︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠬᠠᠭᠤᠴᠢᠷᠬᠠᠰᠠᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠮᠡᠷᠭᠡᠵᠢᠯ ᠤᠨ ᠵᠢᠯᠣᠭᠤᠳᠬᠤ ᠲᠦᠷᠢᠮ︾ ᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2020/12/23
     ᠮᠠᠨ ᠤ ᠣᠷᠣᠨ ᠤ ᠬᠤᠲᠠ ᠪᠠᠯᠭᠠᠰᠤ ᠶᠢᠨ ᠬᠠᠭᠤᠴᠢᠷᠬᠠᠰᠠᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠵᠢᠯᠣᠭᠤᠳᠴᠤ᠂ ᠬᠠᠭᠤᠴᠢᠷᠬᠠᠰᠠᠨ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠥᠨᠳᠥᠷ ᠪᠤᠰᠤ᠂ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠬᠠᠭᠤᠴᠢᠨ᠂ ᠡᠯ᠎ᠡ ᠲᠥᠷᠥᠯ ᠤᠨ ᠬᠤᠭᠤᠯᠠᠶ ᠤᠲᠠᠰᠤ ᠬᠦᠨᠳᠦ ᠨᠣᠴᠢᠲᠠᠶ ᠡᠪᠳᠡᠭᠳᠡᠭᠰᠡᠨ᠂ ᠢᠵᠢ ᠪᠦᠷᠢᠳᠦᠭᠦᠯᠬᠦ ᠲᠦᠭᠦᠭᠡᠷᠦᠮᠵᠢ ᠪᠦᠷᠢᠨ ᠪᠤᠰᠤ᠂ ᠲᠡᠷᠭᠡᠨ ᠵᠤᠭᠰᠤᠭᠠᠯ ᠵᠢᠴᠢ ᠨᠣᠭᠤᠭᠠᠷᠠᠭᠤᠯᠤᠯᠲᠠ ᠬᠦᠷᠦᠯᠴᠡᠬᠦ ᠦᠭᠡᠶ ᠪᠠᠶᠢᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠬᠠᠭᠤᠴᠢᠷᠬᠠᠰᠠᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠮᠡᠷᠭᠡᠵᠢᠯ ᠤᠨ ᠵᠢᠯᠣᠭᠤᠳᠬᠤ ᠳᠦᠷᠢᠮ︾ ᠢ ᠨᠠᠶᠢᠷᠠᠭᠤᠯᠤᠨ ᠵᠣᠬᠢᠶᠠᠵᠤ ᠨᠡᠶᠢᠲᠡᠯᠡᠪᠡ᠃      ᠵᠢᠯᠣᠭᠤᠳᠬᠤ ᠲᠦᠷᠢᠮ ᠨᠢ ᠨᠡᠶᠢᠲᠡ ᠨᠠᠢᠮᠠᠨ ᠪᠦᠯᠦᠭ ᠲᠠᠢ᠂ ᠡᠭᠦᠨ ᠳᠤ ᠶᠡᠷᠦᠩᠬᠡᠶ ᠲᠦᠷᠢᠮ᠂ ᠦᠨᠳᠦᠰᠦᠨ ᠲᠣᠭᠲᠠᠭᠠᠯ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ᠂ ᠣᠨᠴᠠᠯᠢᠭᠲᠤ ᠰᠠᠭᠤᠭᠠᠯᠢ ᠲᠣᠭᠤᠷᠢᠭ ᠢ ᠪᠠᠶᠢᠭᠤᠯᠬᠤ᠂ ᠪᠣᠬᠢᠷᠲᠤᠯ ᠥᠬᠡᠶᠢᠵᠢᠭᠦᠯᠦᠨ ᠥᠭᠡᠷᠡᠴᠢᠯᠡᠬᠦ ᠮᠡᠷᠭᠡᠵᠢᠯ ᠤᠨ ᠠᠷᠭ᠎ᠠ ᠬᠡᠮᠵᠢᠶ᠎ᠡ ᠵᠢᠴᠢ ᠲᠥᠰᠦᠯ ᠢ ᠬᠡᠷᠡᠭᠵᠢᠭᠦᠯᠬᠦ ᠵᠢᠷᠤᠮ ᠵᠡᠷᠭᠡ ᠠᠭᠤᠯᠭ᠎ᠠ ᠪᠠᠭᠲᠠᠨ᠎ᠠ᠃      ᠲᠣᠰ ᠵᠢᠯᠣᠭᠤᠳᠬᠤ ᠲᠦᠷᠢᠮ ᠪᠣᠯ ᠮᠠᠨ ᠤ ᠣᠷᠣᠨ ᠤ ᠬᠤᠲᠠ ᠪᠠᠯᠭᠠᠰᠤᠨ ᠤ ᠬᠠᠭᠤᠴᠢᠷᠬᠠᠰᠠᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠴᠢᠭᠯᠡᠭᠦᠯᠦᠭᠰᠡᠨ ᠠᠩᠬᠠᠳᠠᠭᠴᠢ ᠣᠷᠣᠨ ᠨᠤᠲᠤᠭ ᠤᠨ ᠪᠠᠷᠢᠮᠵᠢᠶ᠎ᠠ ᠪᠣᠯᠤᠨ᠎ᠠ᠂ ᠪᠥᠬᠦ ᠣᠷᠣᠨ ᠤ ᠬᠤᠲᠠ᠂ ᠰᠢᠶᠠᠨ ︵ᠬᠤᠳᠠ ᠶᠢᠨ ᠬᠠᠷᠢᠶ᠎ᠠ ᠶᠢᠨ ᠪᠠᠯᠭᠠᠰᠤ︶ ᠤ 2000 ᠣᠨ ᠠᠴᠠ ᠡᠮᠦᠨ᠎ᠡ ᠪᠠᠶᠢᠭᠤᠯᠤᠭᠰᠠᠨ᠂ ᠰᠠᠭᠤᠭᠠᠯᠢ ᠠᠷᠠᠳ ᠤᠨ ᠥᠭᠡᠷᠡᠴᠢᠯᠡᠨ ᠰᠢᠨᠡᠳᠬᠡᠬᠦ ᠬᠦᠰᠡᠯ ᠡᠷᠡᠮᠡᠯᠵᠡᠯ ᠢᠶᠠᠷ ᠴᠢᠩᠭ᠎ᠠ ᠣᠷᠣᠨ ᠰᠠᠭᠤᠴᠠ ᠶᠢᠨ ᠲᠣᠭᠤᠷᠢᠭ ᠵᠢᠴᠢ 2000 ᠣᠨ ᠠᠴᠠ ᠬᠤᠶᠢᠰᠢ ᠪᠠᠶᠢᠭᠤᠯᠤᠭᠰᠠᠨ᠂ ᠵᠠᠰᠠᠵᠤ ᠰᠡᠯᠪᠢᠭᠰᠡᠨ ᠥᠬᠡᠶ ᠪᠥᠭᠡᠳ ᠬᠠᠮᠢᠶᠠᠷᠤᠯᠳᠠ ᠮᠠᠭᠤ᠂ ᠬᠤᠲᠠ ᠶᠢᠨ ᠶᠠᠪᠤᠳᠠᠯ ᠤᠨ ᠢᠵᠢ ᠪᠥᠷᠢᠳᠦᠭᠰᠡᠨ ᠲᠦᠭᠦᠭᠡᠷᠦᠮᠵᠢ ᠨᠢ ᠲᠡᠭᠦᠯᠳᠡᠷ ᠪᠤᠰᠤ᠂ ᠨᠡᠶᠢᠭᠡᠮ ᠤᠨ ᠦᠢᠯᠡᠴᠢᠯᠡᠭᠡᠨ ᠤ ᠲᠦᠭᠦᠭᠡᠷᠦᠮᠵᠢ ᠨᠢ  ᠪᠦᠷᠢᠨ ᠪᠤᠰᠤ᠂ ᠠᠰᠠᠭᠤᠳᠠᠯ ᠨᠢ ᠨᠡᠯᠢᠶᠡᠳ ᠲᠣᠪᠤᠶᠢᠮ᠎ᠠ᠂ ᠦᠨᠡᠯᠡᠨ ᠵᠢᠱᠢᠬᠦ ᠪᠠᠷ ᠳᠡᠮᠵᠢᠨ ᠦᠨᠡᠨ ᠬᠦ ᠥᠭᠡᠷᠡᠴᠢᠯᠡᠨ ᠰᠢᠨᠡᠳᠬᠡᠬᠦ ᠪᠠ ᠲᠡᠭᠦᠯᠳᠡᠷᠵᠢᠭᠦᠯᠦᠨ ᠳᠡᠭᠡᠭᠰᠢᠯᠡᠭᠦᠯᠬᠦ ᠴᠢᠬᠤᠯᠠᠲᠠᠶ ᠰᠠᠭᠤᠭᠠᠯᠢ ᠲᠣᠭᠤᠷᠢᠭ ᠲᠤ ᠳᠣᠭᠢᠷᠠᠨ᠎ᠠ᠃      ᠵᠢᠯᠣᠭᠤᠳᠬᠤ ᠲᠦᠷᠢᠮ ᠨᠢ ᠰᠠᠭᠤᠭᠠᠯᠢ ᠠᠷᠠᠳ ᠤᠨ ᠠᠳᠠᠯᠢ ᠪᠤᠰᠤ ᠲᠠᠰ ᠳᠠᠪᠬᠤᠷᠭ᠎ᠠ ᠶᠢᠨ ᠠᠮᠢᠳᠤᠷᠠᠯ ᠤᠨ ᠬᠡᠷᠡᠭᠴᠡᠭᠡ ᠳᠤ ᠵᠣᠬᠢᠴᠠᠭᠤᠯᠵᠤ᠂ ᠥᠭᠡᠷᠡᠴᠢᠯᠡᠬᠦ ᠠᠭᠤᠯᠭ᠎ᠠ ᠶᠢ ᠰᠠᠭᠤᠷᠢ ᠵᠦᠢᠯ᠂ ᠲᠡᠭᠦᠯᠳᠡᠷᠵᠢᠭᠦᠯᠬᠦ ᠵᠦᠢᠯ᠂ ᠳᠡᠭᠡᠭᠰᠢᠯᠡᠭᠦᠯᠬᠦ ᠵᠦᠢᠯ ᠭᠡᠵᠦ ᠭᠤᠷᠪᠠᠨ ᠲᠥᠷᠥᠯ ᠳᠤ ᠬᠤᠪᠢᠶᠠᠨ᠎ᠠ᠃ ᠰᠠᠭᠤᠷᠢ ᠵᠦᠢᠯ ᠤᠨ ᠥᠭᠡᠷᠡᠴᠢᠯᠡᠯᠲᠡ ᠶᠢᠨ ᠠᠭᠤᠯᠭ᠎ᠠ ᠲᠤ ᠥᠭᠡᠷᠡᠴᠢᠯᠡᠪᠡᠰᠦ ᠵᠣᠬᠢᠬᠤ ᠪᠦᠬᠦᠨ ᠢ ᠥᠭᠡᠷᠡᠴᠢᠯᠡᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠵᠠᠷᠴᠢᠮ ᠢ ᠪᠠᠷᠢᠮᠲᠠᠯᠠᠨ᠎ᠠ᠂ ᠡᠭᠦᠨ ᠳᠤ ᠤᠰᠤ᠂ ᠴᠠᠬᠢᠯᠭᠠᠨ᠂ ᠬᠡᠢ᠂ ᠵᠠᠮ ᠵᠡᠷᠭᠡ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ ᠰᠠᠭᠤᠷᠢ ᠲᠦᠭᠦᠭᠡᠷᠦᠮᠵᠢ ᠶᠢ ᠥᠭᠡᠷᠡᠴᠢᠯᠡᠵᠦ ᠳᠡᠭᠡᠭᠰᠢᠯᠡᠭᠦᠯᠬᠦ᠂ ᠬᠤᠷᠢᠶᠠᠯᠠᠯ ᠤᠨ ᠳᠣᠲᠣᠷᠠᠬᠢ ᠪᠠᠷᠢᠯᠭ᠎ᠠ ᠶᠢᠨ ᠤᠯᠠᠨ ᠨᠡᠶᠢᠲᠡ ᠶᠢᠨ ᠲᠤᠭᠤᠷᠢᠭ ᠢ ᠰᠡᠯᠪᠢᠨ ᠵᠠᠰᠠᠬᠤ ᠵᠡᠷᠭᠡ ᠪᠠᠭᠲᠠᠨ᠎ᠠ᠃ ᠲᠡᠭᠦᠯᠳᠡᠷᠵᠢᠭᠦᠯᠬᠦ ᠵᠦᠢᠯ ᠤᠨ ᠥᠭᠡᠷᠡᠴᠢᠯᠡᠯᠲᠡ ᠶᠢᠨ ᠠᠭᠤᠯᠭ᠎ᠠ ᠳᠤ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ᠂ ᠥᠭᠡᠷᠡᠴᠢᠯᠡᠵᠦ ᠪᠣᠯᠬᠤ ᠶᠢ ᠨᠢ ᠥᠭᠡᠷᠡᠴᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠮᠠᠶ᠋ᠢᠭ ᠪᠣᠯᠤᠨ ᠠᠮᠢᠳᠤᠷᠠᠯ ᠤᠨ ᠳᠥᠭᠦᠮ ᠳᠥᠲᠡ ᠴᠢᠨᠠᠷ ᠤᠨ ᠬᠡᠷᠡᠭᠴᠡᠭᠡ ᠶᠢ ᠬᠠᠩᠭᠠᠬᠤ ᠵᠠᠷᠴᠢᠮ ᠢ ᠪᠠᠷᠢᠮᠲᠠᠯᠠᠨ᠎ᠠ᠂ ᠡᠭᠦᠨ ᠳᠤ ᠣᠷᠴᠢᠨ ᠲᠣᠭᠤᠷᠢᠨ ᠬᠢᠭᠡᠳ ᠢᠵᠢ ᠪᠦᠷᠢᠳᠦᠭᠦᠯᠬᠦ ᠲᠦᠭᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠲᠣᠭᠤᠷᠢᠭ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠨᠥᠬᠦᠴᠡᠯ ᠲᠠᠢ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠪᠠᠭᠲᠠᠨ᠎ᠠ᠃ ᠳᠡᠭᠡᠭᠰᠢᠯᠡᠭᠦᠯᠬᠦ ᠵᠦᠢᠯ ᠤᠨ ᠥᠭᠡᠷᠡᠴᠢᠯᠡᠨ ᠰᠢᠨᠡᠳᠬᠡᠬᠦ ᠠᠭᠤᠯᠭ᠎ᠠ ᠳᠤ ᠡᠯ᠎ᠡ ᠵᠦᠢᠯ ᠤᠨ ᠨᠡᠶᠢᠳᠡ ᠶᠢᠨ ᠦᠢᠯᠡᠴᠢᠯᠡᠭᠡᠨ ᠤ ᠢᠴᠢ ᠪᠦᠷᠢᠳᠦᠭᠦᠯᠬᠦ ᠲᠦᠭᠦᠭᠡᠷᠦᠮᠵᠢ ᠶᠢᠨ ᠪᠠᠶᠢᠭᠤᠯᠤᠯᠳᠠ᠂ ᠭᠤᠤᠯᠳᠠᠭᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠤᠬᠡᠳ ᠤᠨ ᠴᠡᠴᠡᠷᠯᠢᠭ᠂ ᠰᠣᠶᠣᠯ ᠪᠡᠶ᠎ᠡ ᠶᠢᠨ ᠲᠠᠮᠢᠷ᠂ ᠡᠮᠴᠢᠯᠡᠭᠡ᠂ ᠬᠤᠭᠤᠯᠠ᠂ ᠠᠳᠠᠯ ᠠᠬᠤᠢ᠂ ᠲᠦᠷᠭᠡᠨ ᠢᠯᠡᠭᠡᠯᠲᠡ ᠶᠢᠨ ᠬᠠᠶᠢᠷᠴᠠᠭ ᠵᠡᠷᠭᠡ ᠠᠷᠠᠳ ᠲᠤ ᠲᠥᠬᠦᠮ ᠦᠵᠡᠭᠦᠯᠬᠦ ᠲᠦᠭᠦᠭᠡᠷᠦᠮᠵᠢ ᠶᠢ ᠨᠡᠮᠡᠵᠦ ᠳᠣᠭᠢᠷᠠᠭᠤᠯᠬᠤ ᠶᠢ ᠪᠠᠭᠲᠠᠭᠠᠭᠰᠠᠨ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢᠨ ᠲᠥᠬᠦᠷᠵᠢᠭᠦᠯᠬᠦ ᠪᠥᠲᠥᠭᠡᠨ ᠪᠠᠶᠢᠭᠤᠯᠤᠯᠲᠠ ᠳᠤ ᠬᠤᠯᠪᠣᠭᠳᠠᠵᠤ᠂ ᠡᠨᠡ ᠲᠥᠷᠥᠯ ᠤᠨ ᠥᠭᠡᠷᠡᠴᠢᠯᠡᠨ ᠰᠢᠨᠡᠳᠬᠡᠬᠦ ᠠᠭᠤᠯᠭ᠎ᠠ ᠳᠤ ᠰᠠᠭᠤᠭᠠᠯᠢ ᠲᠣᠭᠤᠷᠢᠭ ᠵᠢᠴᠢ ᠡᠷᠬᠢᠨ ᠲᠣᠭᠤᠷᠢᠨ ᠤ ᠪᠣᠳᠠᠲᠤ ᠨᠥᠬᠦᠴᠡᠯ ᠳᠤ ᠰᠠᠭᠤᠷᠢᠯᠠᠬᠤ ᠶᠢ ᠪᠠᠷᠢᠮᠲᠠᠯᠠᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠲᠠᠲᠠᠵᠤ ᠪᠠᠶᠢᠭᠠᠳ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠥᠭᠡᠷᠡᠴᠢᠯᠡᠨ ᠰᠢᠨᠡᠳᠬᠡᠬᠦ ᠵᠢᠴᠢ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ ᠳᠤ ᠣᠷᠣᠯᠴᠠᠭᠤᠯᠤᠨ᠎ᠠ᠃      ᠲᠣᠰ ᠵᠢᠯᠣᠭᠤᠳᠬᠤ ᠲᠦᠷᠢᠮ ᠢ ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠣᠷᠣᠨ ᠤ ᠬᠤᠲᠠ ᠪᠠᠯᠭᠠᠰᠤ ᠶᠢᠨ ᠬᠠᠭᠤᠴᠢᠷᠠᠭᠰᠠᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠣᠶᠢᠯᠠᠭᠠᠭᠰᠠᠨ ᠢᠶᠠᠷ᠂ 2019 ᠣᠨ ᠠᠴᠠ ᠨᠠᠭᠠᠰᠢ ᠪᠥᠬᠦ ᠣᠷᠣᠨ ᠤ ᠬᠤᠲᠠ ᠪᠠᠯᠭᠠᠰᠤ ᠶᠢᠨ ᠨᠡᠶᠢᠲᠡ 1870 ᠬᠠᠭᠤᠴᠢᠨ ᠰᠠᠭᠤᠭᠠᠯᠢ ᠲᠣᠭᠤᠷᠢᠭ ᠤᠨ 25.1 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠬᠡᠷᠡᠭᠵᠢᠭᠦᠯᠵᠦ᠂ ᠥᠭᠡᠷᠡᠴᠢᠯᠡᠨ ᠰᠢᠨᠡᠳᠬᠡᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠣᠶ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ