ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠶᠠᠷᠢᠯᠴᠠᠭ᠎ᠠ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/29
      10 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠢᠩᠬᠢᠮ ᠤᠨ ᠰᠢᠰᠲ᠋ᠧᠮ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠲᠣᠮᠢᠯᠠᠬᠤ ᠠᠴᠠ ᠡᠮᠦᠨᠡᠬᠢ ᠶᠠᠷᠢᠯᠴᠠᠭ᠎ᠠ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭ᠎ᠠ ᠶᠢᠨ ᠬᠤᠷᠠᠯ ᠬᠤᠷᠠᠯᠳᠤᠭᠤᠯᠵᠤ᠂ ᠰᠢᠨ᠎ᠡ ᠪᠠᠷ ᠳᠡᠪᠰᠢᠭᠦᠯᠦᠨ ᠲᠣᠮᠢᠯᠠᠭᠰᠠᠨ ᠰᠠᠯᠠᠭᠠᠨ ᠲᠠᠰ ᠤᠨ ᠤᠳᠤᠷᠢᠳᠬᠤ ᠺᠠᠳ᠋ᠷ ᠲᠠᠢ ᠬᠠᠮᠲᠤ ᠶᠢᠨ ᠶᠠᠷᠢᠯᠴᠠᠭ᠎ᠠ ᠬᠢᠵᠦ᠂ ᠺᠠᠳ᠋ᠷᠴᠤᠳ ᠤᠨ ᠰᠢᠨ᠎ᠡ ᠠᠵᠢᠯ ᠤᠨ ᠪᠠᠶᠢᠷᠢ ᠳᠤ ᠨᠠᠩ ᠰᠠᠶᠢᠨ ᠵᠣᠬᠢᠴᠠᠬᠤ᠂ ᠰᠢᠨ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠦᠵᠡᠯ ᠰᠠᠨᠠᠭᠠᠨ ᠤ ᠰᠠᠭᠤᠷᠢ ᠶᠢ ᠰᠠᠶᠢᠲᠤᠷ ᠲᠠᠯᠪᠢᠭᠰᠠᠨ ᠪᠠᠶᠢᠨ᠎ᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ ᠵᠠᠩ ᠾᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠯᠢ ᠬᠤᠶ ᠵᠢᠤᠸᠠᠨ ᠬᠤᠷᠠᠯ ᠢ ᠡᠷᠭᠢᠯᠡᠪᠡ᠃
r.jpg
      ᠬᠤᠷᠠᠯ ᠳᠡᠭᠡᠷ᠎ᠡ᠂ ᠠᠵᠢᠯᠲᠠᠨ ᠤ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠬᠠᠨ ᠢᠦᠶ ᠰᠢᠶᠠ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠺᠠᠳ᠋ᠷ ᠤᠨ ᠲᠤᠰᠢᠶᠠᠯ ᠡᠭᠦᠷᠭᠡᠯᠡᠬᠦ ᠮᠡᠳᠡᠭᠳᠡᠯ ᠢ ᠤᠩᠰᠢᠨ ᠨᠡᠶᠢᠲᠡᠯᠡᠭᠰᠡᠨ ᠪᠥᠭᠡᠳ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠤᠳᠤᠷᠢᠳᠬᠤ ᠺᠠᠳ᠋ᠷ ᠲᠤ ᠪᠠᠶᠠᠷ ᠬᠦᠷᠭᠡᠵᠦ ᠵᠣᠷᠢᠭᠵᠢᠭᠤᠯᠵᠤ ᠪᠠᠶᠢᠬᠤ ᠪᠠᠨ ᠢᠯᠡᠳᠬᠡᠪᠡ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠲᠤᠰ ᠲᠤᠰ ᠶᠠᠷᠢᠶ᠎ᠠ ᠲᠠᠯᠪᠢᠪᠠ᠃       ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠠᠩ ᠮᠢᠨ ᠰᠠᠯᠠᠭᠠᠨ ᠳᠡᠰ ᠤᠨ ᠺᠠᠳ᠋ᠷ ᠯᠤᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠪᠠ᠂ ᠲᠡᠷᠡ ᠵᠢᠭᠠᠵᠤ ᠭᠠᠷᠭᠠᠭᠰᠠᠨ ᠨᠢ᠂ ᠰᠠᠯᠠᠭᠠᠨ ᠳᠡᠰ ᠤᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ᠶᠣᠰᠣ ᠳᠦᠷᠢᠮ ᠤᠨ ᠤᠬᠠᠮᠰᠠᠷ ᠪᠣᠯᠤᠨ ᠰᠠᠬᠢᠯᠭ᠎ᠠ ᠪᠠᠲᠤ ᠶᠢᠨ ᠤᠬᠠᠮᠰᠠᠷ ᠢ ᠪᠠᠲᠤ ᠪᠤᠶ ᠪᠣᠯᠭᠠᠵᠤ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠪᠤᠳᠠᠯ ᠢ ᠤᠬᠠᠮᠰᠠᠷ ᠠᠴᠠ ᠪᠠᠨ ᠪᠠᠲᠤ ᠰᠠᠬᠢᠵᠤ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠴᠢᠩᠭᠠᠳᠬᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ ᠤᠬᠠᠮᠰᠠᠷ ᠠᠴᠠ ᠪᠠᠨ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠦᠷᠦᠭᠦᠯᠡᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ ᠭᠡᠵᠡᠢ᠃       ᠵᠠᠩ ᠾᠧ᠂ ᠰᠠᠯᠠᠭᠠᠨ ᠳᠡᠰ ᠤᠨ ᠤᠳᠤᠷᠢᠳᠬᠤ ᠺᠠᠳ᠋ᠷ ᠪᠣᠯ ᠪᠠᠶᠢᠭᠤᠯᠭ᠎ᠠ ᠶᠢᠨ ︽ᠭᠤᠣᠯᠯᠠᠭᠴᠢ ᠬᠦᠴᠦᠨ︾᠂ ︽ᠲᠤᠯᠭᠠᠭᠤᠷᠢ ᠬᠦᠴᠦᠨ︾ ᠮᠥᠨ᠂ ᠰᠢᠨ᠎ᠡ ᠪᠠᠷ ᠳᠡᠪᠰᠢᠭᠦᠯᠦᠨ ᠲᠣᠮᠢᠯᠠᠭᠰᠠᠨ ᠰᠠᠯᠠᠭᠠᠨ ᠳᠡᠰ ᠤᠨ ᠺᠠᠳ᠋ᠷ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠦᠨᠡᠨᠴᠢ ᠰᠢᠳᠤᠷᠭᠤ ᠪᠠᠶᠢᠬᠤ ᠲᠠᠯ᠎ᠠ ᠪᠠᠷ ᠥᠴᠦᠬᠡᠨ ᠴᠦ ᠲᠠᠲᠠᠭᠠᠯᠵᠠᠬᠤ ᠦᠭᠡᠢ᠂ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠪᠣᠳᠠᠲᠠᠢ ᠠᠵᠢᠯᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠣᠰᠣ ᠳᠦᠷᠢᠮ ᠢ ᠰᠠᠬᠢᠬᠤ ᠲᠠᠯ᠎ᠠ ᠪᠠᠷ ᠳᠤᠲᠠᠭᠤ ᠲᠤᠷᠭᠤᠨ ᠪᠠᠶᠢᠵᠤ ᠪᠣᠯᠬᠤ ᠦᠭᠡᠢ᠃ ᠲᠡᠳᠡᠨ ᠤ ᠰᠢᠨ᠎ᠡ ᠠᠵᠢᠯ ᠤᠨ ᠪᠠᠶᠢᠷᠢ ᠳᠡᠭᠡᠷ᠎ᠡ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠠᠮᠵᠢᠯᠲᠠ ᠭᠠᠷᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠰᠠᠯᠠᠭᠠᠨ ᠳᠡᠰ ᠤᠨ ᠤᠳᠤᠷᠢᠳᠬᠤ ᠺᠠᠳ᠋ᠷ ᠢᠶᠠᠷ ᠰᠢᠨ᠎ᠡ ᠪᠠᠷ ᠲᠣᠮᠢᠯᠠᠭᠳᠠᠭᠰᠠᠨ 5 ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠢ ᠴᠢᠩᠭ᠎ᠠ ᠰᠠᠬᠢᠵᠤ᠂ ᠬᠤᠪᠢ ᠳᠠᠬᠢᠨ ᠴᠢᠷᠮᠠᠶᠢᠨ ᠠᠵᠢᠯᠯᠠᠵᠤ᠂ ᠠᠵᠢᠯ ᠦᠢᠯᠡᠰ ᠪᠦᠲᠦᠭᠡᠵᠦ᠂ ᠬᠠᠷᠢᠭᠤᠴᠠᠯᠭ᠎ᠠ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠬᠥᠮᠦᠵᠢᠭᠦᠯᠦᠯ ᠪᠠ ᠺᠠᠳ᠋ᠷ ᠣᠯᠠᠨ ᠲᠦᠮᠡᠨ ᠤ ᠢᠲᠡᠭᠡᠯ ᠢ ᠬᠥᠰᠡᠷᠳᠡᠭᠦᠯᠬᠦ ᠦᠭᠡᠶ ᠭᠡᠵᠦ ᠢᠯᠡᠷᠬᠡᠶᠢᠯᠡᠵᠡᠶ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ