ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠯᠲᠡ ᠶᠢᠨ ᠢᠯᠡᠷᠬᠡᠶᠢᠯᠡᠭᠴᠢ ᠶᠢᠨ ᠲᠥᠷᠥᠯ ᠵᠦᠶᠯ ᠤᠨ ᠨᠡᠶᠢᠳᠡᠯᠡᠯ
ᠨᠡᠶᠢᠲᠡᠯᠡᠭᠰᠡᠨ ᠴᠠᠭ᠄
2021/1/13
                                 2021 ᠣᠨ  01  ᠳ᠋ᠦ᠋ᠭᠡᠷ ᠲᠣᠭᠠᠲᠤ        ︽ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠯᠲᠡ ᠶᠢᠨ ᠢᠯᠡᠷᠬᠡᠶᠢᠯᠡᠭᠴᠢ ᠶᠢᠨ ᠬᠠᠮᠢᠶᠠᠷᠤᠯᠲᠠ ᠶᠢᠨ ᠠᠷᠭ᠎ᠠ︾ ︵ᠪᠠᠶᠢᠭᠤᠯᠤᠯᠲᠠ ᠰᠠᠯᠠᠭ᠎ᠠ  ﹇2007﹈  206 ᠳ᠋ᠤᠭᠠᠷ ᠲᠣᠭᠠᠲᠤ︶ ᠶᠢ ᠦᠨᠳᠦᠰᠦᠯᠡᠨ᠂ ︽ᠪᠣᠬᠢᠷᠲᠤᠯ ᠦᠭᠡᠶ ᠪᠠᠷᠢᠯᠭ᠎ᠠ ᠶᠢᠨ ᠦᠨᠡᠯᠡᠯᠳᠡ ᠶᠢᠨ ᠪᠠᠷᠢᠮᠵᠢᠶ᠎ᠠ︾ ︵GB / T 50378  — 2006︶᠂ ︽ᠪᠣᠬᠢᠷᠲᠤᠯ ᠦᠭᠡᠶ ᠪᠠᠷᠢᠯᠭ᠎ᠠ ᠶᠢᠨ ᠦᠨᠡᠯᠡᠯᠳᠡ ᠶᠢᠨ ᠮᠡᠷᠭᠡᠵᠢᠯ ᠤᠨ ᠨᠠᠷᠢᠨ ᠳᠦᠷᠢᠮ︾ ︵ᠪᠠᠶᠢᠭᠤᠯᠤᠯᠲᠠ ᠰᠠᠯᠠᠭ᠎ᠠ  ﹇2007﹈  205 ᠳ᠋ᠤᠭᠠᠷ ᠲᠣᠭᠠᠲᠤ︶᠂ ︽ᠪᠣᠬᠢᠷᠲᠤᠯ ᠦᠭᠡᠶ ᠪᠠᠷᠢᠯᠭ᠎ᠠ ᠶᠢᠨ ᠦᠨᠡᠯᠡᠯᠳᠡ ᠶᠢᠨ ᠮᠡᠷᠭᠡᠵᠢᠯ ᠤᠨ ᠨᠠᠷᠢᠨ ᠳᠦᠷᠢᠮ ᠤᠨ ᠨᠦᠬᠦᠪᠦᠷᠢ ᠲᠤᠳᠤᠷᠬᠠᠶᠢᠯᠠᠯᠳᠠ ︵ᠲᠦᠯᠦᠪᠵᠢᠭᠦᠯᠭᠡ ᠶᠢᠨ ᠭᠡᠰᠡᠭ︶︾ ︵ᠪᠠᠶᠢᠭᠤᠯᠤᠯᠲᠠ ᠰᠠᠯᠠᠭ᠎ᠠ  ﹇2008﹈  113 ᠳ᠋ᠤᠭᠠᠷ ᠲᠣᠭᠠᠲᠤ︶ ᠪᠤᠯᠤᠨ︽ᠪᠣᠬᠢᠷᠲᠤᠯ ᠦᠭᠡᠶ ᠪᠠᠷᠢᠯᠭ᠎ᠠ ᠵᠢᠴᠢ ᠪᠣᠬᠢᠷᠲᠤᠯ ᠦᠭᠡᠶ ᠪᠠᠷᠢᠯᠭ᠎ᠠ ᠶᠢᠨ ᠦᠨᠡᠯᠡᠯᠳᠡ ᠶᠢᠨ ᠢᠯᠡᠷᠬᠡᠶᠢᠯᠡᠭᠴᠢ ᠶᠢᠨ ᠠᠵᠢᠯ ᠤᠨ ᠮᠡᠳᠡᠭᠳᠡᠯ︾ ︵ ᠦᠪᠦᠷ ᠪᠠᠶᠢᠭᠤᠯᠤᠯᠲᠠ ᠰᠠᠯᠠᠭ᠎ᠠ  ﹇2012﹈  260 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠶ ᠪᠠᠷᠢᠯᠭ᠎ᠠ ᠶᠢᠨ ᠦᠨᠡᠯᠡᠯᠲᠡ ᠶᠢᠨ ᠢᠯᠡᠷᠬᠡᠶᠢᠯᠡᠭᠴᠢ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠥᠪᠥᠷ ᠮᠣᠩᠭᠤᠯ ᠤᠨ ᠪᠣᠬᠢᠷᠲᠤᠯ ᠥᠬᠡᠶ ᠪᠠᠷᠢᠯᠭ᠎ᠠ ᠶᠢᠨ ᠨᠡᠶᠢᠭᠡᠮᠯᠢᠭ ᠠᠴᠠ ᠣᠯᠠᠨ ᠨᠡᠶᠢᠲᠡ ᠶᠢᠨ ᠪᠠᠷᠢᠯᠭ᠎ᠠ ︽ᠸᠠᠨ ᠮᠢᠩ ᠶᠡᠷᠦᠩᠬᠡᠶ ᠬᠡᠯᠲᠡᠰ ᠤᠨ ᠰᠠᠭᠤᠷᠢᠨ ᠭᠠᠵᠠᠷ︾ ᠤᠨ ᠭᠤᠶᠤᠴᠢᠯᠠᠭᠰᠠᠨ ᠬᠤᠶᠠᠷ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠠᠵᠢᠯᠯᠠᠭᠠᠨ ᠤ ᠢᠯᠡᠷᠬᠡᠶᠢᠯᠡᠭᠴᠢ ᠳᠤ ᠦᠨᠡᠯᠡᠯᠲᠡ ᠬᠢᠪᠠ᠂ ᠦᠨᠡᠯᠡᠭᠰᠡᠨ ᠦᠷ᠎ᠡ ᠳ᠋ᠦᠩ ᠨᠢ ᠱᠠᠭᠠᠷᠳᠠᠯᠭ᠎ᠠ ᠳᠤ ᠨᠡᠶᠢᠴᠡᠭᠰᠡᠨ ᠪᠤᠯᠬᠤᠷ᠂ ᠤᠳᠤ ᠵᠠᠷᠯᠠᠨ ᠨᠡᠶᠢᠳᠡᠯᠡᠶ᠎ᠡ᠃ 2021 ᠣᠨ ᠤ 1 ᠳ᠋ᠤᠭᠡᠷ ᠰᠠᠷ᠎ᠠ ᠶᠢᠨ 8   ᠤ ᠡᠳᠦᠷ ᠠᠴᠠ 2021 ᠣᠨ ᠤ 1 ᠳ᠋ᠤᠭᠡᠷ ᠰᠠᠷ᠎ᠠ ᠶᠢᠨ 23   ᠤ ᠡᠳᠦᠷ ᠪᠣᠯᠲᠠᠯ᠎ᠠ ᠵᠠᠷᠯᠠᠨ ᠨᠡᠶᠢᠲᠡᠯᠡᠨ᠎ᠡ᠃ ᠡᠨᠡ ᠬᠤᠭᠤᠴᠠᠭᠠᠨ ᠳᠤ ᠶᠠᠮᠠᠷᠪᠠ ᠪᠠᠶᠢᠭᠤᠯᠭ᠎ᠠ ᠪᠤᠶᠤ ᠬᠤᠪᠢ ᠬᠥᠮᠦᠨ ᠣᠨᠳᠣᠣ ᠰᠠᠨᠠᠯ ᠲᠠᠢ ᠪᠠᠶᠢᠪᠠᠯ ᠪᠢᠴᠢᠭ ᠢᠶᠠᠷ ᠰᠠᠨᠠᠯ ᠳᠤᠷᠠᠳᠴᠤ ᠪᠣᠯᠤᠨ᠎ᠠ᠂ ᠪᠠᠶᠢᠭᠤᠯᠭ᠎ᠠ ᠠᠴᠠ ᠰᠠᠨᠠᠯ ᠲᠤᠷᠠᠳᠪᠠᠯ ᠠᠯᠪᠠᠨ ᠲᠠᠮᠠᠭ᠎ᠠ ᠪᠠᠶᠢᠬᠤ ᠴᠢᠬᠤᠯᠠᠲᠠᠢ᠂ ᠬᠤᠪᠢ ᠬᠥᠮᠦᠨ ᠠᠴᠠ ᠰᠠᠨᠠᠯ ᠲᠤᠷᠠᠳᠪᠠᠯ ᠦᠨᠡᠨ ᠪᠣᠳᠠᠲᠠᠢ ᠤᠪᠤᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ ᠤᠲᠠᠰᠤ ᠪᠢᠴᠢᠬᠦ ᠴᠢᠬᠤᠯᠠᠲᠠᠢ᠃      ᠬᠠᠷᠢᠯᠴᠠᠬᠤ ᠬᠥᠮᠦᠨ᠄ ᠪᠠᠷᠢᠮᠵᠢᠶᠠᠲᠤ ᠲᠣᠭᠲᠠᠭᠰᠠᠨ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠤᠨ ᠵᠣᠣ ᠵᠢᠶᠠ ᠸᠧᠶ      ᠬᠠᠷᠢᠯᠴᠠᠬᠤ ᠤᠲᠠᠰᠤ᠄ 0471 — 6945602      ᠬᠠᠶ᠋ᠢᠭ᠄ ᠬᠥᠬᠡᠬᠤᠲᠠ ᠶᠢᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠨᠤᠮᠧᠷᠳᠦ ᠪᠦᠳᠦᠭᠡᠨ ᠪᠠᠶᠢᠭᠤᠯᠤᠯᠳᠠ ᠶᠢᠨ ᠲᠣᠮᠣ ᠠᠰᠠᠷ A ᠰᠠᠭᠤᠷᠢ      ᠰᠢᠦᠳᠠᠨ ᠳ᠋ᠤᠭᠠᠷ᠄ 010060      ᠳᠠᠭᠠᠯᠳᠤᠭᠤᠯᠤᠯ᠄ ᠢᠯᠡ ᠨᠡᠶᠢᠲᠡᠯᠡᠬᠦ ᠲᠥᠷᠥᠯ ᠵᠦᠶᠯ ᠤᠨ ᠦᠨᠳᠦᠰᠦᠨ ᠪᠠᠶᠢᠳᠠᠯ ᠤᠨ ᠬᠦᠰᠦᠨᠦᠭᠲᠦ                                                                       2021 ᠣᠨ ᠤ 1 ᠳ᠋ᠤᠭᠡᠷ ᠰᠠᠷ᠎ᠠ ᠶᠢᠨ 8   ᠤ ᠡᠳᠦᠷ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ