10 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ᠲᠢᠩᠬᠢᠮ ᠤᠨ ᠰᠢᠰᠲ᠋ᠧᠮ ᠤᠨ 2021 ᠣᠨ ᠤ ᠰᠢᠨ᠎ᠡ ᠪᠠᠷ ᠠᠵᠢᠯ ᠳᠤ ᠤᠷᠤᠭᠰᠠᠨ ᠵᠠᠯᠠᠭᠤ ᠺᠠᠳ᠋ᠷᠴᠤᠳ ᠤᠨ | ᠶᠠᠷᠢᠯᠴᠠᠭᠠᠨ ᠤ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠣᠷᠣᠯᠠᠨ ᠪᠠᠶᠢᠭᠤᠯᠬᠤ ᠲᠥᠪ ᠤᠨ | ᠡᠷᠬᠢᠯᠡᠭᠴᠢ ᠵᠠᠩ ᠾᠧ ᠨᠥᠬᠦᠷ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠵᠢᠯᠲᠠᠨ ᠤ ᠶᠠᠪᠤᠳᠠᠯ ᠤᠨ ᠭᠠᠵᠠᠷ᠂ ᠪᠠᠶᠢᠭᠤᠯᠤᠯᠭ᠎ᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ᠂ ᠲᠢᠩᠬᠢᠮ ᠤᠨ ᠰᠢᠰᠲ᠋ᠧᠮ ᠤᠨ 2021 ᠣᠨ ᠳᠤ ᠰᠢᠨ᠎ᠡ ᠪᠠᠷ ᠠᠵᠢᠯ ᠳᠤ ᠤᠷᠤᠭᠰᠠᠨ ᠵᠠᠯᠠᠭᠤ ᠺᠠᠳ᠋ᠷ ᠪᠣᠯᠤᠨ ᠣᠶᠢᠷ᠎ᠠ ᠶᠢᠨ ᠵᠢᠯ ᠳᠤ | ᠠᠵᠢᠯ ᠳᠤ ᠤᠷᠤᠭᠰᠠᠨ ᠵᠠᠯᠠᠭᠤ ᠺᠠᠳ᠋ᠷ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠰᠢᠨ᠎ᠡ ᠪᠠᠷ ᠠᠵᠢᠯ ᠳᠤ ᠤᠷᠤᠭᠰᠠᠨ ᠵᠠᠯᠠᠭᠤ ᠺᠠᠳ᠋ᠷᠴᠤᠳ ᠥᠪᠡᠷ ᠤᠨ ᠪᠡᠶ᠎ᠡ ᠪᠠᠨ ᠨᠢᠭᠡᠳ ᠨᠢᠭᠡ ᠪᠠᠷ ᠲᠠᠨᠢᠯᠴᠠᠭᠤᠯᠵᠤ᠂ ᠰᠢᠨ᠎ᠡ | ᠪᠠᠶᠢᠭᠤᠯᠤᠯᠭ᠎ᠠ ᠳᠤ ᠢᠷᠡᠭᠰᠡᠨ᠂ ᠰᠢᠨ᠎ᠡ ᠠᠵᠢᠯ ᠤᠨ ᠪᠠᠶᠢᠷᠢ ᠳᠤ ᠭᠠᠷᠤᠭᠰᠠᠨ ᠲᠥᠷᠥᠭᠳᠡᠯ ᠢᠶᠠᠨ ᠰᠣᠯᠢᠯᠴᠠᠵᠤ᠂ 3 ᠵᠠᠯᠠᠭᠤ ᠺᠠᠳ᠋ᠷᠴᠤᠳ ᠤᠨ ᠲᠥᠯᠥᠭᠡᠯᠡᠭᠴᠢ | ᠥᠪᠡᠷ ᠤᠨ ᠠᠵᠢᠯ ᠤᠨ ᠪᠠᠶᠢᠷᠢ᠂ ᠠᠵᠢᠯ ᠳᠤ ᠤᠷᠤᠭᠰᠠᠨ ᠥᠩᠭᠡᠷᠡᠯᠲᠡ ᠪᠠ ᠦᠰᠦᠨ ᠪᠤᠶᠢᠵᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ ᠥᠪᠡᠷ ᠥᠪᠡᠷ ᠤᠨ | ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠯᠠᠭᠤ | ᠺᠠᠳ᠋ᠷᠴᠤᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠭᠰᠠᠨ᠂ ᠴᠤᠭ ᠪᠠᠳᠠᠷᠠᠩᠭᠤᠶ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ | ᠢᠯᠡᠷᠡᠭᠦᠯᠪᠡ᠃ | | | | | ᠵᠠᠩ ᠡᡁᠧ ᠨᠥᠬᠦᠷ ᠬᠤᠪᠢ ᠬᠥᠮᠦᠨ ᠤ ᠤᠯᠠᠨ ᠵᠢᠯ ᠤᠨ ᠠᠵᠢᠯ ᠤᠨ ᠥᠩᠭᠡᠷᠡᠯᠲᠡ ᠪᠣᠯᠤᠨ ᠰᠡᠳᠬᠢᠨ ᠪᠣᠳᠣᠯᠬᠢᠯᠠᠭᠰᠠᠨ ᠲᠠᠢ ᠪᠠᠨ ᠤᠶᠠᠯᠳᠤᠭᠤᠯᠵᠤ᠂ | ᠵᠠᠯᠠᠭᠤ ᠺᠠᠳ᠋ᠷᠴᠤᠳ ᠲᠠᠢ ᠦᠰᠦᠨ ᠪᠤᠶᠢᠵᠢᠭᠰᠠᠨ ᠲᠦᠷᠦᠭᠳᠡᠯ ᠢᠶᠠᠨ ᠬᠤᠪᠢᠶᠠᠯᠴᠠᠵᠤ᠂ ᠰᠡᠳᠬᠢᠯ ᠵᠢᠷᠦᠬᠡ ᠪᠠᠨ ᠠᠭᠤᠳᠠᠯᠤᠨ᠂ ᠬᠦᠰᠡᠯ ᠡᠷᠡᠮᠡᠯᠵᠡᠯ ᠢᠶᠠᠷ ᠪᠢᠯᠬᠠᠮ᠎ᠠ | ᠶᠠᠷᠢᠶ᠎ᠠ ᠲᠠᠯᠪᠢᠵᠠᠢ᠃ ᠲᠡᠷᠡ ᠵᠠᠯᠠᠭᠤ ᠺᠠᠳ᠋ᠷᠴᠤᠳ ᠲᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠶᠠᠰᠤ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠡᠷᠭᠡᠳᠡᠬᠢ ᠲᠡᠷᠢᠭᠦᠨ ᠤ ᠬᠢ ᠠᠴᠠ ᠪᠠᠨ ᠰᠤᠷᠤᠯᠴᠠᠵᠤ᠂ ᠠᠯᠢ ᠲᠦᠷᠭᠡᠨ ᠢᠶᠠᠷ ᠠᠵᠢᠯ ᠳᠠᠭᠠᠨ ᠠᠭᠤᠰᠤᠯᠴᠠᠵᠤ᠂ ᠵᠣᠬᠢᠶᠠᠨ | ᠪᠠᠶᠢᠭᠤᠯᠤᠯᠲᠠ ᠠᠴᠠ ᠲᠤᠰᠢᠶᠠᠭᠰᠠᠨ ᠡᠭᠦᠷᠭᠡ ᠶᠢ ᠨᠡᠩ ᠰᠠᠶᠢᠲᠤᠷ ᠴᠢᠷᠮᠠᠶᠢᠨ ᠬᠢᠵᠦ᠂ ᠶᠣᠰᠣ ᠲᠦᠷᠢᠮ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ | ᠪᠠᠲᠤ ᠪᠤᠢ ᠪᠣᠯᠭᠠᠵᠤ᠂ ᠴᠥᠬᠦᠷᠡᠰᠢ ᠦᠭᠡᠢ ᠰᠤᠷᠤᠯᠴᠠᠨ ᠰᠡᠳᠬᠢᠵᠦ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠳᠤ | ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠬᠦᠰᠡᠯ ᠨᠠᠶᠢᠳᠠᠯᠭ᠎ᠠ ᠪᠠᠨ ᠳᠤᠷᠠᠳᠪᠠ᠃ | ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠠᠩ ᠮᠢᠨ ᠤᠯᠤᠰ ᠲᠥᠷᠥ ᠶᠢᠨ ᠶᠣᠰᠣ ᠳᠦᠷᠢᠮ ᠢ ᠰᠠᠬᠢᠬᠤ᠂ ᠠᠵᠢᠯ ᠤᠨ | ᠰᠠᠬᠢᠯᠭ᠎ᠠ ᠪᠠᠲᠤ ᠶᠢ ᠴᠢᠩᠳᠠᠯᠠᠬᠤ ᠵᠡᠷᠭᠡ ᠲᠠᠯ᠎ᠠ ᠪᠠᠷ ᠰᠢᠨ᠎ᠡ ᠪᠠᠷ ᠠᠵᠢᠯ ᠳᠤ ᠤᠷᠤᠭᠰᠠᠨ ᠪᠦᠬᠦ ᠵᠠᠯᠠᠭᠤ ᠺᠠᠳ᠋ᠷᠴᠤᠳ ᠲᠠᠢ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠤᠨ ᠲᠤᠬᠠᠶ ᠰᠡᠳᠬᠢᠯ ᠤᠨ ᠦᠭᠡ ᠪᠠᠨ ᠶᠠᠷᠢᠯᠴᠠᠵᠠᠶ᠃ |