︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠤᠯᠤᠰ ᠤᠨ ᠠᠷᠢᠭᠤᠨ ᠴᠡᠪᠡᠷ ᠦᠢᠯᠡᠳᠪᠦᠷᠢᠯᠡᠯ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠠᠷᠪᠠᠨ ᠰᠠᠯᠠᠭ᠎ᠠ ᠮᠥᠴᠢᠷ ᠤᠨ ᠬᠠᠮᠳᠤᠷᠠᠭᠰᠠᠨ  ᠮᠡᠳᠡᠭᠳᠡᠯ
ᠨᠡᠶᠢᠲᠡᠯᠡᠭᠰᠡᠨ ᠴᠠᠭ᠄
2021/11/11
      ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠮᠢ ᠠᠬᠤᠶ ᠶᠢᠨ ᠣᠷᠴᠢᠨ  ᠲᠤᠭᠤᠷᠢᠨ ᠤ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ ᠬᠠᠮᠲᠤᠷᠠᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠤᠯᠤᠰ ᠤᠨ ᠠᠷᠢᠭᠤᠨ ᠴᠡᠪᠡᠷ ᠦᠢᠯᠡᠳᠪᠦᠷᠢᠯᠡᠯ ᠢ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠲᠥᠰᠦᠯ︾ ᠳᠤ᠂ 2025 ᠣᠨ ᠪᠣᠯᠬᠤ ᠳᠤ᠂ ᠠᠷᠢᠭᠤᠨ ᠴᠡᠪᠡᠷ ᠦᠢᠯᠡᠳᠪᠦᠷᠢᠯᠡᠯ ᠢ ᠳᠡᠯᠭᠡᠷᠡᠭᠦᠯᠬᠦ ᠲᠦᠷᠢᠮ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠠᠷᠢᠭᠤᠨ ᠴᠡᠪᠡᠷ ᠦᠢᠯᠡᠳᠪᠦᠷᠢᠯᠡᠯ ᠢ ᠪᠥᠬᠦ ᠲᠠᠯ᠎ᠠ ᠪᠠᠷ ᠬᠡᠷᠡᠭᠵᠢᠭᠦᠯᠦᠨ᠂ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ  ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠵᠡᠷᠭᠡ ᠬᠦᠷᠢᠶᠡᠨ ᠳᠠᠬᠢ ᠠᠷᠢᠭᠤᠨ ᠴᠡᠪᠡᠷ ᠦᠢᠯᠡᠳᠪᠦᠷᠢᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ ᠭᠡᠵᠦ ᠳᠤᠷᠠᠳᠤᠨ ᠭᠠᠷᠭᠠᠪᠠ᠃ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠪᠣᠬᠢᠷᠲᠤᠯ ᠥᠬᠡᠶ ᠪᠠᠷᠢᠯᠭ᠎ᠠ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠦᠨ᠎ᠡ᠃ ︽ᠲᠥᠰᠦᠯ︾ ᠳᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠭᠠᠳᠠᠭᠰᠢᠯᠠᠭᠤᠯᠤᠯᠲᠠ ᠶᠢᠨ ᠲᠥᠷᠥᠯ ᠵᠦᠢᠯ ᠤᠨ ᠠᠷᠢᠭᠤᠨ ᠴᠡᠪᠡᠷ ᠦᠢᠯᠡᠳᠪᠦᠷᠢᠯᠡᠯ ᠤᠨ ᠦᠨᠡᠯᠡᠯᠲᠡ ᠶᠢ ᠴᠢᠩᠭᠠᠳᠬᠠᠬᠤ ᠬᠡᠷᠡᠭᠲᠡᠶ᠃ ᠡᠨᠧᠷᠭᠢ ᠶᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠠᠷᠢᠮᠵᠢᠶ᠎ᠠ ᠲᠠᠢ ᠲᠣᠬᠢᠷᠠᠭᠤᠯᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠭᠠᠳᠠᠭᠰᠢᠯᠠᠭᠤᠯᠤᠯᠲᠠ ᠶᠢᠨ ᠵᠦᠢᠯᠡᠰ ᠢ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠵᠦᠢᠯᠡᠰ ᠲᠤ ᠲᠡᠷᠢᠭᠦᠨ ᠤ ᠪᠥᠭᠡᠳ ᠬᠡᠷᠡᠭᠯᠡᠭᠡᠨ ᠳᠤ ᠲᠤᠬᠢᠷᠠᠬᠤ ᠤᠷᠠᠨ ᠮᠡᠷᠭᠡᠰᠢᠯ ᠤᠨ ᠮᠡᠷᠭᠡᠵᠢᠯ ᠪᠠ ᠲᠤᠨᠤᠭ ᠲᠥᠬᠦᠭᠡᠷᠦᠮᠵᠢ ᠶᠢ ᠬᠡᠷᠡᠭᠯᠡᠵᠦ᠂ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ᠂ ᠪᠣᠳᠠᠰ ᠤᠨ ᠬᠤᠷᠣᠭᠳᠠᠭᠤᠯᠤᠯ ᠪᠠ ᠤᠰᠤᠨ ᠤ ᠬᠤᠷᠣᠭᠳᠠᠯ ᠵᠡᠷᠭᠡ ᠶᠢ ᠠᠷᠢᠭᠤᠨ ᠴᠡᠪᠡᠷ ᠦᠢᠯᠡᠳᠪᠦᠷᠢᠯᠡᠯ ᠤᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠬᠦ ᠬᠡᠷᠡᠭᠲᠡᠶ᠃ ︽ᠲᠥᠰᠦᠯ︾ ᠳᠤ᠂ ᠪᠠᠷᠢᠯᠭ᠎ᠠ ᠶᠢᠨ  ᠦᠢᠯᠡᠰ ᠵᠡᠷᠭᠡ ᠬᠦᠷᠢᠶᠡᠨ ᠳᠠᠬᠢ ᠠᠷᠢᠭᠤᠨ ᠴᠡᠪᠡᠷ ᠦᠢᠯᠡᠳᠪᠦᠷᠢᠯᠡᠯ ᠢ ᠢᠳᠡᠪᠬᠢᠲᠡᠶ ᠠᠬᠢᠭᠤᠯᠵᠤ᠂ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠡᠲᠦ ᠪᠠᠭ᠎ᠠ ᠡᠨᠧᠷᠭᠢ ᠶᠢᠨ ᠬᠤᠷᠣᠭᠳᠠᠯ᠂ ᠪᠠᠷᠤᠭ ᠲᠡᠭ ᠡᠨᠧᠷᠭᠢ ᠶᠢᠨ ᠬᠤᠷᠣᠭᠳᠠᠯ᠂ ᠳᠣᠤᠷ᠎ᠠ ᠨᠡᠭᠦᠷᠡᠰᠦᠲᠥ᠋ᠷᠥᠭᠴᠢᠲᠦ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠪᠠᠷᠢᠯᠭ᠎ᠠ ᠶᠢ ᠳᠡᠯᠭᠡᠷᠡᠭᠦᠯᠵᠦ᠂ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠴᠠᠬᠢᠯᠭᠠᠨᠵᠢᠭᠤᠯᠤᠯᠲᠠ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠯᠲᠠ ᠶᠢ ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠪᠣᠬᠢᠷᠲᠤᠯ ᠥᠬᠡᠶ ᠪᠠᠷᠢᠯᠭ᠎ᠠ ᠶᠢᠨ ᠠᠷᠭ᠎ᠠ ᠶᠢ ᠬᠡᠷᠡᠭᠵᠢᠭᠦᠯᠦᠨ᠎ᠡ᠃ ᠳᠠᠬᠢᠯᠳᠠ ᠬᠠᠳᠠᠭᠤ ᠮᠠᠲ᠋ᠧᠷᠢᠶᠠᠯ ᠵᠢᠴᠢ ᠳᠠᠬᠢᠯᠳᠠ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠪᠠᠷᠢᠯᠭ᠎ᠠ ᠶᠢᠨ ᠠᠵᠢᠯ ᠤᠨ ᠭᠠᠵᠠᠷ ᠤᠨ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠠᠷᠢᠯᠭ᠎ᠠ ᠶᠢᠨ ᠦᠢᠯᠡᠰ ᠤᠨ ᠠᠷᠢᠭᠤᠨ ᠴᠡᠪᠡᠷ ᠦᠢᠯᠡᠳᠪᠦᠷᠢᠯᠡᠯ ᠤᠨ ᠬᠦᠷᠢᠶᠡᠨ ᠳᠤ ᠤᠷᠤᠭᠤᠯᠤᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ