ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ︽ᠬᠤᠤᠰ ᠠᠷᠪᠠᠨ ᠰᠢᠯᠢᠳᠡᠭ︾ ᠢ  ᠦᠨᠡᠯᠡᠡᠨ ᠰᠢᠯᠭᠠᠷᠠᠭᠤᠯᠵᠦ ᠬᠥᠬᠢᠭᠦᠯᠦᠨ ᠰᠠᠶᠢᠰᠢᠶᠠᠬᠤ ᠳᠤ ᠰᠣᠩᠭᠤᠭᠳᠠᠬᠤ ᠪᠠᠷ ᠪᠠᠶᠢᠭ᠎ᠠ ᠡᠲᠡᠭᠡᠳ ᠢ ᠢᠯᠡ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/10/27
      ᠥᠪᠡᠷᠲᠡᠭᠡᠨ ᠵᠠᠰᠠᠬᠤ ᠣᠷᠣᠨ ᠤ ᠵᠢᠷᠤᠮᠵᠢᠭᠤᠯᠤᠭᠰᠠᠨ ᠦᠨᠡᠯᠡᠡᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠴᠦ ᠰᠠᠶᠢᠰᠢᠶᠠᠨ ᠬᠥᠬᠢᠭᠦᠯᠬᠦ ᠠᠵᠢᠯ ᠤᠨ ᠲᠤᠰᠬᠠᠶ ᠳᠤᠭᠤᠶᠢᠯᠠᠩ ᠤᠨ ᠴᠣᠬᠤᠯᠠᠪᠤᠷᠢ ᠶᠢᠨ ᠵᠦᠪᠰᠢᠶᠡᠷᠡᠯ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ︽ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ︿ᠬᠤᠤᠰ ᠠᠷᠪᠠᠨ ᠰᠢᠯᠢᠳᠡᠭ﹀ ᠢ ᠰᠢᠯᠭᠠᠷᠠᠭᠤᠯᠤᠨ ᠰᠠᠶᠢᠰᠢᠶᠠᠨ ᠬᠥᠬᠢᠭᠦᠯᠬᠦ ᠠᠵᠢᠯ ᠢ ᠥᠷᠨᠢᠭᠦᠯᠬᠦ ᠲᠥᠰᠦᠯ︾ ᠢ ᠬᠢᠨᠠᠨ ᠪᠠᠲᠤᠯᠠᠵᠤ᠂ ᠲᠤᠰᠬᠠᠶᠢᠯᠠᠨ ᠮᠡᠳᠡᠭᠳᠡᠯ ᠳᠠᠷᠤᠮᠠᠯᠯᠠᠨ ᠲᠠᠷᠬᠠᠭᠠᠵᠤ ᠳᠣᠭᠢᠷᠠᠭᠤᠯᠤᠨ ᠪᠠᠶᠢᠷᠢᠯᠠᠭᠤᠯᠪᠠ᠃ ᠡᠯ᠎ᠡ ᠠᠶᠢᠮᠠᠭ ᠬᠤᠲᠠ ᠨᠤᠭᠤᠳ ᠦᠨᠡᠯᠡᠡᠨ ᠰᠢᠯᠭᠠᠷᠠᠭᠤᠯᠬᠤ ᠬᠦᠷᠢᠶ᠎ᠡ ᠬᠡᠪᠴᠢᠶ᠎ᠡ᠂ ᠨᠥᠬᠦᠴᠡᠯ ᠪᠣᠯᠤᠨ ᠲᠠᠰ ᠳᠠᠷᠠᠭᠠᠯᠠᠯ ᠤᠨ ᠶᠣᠰᠣᠭᠠᠷ ᠰᠣᠩᠭᠤᠨ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠨᠢ ᠪᠦᠷᠢᠨ ᠪᠦᠲᠦᠨ ᠪᠤᠯᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠬᠢᠨᠠᠨ ᠲᠣᠭᠲᠠᠭᠠᠬᠤ ᠳᠤᠭᠤᠶᠢᠯᠠᠩ ᠢ ᠪᠦᠷᠢᠯᠳᠦᠭᠦᠯᠵᠦ᠂ ᠡᠯ᠎ᠡ ᠠᠶᠢᠮᠠᠭ ᠬᠤᠲᠠ ᠶᠢᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠳᠤ ᠬᠢᠨᠠᠨ ᠲᠣᠭᠲᠠᠭᠠᠯᠲᠠ ᠬᠢᠵᠦ᠂ ᠰᠢᠯᠭᠠᠷᠠᠭᠤᠯᠬᠤ ᠵᠠᠷᠴᠢᠮ ᠢ ᠰᠤᠳᠤᠯᠤᠨ ᠲᠣᠭᠲᠠᠭᠠᠵᠤ᠂ ᠰᠠᠨᠠᠭᠤᠯᠭ᠎ᠠ ᠶᠢᠨ ᠲᠥᠰᠦᠯ ᠢ ᠳᠤᠷᠠᠳᠪᠠ᠃  2021 ᠣᠨ ᠤ 138 ᠳ᠋ᠤᠭᠠᠷ ᠤᠳᠠᠭ᠎ᠠ ᠶᠢᠨ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢᠶᠠᠷ ᠰᠤᠳᠤᠯᠤᠭᠠᠳ᠂ ᠰᠣᠩᠭᠤᠭᠳᠠᠬᠤ ᠪᠠᠷ ᠪᠠᠶᠢᠭ᠎ᠠ ᠡᠲᠡᠭᠡᠳ ᠢ ᠲᠣᠭᠲᠠᠭᠠᠪᠠ᠂ ᠣᠲᠣ ᠵᠠᠷᠯᠠᠨ ᠨᠡᠶᠢᠲᠡᠯᠡᠶ᠎ᠡ᠃       ᠨᠢᠭᠡ᠂ ᠢᠯᠡ ᠨᠡᠶᠢᠲᠡᠯᠡᠬᠦ ᠨᠡᠷᠡᠰ       ︵ᠨᠢᠭᠡ︶ ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠭᠰᠡᠨ ᠲᠡᠷᠢᠭᠦᠨ ᠤ ᠨᠢᠭᠡᠴᠢ  ︵10︶       1᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ       2᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ       3᠂ ᠬᠥᠯᠥᠨ ᠪᠤᠶᠢᠷ ᠬᠤᠲᠠ ᠶᠢᠨ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ       4᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ    5᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ       6᠂ ᠰᠢᠯᠢ ᠶᠢᠨ ᠭᠤᠤᠯ ᠠᠶᠢᠮᠠᠭ ᠤᠨ  ᠲᠠᠶᠢᠪᠦᠰᠦ᠋ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ       7᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ       8᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ       9᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ       10᠂ ᠦᠬᠠᠶ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠪᠢᠨ ᠾᠧ ᠬᠠᠤᠯᠢ ᠬᠡᠷᠡᠭᠵᠢᠭᠦᠯᠬᠦ ᠰᠠᠯᠪᠤᠷᠢ ᠠᠩᠭᠢ       ︵ᠬᠤᠶᠠᠷ︶ ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠪᠣᠯᠪᠠᠰᠤᠨ ᠵᠢᠷᠤᠮᠵᠢᠯ ᠲᠠᠢ ᠬᠠᠤᠯᠢ ᠬᠡᠷᠡᠭᠵᠢᠭᠦᠯᠬᠦ ᠵᠢᠱᠢᠶᠡᠴᠢ ︵10 ᠬᠥᠮᠦᠨ︶       1᠂ ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠭᠡᠰᠢᠭᠦᠴᠢ ᠦᠯᠵᠡᠢ       2᠂ ᠪᠤᠭᠤᠲᠤ ᠬᠤᠲᠠ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠶᠡᠭᠡ ᠠᠩᠭᠢ ᠶᠢᠨ ᠳᠠᠷᠤᠭ᠎ᠠ ᠴᠧᠨ ᠬᠤᠶ ᠴᠤᠤ       3᠂ ᠬᠥᠯᠥᠨ ᠪᠤᠶᠢᠷ ᠬᠤᠲᠠ ᠶᠢᠨ ᠭᠧᠨ ᠾᠧ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠯᠢ ᠰᠢᠶᠤᠤ ᠹᠧᠩ      4᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠲᠦᠷᠢᠮ ᠤᠨ ᠶᠡᠭᠡ ᠠᠩᠭᠢ ᠶᠢᠨ ᠳᠠᠷᠤᠭ᠎ᠠ ᠵᠠᠩ ᠸᠧᠶ ᠬᠠᠨ       5᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠳ᠋ᠧᠩ ᠲᠤᠤ       6᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠥᠯᠥᠪᠵᠢᠭᠦᠯᠭᠡ ᠶᠢ ᠬᠢᠨᠠᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠯᠢᠦ ᠶᠢᠨ ᠬᠤ       7᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠸᠠᠩ ᠶᠦᠨ ᠹᠧᠩ      8᠂ ᠣᠷᠳᠣᠰ ᠬᠤᠲᠠ ᠶᠢᠨ ᠳᠠᠯᠠᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠰᠢᠨᠢ ᠶᠡᠭᠡ ᠠᠩᠭᠢ ᠶᠢᠨ ᠳᠠᠷᠤᠭ᠎ᠠ ᠷᠧᠨ ᠰᠦ᠋      9᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠢᠯᠣᠭᠤᠳᠤᠨ ᠳᠣᠭᠢᠷᠠᠭᠤᠯᠬᠤ ᠲᠥᠪ ᠤᠨ ᠠᠯᠪᠠᠨ ᠬᠡᠷ ᠤᠨ ᠡᠷᠬᠢᠯᠡᠭᠴᠢ ᠪᠥᠭᠡᠳ ᠬᠠᠤᠯᠢ ᠲᠦᠷᠢᠮ ᠤᠨ ᠲᠠᠰᠤᠭ ᠤᠨ ᠳᠠᠷᠤᠭ᠎ᠠ ᠼᠦᠢ ᠬᠠᠶ ᠴᠤᠤ       10᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠨᠢᠭᠡᠳᠦᠭᠡᠷ ᠶᠡᠭᠡ ᠠᠩᠭᠢ ᠶᠢᠨ ᠳᠠᠷᠤᠭ᠎ᠠ ᠯᠢᠦ ᠱᠢ ᠲᠤᠤ       ᠬᠤᠶᠠᠷ᠂ ᠢᠯᠡ ᠨᠡᠶᠢᠲᠡᠯᠡᠬᠦ ᠬᠤᠭᠤᠴᠠᠭ᠎ᠠ      ᠵᠠᠷᠯᠠᠨ ᠨᠡᠶᠢᠲᠡᠯᠡᠬᠦ ᠴᠠᠭ ᠨᠢ 2021 ᠣᠨ ᠤ 10 ᠳ᠋ᠤᠭᠠᠷ ᠰᠠᠷ᠎ᠠ ᠶᠢᠨ 27 ᠤ ᠡᠳᠦᠷ ᠠᠴᠠ 2021 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ ᠪᠣᠯᠲᠠᠯ᠎ᠠ᠃       ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ       ᠨᠢᠭᠡᠴᠢ ᠪᠣᠯᠤᠨ ᠬᠤᠪᠢ ᠬᠥᠮᠦᠨ ᠰᠤᠷᠪᠤᠯᠵᠢᠯᠠᠭ᠎ᠠ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃       ᠬᠦᠯᠢᠶᠡᠨ ᠠᠪᠬᠤ ᠴᠠᠭ᠄ ᠠᠵᠢᠯ ᠤᠨ ᠡᠳᠦᠷ       ᠦᠳᠡ ᠶᠢᠨ ᠡᠮᠦᠨ᠎ᠡ 9᠄ 00 — 12᠄ 00       ᠦᠳᠡ ᠶᠢᠨ ᠬᠤᠶᠢᠨ᠎ᠠ 14᠄ 30 — 17᠄ 30       ᠭᠥᠯᠢᠶᠡᠨ ᠠᠪᠴᠤ ᠰᠢᠢᠳᠪᠦᠷᠢᠯᠡᠬᠦ ᠤᠲᠠᠰᠤ᠄       ︵0471︶ 6577566 6945046 ︵ᠬᠤᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ︶︔       ︵0471︶ 6945132 ︵ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶       ᠣᠨᠴᠠᠭᠠᠶᠢᠯᠠᠨ ᠵᠠᠷᠯᠠᠪᠠ       ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ‌‍ᠪᠠᠶᠢᠭᠤᠯᠤᠯᠳᠠ ᠶᠢᠨ ᠲᠢᠩᠬᠢᠮ       2021 ᠣᠨ ᠤ 10  ᠳ᠋ᠤᠭᠠᠷ ᠰᠠᠷ᠎ᠠ ᠶᠢᠨ 26 ᠤ ᠡᠳᠦᠷ
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ