ᠪᠠᠶᠠᠨᠨᠠᠭᠤᠷ ᠬᠤᠲᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ︽ᠭᠤᠷᠪᠠ ᠶᠢ ᠭᠦᠢᠴᠡᠳᠭᠡᠬᠦ︾ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/11
   ᠪᠠᠶᠠᠨᠨᠠᠭᠤᠷ ᠬᠤᠲᠠ ᠶᠡᠷᠦᠩᠬᠡᠶ ᠱᠦᠵᠢ ᠰᠢ ᠶᠢᠨ ᠫᠢᠩ ᠤᠨ ︽ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠲᠦᠷᠢᠮ ᠢ ᠨᠡᠶᠢᠳᠡᠮ ᠬᠡᠷᠡᠭᠵᠢᠭᠦᠯᠬᠦ  ︾ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠳᠡᠮᠵᠢᠬᠦ ᠳᠤ ᠢᠳᠡᠪᠬᠢᠲᠡᠶ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠨᠳᠥᠷ ᠪᠦᠲᠦᠮᠵᠢᠲᠡᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ︽ᠭᠤᠷᠪᠠ ᠶᠢ ᠭᠦᠢᠴᠡᠳᠭᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠂ ᠲᠤᠬᠠᠶᠢᠯᠠᠪᠠᠯ᠄ ᠣᠯᠠᠨ ᠨᠡᠶᠢᠲᠡ ᠶᠢᠨ ᠪᠠᠶᠢᠭᠤᠯᠤᠮᠵᠢ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶᠡᠨ ᠳᠤ ᠶᠠᠪᠤᠭᠳᠠᠭᠤᠯᠬᠤ᠃ ᠵᠠᠭᠤᠴᠢᠯᠠᠭᠤᠷ ᠤᠨ ᠤᠬᠠᠭᠤᠯᠭ᠎ᠠ᠂ ᠵᠢᠭᠰᠡᠭᠠᠯ ᠤᠨ ᠭᠠᠵᠠᠷ ᠤᠨ ᠤᠬᠠᠭᠤᠯᠭ᠎ᠠ᠂ ᠲᠥᠷᠥᠯ ᠬᠤᠪᠢᠶᠠᠨ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠤᠬᠠᠭᠤᠯᠭ᠎ᠠ᠂ ᠡᠷᠦᠬᠡ ᠳᠤ ᠬᠦᠷᠴᠦ ᠤᠬᠠᠭᠤᠯᠭ᠎ᠠ᠂ ᠠᠵᠢᠯᠯᠠᠭ᠎ᠠ ᠶᠢᠨ ᠤᠬᠠᠭᠤᠯᠭ᠎ᠠ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠬᠤᠭ ᠨᠣᠪᠰᠢ ᠶᠢ ᠶᠠᠭᠤᠨ ᠳᠤ ᠲᠥᠷᠥᠯ ᠬᠤᠪᠢᠶᠠᠬᠤ᠂ ᠬᠡᠷᠬᠢᠨ ᠲᠥᠷᠥᠯ ᠬᠤᠪᠢᠶᠠᠬᠤ ᠵᠡᠷᠭᠡ ᠲᠥᠷᠥᠯ ᠬᠤᠪᠢᠶᠠᠭᠰᠠᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠺᠠᠳ᠋ᠷ ᠠᠵᠢᠯᠲᠠᠨ᠂ ᠬᠤᠲᠠ ᠶᠢᠨ ᠠᠷᠠᠳ ᠤᠨ ᠣᠯᠠᠨ ᠲᠦᠮᠡᠨ᠂ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠶᠢᠨ ᠠᠮᠢ ᠠᠬᠤᠶ ᠶᠢᠨ ᠪᠣᠯᠪᠠᠰᠤᠨ ᠵᠢᠴᠢ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ  ᠭᠦᠢᠴᠡᠳ ᠲᠠᠨᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠰᠠᠭᠤᠭᠠᠯᠢ ᠠᠷᠠᠳ ᠤᠨ ᠣᠷᠣᠯᠴᠠᠬᠤ ᠪᠠ ᠳᠡᠮᠵᠢᠬᠦ ᠤᠬᠠᠮᠰᠠᠷᠲᠤ ᠴᠢᠨᠠᠷ ᠢ ᠳᠡᠭᠡᠭᠰᠢᠯᠡᠭᠦᠯᠦᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ  ︽ᠨᠢᠳᠦ ᠪᠠᠷ ᠦᠵᠡᠬᠦ᠂ ᠴᠢᠬᠢ ᠪᠠᠷ ᠰᠣᠨᠣᠰᠬᠤ᠂ ᠵᠡᠭᠡᠯᠢ ᠭᠤᠳᠤᠮᠵᠢ ᠪᠠᠷ ᠶᠠᠷᠢᠯᠴᠠᠵᠤ ᠤᠯᠬᠤ︾ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃    ︵ᠨᠢᠭᠡ︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠦᠢᠯᠡᠳᠦᠯᠭᠡᠵᠢᠭᠦᠯᠵᠦ᠂ ᠪᠠᠶᠢᠭᠤᠯᠤᠯᠭ᠎ᠠ ᠨᠢᠭᠡᠴᠡ ᠲᠦᠷᠦᠭᠦᠯᠡᠨ ᠪᠠᠶᠠᠨᠨᠠᠭᠤᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠵᠠᠰᠠᠭ ᠤᠨ ᠲᠣᠮᠣ ᠠᠰᠠᠷ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠣᠯᠠᠨ ᠨᠡᠶᠢᠲᠡ ᠶᠢᠨ ᠪᠠᠶᠢᠭᠤᠯᠤᠮᠵᠢ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ 《ᠭᠤᠷᠪᠠ ᠶᠢ  ᠭᠦᠢᠴᠡᠳᠭᠡᠬᠦ 》ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠳᠥᠯᠭᠢᠨ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ 223 ᠣᠯᠠᠨ ᠨᠡᠶᠢᠲᠡ ᠶᠢᠨ ᠪᠠᠶᠢᠭᠤᠯᠤᠮᠵᠢ ᠶᠢᠨ ᠳᠣᠲᠣᠷ᠎ᠠ 150 ᠬᠤᠭ ᠨᠣᠪᠰᠢ ᠶᠢ ᠲᠥᠷᠥᠯ ᠬᠤᠪᠢᠶᠠᠬᠤ ᠶᠢ ᠪᠡᠶᠡᠯᠡᠭᠦᠯᠵᠦ᠂ 73  ᠶᠢ ᠪᠡᠶᠡᠯᠡᠭᠦᠯᠵᠦ ᠴᠢᠳᠠᠭᠰᠠᠨ ᠥᠬᠡᠶ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠤᠭ ᠨᠣᠪᠰᠢ ᠶᠢ ᠲᠥᠷᠥᠯ ᠬᠤᠪᠢᠶᠠᠭᠰᠠᠨ ᠪᠦᠷᠬᠦᠴᠡ ᠶᠢᠨ ᠨᠣᠷᠮ᠎ᠠ 67 %  ᠳᠤ ᠬᠦᠷᠴᠦ᠂ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ ᠶᠢ ᠨᠡᠶᠢᠲᠡ 3000 ᠰᠢᠬᠠᠮ ᠲᠣᠬᠢᠷᠠᠭᠤᠯᠵᠠᠶ᠃ ᠡᠨᠡ ᠵᠢᠯ ᠤᠨ ᠡᠴᠦᠰ ᠪᠣᠯᠬᠤ ᠳᠤ᠂ ᠯᠢᠨ ᠾᠧ ᠬᠤᠲᠠ ᠶᠢᠨ ᠪᠠᠶᠢᠭᠤᠯᠤᠭᠰᠠᠨ ᠲᠣᠭᠤᠷᠢᠭ ᠲᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠨᠡᠶᠢᠳᠡᠮ ᠬᠡᠷᠡᠭᠵᠢᠭᠦᠯᠦᠨ᠎ᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ 《ᠪᠠᠶᠠᠨᠨᠠᠭᠤᠷ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠵᠢᠭᠠᠪᠤᠷᠢ 》ᠵᠡᠷᠭᠡ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠭᠠᠷᠭᠠᠵᠤ᠂ ᠺᠠᠳ᠋ᠷ ᠠᠵᠢᠯᠲᠠᠨ ᠠᠵᠢᠯᠴᠢᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠵᠦ᠂ ᠺᠠᠳ᠋ᠷ ᠠᠵᠢᠯᠲᠠᠨ ᠠᠵᠢᠯᠴᠢᠨ ᠤ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠲᠥᠷᠥᠯ ᠬᠤᠪᠢᠶᠠᠬᠤ᠂ ᠤᠬᠠᠮᠰᠠᠷ ᠠᠴᠠ ᠪᠠᠨ ᠲᠠᠯᠪᠢᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠳᠤ ︽ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠴᠢᠳᠠᠯ ᠢᠶᠠᠷ ᠢᠶᠠᠨ ᠴᠢᠷᠮᠠᠶᠢᠵᠤ᠂ ᠬᠥᠮᠦᠨ ᠪᠦᠬᠦᠨ ᠵᠢᠳᠬᠦᠯ ᠴᠢᠷᠮᠠᠶᠢᠯᠭ᠎ᠠ ᠭᠠᠷᠭᠠᠬᠤ︾ ᠰᠠᠶᠢᠨ ᠰᠠᠶᠢᠬᠠᠨ  ᠠᠭᠤᠷ ᠠᠮᠢᠰᠬᠤᠯ ᠢ ᠪᠣᠢ ᠪᠣᠯᠭᠠᠪᠠ᠃
   ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠯᠠᠬᠤ ᠣᠷᠣᠨ ᠪᠦᠰᠡ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠪᠠᠶᠠᠨᠨᠠᠭᠤᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠷᠥᠯ ᠬᠤᠪᠢᠶᠠᠬᠤ᠂ ᠵᠢᠷᠤᠮᠵᠢᠯ ᠲᠠᠢ ᠣᠨᠣᠪᠴᠢᠲᠠᠶ ᠴᠤᠭᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠪᠠ ᠲᠥᠷᠥᠯ ᠬᠤᠪᠢᠶᠠᠨ ᠰᠢᠢᠳᠪᠦᠷᠢᠯᠡᠬᠦ ᠶᠢ ᠢᠳᠡᠪᠬᠢᠲᠡᠶ ᠠᠬᠢᠭᠤᠯᠬᠤ ᠵᠡᠷᠭᠡ ᠲᠠᠪᠤᠨ ᠲᠠᠯ᠎ᠠ ᠪᠠᠷ ᠠᠵᠢᠯ ᠤᠨ ᠡᠭᠦᠷᠭᠡ ᠳᠤ ᠪᠣᠳᠠᠲᠠᠶ ᠪᠠᠶᠢᠷᠢᠯᠠᠭᠤᠯᠤᠯᠲᠠ ᠬᠢᠪᠠ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠬᠢᠨ《ᠪᠠᠶᠠᠨᠨᠠᠭᠤᠷ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠨᠡᠯᠡᠬᠦ ᠯᠠᠪᠯᠠᠯᠲᠠ ᠶᠢᠨ ᠪᠠᠷᠢᠮᠵᠢᠶ᠎ᠠ 》 ᠪᠠᠷ ᠯᠠᠪᠯᠠᠯᠲᠠ ᠪᠣᠯᠭᠠᠵᠤ᠂ ᠥᠪᠡᠷ ᠢ ᠪᠠᠨ ᠦᠨᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠬᠢᠭᠤᠯᠬᠤ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠬᠦ ᠬᠡᠷᠡᠭᠲᠡᠶ ᠭᠡᠵᠦ ᠱᠠᠭᠠᠷᠳᠠᠪᠠ᠃    ︵ᠬᠤᠶᠠᠷ︶ ᠬᠤᠭ ᠨᠣᠪᠰᠢ ᠶᠢ ᠲᠥᠷᠥᠯ ᠬᠤᠪᠢᠶᠠᠬᠤ ᠣᠶᠢᠯᠠᠭᠠᠭᠳᠠᠬᠤᠨ ᠢ ᠡᠬᠡᠯ ᠠᠷᠠᠳ ᠤᠨ ᠬᠡᠷ ᠲᠤᠨᠢ ᠬᠦᠷᠭᠡᠨ᠎ᠡ᠃ ᠪᠠᠶᠠᠨᠨᠠᠭᠤᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠯᠢᠨ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠥᠪ᠂ ᠶᠢᠨ ᠴᠦᠸᠠᠨ ᠤ ᠬᠡᠷᠡᠭ ᠡᠷᠬᠢᠯᠡᠬᠦ ᠭᠠᠵᠠᠷ ᠵᠢᠴᠢ ᠪᠠᠨᠠᠨᠠ ᠶᠢᠨ ᠬᠠᠯᠢᠰᠤ ᠶᠢᠨ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠨᠨᠠᠭᠤᠷ ᠬᠤᠲᠠ ᠲᠠᠢ ᠬᠠᠮᠲᠤᠷᠠᠨ ᠵᠢᠶᠠᠩᠨᠠᠨ ᠤ  ᠬᠤᠸᠠ ᠹᠦ᠋ ᠪᠠᠷᠠᠭᠤᠨ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠨᠡᠶᠢᠭᠡᠮ ᠲᠣᠭᠤᠷᠢᠭ ᠲᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠨ ᠬᠠᠶᠠᠭᠤᠯᠤᠨ᠎ᠠ᠃ ᠠᠵᠢᠯᠯᠠᠭ᠎ᠠ ᠳᠤᠮᠳᠠ᠂ ᠡᠯ᠎ᠡ ᠨᠢᠭᠡᠴᠡ ᠶᠢᠨ ᠠᠵᠢᠯᠲᠠᠳ ᠰᠠᠭᠤᠭᠠᠯᠢ ᠠᠷᠠᠳ ᠲᠤ ︽ᠪᠠᠶᠠᠨᠨᠠᠭᠤᠷ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠠᠨᠠᠭᠠᠴᠢᠯᠠᠭ᠎ᠠ ᠶᠢᠨ ᠪᠢᠴᠢᠭ︾᠂ ︽ᠪᠠᠶᠠᠨᠨᠠᠭᠤᠷ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠯᠣᠭᠤᠳᠬᠤ ᠭᠠᠷ ᠳᠡᠪᠲᠡᠷ ︾ ᠵᠡᠷᠭᠡ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠰᠠᠮᠪᠠᠷ᠎ᠠ ᠶᠢ ᠨᠠᠷᠢᠨ ᠬᠢᠨᠠᠮᠠᠭᠠᠶ ᠦᠵᠡᠭᠦᠯᠵᠦ᠂ ᠰᠠᠭᠤᠭᠠᠯᠢ ᠠᠷᠠᠳ ᠲᠤ ᠪᠤᠴᠠᠭᠠᠨ ᠬᠤᠷᠢᠶᠠᠵᠤ ᠪᠣᠯᠬᠤ ᠪᠣᠳᠠᠰ᠂ ᠬᠤᠭᠤᠯᠠᠨ ᠬᠡᠷ ᠤᠨ ᠬᠤᠭ ᠨᠣᠪᠰᠢ᠂ ᠬᠤᠣᠷ ᠬᠥᠨᠥᠭᠡᠯ ᠲᠠᠢ ᠬᠤᠭ ᠨᠣᠪᠰᠢ᠂ ᠪᠤᠰᠤᠳ ᠬᠤᠭ ᠨᠣᠪᠰᠢ ᠵᠡᠷᠭᠡ ︽ᠳᠥᠷᠪᠡᠨ ᠲᠥᠷᠥᠯ ᠬᠤᠪᠢᠶᠠᠬᠤ ᠠᠷᠭ᠎ᠠ︾ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢᠨ ᠤᠬᠠᠭᠤᠯᠤᠭᠴᠢ᠂  ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ ᠪᠠᠷ ᠴᠢᠷᠮᠠᠶᠢᠪᠠ᠃  
   ︽ᠰᠢᠤᠳᠠᠨ ᠢᠶᠠᠷ ᠲᠦᠷᠭᠡᠨ ᠬᠦᠷᠭᠡᠬᠦ ᠳᠤ ᠭᠤᠮ ᠪᠦᠰᠡᠲᠦ ᠴᠠᠭᠠᠰᠤ᠂ ᠴᠠᠭᠠᠰᠤᠨ ᠬᠠᠶᠢᠷᠴᠠᠭ ᠵᠡᠷᠭᠡ ᠡᠭᠡᠭᠦᠯᠦᠨ ᠬᠤᠷᠢᠶᠠᠵᠤ ᠪᠣᠯᠬᠤ ᠪᠣᠭᠤᠳᠠᠯ ᠪᠠᠭᠯᠠᠭ᠎ᠠ ᠶᠢ ᠠᠯᠢ ᠴᠢᠳᠠᠬᠤ ᠪᠠᠷ ᠪᠠᠭ᠎ᠠ ᠲᠣᠭᠤᠷᠢᠭ ᠲᠤ ᠲᠠᠯᠪᠢᠵᠤ ᠪᠣᠯᠬᠤ ᠪᠤᠶᠤ ᠲᠦᠷᠭᠡᠨ ᠬᠦᠷᠭᠡᠯᠲᠡ ᠶᠢᠨ ᠥᠷᠲᠡᠭᠡ︾ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠲᠠ ᠶᠢᠨ ᠰᠢᠤᠳᠠᠨ ᠤ ᠲᠣᠪᠴᠢᠶ᠎ᠠ ᠶᠢᠨ ᠠᠵᠢᠯᠲᠠᠳ ᠰᠠᠭᠤᠭᠠᠯᠢ ᠠᠷᠠᠳ ᠲᠤ ᠪᠣᠬᠢᠷᠲᠤᠯ ᠥᠬᠡᠶ ᠪᠣᠭᠤᠳᠠᠯ ᠪᠠᠭᠯᠠᠭ᠎ᠠ ᠪᠠ ᠡᠭᠡᠭᠦᠯᠦᠨ ᠬᠤᠷᠢᠶᠠᠬᠤ ᠮᠡᠳᠡᠯᠭᠡ ᠶᠢ ᠲᠦᠭᠡᠮᠡᠯᠵᠢᠭᠦᠯᠪᠡ᠂ ᠲᠠᠨᠢᠯᠴᠠᠭᠤᠯᠤᠭᠰᠠᠨ ᠢᠶᠠᠷ᠂ ᠡᠨᠡ ᠵᠢᠯ ᠪᠠᠶᠠᠨᠨᠠᠭᠤᠷ ᠬᠤᠲᠠ ᠶᠢᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠨᠡᠮᠡᠭᠳᠡᠯ ᠪᠥᠬᠦ ᠣᠷᠣᠨ ᠤ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 40 %  ᠠᠴᠠ ᠳᠡᠭᠡᠭᠰᠢ ᠨᠡᠮᠡᠭᠳᠡᠪᠡ᠃ ᠲᠦᠷᠭᠡᠨ ᠬᠦᠷᠭᠡᠯᠲᠡ ᠶᠢᠨ ᠲᠤᠭ᠎ᠠ ᠬᠡᠮᠵᠢᠶ᠎ᠡ ᠲᠦᠷᠭᠡᠨ ᠨᠡᠮᠡᠭᠳᠡᠬᠦ ᠶᠢ ᠳᠠᠭᠠᠯᠳᠤᠨ᠂ ᠪᠣᠭᠤᠳᠠᠯᠯᠠᠬᠤ ᠬᠤᠭ ᠨᠣᠪᠰᠢ ᠨᠢ ᠠᠮᠢᠳᠤᠷᠠᠯ ᠤᠨ ᠬᠤᠭ ᠨᠣᠪᠰᠢ ᠶᠢᠨ ᠴᠢᠬᠤᠯᠠ ᠢᠷᠡᠯᠲᠡ ᠪᠣᠯᠵᠠᠶ᠃ ᠢᠯᠠᠩᠭᠤᠶ᠎ᠠ ᠵᠢᠯ ᠪᠦᠷᠢ ᠶᠢᠨ ︽ᠠᠷᠪᠠᠨ ᠨᠢᠭᠡᠨ ᠰᠠᠷ᠎ᠠ ᠶᠢᠨ ᠠᠷᠪᠠᠨ ᠨᠢᠭᠡᠨ︾ ᠳᠤ ᠲᠦᠷᠭᠡᠨ ᠬᠦᠷᠭᠡᠯᠲᠡ ᠶᠢᠨ ᠬᠤᠭ ᠨᠣᠪᠰᠢ ᠲᠦᠷᠭᠡᠨ ᠨᠡᠮᠡᠭᠳᠡᠵᠦ᠂ ᠡᠨᠡ ᠬᠡᠳᠦᠨ ᠡᠳᠦᠷ ᠯᠢᠨ ᠾᠧ ᠶᠢᠨ ᠲᠦᠷᠭᠡᠨ ᠬᠦᠷᠭᠡᠯᠲᠡ ᠶᠢᠨ ᠬᠡᠮᠵᠢᠶ᠎ᠡ ᠨᠢᠭᠡᠨᠲᠡ ᠨᠢᠳᠤᠨᠤᠨ ᠤ ᠠᠷᠪᠠᠨ ᠨᠢᠭᠡᠨ ᠰᠠᠷ᠎ᠠ ᠶᠢᠨ ᠠᠷᠪᠠᠨ ᠨᠢᠭᠡᠨ ᠲᠤ ᠣᠷᠭᠢᠯ ᠬᠡᠮᠵᠢᠭᠳᠡᠯ ᠳᠤ ᠬᠦᠷᠴᠡᠶ᠃ ᠭᠡᠪᠡᠴᠦ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢᠨ ᠡᠷᠭᠢᠯᠳᠦᠭᠦᠯᠦᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠬᠡᠷᠡᠭᠯᠡᠭᠴᠢᠳ ᠪᠣᠭᠤᠳᠠᠯ ᠪᠠᠭᠯᠠᠭ᠎ᠠ ᠪᠠᠨ ᠭᠠᠷ ᠤᠨ ᠠᠶ᠎ᠠ ᠪᠠᠷ ᠬᠠᠶᠠᠬᠤ ᠳᠠᠳᠬᠠᠯ ᠢᠶᠠᠨ ᠬᠤᠪᠢᠷᠠᠭᠤᠯᠬᠤ ᠬᠡᠷᠡᠭᠲᠡᠢ᠃    2019 ᠣᠨ ᠤ 7 ᠰᠠᠷ᠎ᠠ ᠳᠤ᠂ ᠪᠠᠶᠠᠨᠨᠠᠭᠤᠷ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠡᠬᠢᠯᠡᠵᠦ᠂ ᠯᠢᠨ ᠾᠧ ᠲᠣᠭᠤᠷᠢᠭ ᠡᠩ ᠲᠡᠷᠢᠭᠦᠨ ᠳᠤ ᠲᠤᠷᠰᠢᠯᠲᠠ ᠶᠢᠨ  ᠴᠢᠭ ᠪᠣᠯᠬᠤ ᠬᠤᠲᠠ ᠶᠢᠨ ᠬᠤᠪᠢ ᠪᠠᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠵᠦ᠂ 2020 ᠣᠨ ᠤ ᠰᠡᠭᠦᠯᠴᠢ ᠪᠣᠯᠬᠤ ᠳᠤ᠂ ᠶᠢᠨ ᠴᠦᠸᠠᠨ ᠵᠡᠭᠡᠯᠢ ᠭᠤᠳᠤᠮᠵᠢ ᠶᠢᠨ ᠵᠢᠱᠢᠶ᠎ᠡ ᠦᠵᠡᠭᠦᠯᠬᠦ ᠬᠡᠰᠡᠭ ᠲᠣᠭᠤᠷᠢᠭ ᠲᠤ ᠬᠤᠭ ᠨᠣᠪᠰᠢ ᠶᠢ ᠲᠥᠷᠥᠯ ᠬᠤᠪᠢᠶᠠᠬᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ ᠲᠣᠰ ᠤᠳᠠᠭᠠᠨ ᠤ ᠠᠵᠢᠯᠯᠠᠭ᠎ᠠ ᠨᠢ  ︽ᠬᠤᠭ ᠨᠣᠪᠰᠢ ᠶᠢ ᠲᠥᠷᠥᠯ ᠬᠤᠪᠢᠶᠠᠬᠤ᠂ ᠡᠬᠢ ᠡᠭᠦᠰᠦᠯ ᠠᠴᠠ ᠨᠢ ᠪᠠᠭᠠᠰᠬᠠᠬᠤ  ︾᠂  ︽ᠠᠮᠢ ᠠᠬᠤᠶ ᠶᠢᠨ ᠪᠣᠯᠪᠠᠰᠤᠨ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ  ︾᠂  ︽ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠂ ᠪᠣᠬᠢᠷᠲᠤᠯ ᠥᠬᠡᠶ ᠬᠥᠭᠵᠢᠯᠲᠡ︾ ᠵᠡᠷᠭᠡ ᠠᠮᠢᠳᠤᠷᠠᠯ ᠤᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ  ᠦᠨᠡᠨᠬᠦ ᠮᠠᠨ ᠤ ᠠᠮᠢᠳᠤᠷᠠᠯ ᠳᠤ ᠣᠷᠣᠭᠤᠯᠵᠤ᠂ ᠪᠣᠯᠪᠠᠰᠤᠨ  ᠦᠢᠯᠡ ᠠᠵᠢᠯᠯᠠᠭ᠎ᠠ ᠶᠢ ᠪᠥᠬᠦ ᠬᠤᠲᠠ ᠶᠢᠨ ᠰᠢᠨ᠎ᠡ ᠬᠡᠪ ᠰᠤᠷᠲᠠᠯ ᠪᠣᠯᠭᠠᠬᠤ ᠶᠢᠨ ᠲᠥᠯᠥᠭᠡ ᠶᠤᠮ᠃    ︵ᠭᠤᠷᠪᠠ︶  ᠬᠠᠮᠲᠤᠷᠠᠨ ᠪᠦᠯᠬᠦᠮᠳᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠵᠡᠷᠭᠡ ᠪᠠᠷ ᠭᠠᠷ ᠬᠥᠳᠡᠯᠬᠦ᠃ ᠪᠠᠶᠠᠨᠨᠠᠭᠤᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠬᠤᠶ ᠹᠧᠩ ᠪᠠᠭ᠎ᠠ ᠰᠤᠷᠭᠠᠭᠤᠯᠢ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯ ᠢ ᠥᠷᠨᠢᠭᠦᠯᠵᠦ᠂ 《ᠬᠠᠮᠲᠤᠷᠠᠨ ᠪᠦᠯᠬᠦᠮᠳᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ 》 ᠪᠠᠷ  ᠭᠤᠣᠯ ᠰᠡᠳᠦᠪ ᠪᠣᠯᠭᠠᠵᠤ᠂  ᠭᠤᠣᠯᠳᠠᠭᠤ ᠰᠤᠷᠭᠠᠭᠤᠯᠢ᠂ ᠬᠡᠷ ᠪᠦᠯᠢ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠳᠠᠯᠢ ᠪᠤᠰᠤ ᠨᠠᠰᠤᠨ ᠤ ᠰᠤᠷᠤᠭᠴᠢᠳ ᠤᠨ ᠲᠠᠨᠢᠨ ᠮᠡᠳᠡᠬᠦᠶ ᠶᠢᠨ ᠬᠢᠷᠢ ᠬᠡᠮᠵᠢᠶ᠎ᠡ ᠪᠣᠯᠤᠨ ᠦᠰᠦᠨ ᠪᠤᠶᠢᠵᠢᠬᠤ ᠵᠢᠮ᠎ᠡ ᠶᠣᠰᠣ ᠶᠢ ᠦᠨᠳᠦᠰᠦᠯᠡᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠵᠢᠭᠠᠬᠤ ᠮᠠᠲ᠋ᠧᠷᠢᠶᠠᠯ ᠳᠤ ᠠᠭᠤᠰᠬᠠᠵᠤ᠂ ᠬᠢᠴᠢᠶᠡᠯ ᠤᠨ ᠲᠠᠩᠬᠢᠮ ᠤᠨ ᠠᠭᠤᠯᠭ᠎ᠠ ᠲᠠᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ᠃ ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡ ᠶᠢᠨ ᠰᠤᠷᠤᠭᠴᠢᠳ ᠤᠨ ᠪᠦᠯᠬᠦᠮ ᠪᠤᠶᠤ ᠰᠠᠶᠢᠨ ᠳᠤᠷᠠᠴᠤᠳ ᠤᠨ ᠪᠦᠯᠬᠦᠮ ᠨᠡᠶᠢᠲᠡ ᠶᠢ ᠶᠡᠬᠡᠪᠡᠷ ᠪᠤᠶᠢᠵᠢᠭᠤᠯᠵᠤ᠂ ᠵᠠᠯᠠᠭᠤᠴᠤᠳ ᠪᠠᠭᠠᠴᠤᠳ ᠤᠨ ᠥᠷᠭᠡᠨ ᠣᠯᠠᠨ ᠰᠤᠷᠤᠭᠴᠢᠳ ᠤᠨ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠢ  ᠭᠦᠢᠴᠡᠳ ᠳᠠᠶᠢᠴᠢᠯᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠠᠭᠤᠯᠠᠨ᠎ᠠ ᠨᠢ ᠡᠯᠪᠡᠭ ᠪᠠᠶᠠᠯᠢᠭ᠂ ᠦᠷ᠎ᠡ ᠪᠦᠲᠦᠮᠵᠢ ᠪᠠᠷ ᠢᠯᠡᠷᠬᠡᠶ ᠬᠤᠭ ᠨᠣᠪᠰᠢ ᠶᠢ ᠲᠥᠷᠥᠯ ᠬᠤᠪᠢᠶᠠᠬᠤ ᠭᠡᠷ ᠪᠦᠯᠢ ᠶᠢᠨ ᠦᠶ᠋ᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ 2020 ᠣᠨ ᠤ ᠰᠡᠭᠦᠯᠴᠢ ᠪᠣᠯᠬᠤ ᠳᠤ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠬᠦ ᠨᠣᠷᠮ᠎ᠠ ᠶᠢ 100 %  ᠳᠤ ᠬᠦᠷᠦᠭᠦᠯᠬᠦ ᠪᠠᠷ ᠴᠢᠷᠮᠠᠶᠢᠨ᠎ᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ 《ᠪᠠᠶᠠᠨᠨᠠᠭᠤᠷ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠯᠣᠭᠤᠳᠬᠤ ᠭᠠᠷ ᠳᠡᠪᠲᠡᠷ》 1000 ᠭᠠᠷᠤᠶ ᠳᠡᠪᠲᠡᠷ  ᠢ ᠲᠠᠷᠬᠠᠭᠠᠪᠠ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ