ᠪᠤᠭᠤᠲᠤ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠪᠴᠢᠶ᠎ᠠ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠯᠲᠠ ᠶᠢ ᠵᠢᠷᠤᠮᠵᠢᠭᠤᠯᠬᠤ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/31
     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠠᠵᠢᠯ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ  ᠶᠢ ᠵᠢᠷᠤᠮᠵᠢᠭᠤᠯᠤᠨ᠂ ᠠᠵᠢᠯ ᠤᠨ ᠰᠤᠷᠲᠠᠯ ᠢ ᠦᠨᠡᠨ ᠬᠦ ᠰᠠᠢᠵᠢᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠠᠤᠯᠢ ᠳᠦᠷᠢᠮ ᠤᠨ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠪᠴᠢᠶ᠎ᠠ ᠴᠢᠩᠭ᠎ᠠ ᠪᠣᠳᠠᠲᠠᠢ᠂ ᠦᠨᠡᠨ ᠪᠣᠳᠠᠲᠠᠢ ᠪᠠᠶᠢᠴᠠᠭᠠᠬᠤ  ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ ᠰᠠᠷ᠎ᠠ ᠶᠢᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃      ᠲᠣᠰ ᠤᠳᠠᠭᠠᠨ ᠤ ᠲᠤᠰᠬᠠᠶ ᠠᠵᠢᠯᠯᠠᠭ᠎ᠠ ᠶᠢ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠬᠦ᠂ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ ᠪᠠ ᠳ᠋ᠦᠩᠨᠡᠨ ᠴᠡᠭᠴᠡᠯᠡᠨ ᠰᠠᠶᠢᠵᠢᠷᠠᠭᠤᠯᠬᠤ ᠭᠤᠷᠪᠠᠨ ᠱᠠᠲᠤ ᠬᠤᠪᠢᠶᠠᠵᠤ᠂ 2016 ᠣᠨ ᠤ 1 ᠳ᠋ᠦ᠋ᠭᠡᠷ ᠰᠠᠷ᠎ᠠ ᠶᠢᠨ 1   ᠤ ᠡᠳᠦᠷ ᠠᠴᠠ 2016 ᠣᠨ ᠤ 12 ᠳ᠋ᠤᠭᠠᠷ ᠰᠠᠷ᠎ᠠ ᠶᠢᠨ 31   ᠤ ᠡᠳᠦᠷ ᠪᠣᠯᠲᠠᠯᠠᠬᠢ ᠬᠤᠭᠤᠴᠠᠭᠠᠨ ᠳᠤ ᠨᠢᠭᠡᠨᠲᠡ ᠳᠠᠭᠤᠰᠬᠠᠭᠰᠠᠨ 37 ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠪᠥᠬᠦ ᠲᠠᠯ᠎ᠠ ᠪᠠᠷ ᠥᠪᠡᠰᠦᠪᠡᠨ ᠪᠠᠶᠢᠴᠠᠭᠠᠪᠠ᠃ ᠰᠢᠮᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠨᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ  ᠶᠢᠨ ᠬᠠᠤᠯᠢ ᠶᠣᠰᠣᠴᠢ ᠴᠢᠨᠠᠷ ᠪᠠ ᠲᠣᠬᠢᠷᠠᠮᠵᠢᠲᠤ ᠴᠢᠨᠠᠷ ᠲᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠪᠠ ᠭᠡᠷᠡᠴᠢ ᠪᠠᠷᠢᠮᠲᠠ ᠴᠤᠭᠯᠠᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃      ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠷᠡᠭ ᠰᠢᠶᠳᠪᠦᠷᠢᠯᠡᠬᠦ ᠬᠢᠨᠠᠨ ᠰᠢᠯᠭᠠᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠨᠡᠨ ᠬᠦ ᠠᠬᠢᠭᠤᠯᠵᠤ᠂ ᠮᠠᠨ ᠤ ᠬᠤᠲᠠ ᠶᠢᠨ ᠬᠡᠷ ᠪᠠᠶᠢᠰᠢᠩ ᠭᠠᠵᠠᠷ ᠬᠦᠷᠦᠩᠭᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠤ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ