4 ᠳ᠋ᠤᠭᠡᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤᠨ᠎ᠤ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠬᠤ ᠠᠵᠢᠯ᠎ᠤᠨ ᠲᠤᠰᠬᠠᠢ ᠠᠩᠭᠢ ᠪᠥᠬᠥ ᠣᠷᠣᠨ᠎ᠤ ᠬᠣᠲᠠ ᠪᠠᠯᠭ᠋ᠠᠰᠤᠨ᠎ᠤ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠠᠵᠢᠯ᠎ᠤᠨ ᠲᠣᠬᠢᠷᠠᠭᠤᠯᠤᠯᠲᠠ ᠵᠢᠨ ᠸᠢᠳᠢᠤ᠋ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠪᠥᠬᠥ ᠤᠯᠤᠰ᠎ᠤᠨ ᠬᠣᠲᠠ ᠪᠠᠯᠭ᠋ᠠᠰᠤᠨ᠎ᠤ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠨᠢᠭᠡᠳᠦᠭᠡᠷ ᠤᠯᠠᠷᠢᠯ᠎ᠤᠨ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠴᠡᠭᠴᠡᠯᠡᠨ ᠵᠠᠰᠠᠭᠰᠠᠨ ᠪᠠᠢ᠌ᠳᠠᠯ᠎ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ ᠲᠣᠰ ᠠᠵᠢᠯ ᠲᠥᠷᠥᠯ᠎ᠤᠨ ᠵᠶ᠋ᠡᠨ ᠲᠤᠰᠬᠠᠢ ᠴᠡᠭᠴᠡᠯᠡᠨ ᠵᠠᠰᠠᠬᠤ ᠠᠵᠢᠯ᠎ᠤᠨ ᠪᠠᠢ᠌ᠳᠠᠯ᠎ᠢ ᠮᠡᠳᠡᠭᠡᠯᠡᠵᠦ ᠲᠠᠷᠠᠭ᠋ᠠᠴᠢ ᠵᠢᠨ ᠠᠵᠢᠯ᠎ᠳᠤ ᠪᠠᠢ᠌ᠷᠢᠯᠠᠭᠤᠯᠤᠯᠳᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠬᠤ ᠠᠵᠢᠯ᠎ᠤᠨ ᠲᠤᠰᠬᠠᠢ ᠠᠩᠭᠢ ᠵᠢᠨ ᠬᠤᠷᠠᠯᠳᠤᠭᠤᠯᠤᠭᠴᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ᠂ ᠠᠶᠤᠯ ᠲᠦᠭᠰᠢᠭᠦᠷᠢ ᠵᠢᠨ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠦᠨᠳᠦ ᠶᠡᠬᠡ ᠠᠶᠤᠯ ᠲᠦᠭᠰᠢᠭᠦᠷᠢ ᠵᠢᠨ ᠬᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠰᠢᠲᠠᠮᠠᠬᠠᠢ ᠬᠡᠢ ᠵᠢᠨ ᠬᠣᠭᠣᠯᠠᠢ ᠵᠢᠨ ᠲᠤᠰᠬᠠᠢ ᠵᠠᠰᠠᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠵᠢᠭᠰᠠᠭ᠋ᠠᠨ ᠪᠠᠢ᠌ᠴᠠᠭ᠋ᠠᠵᠤ ᠦᠨᠡᠯᠡᠨ ᠵᠢᠱ᠌ᠢᠬᠦ 《ᠡᠷᠬᠢᠨ ᠬᠠᠷᠠᠬᠤ》 ᠵᠢ ᠬᠢᠨᠠᠮᠠᠭ᠋ᠠᠢ ᠰᠠᠢ᠌ᠲᠤᠷ ᠬᠢᠵᠦ᠂ ᠰᠢᠲᠠᠮᠠᠬᠠᠢ ᠬᠡᠢ ᠵᠢᠨ ᠬᠣᠭᠣᠯᠠᠢ ᠵᠢ ᠰᠢᠨᠡᠳᠬᠡᠨ ᠥᠭᠡᠷᠡᠴᠢᠯᠡᠬᠦ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠲᠠᠮᠠᠬᠠᠢ ᠬᠡᠢ ᠵᠢᠨ ᠬᠣᠭᠣᠯᠠᠢ ᠵᠢᠨ ᠬᠠᠮᠠᠭ᠋ᠠᠯᠠᠯᠲᠠ ᠵᠢᠨ ᠬᠡᠪᠴᠢᠶᠡᠨ᠎ᠳᠠᠬᠢ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠡᠵᠡᠮᠰᠢᠨ᠂ ᠭᠤᠷᠪᠠᠳᠠᠭᠢ ᠡᠲᠡᠭᠡᠳ᠎ᠤᠨ ᠰᠢᠲᠠᠮᠠᠬᠠᠢ ᠬᠡᠢ ᠵᠢᠨ ᠬᠣᠭᠣᠯᠠᠢ ᠵᠢ ᠡᠪᠳᠡᠭᠰᠡᠨ ᠠᠰᠠᠭᠤᠳᠠᠯ᠎ᠢ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠰᠢᠲᠠᠮᠠᠬᠠᠢ ᠬᠡᠢ ᠵᠢᠨ ᠬᠣᠭᠣᠯᠠᠢ ᠵᠢᠨ ᠬᠠᠮᠠᠭ᠋ᠠᠯᠠᠯᠲᠠ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠢᠩᠭ᠎ᠠ ᠰᠢᠢ᠍ᠳᠭᠡᠬᠦ ᠬᠡᠷᠡᠭᠲᠡᠢ᠃ ᠲᠥᠪ᠎ᠤᠨ ᠲᠥᠰᠥᠪ᠎ᠤᠨ ᠳᠣᠲᠣᠷᠠᠬᠢ ᠪᠡᠯᠡ ᠮᠥᠩᠭᠥᠨ᠎ᠤ ᠲᠦᠷᠦᠯ ᠵᠦᠢ᠍ᠯ ᠪᠠ ᠬᠡᠳᠦ ᠤᠷᠲᠤ ᠬᠤᠭᠤᠴᠠᠭ᠋ᠠᠨ᠎ᠤ ᠤᠯᠤᠰ᠎ᠤᠨ ᠵᠢᠭᠡᠯᠡᠯᠭᠡ ᠵᠢᠨ ᠲᠦᠷᠦᠯ ᠵᠦᠢ᠍ᠯ᠎ᠢ ᠬᠡᠷᠡᠭᠵᠢᠭᠦᠯᠬᠦ ᠠᠵᠢᠯ᠎ᠢ ᠰᠠᠢ᠌ᠲᠤᠷ ᠠᠳᠬᠤᠵᠤ᠂ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠢᠵᠢ ᠪᠦᠷᠢᠳᠦᠭᠦᠯᠬᠦ ᠪᠡᠯᠡ ᠮᠥᠩᠭᠥ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ ᠪᠡᠯᠡ ᠮᠥᠩᠭᠥ ᠵᠢ ᠰᠠᠯᠭ᠋ᠠᠨ ᠥᠭᠬᠦ ᠬᠤᠪᠢᠶᠠᠷᠢᠯᠠᠨ ᠬᠡᠷᠡᠭᠯᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠯᠣᠩᠬᠣᠨ᠎ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠤᠰᠤᠨ᠎ᠤ ᠬᠡᠢ ᠵᠢᠨ ᠠᠮᠤᠷ ᠲᠦᠪᠰᠢᠨ᠎ᠤ ᠠᠰᠠᠭᠤᠳᠠᠯ᠎ᠢ ᠭᠣᠣᠯᠳᠠᠯᠭ᠎ᠠ᠎ᠲᠠᠢ ᠠᠵᠢᠯ ᠪᠣᠯᠭ᠋ᠠᠨ ᠠᠳᠬᠤᠵᠤ᠂ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠢ ᠰᠠᠪᠠᠯᠠᠬᠤ᠂ ᠲᠣᠬᠢᠷᠠᠭᠤᠯᠤᠨ ᠬᠦᠷᠭᠡᠬᠦ᠂ ᠬᠠᠳᠠᠭ᠋ᠠᠯᠠᠬᠤ᠂ ᠬᠡᠷᠡᠭᠯᠡᠬᠦ ᠵᠡᠷᠭᠡ ᠡᠯ᠎ᠡ ᠭᠣᠭᠴᠣᠭ᠎ᠠ᠎ᠳᠤ ᠣᠷᠣᠰᠢᠵᠤ ᠪᠠᠢ᠌ᠭ᠎ᠠ ᠠᠶᠤᠯ ᠲᠦᠭᠰᠢᠭᠦᠷᠢ ᠵᠢᠨ ᠭᠡᠮ ᠰᠣᠭᠣᠭ᠎ᠢ ᠪᠦᠬᠦ ᠲᠠᠯ᠎ᠠ᠎ᠪᠠᠷ ᠪᠠᠢ᠌ᠴᠠᠭ᠋ᠠᠵᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠤᠨ ᠡᠬᠡ ᠳᠠᠩᠰᠠ ᠵᠢ ᠪᠠᠢ᠌ᠭᠤᠯᠵᠤ᠂ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ᠎ᠲᠤ ᠤᠷᠤᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠬᠤᠳᠠ ᠪᠠᠯᠭ᠋ᠠᠰᠤᠨ᠎ᠤ ᠰᠢᠩᠭᠡᠨᠵᠢᠮᠡᠯ ᠴᠢᠯᠠᠭᠤᠨ ᠲᠤᠰᠤᠨ᠎ᠤ ᠬᠡᠢ ᠵᠢᠨ ᠵᠠᠬ᠎ᠠ ᠳᠡᠯᠭᠡᠭᠦᠷ᠎ᠤᠨ ᠬᠡᠪᠴᠢᠶᠡᠵᠢᠯᠲᠡ᠂ ᠲᠤᠰᠬᠠᠢ᠌ᠵᠢᠯᠲᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ 《5.1》᠂ 《ᠲᠠᠪᠤᠨ ᠰᠠᠷ᠎ᠠ ᠵᠢᠨ ᠰᠢᠨ᠎ᠡ ᠵᠢᠨ ᠲᠠᠪᠤᠨ》᠎ᠤ ᠬᠣᠶᠠᠷ ᠪᠠᠶᠠᠷ᠎ᠤᠨ ᠬᠤᠭᠤᠴᠠᠭ᠋ᠠᠨ᠎ᠳᠤ ᠵᠢᠵᠢᠭᠦᠷᠯᠡᠨ ᠰᠠᠬᠢᠬᠤ ᠪᠠ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠬᠤ ᠠᠵᠢᠯ᠎ᠤᠨ ᠲᠤᠰᠬᠠᠢ ᠠᠩᠭᠢ ᠵᠢᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠵᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠲᠠᠨ ᠨᠥᠬᠥᠳ ᠵᠢᠴᠢ ᠪᠦᠷᠢᠯᠳᠦᠭᠦᠨ ᠨᠠᠷ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ ᠡᠯ᠎ᠡ ᠠᠢ᠌ᠮᠠᠭ ᠬᠣᠲᠠ ᠵᠢᠨ ᠬᠣᠲᠠ ᠪᠠᠯᠭ᠋ᠠᠰᠤ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠬᠤ ᠠᠵᠢᠯ᠎ᠤᠨ ᠲᠤᠰᠬᠠᠢ ᠠᠩᠭᠢ ᠵᠢᠨ ᠪᠦᠷᠢᠯᠳᠦᠭᠦᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠵᠢᠴᠢ ᠪᠦᠷᠢᠯᠳᠦᠭᠦᠨ ᠨᠠᠷ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃