2020 ᠣᠨ ᠤ ᠨᠢᠭᠡᠳᠦᠭᠡᠷ ᠪᠦᠯᠦᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2020/12/9
     ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠮᠠᠨ ᠤ ᠲᠢᠩᠬᠢᠮ 2020 ᠣᠨ ᠤ ᠨᠢᠭᠡᠳᠦᠭᠡᠷ ᠪᠦᠯᠦᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠤᠨ ᠮᠡᠳᠡᠭᠦᠯᠦᠯᠳᠡ ᠶᠢᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ 33 ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠵᠢᠴᠢ 1 ᠪᠠᠷᠢᠯᠭ᠎ᠠ ᠶᠢᠨ ᠦᠷᠳᠡᠭ ᠤᠨ ᠯᠠᠪᠯᠠᠯᠭ᠎ᠠ ᠦᠭᠬᠦ ᠠᠵᠤ ᠠᠬᠤᠶᠢᠯᠠᠯ ᠤᠨ ᠬᠢᠨᠠᠨ ᠪᠠᠶᠢᠴᠠᠭᠠᠭᠰᠠᠨ ᠰᠠᠨᠠᠯ ᠢ ᠤᠳᠦ᠂ ᠢᠯᠡ ᠪᠠᠷ  ᠨᠡᠶᠢᠳᠡᠯᠡᠶ᠎ᠡ᠃ ︵ᠳᠠᠭᠠᠯᠳᠤᠭᠤᠯᠤᠯ ᠳᠤ ᠦᠵᠡ︶      2020 ᠣᠨ ᠤ 4 ᠳ᠋ᠤᠭᠡᠷ ᠰᠠᠷ᠎ᠠ ᠶᠢᠨ 3 ᠤ ᠡᠳᠦᠷ ᠪᠤᠯᠳᠠᠯ᠎ᠠ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠳᠡᠯᠡᠨ᠎ᠡ᠂ ᠶᠠᠮᠠᠷᠪᠠ ᠪᠠᠶᠢᠭᠤᠯᠭ᠎ᠠ ᠪᠤᠶᠤ ᠬᠤᠪᠢ ᠬᠥᠮᠦᠨ ᠴᠥᠮ ᠠᠵᠤ ᠠᠬᠤᠶᠢᠯᠠᠯ ᠤᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠪᠣᠯᠤᠨ᠎ᠠ᠂ ᠪᠠᠶᠢᠭᠤᠯᠭ᠎ᠠ ᠠᠴᠠ ᠪᠠᠶᠢᠳᠠᠯ ᠢ ᠲᠤᠰᠬᠠᠭᠰᠠᠨ ᠪᠠᠶᠢᠪᠠᠯ ᠠᠯᠪᠠᠨ ᠲᠠᠮᠠᠭ᠎ᠠ ᠪᠠᠶᠢᠬᠤ ᠬᠡᠷᠡᠭᠲᠡᠶ᠂ ᠬᠤᠪᠢ ᠬᠥᠮᠦᠨ ᠠᠴᠠ ᠪᠠᠶᠢᠳᠠᠯ ᠢ ᠲᠤᠰᠬᠠᠬᠤ ᠳᠠᠭᠠᠨ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ᠂ ᠬᠠᠶ᠋ᠢᠭ᠂ ᠰᠢᠤᠳᠠᠨ ᠤ ᠨᠣᠮᠧᠷ ᠦᠯᠡᠳᠡᠭᠡᠬᠦ ᠬᠡᠷᠡᠭᠲᠡᠶ᠃      ᠬᠠᠷᠢᠯᠴᠠᠬᠤ ᠤᠲᠠᠰᠤ᠄ 0471 — 6969130      ᠨᠠᠮᠲᠠᠷ᠄ 0471 — 6965662︔      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠴᠢᠩᠭᠢᠰ ᠬᠠᠭᠠᠨ ᠶᠡᠭᠡ ᠵᠡᠭᠡᠯᠢ ᠶᠢᠨ 15 ᠳ᠋ᠤᠭᠠᠷ ᠨᠣᠮᠧᠷ       ᠳᠠᠭᠠᠯᠳᠤᠭᠤᠯᠤᠯ᠄       1᠂ ᠪᠠᠷᠢᠯᠭ᠎ᠠ ᠶᠢᠨ ᠪᠠᠶᠢᠭᠤᠯᠤᠭᠰᠠᠨ ᠦᠷᠳᠡᠭ ᠤᠨ ᠯᠠᠪᠯᠠᠯᠭ᠎ᠠ ᠥᠭᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ       2᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ