2021 ᠣᠨ ᠤ ᠨᠢᠭᠡᠳᠦᠭᠡᠷ ᠪᠦᠯᠦᠭ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ  ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2021/1/13
《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ 》ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠲᠢᠩᠬᠢᠮ 2021 ᠣᠨ ᠤ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠶᠯ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠪᠠ᠂ ᠤᠳᠤ 30 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 1 ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ᠂ 4ᠢᠨᠵᠧᠨᠧᠷᠢᠩ ᠤᠨ ᠦᠨ᠎ᠡ ᠶᠢᠨ ᠯᠠᠪᠯᠠᠯᠭ᠎ᠠ ᠶᠢᠨ ᠠᠵᠤ ᠠᠬᠤᠶᠢᠯᠠᠯ᠂1 ᠢᠨᠵᠧᠨᠧᠷᠢᠩ ᠢ ᠬᠢᠨᠠᠵᠤ ᠬᠠᠮᠢᠶᠠᠷᠬᠤ ᠠᠵᠤ ᠠᠬᠤᠶᠢᠯᠠᠯ ᠵᠢᠴᠢ 52 ᠪᠠᠷᠢᠯᠭ᠎ᠠ ᠶᠢᠨ ᠦᠶᠯᠡᠰ  ᠤᠨ ᠠᠵᠤ ᠠᠬᠤᠶᠢᠯᠠᠯ ᠤᠨ ᠠᠶᠦᠯᠭᠦᠢ ᠦᠶᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠢᠯᠡ ᠨᠡᠶᠢᠲᠡᠯᠡᠨ᠎ᠡ᠂ 1 ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠨᠠᠨ ᠪᠠᠶᠢᠴᠠᠭᠠᠭᠰᠠᠨ ᠰᠠᠨᠠᠯ ᠢ ᠢᠯᠡ ᠨᠡᠶᠢᠲᠡᠯᠡᠬᠦ ᠬᠤᠭᠤᠴᠠᠭ᠎ᠠ ᠨᠢ 2021 ᠣᠨ ᠤ 1 ᠰᠠᠷ᠎ᠠ  ᠶᠢᠨ 14   ᠤ ᠡᠳᠦᠷ ᠤᠨ 17 ᠴᠠᠭ 30 ᠮᠢᠨᠦ᠋ᠲ ᠪᠤᠯᠲᠠᠯ᠎ᠠ᠂ ᠨᠡᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠦᠭᠡᠨ ᠲᠣᠳᠣᠷᠬᠠᠶᠢᠯᠠᠵᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠦᠭᠡᠶ ᠠᠵᠤ ᠠᠬᠤᠶᠢᠯᠠᠯ ᠨᠢ ᠠᠶᠢᠮᠠᠭ ᠬᠤᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠰᠠᠨᠠᠯ ᠢ ᠨᠢ ᠯᠠᠪᠯᠠᠨ ᠠᠰᠠᠭᠤᠵᠤ ᠪᠣᠯᠤᠨ᠎ᠠ᠃      ᠶᠠᠮᠠᠷᠪᠠ ᠬᠤᠯᠪᠣᠭᠳᠠᠯ ᠪᠦᠬᠦᠢ ᠨᠢᠭᠡᠴᠡ ᠪᠣᠯᠤᠨ ᠬᠤᠪᠢ ᠬᠥᠮᠦᠨ ᠭᠡᠳ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠬᠢᠷᠢ ᠬᠡᠮ ᠤᠨ ᠪᠠᠶᠢᠳᠠᠯ ᠳᠤ ᠣᠨᠳᠣᠣ ᠰᠠᠨᠠᠯ ᠲᠠᠢ ᠪᠣᠯ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠪᠠᠶᠢᠭᠤᠯᠭ᠎ᠠ ᠨᠢᠭᠡᠴᠡ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠬᠡᠷᠡᠭᠲᠡᠶ᠂ ᠬᠤᠪᠢ ᠬᠥᠮᠦᠨ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠣᠯᠤᠨ ᠰᠢᠦᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠬᠦ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂  ᠬᠡᠷᠡᠭᠯᠡᠬᠦ ᠳᠤ ᠳᠥᠭᠦᠮ ᠪᠤᠯᠭᠠᠬᠤ ᠬᠡᠷᠡᠭᠲᠡᠢ᠃      ᠬᠠᠷᠢᠯᠴᠠᠬᠤ ᠤᠲᠠᠰᠤ᠄ 0471 - 5332426      ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ 33᠂ 34᠂ 35 ᠳ᠋ᠤᠭᠠᠷ ᠴᠣᠩᠬᠤᠪᠴᠢᠳᠠᠭᠠᠯᠳᠤᠭᠤᠯᠤᠯ᠄ 1.ᠨᠢᠭᠡᠳᠦᠭᠡᠷ ᠪᠦᠯᠦᠭ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ2.ᠨᠢᠭᠡᠳᠦᠭᠡᠷ ᠪᠦᠯᠦᠭ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ  ᠢ ᠬᠢᠨᠠᠨ ᠪᠠᠶᠢᠴᠠᠭᠠᠭᠰᠠᠨ ᠰᠠᠨᠠᠯ3.ᠨᠢᠭᠡᠳᠦᠭᠡᠷ ᠪᠦᠯᠦᠭ ᠢᠨᠵᠧᠨᠧᠷᠢᠩ ᠤᠨ ᠦᠨ᠎ᠡ ᠶᠢᠨ ᠯᠠᠪᠯᠠᠯᠭ᠎ᠠ ᠥᠭᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ4.ᠨᠢᠭᠡᠳᠦᠭᠡᠷ ᠪᠦᠯᠦᠭ ᠪᠥᠲᠥᠭᠡᠨ ᠪᠠᠶᠢᠭᠤᠯᠤᠯᠲᠠ ᠵᠢᠨ‌ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ5.ᠨᠢᠭᠡᠳᠦᠭᠡᠷ ᠪᠥᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ                                                                       2021 ᠣᠨ ᠤ 1 ᠰᠠᠷ᠎ᠠ ᠶᠢᠨ 8   ᠤ ᠡᠳᠦᠷ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ