ᠬᠦᠬᠡᠬᠤᠲᠠ ᠶᠢᠨ ᠣᠷᠣᠨ ᠰᠠᠭᠤᠴᠠ ᠪᠣᠯᠣᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠣᠩ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠬᠥᠷᠥᠩᠭᠡ ᠶᠢᠨ ᠪᠠᠶᠢᠭᠤᠯᠵᠤ ᠪᠠᠶᠢᠭ᠎ᠠ ᠲᠦᠰᠦᠯ ᠤᠨ ᠬᠢᠵᠢᠭ ᠰᠡᠷᠭᠡᠶᠢᠯᠡᠨ ᠡᠵᠡᠮᠳᠡᠬᠦ ᠬᠢᠨᠠᠨ ᠵᠢᠯᠣᠭᠤᠳᠬᠤ ᠠᠵᠢᠯ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2021/1/5
   ᠰᠢᠨ᠎ᠡ ᠲᠢᠳᠢᠮᠯᠢᠭ ᠠᠭᠤᠰᠬᠢᠨ ᠦᠷᠪᠢᠰᠦᠯ  ᠤᠨ ᠬᠢᠵᠢᠭ ᠡᠭᠦᠰᠦᠭᠰᠡᠨ ᠠᠴᠠ ᠨᠠᠰᠢ᠂ ᠬᠦᠬᠡᠬᠤᠲᠠ ᠶᠢᠨ ᠣᠷᠣᠨ ᠰᠠᠭᠤᠴᠠ ᠪᠣᠯᠣᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠠᠴᠠ4 ᠠᠵᠢᠯ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ4 ᠲᠣᠭᠤᠷᠢᠭ ᠲᠤ ᠬᠥᠷᠥᠨ ᠲᠣᠭᠤᠷᠢᠭ ᠲᠠᠬᠢ ᠣᠷᠣᠨ ᠰᠠᠭᠤᠴᠠ ᠶᠢᠨ ᠬᠥᠷᠥᠩᠭᠡ ᠶᠢᠨ ᠪᠠᠶᠢᠭᠤᠯᠵᠤ ᠪᠠᠶᠢᠭ᠎ᠠ ᠲᠦᠰᠦᠯ᠂ ᠠᠰᠠᠷ ᠬᠤᠳᠠᠯᠳᠤᠬᠤ ᠭᠠᠵᠠᠷ᠂ ᠵᠠᠭᠤᠴᠢ ᠶᠢᠨ ᠪᠠᠶᠢᠭᠤᠯᠭ᠎ᠠ ᠵᠡᠷᠭᠡ ᠲᠠᠯᠠᠪᠠᠢ  ᠶᠢᠨ ᠬᠢᠵᠢᠭ ᠰᠡᠷᠭᠡᠶᠢᠯᠡᠬᠦ ᠠᠵᠢᠯ ᠳᠤ ᠬᠢᠨᠠᠨ  ᠵᠢᠯᠣᠭᠤᠳᠤᠯᠭ᠎ᠠ ᠪᠠᠶᠢᠴᠠᠭᠠᠯᠲᠠ ᠬᠢᠵᠡᠢ᠃ ᠲᠣᠪᠴᠢᠶᠠᠨ ᠤ ᠯᠠᠪᠯᠠᠨ ᠵᠠᠭᠠᠯᠳᠤᠬᠤ ᠲᠥᠪ ᠤᠨ ᠬᠤᠲᠣᠩ ᠠᠷᠠᠳ ᠤᠨ ᠲᠣᠭᠤᠷᠢᠭ ᠤᠨ ᠪᠠᠶᠢᠴᠠᠭᠠᠨ ᠵᠢᠯᠣᠭᠤᠳᠬᠤ ᠠᠵᠢᠯ ᠢ ᠬᠠᠮᠢᠶᠠᠷᠴᠤ᠂ ᠬᠤᠲᠠ ᠶᠢᠨ ᠣᠷᠣᠨ ᠰᠠᠭᠤᠴᠠ ᠪᠣᠯᠣᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ᠯᠠᠪᠯᠠᠨ ᠵᠠᠭᠠᠯᠳᠤᠬᠤ ᠲᠥᠪ ᠤᠨ ᠪᠦᠬᠦ ᠬᠦᠴᠦᠨ ᠢᠶᠠᠷ ᠢᠶᠠᠨ ᠬᠢᠵᠢᠭ ᠰᠡᠷᠭᠡᠶᠢᠯᠡᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠥᠭᠡᠳ ᠨᠡᠯᠢᠶᠡᠳ ᠠᠮᠵᠢᠯᠲᠠ ᠪᠦᠲᠦᠭᠡᠯ ᠢ ᠣᠯᠵᠠᠢ᠃
   2ᠰᠠᠷ᠎ᠠ ᠶᠢᠨ2 ᠠᠴᠠ2 ᠰᠠᠷ᠎ᠠ ᠶᠢᠨ16 ᠤ ᠡᠳᠦᠷ ᠬᠢᠨᠠᠨ ᠵᠢᠯᠣᠭᠤᠳᠬᠤ ᠳᠤᠭᠤᠶᠢᠯᠠᠩ ᠦᠷᠭᠦᠯᠵᠢ  ᠬᠤᠲᠣᠩ ᠠᠷᠠᠳ ᠤᠨ ᠲᠣᠭᠤᠷᠢᠭ ᠲᠠᠬᠢ ᠣᠷᠣᠨ ᠰᠠᠭᠤᠴᠠ ᠶᠢᠨ ᠬᠥᠷᠥᠩᠭᠡ ᠶᠢᠨ ᠪᠠᠶᠢᠭᠤᠯᠵᠤ ᠪᠠᠶᠢᠭ᠎ᠠ ᠲᠦᠰᠦᠯ᠂ ᠠᠰᠠᠷ ᠬᠤᠳᠠᠯᠳᠤᠬᠤ ᠭᠠᠵᠠᠷ᠂ ᠵᠠᠭᠤᠴᠢ ᠶᠢᠨ ᠪᠠᠶᠢᠭᠤᠯᠭ᠎ᠠ ᠵᠢᠴᠢ ᠨᠢᠭᠡᠨᠲᠡ ᠣᠷᠣᠵᠤ ᠰᠠᠭᠤᠭᠰᠠᠨ ᠬᠤᠷᠢᠶᠠᠯᠠᠯ ᠳᠤ ᠰᠢᠪᠠᠳᠠᠨ ᠪᠠᠶᠢᠴᠠᠭᠠᠬᠤ ᠠᠵᠢᠯ ᠥᠷᠨᠢᠭᠦᠯᠵᠡᠢ᠃ ᠨᠡᠶᠢᠲᠡ103 ᠪᠠᠶᠢᠭᠤᠯᠵᠤ ᠪᠠᠶᠢᠭ᠎ᠠ ᠲᠦᠰᠦᠯ᠂ 104 ᠠᠰᠠᠷ ᠬᠤᠳᠠᠯᠳᠤᠬᠤ ᠭᠠᠵᠠᠷ᠂ 600 ᠵᠠᠭᠤᠴᠢ ᠶᠢᠨ ᠪᠠᠶᠢᠭᠤᠯᠭ᠎ᠠ ︵2 ᠠᠶᠢᠯ ᠲᠣᠰᠬᠤᠨ᠂80 ᠪᠠᠶᠢᠰᠢᠩ︶ ᠶᠢ ᠪᠠᠶᠢᠴᠠᠭᠠᠵᠠᠢ᠃ ᠬᠢᠨᠠᠨ ᠵᠢᠯᠣᠭᠤᠳᠬᠤ ᠠᠵᠢᠯᠲᠠᠨ ᠪᠠᠶᠢᠴᠠᠭᠠᠯᠲᠠ ᠳᠤᠮᠳᠠ ᠬᠠᠶᠠ ᠵᠠᠷᠢᠮ ᠠᠰᠠᠷ ᠬᠤᠳᠠᠯᠳᠤᠬᠤ ᠭᠠᠵᠠᠷ ᠵᠢᠴᠢ ᠵᠠᠭᠤᠴᠢ ᠶᠢᠨ ᠪᠠᠶᠢᠭᠤᠯᠭ᠎ᠠ ᠬᠤᠳᠠᠯᠳᠤᠭ᠎ᠠ ᠦᠢᠯᠡᠴᠢᠯᠡᠭᠡ ᠪᠠᠨ ᠰᠡᠷᠭᠦᠭᠡᠭᠰᠡᠨ  ᠪᠠᠶᠢᠬᠤ ᠶᠢ ᠢᠯᠡᠷᠡᠭᠦᠯᠦᠨ‌‍ᠬᠢᠨᠠᠨ ᠵᠢᠯᠣᠭᠤᠳᠬᠤ ᠠᠵᠢᠯᠲᠠᠨ ᠲᠤᠬᠠᠢ ᠶᠢᠨ ᠲᠠᠯᠠᠪᠠᠢ ᠳᠤ ᠵᠠᠷᠯᠢᠭᠳᠠᠵᠤ ᠡᠵᠡᠩᠨᠡᠯᠲᠡ ᠶᠢ ᠨᠢ ᠬᠠᠭᠠᠯᠭᠠᠵᠤ᠂ ᠡᠭᠦᠨ ᠤ ᠬᠠᠮᠲᠤ ᠣᠷᠣᠨ ᠰᠠᠭᠤᠴᠠ ᠪᠣᠯᠣᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠢᠵᠢᠭ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠮᠡᠳᠡᠭᠳᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠬᠦ  ᠶᠢ ᠱᠠᠯᠠᠪᠳᠠᠭᠤᠯᠤᠨ  ᠱᠠᠭᠠᠷᠳᠠᠵᠠᠢ᠃
   ᠬᠢᠨᠠᠨ ᠵᠢᠯᠣᠭᠤᠳᠴᠤ ᠪᠠᠶᠢᠴᠠᠭᠠᠬᠤ ᠶᠠᠪᠤᠴᠠ ᠳᠤᠮᠳᠠ ᠵᠣᠬᠢᠴᠠᠭᠤᠯᠤᠨ ᠥᠭᠡᠷᠡᠴᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠳᠠᠯ ᠢ ᠣᠶᠢᠯᠠᠭᠠᠵᠤ ᠵᠢᠭᠰᠡᠭᠠᠨ ᠬᠠᠮᠢᠶᠠᠷᠬᠤ ᠲᠦᠷᠢᠮ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠲᠦᠰᠦᠯ᠂ ᠠᠰᠠᠷ ᠬᠤᠳᠠᠯᠳᠤᠬᠤ ᠭᠠᠵᠠᠷ ᠵᠢᠴᠢ ᠵᠠᠭᠤᠴᠢ ᠶᠢᠨ ᠪᠠᠶᠢᠭᠤᠯᠭ᠎ᠠ  ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠬᠦᠯᠢ ᠴᠣᠭᠴᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠨ᠎ᠠ︔ ᠬᠢᠨᠠᠨ ᠵᠢᠯᠣᠭᠤᠳᠴᠤ ᠪᠠᠶᠢᠴᠠᠭᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠬᠢᠨᠠᠨ ᠵᠢᠯᠣᠭᠤᠳᠬᠤ ᠶᠢ ᠴᠢᠩᠭ᠎ᠠ ᠪᠥᠭᠡᠳ ᠪᠣᠳᠠᠲᠠᠶ ᠥᠷᠨᠢᠭᠦᠯᠵᠦ᠂ ᠱᠠᠲᠤ ᠱᠠᠲᠤ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠶ᠋ᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃  ᠬᠢᠨᠠᠨ ᠵᠢᠯᠣᠭᠤᠳᠴᠤ ᠪᠠᠶᠢᠴᠠᠭᠠᠬᠤ ᠪᠠᠷ ᠳᠠᠮᠵᠢᠨ  ᠤᠯᠠᠮ ᠨᠢᠭᠡ ᠠᠯᠬᠤᠮ ᠬᠤᠲᠣᠩ ᠠᠷᠠᠳ ᠤᠨ ᠲᠣᠭᠤᠷᠢᠭ ᠲᠠᠬᠢ ᠪᠠᠶᠢᠭᠤᠯᠵᠤ ᠪᠠᠶᠢᠭ᠎ᠠ ᠲᠦᠰᠦᠯ᠂ ᠠᠰᠠᠷ ᠬᠤᠳᠠᠯᠳᠤᠬᠤ ᠭᠠᠵᠠᠷ ᠵᠢᠴᠢ ᠵᠠᠭᠤᠴᠢ ᠶᠢᠨ ᠪᠠᠶᠢᠭᠤᠯᠭ᠎ᠠ  ᠶᠢᠨ ᠡᠵᠡᠩᠨᠡᠯᠲᠡ ᠶᠢᠨ ᠪᠦᠬᠦᠯᠢ ᠴᠣᠭᠴᠠ ᠶᠢᠨ ᠪᠠᠶᠢᠳᠠᠯ ᠢ ᠲᠣᠳᠣᠷᠬᠠᠶᠢᠯᠠᠵᠤ᠂ ᠲᠠᠷᠠᠭᠠᠴᠢ ᠶᠢᠨ ᠠᠯᠬᠤᠮ ᠤᠨ ᠬᠢᠵᠢᠭ  ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠳᠤ ᠰᠠᠭᠤᠷᠢ ᠲᠠᠯᠪᠢᠪᠠ᠃
   ᠲᠠᠷᠠᠭᠠᠴᠢ ᠶᠢᠨ ᠠᠯᠬᠤᠮ ᠳᠤ᠂ ᠬᠢᠨᠠᠨ ᠵᠢᠯᠣᠭᠤᠳᠬᠤ ᠳᠤᠭᠤᠶᠢᠯᠠᠩ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ ᠬᠤᠳᠠ ᠳᠤ ᠪᠤᠴᠠᠵᠤ ᠰᠤᠷᠭᠠᠭᠤᠯᠢ ᠳᠠᠭᠠᠨ ᠪᠤᠴᠠᠬᠤ᠂ ᠠᠵᠢᠯ ᠳᠤ ᠭᠠᠷᠴᠤ ᠠᠵᠢᠯ ᠢᠶᠠᠨ ᠰᠡᠷᠭᠦᠭᠡᠬᠦ ᠬᠥᠮᠦᠰ ᠤᠨ ᠰᠢᠯᠵᠢᠯᠲᠡ ᠶᠡᠭᠡ ᠪᠠᠶᠢᠬᠤ ᠠᠰᠠᠭᠤᠳᠠᠯ ᠳᠤ ᠴᠢᠭᠯᠡᠭᠦᠯᠦᠨ ᠬᠢᠵᠢᠭ ᠰᠡᠷᠭᠡᠶᠢᠯᠡᠨ ᠡᠵᠡᠮᠳᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠷᠭᠦᠯᠵᠢᠯᠡᠨ‌‍ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠳᠦᠷᠢᠮᠵᠢᠯ ᠢ ᠲᠣᠭᠲᠠᠭᠠᠵᠤ᠂ ᠠᠵᠢᠯ ᠤᠨ ᠶᠠᠪᠤᠴᠠ ᠶᠢ ᠲᠣᠳᠣᠷᠬᠠᠶᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠬᠢᠵᠢᠭ ᠰᠡᠷᠭᠡᠶᠢᠯᠡᠬᠦ ᠳᠠᠶᠢᠯᠠᠯᠳᠤᠭᠠᠨ ᠤ ᠬᠠᠮᠤᠭ ᠡᠴᠦᠰ ᠤᠨ ᠢᠯᠠᠯᠲᠠ ᠶᠢ ᠣᠯᠬᠤ ᠶᠢ ᠪᠠᠲᠤᠯᠠᠨ᠎ᠠ᠃
ᠢᠷᠡᠯᠲᠡ᠄ ᠬᠦᠬᠡᠬᠤᠲᠠ ᠶᠢᠨ ᠣᠷᠣᠨ ᠰᠠᠭᠤᠴᠠ ᠪᠣᠯᠣᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ