2021 ᠣᠨ ᠤ ᠨᠢᠭᠡᠳᠦᠭᠡᠷ ᠪᠦᠯᠦᠭ ᠠᠵᠢᠯᠲᠠᠨ ᠤ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2021/1/13
     ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ  ᠤ《ᠳᠠᠩᠰᠠᠯᠠᠭᠤᠯᠤᠭᠰᠠᠨ‌‍ᠪᠥ᠋ᠲᠦᠭᠡᠨ ᠪᠠᠶᠢᠭᠤᠯᠤᠭᠴᠢ ᠶᠢᠨ ᠬᠠᠮᠢᠶᠠᠷᠤᠯᠲᠠ ᠶᠢᠨ ᠲᠣᠭᠲᠠᠭᠠᠯ 》 ( ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 153 ᠳ᠋ᠤᠭᠠᠷ ᠲᠣᠭᠠᠲᠤ )᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠳᠡᠰ ᠤᠨ ᠪᠥᠲᠦᠭᠡᠨ ᠪᠠᠶᠢᠭᠤᠯᠤᠭᠴᠢ ᠶᠢ ᠳᠠᠩᠰᠠᠯᠠᠭᠤᠯᠬᠤ ᠬᠡᠷᠡᠭᠵᠢᠭᠦᠯᠬᠦ ᠠᠷᠭ᠎ᠠ 》 ( ᠥᠪᠥᠷ ᠪᠥᠲᠦᠭᠡᠨ ᠪᠠᠶᠢᠭᠤᠯᠤᠯᠲᠠ〔2007〕285 ᠳ᠋ᠤᠭᠠᠷ ᠲᠣᠭᠠᠲᠤ )᠂ 《 ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠶᠯ ᠤᠨ ᠬᠠᠷᠢᠭᠤᠴᠠᠯᠭᠠᠲᠠᠨ ᠪᠠ ᠠᠶᠤᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠤ ᠠᠶᠤᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ 》 ( ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 17 ᠳ᠋ᠤᠭᠠᠷ ᠲᠣᠭᠠᠲᠤ )᠂ 《 ᠪᠥᠬᠦ ᠣᠷᠣᠨ ᠤ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠲᠥᠷᠥᠯ ᠵᠦᠶᠯ ᠤᠨ ᠬᠠᠷᠢᠭᠤᠴᠠᠯᠭᠠᠲᠠᠨ ᠪᠠ ᠠᠶᠤᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠠᠵᠢᠯᠲᠠᠨ ᠤ ᠠᠶᠦᠯᠭᠦᠢ ᠦᠶᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ 》 ( ᠥᠪᠥᠷ ᠪᠠᠶᠢᠭᠤᠯᠤᠯᠲᠠ〔 2016〕221 ᠳ᠋ᠦ᠋ᠭᠡᠷ ᠲᠣᠭᠠᠲᠤ ) ᠢ ᠦᠨᠳᠦᠰᠦᠯᠡᠨ᠂ ᠠᠵᠤ ᠠᠬᠤᠢᠯᠠᠯ ᠠᠴᠠ  ᠮᠡᠳᠡᠭᠦᠯᠦᠨ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠩᠬ᠎ᠠ ᠬᠢᠨᠠᠭᠰᠠᠨ ᠰᠠᠭᠤᠷᠢᠨ ᠳᠡᠭᠡᠷ᠎ᠡ᠂ ᠵᠢᠶᠠ ᡁᠢ ᠭᠦᠸᠧ ᠵᠡᠷᠭᠡ 160 ᠬᠥᠮᠦᠨ ᠪᠠᠷᠢᠯᠭ᠎ᠠ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠢᠨᠠᠨ ᠰᠢᠯᠭᠠᠯᠲᠠ ᠳᠤ ᠬᠢᠷᠢ ᠲᠡᠩᠴᠡᠵᠤ᠂ ᠹᠧᠩ ᠰᠢᠨ ᠪᠢᠨ ᠵᠡᠷᠭᠡ 135 ᠬᠥᠮᠦᠨ ᠬᠤᠶᠠᠳᠤᠭᠠᠷ ᠳᠡᠰ ᠤᠨ ᠪᠥᠲᠥᠭᠡᠨ ᠪᠠᠶᠢᠭᠤᠯᠤᠭᠴᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠵᠤ᠂ ᠲᠦᠩ ᠵᠢᠩ ᠵᠢᠤᠸᠠᠨ ᠵᠡᠷᠭᠡ 3 ᠬᠥᠮᠦᠨ ᠬᠤᠶᠠᠳᠤᠭᠠᠷ ᠳᠡᠰ ᠤᠨ ᠪᠦᠲᠦᠴᠡ ᠶᠢᠨ ᠮᠡᠷᠭᠡᠵᠢᠯᠲᠡᠨ ᠤ ᠳᠠᠩᠰᠠᠯᠠᠭᠤᠯᠬᠤ ᠨᠥᠬᠦᠴᠡᠯ  ᠳᠤ ᠨᠡᠶᠢᠴᠡᠵᠤ᠂ ᠯᠢᠦ ᠵᠢᠶᠧ ᠵᠡᠷᠭᠡ 37 ᠬᠥᠮᠦᠨ ᠤ ᠪᠠᠷᠢᠯᠭ᠎ᠠ ᠶᠢᠨ ᠠᠵᠤ ᠠᠬᠤᠶᠢᠯᠠᠯ ᠤᠨ《 ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ 》 ᠤ ᠠᠶᠦᠯᠭᠦᠢ ᠦᠶᠯᠡᠳᠪᠦᠷᠢᠯᠡᠯ ᠤᠨ ᠬᠢᠨᠠᠨ ᠰᠢᠯᠭᠠᠯᠲᠠ ᠨᠢ ᠬᠢᠷᠢ ᠲᠡᠩᠴᠡᠭᠰᠡᠨ ᠥᠬᠡᠶ᠂ ᠸᠠᠩ ᠭᠦᠸᠧ ᠴᠢᠶᠠᠩ ᠵᠡᠷᠭᠡ 14 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠢᠨᠵᠧᠨᠧᠷ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠣᠲᠣ ᠨᠡᠷᠡᠰ ᠢ ᠵᠠᠷᠯᠠᠨ ᠨᠡᠶᠢᠲᠡᠯᠡᠶ᠎ᠡ᠃ ᠢᠯᠡ ᠨᠡᠶᠢᠲᠡᠯᠡᠬᠦ ᠬᠤᠭᠤᠴᠠᠭ᠎ᠠ ᠨᠢ 2021 ᠣᠨ ᠤ 1 ᠳ᠋ᠦ᠋ᠭᠡᠷ ᠰᠠᠷ᠎ᠠ ᠶᠢᠨ 14   ᠤ ᠡᠳᠦᠷ ᠪᠤᠯᠲᠠᠯ᠎ᠠ ᠪᠣᠯᠤᠨ᠎ᠠ᠃ ᠨᠡᠶᠢᠲᠡᠯᠡᠭᠰᠡᠨ ᠰᠠᠨᠠᠯ ᠳᠤ ᠣᠨᠳᠣᠣ ᠰᠠᠨᠠᠯ ᠲᠠᠢ ᠪᠤᠶᠤ ᠠᠰᠠᠭᠤᠳᠠᠯ ᠲᠠᠢ ᠪᠣᠯ᠂ ᠵᠥᠪᠲᠦᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ《 ᠬᠢᠷᠢ ᠲᠡᠩᠴᠡᠭᠰᠡᠨ ᠦᠭᠡᠶ 》ᠬᠥᠮᠦᠰ ᠠᠶᠢᠮᠠᠭ ᠬᠤᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠰᠠᠨ ᠪᠣᠳᠠᠲᠠᠶ ᠰᠠᠨᠠᠯ ᠢ ᠯᠠᠪᠯᠠᠨ ᠠᠰᠠᠭᠤᠵᠤ ᠪᠣᠯᠤᠨ᠎ᠠ᠃       ᠢᠯᠡ ᠪᠠᠷ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠢᠯᠡ ᠪᠠᠷ ᠨᠡᠶᠢᠲᠡᠯᠡᠭᠰᠡᠨ ᠨᠡᠷᠡᠰ ᠲᠤ ᠣᠨᠳᠣᠣ ᠰᠠᠨᠠᠯ ᠲᠠᠢ ᠪᠣᠯ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠢ ᠪᠠᠷᠢᠮᠲᠠᠯᠠᠬᠤ ᠬᠡᠷᠡᠭᠲᠡᠶ᠃ ᠪᠠᠶᠢᠭᠤᠯᠭ᠎ᠠ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠪᠠᠶᠢᠭᠤᠯᠭ᠎ᠠ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠂ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠢ᠃      ᠬᠠᠷᠢᠯᠴᠠᠬᠤ ᠤᠲᠠᠰᠤ᠄ 0471 - 5332426      ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ 33᠂ 34᠂ 35 ᠳ᠋ᠤᠭᠠᠷ ᠴᠣᠩᠬᠤᠪᠴᠢᠳᠠᠭᠠᠯᠳᠤᠭᠤᠯᠤᠯ᠄ 1.ᠵᠢᠶᠠ ᡁᠢ ᠭᠦᠸᠧ ᠵᠡᠷᠭᠡ 160 ᠬᠥᠮᠦᠨ ᠤ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ《 ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ 》 ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ2.ᠹᠧᠩ ᠰᠢᠨ ᠪᠢᠨ ᠵᠡᠷᠭᠡ 135 ᠬᠥᠮᠦᠨ ᠤ ᠬᠤᠶᠠᠳᠤᠭᠠᠷ ᠳᠡᠰ ᠤᠨ ᠪᠦᠲᠦᠭᠡᠨ ᠪᠠᠶᠢᠭᠤᠯᠤᠭᠴᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠬᠥᠮᠦᠰ ᠤᠨ ᠨᠡᠷᠡᠰ3.ᠯᠢᠦ ᠵᠢᠶᠧ ᠵᠡᠷᠭᠡ 37 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ《ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ 》 ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠬᠥᠮᠦᠰ ᠤᠨ ᠨᠡᠷᠡᠰ4.ᠸᠠᠩ ᠭᠦᠸᠧ ᠴᠢᠶᠠᠩ ᠵᠡᠷᠭᠡ 14 ᠬᠥᠮᠦᠨ ᠤ ᠬᠤᠶᠠᠳᠤᠭᠠᠷ ᠳᠡᠰ ᠤᠨ ᠪᠥᠲᠥᠭᠡᠨ ᠪᠠᠶᠢᠭᠤᠯᠤᠭᠴᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ ᠬᠥᠮᠦᠰ ᠤᠨ ᠨᠡᠷᠡᠰ5.ᠲᠦᠩ ᠵᠢᠩ ᠵᠢᠤᠸᠠᠨ ᠵᠡᠷᠭᠡ ᠭᠤᠷᠪᠠᠨ ᠬᠥᠮᠦᠨ ᠤ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠬᠥᠮᠦᠰ ᠤᠨ ᠨᠡᠷᠡᠰ                                                                                                      2021 ᠣᠨ ᠤ 1 ᠰᠠᠷ᠎ᠠ ᠶᠢᠨ 8   ᠤ ᠡᠳᠦᠷ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ