ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠦᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2021/1/5
   12 ᠰᠠᠷ᠎ᠠ ᠶᠢᠨ 16 ᠤ ᠡᠳᠦᠷ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠦᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤᠨ ᠬᠤᠷᠠᠯ ᠢ ᠬᠤᠷᠠᠯᠳᠤᠭᠤᠯᠪᠠ᠃ ᠶᠡᠷᠦᠩᠬᠡᠢ ᠱᠦᠵᠢ ᠱᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ  ᠲᠤᠤᠱᠯᠠᠭᠤᠯᠪᠠ᠃ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠤ ᠳᠠᠷᠤᠭ᠎ᠠ ᠼᠦᠢ ᠶᠦᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢᠦ ᠢᠦᠢ ᠨᠠᠷ ᠠᠴᠠ ᠬᠤᠷᠠᠯ ᠳᠤ ᠣᠷᠣᠯᠴᠠᠪᠠ᠃ ᠬᠠᠮᠢᠶ᠎ᠠ ᠪᠥᠬᠦᠢ ᠰᠠᠯᠠᠭ᠎ᠠ ᠲᠠᠰᠤᠭ ᠵᠢᠴᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠠᠮᠢᠶ᠎ᠠ ᠪᠥᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
   ᠬᠤᠷᠠᠯ ᠠᠴᠠ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠪᠣᠯᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠶᠤᠯ ᠦᠭᠡᠢ ᠬᠠᠮᠢᠶᠠᠷᠤᠯᠲᠠ ᠶᠢᠨ ᠠᠵᠢᠯ ᠳᠤ ᠪᠣᠳᠠᠲᠠᠢ ᠲᠣᠬᠢᠷᠠᠭᠤᠯᠤᠯᠲᠠ‌‍ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂ ᠢᠮᠠᠭᠲᠠ ᠳᠡᠭᠡᠳᠦ ᠬᠡᠮᠵᠢᠶᠡᠨ ᠤ ᠰᠡᠷᠭᠡᠭ ᠪᠠᠶᠢᠵᠤ᠂ ᠠᠶᠤᠯ ᠦᠭᠡᠢ ᠬᠥᠭᠵᠢᠭᠦᠯᠬᠦ ᠤᠬᠠᠮᠰᠠᠷ ᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠮᠤᠷ ᠲᠦᠪᠰᠢᠨ ᠤ ᠡ᠊ᠨᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠶᠤᠯ ᠦᠭᠡᠢ ᠬᠥᠭᠵᠢᠯᠲᠡ ᠶᠢᠨ ᠤᠬᠠᠮᠰᠠᠷ᠂ ᠤᠯᠠᠭᠠᠨ ᠱᠤᠭᠤᠮ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠵᠣᠪᠠᠨᠢᠬᠤ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠬᠥᠭᠵᠢᠭᠦᠯᠬᠦ ᠡᠨᠡ ᠬᠦ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠡᠷᠡᠰ ᠪᠠᠷᠢᠮᠲᠠᠯᠠᠨ᠎ᠠ᠃ ᠬᠤᠷᠠᠯ ᠠᠴᠠ᠂ ᠡᠯ᠎ᠡ ᠲᠠᠯ᠎ᠠ ᠶᠢᠨ ᠬᠠᠮᠢᠶᠠᠷᠤᠨ ᠬᠢᠵᠠᠭᠠᠷᠯᠠᠬᠤ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠵᠤ᠂ ᠠᠳᠡᠯ ᠬᠡᠷᠡᠭ ᠡᠭᠦᠰᠬᠦ ᠶᠢ ᠡᠷᠡᠰ ᠰᠡᠷᠭᠡᠶᠢᠯᠡᠵᠦ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ ᠃ ᠭᠤᠣᠯᠳᠠᠯᠭ᠎ᠠ ᠲᠠᠢ ᠭᠤᠭᠴᠤᠭ᠎ᠠ ᠶᠢ ᠳᠣᠪᠣᠶᠢᠯᠭᠠᠵᠤ᠂ ᠬᠤᠲᠠ ᠪᠠᠯᠭᠠᠰᠤᠨ ᠤ ᠤᠰᠤ ᠬᠠᠩᠭᠠᠬᠤ᠂ ᠢᠯᠴᠢ ᠬᠠᠩᠭᠠᠬᠤ᠂ ᠰᠢᠲᠠᠮᠠᠬᠠᠢ ᠬᠡᠢ᠂ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ᠂ ᠬᠤᠲᠠ ᠪᠠᠯᠭᠠᠰᠤᠨ ᠤ ᠴᠡᠴᠡᠷᠯᠢᠭ᠂ ᠬᠤᠲᠠ ᠪᠠᠯᠭᠠᠰᠤᠨ ᠤ ᠭᠡᠷ ᠪᠠᠶᠢᠰᠢᠩ ᠤᠨ ᠠᠮᠤᠷ ᠲᠦᠪᠰᠢᠨ᠂  ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ  ᠪᠠᠶᠢᠰᠢᠩ ᠢ ᠥᠭᠡᠷᠡᠴᠢᠯᠡᠨ ᠵᠠᠰᠠᠬᠤ ᠲᠣᠬᠠᠢ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠵᠢᠯ ᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ  ᠪᠠᠶᠢᠴᠠᠭᠠᠵᠤ᠂ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠦᠬᠦ ᠲᠠᠯ᠎ᠠ ᠪᠠᠷ ᠥᠷᠨᠢᠭᠦᠯᠦᠭᠰᠡᠨ ᠠᠮᠤᠷ ᠲᠦᠪᠰᠢᠨ ᠤ ᠡᠯ᠎ᠡ ᠲᠥᠷᠥᠯ ᠤᠨ ᠳᠠᠯᠳᠠ ᠭᠡᠮ ᠢ ᠴᠠᠭ ᠲᠤᠬᠠᠢ ᠳᠤᠨᠢ ᠦᠭᠡᠶᠢᠰᠬᠡᠨ᠎ᠡ᠃ ᠬᠤᠷᠠᠯ ᠠᠴᠠ ᠱᠠᠭᠠᠷᠳᠠᠭᠰᠠᠨ ᠨᠢ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠵᠤ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠳ᠋ ᠪᠣᠳᠠᠰ ᠢ ᠪᠠᠲᠤᠯᠠᠬᠤ ᠠᠵᠢᠯ ᠢ ᠰᠠᠶᠢᠲᠤᠷ ᠬᠢᠵᠦ ᠪᠠ ᠡᠪᠦᠯ ᠤᠨ ᠤᠯᠠᠷᠢᠯ ᠤᠨ ᠪᠠᠷᠢᠯᠭ᠎ᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠤᠨ ᠬᠥᠮᠦᠰ ᠵᠢᠴᠢ ᠠᠵᠢᠯ ᠵᠣᠭᠰᠣᠬᠤ ᠲᠥᠷᠥᠯ ᠵᠦᠢᠯ ᠤᠨ ᠠᠵᠢᠯ ᠤᠨ ᠪᠠᠶᠢᠷᠢᠨ ᠳᠠᠭᠠᠨ ᠦᠯᠡᠳᠡᠵᠦ ᠬᠤᠴᠣᠷᠤᠭᠰᠠᠨ ᠵᠢᠵᠢᠭᠦᠷ ᠬᠢᠬᠦ ᠬᠥᠮᠦᠰ ᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠯ ᠤᠨ ᠰᠡᠭᠦᠯᠴᠢ ᠣᠨ ᠤ ᠡᠬᠢᠨ ᠤ ᠪᠠᠷᠢᠯᠭ᠎ᠠ ᠶᠢᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢ ᠪᠠᠲᠤᠯᠠᠬᠤ ᠬᠡᠷᠡᠭᠲᠡᠢ᠃
ᠢᠷᠡᠯᠲᠡ᠄ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ