ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ 2021 ᠣᠨ ᠤ 4 ᠳ᠋ᠤᠭᠡᠷ ᠤᠳᠠᠭ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/12
      11 ᠳ᠋ᠤᠭᠡᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠪᠠ ᠵᠥᠭᠡᠯᠡᠨ ᠲᠣᠨᠤᠭ ᠤᠨ ᠺᠣᠮᠫᠠᠨᠢ ᠶᠢᠨ ᠮᠡᠷᠭᠡᠵᠢᠯᠲᠡᠨ ᠬᠤᠷᠠᠯ ᠳᠤ ᠣᠷᠣᠯᠴᠠᠪᠠ᠃
gc.jpg
      ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠬᠢᠭᠤᠯᠤᠭᠰᠠᠨ ᠪᠠᠶᠢᠳᠠᠯ᠂ ᠪᠦᠬᠦ ᠣᠷᠣᠨ ᠤ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠦᠷᠦ ᠶᠢᠨ ᠶᠠᠪᠤᠳᠠᠯ ᠤᠨ ᠬᠤᠷᠢᠶ᠎ᠠ ᠠᠴᠠ ᠱᠠᠯᠠᠪᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠵᠢᠯ ᠤᠨ ᠠᠬᠢᠭᠤᠯᠤᠭᠰᠠᠨ ᠪᠠᠶᠢᠳᠠᠯ ᠢ ᠨᠡᠶᠢᠲᠡᠯᠡᠵᠡᠢ᠃       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠠᠵᠢᠯ ᠤᠨ ᠲᠥᠰᠦᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠠᠯᠪᠠᠨ ᠬᠡᠷ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ᠂ ᠡᠨᠡ ᠵᠢᠯ ᠠᠴᠠ ᠨᠠᠰᠢ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠠᠵᠢᠯ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂  ᠲᠤᠪᠴᠢᠶ᠎ᠠ ᠶᠢᠨ ᠬᠦᠴᠦᠲᠡᠢ ᠬᠠᠮᠵᠢᠯᠴᠠᠭ᠎ᠠ ᠳᠣᠣᠷ᠎ᠠ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠤᠷᠤᠭᠰᠢᠲᠠᠢ ᠠᠬᠢᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢᠨ ᠲᠦᠷᠦᠯ ᠵᠦᠢᠯ ᠢ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠪᠠᠷ ᠵᠢᠱᠢᠵᠦ ᠪᠤᠢ ᠭᠡᠵᠦ ᠵᠢᠭᠠᠨ ᠭᠠᠷᠭᠠᠪᠠ᠃       ᠬᠤᠷᠠᠯ ᠠᠴᠠ ᠪᠠᠰᠠ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠶ᠂ ᠨᠢᠭᠡ ᠳᠤ᠂ ᠢᠨᠵᠧᠨᠧᠷᠢᠩ ᠤᠨ ᠬᠢᠨᠠᠨ ᠵᠥᠪᠰᠢᠶᠡᠷᠡᠬᠦ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠰᠠᠭᠤᠷᠢᠨ ᠳᠡᠭᠡᠷ᠎ᠡ ᠭᠦᠨᠵᠡᠭᠡᠶ ᠠᠭᠤᠰᠤᠯᠴᠠᠭᠤᠯᠤᠨ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠲᠡᠭᠦᠯᠳᠡᠷᠵᠢᠭᠦᠯᠵᠦ᠂ ᠰᠢᠰᠲ᠋ᠧᠮ ᠤᠨ ᠬᠢᠨᠠᠨ ᠬᠠᠮᠢᠶᠠᠷᠬᠤ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠨ᠂ ᠰᠢᠰᠲ᠋ᠧᠮ ᠤᠨ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠶᠠᠷ ᠲᠤ᠂ ᠬᠠᠮᠢᠶ᠎ᠠ ᠪᠥᠬᠦᠶ ᠥᠭᠡᠷᠡᠴᠢᠯᠡᠯᠲᠡ ᠶᠢᠨ ᠲᠦᠷᠢᠮ ᠤᠨ ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠢᠮᠠᠭ ᠬᠤᠲᠠ ᠶᠢᠨ ᠥᠭᠡᠷᠡᠴᠢᠯᠡᠯᠲᠡ ᠶᠢᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ