ᠬᠢᠩᠭᠠᠨ ᠠᠶᠢᠮᠠᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠳᠠᠩᠰᠠ ᠡᠪᠬᠡᠮᠡᠯ ᠢ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2020/12/31
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ 2018 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 9 ᠳ᠋ᠦ᠋ᠭᠡᠷ ᠰᠠᠷ᠎ᠠ ᠶᠢᠨ ᠬᠤᠷᠢᠳ ᠢᠶᠠᠷ᠂ ᠬᠢᠩᠭᠠᠨ ᠠᠶᠢᠮᠠᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠪᠤᠤ ᠯᠢᠨ ᠵᠡᠷᠭᠡ ᠳᠦᠷᠪᠡᠨ ᠬᠥᠮᠦᠨ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ᠂ ︽2018 ᠣᠨ ᠤ ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ︾ ᠠᠵᠢᠯ ᠢ ᠥᠷᠨᠢᠭᠦᠯᠪᠡ᠃ ᠡᠯ᠎ᠡ ᠬᠤᠰᠢᠭᠤ ᠰᠢᠶᠠᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠦᠬᠦᠢ ᠬᠥᠮᠦᠰ ᠪᠠᠷ᠎ᠠ ᠪᠣᠯᠵᠤ ᠪᠠᠶᠢᠴᠠᠭᠠᠯᠳᠠ ᠳᠤ ᠤᠷᠤᠯᠴᠠᠪᠠ᠃      ᠲᠣᠰ ᠤᠳᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠳᠤ᠂ 2017 ᠣᠨ ᠤ 1 ᠳ᠋ᠦ᠋ᠭᠡᠷ ᠰᠠᠷ᠎ᠠ ᠶᠢᠨ 1   ᠤ ᠡᠳᠦᠷ ᠠᠴᠠ 2018 ᠣᠨ  ᠤ 7 ᠳ᠋ᠤᠭᠠᠷ ᠰᠠᠷ᠎ᠠ ᠶᠢᠨ 1   ᠤ ᠡᠳᠦᠷ ᠪᠣᠯᠲᠠᠯ᠎ᠠ ᠨᠢᠭᠡᠨᠲᠡ ᠲᠠᠰᠤᠯᠤᠨ ᠰᠢᠢᠳᠬᠡᠭᠰᠡᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠩᠰᠠ ᠡᠪᠬᠡᠮᠡᠯ ᠢ ᠰᠤᠭᠤᠴᠢᠨ ᠪᠠᠶᠢᠴᠠᠭᠠᠭᠰᠠᠨ ᠪᠥᠭᠡᠳ ᠲᠠᠩᠰᠠ ᠡᠪᠬᠡᠮᠡᠯ ᠤᠨ ᠠᠭᠤᠯᠭ᠎ᠠ᠂ ᠰᠢᠢᠳᠭᠡᠯ ᠲᠣᠷᠭᠠᠭᠤᠯᠢ ᠶᠢᠨ ᠵᠦᠶᠯ ᠵᠤᠷᠪᠤᠰ᠂ ᠲᠤᠬᠠᠶ ᠶᠢᠨ ᠲᠠᠯᠠᠪᠠᠶ ᠶᠢᠨ ᠲᠡᠮᠳᠡᠭᠯᠡᠯ ᠬᠢᠬᠦ ᠵᠢᠴᠢ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠬᠦᠷᠭᠡᠬᠦ ᠪᠠ ᠲᠠᠩᠰᠠ ᠡᠪᠬᠡᠮᠡᠯ ᠳᠤ ᠣᠷᠣᠭᠤᠯᠬᠤ ᠲᠤᠬᠠᠶ ᠨᠠᠷᠢᠨ ᠬᠢᠨᠠᠮᠠᠭᠠᠶ ᠪᠠᠶᠢᠴᠠᠭᠠᠯᠲᠠ ᠥᠷᠨᠢᠭᠦᠯᠪᠡ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠪᠥᠬᠦ ᠠᠶᠢᠮᠠᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠠᠤᠯᠢ ᠬᠡᠷᠡᠭᠵᠢᠭᠦᠯᠬᠦ ᠨᠢ ᠴᠢᠩᠭ᠎ᠠ ᠪᠤᠰᠤ᠂ ᠭᠤᠤᠯᠴᠢ ᠪᠤᠰᠤ ᠵᠢᠴᠢ ᠡᠰᠡ ᠬᠢᠬᠦ᠂ ᠳᠤᠷ᠎ᠠ ᠪᠠᠷ ᠢᠶᠠᠨ ᠦᠶᠯᠡᠳᠴᠦ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ ᠡᠯ᠎ᠡ ᠬᠤᠰᠢᠭᠤ ᠰᠢᠶᠠᠨ ᠬᠤᠲᠠ ᠶᠢ ᠰᠢᠮᠳᠠᠭᠤᠯᠤᠨ ᠥᠪᠡᠷᠲᠡᠭᠡᠨ ᠪᠠᠶᠢᠴᠠᠭᠠᠬᠤ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠠᠶ ᠳᠤ ᠰᠠᠭᠤᠷᠢᠯᠠᠨ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ ᠵᠢᠴᠢ ᠬᠦᠨᠳᠦ ᠶᠡᠭᠡ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠮᠢᠶ᠎ᠠ ᠪᠥᠬᠦᠶ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠪᠠ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ