ᠦᠪᠡᠷᠳᠡᠭᠡᠨ ᠵᠠᠰᠠᠬᠤ ᠣᠷᠣᠨ ᠤ ᠤᠷᠤᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠬᠠᠮᠵᠢᠯᠴᠠᠨ ᠬᠠᠮᠢᠶᠠᠷᠬᠤ ᠠᠵᠢᠯᠳᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠨᠡᠶᠢᠲᠡᠯᠡᠪᠡ
ᠨᠡᠶᠢᠲᠡᠯᠡᠭᠰᠡᠨ ᠴᠠᠭ᠄
2020/12/18
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠬᠠᠮᠵᠢᠯᠴᠠᠨ ᠬᠠᠮᠢᠶᠠᠷᠬᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠨᠡᠷᠡᠯᠡᠨ᠎ᠡ︶ ᠶᠢ ᠲᠣᠭᠲᠠᠭᠠᠨ ᠨᠡᠶᠢᠲᠡᠯᠡᠪᠡ᠃      ︽ᠠᠷᠭ᠎ᠠ︾ ᠶᠢ ᠲᠣᠭᠲᠠᠭᠠᠨ ᠨᠡᠶᠢᠲᠡᠯᠡᠭᠰᠡᠨ ᠵᠤᠷᠢᠯᠭ᠎ᠠ ᠪᠤᠯ ᠪᠦᠬᠦ ᠤᠷᠤᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠬᠠᠮᠵᠢᠯᠴᠠᠨ ᠬᠠᠮᠢᠶᠠᠷᠬᠤ ᠠᠵᠢᠯᠲᠠᠨ ᠢ ᠤᠷᠢᠵᠦ ᠬᠡᠷᠡᠭᠯᠡᠬᠦ᠂ ᠬᠠᠮᠢᠶᠠᠷᠬᠤ᠂ ᠱᠠᠩᠨᠠᠵᠤ ᠲᠣᠷᠭᠠᠬᠤ᠂ ᠪᠤᠴᠠᠭᠠᠨ ᠭᠠᠷᠭᠠᠬᠤ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠬᠤᠲᠠ ᠶᠢᠨ ᠬᠠᠤᠯᠢ ᠬᠡᠷᠡᠭᠵᠢᠭᠦᠯᠬᠦ ᠲᠤᠭᠳᠠᠴᠠ ᠶᠢᠨ ᠥᠭᠡᠷᠡᠴᠢᠯᠡᠯᠲᠡ ᠶᠢ  ᠭᠦᠨᠵᠡᠭᠡᠢ ᠠᠬᠢᠭᠤᠯᠵᠦ ᠬᠤᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ︹ 2015 ︺ 37 ᠳ᠋ᠤᠭᠠᠷ  ᠲᠣᠭᠠᠲᠤ︶ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠤᠨ ᠴᠢᠬᠤᠯᠠ ᠠᠭᠤᠯᠭ᠎ᠠ ᠪᠣᠯᠤᠨ᠎ᠠ᠃      ︽ᠠᠷᠭ᠎ᠠ︾ ᠳᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠬᠠᠮᠵᠢᠯᠴᠠᠨ ᠬᠠᠮᠢᠶᠠᠷᠬᠤ ᠠᠵᠢᠯᠲᠠᠨ ᠤ ᠳᠣᠭᠢᠷᠠᠬᠤ ᠠᠵᠢᠯ ᠤᠨ ᠪᠠᠶᠢᠷᠢ᠂ ᠪᠡᠶ᠎ᠡ ᠶᠢᠨ ᠭᠠᠷᠤᠯ᠂ ᠴᠢᠨᠠᠷ ᠤᠨ ᠢᠯᠭᠠᠯ ᠵᠡᠷᠭᠡ ᠶᠢ ᠲᠣᠳᠣᠷᠬᠠᠶ ᠲᠣᠭᠲᠠᠭᠠᠵᠤ᠂ ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠮᠵᠢᠯᠴᠠᠨ ᠬᠠᠮᠢᠶᠠᠷᠬᠤ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠵᠤᠭᠰᠤᠯᠳᠠ ᠪᠠᠲᠤ ᠴᠢᠩᠭ᠎ᠠ᠂ ᠰᠤᠷᠳᠠᠯ ᠰᠢᠯᠢᠳᠡᠭ᠂ ᠰᠠᠬᠢᠯᠭ᠎ᠠ ᠪᠠᠲᠤ ᠴᠢᠩᠭ᠎ᠠ᠂ ᠠᠷᠢᠭᠤᠨ ᠴᠢᠬᠡᠴᠢ ᠪᠠᠷ ᠪᠣᠳᠠᠲᠠᠶ ᠶᠢ ᠡᠷᠬᠢᠮᠯᠡᠬᠦ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠳᠤ ᠦᠨᠳᠦᠰᠦᠨ ᠲᠦᠷᠢᠮ ᠤᠨ ᠵᠢᠷᠤᠮᠵᠢᠯ ᠬᠠᠩᠭᠠᠪᠠ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ