ᠬᠠᠶᠢᠨ ᠪᠠᠶᠢᠴᠠᠭᠠᠬᠤ᠂ ᠵᠢᠷᠤᠵᠤ ᠲᠦᠰᠦᠪᠯᠡᠬᠦ ᠬᠢᠷᠢ ᠬᠡᠮ ᠢ ᠭᠦᠢᠴᠡᠳᠭᠡᠬᠦ ᠱᠠᠭᠠᠷᠳᠠᠯᠭ᠎ᠠ ᠵᠢᠴᠢ ᠠᠩᠬᠠᠷᠬᠤ ᠵᠦᠢᠯ ᠨᠢ ᠶᠠᠭᠤ ᠪᠣᠶ︖
ᠨᠡᠶᠢᠲᠡᠯᠡᠭᠰᠡᠨ ᠴᠠᠭ᠄
2020/12/7
ᠬᠠᠮᠢᠶ᠎ᠠ ᠪᠥᠬᠦᠶ ᠵᠦᠢᠯᠡᠰ᠄ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠨᠢᠭᠡᠴᠡ ᠶᠢᠨ ᠬᠢᠷᠢ ᠬᠡᠮ ᠢ ᠬᠢᠨᠠᠨ ᠵᠥᠪᠰᠢᠶᠡᠷᠡᠬᠦᠠᠰᠠᠭᠤᠯᠲᠠ ᠠᠰᠠᠭᠤᠭᠰᠠᠨ ᠴᠠᠭ᠄ 2020 — 07 — 14ᠬᠠᠶᠢᠨ ᠪᠠᠶᠢᠴᠠᠭᠠᠬᠤ᠂ ᠵᠢᠷᠤᠵᠤ ᠲᠦᠰᠦᠪᠯᠡᠬᠦ ᠬᠢᠷᠢ ᠬᠡᠮ ᠢ ᠭᠦᠢᠴᠡᠳᠭᠡᠬᠦ ᠱᠠᠭᠠᠷᠳᠠᠯᠭ᠎ᠠ ᠵᠢᠴᠢ ᠠᠩᠬᠠᠷᠬᠤ ᠵᠦᠢᠯ ᠨᠢ ᠶᠠᠭᠤ ᠪᠣᠶ︖ᠬᠠᠷᠢᠭᠤᠯᠤᠭᠰᠠᠨ ᠨᠢ᠄ ᠬᠢᠨᠠᠨ ᠵᠥᠪᠰᠢᠶᠡᠷᠡᠬᠦ ᠭᠠᠵᠠᠷᠬᠠᠷᠢᠭᠤ ᠥᠭᠬᠦ ᠴᠠᠭ᠄ 2020 — 07 — 14ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠦᠰᠦᠪᠯᠡᠬᠦ ᠠᠵᠤ ᠠᠬᠤᠶᠢᠯᠠᠯ ᠤᠨ ᠬᠢᠷᠢ ᠬᠡᠮ ᠭᠤᠶᠤᠴᠢᠯᠠᠬᠤ ᠨᠦᠬᠦᠴᠡᠯ ᠢ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠦᠰᠦᠪᠯᠡᠬᠦ ᠬᠢᠷᠢ ᠭᠡᠮ ᠤᠨ ᠬᠠᠮᠢᠶᠠᠷᠤᠯᠲᠠ ᠶᠢᠨ ᠲᠣᠭᠲᠠᠭᠠᠯ︾᠂ ︽ᠪᠠᠷᠢᠯᠭ᠎ᠠ ᠶᠢᠨ ᠬᠠᠶᠢᠨ ᠪᠠᠶᠢᠴᠠᠭᠠᠬᠤ ᠬᠢᠷᠢ ᠬᠡᠮ ᠤᠨ ᠪᠠᠷᠢᠮᠵᠢᠶ᠎ᠠ︾᠂ ︽ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠷᠢ ᠬᠡᠮ ᠤᠨ ᠪᠠᠷᠢᠮᠵᠢᠶ᠎ᠠ︾ ᠵᠡᠷᠭᠡ ᠶᠢ ᠪᠠᠶᠢᠴᠠᠭᠠᠨ ᠯᠠᠪᠯᠠᠵᠤ ᠪᠣᠯᠤᠨ᠎ᠠ᠃      ᠳᠣᠣᠷᠠᠬᠢ ᠬᠡᠳᠦᠨ ᠲᠠᠯ᠎ᠠ ᠶᠢ ᠣᠨᠴᠠᠭᠠᠶᠢᠯᠠᠨ ᠠᠩᠬᠠᠷᠤᠨ᠎ᠠ᠄      1᠂ ᠪᠡᠶ᠎ᠡ ᠪᠠᠨ ᠳᠠᠭᠠᠭᠠᠭᠰᠠᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠬᠢᠷᠢ ᠬᠡᠮ ᠲᠠᠢ ᡽      2᠂ ᠤᠯᠤᠰ ᠤᠨ ᠲᠤᠰᠬᠠᠶ ᠮᠡᠷᠭᠡᠵᠢᠯ ᠤᠨ ᠠᠵᠢᠯᠲᠠᠨ ᠤ ᠨᠠᠰᠤ ᠶᠢ ᠪᠦᠬᠦᠯᠢ 60 ᠨᠠᠰᠤ ᠵᠢᠴᠢ ᠲᠡᠭᠦᠨ ᠠᠴᠠ ᠳᠣᠭᠤᠭᠰᠢ ᠬᠢᠵᠠᠭᠠᠷᠯᠠᠨ᠎ᠠ︔      3᠂ ᠪᠠᠷᠢᠯᠭ᠎ᠠ ᠶᠢᠨ ᠬᠠᠶᠢᠨ ᠪᠠᠶᠢᠴᠠᠭᠠᠯᠲᠠ ᠶᠢᠨ ᠬᠥᠬᠡ ᠲᠡᠰ ᠤᠨ ᠬᠢᠷᠢ ᠬᠡᠮ᠂ ᠪᠠᠷᠢᠯᠭ᠎ᠠ ᠶᠢᠨ ᠵᠢᠷᠤᠭ ᠲᠥᠯᠦᠪᠯᠡᠭᠡ ᠶᠢᠨ ᠬᠥᠬᠡ ᠲᠡᠰ ᠤᠨ ᠬᠢᠷᠢ ᠬᠡᠮ ᠢ ᠭᠤᠶᠤᠴᠢᠯᠠᠵᠤ᠂ ᠵᠢᠴᠢ ᠲᠡᠮᠦᠷ ᠵᠠᠮ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠮᠡᠳᠡᠭᠡ ᠵᠠᠩᠭᠢ ᠶᠢᠨ ᠠᠵᠤ ᠦᠢᠯᠡᠰ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠲᠠᠯ᠎ᠠ ᠶᠢᠨ ᠪᠠᠷᠢᠯᠭ᠎ᠠ ᠶᠢᠨ ᠵᠢᠷᠤᠭ  ᠲᠥᠯᠦᠪᠯᠡᠭᠡ ᠶᠢᠨ ᠬᠥᠬᠡᠭᠴᠢᠨ ᠳᠡᠰ ᠤᠨ ᠬᠢᠷᠢ ᠬᠡᠮ ᠳᠤ ᠬᠤᠯᠪᠣᠭᠳᠠᠬᠤ ᠠᠵᠤ ᠠᠬᠤᠶᠢᠯᠠᠯ᠂ ᠠᠶᠢᠮᠠᠭ ᠬᠤᠲᠠ ᠶᠢᠨ ᠮᠡᠳᠡᠭᠦᠯᠦᠯᠳᠡ ᠶᠢᠨ ᠪᠢᠴᠢᠭ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠴᠠᠭᠠᠰᠤᠨ ᠬᠦᠰᠦᠨᠦᠭᠲᠦ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠲᠡᠷᠡᠴᠢᠯᠡᠨ ᠰᠢᠰᠲ᠋ᠧᠮ ᠳᠣᠲᠣᠷ᠎ᠠ ᠲᠤᠭ᠎ᠠ ᠪᠠᠷᠢᠮᠲᠠ ᠶᠢᠨ ᠪᠣᠭᠤᠯᠲᠠ ᠶᠢ ᠳᠠᠮᠵᠢᠭᠤᠯᠤᠨ᠎ᠠ᠃       ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠤᠭ᠎ᠠ ᠪᠠᠷᠢᠮᠲᠠ ᠶᠢᠨ ᠪᠣᠭᠤᠯᠲᠠ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠮᠵᠢᠯᠲᠠ ᠣᠯᠤᠭᠰᠠᠨ ᠤ ᠳᠠᠷᠠᠭ᠎ᠠ ᠮᠡᠳᠡᠭᠦᠯᠦᠯᠳᠡ ᠶᠢᠨ ᠪᠢᠴᠢᠭ ᠮᠠᠲ᠋ᠧᠷᠢᠶᠠᠯ ᠭᠠᠷᠭᠠᠵᠤ ᠥᠭᠭᠦᠨ᠎ᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ