ᠤᠷᠳᠤᠰ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠬᠠᠣᠯᠢ ᠬᠡᠷᠡᠭᠵᠢᠭᠦᠯᠬᠦ ᠲᠤᠪᠴᠢᠶ᠎ᠠ ᠨᠢ ᠬᠠᠳᠬᠤᠮᠠᠯ ᠤᠷᠠᠯᠢᠭ ᠤᠨ ᠵᠣᠷᠢᠭ ᠰᠠᠨᠠᠭ᠎ᠠ ᠪᠠᠷ ᠪᠤᠯᠪᠰᠤᠨ ᠬᠤᠲᠠ ᠪᠠᠨ ᠨᠡᠷ᠎ᠡ ᠠᠯᠳᠠᠷ ᠢᠶᠠᠨ ᠡᠷᠭᠦᠪᠡ
ᠨᠡᠶᠢᠲᠡᠯᠡᠭᠰᠡᠨ ᠴᠠᠭ᠄
2021/1/11
   ᠣᠶᠢᠷ᠎ᠠ ᠶᠢᠨ ᠵᠢᠯ᠂ ᠤᠷᠳᠤᠰ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ《ᠬᠤᠳᠠ ᠶᠢᠨ ᠬᠠᠮᠢᠶᠠᠷᠤᠯᠲᠠ ᠶᠢ ᠨᠠᠷᠢᠯᠢᠭ ᠪᠠᠶᠢᠯᠭᠠᠬᠤ》 ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ᠂ ᠬᠦᠯᠢᠴᠡᠩᠭᠦᠢ᠂ ᠤᠷᠠᠨ ᠠᠷᠭ᠎ᠠ ᠪᠠᠷ ᠬᠤᠳᠠ ᠶᠢᠨ ᠬᠠᠤᠯᠢᠵᠢᠬᠰᠠᠨ᠂ ᠨᠠᠷᠢᠯᠢᠬᠵᠢᠬᠰᠡᠨ᠂ ᠤᠶᠤᠨᠴᠢᠯᠠᠬᠰᠠᠨ ᠬᠠᠮᠢᠶᠠᠷᠤᠯᠲᠠ ᠶᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢ ᠪᠦᠷᠢᠨ ᠪᠦᠷᠬᠦᠬᠦᠯᠬᠦ᠂ ᠪᠦᠬᠦ ᠶᠠᠪᠤᠴᠠ᠂ ᠪᠦᠬᠦ ᠡᠳᠦᠷ ᠤᠨ ᠰᠢᠨ᠎ᠡ ᠪᠠᠶᠢᠷᠢᠰᠢᠯ ᠢ ᠪᠠᠶᠢᠭᠤᠯᠪᠠ᠃    ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠳᠡᠭᠡᠳᠦ ᠳᠠᠪᠬᠤᠷᠭ᠎ᠠ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃《ᠣᠷᠳᠣᠰ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ ᠲᠥᠪ ᠬᠤᠲᠠ ᠶᠢᠨ ᠲᠣᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ 》 ᠢ ᠲᠣᠭᠲᠠᠭᠠᠨ ᠨᠡᠶᠢᠲᠡᠯᠡᠵᠦ᠂ 《 ᠨᠢᠭᠡᠳᠦᠭᠡᠷ ᠠᠵᠢᠯᠲᠠᠨ》 ᠬᠠᠷᠢᠭᠤᠴᠠᠬᠤ ᠲᠦᠷᠢᠮ ᠪᠠ ᠠᠵᠢᠯ ᠬᠤᠪᠢᠶᠠᠷᠢᠯᠠᠨ ᠬᠠᠮᠲᠤᠷᠠᠯᠴᠠᠬᠤ ᠲᠣᠭᠲᠠᠴᠠ ᠶᠢ ᠲᠣᠳᠣᠷᠬᠠᠶᠢᠯᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠶᠡᠷᠦᠩᠬᠡᠶ ᠪᠠᠶᠢᠷᠢᠰᠢᠭᠤᠯᠤᠯᠲᠠ ᠬᠢᠵᠦ᠂ ᠨᠠᠷᠢᠯᠢᠭ ᠵᠣᠬᠢᠶᠠᠨ ᠪᠠᠶᠢᠭᠤᠯᠤᠨ ᠲᠥᠯᠥᠪᠵᠢᠭᠦᠯᠵᠦ᠂ ᠵᠣᠬᠢᠴᠠᠭᠤᠯᠤᠨ ᠲᠣᠬᠢᠷᠠᠭᠤᠯᠬᠤ ᠶᠢ ᠴᠢᠩᠭᠠᠳᠬᠠᠨ᠂ ᠤᠷᠢᠳ ᠬᠤᠵᠢᠳ 11 ᠤᠳᠠᠭ᠎ᠠ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶ ᠥᠷᠨᠢᠭᠦᠯᠬᠦ ᠶᠢ ᠳᠥᠯᠭᠢᠨ ᠠᠬᠢᠭᠤᠯᠪᠠ᠃    ᠬᠤᠶᠠᠷ ᠲᠤ᠂ ᠬᠡᠮ ᠠᠷᠬᠠᠭ ᠢ ᠠᠷᠢᠯᠭᠠᠬᠤ ᠲᠠᠯ᠎ᠠ ᠪᠠᠷ ᠵᠣᠷᠢᠭᠲᠠᠶ ᠪᠠᠷ  ᠠᠵᠢᠯᠯᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠷ᠎ᠠ ᠪᠠᠷ ᠢᠶᠠᠨ ᠳᠡᠯᠭᠡᠭᠡ ᠮᠠᠶᠢᠮᠠᠶ ᠭᠠᠷᠭᠠᠬᠤ᠂ ᠳᠤᠷ᠎ᠠ ᠪᠠᠷ ᠢᠶᠠᠨ ᠵᠠᠮ ᠡᠵᠡᠯᠡᠬᠦ᠂ ᠳᠤᠷ᠎ᠠ ᠪᠠᠷ ᠢᠶᠠᠨ ᠵᠠᠷ ᠭᠠᠷᠭᠠᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠶᠠᠭᠤᠮ᠎ᠠ ᠬᠠᠶᠠᠬᠤ᠂ ᠬᠤᠭ ᠨᠣᠪᠰᠢ ᠵᠡᠷᠭᠡ  ᠶᠢᠨ ᠵᠠᠰᠠᠯᠲᠠ ᠶᠢ ᠦᠷᠨᠢᠭᠦᠯᠪᠡ᠃ ᠰᠤᠷᠭᠠᠨ ᠬᠥᠮᠦᠵᠢᠭᠦᠯᠬᠦ ᠪᠠ ᠰᠢᠶ᠋ᠳᠬᠡᠬᠦ ᠶᠢ ᠵᠡᠷᠭᠡ ᠪᠠᠷ ᠴᠢᠩᠭᠠᠳᠬᠠᠬᠤ ᠶᠢ ᠪᠠᠷᠢᠮᠲᠠᠯᠠᠵᠤ᠂ ᠲᠡᠷᠭᠡ ᠵᠣᠭᠰᠣᠬᠤ ᠭᠠᠵᠠᠷ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠪᠠ ᠵᠢᠷᠤᠵᠤ ᠲᠥᠯᠥᠪᠯᠡᠨ᠂ ᠲᠥᠪ ᠬᠤᠲᠠ ᠶᠢᠨ ᠲᠣᠭᠤᠷᠢᠭ ᠲᠤ 10 ᠲᠦᠮᠡ ᠭᠠᠷᠤᠶ ᠮᠠᠰᠢᠨ ᠲᠡᠷᠭᠡ ᠬᠤᠪᠢᠶᠠᠷᠢᠯᠠᠨ ᠰᠠᠯᠭᠠᠵᠤ ᠰᠡᠯᠪᠢᠨ ᠵᠠᠰᠠᠵᠤ᠂ ᠲᠣᠭᠲᠠᠭᠠᠯ ᠠᠴᠠ ᠵᠦᠷᠢᠴᠡᠨ ᠲᠡᠷᠭᠡ ᠵᠣᠭᠰᠣᠭᠠᠭᠰᠠᠨ ᠠᠵᠢᠯᠯᠠᠭ᠎ᠠ ᠶᠢ 42986 ᠵᠠᠯᠠᠷᠠᠭᠤᠯᠵᠤ᠂ ᠭᠠᠷ ᠤᠲᠠᠰᠤᠨ ᠤ ᠸᠢᠴᠠᠲ ᠤᠨ ᠰᠦᠢᠳᠬᠡᠯ ᠲᠤᠰᠢᠶᠠᠬᠤ ᠰᠢᠰᠲ᠋ᠧᠮ ᠢ ᠡᠬᠢᠯᠡᠨ ᠬᠡᠷᠡᠭᠯᠡᠪᠡ᠃ ᠬᠤᠲᠠ ᠶᠢᠨ ᠦᠬᠡᠷ ᠤᠨ ᠠᠷᠠᠰᠤ ᠶᠢ ᠵᠠᠰᠠᠵᠤ᠂ ᠵᠡᠭᠡᠯᠢ   ᠳᠤ 《ᠭᠤᠷᠪᠠᠨ ᠡᠮᠬᠢ ᠵᠠᠮᠪᠠᠷᠠᠭ᠎ᠠ ᠦᠭᠡᠢ 》ᠵᠢᠵᠢᠭ ᠵᠠᠷ  ᠢ ᠲᠦᠢᠯᠪᠤᠷᠢᠲᠠᠢ ᠴᠡᠪᠡᠷᠯᠡᠵᠦ᠂ ᠭᠤᠣᠯ ᠬᠤᠲᠠ ᠲᠣᠭᠤᠷᠢᠭ ᠨᠡᠶᠢᠲᠡ 5 ᠲᠦᠮᠡ ᠢᠯᠡᠭᠦᠦ 《ᠭᠤᠷᠪᠠᠨ ᠡᠮᠬᠢ ᠵᠠᠮᠪᠠᠷᠠᠭ᠎ᠠ ᠦᠭᠡᠢ ᠵᠢᠵᠢᠭ ᠵᠠᠷ 》 ᠢ ᠴᠡᠪᠡᠷᠯᠡᠵᠦ᠂ 117946 ᠳᠤᠷ᠎ᠠ ᠪᠠᠷ ᠨᠠᠭᠠᠵᠤ ᠳᠤᠷ᠎ᠠ ᠪᠠᠷ ᠵᠢᠷᠤᠵᠠᠢ᠃ ᠨᠡᠭᠦᠳᠡᠯ ᠬᠤᠳᠠᠯᠳᠤᠭᠠᠴᠢᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠭᠠᠵᠠᠷ ᠤᠨ ᠳᠡᠯᠭᠡᠭᠡ ᠮᠠᠶᠢᠮᠠᠶ ᠶᠢᠨ ᠠᠵᠤ ᠠᠬᠤᠶ ᠶᠢ ᠠᠮᠢᠳᠤᠯᠢᠭ ᠪᠣᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠬᠦ ᠬᠤᠲᠠ ᠳᠤ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠴᠡᠭ᠂ ᠥᠷᠯᠥᠭᠡ ᠦᠳᠡᠰᠢ ᠶᠢᠨ ᠵᠠᠬ᠎ᠠ ᠳᠡᠯᠭᠡᠭᠦᠷ ᠤᠨ ᠭᠠᠵᠠᠷ ᠵᠡᠷᠭᠡ 620 ᠭᠠᠷᠤᠶ ᠭᠠᠵᠠᠷ ᠭᠠᠷᠭᠠᠵᠤ᠂ 13 ᠲᠦᠮᠡᠨ ᠣᠯᠠᠨ ᠲᠦᠮᠡᠨ ᠳᠤ ᠠᠰᠢᠭ ᠬᠦᠷᠲᠡᠭᠡᠵᠦ᠂ ᠨᠡᠭᠦᠳᠡᠯ ᠳᠡᠯᠭᠡᠭᠡ ᠮᠠᠶᠢᠮᠠᠶ ᠶᠢᠨ ᠦᠨᠡᠮᠯᠡᠯ ᠥᠬᠡᠶ ᠪᠠᠷ ᠡᠵᠡᠩᠨᠡᠬᠦ᠂ ᠬᠤᠳᠠᠯᠳᠤᠭᠠᠨ ᠤ ᠡᠷᠦᠬᠡ ᠶᠢᠨ ᠭᠠᠳᠠᠨᠠᠬᠢ ᠵᠠᠮ ᠡᠵᠡᠯᠡᠨ ᠡᠵᠡᠩᠨᠡᠬᠦ ᠵᠡᠷᠭᠡ ᠲᠣᠭᠲᠠᠭᠠᠯ ᠢ ᠵᠥᠷᠢᠴᠡᠭᠰᠡᠨ ᠦᠶ᠋ᠯᠡ ᠠᠵᠢᠯᠯᠠᠭ᠎ᠠ ᠶᠢ 7 ᠲᠦᠮᠡ ᠭᠠᠷᠤᠶ ᠤᠳᠠᠭ᠎ᠠ ᠵᠢᠷᠤᠮᠵᠢᠭᠤᠯᠪᠠ᠃ ᠵᠡᠭᠡᠯᠢ ᠳᠠᠭᠠᠤ ᠬᠤᠳᠠᠯᠳᠤᠭᠠᠨ ᠤ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ ᠶᠢᠨ ᠭᠡᠷ᠎ᠡ ᠲᠣᠭᠲᠠᠭᠰᠠᠨ ᠨᠣᠷᠮ᠎ᠠ 100 %  ᠳᠤ ᠬᠥᠷᠪᠡ᠃ ᠭᠡᠷ ᠤᠨ ᠭᠠᠳᠠᠨᠠᠬᠢ ᠵᠠᠷ ᠮᠡᠳᠡᠭᠡ ᠶᠢᠨ ᠵᠠᠰᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠭᠠᠵᠠᠷ ᠤᠨ ᠵᠠᠷ ᠮᠡᠳᠡᠭᠡ ᠶᠢᠨ ᠪᠡᠯᠡᠳᠬᠡᠮᠵᠢ ᠶᠢ  ᠪᠦᠬᠦᠨ ᠢ ᠭᠡᠷᠡᠯᠲᠦᠭᠦᠯᠵᠦ ᠳᠡᠰ ᠳᠡᠪᠰᠢᠭᠦᠯᠦᠨ ᠥᠭᠡᠷᠡᠴᠢᠯᠡᠬᠦ ᠬᠡᠷᠡᠭᠲᠡᠶ᠃    ᠭᠤᠷᠪᠠ ᠳᠤ᠂ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠴᠢᠬᠤᠯᠠ ᠵᠠᠩᠭᠢᠯᠠᠭ᠎ᠠ ᠶᠢᠨ ᠴᠡᠭ ᠪᠠ ᠵᠠᠰᠠᠮᠠᠯ ᠵᠠᠮ ᠳᠠᠭᠠᠤ ᠶᠢ ᠳᠣᠪᠤᠶᠢᠯᠭᠠᠵᠤ᠂ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠢ ᠶᠡᠭᠡ ᠪᠠᠷ ᠵᠢᠭᠰᠡᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠵᠠᠰᠠᠬᠤ᠂ ᠶᠡᠭᠡ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ᠂ ᠤᠷᠤᠯᠳᠤᠭᠠᠨ ᠤ ᠲᠠᠯᠠᠪᠤᠷ ᠣᠷᠳᠣᠨ᠂ ᠪᠠᠭᠤᠳᠠᠯ᠂ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠴᠡᠭ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠶᠢᠩᠭᠤ ᠴᠡᠭᠴᠡᠯᠡᠨ ᠵᠠᠰᠠᠬᠤ ᠠᠵᠢᠯ ᠢ  ᠦᠷᠨᠢᠭᠦᠯᠪᠡ᠃    ᠲᠦᠷᠪᠡ ᠳᠤ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠲᠠᠯ᠎ᠠ ᠪᠠᠷ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢᠶᠠᠨ ᠪᠠᠲᠤᠯᠠᠪᠠ᠃ ᠬᠤᠲᠠ ᠶᠢᠨ ᠲᠣᠭᠤᠷᠢᠭ ᠤᠨ ᠬᠠᠤᠯᠢ ᠠᠴᠠ ᠵᠦᠷᠢᠴᠡᠭᠰᠡᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠶᠢ ᠪᠠᠷᠢᠮᠲᠠᠯᠠᠵᠤ᠂ ᠱᠤᠭᠤᠮ ᠢ ᠴᠢᠯᠥᠭᠡᠲᠡᠶ ᠲᠠᠯᠪᠢᠬᠤ ᠠᠴᠠ ᠠᠪᠤᠭᠠᠳ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠦᠷᠲᠡᠯᠡᠬᠢ ᠪᠥᠬᠦ ᠶᠠᠪᠤᠴᠠ ᠳᠤ ᠬᠢᠨᠠᠨ ᠪᠠᠶᠢᠴᠠᠭᠠᠵᠤ᠂ ᠥᠨᠳᠥᠷ ᠳᠠᠷᠤᠯᠲᠠᠲᠤ ᠴᠢᠩᠭ᠎ᠠ ᠬᠠᠮᠢᠶᠠᠷᠤᠯᠲᠠ ᠶᠢᠨ ᠪᠠᠶᠢᠳᠠᠯ ᠢ ᠪᠠᠲᠤᠯᠠᠵᠤ᠂ 《ᠵᠢᠯᠣᠭᠤᠴᠢ ᠥᠬᠡᠶ ᠨᠢᠰᠬᠡᠯ 》 ᠢᠶᠠᠷ ᠴᠠᠭᠳᠠᠨ ᠠᠶᠠᠯᠠᠬᠤ ᠬᠠᠤᠯᠢ ᠬᠡᠷᠡᠭᠵᠢᠭᠦᠯᠦᠯᠲᠡ ᠶᠢ ᠥᠷᠨᠢᠭᠦᠯᠵᠦ᠂ 《ᠪᠦᠬᠦᠯᠢ ᠡᠳᠦᠷ ᠤᠨ 》᠂ 《ᠵᠠᠪᠰᠠᠷ ᠥᠬᠡᠶ》ᠬᠤᠲᠠ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠦᠷᠢᠯᠳᠦᠭᠦᠯᠦᠨ᠎ᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠬᠢᠷᠢ ᠬᠡᠮ᠂ ᠭᠠᠷᠳᠠᠮ  ᠭᠦᠢᠴᠡᠳᠬᠡᠬᠦ᠂ ᠠᠰᠠᠷ ᠬᠤᠳᠠᠯᠳᠤᠬᠤ ᠲᠠᠯᠠᠪᠤᠷ ᠤᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠪᠠᠶᠢᠭᠤᠯᠤᠮᠵᠢ ᠳᠤ ᠲᠤᠰᠬᠠᠶᠢᠯᠠᠨ ᠪᠠᠶᠢᠴᠠᠭᠠᠵᠤ ᠴᠡᠭᠴᠡᠯᠡᠨ ᠵᠠᠰᠠᠯᠲᠠ ᠬᠢᠨ᠎ᠠ᠃    ᠲᠠᠪᠤ ᠳᠤ ᠣᠶᠤᠨᠴᠢᠯᠠᠭᠰᠠᠨ ᠬᠠᠮᠢᠶᠠᠷᠤᠯᠲᠠ ᠶᠢᠨ ᠲᠠᠯ᠎ᠠ ᠪᠠᠷ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠨ᠎ᠠ᠃ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠨᠳᠤᠰᠢ ᠳᠤ ᠵᠣᠬᠢᠴᠠᠭᠤᠯᠤᠨ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠣᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠤᠶᠤᠨᠲᠤ ᠬᠤᠲᠠ ᠶᠢᠨ ᠬᠠᠮᠢᠶᠠᠷᠤᠯᠲᠠ ᠶᠢᠨ ᠪᠦᠲᠦᠭᠡᠨ ᠪᠠᠢᠭᠤᠯᠤᠯᠲᠠ ᠶᠢᠨ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ ᠬᠤᠲᠠ ᠶᠢᠨ ᠲᠡᠰ ᠤᠨ ᠤᠶᠤᠨᠲᠤ ᠬᠤᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠠᠪᠴᠠᠩ  ᠤᠨ ᠨᠢᠭᠡᠳᠦᠭᠡᠷ ᠬᠤᠭᠤᠴᠠᠭᠠᠨ ᠤ ᠲᠥᠷᠦᠯ ᠵᠦᠢᠯ᠂ 12319 ᠳᠠᠭᠤᠳᠠᠯᠲᠠ ᠶᠢᠨ ᠲᠥᠪ ᠤᠨ ᠰᠢᠰᠲ᠋ᠧᠮ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠤᠰᠬᠠᠢ ᠬᠡᠷᠡᠭᠯᠡᠭᠡᠨ ᠤ ᠦᠵᠦᠭᠦᠷ᠂ ᠬᠠᠮᠵᠢᠯᠴᠠᠨ ᠠᠵᠢᠯᠯᠠᠬᠤ ᠬᠤᠪᠢᠶᠠᠷᠢ ᠰᠢᠰᠲ᠋ᠧᠮ ᠪᠠ ᠵᠢᠯᠣᠭᠤᠴᠢ ᠦᠭᠡᠢ ᠨᠢᠰᠬᠡᠯ ᠵᠡᠷᠭᠡ ᠶᠢ ᠨᠢᠭᠡᠨᠲᠡ ᠠᠰᠢᠭᠯᠠᠯᠲᠠ ᠳᠤ ᠣᠷᠣᠭᠤᠯᠪᠠ᠃ ᠳᠣᠲᠣᠭᠠᠳᠤ ᠶᠢ ᠬᠠᠮᠠᠭᠠᠯᠠᠬᠤ ᠬᠠᠷᠠᠭᠠᠨ ᠳᠠᠪᠲᠠᠮᠵᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠬᠤᠲᠠ ᠶᠢᠨ ᠳᠦᠷᠢ ᠲᠥᠷᠬᠦ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠡᠰᠡᠭ ᠲᠤ ᠴᠠᠭ ᠲᠤᠬᠠᠶ ᠳᠤᠨᠢ ᠬᠥᠳᠡᠯᠦᠩᠭᠦᠶ ᠬᠢᠨᠠᠯᠲᠠ ᠲᠠᠯᠪᠢᠬᠤ ᠶᠢ  ᠪᠡᠶᠡᠯᠡᠭᠦᠯᠪᠡ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ