ᠬᠥᠯᠥᠨ ᠪᠤᠶᠢᠷ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ ᠡᠴᠠ‌ᠠᠷᠤᠨ ᠬᠤᠰᠢᠭᠤ᠂ ᠮᠤᠷᠢᠨ ᠬᠤᠰᠢᠭᠤ᠂ ᠣᠷᠴᠣᠨ ᠬᠤᠰᠢᠭᠤᠨ ᠳᠤ ᠬᠦᠷᠴᠦ ᠶᠠᠳᠠᠭᠤ   ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠤᠷᠠᠬᠤ ᠠᠶᠤᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠨᠢᠭᠤᠴᠠ ᠪᠠᠷ ᠰᠤᠷᠪᠤᠯᠵᠢᠯᠠᠵᠤ ᠬᠢᠨᠠᠨ ᠵᠢᠯᠣᠭᠤᠳᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2021/1/11
   5 ᠰᠠᠷ᠎ᠠ ᠶᠢᠨ 25 ᠤ ᠡᠳᠦᠷ ᠠᠴᠠ 5 ᠰᠠᠷ᠎ᠠ ᠶᠢᠨ 28 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠶᠠᠩ ᠶᠢᠨ ᠰᠥᠩ ᠨᠥᠬᠦᠷ ᠠᠴᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢ ᠳᠠᠭᠠᠭᠤᠯᠤᠨ ᠠᠷᠤᠨ ᠬᠤᠰᠢᠭᠤ᠂ ᠮᠤᠷᠢᠨ‌ᠬᠤᠰᠢᠭᠤ᠂ ᠣᠷᠴᠣᠨ ᠬᠤᠰᠢᠭᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠤᠷᠠᠬᠤ ᠠᠶᠤᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠨᠢᠭᠤᠴᠠ ᠪᠠᠷ ᠰᠤᠷᠪᠤᠯᠵᠢᠯᠠᠵᠤ ᠬᠢᠨᠠᠨ ᠵᠢᠯᠣᠭᠤᠳᠪᠠ᠃
   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠠᠴᠠ ᠠᠶᠢᠮᠠᠭ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠵᠢᠭᠠᠵᠤ ᠭᠠᠷᠭᠠᠭᠰᠠᠨ ᠠᠰᠠᠭᠤᠳᠠᠯ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠤᠨ ᠨᠢᠭᠤᠴᠠ ᠪᠠᠷ ᠰᠤᠷᠪᠤᠯᠵᠢᠯᠠᠭᠠᠳ ᠢᠯᠡᠷᠡᠭᠦᠯᠦᠭᠰᠡᠨ ᠠᠰᠠᠭᠤᠳᠠᠯ ᠳᠤ ᠬᠢᠨᠠᠨ ᠵᠢᠯᠣᠭᠤᠳᠬᠤ ᠳᠤᠭᠤᠶᠢᠯᠠᠩ ᠠᠴᠠ ᠲᠣᠰᠬᠤᠨ ᠳᠤ ᠬᠦᠷᠴᠦ᠂ ᠡᠷᠦᠬᠡ ᠳᠤ ᠬᠦᠷᠴᠦ ᠪᠣᠳᠠᠲᠠᠶ ᠪᠠᠶᠢᠳᠠᠯ ᠢ ᠬᠢᠨᠠᠨ ᠬᠠᠷᠭᠤᠭᠤᠯᠪᠠ᠃ ᠡᠨᠡ ᠬᠤᠭᠤᠴᠠᠭᠠᠨ ᠳᠤ 10 ᠰᠤᠮᠤ ᠰᠢᠶᠠᠩ ᠪᠠᠯᠭᠠᠰᠤ ᠶᠢᠨ 19 ᠭᠠᠴᠠᠭ᠎ᠠ ᠲᠣᠰᠬᠤᠨ ᠢ ᠲᠤᠬᠠᠶ ᠶᠢᠨ ᠭᠠᠵᠠᠷ ᠲᠤᠨᠢ ᠨᠢᠭᠤᠴᠠ ᠪᠠᠷ ᠰᠤᠷᠪᠤᠯᠵᠢᠯᠠᠵᠤ᠂ 48 ᠡᠷᠦᠬᠡ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠶᠢᠳᠠᠯ ᠢ ᠨᠠᠷᠢᠨ ᠨᠢᠮᠪᠠᠶ ᠪᠠᠶᠢᠴᠠᠭᠠᠨ ᠦᠵᠡᠵᠦ ᠣᠶᠢᠯᠠᠭᠠᠪᠠ᠃    ᠬᠢᠨᠠᠨ ᠵᠢᠯᠣᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠠᠷᠤᠨ ᠬᠤᠰᠢᠭᠤ᠂ ᠮᠤᠷᠢᠨ ᠬᠤᠰᠢᠭᠤ᠂ ᠣᠷᠴᠣᠨ ᠬᠤᠰᠢᠭᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ︽ᠡᠷᠬᠢᠨ ᠬᠠᠷᠠᠬᠤ︾ ᠲᠤᠬᠠᠢ ᠬᠠᠷᠢᠭᠤ ᠲᠤᠰᠬᠠᠭᠰᠠᠨ ᠰᠠᠨᠠᠯ᠂ 2019 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠣᠰ ᠤᠳᠠᠭᠠᠨ ᠤ ᠨᠢᠭᠤᠴᠠ ᠪᠠᠷ ᠰᠤᠷᠪᠤᠯᠵᠢᠯᠠᠬᠤ ᠪᠠᠷ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ᠂ ᠨᠢᠭᠡ ᠠᠴᠠ ᠨᠦᠬᠦᠭᠡ ᠶᠢ ᠮᠡᠳᠡᠵᠦ᠂ ᠳᠠᠬᠢᠨᠲᠠ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠰᠠᠭᠤᠳᠠᠯ ᠤᠨ ᠲᠣᠳᠣᠷᠬᠠᠶ ᠬᠠᠭᠤᠳᠠᠰᠤ᠂ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ᠂ ᠠᠷᠭ᠎ᠠ ᠬᠡᠮᠵᠢᠶ᠎ᠡ ᠶᠢᠨ ᠲᠣᠳᠣᠷᠬᠠᠶ ᠬᠠᠭᠤᠳᠠᠰᠤ ᠶᠢ ᠪᠦᠷᠢᠯᠳᠦᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ ᠪᠥᠭᠡᠳ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠷ ᠪᠥᠬᠦ ᠲᠠᠯ᠎ᠠ ᠪᠠᠷ ᠰᠢᠢᠳᠪᠦᠷᠢᠯᠡᠬᠦ ᠬᠡᠷᠡᠭᠲᠡᠶ᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ