ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠶᠢ ᠱᠠᠯᠠᠪᠳᠠᠭᠤᠯᠤᠨ ᠵᠢᠯᠣᠭᠤᠳᠬᠤ ᠪᠠᠶᠢᠴᠠᠭᠠᠨ ᠰᠤᠳᠤᠯᠤᠯᠲᠠ ᠶᠢᠨ ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2020/12/9
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ 9 ᠰᠠᠷ᠎ᠠ ᠶᠢᠨ 27 ᠤ ᠡᠳᠦᠷ᠂ ᠦᠪᠣᠷ ᠮᠣᠩᠭᠤᠯ ᠤᠨ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠶᠢ ᠱᠠᠯᠠᠪᠳᠠᠭᠤᠯᠣᠨ ᠵᠢᠯᠣᠭᠤᠳᠬᠤ ᠪᠠᠶᠢᠴᠠᠭᠠᠨ ᠰᠤᠳᠤᠯᠤᠯᠲᠠ ᠶᠢᠨ ᠬᠠᠷᠢᠭᠤ ᠲᠤᠰᠬᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠼᠤᠤ ᠰᠧ ᠶᠠᠩ ᠬᠦᠬᠡᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠲᠤᠬᠠᠶ ᠬᠠᠷᠢᠭᠤ ᠲᠤᠰᠬᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧ ᠬᠠᠶ ᠳ᠋ᠦᠩ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠫᠧᠶ ᠵᠥᠩ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠬᠤᠷᠠᠯ ᠢ ᠡᠷᠭᠢᠯᠡᠪᠡ᠃      ᠪᠠᠶᠢᠴᠠᠭᠠᠨ ᠰᠤᠳᠤᠯᠤᠯᠲᠠ ᠶᠢᠨ ᠬᠠᠷᠢᠭᠤ ᠲᠤᠰᠬᠠᠬᠤ ᠬᠤᠷᠠᠯ ᠳᠡᠭᠡᠷ᠎ᠡ᠂ ᠼᠤᠤ ᠰᠧ ᠶᠠᠩ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠢ ᠲᠥᠯᠥᠭᠡᠯᠡᠨ ᠬᠤᠯᠪᠣᠭᠳᠠᠯ ᠪᠦᠬᠦᠢ ᠪᠠᠶᠢᠳᠠᠯ ᠢ ᠬᠠᠷᠢᠭᠤ ᠲᠤᠰᠬᠠᠪᠠ᠃ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠬᠦ ᠪᠠᠷ᠂ ᠬᠥᠬᠡᠬᠤᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠡᠭᠡᠳᠣ ᠬᠡᠮᠵᠢᠶ᠎ᠡ ᠪᠠᠷ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠬᠦᠷᠭᠡᠯᠡᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠰᠢᠢᠳᠪᠣᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠣᠷᠢᠵᠢᠭᠤᠯᠵᠣ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠶᠤᠯᠭᠦᠶ ᠬᠠᠷᠠᠯᠲᠠ ᠶᠢ ᠲᠣᠭᠳᠠᠭᠤᠨ ᠢᠶᠠᠷ ᠪᠡᠶᠡᠯᠡᠭᠦᠯᠵᠦ ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠦ᠂ ᠶᠠᠳᠠᠭᠤ ᠠᠴᠠ ᠠᠩᠭᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠬᠦᠬᠡᠬᠤᠳᠡ ᠶᠢᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠴᠢᠭᠯᠡᠯᠳᠥ ᠴᠢᠨᠠᠷᠲᠠᠢ ᠪᠠᠷ ᠳᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠠᠵᠢᠯ ᠤᠨ ᠰᠠᠨᠠᠭᠤᠯᠭ᠎ᠠ ᠶᠢ ᠳᠤᠷᠠᠳᠤᠭᠰᠠᠨ ᠪᠠᠶᠢᠨ᠎ᠠ᠃      ᠾᠧ ᠬᠠᠢ ᠳ᠋ᠦᠩ ᠢᠯᠡᠷᠬᠡᠶᠢᠯᠡᠬᠦ ᠳᠡᠭᠡᠨ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠤᠰᠤᠳᠴᠢ ᠲᠥᠪ ᠭᠤᠣᠯᠴᠢ ᠦᠨᠡᠯᠡᠯᠲᠡ ᠬᠢᠵᠦ᠂ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠠᠢ᠃ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠨᠢ ᠦᠨᠡᠨ ᠬᠡᠷᠡᠭ ᠠᠴᠠ ᠵᠥᠪ ᠢ ᠡᠷᠢᠵᠦ᠂ ᠠᠮᠢᠨ ᠭᠠᠵᠠᠷ ᠢ ᠨᠢ ᠰᠢᠭᠤᠳ ᠵᠢᠭᠠᠵᠤ᠂ ᠮᠠᠨ ᠤ ᠬᠤᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠳᠤ ᠭᠠᠷᠳᠠᠨ ᠬᠢᠬᠦ ᠴᠡᠭ ᠪᠠ ᠬᠦᠴᠦᠯᠡᠬᠦ ᠴᠡᠭ ᠢ ᠣᠨᠣᠪᠴᠢᠲᠠᠢ ᠡᠷᠢᠵᠦ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠴᠢᠬᠤᠯᠠ ᠵᠷᠣᠮᠯᠠᠯ ᠬᠠᠩᠭᠠᠪᠠ᠃ ᠪᠢᠳᠡ ᠡᠨᠡ ᠤᠳᠠᠭᠠᠨ ᠤ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠣᠳᠣᠯᠣᠯᠲᠠ ᠬᠢᠬᠦ ᠪᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠶ ᠠᠬᠢᠭᠤᠯᠵᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠭᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠨᠡᠩ ᠶᠡᠭᠡ ᠡᠷᠴᠢ ᠵᠣᠷᠢᠭ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠬᠠᠲᠠᠭᠤ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠦᠬᠦ ᠬᠤᠲᠠ ᠶᠢᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠲᠤᠰᠢᠶᠠᠨ᠎ᠠ ᠭᠡᠪᠡ᠃ http://mongol.people.com.cn/15825670.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ