᠡᠴᠢᠯᠡᠯᠲᠡ — ᠰᠢᠰᠲ᠋ᠧᠮ᠎ᠤᠨ ᠠᠵᠢᠯᠯᠠᠭ᠋ᠠᠨ᠎ᠤ ᠭᠠᠷ ᠳᠡᠪᠲᠡᠷ ᠵᠢᠴᠢ ᠥᠯᠢᠭᠡᠷ ᠬᠦᠰᠦᠨᠦᠭᠲᠦ ᠵᠢ ᠪᠠᠭᠤᠯᠭ᠋ᠠᠨ ᠠᠪᠴᠤ᠂ 《ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠬᠢᠷᠢ ᠭᠡᠮ᠎ᠢ ᠬᠦᠴᠦᠨ ᠦᠭᠡᠢ ᠪᠣᠯᠭ᠋ᠠᠬᠤ ᠭᠤᠶᠤᠴᠢᠯᠠᠯ᠎ᠤᠨ ᠬᠦᠰᠦᠨᠦᠭᠲᠦ (ᠮᠤᠵᠢ ᠠᠯᠤᠰᠯᠠᠨ ᠰᠢᠯᠵᠢᠦᠭᠦᠯᠦᠨ ᠭᠠᠷᠭ᠋ᠠᠭᠰᠠᠨ᠎ᠤ ᠳᠠᠷᠠᠭ᠎ᠠ ᠬᠦᠴᠦᠨ ᠦᠭᠡᠢ ᠪᠤᠯᠭ᠋ᠠᠬᠤ)》 (ᠳᠠᠭ᠋ᠠᠯᠳᠤᠭᠤᠯᠤᠯ᠎ᠳᠤ ᠦᠵᠡ) ᠵᠢ ᠲᠠᠭᠯᠠᠵᠤ ᠪᠠᠷᠠᠭᠰᠠᠨ᠎ᠤ ᠳᠠᠷᠠᠭ᠎ᠠ᠂ ᠤᠤᠯ ᠮᠠᠲ᠋ᠧᠷᠢᠶᠠᠯ᠎ᠤᠨ ᠰᠢᠷᠪᠢᠯᠲᠡ ᠵᠢᠨ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠵᠢᠭ᠋ᠠᠨ ᠲᠣᠭᠲᠠᠭ᠋ᠠᠭᠰᠠᠨ ᠰᠢᠤᠳᠠᠨ᠎ᠤ ᠬᠠᠢ᠌ᠷᠴᠠᠭ nmgzjtslry@163.com᠎ᠳᠤ ᠬᠦᠷᠭᠡᠵᠦ ᠬᠦᠴᠦᠨ ᠦᠭᠡᠢ ᠪᠣᠯᠭ᠋ᠠᠨ᠎ᠠ᠃

    Q3᠄ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ ᠮᠤᠵᠢ ᠠᠯᠤᠰᠯᠠᠨ ᠰᠢᠯᠵᠢᠨ ᠶᠠᠪᠤᠭ᠋ᠠᠳ 《ᠬᠢᠨᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ》 ᠪᠤᠯ ᠬᠠᠮᠢᠭ᠎ᠠ᠎ᠠᠴᠠ ᠪᠠᠢ᠌ᠴᠠᠭ᠋ᠠᠨ ᠯᠠᠪᠯᠠᠬᠤ ᠪᠣᠶ?

     ᠬᠠᠷᠢᠭᠤᠯᠲᠠ᠄ ᠠᠵᠤ ᠠᠬᠤᠢ᠌ᠯᠠᠯ᠎ᠠᠴᠠ ᠰᠢᠰᠲ᠋ᠧᠮ᠎ᠳᠤ ᠤᠷᠤᠵᠤ᠂ ᠲᠣᠰ ᠠᠵᠢᠯᠲᠠᠨ᠎ᠤ ᠮᠡᠳᠡᠭᠦᠯᠦᠭᠰᠡᠨ ᠵᠦᠢ᠍ᠯᠡᠰ᠎ᠢ ᠲᠣᠪᠴᠢᠯᠠᠵᠤ᠂ ᠨᠢᠭᠤᠷ ᠬᠠᠭᠤᠳᠠᠰᠤ ᠵᠢᠨ ᠵᠡᠭᠦᠨ ᠳᠡᠭᠡᠷ᠎ᠡ ᠥᠨᠴᠥᠭ᠎ᠤᠨ ᠤᠯᠠᠭ᠋ᠠᠨ ᠥᠩᠭᠡ ᠵᠢᠨ ᠵᠢᠵᠢᠭ ᠠᠰᠠᠭᠤᠯᠲᠠ ᠵᠢᠨ ᠲᠡᠮᠳᠡᠭ᠎ᠢ ᠲᠠᠷᠤᠪᠠᠯ᠂ 《ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠭᠰᠡᠨ ᠦᠭᠡᠢ》 ᠰᠠᠨᠠᠯ ᠢᠯᠡᠷᠡᠨ᠎ᠡ᠃

    Q4᠄ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠢ ᠮᠤᠵᠢ ᠠᠯᠤᠰᠯᠠᠨ ᠰᠢᠯᠵᠢᠭᠦᠯᠦᠨ ᠣᠷᠣᠭᠤᠯᠬᠤ᠎ᠳᠤ ᠰᠢᠰᠲ᠋ᠧᠮ᠎ᠠᠴᠠ᠄ 《ᠢᠵᠢᠯᠢᠰᠢᠭᠦᠯᠦᠭᠰᠡᠨ ᠬᠠᠷᠢᠴᠠᠭ᠎ᠠ ᠵᠢ ᠬᠢᠨᠠᠨ ᠰᠢᠯᠭ᠋ᠠᠭ᠋ᠠᠳ ᠢᠯᠠᠭᠳᠠᠵᠠᠢ᠂ ᠳᠠᠭᠢᠵᠤ ᠰᠢᠨ᠎ᠡ᠎ᠪᠠᠷ ᠲᠣᠬᠢᠷᠠᠭᠤᠯᠤᠭ᠋ᠠᠷᠠᠢ 》 (ᠵᠢᠷᠤᠭ ᠮᠡᠲᠦ) ᠭᠡᠵᠦ ᠰᠠᠨᠠᠭᠤᠯᠵᠠᠢ᠂ ᠶᠠᠭ᠋ᠠᠬᠢᠪᠠᠯ ᠵᠣᠬᠢᠬᠤ ᠪᠤᠢ?


2.png


ᠬᠠᠷᠢᠭᠤᠯᠲᠠ᠄

    1. ᠰᠢᠯᠵᠢᠭᠦᠯᠦᠨ ᠣᠷᠣᠭᠤᠯᠤᠭᠰᠠᠨ ᠦᠨᠡᠮᠯᠡᠯ᠎ᠤᠨ ᠲᠥᠷᠥᠯ ᠵᠦᠢ᠍ᠯ᠎ᠢ ᠪᠤᠷᠤᠭᠤ ᠰᠣᠩᠭᠣᠭᠰᠠᠨ ᠪᠠᠢ᠌ᠵᠦ ᠮᠡᠳᠡᠨ᠎ᠡ᠂ A ᠦᠨᠡᠮᠯᠡᠯ᠎ᠢ ᠰᠤᠩᠭᠤᠪᠠᠯ ᠵᠣᠬᠢᠨ᠎ᠠ᠂ ᠭᠡᠳᠡᠯ᠎ᠡ B ᠦᠨᠡᠮᠯᠡᠯ᠎ᠢ ᠪᠤᠷᠤᠭᠤ ᠰᠣᠩᠭᠣᠭᠰᠠᠨ ᠪᠠᠢ᠌ᠵᠦ ᠮᠡᠳᠡᠨ᠎ᠡ᠃

    2. ᠤᠤᠯ ᠦᠨᠡᠮᠯᠡᠯ᠎ᠤᠨ ᠳ᠋ᠤᠭ᠋ᠠᠷᠯᠠᠯ᠎ᠢ ᠲᠠᠭᠯᠠᠭᠰᠠᠨ᠎ᠨᠢ ᠪᠤᠷᠤᠭᠤ᠂ ᠵᠢᠱ᠌ᠢᠶᠡᠯᠡᠪᠡᠯ ᠴᠠᠭ᠋ᠠᠨ ᠲᠣᠯᠣᠭ᠋ᠠᠢ ᠵᠢᠨ ᠶᠡᠬᠡ ᠪᠠᠭ᠎ᠠ ᠪᠢᠴᠢᠯᠭᠡ᠂ ᠴᠡᠭ ᠲᠡᠮᠳᠡᠭ᠂ ᠪᠦᠬᠦᠯᠢ ᠬᠠᠭ᠋ᠠᠰ ᠥᠨᠴᠥᠭ ᠵᠡᠷᠭᠡ᠃ ᠰᠠᠨᠠᠭᠤᠯᠤᠮᠵᠢ᠄ 《ᠪᠥᠬᠥ ᠤᠯᠤᠰ᠎ᠤᠨ ᠢᠨᠵᠧᠨᠧᠷᠢᠩ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ》᠎ᠳᠤ ᠭᠠᠷᠴᠦ ᠦᠨᠡᠮᠯᠡᠯ᠎ᠤᠨ ᠳ᠋ᠤᠭ᠋ᠠᠷᠯᠠᠯ᠎ᠢ ᠪᠠᠢ᠌ᠴᠠᠭ᠋ᠠᠨ ᠰᠢᠯᠭ᠋ᠠᠵᠤ᠂ ᠦᠨᠡᠮᠯᠡᠯ᠎ᠤᠨ ᠳ᠋ᠤᠭ᠋ᠠᠷᠯᠠᠯ᠎ᠤᠨ ᠪᠤᠯᠤᠩ᠎ᠳᠤ ᠪᠠᠭᠤᠯᠭ᠋ᠠᠨ ᠨᠠᠭ᠋ᠠᠨ᠎ᠠ᠃

     ᠲᠠᠢ᠌ᠯᠪᠤᠷᠢ᠄ 《ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠮᠤᠵᠢ ᠠᠯᠤᠰᠯᠠᠨ ᠰᠢᠯᠵᠢᠭᠦᠯᠦᠨ ᠣᠷᠣᠭᠤᠯᠬᠤ ᠠᠵᠢᠯᠯᠠᠭ᠋ᠠᠨ᠎ᠤ ᠭᠠᠷ ᠳᠡᠪᠲᠡᠷ》 ᠪᠠ 《ᠠᠵᠢᠯᠲᠠᠨ᠎ᠤ ᠮᠡᠳᠡᠭᠡ ᠵᠠᠩᠭᠢ ᠵᠢ ᠬᠠᠰᠤᠬᠤ ᠠᠵᠢᠯᠯᠠᠭ᠋ᠠᠨ᠎ᠤ ᠭᠠᠷ ᠳᠡᠪᠲᠡᠷ》᠎ᠢ ᠠᠰ᠎ᠲᠤᠨᠢ ᠲᠠᠭ᠋ᠠᠯᠳᠤᠭᠤᠯᠵᠠᠢ᠂ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ᠎ᠳᠤ ᠯᠠᠪᠯᠠᠯᠲᠠ ᠪᠣᠯᠭ᠋ᠠᠵᠤ ᠪᠣᠯᠣᠨ᠎ᠠ᠃

ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ ᠭᠡᠳᠡᠭ᠎ᠨᠢ ᠄ 《ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠋ᠠᠲᠠᠨ᠂ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ ᠪᠠ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠰᠬᠠᠢ ᠲᠤᠰᠢᠶᠠᠯᠳᠦ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ》 ᠵᠢᠨ ᠦᠨᠡᠮᠯᠡᠯ᠎ᠲᠠᠢ ᠠᠵᠢᠯᠲᠠᠨ᠎ᠢ ᠵᠢᠭ᠋ᠠᠵᠤ ᠪᠠᠢ᠌ᠨ᠎ᠠ᠂ ᠪᠠᠰᠠ 《ᠭᠤᠷᠪᠠᠨ ᠲᠦᠷᠦᠯ᠎ᠤᠨ ᠠᠵᠢᠯᠲᠠᠨ᠂ ABC ᠲᠦᠷᠦᠯ᠎ᠤᠨ ᠠᠵᠢᠯᠲᠠᠨ》 ᠭᠡᠳᠡᠭ᠃

ᠳᠠᠭ᠋ᠠᠯᠳᠤᠭᠤᠯᠤᠯ᠄

    1. ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠬᠢᠷᠢ ᠭᠡᠮ᠎ᠢ ᠬᠦᠴᠦᠨ ᠦᠭᠡᠢ ᠪᠣᠯᠭ᠋ᠠᠬᠤ ᠭᠤᠶᠤᠴᠢᠯᠠᠯ᠎ᠤᠨ ᠬᠦᠰᠦᠨᠦᠭᠲᠦ (ᠮᠤᠵᠢ ᠠᠯᠤᠰᠯᠠᠨ   ᠰᠢᠯᠵᠢᠭᠦᠯᠦᠨ ᠭᠠᠷᠤᠭᠰᠠᠨ᠎ᠤ ᠳᠠᠷᠠᠭ᠎ᠠ ᠬᠦᠴᠦᠨ ᠦᠭᠡᠢ ᠪᠤᠯᠭ᠋ᠠᠬᠤ) . doc

    2.  ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠢ ᠮᠤᠵᠢ ᠠᠯᠤᠰᠯᠠᠨ ᠰᠢᠯᠵᠢᠭᠦᠯᠦᠨ ᠤᠷᠤᠭᠤᠯᠬᠤ ᠠᠵᠢᠯᠯᠠᠭ᠋ᠠᠠᠨ᠎ᠤ ᠭᠠᠷ ᠳᠡᠪᠲᠡᠷ . docx

    3. ᠠᠵᠢᠯᠲᠠᠨ᠎ᠤ ᠮᠡᠳᠡᠭᠡ ᠵᠠᠩᠭᠢ ᠵᠢ ᠬᠠᠰᠤᠬᠤ  ᠠᠵᠢᠯᠯᠠᠭ᠋ᠠᠠᠨ᠎ᠤ ᠭᠠᠷ ᠳᠡᠪᠲᠡᠷ . docx

 


1.doc

2.docx

3.docx


ᠢᠷᠡᠯᠲᠡ᠄ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠭᠠᠵᠠᠷ